ᠤᠷᠴᠢᠮᠬᠠᠨ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠠᠯᠪᠠᠨ ᠲᠢᠩᠭᠢᠮ ᠠᠴᠠ | ᠰᠢᠯᠢ ᠶᠢᠨ ᠭᠤᠤᠯ ᠤᠨ ᠲᠠᠯ᠎ᠠ ᠨᠤᠳᠤᠭ ᠤᠨ ᠭᠠᠯᠳᠦ ᠠᠭᠤᠯᠠ ᠶᠢᠨ ᠭᠠᠵᠠᠷ ᠵᠦᠢ ᠶᠢᠨ ᠴᠡᠴᠡᠷᠯᠢᠭ ᠵᠡᠷᠭᠡ 31 | ᠭᠠᠵᠠᠷ ᠲᠤ᠂ ᠤᠯᠤᠰ ᠤᠨ ᠭᠠᠵᠠᠷ ᠵᠦᠢ ᠶᠢᠨ ᠴᠡᠴᠡᠷᠯᠢᠭ ᠤᠨ ᠬᠢᠷᠢ ᠭᠡᠮ ᠤᠯᠭᠤᠬᠰᠡᠨ ᠪᠢᠴᠢᠭ ᠮᠠᠲ᠋ᠧᠷᠢᠶᠠᠯ | ᠪᠠᠭᠤᠯᠭᠠᠬᠰᠡᠨ ᠪᠠᠶᠢᠨ᠎ᠠ᠃ | ᠰᠢᠯᠢ ᠶᠢᠨ ᠬᠤᠳᠠ ᠶᠢᠨ ᠰᠢᠷᠡᠭᠡᠳᠦ ᠠᠭᠤᠯᠠ ︵平顶山︶ ᠭᠠᠯᠳᠤ ᠠᠭᠤᠯᠠ ᠶᠢᠨ ᠰᠦᠷᠦᠭ | ᠪᠣᠯ ᠰᠢᠯᠢ ᠶᠢᠨ ᠬᠤᠳᠠ ᠠᠴᠠ ᠡᠮᠦᠨᠡᠰᠢ 31 ᠺᠢᠯᠤᠮᠧᠲᠷ ᠤᠨ ᠵᠠᠢ ᠳᠠᠬᠢ 207 ᠤᠯᠤᠰ ᠤᠨ ᠵᠠᠮ ᠤᠨ ᠬᠠᠪᠢ | ᠶᠢᠨ ᠪᠢᠯᠢᠭ ᠮᠠᠯᠵᠢᠯ ᠤᠨ ᠲᠠᠯᠠᠪᠠᠢ ᠳᠤ ᠪᠠᠶᠢᠷᠢᠰᠢᠵᠦ ᠪᠠᠶᠢᠳᠠᠭ᠃ ᠳᠤᠰ ᠴᠡᠴᠡᠷᠯᠢᠭ ᠨᠢ 2012 ᠤᠨ ᠳᠤ | ᠤᠷᠤᠨ ᠤ ᠳᠡᠰ ᠤᠨ ᠭᠠᠵᠠᠷ ᠵᠦᠢ ᠶᠢᠨ ᠴᠡᠴᠡᠷᠯᠢᠭ ᠢᠶᠠᠷ ᠨᠡᠷᠡᠶᠢᠳᠦᠭᠳᠡᠵᠦ᠂ 2013 ᠤᠨ ᠳᠤ ᠫᠠᠶᠢᠰᠠ | ᠢᠯᠡᠷᠬᠡᠶᠢᠯᠡᠯ ᠢᠶᠠᠨ ᠡᠯᠭᠦᠵᠦ᠂ 2017 ᠤᠨ ᠳᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ | ᠠᠴᠠ ︽ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢᠨ | ᠭᠠᠵᠠᠷ︾ ᠢᠶᠠᠷ ᠳᠤᠬᠳᠠᠭᠠᠪᠠ᠃ ᠰᠢᠯᠢ ᠶᠢᠨ ᠭᠤᠤᠯ ᠤᠨ ᠲᠠᠯ᠎ᠠ ᠨᠤᠳᠤᠭ ᠤᠨ ᠭᠠᠯᠳᠦ ᠠᠭᠤᠯᠠ ᠶᠢᠨ ᠭᠠᠵᠠᠷ ᠵᠦᠢ | ᠶᠢᠨ ᠴᠡᠴᠡᠷᠯᠢᠭ ᠪᠣᠯ᠂ ᠤᠳᠤᠬᠠᠨ ᠤ ᠤᠯᠤᠰ ᠤᠨ ᠳᠤᠳᠤᠭᠠᠳᠤᠬᠢ ᠴᠤᠷ ᠤᠨ ᠭᠠᠭᠴᠠ ᠭᠠᠯᠳᠦ ᠠᠭᠤᠯᠠ ᠶᠢᠨ | ᠭᠠᠵᠠᠷ ᠵᠦᠢ ᠶᠢᠨ ᠭᠠᠳᠠᠷᠭᠤ ᠪᠤᠯᠤᠨ ᠰᠦᠷᠯᠢᠭ ᠰᠠᠶᠢᠬᠠᠨ ᠲᠠᠯ᠎ᠠ ᠨᠤᠳᠤᠭ ᠤᠨ ᠦᠵᠡᠮᠵᠢ ᠢ ᠨᠢᠭᠡ | ᠴᠤᠬᠴᠠᠵᠢᠭᠤᠯᠤᠬᠰᠡᠨ ᠲᠦᠷᠪᠡᠳᠡᠭᠴᠢ ᠭᠠᠯᠠᠪ ᠶᠢᠨ ᠭᠠᠯᠳᠦ ᠠᠭᠤᠯᠠ ᠶᠢᠨ ᠰᠦᠷᠦᠭ ᠤᠨ ᠭᠠᠳᠠᠷᠭᠤ ᠶᠢᠨ | ᠦᠵᠡᠮᠵᠢ ᠪᠤᠯᠵᠦ᠂ ᠭᠠᠯᠳᠦ ᠠᠭᠤᠯᠠ ᠶᠢᠨ ᠭᠠᠵᠠᠷ ᠵᠦᠢ ᠶᠢᠨ ᠪᠠᠭᠤᠷᠢ ᠶᠢᠨ ᠦᠵᠡᠮᠵᠢ ᠪᠠᠷ ᠭᠤᠤᠯᠳᠠᠭᠤᠯᠤᠬᠰᠡᠨ᠂ | ᠵᠤᠭᠠᠴᠠᠯ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠪᠠᠭᠤᠷᠢ ᠶᠢᠨ ᠬᠠᠮᠠᠭᠠᠯᠠᠯᠳᠠ ᠶᠢ ᠬᠠᠮᠳᠤᠷᠠᠭᠤᠯᠤᠬᠰᠡᠨ | ᠶᠡᠷᠦᠩᠭᠡᠶᠢᠯᠡᠭᠰᠡᠨ ᠴᠢᠨᠠᠷᠳᠠᠢ ᠭᠠᠵᠠᠷ ᠵᠦᠢ ᠶᠢᠨ ᠴᠡᠴᠡᠷᠯᠢᠭ ᠪᠤᠯᠤᠨ᠎ᠠ᠃ ( ᠴᠢᠷᠮ᠎ᠠ) |