锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠮᠤᠩᠭᠤᠯ ᠰᠢᠨᠵᠢᠯᠡᠬᠦ ᠤᠬᠠᠭᠠᠨᠳᠠᠨ ᠴᠢᠯᠠᠭᠤ ᠶᠢᠨ ᠥᠯᠢᠭᠡᠷ
        ᠨᠡᠶᠢᠲᠡᠯᠡᠭᠰᠡᠨ ᠴᠠᠭ᠄
        2017/2/14
                2016 ᠤᠨ ᠤ ︽ᠪᠦᠮᠪᠦᠷᠴᠡᠭ ᠤᠨ  ᠬᠦᠮᠦᠨ  ᠲᠦᠷᠦᠯᠬᠢᠳᠡᠨ  ᠤᠷᠤᠰᠢᠨ  ᠠᠮᠢᠳᠣᠷᠠᠬᠤ  ᠪᠠᠶᠢᠭᠠᠯᠢ  ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ︾ ᠬᠦᠷᠳᠡᠭᠰᠡᠨ ᠮᠣᠩᠭᠤᠯ ᠦᠨᠳᠦᠰᠦᠲᠡᠨ ᠤ ᠠᠯᠳᠠᠷᠲᠤ  ᠰᠢᠨᠵᠢᠯᠡᠬᠦ  ᠤᠬᠠᠭᠠᠨᠲᠠᠨ ᠴᠢᠯᠠᠭᠤ ᠪᠤᠯ ᠪᠡᠭᠡᠵᠢᠩ ᠶᠡᠭᠡ ᠰᠣᠷᠭᠠᠭᠤᠯᠢ ᠶᠢᠨ ᠫᠷᠣᠹᠧᠰᠰᠣᠷ᠂  ᠳ᠋ᠣᠺᠲ᠋ᠤᠷᠠᠨᠲ ᠤᠨ  ᠵᠢᠯᠣᠭᠤᠳᠣᠭᠴᠢ᠂  ᠲᠦᠷᠦ ᠶᠢᠨ  ᠶᠠᠪᠤᠳᠠᠯ ᠤᠨ ᠬᠤᠷᠢᠶᠠᠨ ᠤ ᠤᠨᠴᠠ ᠨᠦᠬᠦᠪᠦᠷᠢ ᠶᠢ ᠬᠦᠷᠳᠡᠵᠦ  ᠪᠠᠶᠢᠭ᠎ᠠ  ᠲᠤᠰᠬᠠᠢ  ᠮᠡᠷᠭᠡᠵᠢᠯᠲᠡᠨ᠂  ᠮᠠᠲ᠋ᠧᠷᠢᠶᠠᠯ ᠤᠨ  ᠰᠢᠨᠵᠢᠯᠡᠭᠡᠨ ᠤ  ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠺᠣᠪᠠᠯᠲ ᠬᠦᠴᠢᠯ ᠤᠨ ᠯᠢᠲ᠋ᠢ᠂ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ ᠰᠠᠭᠤᠷᠢᠯᠠᠭᠴᠢ ᠮᠦᠨ᠃                              ᠠᠯᠤᠰ ᠲᠠᠯᠠᠢ ᠳᠤ ᠬᠦᠷᠴᠦ ᠤᠶᠤᠨ ᠤᠬᠠᠭᠠᠨ ᠢᠶᠠᠨ ᠴᠡᠨᠡᠭᠯᠡᠭᠰᠡᠨ ᠨᠢ                      ᠲᠡᠷᠡ 1957 ᠤᠨ ᠤ  10  ᠰᠠᠷ᠎ᠠ ᠳᠤ  ᠦᠪᠦᠷ  ᠮᠤᠩᠭᠤᠯ  ᠣᠷᠳᠣᠰ  ᠬᠤᠲᠠ ᠶᠢᠨ  ᠦᠦᠰᠢᠨ  ᠬᠤᠰᠢᠭᠤᠨ ᠳᠤ ᠲᠦᠷᠦᠵᠡᠢ᠃ 1977 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠰᠢᠯᠭᠠᠭᠤᠯᠤᠨ ᠤᠷᠤᠵᠤ᠂ 1982 ᠤᠨ ᠠᠴᠠ  1986  ᠤᠨ  ᠪᠤᠯᠲᠠᠯ᠎ᠠ  ᠦᠪᠦᠷ  ᠮᠤᠩᠭᠤᠯ ᠤᠨ  ᠶᠡᠭᠡ  ᠰᠣᠷᠭᠠᠭᠤᠯᠢ ᠶᠢᠨ  ᠬᠢᠮᠢ ᠶᠢᠨ  ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷ ᠬᠤᠪᠤᠷ ᠰᠢᠷᠣᠢ ᠶᠢᠨ ᠡᠯᠧᠮᠧᠨ᠋ᠲ ᠢ ᠵᠠᠳᠠᠯᠬᠤ ᠬᠢᠮᠢ ᠶᠢᠨ ᠰᠣᠳᠣᠯᠭᠠᠨ ᠤ ᠠᠵᠢᠯ ᠳᠤ ᠤᠷᠣᠯᠴᠠᠵᠠᠢ᠃                1988 ᠤᠨ ᠳᠤ ᠲᠡᠭᠦᠨ ᠤ ᠬᠤᠪᠤᠷ ᠰᠢᠷᠤᠢ ᠵᠠᠷᠭᠡ ᠬᠢᠮᠢ ᠶᠢᠨ ᠡᠯᠧᠮᠧᠨ᠋ᠲ ᠤᠨ ᠬᠦᠷᠢᠶᠡᠨ ᠳᠠᠬᠢ ᠰᠤᠳᠤᠯᠭᠠᠨ ᠤ  ᠦᠷ ᠎ᠡ ᠪᠦᠳᠦᠮᠵᠢ ᠨᠢ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠵᠦ᠂ ᠠᠯᠪᠠᠨ ᠤ ᠲᠤᠮᠢᠯᠠᠯᠳᠠ ᠪᠠᠷ ᠶᠠᠫᠤᠨ ᠳᠤ ᠰᠤᠷᠤᠯᠴᠠᠵᠤ᠂ 1992 ᠤᠨ ᠤ ᠬᠠᠪᠣᠷ ᠲᠤᠤᠺᠢᠣ᠋ ᠶᠡᠭᠡ ᠰᠣᠷᠭᠠᠭᠤᠯᠢ ᠶᠢᠨ ᠪᠠᠶᠢᠭᠠᠯᠢ ᠶᠢᠨ  ᠰᠢᠨᠵᠢᠯᠡᠬᠦ  ᠤᠬᠠᠭᠠᠨ ᠤ  ᠳ᠋ᠣᠺᠲ᠋ᠣᠷ  ᠴᠤᠯᠠ  ᠬᠠᠮᠠᠭᠠᠯᠠᠵᠠᠢ᠃ 1992 ᠤᠨ ᠠᠴᠠ 2000 ᠤᠨ  ᠪᠣᠯᠲᠠᠯ᠎ᠠ  ᠶᠠᠫᠤᠨ ᠤ  ᠤᠯᠤᠰ ᠤᠨ  ᠶᠡᠭᠡ  ᠰᠣᠷᠭᠠᠭᠤᠯᠢ  ᠪᠤᠯᠤᠨ  ᠠᠵᠤ  ᠠᠬᠤᠶᠢᠯᠠᠯ ᠳᠤ ᠰᠣᠳᠣᠯᠭᠠᠨ ᠤ ᠠᠵᠢᠯ ᠬᠢᠵᠦ᠂ 2000 ᠤᠨ ᠤ 8 ᠰᠠᠷ᠎ᠠ ᠳᠤ ᠪᠡᠭᠡᠵᠢᠩ ᠶᠡᠭᠡ ᠰᠣᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ ᠣᠳᠣ ᠳᠤ ᠬᠦᠷᠴᠡᠢ᠃  ᠶᠠᠫᠤᠨ ᠳᠤ  ᠰᠤᠷᠤᠯᠴᠠᠨ  ᠠᠮᠢᠳᠤᠷᠠᠵᠤ  ᠪᠠᠶᠢᠬᠰᠠᠨ  ᠡᠨᠡᠬᠦ  13  ᠵᠢᠯ ᠨᠢ  ᠴᠢᠯᠠᠭᠤ ᠶᠢᠨ ᠰᠡᠭᠦᠯᠴᠢ ᠶᠢᠨ ᠰᠤᠳᠤᠯᠭᠠᠨ ᠤ ᠴᠢᠭᠯᠡᠯ ᠪᠡ ᠲᠤᠰᠬᠠᠢ ᠮᠡᠷᠭᠡᠵᠢᠯ ᠤᠨ ᠰᠠᠭᠤᠷᠢ ᠶᠢ  ᠲᠠᠯᠪᠢᠬᠰᠠᠨ  ᠵᠠᠩᠬᠢᠯᠠᠭ᠎ᠠ ᠶᠢᠨ  ᠴᠠᠭ  ᠦᠶ  ᠎ᠡ ᠪᠤᠯᠤᠬᠰᠡᠨ ᠪᠢᠯᠡ᠃                1992 ᠤᠨ ᠳᠤ ᠶᠠᠫᠤᠨ ᠤ  ᠰᠦᠸᠧᠨᠢ  ᠺᠤᠮᠫᠠᠨᠢ ᠠᠴᠠ  ᠯᠢᠲ᠋ᠢ  ᠢᠶᠦᠨ ᠤ  ᠴᠠᠭᠢᠯᠭᠠᠨ  ᠵᠠᠢ ᠶᠢ  ᠦᠢᠯᠡᠳᠪᠦᠷᠢᠯᠡᠨ ᠲᠠᠸᠠᠷᠵᠢᠭᠤᠯᠤᠬᠰᠠᠨ ᠪᠢᠯᠡ᠃ ᠡᠨᠡᠬᠦ ᠡᠨᠧᠷᠬᠢ ᠬᠠᠳᠠᠭᠠᠯᠠᠬᠤ ᠰᠢᠰᠲᠧᠮ ᠤᠨ ᠦᠭᠡᠷᠡᠴᠢᠯᠡᠯᠳᠡ ᠪᠠ ᠰᠢᠨ᠎ᠡ ᠡᠬᠦᠳᠦᠯᠳᠡ ᠨᠢ ᠲᠤᠬᠠᠢ ᠶᠢᠨ ᠦᠶ ᠎ᠠ ᠶᠢᠨ ᠭᠠᠷ ᠤᠳᠠᠰᠤ ᠵᠢᠴᠢ ᠪᠤᠰᠤᠳ  ᠲᠡᠭᠡᠳᠦ  ᠰᠢᠨᠵᠢᠯᠡᠭᠦ  ᠤᠬᠠᠭᠠᠨ  ᠮᠡᠷᠭᠡᠵᠢᠯ ᠤᠨ  ᠪᠦᠳᠦᠭᠡᠭᠳᠡᠭᠦᠨ ᠤ  ᠲᠦᠳᠡᠴᠢᠯᠡᠬᠦ ᠬᠠᠨᠳᠤᠰᠢ ᠶᠢ  ᠠᠪᠴᠢᠷᠠᠬᠰᠠᠨ᠃  ᠴᠢᠯᠠᠭᠤ ᠶᠢᠨ  ᠰᠢᠨ᠎ᠡ  ᠮᠠᠲᠧᠷᠢᠶᠠᠯ ᠤᠨ  ᠲᠠᠯ  ᠎ᠠ ᠪᠠᠷ ᠬᠢ  ᠰᠤᠳᠤᠯᠤᠯ ᠤᠨ  ᠲᠦᠪᠰᠢᠨ   ᠪᠡ ᠡᠭᠦᠳᠦᠯᠳᠡ ᠶᠢᠨ ᠴᠢᠳᠠᠪᠤᠷᠢ ᠨᠢ ᠶᠠᠫᠤᠨ ᠤ ᠤᠯᠠᠨ ᠺᠤᠮᠫᠠᠨᠢ ᠪᠡ ᠲᠡᠭᠡᠳᠦ ᠰᠤᠷᠭᠠᠭᠤᠯᠢ ᠳᠤ ᠮᠡᠳᠡᠷᠡᠭᠳᠡᠵᠦ᠂ ᠦᠨᠳᠦᠷ  ᠴᠠᠯᠢᠩ  ᠤᠬᠢ ᠰᠠᠶᠢᠨ ᠨᠦᠭᠦᠴᠡᠯ ᠢᠶᠠᠷ ᠲᠡᠬᠦᠨ ᠢ ᠦᠯᠡᠳᠡᠭᠡᠬᠦ ᠪᠠᠷ ᠲᠠᠳᠠᠬᠰᠠᠨ ᠪᠠᠶᠢᠨ᠎ᠠ᠃ ᠭᠡᠪᠡᠴᠦ ᠲᠡᠷᠡ ᠡᠬᠡ ᠤᠯᠤᠰ ᠲᠠᠭᠠᠨ  ᠬᠠᠷᠢᠵᠤ᠂  ᠡᠬᠡ ᠤᠯᠤᠰ ᠤᠨ ᠪᠦᠳᠦᠭᠡᠨ ᠪᠠᠶᠢᠭᠤᠯᠤᠯᠳᠠ ᠳᠠᠭᠠᠨ ᠬᠦᠴᠦ ᠪᠠᠨ ᠡᠷᠭᠦᠬᠦ  ᠭᠡᠰᠡᠨ  ᠵᠤᠷᠢᠯᠳᠠ ᠶᠢ  ᠭᠤᠶᠢᠪᠢᠰᠢ  ᠦᠭᠡᠢ  ᠪᠠᠷᠢᠮᠳᠠᠯᠠᠵᠤ ᠪᠠᠶᠢᠪᠠ᠃                ᠤᠯᠤᠰ ᠲᠠᠭᠠᠨ ᠬᠠᠷᠢᠵᠤ ᠢᠷᠡᠬᠦ ᠠᠴᠠ ᠡᠮᠦᠨ᠎ᠡ ᠲᠡᠷᠡ ᠪᠠᠭ᠎ᠠ ᠪᠤᠰᠤ ᠪᠡᠯᠡᠳᠬᠡᠯ ᠠᠵᠢᠯ ᠬᠢᠭᠰᠡᠨ᠃  ᠨᠢᠭᠡ  ᠵᠢᠯ  ᠰᠢᠬᠠᠮ ᠴᠠᠭ ᠵᠠᠷᠤᠴᠠᠭᠤᠯᠵᠤ᠂ ᠶᠠᠫᠤᠨ ᠲᠤᠮᠳᠠᠳᠤ ᠬᠤᠶᠠᠷ ᠤᠯᠤᠰ ᠤᠨ ᠬᠤᠭᠤᠷᠤᠨᠳᠤ ᠵᠤᠷᠴᠢᠨ ᠠᠶᠠᠯᠠᠵᠤ᠂ ᠦᠪᠡᠰᠦᠪᠡᠨ  ᠵᠤᠭᠤᠰ  ᠭᠠᠷᠭᠠᠵᠤ ᠰᠤᠳᠤᠯᠭᠠᠨ ᠳᠠᠭᠠᠨ ᠬᠡᠷᠡᠭᠰᠡᠭᠦ ᠲᠤᠨᠤᠭ ᠲᠦᠭᠦᠭᠡᠷᠦᠮᠵᠢ ᠶᠢ ᠬᠤᠳᠠᠯᠳᠤᠨ ᠠᠪᠤᠬᠰᠠᠨ  ᠮᠦᠷᠳᠡᠭᠡᠨ  ᠰᠤᠳᠤᠯᠬᠤ  ᠲᠤᠭᠤᠢᠢᠯᠠᠩ  ᠵᠢᠴᠢ ᠬᠤᠪᠢ ᠤᠷᠤᠭᠤᠯᠤᠬᠰᠠᠨ ᠺᠤᠮᠫᠠᠨᠢ ᠶᠢ ᠰᠠᠨᠠᠭᠠᠴᠢᠯᠠᠨ ᠪᠠᠶᠢᠭᠤᠯᠵᠤ᠂ ᠤᠯᠤᠰ ᠲᠠᠭᠠᠨ ᠬᠠᠷᠢᠵᠤ ᠢᠷᠡᠭᠰᠡᠨ ᠤ ᠲᠠᠷᠠᠭ᠎ᠠ  ᠰᠤᠳᠤᠯᠭᠠᠨ ᠤ ᠠᠵᠢᠯᠯᠠᠭ᠎ᠠ ᠪᠠᠨ ᠦᠷᠭᠦᠯᠵᠢᠯᠡᠨ ᠦᠷᠨᠢᠭᠦᠯᠬᠦ ᠳᠤ ᠬᠦᠢᠴᠡᠳ ᠪᠡᠯᠡᠳᠭᠡᠯ ᠬᠢᠭᠰᠡᠨ ᠪᠠᠶᠢᠨ᠎ᠠ᠃                         ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠨᠢᠭᠡᠨ ᠴᠠᠭ ᠦᠶ᠎ᠡ ᠶᠢ ᠨᠡᠭᠡᠭᠡᠭᠰᠡᠨ ᠨᠢ                     2001 ᠤᠨ ᠤ ᠡᠬᠢᠨ ᠳᠤ᠂ ᠰᠠᠶ᠋ᠢᠬᠠᠨ ᠤᠯᠤᠰ ᠲᠠᠭᠠᠨ  ᠪᠤᠴᠠᠵᠤ  ᠢᠷᠡᠭᠰᠡᠨ  ᠴᠢᠯᠠᠭᠤ  ᠫᠷᠤᠫᠧᠰᠰᠤᠷ  ᠬᠤᠪᠢ ᠶᠢᠨ ᠤᠶᠤᠨ ᠤ ᠦᠮᠴᠢ ᠶᠢᠨ ᠡᠷᠭᠡ ᠲᠠᠢ ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠤᠯᠤᠯᠲᠠ ᠶᠢ ᠪᠡᠶᠡᠯᠡᠭᠦᠯᠦᠭᠰᠡᠨ ᠮᠦᠷᠳᠡᠭᠡᠨ ᠪᠦᠭᠡᠮ ᠢᠶᠠᠷ ᠦᠢᠯᠡᠳᠪᠦᠷᠢᠯᠡᠬᠦ ᠪᠤᠯᠭᠠᠵᠤ᠂ ᠮᠠᠨ ᠤ ᠤᠯᠤᠰ ᠤᠨ ᠺᠣᠪᠠᠯᠲ ᠬᠦᠴᠢᠯ ᠤᠨ ᠯᠢᠲ᠋ᠢ ᠶᠢᠨ ᠴᠢᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠲᠡᠶᠢᠯᠬᠦ ᠦᠭᠡᠢ ᠲᠡᠦᠭᠡ ᠶᠢ ᠡᠴᠦᠰᠯᠡᠬᠦᠯᠵᠦ᠂ ᠴᠠᠬᠢᠯᠭᠠᠨ ᠵᠠᠢ ᠶᠢᠨ ᠦᠪᠡᠷ ᠤᠨ ᠦᠷᠳᠡᠭ ᠢ  ᠶᠡᠭᠡᠪᠡᠷ ᠪᠠᠭᠠᠰᠬᠠᠬᠰᠠᠨ ᠪᠠᠶᠢᠨ᠎ᠠ᠃ ᠴᠠᠬᠢᠯᠭᠠᠨ ᠵᠠᠢ ᠶᠢᠨ ᠵᠠᠩᠬᠢᠯᠠᠭ᠎ᠠ ᠶᠢᠨ  ᠮᠠᠲᠧᠷᠢᠶᠠᠯ ᠢ  ᠲᠤᠳᠤᠭᠠᠳᠤ ᠳᠠᠭᠠᠨ  ᠦᠢᠯᠡᠳᠪᠦᠷᠢᠯᠡᠭᠰᠡᠨ ᠠᠴᠠ ᠪᠤᠯᠵᠤ᠂ ᠤᠬᠤᠷᠬᠠᠨ ᠬᠡᠳᠦᠨ ᠵᠢᠯ ᠤᠨ  ᠲᠤᠷᠰᠢ᠂  ᠲᠤᠮᠳᠠᠳᠤ  ᠤᠯᠤᠰ  ᠨᠢᠭᠡᠨᠳᠡ  ᠲᠡᠯᠡᠬᠡᠢ ᠶᠢᠨ  ᠯᠢᠲ᠋ᠢ ᠶᠢᠨ  ᠴᠠᠬᠢᠯᠭᠠᠨ  ᠵᠠᠢ ᠦᠢᠯᠡᠳᠪᠦᠷᠢᠯᠡᠬᠦ ᠶᠡᠭᠡ ᠤᠯᠤᠰ ᠪᠤᠯᠵᠤ ᠬᠦᠭᠵᠢᠭᠰᠡᠨ  ᠮᠦᠷᠳᠡᠭᠡᠨ  ᠴᠠᠬᠢᠯᠭᠠᠨ  ᠵᠠᠢ ᠶᠢᠨ  ᠭᠠᠷᠭᠠᠯᠳᠠ ᠨᠢ  ᠪᠦᠬᠦ  ᠲᠡᠯᠡᠬᠡᠢ ᠶᠢᠨ ᠭᠤᠷᠪᠠᠨ ᠤ ᠨᠢᠭᠡ ᠶᠢ ᠡᠵᠡᠯᠡᠭᠰᠡᠨ ᠪᠠᠶᠢᠨ᠎ᠠ᠃                ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠤᠯᠤᠯᠲᠠ ᠶᠢ  ᠪᠡᠶᠡᠯᠡᠭᠦᠯᠦᠭᠰᠡᠨ ᠤ  ᠲᠠᠷᠠᠭ᠎ᠠ  ᠴᠢᠯᠠᠭᠤ ᠫᠷᠤᠫᠧᠰᠰᠤᠷ  ᠴᠠᠬᠢᠯᠭᠠᠨ  ᠬᠦᠳᠡᠯᠭᠡᠭᠦᠷᠲᠣ  ᠮᠠᠰᠢᠨ  ᠲᠡᠷᠭᠡᠨ ᠳᠤ  ᠬᠡᠷᠡᠭᠯᠡᠬᠦ  ᠬᠦᠳᠡᠯᠭᠡᠭᠴᠢ   ᠬᠦᠴᠦᠨ ᠤ   ᠴᠠᠬᠢᠯᠭᠠᠨ   ᠵᠠᠢ ᠦᠢᠯᠡᠳᠪᠦᠷᠢᠯᠡᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠬᠰᠠᠨ  ᠪᠠᠶᠢᠯ᠎ᠠ᠃  ᠲᠤᠮᠳᠠᠳᠤ  ᠤᠯᠤᠰ ᠲᠤ  ᠺᠣᠪᠠᠯᠲ ᠤᠨ  ᠡᠬᠢ ᠪᠠᠶᠠᠯᠢᠭ ᠨᠢ ᠲᠦᠢᠯ ᠤᠨ ᠬᠢᠵᠠᠭᠠᠷ ᠲᠠᠢ ᠪᠠᠶᠢᠵᠤ᠂ ᠦᠨᠳᠦᠰᠦᠨ ᠳᠡᠭᠡᠨ ᠭᠠᠳᠠᠭᠠᠳᠤ ᠠᠴᠠ ᠤᠷᠤᠭᠤᠯᠬᠤ ᠳᠤ ᠲᠦᠰᠢᠭᠯᠡᠵᠦ  ᠪᠠᠶᠢᠬᠰᠠᠠ ᠤᠴᠢᠷ ᠠᠴᠠ ᠺᠣᠪᠠᠯᠲ ᠬᠦᠴᠢᠯ ᠤᠨ ᠯᠢᠲ᠋ᠢ ᠶᠢᠨ ᠴᠠᠬᠢᠯᠭᠠᠨ  ᠵᠠᠢ ᠶᠢᠨ  ᠦᠢᠯᠡᠳᠪᠦᠷᠢᠯᠡᠯ ᠤᠨ  ᠦᠪᠡᠷ ᠤᠨ  ᠦᠷᠳᠡᠭ ᠨᠢ  ᠬᠡᠳᠦ ᠦᠨᠳᠦᠷ ᠮᠦᠷᠳᠡᠭᠡᠨ ᠺᠣᠪᠠᠯᠲ ᠬᠦᠴᠢᠯ ᠤᠨ ᠯᠢᠲ᠋ᠢ ᠶᠢᠨ ᠬᠠᠯᠠᠭᠤᠨ ᠤ ᠲᠤᠬᠳᠠᠯᠴᠠᠭ᠎ᠠ ᠠᠨᠠᠢ ᠪᠠᠶᠢᠵᠤ᠂  ᠵᠦᠪᠬᠡᠨ  ᠭᠠᠷ  ᠤᠳᠠᠰᠤ᠂ ᠺᠤᠮᠫᠢᠦ᠋ᠲᠧᠷ ᠵᠡᠷᠭᠡ ᠪᠠᠭ᠎ᠠ ᠬᠡᠯᠪᠡᠷᠢ ᠶᠢᠨ ᠴᠡᠬᠢᠮ ᠪᠦᠳᠦᠭᠡᠭᠳᠡᠭᠦᠨ ᠤ ᠴᠠᠬᠢᠯᠭᠠᠨ  ᠵᠠᠢ  ᠪᠤᠯᠭᠠᠵᠤ  ᠪᠤᠯᠳᠠᠭ  ᠪᠤᠯᠪᠠᠴᠤ  ᠴᠠᠬᠢᠯᠭᠠᠨ ᠭᠦᠳᠡᠯᠭᠡᠭᠦᠷᠳᠦ ᠮᠠᠰᠢᠨ ᠲᠡᠷᠭᠡᠨ ᠳᠤ ᠵᠤᠬᠢᠬᠤ ᠦᠭᠡᠢ ᠪᠠᠶᠢᠵᠠᠢ᠃                2002 ᠤᠨ ᠳᠤ ᠴᠢᠯᠠᠭᠤ ᠰᠤᠳᠤᠯᠭᠠᠨ ᠤ  ᠲᠤᠭᠤᠢᠢᠯᠠᠩ ᠢᠶᠠᠨ  ᠲᠠᠭᠠᠭᠤᠯᠵᠤ᠂  ᠮᠠᠩᠭᠠᠨ  ᠬᠦᠴᠢᠯ ᠤᠨ  ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠦᠯᠦᠯᠳᠡ ᠪᠠᠨ  ᠡᠬᠢᠯᠡᠭᠦᠯᠦᠭᠰᠡᠨ  ᠪᠠᠶᠢᠨ᠎ᠠ᠃  ᠡᠴᠦᠰ ᠲᠡᠭᠡᠨ᠂  2003  ᠤᠨ ᠳᠤ  ᠤᠯᠤᠰ ᠤᠨ ᠲᠤᠳᠤᠭᠠᠳᠤ ᠶᠢᠨ ᠤᠤᠭᠠᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂  ᠶᠡᠭᠡ  ᠬᠡᠮᠵᠢᠶᠡᠨ ᠤ ᠲᠤᠬᠳᠠᠪᠤᠷᠢᠳᠤ ᠴᠠᠬᠢᠯᠭᠠᠨ ᠬᠠᠳᠠᠭᠠᠯᠠᠵᠤ ᠲᠡᠶᠢᠯᠬᠦ ᠴᠢᠳᠠᠪᠬᠢ ᠲᠠᠢ ᠤᠬᠢ ᠰᠠᠶᠢᠨ ᠮᠠᠩᠭᠠᠨ ᠬᠦᠴᠢᠯ ᠤᠨ ᠯᠢᠲ᠋ᠢ ᠶᠢᠨ  ᠦᠢᠯᠡᠳᠬᠦᠨ ᠢ ᠵᠠᠬ᠎ᠠ ᠲᠡᠯᠭᠡᠭᠦᠷ ᠲᠤ ᠪᠤᠷᠤᠯᠠᠭᠤᠯᠤᠬᠰᠠᠨ ᠪᠠᠶᠢᠨ᠎ᠠ᠃ ᠮᠦᠨ ᠲᠤᠰ ᠵᠢᠯ ᠳᠤ᠂ ᠦᠪᠡᠷ ᠤᠨ ᠦᠢᠯᠡᠳᠪᠦᠷᠢᠯᠡᠭᠰᠡᠨ ᠮᠠᠩᠭᠠᠨ ᠬᠦᠴᠢᠯ ᠤᠨ ᠯᠢᠲ᠋ᠢ ᠶᠢᠨ  ᠴᠠᠬᠢᠯᠭᠠᠨ  ᠵᠠᠢ ᠶᠢᠨ  ᠠᠷᠭ᠎ᠠ  ᠲᠦᠢᠯ ᠤᠨ  ᠮᠠᠲ᠋ᠧᠷᠢᠶᠠᠯ ᠢᠶᠠᠨ  ᠠᠰᠢᠬᠯᠠᠵᠤ᠂  ᠤᠯᠤᠰ ᠤᠨ  ᠲᠤᠳᠤᠭᠠᠳᠤ ᠳᠤ  ᠡᠩ ᠲᠡᠷᠢᠬᠦᠨ ᠳᠤ ᠶᠡᠭᠡ ᠪᠠᠭᠳᠠᠭᠠᠮᠵᠢ ᠲᠠᠢ ᠬᠦᠳᠡᠯᠭᠡᠭᠦᠷ ᠴᠠᠬᠢᠯᠭᠠᠨ ᠵᠠᠢ ᠶᠢ ᠡᠭᠦᠳᠦᠨ  ᠪᠦᠳᠦᠭᠡᠵᠦ᠂  ᠮᠠᠨ ᠤ  ᠤᠯᠤᠰ ᠤᠨ  ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠦᠭᠵᠢᠯᠳᠡ ᠶᠢ ᠤᠷᠳᠤ ᠬᠤᠭᠤᠴᠠᠭ᠎ᠠ ᠪᠠᠷ  ᠬᠢᠵᠠᠭᠠᠷᠯᠠᠵᠤ  ᠪᠠᠶᠢᠬᠰᠠᠨ  ᠡᠨᠧᠷᠬᠢ  ᠬᠠᠳᠠᠭᠠᠯᠠᠬᠤ ᠯᠢᠲ᠋ᠢ ᠶᠢᠨ ᠴᠠᠬᠢᠯᠭᠠᠨ ᠵᠠᠢ ᠶᠢᠨ ᠮᠡᠷᠭᠡᠵᠢᠯ ᠤᠨ  ᠴᠢᠬᠤᠯᠠ  ᠰᠢᠪᠳᠤᠯᠤᠯᠳᠠ ᠶᠢ  ᠪᠡᠶᠡᠯᠡᠬᠦᠯᠵᠡᠢ᠃  ᠡᠬᠦᠪᠡᠷ  ᠪᠦᠬᠦ  ᠲᠡᠯᠡᠬᠡᠢ ᠶᠢᠨ ︽ᠡᠨᠧᠷᠬᠢ ᠠᠷᠪᠢᠯᠠᠵᠤ ᠪᠤᠬᠢᠷᠳᠤᠯ ᠭᠠᠳᠠᠬᠰᠢᠯᠠᠭᠤᠯᠬᠤ ᠶᠢ ᠪᠠᠭᠠᠰᠬᠠᠬᠤ︾ ᠬᠠᠨᠳᠤᠰᠢ ᠳᠤ ᠨᠡᠶᠢᠴᠡᠭᠰᠡᠨ ᠰᠢᠨ᠎ᠡ ᠮᠠᠶ᠋ᠢᠭ ᠤᠨ  ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠦᠭᠵᠢᠯᠳᠡ ᠶᠢ ᠠᠬᠢᠭᠤᠯᠤᠬᠰᠠᠨ ᠪᠠᠶᠢᠨ᠎ᠠ᠃                          ᠮᠠᠯᠴᠢᠨ ᠠᠶᠢᠯ ᠢ ᠬᠡᠷᠡᠯᠳᠦᠭᠦᠯᠦᠭᠰᠡᠨ ︽ᠪᠢᠴᠢᠯ ᠴᠠᠬᠢᠯᠭᠠᠨ ᠦᠷᠳᠡᠭᠡ︾                        ᠲᠠᠯ ᠎ᠠ ᠨᠤᠳᠤᠭ ᠡᠬᠡ ᠤᠷᠤᠨ ᠳᠠᠭᠠᠨ ᠭᠦᠨ ᠵᠤᠵᠠᠭᠠᠨ  ᠬᠠᠶᠢᠷ  ᠎ᠠ  ᠰᠡᠳᠬᠢᠯᠭᠡ  ᠡᠪᠦᠷᠯᠡᠭᠰᠡᠭᠡᠷ  ᠢᠷᠡᠭᠰᠡᠨ  ᠴᠢᠯᠠᠭᠤ ᠫᠷᠤᠹᠧᠰᠰᠤᠷ ᠢᠮᠠᠬᠳᠠ ᠲᠠᠯ ᠎ᠠ ᠨᠤᠳᠤᠭ ᠤᠨ ᠠᠷᠠᠳ ᠲᠦᠮᠡᠨ ᠤ ᠪᠠᠨ ᠠᠮᠢᠳᠤᠷᠠᠯ ᠳᠤ ᠠᠩᠬᠠᠷᠤᠯ ᠢᠶᠠᠨ ᠬᠠᠨᠳᠤᠭᠤᠯᠤᠭᠰᠠᠭᠠᠷ ᠢᠷᠡᠭᠰᠡᠨ ᠶᠤᠮ᠃ 2001 ᠤᠨ ᠪᠡ 2004 ᠤᠨ ᠳᠤ᠂ ᠲᠡᠷᠡ ᠨᠤᠳᠤᠭ ᠤᠨ ᠢᠶᠠᠨ ᠪᠠᠭ᠎ᠠ ᠰᠤᠷᠭᠠᠭᠤᠯᠢ ᠶᠢᠨ  ᠰᠤᠷᠤᠯᠭ᠎ᠠ ᠶᠢᠨ  ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ ᠦᠪᠡᠷ ᠤᠨ ᠰᠤᠳᠤᠯᠭᠠᠨ ᠤ ᠱᠠᠩᠨᠠᠯ ᠤᠨ ᠮᠦᠩᠬᠦ ᠪᠠᠨ ᠪᠦᠬᠦᠨ ᠢ ᠨᠢ ᠬᠠᠨᠳᠢᠪᠯᠠᠭᠰᠡᠨ ᠪᠦᠭᠡᠳ ᠪᠡᠭᠡᠵᠢᠩ ᠳᠠᠬᠢ ᠮᠤᠩᠭᠤᠯᠴᠤᠳ ᠤᠨ ᠨᠤᠳᠤᠭ ᠨᠢᠭᠡᠳᠡᠨ ᠤ ᠨᠡᠶᠢᠭᠡᠮᠯᠢᠭ ᠢ ᠰᠠᠨᠠᠭᠠᠴᠢᠯᠠᠨ  ᠪᠠᠶᠢᠭᠤᠯᠵᠤ᠂  ᠮᠤᠳᠤ  ᠲᠠᠷᠢᠬᠤ᠂ ᠰᠤᠷᠤᠯᠭ᠎ᠠ ᠶᠢ ᠲᠡᠳᠬᠦᠬᠦ ᠵᠡᠷᠭᠡ  ᠤᠯᠠᠨ  ᠠᠵᠢᠯᠯᠠᠭ᠎ᠠ  ᠦᠷᠨᠢᠭᠦᠯᠦᠭᠰᠡᠨ  ᠪᠠᠶᠢᠨ᠎ᠠ᠃  ᠡᠭᠦᠨ ᠠᠴᠠ  ᠭᠠᠳᠠᠨ᠎ᠠ᠂  ᠲᠡᠷᠡ  ᠪᠠᠰᠠ ᠪᠡᠭᠡᠵᠢᠩ ᠤᠨ ᠵᠦᠩ ᠭᠤᠸᠠᠨ ᠼᠦᠨ ᠳᠠᠬᠢ ᠲᠡᠭᠡᠳᠦ ᠰᠢᠨ᠎ᠡ ᠮᠡᠷᠭᠡᠵᠢᠯ ᠤᠨ  ᠠᠵᠤ  ᠠᠬᠤᠢᠢᠯᠠᠯ  ᠪᠡ  ᠴᠢᠳᠡᠪᠤᠷᠢᠳᠡᠨ ᠢ  ᠵᠤᠬᠢᠶᠠᠨ ᠪᠠᠶᠢᠭᠤᠯᠵᠤ  ᠦᠪᠦᠷ  ᠮᠤᠩᠭᠤᠯ  ᠤᠷᠤᠨ ᠳᠤ  ᠬᠦᠨᠵᠡᠭᠡᠶᠢᠷᠡᠨ  ᠪᠠᠶᠢᠴᠠᠭᠠᠨ  ᠰᠤᠳᠤᠯᠤᠯᠳᠠ  ᠬᠢᠯᠭᠡᠵᠦ᠂   ᠮᠠᠨ ᠤ   ᠤᠷᠤᠨ ᠤ ᠴᠢᠳᠡᠪᠦᠷᠢᠳᠡᠨ ᠢ ᠬᠦᠮᠦᠵᠢᠬᠦᠯᠬᠦ ᠪᠡ ᠮᠡᠷᠭᠡᠵᠢᠯ ᠤᠨ ᠲᠠᠪᠰᠢᠯᠳᠡ ᠶᠢ ᠠᠬᠢᠭᠤᠯᠤᠬᠰᠠᠨ ᠪᠠᠶᠢᠨ᠎ᠠ᠃                ᠤᠳᠤᠬᠠᠨ ᠪᠤᠯᠳᠠᠯ ᠎ᠠ ᠮᠡᠨ ᠤ ᠤᠯᠤᠰ ᠤᠨ ᠬᠢᠯᠢ ᠬᠢᠵᠠᠭᠠᠷ ᠤᠷᠤᠨ ᠳᠤ ᠴᠠᠬᠢᠯᠭᠠᠨ ᠨᠡᠪᠳᠡᠷᠡᠬᠡᠳᠦᠢ  ᠪᠤᠶᠤ  ᠴᠠᠬᠢᠯᠭᠠᠨ ᠤ ᠬᠠᠩᠭᠠᠯᠳᠠ ᠬᠦᠢᠴᠡᠳ ᠦᠭᠡᠢ ᠪᠠᠶᠢᠵᠤ᠂ ᠭᠠᠵᠠᠷ ᠤᠷᠤᠨ ᠤ ᠬᠦᠭᠵᠢᠯᠳᠡ ᠪᠡ  ᠠᠷᠠᠳ ᠤᠨ  ᠠᠮᠢᠳᠤᠷᠠᠯ ᠤᠨ  ᠬᠢᠷᠢ  ᠲᠦᠪᠰᠢᠨ ᠤ ᠲᠡᠭᠡᠭᠰᠢᠯᠡᠯᠳᠡ ᠶᠢ ᠬᠢᠵᠠᠭᠠᠷᠯᠠᠵᠤ ᠪᠤᠢ᠃ ᠭᠡᠷᠪᠡ ᠡᠳᠡᠭᠡᠷ ᠭᠠᠵᠠᠷ ᠤᠷᠤᠨ ᠳᠤ ᠴᠠᠬᠢᠯᠭᠠᠨ  ᠲᠤᠤᠷ  ᠲᠠᠳᠠᠬᠤ ᠳᠤ  ᠬᠦᠷᠪᠡᠯ  ᠤᠯᠠᠨ ᠮᠡᠷᠭᠡᠵᠢᠯ ᠤᠨ ᠲᠠᠯ ᠎ᠠ ᠶᠢᠨ ᠬᠦᠴᠢᠷᠳᠡᠯ ᠲᠠᠢ ᠮᠦᠷᠳᠡᠭᠡᠨ ᠦᠪᠡᠷ ᠤᠨ ᠦᠷᠳᠡᠭ ᠨᠢ ᠭᠡᠳᠦ ᠦᠨᠳᠦᠷ ᠪᠠᠶᠢᠳᠠᠭ᠂ ᠨᠢᠭᠡ ᠺᠢᠯᠤᠮᠧᠳ᠋ᠷ ᠤᠨ ᠴᠠᠬᠢᠯᠭᠠᠨ ᠲᠤᠤᠷ ᠲᠠᠳᠠᠬᠤ ᠳᠤ ᠪᠠᠷᠤᠭ ᠠᠷᠪᠠᠨ ᠲᠦᠮᠠᠨ ᠲᠦᠭᠦᠷᠢᠭ ᠰᠢᠬᠠᠮ ᠪᠡᠯᠡ ᠤᠷᠤᠭᠤᠯᠬᠤ ᠭᠡᠷᠡᠭᠳᠡᠢ᠃ ᠡᠶᠢᠮᠦ ᠠᠴᠠ  ᠡᠳᠡᠭᠡᠷ ᠭᠠᠵᠠᠷ ᠤᠷᠤᠨ ᠤ ᠴᠠᠬᠢᠯᠭᠠᠨ ᠤ ᠬᠠᠩᠭᠠᠯᠳᠠ ᠶᠢᠨ ᠪᠠᠶᠢᠳᠠᠯ ᠢ  ᠬᠡᠷᠬᠢᠨ  ᠰᠠᠶᠢᠵᠢᠷᠠᠭᠤᠯᠬᠤ ᠨᠢ  ᠲᠤᠯᠭᠠᠮ᠎ᠠ  ᠴᠢᠬᠤᠯᠠ  ᠠᠰᠠᠭᠤᠳᠠᠯ ᠪᠤᠯᠤᠬᠰᠠᠨ ᠪᠠᠶᠢᠨ᠎ᠠ᠃                 2011 ᠤᠨ ᠠᠴᠠ ᠨᠠᠰᠢ᠂ ᠴᠢᠯᠠᠭᠤ ᠫᠷᠤᠹᠧᠰᠰᠤᠷ  ᠰᠢᠨ᠎ᠡ  ᠠᠷᠭ᠎ᠠ  ᠵᠠᠮ  ᠰᠦᠪᠡᠭᠴᠢᠯᠡᠵᠦ᠂  ᠮᠠᠯᠴᠢᠨ  ᠠᠷᠠᠳ ᠤᠨ ᠠᠮᠢᠳᠤᠷᠠᠯ ᠳᠤ ᠭᠡᠷᠡᠯ ᠪᠡ ᠢᠯᠴᠢ ᠬᠦᠷᠭᠡᠬᠦ ᠪᠠᠷ ᠵᠤᠷᠢᠵᠤ᠂ ︽ᠪᠢᠴᠢᠯ  ᠴᠠᠬᠢᠯᠭᠠᠨ  ᠦᠷᠳᠡᠭᠡ︾  ᠬᠡᠬᠦ  ᠤᠶᠤᠨᠴᠢ  ᠰᠢᠰᠲᠧᠮ ᠤᠨ ᠪᠦᠳᠦᠭᠡᠨ ᠪᠠᠶᠢᠭᠤᠯᠤᠯᠳᠠ ᠳᠤ ᠤᠶᠤᠨ ᠴᠢᠳᠠᠯ ᠢᠶᠠᠨ ᠰᠢᠪᠬᠠᠬᠰᠠᠨ ᠪᠠᠶᠢᠨ᠎ᠠ᠃                 ᠴᠢᠯᠠᠭᠤ ᠫᠷᠤᠹᠧᠰᠰᠤᠷ ᠪᠡ ᠲᠡᠭᠦᠨ ᠤ ᠰᠤᠳᠤᠯᠭᠠᠨ ᠤ ᠲᠤᠭᠤᠢᠢᠯᠠᠩ ᠨᠢ  ᠬᠤᠶᠠᠷ  ᠵᠢᠯ  ᠰᠢᠬᠠᠮ ᠤᠨ  ᠲᠦᠯᠦᠪᠯᠡᠯᠭᠡ  ᠪᠡ ᠲᠤᠷᠰᠢᠯᠳᠠ ᠪᠠᠷ ᠲᠠᠮᠵᠢᠨ᠂ ᠡᠴᠦᠰ ᠲᠡᠭᠡᠨ 2013 ᠤᠨ ᠳᠤ  ᠠᠩᠬᠠᠨ ᠤ  ᠨᠢᠭᠡ  ᠪᠦᠯᠦᠭ  ᠪᠢᠴᠢᠯ  ᠴᠠᠬᠢᠯᠭᠠᠨ  ᠦᠷᠳᠡᠭᠡ ᠶᠢ ᠪᠠᠶᠢᠭᠤᠯᠵᠤ  ᠠᠰᠢᠬᠯᠠᠯᠳᠠ ᠳᠤ  ᠤᠷᠤᠭᠤᠯᠤᠭᠰᠠᠨ  ᠪᠠᠶᠢᠨ᠎ᠠ᠃  ᠪᠢᠴᠢᠯ  ᠴᠠᠬᠢᠯᠭᠠᠨ  ᠦᠷᠳᠡᠭᠡ ᠨᠢ  ᠴᠢᠯᠠᠭᠤ  ᠫᠷᠤᠹᠧᠰᠰᠤᠷ ᠤᠨ ︽ᠠᠷᠢᠭᠤᠨ ᠴᠡᠪᠡᠷ᠂ ᠲᠦᠬᠦᠮ ᠲᠦᠳᠡ᠂ ᠦᠨᠳᠦᠷ ᠠᠰᠢᠬᠯᠠᠮᠵᠢᠳᠠᠢ᠂  ᠤᠶᠤᠨᠴᠢ  ᠴᠢᠳᠠᠪᠬᠢ ᠲᠠᠢ︾  ᠵᠡᠷᠭᠡ  ᠰᠢᠨ᠎ᠡ ᠶᠢ  ᠡᠭᠦᠳᠬᠦ ᠰᠡᠳᠬᠢᠴᠡ ᠶᠢ ᠢᠯᠡᠷᠡᠬᠦᠯᠵᠦ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠨᠧᠷᠬᠢ  ᠵᠢᠱᠢᠶᠡᠯᠡᠪᠡᠯ᠂  ᠨᠠᠷᠠᠨ ᠤ  ᠡᠨᠧᠷᠬᠢ᠂  ᠰᠠᠯᠬᠢᠨ ᠡᠨᠧᠷᠬᠢ  ᠵᠡᠷᠭᠡ  ᠴᠡᠪᠡᠷ  ᠡᠨᠧᠷᠬᠢ ᠶᠢ  ᠬᠠᠳᠠᠭᠠᠯᠠᠨ  ᠠᠰᠢᠬᠯᠠᠵᠤ᠂  ᠠᠳᠠᠯᠢ  ᠪᠤᠰᠤ  ᠬᠡᠷᠡᠭᠯᠡᠭᠴᠢᠳ ᠤᠨ  ᠴᠠᠬᠢᠯᠭᠠᠨ  ᠬᠡᠷᠡᠭᠯᠡᠬᠦ ᠱᠠᠭᠠᠷᠳᠠᠯᠭ᠎ᠠ ᠶᠢ ᠬᠠᠩᠭᠠᠬᠰᠠᠨ ᠪᠠᠶᠢᠨ᠎ᠠ᠃ ᠨᠢᠭᠡ ᠺᠢᠯᠦᠸᠤᠯᠲ ᠤᠨ ᠪᠢᠴᠢᠯ  ᠴᠠᠬᠢᠯᠭᠠᠨ  ᠦᠷᠳᠡᠭᠡ ᠨᠢ  ᠦᠨᠳᠦᠰᠦᠨ ᠳᠡᠭᠡᠨ  ᠨᠢᠭᠡ ᠮᠠᠯᠴᠢᠨ ᠠᠶᠢᠯ ᠤᠨ ᠭᠡᠷᠡᠯᠳᠦᠭᠦᠯᠭᠡ᠂ ᠲᠧᠯᠸᠢᠰ ᠦᠵᠡᠬᠦ ᠵᠡᠷᠭᠡ ᠡᠳᠦᠷ ᠲᠤᠳᠤᠮ ᠤᠨ ᠬᠡᠷᠡᠭᠴᠡᠭᠡ ᠶᠢ ᠬᠠᠩᠭᠠᠵᠤ  ᠲᠡᠶᠢᠯᠵᠦ᠂  ᠲᠠᠪᠤᠨ ᠺᠢᠯᠦᠸᠤᠯᠲ ᠤᠨ ᠪᠢᠴᠢᠯ ᠴᠠᠬᠢᠯᠭᠠᠨ ᠦᠷᠳᠡᠭᠡ ᠨᠢ ᠨᠢᠭᠡ ᠡᠷᠦᠭᠡ ᠶᠢᠨ ᠪᠤᠷᠳᠤᠭ᠎ᠠ ᠬᠡᠮᠬᠡᠯᠡᠬᠦ ᠮᠠᠰᠢᠨ᠂ ᠤᠰᠤ ᠲᠠᠳᠠᠬᠤ ᠮᠠᠰᠢᠨ ᠵᠡᠷᠭᠡ ᠦᠢᠯᠡᠳᠪᠦᠷᠢᠯᠡᠯ ᠤᠨ ᠭᠡᠷᠡᠭᠰᠡᠯ ᠳᠤ ᠴᠠᠬᠢᠯᠭᠠᠨ ᠬᠠᠩᠭᠠᠵᠤ ᠲᠡᠶᠢᠯᠳᠡᠭ᠃ ᠡᠳᠡᠭᠡᠷ ᠪᠢᠴᠢᠯ ᠴᠠᠬᠢᠯᠭᠠᠨ ᠤ ᠦᠷᠳᠡᠭᠡ ᠨᠢ ᠪᠠᠶᠢᠭᠠᠯᠢ ᠶᠢᠨ ᠡᠨᠧᠷᠬᠢ ᠶᠢ ᠠᠰᠢᠬᠯᠠᠵᠤ ᠮᠠᠯᠴᠢᠳ ᠤᠨ ᠠᠮᠢᠳᠤᠷᠠᠯ ᠪᠡ ᠦᠢᠯᠡᠳᠪᠦᠷᠢᠯᠡᠯ ᠳᠠᠬᠢ ᠴᠠᠬᠢᠯᠭᠠᠨ ᠤ  ᠬᠡᠷᠡᠭᠴᠡᠭᠡ ᠶᠢ  ᠦᠨᠳᠦᠰᠦᠨ ᠳᠡᠭᠡᠨ ᠬᠠᠩᠭᠠᠵᠤ᠂ ᠴᠠᠬᠢᠯᠭᠠᠨ ᠲᠤᠳᠠᠬᠳᠠᠬᠤ ᠪᠠᠶᠢᠳᠠᠯ ᠢ ᠵᠤᠬᠢᠬᠤ ᠭᠡᠮᠵᠢᠶᠠᠨ ᠳᠤ ᠰᠠᠶᠢᠵᠢᠷᠠᠭᠤᠯᠤᠬᠰᠠᠨ ᠮᠦᠷᠳᠡᠭᠡᠨ ᠤᠷᠴᠢᠨ ᠲᠤᠭᠤᠷᠢᠨ ᠳᠤ ᠪᠤᠬᠢᠷᠳᠦᠯ ᠦᠭᠡᠢ ᠰᠢᠨ᠎ᠡ ᠡᠨᠧᠷᠬᠢ ᠶᠢᠨ  ᠦᠢᠯᠡᠳᠭᠦᠨ ᠤ  ᠪᠤᠳᠠᠳᠤ  ᠵᠢᠱᠢᠶ  ᠎ᠡ  ᠪᠤᠯᠵᠠᠢ᠃  ᠴᠢᠯᠠᠭᠤ  ᠫᠷᠤᠹᠧᠰᠰᠤᠷ᠄  ︽ᠪᠢᠳᠠ ᠤᠳᠤᠬᠠᠨ ᠳᠤ ᠨᠢᠭᠡ ᠠᠶᠢᠯ ᠨᠢᠭᠡ ᠡᠷᠦᠭᠡ ᠶᠢᠨ  ᠴᠠᠬᠢᠯᠭᠠᠨ ᠤ  ᠬᠡᠷᠡᠭᠴᠡᠭᠡ ᠶᠢ  ᠬᠠᠩᠭᠠᠵᠤ  ᠴᠢᠳᠠᠬᠰᠠᠨ᠂  ᠲᠠᠷᠠᠭᠠᠴᠢ ᠪᠠᠷ  ᠪᠦᠬᠦ ᠲᠡᠯᠡᠬᠡᠢ ᠶᠢᠨ ᠴᠠᠬᠢᠯᠭᠠᠨ ᠡᠨᠧᠷᠬᠢ ᠬᠠᠳᠠᠭᠠᠯᠠᠬᠳᠠᠬᠤ ᠠᠰᠠᠭᠤᠳᠠᠯ ᠳᠤ ᠴᠢᠭᠯᠡᠬᠦᠯᠵᠤ ᠰᠤᠳᠤᠯᠭᠠᠨ ᠢᠶᠠᠨ ᠦᠷᠭᠦᠯᠵᠢᠯᠡᠭᠦᠯᠦᠨ᠎ᠡ᠂ ᠡᠭᠦᠨ ᠤ ᠤᠯᠠᠮ ᠠᠴᠠ  ᠪᠦᠬᠦ  ᠲᠡᠯᠡᠬᠡᠢ ᠶᠢᠨ  ᠡᠨᠧᠷᠬᠢ ᠶᠢᠨ  ᠠᠰᠠᠭᠤᠳᠠᠯ᠂  ᠤᠷᠴᠢᠨ  ᠲᠤᠭᠤᠷᠢᠨ ᠤ  ᠠᠰᠠᠭᠤᠳᠠᠯ᠂  ᠡᠬᠢ  ᠪᠡᠶᠠᠯᠢᠭ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ︾ ᠬᠡᠵᠦ ᠬᠤᠶᠢᠰᠢᠳᠠ ᠶᠢᠨ ᠲᠦᠰᠦᠪ ᠲᠦᠯᠦᠪᠯᠡᠭᠡ ᠪᠠᠨ ᠶᠠᠷᠢᠵᠤ ᠪᠠᠶᠢᠯ᠎ᠠ᠃                           ᠰᠢᠷᠭᠠᠭᠤ ᠬᠠᠳᠠᠭᠤᠵᠢᠯᠳᠠᠢ ᠡᠭᠦᠳᠦᠨ ᠪᠦᠳᠦᠭᠡᠯᠳᠡ ᠶᠢᠨ ᠵᠠᠮ                             ᠴᠢᠯᠠᠭᠤ ᠫᠷᠤᠹᠧᠰᠰᠤᠷ ᠬᠢᠭᠡᠳ ᠲᠡᠭᠦᠨ ᠤ ᠰᠤᠳᠤᠯᠭᠠᠨ ᠤ ᠲᠤᠭᠤᠢᠢᠯᠠᠩ 2008 ᠣᠨ ᠤ ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ᠂ 2010 ᠤᠨ ᠤ ᠱᠠᠩᠬᠠᠢ ᠶᠢᠨ ᠳᠡᠯᠡᠬᠡᠢ ᠶᠢᠨ ᠦᠵᠡᠰᠭᠦᠯᠡᠩ ᠤᠨ  ᠴᠠᠬᠢᠯᠭᠠᠨ  ᠬᠦᠳᠡᠯᠭᠡᠭᠦᠷᠲᠣ  ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ ᠬᠦᠴᠦᠨ ᠤ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠨ ᠭᠦᠢᠴᠡᠳᠭᠡᠵᠠᠢ᠃  ᠲᠡᠷᠨ  ᠪᠠᠰᠠ ᠤᠯᠤᠰ ᠤᠨ ︽ᠠᠷᠪᠠᠨ  ᠨᠢᠭᠡᠳᠦᠭᠡᠷ  ᠲᠠᠪᠣᠨ  ᠵᠢᠯ ᠤᠨ  ᠲᠦᠯᠦᠪᠵᠢᠬᠦᠯᠭᠡ︾ ᠶᠢᠨ 863  ᠴᠠᠬᠢᠯᠭᠠᠨ  