锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠮᠣᠩᠭᠤᠯ ᠳ᠋ᠠᠨᠵᠤᠤᠷ ᠢ ᠥᠪᠯᠡᠭᠰᠡᠨ ᠠᠩᠬᠠᠨ ᠤ ᠰᠦᠮ᠎ᠡ — ᠬᠠᠶ᠋ᠢᠩᠬᠢᠷᠸ᠎ᠠ ᠰᠦᠮ᠎ᠡ
        ᠨᠡᠶᠢᠲᠡᠯᠡᠭᠰᠡᠨ ᠴᠠᠭ᠄
        2019/11/26
             ᠬᠠᠶ᠋ᠢᠩᠬᠢᠷᠸ᠎ᠠ ᠰᠦᠮ᠎ᠡ ᠨᠢ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠠᠴᠠ ᠵᠡᠬᠦᠨ ᠬᠤᠶᠢᠰᠢ 11 ᠺᠢᠯᠤᠮᠧᠲᠷ ᠵᠠᠶᠢᠳᠠᠢ ᠪᠠᠶᠢᠷᠢᠯᠠᠵᠤ ᠪᠤᠢ᠃ ᠲᠤᠰ ᠰᠦᠮ᠎ᠡ ᠪᠣᠯ ᠴᠢᠩ ᠤᠯᠤᠰ ᠤᠨ ᠡᠩᠬᠡ ᠠᠮᠤᠭᠤᠯᠠᠩ ᠤᠨ ᠭᠤᠴᠢᠨ ᠳᠤᠯᠤᠳᠤᠭᠠᠷ ᠣᠨ ᠳᠤ ᠱᠠᠩᠳᠤ ᠠᠳᠤᠭᠤᠴᠢᠨ ᠰᠦᠷᠦᠭ ᠤᠨ ᠪᠤᠶᠠᠨᠳᠡᠯᠭᠡᠷ ᠠᠭᠤᠯᠠᠨ ᠤ ᠡᠩᠭᠡᠷ ᠲᠤ ᠡᠬᠢᠯᠡᠨ ᠪᠠᠶᠢᠭᠤᠯᠤᠭᠰᠠᠨ ᠴᠠᠬᠠᠷ ᠤᠨ ᠱᠠᠩᠳᠤ ᠠᠳᠣᠭᠤᠴᠢᠨ ᠤ ᠰᠢᠳᠦᠭᠡᠨ ᠰᠦᠮ᠎ᠡ ᠪᠤᠯᠤᠨ᠎ᠠ᠃ ᠡᠩᠭᠡ ᠠᠮᠤᠭᠤᠯᠠᠩ ᠬᠠᠭᠠᠨ ᠤ ᠳᠦᠴᠢᠨ ᠨᠠᠢᠮᠠᠳᠤᠭᠠᠷ ᠣᠨ ᠳᠤ ᠡᠩᠬᠡ ᠠᠮᠤᠭᠤᠯᠠᠩ ᠬᠠᠭᠠᠨ ᠲᠤᠰ ᠰᠦᠮ᠎ᠡ ᠳᠤ ︽ᠶᠡᠭᠡ ᠲᠤᠰᠠᠳᠠᠢ ᠰᠦᠮ᠎ᠡ︾ ᠬᠡᠮᠡᠨ ᠨᠡᠷ᠎ᠡ ᠬᠠᠶᠢᠷᠠᠯᠠᠨ᠂ 16 ᠵᠢᠩ ᠬᠦᠨᠳᠦ ᠬᠠᠶ᠋ᠢᠩᠬᠢᠷᠸ᠎ᠠ ᠪᠤᠷᠬᠠᠨ ᠢ ᠰᠣᠶᠣᠷᠬᠠᠨ ᠪᠡᠯᠡᠭᠯᠡᠭᠰᠡᠨ ᠠᠴᠠ ᠬᠤᠶᠢᠰᠢ ᠡᠨᠡ ᠬᠦ ᠬᠡᠶᠢᠳ ᠢ ᠪᠠᠰᠠ ︽ᠬᠠᠶ᠋ᠢᠩᠬᠢᠷᠸ᠎ᠠ ᠬᠡᠶᠢᠳ︾ ᠬᠡᠮᠡᠨ ᠬᠦᠨᠳᠦᠳᠬᠡᠨ ᠲᠠᠭᠤᠳᠠᠬᠤ ᠪᠣᠯᠵᠠᠢ᠃  ᠬᠡᠳᠦ ᠤᠳᠠᠭᠠᠨ ᠤ ᠶᠡᠭᠡ ᠬᠡᠪᠴᠢᠶᠡᠨ ᠤ ᠦᠷᠭᠡᠳᠭᠡᠨ ᠪᠠᠶᠢᠭᠤᠯᠬᠤ ᠪᠠᠷ ᠲᠠᠮᠵᠢᠨ᠂ ᠪᠠᠳᠠᠷᠠᠭᠤᠯᠳᠤ ᠲᠥᠷᠦ ᠶᠢᠨ ᠬᠤᠷᠢᠨ ᠲᠠᠪᠤᠳᠤᠭᠠᠷ ᠣᠨ ᠪᠣᠯᠬᠤ ᠳᠤ ᠬᠠᠶ᠋ᠢᠩᠬᠢᠷᠸ᠎ᠠ ᠰᠦᠮ᠎ᠡ ᠶᠢᠨ ᠱᠠᠰᠢᠨ ᠤ ᠦᠢᠯᠡᠰ ᠨᠢ ᠪᠠᠳᠠᠷᠠᠨ ᠬᠦᠭᠵᠢᠭᠡᠳ᠂ ᠮᠠᠯ ᠬᠦᠷᠦᠩᠭᠡ ᠨᠢ ᠵᠤᠵᠠᠭᠠᠷᠠᠨ᠂ ᠯᠠᠮᠠᠳᠠᠨ ᠱᠠᠪᠢ ᠨᠠᠷ ᠨᠢ ᠬᠤᠶᠠᠷ ᠮᠢᠩᠭ᠎ᠠ ᠳᠤ ᠬᠦᠷᠴᠦ᠂ ᠡᠷᠳᠡᠮᠳᠡᠨ ᠴᠣᠣᠳᠠᠨ ᠦᠯᠡᠮᠵᠢ ᠤᠯᠠᠨ ᠴᠣᠯᠭᠤᠷᠠᠨ ᠭᠠᠷᠴᠠᠢ᠃ ᠴᠢᠩ ᠤᠯᠤᠰ ᠤᠨ ᠰᠡᠭᠦᠯᠴᠢ ᠪᠠ ᠢᠷᠭᠡᠨ ᠤᠯᠤᠰ ᠤᠨ ᠡᠬᠢᠨ ᠢᠶᠠᠷ ᠬᠤᠯᠠᠭᠠᠢ ᠲᠡᠭᠡᠷᠡᠮ ᠤᠨ ᠲᠠᠯᠬᠢᠳᠠᠯ᠂ ᠠᠲᠠᠷ ᠬᠠᠭᠠᠯᠪᠦᠷᠢᠯᠠᠯᠳᠠ ᠶᠢᠨ ᠬᠦᠨᠦᠭᠡᠯ ᠢᠶᠠᠷ ᠢᠷᠭᠡᠨ ᠤᠯᠤᠰ ᠤᠨ ᠬᠤᠷᠢᠨ ᠲᠠᠪᠤᠳᠤᠭᠠᠷ ᠣᠨ ᠳᠤ ᠬᠠᠶ᠋ᠢᠩᠬᠢᠷᠸ᠎ᠠ ᠰᠦᠮ᠎ᠡ ᠶᠢ ᠠᠷᠭ᠎ᠠ ᠪᠣᠰᠤ ᠣᠳᠤ ᠶᠢᠨ ᠪᠠᠶᠢᠭ᠎ᠠ ᠭᠠᠵᠠᠷ ᠯᠤᠤᠳᠤ ᠳᠤ ᠰᠢᠯᠵᠢᠭᠦᠯᠦᠨ ᠪᠠᠶᠢᠭᠤᠯᠵᠠᠢ᠃ 1966 ᠣᠨ ᠳᠤ ︽ᠰᠤᠶᠤᠯ ᠤᠨ ᠶᠡᠭᠡ ᠬᠤᠪᠢᠰᠬᠠᠯ︾ ᠤᠨ ᠳᠤᠮᠳᠠ ᠬᠠᠶ᠋ᠢᠩᠬᠢᠷᠸ᠎ᠠ ᠰᠦᠮ᠎ᠡ ᠡᠪᠳᠡᠯᠡᠭᠳᠡᠨ ᠰᠦᠢᠳᠴᠦ᠂ ᠪᠤᠷᠬᠠᠨ ᠨᠣᠮ᠂ ᠡᠳ᠋ ᠡᠷᠳᠡᠨᠢᠰ ᠪᠣᠯᠤᠨ ᠰᠤᠶᠤᠯ ᠲᠡᠦᠬᠡ ᠶᠢᠨ ᠪᠢᠴᠢᠭ ᠨᠢ ᠪᠤᠰᠠᠨᠢᠨ ᠪᠤᠳᠠᠷᠠᠵᠠᠢ᠃ 1988 ᠣᠨ ᠳᠤ ᠬᠠᠶ᠋ᠢᠩᠬᠢᠷᠸ᠎ᠠ ᠰᠦᠮ᠎ᠡ ᠶᠢᠨ ᠪᠠᠭᠤᠷᠢ ᠳᠡᠭᠡᠷ᠎ᠡ ᠨᠢᠭᠡ ᠪᠠᠭ᠎ᠠ ᠲᠤᠭᠠᠩ ᠢ ᠪᠠᠶᠢᠭᠤᠯᠤᠭᠰᠠᠨ ᠢᠶᠠᠷ ᠯᠠᠮ᠎ᠠ ᠬᠤᠸᠠᠷᠠᠭ ᠨᠢ ᠠᠯᠭᠤᠷ ᠴᠤᠭᠯᠠᠷᠠᠨ᠂ ᠬᠤᠷᠠᠯ ᠨᠣᠮ ᠢᠶᠠᠨ ᠰᠡᠷᠭᠦᠭᠡᠵᠤ ᠡᠬᠢᠯᠡᠪᠡ  ᠃ 2004 -2008 ᠣᠨ ᠤ ᠬᠤᠭᠤᠷᠤᠨᠳᠤ ᠴᠤᠭᠤᠴᠢᠨ ᠳᠤᠭᠠᠩ᠂ ᠮᠠᠶᠢᠳᠠᠷᠢ ᠶᠢᠨ ᠳᠤᠭᠠᠩ᠂ ᠲᠤᠭᠰᠢᠳ ᠤᠨ ᠳᠤᠭᠠᠩ᠂ ᠬᠤᠩᠬᠤᠳᠤ ᠠᠰᠠᠷ᠂ ᠬᠡᠩᠬᠡᠷᠡᠭᠡᠳᠦ ᠠᠰᠠᠷ᠂ ᠰᠦᠮ᠎ᠡ ᠶᠢᠨ ᠬᠦᠷᠢᠶ᠎ᠡ᠂ ᠯᠠᠮᠠ ᠨᠠᠷ ᠤᠨ ᠪᠠᠶᠢᠷᠢ ᠵᠡᠷᠭᠡ ᠪᠠᠷᠢᠯᠭ᠎ᠠ ᠶᠢ ᠤᠷᠢᠳ ᠬᠤᠵᠢᠳ ᠰᠢᠨᠡᠴᠢᠯᠡᠨ ᠪᠠᠶᠢᠭᠤᠯᠵᠤ᠂ ᠡᠨᠡ ᠬᠦ 340 ᠭᠠᠷᠤᠢ ᠵᠢᠯ ᠤᠨ ᠲᠡᠦᠬᠡ ᠲᠠᠢ ᠴᠠᠬᠠᠷ ᠨᠤᠲᠤᠭ ᠤᠨ ᠠᠯᠳᠠᠷᠳᠤ ᠬᠡᠶᠢᠳ ᠨᠢ ᠲᠠᠬᠢᠨ ᠰᠢᠨ᠎ᠡ ᠠᠮᠢᠯᠠᠯ ᠢᠶᠠᠨ ᠣᠯᠵᠠᠢ᠃       ᠬᠠᠶ᠋ᠢᠩᠬᠢᠷᠸ᠎ᠠ ᠰᠦᠮ᠎ᠡ 2006 ᠣᠨ ᠳᠤ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠦᠬᠡ ᠶᠢᠨ ᠲᠤᠷᠠᠰᠬᠠᠯᠳᠤ ᠵᠦᠢᠯᠡᠰ ᠤᠨ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠢ ᠪᠠᠷ ᠦᠨᠡᠯᠡᠭᠳᠡᠵᠦ᠂ 2008 ᠣᠨ ᠳᠤ ᠲᠤᠮᠳᠠᠳᠤ ᠤᠯᠤᠰ ᠤᠨ ᠠᠷᠠᠳ ᠤᠨ ᠤᠷᠠᠯᠢᠭ ᠤᠨ ᠨᠡᠶᠢᠭᠡᠮᠯᠢᠭ ᠤᠨ ︽ᠲᠤᠮᠳᠠᠳᠤ ᠤᠯᠤᠰ ᠤᠨ ᠮᠣᠩᠭᠤᠯ ᠳ᠋ᠠᠨᠵᠤᠤᠷ ᠢ ᠥᠪᠯᠡᠭᠰᠡᠨ ᠠᠩᠬᠠᠨ ᠤ ᠰᠦᠮ᠎ᠡ︾ ᠭᠡᠰᠡᠨ ᠢᠯᠡᠷᠬᠡᠶᠢᠯᠡᠯ ᠢ ᠬᠦᠷᠳᠡᠵᠡᠢ᠃
         
        ᠢᠷᠡᠯᠲᠡ᠄ ᠬᠦᠪᠡᠭᠡᠳᠦ ᠰᠢᠷ᠎ᠠ ᠬᠣᠰᠢᠭᠤᠨ ᠤ ᠭᠠᠵᠠᠷ ᠤᠨ ᠨᠠᠷ᠎ᠡ︵ᠲᠤᠤᠷᠠᠳᠤ︶ ᠡᠴᠡ ᠪᠠᠭᠤᠯᠭᠠᠪᠠ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号