ᠥᠪᠥᠷ ᠮᠣᠩᠭᠤᠯ ᠤᠨ ᠣᠷᠳᠣᠰ ᠬᠤᠲᠠ ᠵᠢᠴᠢ ᠴᠢᠩᠭᠢᠰ ᠬᠠᠭᠠᠨ ᠤ ᠣᠩᠭᠤᠨ ᠤ | ᠵᠤᠭᠠᠴᠠᠯ ᠤᠨ ᠣᠷᠣᠨ ᠤ ᠨᠡᠷ᠎ᠡ ᠨᠦᠯᠦᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠤᠨ | ᠵᠢᠭᠤᠯᠴᠢᠯᠠᠯ ᠤᠨ ᠠᠵᠤ ᠦᠢᠯᠡᠰ ᠢ ᠦᠨᠡᠨᠬᠦ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠦᠯᠦᠭᠡ᠂ | ᠤᠯᠠᠭᠠᠭᠴᠢᠨ ᠲᠠᠬᠢᠶ᠎ᠠ ᠵᠢᠯ ᠤᠨ ᠴᠢᠩᠭᠢᠰ ᠬᠠᠭᠠᠨ ᠤ『ᠴᠠᠭᠠᠨᠰᠦ᠋ᠷᠦᠭ ᠤᠨ ᠶᠡᠭᠡ ᠳᠠᠶᠢᠯᠭ᠎ᠠ』 ᠶᠢᠨ | ᠬᠤᠭᠤᠴᠠᠭᠠᠨ ︵4 ᠰᠠᠷ᠎ᠠ ᠶᠢᠨ 13 ᠤ ᠡᠳᠦᠷ — 4 ᠰᠠᠷ᠎ᠠ ᠶᠢᠨ 20 ᠤ ᠡᠳᠦᠷ︶ ᠳᠤ ᠥᠪᠥᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠨᠠᠢᠮᠠᠨ ᠮᠤᠵᠢ ᠣᠷᠣᠨ ᠤ | ᠮᠣᠩᠭᠤᠯ ᠬᠡᠯᠡ ᠪᠢᠴᠢᠭ ᠤᠨ ᠠᠵᠢᠯ ᠢ ᠬᠠᠮᠵᠢᠯᠴᠠᠬᠤ ᠳᠤᠭᠤᠶᠢᠯᠠᠩ᠂ ᠥᠪᠥᠷ ᠮᠣᠩᠭᠤᠯ ᠤᠨ ᠪᠡᠶ᠎ᠡ ᠶᠢᠨ | ᠲᠠᠮᠢᠷ ᠤᠨᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠨ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ | ᠵᠦᠪᠯᠡᠯ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠴᠢᠩᠭᠢᠰ ᠬᠠᠭᠠᠨ ᠤ ᠣᠩᠭᠤᠨ ᠤ | ᠵᠤᠭᠠᠴᠠᠯ ᠤᠨ ᠣᠷᠣᠨ ᠤ ᠬᠠᠮᠢᠶᠠᠷᠤᠯᠲᠠ ᠶᠢᠨ ᠵᠦᠪᠯᠡᠯ ᠠᠴᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ | ᠮᠡᠷᠭᠡᠵᠢᠯ ᠤᠨ ᠪᠥᠬᠡ ᠶᠢᠨ ᠮᠦᠷᠦᠶᠢᠴᠡᠭᠡᠨ ᠤ ᠬᠤᠯᠪᠤᠭᠠᠲᠤ ᠬᠤᠷᠠᠯ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ | ᠶᠡᠷᠦᠩᠬᠡᠢ ᠡᠪᠯᠡᠯ᠂ ᠣᠷᠳᠣᠰ ᠬᠤᠲᠠ ᠶᠢᠨ ᠮᠣᠩᠭᠤᠯ ᠪᠥᠬᠡ ᠶᠢᠨ ᠨᠡᠶᠢᠭᠡᠮᠯᠢᠭ ᠠᠴᠠ ᠬᠠᠮᠵᠢᠨ ᠡᠷᠬᠢᠯᠡᠭᠰᠡᠨ | 2017 ᠣᠨ ᠤ ᠬᠤᠶᠠᠳᠤᠭᠠᠷ ᠬᠤᠭᠤᠴᠠᠭᠠᠨ ᠤ ᠪᠦᠬᠦ ᠣᠷᠣᠨ ᠤ『ᠪᠡᠯᠭᠦᠳᠡᠢ』 ᠨᠡᠷᠡᠮᠵᠢᠲᠦ512 | ᠭᠦᠴᠦᠲᠦ ᠪᠥᠭᠡ ᠶᠢᠨ ᠲᠡᠮᠡᠴᠡᠭᠡᠨ2017 ᠣᠨ ᠤ 4 ᠰᠠᠷ᠎ᠠ ᠶᠢᠨ 16 —17 ᠤ ᠡᠳᠦᠷ ᠣᠷᠳᠣᠰ | ᠬᠤᠲᠠ ᠶᠢᠨ ᠴᠢᠩᠭᠢᠰ ᠬᠠᠭᠠᠨ ᠤ ᠣᠩᠭᠤᠨ ᠤ ᠵᠤᠭᠠᠴᠠᠯ ᠤᠨ ᠣᠷᠣᠨ ᠤ ᠪᠠᠶᠠᠨ ᠴᠠᠩᠬᠤᠭ ᠤᠨ ᠲᠠᠯ᠎ᠠ | ᠨᠤᠲᠤᠭ ᠲᠤ ᠶᠠᠪᠤᠭᠳᠠᠵᠠᠢ᠃ ᠲᠤᠰ ᠤᠳᠠᠭᠠᠨ ᠤ ᠨᠠᠭᠠᠳᠤᠮ ᠳᠤ ᠥᠪᠥᠷ ᠮᠣᠩᠭᠤᠯ ᠤᠨ ᠡᠯ᠎ᠡ ᠠᠶᠢᠮᠠᠭ | ᠬᠤᠲᠠ ᠶᠢᠨ ᠰᠢᠯᠢᠳᠡᠭ ᠪᠦᠬᠡᠴᠢᠳ ᠬᠦᠷᠦᠯᠴᠡᠨ ᠢᠷᠡᠵᠦ ᠬᠤᠷᠴᠠ ᠰᠢᠷᠦᠭᠦᠨ ᠢᠶᠠᠷ ᠪᠢᠷ᠎ᠠ ᠴᠢᠳᠠᠯ ᠬᠢᠭᠡᠳ ᠤᠷ᠎ᠠ | ᠮᠡᠷᠭᠡᠵᠢᠯ ᠢᠶᠠᠨ ᠰᠣᠷᠢᠭᠰᠠᠨ ᠤ ᠡᠴᠦᠰ ᠲᠤ ᠰᠢᠯᠢ ᠶᠢᠨ ᠭᠤᠣᠯ ᠠᠶᠢᠮᠠᠭ ᠤᠨ ᠪᠦᠭᠡᠴᠢᠨ ᠴᠠᠭᠠᠨᠵᠠᠭᠠᠨ ᠮᠠᠩᠯᠠᠢ ᠳᠤ | ᠲᠣᠳᠣᠷᠠᠵᠠᠢ᠃ ︵ᠲᠡᠮᠦᠷᠪᠠᠭᠠᠨ᠎ᠠ ᠰᠡᠭᠦᠳᠡᠷᠯᠡᠨ ᠮᠡᠳᠡᠭᠡᠯᠡᠪᠡ︶ | | | | | | | | | | | |