ᠬᠦᠳᠡᠯᠭᠡᠭᠦᠷᠲᠣ  ᠮᠠᠰᠢᠨ ᠲᠡᠷᠭᠡᠨ ᠤ ᠬᠦᠳᠡᠯᠭᠡᠭᠴᠢ ᠬᠦᠴᠦᠨ ᠤ ᠯᠢᠲ᠋ᠢ ᠶᠢᠨ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠭᠰᠠᠨ ᠪᠦᠭᠡᠳ ᠰᠤᠳᠤᠯᠭᠠᠨ ᠤ  ᠦᠷ ᠎ᠡ ᠪᠦᠳᠦᠮᠵᠢ ᠨᠢ ᠤᠯᠤᠰ ᠤᠷᠤᠨ ᠲᠡᠯᠡᠬᠡᠢ ᠨᠡᠶᠢᠳᠡ ᠶᠢᠨ ᠦᠨᠳᠦᠷ ᠦᠨᠡᠯᠡᠯᠳᠡ ᠶᠢ ᠤᠯᠤᠬᠰᠠᠭᠠᠷ ᠢᠷᠡᠵᠡᠢ᠃                2016 ᠤᠨ ᠤ 10  ᠰᠠᠷ᠎ᠠ ᠶᠢᠨ  18 ᠤ  ᠤᠷᠤᠢ᠂  ᠡᠺᠦ᠋ᠸᠠᠳᠣᠷ  ᠤᠯᠤᠰ ᠤᠨ  ᠨᠡᠶᠢᠰᠯᠡᠯ  ᠺᠢᠲ᠋ᠣ᠋  ᠬᠤᠲᠠ ᠳᠤ ᠶᠠᠪᠤᠭᠳᠠᠭᠰᠠᠨ ︽ᠦᠷᠬᠦᠯᠵᠢᠯᠡᠨ ᠬᠦᠭᠵᠢᠬᠦ ᠬᠤᠲᠠ ᠨᠤᠭᠤᠳ ᠬᠢᠭᠡᠳ ᠬᠦᠮᠦᠨ ᠲᠦᠷᠦᠯᠬᠢᠳᠡᠨ ᠤᠷᠤᠰᠢᠨ  ᠠᠮᠢᠳᠣᠷᠠᠬᠤ  ᠪᠠᠶᠢᠭᠠᠯᠢ ᠣᠷᠴᠢᠨ ᠤ  ᠱᠠᠩᠨᠠᠯ︾  ᠭᠠᠷᠳᠠᠭᠤᠯᠬᠤ  ᠶᠤᠰᠤᠯᠠᠯ  ᠲᠡᠭᠡᠷ  ᠎ᠡ᠂  ᠴᠢᠯᠠᠭᠤ  ᠫᠷᠤᠹᠧᠰᠰᠤᠷ  ᠯᠢᠲ᠋ᠢ ᠶᠢᠨ  ᠴᠠᠬᠢᠯᠭᠠᠨ  ᠵᠠᠢ ᠶᠢᠨ ᠰᠤᠳᠤᠯᠤᠯ ᠢᠶᠠᠷ ᠢᠶᠠᠨ  ᠪᠤᠬᠢᠷᠳᠤᠯ  ᠦᠭᠡᠢ  ᠰᠢᠨ᠎ᠡ  ᠡᠨᠧᠷᠬᠢ ᠶᠢᠨ  ᠭᠦᠷᠢᠶᠡᠨ ᠳᠤ  ᠦᠵᠡᠭᠦᠯᠦᠭᠰᠡᠨ  ᠬᠤᠪᠢ  ᠨᠡᠮᠡᠷᠢ ᠪᠠᠷ ᠢᠶᠠᠨ ︽ᠪᠦᠮᠪᠦᠷᠴᠡᠭ ᠤᠨ  ᠬᠦᠮᠦᠨ  ᠲᠦᠷᠦᠯᠬᠢᠳᠡᠨ  ᠤᠷᠤᠰᠢᠨ  ᠠᠮᠢᠳᠣᠷᠠᠬᠤ  ᠪᠠᠶᠢᠭᠠᠯᠢ  ᠤᠷᠴᠢᠨ ᠳᠤ  ᠭᠠᠷᠮᠠᠭᠠᠢ  ᠬᠤᠪᠢ  ᠨᠡᠮᠡᠷᠢ ᠦᠵᠡᠬᠦᠯᠦᠭᠰᠡᠨ ᠱᠠᠩᠨᠠᠯ︾ ᠢ ᠲᠤᠰᠴᠠᠢ᠃                ︽ᠯᠢᠲ᠋ᠢ ᠶᠢᠨ ᠴᠠᠬᠢᠯᠭᠠᠨ ᠵᠠᠢ ᠳᠤ ᠮᠦᠨ ᠴᠦᠭᠡᠨ ᠪᠤᠰᠤ  ᠠᠰᠠᠭᠤᠳᠠᠯ  ᠤᠷᠤᠰᠢᠵᠤ  ᠪᠤᠢ᠂  ᠡᠨᠡ  ᠪᠤᠯ  ᠲᠡᠯᠡᠬᠡᠢ ᠶᠢᠨ ᠴᠢᠨᠠᠷᠳᠠᠢ ᠬᠦᠴᠢᠷ ᠠᠰᠠᠭᠤᠳᠠᠯ ᠮᠦᠨ᠃ ᠭᠡᠳᠦ᠋ᠢᠪᠡᠷ ᠵᠠᠮ ᠬᠤᠯᠠ ᠬᠠᠷᠰᠢ ᠰᠠᠭᠠᠳ ᠤᠯᠠᠨ ᠪᠤᠯᠪᠠᠴᠤ  ᠴᠠᠬᠢᠯᠭᠠᠨ  ᠬᠦᠳᠡᠯᠭᠡᠭᠦᠷᠳᠦ ᠲᠡᠷᠭᠡ ᠶᠢᠨ ᠠᠵᠤ ᠦᠢᠯᠡᠳᠪᠦᠷᠢᠯᠡᠯ ᠢ ᠬᠦᠭᠵᠢᠭᠦᠯᠬᠦ ᠨᠢ ᠮᠡᠨ ᠤ ᠤᠯᠤᠰ ᠲᠡᠷᠡᠴᠢᠯᠡᠨ  ᠪᠦᠬᠦ  ᠲᠡᠯᠡᠬᠡᠢ ᠶᠢᠨ  ᠬᠠᠨᠳᠤᠰᠢ  ᠮᠦᠨ᠃ ᠡᠨᠧᠷᠬᠢ ᠠᠷᠪᠢᠯᠠᠬᠤ ᠪᠡ ᠰᠢᠨ᠎ᠡ ᠡᠨᠧᠷᠬᠢ ᠶᠢ ᠬᠦᠭᠵᠢᠬᠦᠯᠬᠦ ᠶᠡᠭᠡ ᠭᠦᠭᠵᠢᠯᠳᠡ ᠶᠢᠨ ᠴᠢᠭᠯᠡᠯᠳᠡ ᠨᠢ  ᠮᠠᠨ ᠤ  ᠦᠢᠯᠡᠰ  ᠪᠦᠳᠦᠭᠡᠵᠦ ᠰᠢᠨ᠎ᠡ ᠶᠢ ᠡᠭᠦᠳᠬᠦ ᠶᠢᠨ ᠦᠨᠳᠦᠰᠦᠨ ᠤᠷᠢᠳᠠᠯ ᠪᠤᠯᠤᠨ᠎ᠠ︾ ᠭᠡᠵᠦ ᠴᠢᠯᠠᠭᠤ ᠫᠷᠤᠹᠧᠰᠰᠤᠷ ᠬᠡᠯᠡᠵᠦ ᠪᠠᠶᠢᠯ ᠎ᠠ᠃                                    ︵ᠰᠥᠯᠵᠢᠶ᠎ᠠ ᠠᠴᠠ ᠤᠷᠴᠢᠭᠤᠯᠤᠨ ᠠᠪᠤᠪᠠ︶      ᠰᠤᠪᠤᠳ ᠦᠪᠦᠷ ᠮᠣᠩᠭᠤᠯ ᠤᠨ ᠡᠳᠦᠷ ᠤᠨ ᠰᠣᠨᠢᠨ
         
        ᠢᠷᠡᠯᠲᠡ᠄ ᠠᠷᠠᠳ ᠤᠨ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号