ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 5 ᠰᠠᠷ᠎ᠠ ᠶᠢᠨ 27 ᠤ ᠡᠳᠦᠷ ᠤᠨ | ᠴᠠᠬᠢᠯᠭᠠᠨ ᠮᠡᠳᠡᠭᠡ ︵ᠰᠤᠷᠪᠤᠯᠵᠢᠯᠠᠭᠴᠢ ᠳ᠋ᠢᠩ ᡁᠢ ᠵᠢᠶᠦ᠋ᠨ︶ ᠣᠶᠢᠷ᠎ᠠ ᠶᠢᠨ ᠡᠳᠦᠷ᠂ ︽ᠳᠤᠮᠳᠠᠳᠤ ᠤᠯᠤᠰ ᠤᠨ | ᠠᠷᠠᠳ ᠤᠨ ᠠᠮᠠᠨ ᠵᠣᠬᠢᠶᠠᠯ ᠤᠨ ᠲᠤᠮᠤ ᠰᠤᠳᠤᠷ· ᠥᠭᠦᠯᠡᠨ ᠳᠠᠭᠤᠯᠠᠬᠤ ᠤᠷᠠᠯᠢᠭ· ᠥᠪᠥᠷ | ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠬᠦ ᠠᠵᠢᠯ ᠵᠢᠩᠬᠢᠨᠢ ᠪᠠᠷ ᠡᠬᠢᠯᠡᠵᠦ᠂ ᠥᠪᠤᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠠᠴᠠ ᠮᠣᠩᠭᠤᠯ᠂ ᠬᠢᠲᠠᠳ᠂ ᠡᠸᠡᠩᠬᠢ᠂ ᠣᠷᠴᠣᠨ᠂ ᠳᠠᠭᠤᠷ ᠵᠡᠷᠭᠡ ᠣᠯᠠᠨ | ᠦᠨᠳᠦᠰᠦᠲᠡᠨ ᠤ ᠠᠷᠠᠳ ᠤᠨ ᠳᠤᠮᠳᠠᠬᠢ ᠥᠭᠦᠯᠡᠨ ᠳᠠᠭᠤᠯᠠᠬᠤ ᠤᠷᠠᠯᠢᠭ ᠢ ᠵᠠᠪᠳᠤᠨ ᠠᠪᠤᠷᠠᠬᠤ ᠴᠢᠨᠠᠷᠲᠠᠢ | ᠡᠮᠬᠢᠳᠭᠡᠨ ᠴᠤᠭᠯᠠᠭᠤᠯᠵᠤ ᠡᠬᠢᠯᠡᠪᠡ᠃ | ᠡᠨᠡᠬᠦ ᠠᠵᠢᠯ ᠨᠢ ᠳᠠᠭᠤᠨ ᠳᠠᠪᠲᠠᠮᠵᠢ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠥᠪᠥᠷ ᠮᠣᠩᠭᠤᠯ ᠤᠨ | ᠠᠷᠠᠳ ᠤᠨ ᠳᠤᠮᠳᠠ ᠳᠡᠯᠭᠡᠷᠡᠭᠰᠡᠨ ᠣᠯᠠᠨ ᠦᠨᠳᠦᠰᠦᠲᠡᠨ ᠤ ᠥᠭᠦᠯᠡᠨ ᠳᠠᠭᠤᠯᠠᠬᠤ ᠤᠷᠠᠯᠢᠭ ᠢ ᠴᠤᠭᠯᠠᠭᠤᠯᠤᠨ | ᠡᠮᠬᠢᠳᠬᠡᠵᠦ᠂ ᠲᠣᠮᠣ ᠰᠤᠶᠤᠯ ᠤᠨ ᠰᠠᠩ ᠢ ᠬᠡᠪᠯᠡᠭᠦᠯᠬᠦ ᠶᠢᠨ ᠬᠠᠮᠲᠤ᠂ ᠡᠯᠧᠺᠲᠷᠣᠨ ᠲᠤᠯᠭᠤᠷ ᠪᠢᠴᠢᠭ ᠤᠨ ᠳ᠋ᠠᠶᠢᠲ᠋ᠠ | ᠬᠦᠮᠦᠷᠭᠡ ᠶᠢ ᠪᠠᠶᠢᠭᠤᠯᠤᠨ᠎ᠠ᠃ | ᠠᠷᠠᠳ ᠤᠨ ᠳᠤᠮᠳᠠᠬᠢ ᠥᠭᠦᠯᠡᠨ ᠳᠠᠭᠤᠯᠠᠬᠤ ᠤᠷᠠᠯᠢᠭ ᠨᠢ ᠲᠡᠥᠬᠡᠨ ᠳᠡᠭᠡᠷ᠎ᠡ ᠪᠤᠢ ᠪᠣᠯᠵᠤ | ᠪᠦᠷᠢᠯᠳᠦᠬᠦ ᠶᠢᠨ ᠬᠠᠮᠲᠤ᠂ ᠠᠮᠢᠳᠤ ᠲᠣᠭᠯᠠᠯᠲᠠ ᠪᠠ ᠪᠢᠴᠢᠭ ᠲᠡᠮᠳᠡᠭᠯᠡᠯ ᠤᠨ ᠬᠡᠯᠪᠡᠷᠢ ᠪᠠᠷ ᠠᠷᠠᠳ ᠤᠨ ᠳᠤᠮᠳᠠ | ᠤᠯᠠᠮᠵᠢᠯᠠᠭᠳᠠᠨ ᠳᠡᠯᠭᠡᠷᠡᠭᠰᠡᠨ᠂ ᠥᠭᠦᠯᠡᠨ ᠳᠠᠭᠤᠯᠠᠬᠤ ᠬᠡᠯᠪᠡᠷᠢ ᠪᠠᠷ ᠦᠯᠢᠭᠡᠷ ᠪᠤᠶᠤ ᠳᠦᠷᠢ ᠶᠢ ᠵᠢᠷᠤᠭᠯᠠᠳᠠᠭ | ᠤᠯᠠᠮᠵᠢᠯᠠᠯᠲᠤ ᠲᠣᠭᠯᠠᠯᠲᠠ ᠶᠢᠨ ᠤᠷᠠᠯᠢᠭ ᠪᠣᠯᠣᠨ᠎ᠠ᠃ ᠣᠳᠣᠬᠠᠨ ᠳᠤ᠂ ᠥᠪᠥᠷ ᠮᠣᠩᠭᠤᠯ ᠳᠤ 30 ᠭᠠᠷᠤᠢ | ᠵᠦᠢᠯ ᠤᠨ ᠣᠨᠴᠠᠯᠢᠭ ᠢᠶᠠᠷ ᠢᠯᠡ ᠲᠣᠳᠣ᠂ ᠣᠯᠠᠨ ᠬᠡᠯᠪᠡᠷᠢ ᠶᠠᠩᠵᠤ ᠶᠢᠨ ᠠᠷᠠᠳ ᠤᠨ ᠥᠭᠦᠯᠡᠨ ᠳᠠᠭᠤᠯᠠᠬᠤ | ᠤᠷᠠᠯᠢᠭ ᠪᠤᠢ᠃ ᠭᠡᠪᠡᠴᠦ ᠡᠳᠡᠭᠡᠷ ᠠᠷᠠᠳ ᠤᠨ ᠤᠷᠠᠯᠢᠭ ᠢ ᠤᠯᠠᠮᠵᠢᠯᠠᠨ ᠵᠠᠯᠭᠠᠮᠵᠢᠯᠠᠭᠰᠠᠨ ᠪᠠᠶᠢᠳᠠᠯ ᠲᠡᠶᠢᠮᠤ ᠰᠠᠶᠢᠨ | ᠪᠢᠰᠢ᠂ ᠠᠪᠤᠷᠠᠬᠤ ᠴᠢᠨᠠᠷᠲᠠᠢ ᠬᠠᠮᠠᠭᠠᠯᠠᠨ ᠡᠮᠬᠢᠳᠬᠡᠬᠦ ᠠᠵᠢᠯ ᠨᠢᠳᠦᠨ ᠡᠮᠦᠨ᠎ᠡ ᠲᠤᠯᠭᠠᠮᠳᠠᠵᠤ ᠪᠠᠶᠢᠨ᠎ᠠ᠃ ᠨᠢᠭᠡ | ᠪᠦᠯᠦᠭ ᠠᠬᠠᠮᠠᠳ ᠠᠷᠠᠳ ᠤᠨ ᠤᠷᠠᠯᠢᠭᠴᠢᠳ ᠤᠨ ᠨᠠᠰᠤ ᠪᠠᠷᠠᠭᠰᠠᠨ ᠨᠢ᠂ ᠶᠡᠭᠡ ᠬᠡᠮᠵᠢᠶᠡᠨ ᠤ | ᠠᠮᠠ ᠪᠠᠷ ᠤᠯᠠᠮᠵᠢᠯᠠᠭᠳᠠᠵᠤ᠂ ᠶᠡᠷᠦ ᠠᠴᠠ ᠲᠡᠮᠳᠡᠭᠯᠡᠨ ᠦᠯᠡᠳᠡᠭᠡᠭᠡ ᠦᠭᠡᠢ ᠪᠤᠶᠤ ᠵᠠᠯᠠᠭᠤ ᠨᠢᠭᠡᠨ ᠦᠶ᠎ᠡ ᠶᠢᠨ | ᠬᠢᠨ ᠤᠯᠠᠮᠵᠢᠯᠠᠨ ᠵᠠᠯᠭᠠᠮᠵᠢᠯᠠᠭᠰᠠᠨ ᠦᠭᠡᠢ ᠠᠷᠠᠳ ᠤᠨ ᠳᠤᠮᠳᠠᠬᠢ ᠥᠭᠦᠯᠡᠵᠦ ᠳᠠᠭᠤᠯᠠᠬᠤ ᠤᠷᠠᠯᠢᠭ ᠢ ᠳᠠᠯᠲᠠ | ᠤᠷᠤᠵᠠᠢ᠃ | ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠷᠠᠳ ᠤᠨ ᠠᠮᠠᠨ ᠵᠣᠬᠢᠶᠠᠯ ᠤᠨ ᠲᠤᠮᠤ ᠰᠤᠳᠤᠷ︾ | ᠢ ᠬᠡᠪᠯᠡᠬᠦ ᠢᠨᠵᠧᠨᠧᠷᠢᠩ ᠠᠴᠠ᠂ 2025 ᠣᠨ ᠪᠣᠯᠬᠤ ᠳᠤ ᠠᠷᠠᠳ ᠤᠨ ᠥᠭᠦᠯᠡᠨ ᠳᠠᠭᠤᠯᠠᠬᠤ ᠤᠷᠠᠯᠢᠭ᠂ | ᠠᠷᠠᠳ ᠤᠨ ᠳᠣᠮᠤᠭ ᠵᠡᠷᠭᠡ ᠲᠥᠷᠥᠯ ᠵᠦᠢᠯ ᠪᠣᠯᠣᠨ ᠰᠢᠷᠢᠰ ᠲᠣᠮᠣ ᠬᠡᠯᠪᠡᠷᠢ ᠶᠢᠨ ᠪᠢᠴᠢᠭ ᠤᠨ ᠰᠠᠩ ᠤᠨ | 1000 ᠪᠣᠳᠢ ᠶᠢ ᠵᠢᠩᠬᠢᠨᠢ ᠪᠠᠷ ᠬᠡᠪᠯᠡᠨ ᠨᠡᠶᠢᠲᠡᠯᠡᠬᠦ ᠪᠠᠷ ᠲᠥᠯᠥᠪᠯᠡᠵᠦ ᠪᠠᠶᠢᠨ᠎ᠠ᠂ ᠪᠤᠳᠢ ᠪᠦᠷᠢ ᠨᠢ 100 | ᠲᠦᠮᠡᠨ ᠦᠰᠦᠭ ᠲᠠᠢ᠃ ᠡᠭᠦᠨ ᠤ ᠬᠠᠮᠲᠤ ᠪᠠᠰᠠ ︽ᠠᠮᠠᠨ ᠵᠣᠬᠢᠶᠠᠯ ᠤᠨ ᠥᠪ ᠤᠨ ᠳ᠋ᠠᠶᠢᠲ᠋ᠠ ᠬᠥᠮᠥᠷᠭᠡ︾ ᠶᠢ | ᠪᠠᠶᠢᠭᠤᠯᠬᠤ ᠪᠠᠷ ᠪᠣᠢ᠃ | |