锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠠᠶ᠋ᠢᠩᠬᠢᠷᠸ᠎ᠠ ᠰᠦᠮ᠎ᠡ ᠶᠢᠨ ᠲᠤᠬᠠᠢ
        ᠨᠡᠶᠢᠲᠡᠯᠡᠭᠰᠡᠨ ᠴᠠᠭ᠄
        2020/3/26
             ᠬᠠᠶ᠋ᠢᠩᠬᠢᠷᠸ᠎ᠠ ᠰᠦᠮ᠎ᠡ ᠪᠣᠯ ᠤᠤᠯ ᠤᠨ ᠴᠠᠬᠠᠷ ᠴᠢᠭᠤᠯᠭᠠᠨ ᠤ ᠱᠠᠩᠳᠤ ᠲᠠᠪᠤᠰᠤᠨ ᠨᠠᠭᠤᠷ ᠤᠨ ᠠᠳᠤᠭᠤ ᠲᠡᠮᠡᠭᠡᠨ ᠰᠦᠷᠦᠭ ᠬᠤᠰᠢᠭᠤᠨ ᠤ ᠭᠤᠣᠯ ᠰᠢᠳᠦᠭᠡᠨ ᠬᠤᠰᠢᠭᠤᠨ ᠰᠦᠮ᠎ᠡ ᠪᠤᠯᠤᠨ᠎ᠠ᠃ ᠡᠨᠡ ᠰᠦᠮ᠎ᠡ ᠠᠩᠬ᠎ᠠ ᠪᠠᠶᠢᠭᠤᠯᠤᠭᠳᠠᠭᠰᠠᠨ ᠤ ᠲᠠᠷᠠᠭ᠎ᠠ ᠴᠢᠩ ᠤᠯᠤᠰ ᠤᠨ ᠡᠩᠬᠡ ᠠᠮᠤᠭᠤᠯᠠᠩ ᠤᠨ ᠲᠦᠴᠢᠨ ᠨᠠᠢᠮᠠᠳᠤᠭᠠᠷ ᠣᠨ ︵ᠨᠡᠶᠢᠲᠡ ᠶᠢᠨ ᠣᠨ ᠲᠤᠭᠠᠯᠠᠯ ᠤᠨ1709 ᠣᠨ︶  ᠳᠤ ᠡᠵᠡᠨ ᠬᠠᠭᠠᠨ ᠠᠴᠠ ︽ᠶᠡᠭᠡ ᠲᠤᠰᠠᠳᠠᠢ ᠬᠡᠶᠢᠳ︾ ᠬᠡᠮᠡᠭᠰᠡᠨ ᠨᠡᠷ᠎ᠡ ᠬᠠᠶᠢᠷᠠᠯᠠᠵᠤ ᠮᠠᠨᠵᠤ ᠮᠣᠩᠭᠤᠯ ᠬᠢᠲᠠᠳ ᠲᠥᠪᠡᠳ ᠲᠦᠷᠪᠡᠨ ᠬᠡᠯᠡ ᠪᠠᠷ ᠪᠢᠴᠢᠭᠳᠡᠭᠰᠡᠨ ᠢᠯᠡᠷᠬᠡᠶᠢᠯᠡᠯ ᠣᠯᠭᠤᠵᠤ᠂ 256 ᠯᠠᠩ ᠮᠦᠩᠬᠦ ᠪᠠᠷ ᠪᠦᠳᠦᠭᠡᠭᠰᠡᠨ ᠬᠠᠶ᠋ᠢᠩᠬᠢᠷᠸ᠎ᠠ ᠪᠤᠷᠬᠠᠨ ᠤ ᠴᠢᠳᠬᠤᠮᠠᠯ ᠬᠦᠷᠦᠭ ᠱᠠᠩᠨᠠᠭᠰᠠᠨ ᠪᠠᠶᠢᠵᠠᠢ᠃ ᠢᠩᠬᠢᠭᠰᠡᠨ ᠢᠶᠠᠷ ᠲᠤᠰ ᠰᠦᠮ᠎ᠡ᠂ ᠬᠠᠶ᠋ᠢᠩᠬᠢᠷᠸ᠎ᠠ ᠪᠤᠷᠬᠠᠨ ᠢᠶᠠᠷ ᠭᠤᠣᠯ ᠰᠢᠳᠦᠭᠡᠨ ᠢᠶᠠᠨ ᠪᠤᠯᠭᠠᠵᠤ᠂ ᠡᠨᠡ ᠭᠤᠣᠯ ᠰᠢᠳᠦᠭᠡᠨ ᠤ ᠨᠡᠷ᠎ᠡ ᠪᠠᠷ ︽ᠬᠠᠶ᠋ᠢᠩᠬᠢᠷᠸ᠎ᠠ ᠰᠦᠮ᠎ᠡ︾ ᠭᠡᠵᠣ ᠨᠡᠷᠡᠶᠢᠳᠪᠡ᠃ ᠬᠠᠶ᠋ᠢᠩᠬᠢᠷᠸ᠎ᠠ ᠰᠦᠮ᠎ᠡ ᠪᠣᠯ ᠭᠤᠷᠪᠠᠨ ᠵᠠᠭᠤ ᠭᠠᠷᠤᠢ ᠵᠢᠯ ᠤᠨ ᠲᠡᠦᠬᠡ ᠲᠠᠢ᠂ ᠠᠯᠢ ᠡᠷᠲᠡᠨ ᠠᠴᠠ ᠠᠪᠤᠭᠠᠳ ᠮᠤᠩᠭᠤᠯ ᠲᠥᠪᠡᠳ ᠣᠷᠤᠨ ᠳᠤ ᠨᠡᠷ᠎ᠡ ᠠᠯᠳᠠᠷᠰᠢᠵᠤ᠂ ᠠᠷᠠᠳ ᠲᠦᠮᠡᠨ ᠤ ᠰᠦᠰᠦᠭ ᠪᠢᠰᠢᠷᠡᠯ ᠢ ᠤᠯᠤᠭᠰᠠᠨ ᠨᠡᠷᠡᠲᠦ ᠰᠦᠮ᠎ᠡ ᠶᠤᠮ᠃ ᠠᠷᠪᠠᠨ ᠲᠤᠯᠤᠳᠤᠭᠠᠷ ᠵᠠᠭᠤᠨ ᠤ ᠵᠢᠷᠠᠭᠠᠳ ᠣᠨ ᠤ ᠰᠡᠬᠦᠯᠴᠢ ᠳᠤ ᠪᠡᠶ᠎ᠡ ᠪᠡᠶ᠎ᠡ ᠪᠠᠨ ᠲᠦᠰᠢᠯᠴᠡᠨ ᠬᠠᠨᠠᠷᠠᠭᠰᠠᠨ ᠪᠠᠶᠠᠨᠴᠠᠭᠠᠨ᠂ ᠪᠤᠶᠠᠨᠳᠡᠯᠭᠡᠷ᠂ ᠪᠢᠯᠢᠭᠲᠦ ᠬᠦᠬᠡ᠂ ᠵᠢᠷᠭᠠᠯᠠᠩᠳᠤ ᠲᠦᠷᠪᠡᠨ ᠠᠭᠤᠯᠠ ᠶᠢᠨ ᠪᠠᠷ᠎ᠠ ᠳᠤ ᠪᠠᠶᠠᠨ᠂ ᠪᠣᠶᠠᠨ᠂ ᠪᠢᠯᠢᠭ᠂ ᠵᠢᠷᠭᠠᠯ ᠲᠦᠷᠪᠡᠨ ᠨᠦᠭᠦᠴᠡᠯ ᠢ ᠪᠦᠷᠢᠯᠳᠦᠬᠦᠯᠦᠨ᠂ ᠠᠬᠠᠯᠠᠨ ᠰᠦᠨᠳᠡᠷᠯᠡᠭᠰᠡᠨ ᠪᠤᠶᠠᠨᠳᠡᠯᠭᠡᠷ ᠠᠭᠤᠯᠠ ᠶᠢᠨ ᠡᠩᠭᠡᠷ ᠲᠤ ᠲᠤᠯᠤᠭᠠᠨ ᠡᠷᠳᠡᠨᠢ ᠨᠠᠢᠮᠠᠨ ᠲᠠᠬᠢᠯ ᠤᠨ ᠤᠷᠤᠨ ᠰᠦᠮ᠎ᠡ ᠪᠠᠶᠢᠭᠤᠯᠵᠤ ᠰᠠᠬᠢᠭᠤᠰᠤ ᠲᠠᠬᠢᠬᠤ ᠳᠤ ᠵᠤᠬᠢᠴᠠᠭᠰᠠᠨ ᠭᠠᠵᠠᠷ ᠬᠡᠮᠡᠨ ︵ᠣᠳᠤ ᠶᠢᠨ ᠤᠯᠠᠭᠠᠨᠴᠠᠪ ᠬᠤᠲᠡ ᠶᠢᠨ ᠬᠤᠸᠠᠳᠧ ᠰᠢᠶᠠᠨ ᠤ ᠪᠠᠢ ᠲᠸᠦ ᠪᠦᠸᠧᠽᠢ ᠰᠢᠶᠠᠩ ᠳᠤ ᠪᠤᠢ︶ ᠠᠩᠬ᠎ᠠ ᠴᠤᠭᠴᠠᠯᠠᠭᠳᠠᠭᠠᠳ᠂ ᠬᠤᠶᠠᠷ ᠵᠠᠭᠤ ᠭᠤᠴᠢᠭᠠᠳ ᠣᠨ ᠰᠠᠭᠤᠷᠢᠰᠢᠵᠤ ᠲᠡᠦᠬᠡ ᠶᠢᠨ ᠤᠷᠤᠰᠬᠠᠯ ᠤᠨ ᠬᠠᠷ᠎ᠠ ᠳᠠᠪᠠᠯᠭᠠᠨ ᠳᠤ ᠵᠢᠪᠪᠦᠨ ᠬᠦᠪᠪᠦᠨ ᠦᠭᠰᠦᠨ ᠤᠷᠤᠭᠤᠳᠠᠭᠰᠠᠭᠠᠷ ᠡᠳᠦᠭᠡ ᠰᠢᠯᠢ ᠶᠢᠨ ᠭᠤᠣᠯ ᠠᠶᠢᠮᠠᠭ ᠤᠨ ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠠᠴᠠ ᠵᠡᠬᠦᠨ ᠬᠤᠶᠢᠰᠢ ᠠᠷᠪᠠᠨ ᠺᠢᠯᠤᠮᠧᠲᠷ ᠵᠠᠢ ᠲᠠᠢ ︽ᠯᠤᠤᠳᠤ︾ ᠬᠡᠮᠡᠬᠦ ᠰᠠᠶᠢᠬᠠᠨ ᠭᠠᠵᠠᠷ ᠤᠷᠤᠰᠢᠨ ᠲᠤᠭᠳᠠᠨᠢᠭᠰᠠᠨ ᠶᠤᠮ᠃      ᠬᠠᠶ᠋ᠢᠩᠬᠢᠷᠸ᠎ᠠ ᠰᠦᠮ᠎ᠡ ᠶᠢᠨ ᠪᠠᠶᠢᠭᠤᠯᠤᠭᠳᠠᠭᠰᠠᠨ ᠪᠠ ᠬᠦᠭᠵᠢᠨ ᠪᠠᠳᠠᠷᠠᠭᠰᠠᠨ ᠨᠢ ᠮᠠᠨ ᠤ ᠮᠣᠩᠭᠤᠯ ᠦᠨᠳᠦᠰᠦᠳᠡᠨ ᠤ ᠠᠷᠠᠳ ᠲᠦᠮᠡᠨ ᠤ ᠡᠷᠬᠢᠮ ᠲᠡᠭᠡᠳᠦ ᠤᠶᠤᠨ ᠤᠬᠠᠭᠠᠨ ᠪᠠ ᠯᠤᠲᠤ ᠶᠡᠭᠡ ᠡᠳ᠋ ᠪᠠᠶᠠᠯᠢᠭ ᠤᠨ ᠪᠦᠳᠦᠭᠡᠭᠳᠡᠬᠦᠨ ᠶᠤᠮ᠃ ᠮᠦᠨᠴᠦ ᠮᠠᠨ ᠤ ᠤᠷᠤᠨ ᠤ ᠱᠠᠰᠢᠨ ᠰᠤᠷᠳᠠᠬᠤᠨ᠂ ᠤᠯᠤᠰ ᠲᠥᠷᠦ᠂ ᠠᠵᠤ ᠠᠬᠤᠢ᠂ ᠰᠤᠶᠤᠯ ᠲᠡᠦᠬᠡ ᠶᠢᠨ ᠨᠢᠭᠡᠨ ᠲᠦᠪᠯᠡᠷᠡᠯ ᠴᠡᠭ ᠪᠤᠯᠠᠬᠤ ᠶᠤᠮ᠃ ︽ᠬᠠᠶ᠋ᠢᠩᠬᠢᠷᠸ᠎ᠠ︾ ᠭᠡᠳᠡᠭ ᠪᠣᠯ ᠪᠤᠷᠬᠠᠨ ᠤ ᠨᠡᠷ᠎ᠡ᠂ ᠪᠠᠰᠠ ︽ᠳᠠᠮᠷᠢᠨ︾ ᠪᠣᠶᠣ ︽ᠲᠠᠮᠷᠢᠨ ᠢᠳᠠᠮ︾ ᠭᠡᠳᠡᠭ᠃ ᠬᠢᠲᠠᠳ ᠢᠶᠠᠷ ︽马头明王︾ ᠭᠡᠳᠡᠭ᠃ ᠬᠠᠶ᠋ᠢᠩᠬᠢᠷᠸ᠎ᠠ ᠪᠣᠯ ᠠᠪᠢᠳᠠ ᠪᠤᠷᠬᠠᠨ ᠤ ᠪᠦᠷᠢᠯᠸ᠎ᠠ᠂ ᠠᠷᠢᠶᠠᠪᠠᠯᠤ ᠶᠢᠨ ᠬᠤᠪᠢᠯᠤᠯ᠂ ᠲᠤᠭᠰᠢᠨ ᠲᠠᠶᠢᠰᠤᠨ ᠢ ᠲᠠᠷᠤᠳᠠᠭ ᠬᠢᠯᠢᠩ ᠤᠨ ᠳᠦᠷᠢ ᠪᠠᠷ ᠢᠯᠡᠷᠡᠭᠰᠡᠨ ᠲᠡᠷᠨᠢ ᠶᠢᠨ ᠦᠨᠳᠦᠰᠦ ᠶᠢᠨ ᠲᠡᠭᠡᠳᠦ ᠳᠤᠭᠰᠢᠨ ᠢᠳᠠᠮ᠂ ᠤᠯᠠᠭᠠᠨ ᠦᠨᠳᠦᠰᠦᠨ ᠤ ᠴᠣᠶᠢᠵᠢᠩ ᠨᠠᠷ ᠤᠨ ᠭᠤᠣᠯ ᠰᠢᠳᠦᠭᠡᠨ ᠶᠤᠮ᠃ ᠠᠩᠬ᠎ᠠ ