锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠴᠠᠮ ᠪᠦᠵᠢᠭ
        ᠨᠡᠶᠢᠲᠡᠯᠡᠭᠰᠡᠨ ᠴᠠᠭ᠄
        2019-11-22
             ᠠᠷᠪᠠᠨ ᠵᠢᠷᠭᠤᠳᠤᠭᠠᠷ ᠵᠠᠭᠤᠨ ᠤ ᠦᠶ᠎ᠡ ᠪᠠᠷ ᠰᠢᠷ᠎ᠠ ᠶᠢᠨ ᠱᠠᠰᠢᠨ ᠲᠦᠪᠡᠳ ᠠᠴᠠ ᠤᠷᠤᠵᠤ ᠢᠷᠡᠬᠦ ᠶᠢ ᠲᠠᠭᠠᠯᠳᠤᠨ ᠴᠠᠮ ᠨᠢ ᠮᠤᠩᠭᠤᠯ ᠤᠷᠤᠨ ᠳᠤ ᠤᠯᠠᠮᠵᠢᠭᠳᠠᠨ ᠢᠷᠡᠭᠰᠡᠨ ᠪᠠᠶᠢᠨ᠎ᠠ᠃ ᠴᠠᠮ ᠪᠤᠯ ᠱᠠᠰᠢᠨ ᠰᠤᠷᠳᠠᠬᠤᠨ᠂ ᠪᠤᠷᠬᠠᠨ ᠤ ᠦᠯᠢᠭᠡᠷ᠂ ᠨᠣᠮ ᠰᠤᠳᠤᠷ ᠢ ᠦᠭᠦᠯᠡᠨ ᠲᠤᠭᠯᠠᠭᠰᠠᠨ ᠪᠠᠭᠳᠤ ᠪᠦᠵᠢᠭ ᠶᠤᠮ᠃ ᠤᠷᠳᠤ ᠤᠳᠠᠭᠠᠨ ᠬᠤᠪᠢᠰᠤᠯ ᠬᠦᠭᠵᠢᠯ᠂ ᠤᠯᠠᠮᠵᠢᠯᠡᠯ ᠤᠨ ᠲᠤᠮᠳᠠ ᠮᠤᠩᠭᠤᠯ ᠤᠨ ᠱᠠᠰᠢᠨ ᠰᠢᠳᠤᠯᠭᠡ᠂ ᠰᠤᠶᠤᠯ ᠤᠷᠠᠯᠢᠭ᠂ ᠠᠵᠤ ᠠᠮᠢᠳᠤᠷᠠᠯ᠂ ᠵᠠᠩ ᠲᠠᠳᠬᠠᠯ ᠤᠨ ᠨᠦᠯᠦᠭᠡ ᠶᠢ ᠬᠦᠷᠳᠡᠵᠤ᠂ ᠦᠪᠡᠷᠮᠢᠴᠡ ᠣᠨᠴᠠᠯᠢᠭ ᠪᠦᠬᠦᠢ ᠪᠡᠶ᠎ᠡ ᠪᠠᠨ ᠲᠠᠭᠠᠭᠠᠭᠰᠠᠨ ᠮᠤᠩᠭᠤᠯ ᠴᠠᠮ ᠪᠦᠵᠢᠭ ᠤᠨ ᠬᠡᠯᠪᠡᠷᠢ ᠪᠤᠯᠤᠨ ᠭᠦᠭᠵᠢᠭᠰᠡᠨ ᠶᠤᠮ᠃       ᠴᠠᠮ ᠢ ︽ᠶᠡᠭᠡ ᠴᠠᠮ︾ ︽ᠪᠠᠭ᠎ᠠ ᠴᠠᠮ︾ ᠭᠡᠵᠤ ᠬᠤᠪᠢᠶᠠᠳᠠᠭ ᠪᠦᠭᠡᠳ ᠪᠠᠷᠢᠮᠵᠢᠶᠡᠳᠤ ᠴᠠᠮ ᠠᠴᠠ ᠭᠠᠳᠠᠨ᠎ᠠ ᠲᠠᠭᠤᠯᠠᠯᠳᠤ ᠵᠦᠴᠦᠭᠡ᠂ ᠶᠠᠷᠢᠶᠠᠳᠤ ᠵᠦᠴᠦᠭᠡ᠂ ᠦᠯᠢᠭᠡᠷᠲᠤ ᠴᠠᠮ ᠵᠡᠷᠭᠡ ᠤᠯᠠᠨ ᠲᠦᠷᠦᠯ ᠵᠦᠢᠯ ᠪᠠᠶᠢᠳᠠᠭ᠃      1957 ᠤᠨ ᠠᠴᠠ ᠡᠮᠦᠨ᠎ᠡ ᠬᠦᠪᠡᠭᠡᠲᠦ ᠰᠢᠷ᠎ᠠ ᠬᠤᠰᠢᠭᠤᠨ ᠤ ᠠᠷᠪᠠᠨ ᠬᠡᠳᠦᠨ ᠰᠦᠮ᠎ᠡ ᠨᠢ ᠪᠦᠷ ᠲᠤᠭᠳᠠᠭᠰᠠᠨ ᠡᠳᠦᠷ ᠴᠠᠮ ᠴᠠᠮᠨᠠᠳᠠᠭ ᠪᠦᠭᠡᠳ ᠶᠡᠷᠦᠩᠭᠡᠢ ᠳᠡᠭᠡᠨ ᠵᠢᠯ ᠪᠦᠷᠢ ᠶᠢᠨ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠪᠤᠯᠤᠨ ᠵᠢᠷᠭᠤᠭᠠᠨ ᠰᠠᠷ᠎ᠠ ᠶᠢᠨ ᠠᠷᠪᠠᠨ ᠲᠠᠪᠤᠨ ᠳᠤ ᠴᠠᠮᠨᠠᠳᠠᠭ ᠪᠠᠶᠢᠵᠠᠢ᠃ ᠭᠦᠷᠦ ᠲᠠᠭᠤᠤ ︽ᠰᠠᠷᠠᠨ ᠭᠦᠭᠦᠭᠡ ᠶᠢᠨ ᠲᠠᠭᠤᠯᠠᠯ︾᠂ ︽ᠮᠢᠯᠠ ᠶᠢᠨ ᠨᠠᠮᠳᠠᠷ︾ ᠵᠡᠷᠭᠡ ᠲᠦᠪᠡᠳ ᠤᠷᠤᠨ ᠤ ᠲᠤᠮᠤ ᠬᠡᠯᠪᠡᠷᠢ ᠶᠢᠨ ᠲᠠᠭᠤᠯᠠᠯᠳᠤ ᠵᠦᠴᠦᠭᠡ ᠶᠢ ᠪᠠᠰᠠ ᠲᠤᠭᠯᠠᠵᠤ ᠪᠠᠶᠢᠭᠰᠠᠨ ᠭᠡᠳᠡᠭ᠃ ᠴᠠᠮ ᠴᠠᠮᠨᠠᠬᠤ ᠳᠤ ᠬᠡᠳᠦᠨ ᠠᠴᠠ ᠵᠠᠭᠤᠭᠠᠳ ᠬᠦᠮᠦᠨ ᠤᠷᠤᠯᠴᠠᠵᠤ ᠪᠤᠯᠳᠠᠭ᠃1981 ᠤᠨ ᠳᠤ ᠦᠪᠦᠷ ᠮᠤᠩᠭᠤᠯ ᠤᠨ ᠤᠷᠠᠯᠢᠭ ᠰᠤᠳᠤᠯᠤᠯ ᠤᠨ ᠭᠠᠵᠠᠷ ᠤᠨ ᠬᠢᠨ ᠮᠠᠨ ᠤ ᠬᠤᠰᠢᠭᠤᠨ ᠳᠤ ᠢᠷᠡᠵᠤ᠂ ᠴᠠᠮ ᠤᠨ ᠲᠤᠬᠠᠢ ᠲᠠᠢ ᠪᠠᠶᠢᠴᠠᠭᠠᠯᠳᠠ ᠬᠢᠭᠰᠡᠨ ᠤ ᠬᠠᠮᠳᠤ ᠪᠤᠯᠪᠠᠰᠤᠷᠠᠯ ᠤᠨ ᠠᠩᠬᠢ ᠶᠢ ᠬᠠᠮᠳᠤᠷᠠᠨ ᠡᠷᠬᠢᠯᠡᠵᠤ ᠦᠩᠭᠡᠷᠡᠪᠡ᠃      2007 ᠤᠨ ᠳᠤ ᠤᠷᠤᠨ ᠤ ᠲᠠᠰ ᠤᠨ ᠴᠠᠮ ᠪᠦᠵᠢᠭ ᠤᠨ ᠦᠪᠯᠡᠨ ᠤᠯᠠᠮᠵᠢᠯᠠᠭᠴᠢ ᠰᠤ᠂ ᠲᠤᠷᠵᠢᠵᠠᠪ ᠬᠠᠶ᠋ᠢᠩᠬᠢᠷᠸ᠎ᠠ ᠰᠦᠮ᠎ᠡ ᠶᠢᠨ ᠴᠠᠮ ᠢ ᠲᠠᠬᠢᠨ ᠲᠢᠭᠯᠡᠨ ᠨᠠᠶᠢᠷᠠᠭᠤᠯᠵᠤ᠂ ᠴᠠᠮ ᠤᠨ ᠬᠤᠪᠴᠠᠰᠤ ᠵᠠᠰᠠᠯ᠂ ᠪᠠᠭ ᠢ ᠤᠷᠠᠯᠠᠨ ᠦᠢᠯᠡᠳᠦᠭᠡᠳ᠂ ᠠᠷᠪᠠᠳᠤᠭᠠᠷ ᠤᠳᠠᠭᠠᠨ ᠤ ᠨᠠᠭᠠᠳᠤᠮ ᠤᠨ ᠶᠡᠭᠡ ᠬᠤᠷᠠᠯ ᠲᠡᠭᠡᠷ᠎ᠡ ᠤᠯᠠᠨ ᠪᠦᠭᠦᠳᠡ ᠶᠢᠨ ᠬᠦᠷᠢᠶᠡᠯᠡᠯ ᠢ ᠤᠯᠵᠠᠢ᠃2008 ᠤᠨ ᠳᠤ ᠴᠠᠮ ᠨᠢ ᠦᠪᠡᠷᠳᠡᠭᠡᠨ ᠵᠠᠰᠠᠬᠤ ᠤᠷᠤᠨ ᠤ ᠲᠠᠰ ᠤᠨ ᠪᠤᠳᠠᠰ ᠤᠨ ᠪᠣᠰᠤ ᠰᠤᠶᠤᠯ ᠤᠨ ᠦᠪ ᠤᠨ ᠨᠠᠷᠡᠰ ᠲᠤ ᠵᠢᠭᠰᠠᠭᠠᠭᠳᠠᠭᠰᠠᠨ ᠪᠠᠶᠢᠨ᠎ᠠ᠃
         
        ᠢᠷᠡᠯᠲᠡ᠄ ᠲᠣᠲᠣᠷᠬᠠᠢ ᠦᠭᠡᠢ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号