锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠠᠬᠠᠮᠠᠳ ᠤᠷᠠᠯᠢᠭᠴᠢᠨ— ᠨᠣᠷᠵᠢᠮ᠎ᠠ
        ᠨᠡᠶᠢᠲᠡᠯᠡᠭᠰᠡᠨ ᠴᠠᠭ᠄
        2019/12/11
              ᠨᠣᠷᠵᠢᠮ᠎ᠠ ᠬᠦᠪᠡᠭᠡᠲᠦ ᠰᠢᠷ᠎ᠠ ᠬᠤᠰᠢᠭᠤᠨ ᠤ ᠤᠤᠯ ᠤᠨ ᠨᠠᠷᠠᠨ᠋ᠠ᠋ᠭᠤᠯᠠ ᠰᠣᠮᠣᠨ ᠤ ᠭᠤᠷᠪᠠᠨ ᠬᠤᠳᠳᠤᠭ ᠪᠠᠭ ᠤᠨ ᠮᠠᠯᠴᠢᠨ ᠰᠧᠭᠮᠢᠳ ᠤᠨ ᠤᠤᠭᠠᠨ ᠦᠬᠢᠨ ᠪᠤᠯᠤᠨ ᠵᠠᠶᠠᠭᠠᠵᠠᠢ᠃1955 ᠣᠨ ᠠᠴᠠ ᠪᠠᠶᠠᠨᠲᠠᠯ᠎ᠠ ᠪᠠᠭ᠎ᠠ ᠰᠤᠷᠭᠠᠭᠤᠯᠢ ᠳᠤ ᠰᠤᠷᠤᠯᠴᠠᠵᠣ᠂1960 ᠣᠨ ᠳᠤ ᠬᠤᠰᠢᠭᠤ ᠤᠯᠠᠭᠠᠨᠮᠦ᠋ᠴᠢᠷ ᠲᠤ ᠡᠯᠰᠡᠭᠳᠡᠪᠡ᠃1963 ᠣᠨ ᠠᠴᠠ ᠪᠠᠶᠠᠨᠳᠠᠯ᠎ᠠ ᠪᠠᠭ᠎ᠠ ᠰᠤᠷᠭᠠᠭᠤᠯᠢ ᠳᠤ ᠪᠠᠭᠰᠢᠯᠠᠵᠤ᠂1971 ᠣᠨ ᠠᠴᠠ ᠨᠠᠷᠠᠨ᠋ᠠ᠋ᠭᠤᠯᠠ ᠶᠢᠨ ᠭᠤᠷᠪᠠᠨ ᠬᠤᠳᠳᠤᠭ ᠪᠠᠭ᠎ᠠ ᠰᠤᠷᠭᠠᠭᠤᠯᠢ ᠳᠤ ᠪᠠᠭᠰᠢᠯᠠᠵᠤ᠂1973 ᠣᠨ ᠠᠴᠠ ᠪᠠᠶᠠᠨᠲᠠᠯ᠎ᠠ ᠶᠢᠨ ᠪᠠᠭ᠎ᠠ ᠲᠠᠪᠤᠰᠤ ᠪᠠᠷᠢᠭᠠᠳᠠ ᠶᠢᠨ ᠪᠠᠭ᠎ᠠ ᠰᠤᠷᠭᠠᠭᠤᠯᠢ ᠳᠤ ᠪᠠᠭᠰᠢᠠᠯᠵᠤ᠂1975 ᠣᠨ ᠳᠤ ᠪᠠᠶᠠᠨᠳᠠᠯ᠎ᠠ ᠪᠠᠭ᠎ᠠ ᠰᠤᠷᠭᠠᠭᠤᠯᠢ ᠳᠤ ᠰᠢᠯᠵᠢᠨ ᠪᠠᠭᠰᠢᠯᠠᠪᠠ᠃1993 ᠣᠨ ᠤ4 ᠰᠠᠷ᠎ᠠ ᠳᠤ ᠨᠠᠰᠤᠨ ᠤ ᠠᠮᠠᠷᠠᠯᠲᠠ ᠪᠠᠨ ᠠᠪᠴᠠᠢ᠃ ᠪᠠᠶᠠᠨᠲᠠᠯ᠎ᠠ ᠰᠤᠮᠤᠨ ᠤ ᠡᠯ᠎ᠡ ᠭᠠᠴᠠᠭᠠᠨ ᠤ ᠤᠳᠬ᠎ᠠ ᠤᠷᠠᠯᠢᠭ ᠲᠤ ᠠᠪᠢᠶᠠᠰ ᠲᠠᠢ ᠵᠠᠯᠠᠭᠤᠴᠤᠳ ᠪᠠᠭᠠᠴᠤᠳ ᠢ ᠵᠤᠬᠢᠶᠠᠨ ᠪᠠᠶᠢᠭᠤᠯᠵᠤ᠂ ᠠᠵᠢᠯ ᠤᠨ ᠴᠢᠯᠦᠭᠡᠨ ᠤ ᠤᠷᠠᠯᠢᠭ ᠤᠨ ᠲᠤᠭᠯᠠᠯᠳᠠ ᠨᠤᠭᠤᠳ ᠢ ᠡᠷᠬᠢᠯᠡᠵᠤ᠂ ᠨᠠᠶᠢᠷ ᠨᠠᠭᠠᠳᠤᠮ᠂ ᠪᠠᠶᠠᠷ ᠳᠤᠷᠠᠰᠬᠠᠯ ᠤᠨ ᠡᠳᠦᠷ ᠲᠤ ᠲᠤᠭᠯᠠᠯᠳᠠ ᠭᠠᠷᠭᠠᠵᠤ᠂ ᠮᠠᠯᠴᠢᠳ ᠤᠨ ᠬᠠᠯᠠᠭᠤᠨ ᠬᠦᠷᠢᠶᠡᠯᠡᠯ ᠢ ᠣᠯᠵᠤ ᠪᠠᠶᠢᠭᠰᠠᠨ ᠪᠠ ᠠᠶᠢᠮᠠᠭ ᠬᠤᠰᠢᠭᠤᠨ ᠳᠤ ᠶᠠᠪᠤᠭᠳᠠᠭᠰᠠᠨ ᠤᠷᠤᠯᠳᠤᠭᠠᠨ ᠲᠡᠮᠡᠴᠡᠭᠡᠨ ᠳᠤ ᠤᠷᠤᠯᠴᠠᠵᠤ ᠱᠠᠩᠨᠠᠯ ᠰᠠᠶᠢᠰᠢᠶᠡᠯ ᠢ ᠬᠦᠷᠳᠡᠵᠤ ᠪᠠᠶᠢᠪᠠ᠃ ᠨᠣᠷᠵᠢᠮ᠎ᠠ ᠨᠦᠭᠦᠷ ᠰᠤᠮᠤ ᠱᠠᠳᠤᠨ ᠤ ᠲᠡᠷᠢᠬᠦᠨ ᠤ ᠪᠠᠭᠰᠢ᠂ ᠬᠤᠰᠢᠭᠤ ᠱᠠᠳᠤᠨ ᠤ ᠲᠡᠷᠢᠬᠦᠨ ᠤ ᠪᠠᠭᠰᠢ ᠪᠠᠷ ᠤᠯᠠᠨ ᠤᠳᠠᠭ᠎ᠠ ᠬᠦᠬᠢᠭᠦᠯᠦᠭᠳᠡᠵᠦ᠂1985 ᠣᠨ ᠤ9 ᠰᠠᠷ᠎ᠠ ᠳᠤ ᠠᠶᠢᠮᠠᠭ ᠤᠨ ᠲᠡᠰ ᠤᠨ ︽ᠢᠷᠠᠭᠤ ᠠᠯᠳᠠᠷᠳᠤ ᠪᠠᠭᠰᠢ︾ ᠪᠠᠷ ᠴᠤᠯᠠᠯᠠᠭᠳᠠᠵᠤ᠂1988 ᠣᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ︽ᠪᠠᠭ᠎ᠠ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠭᠰᠢ︾ ᠶᠢᠨ ᠢᠷᠠᠭᠤ ᠠᠯᠳᠠᠷ ᠤᠨ ᠦᠨᠡᠮᠯᠡᠯ ᠢ ᠣᠯᠭᠤᠭᠰᠠᠨ ᠪᠠᠶᠢᠨ᠎ᠠ᠃ ᠤᠯᠠᠭᠠᠨᠮᠦ᠋ᠴᠢᠷ ᠤᠨ ᠠᠬᠠᠮᠠᠳ ᠲᠣᠭᠯᠠᠭᠴᠢ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠲᠡᠰ ᠤᠨ ᠪᠠᠭᠰᠢ ᠨᠣᠷᠵᠢᠮ᠎ᠠ ᠨᠦᠬᠦᠷ ︽ᠠᠯᠳᠠᠨ ᠲᠦᠯᠬᠢᠭᠦᠷ︾᠂ ︽ᠮᠤᠭᠠᠢ ᠬᠡᠭᠡᠷ︾᠂ ︽ᠦᠯᠡᠮᠵᠢ ᠶᠢᠨ ᠴᠢᠨᠠᠷ︾ ᠵᠡᠷᠭᠡ ᠲᠠᠭᠤᠤ ᠨᠤᠭᠤᠳ ᠢ ᠭᠤᠶᠣ  ᠰᠠᠶᠢᠬᠠᠨ  ᠲᠠᠭᠤᠯᠠᠵᠤ᠂ ᠠᠷᠠᠳ ᠲᠦᠮᠡᠨ ᠤ ᠮᠠᠭᠳᠠᠭᠠᠯ ᠪᠤᠶᠤ ᠤᠷᠤᠨ᠂ ᠠᠶᠢᠮᠠᠭ᠂ ᠬᠤᠰᠢᠭᠤᠨ ᠤ ᠱᠠᠩᠨᠠᠯ ᠬᠦᠬᠢᠭᠦᠯᠦᠯ ᠢᠶᠠᠷ ᠤᠯᠠᠨ ᠤᠳᠠᠭ᠎ᠠ ᠡᠩᠭᠡᠷ ᠢᠶᠠᠨ ᠮᠢᠯᠢᠶᠠᠯᠭᠠᠵᠤ ᠪᠠᠶᠢᠭᠰᠠᠨ ᠶᠤᠮ᠃
         
        ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ ᠦᠨ ᠸᠢᠴᠧᠲ ᠲᠠᠪᠴᠠᠩ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号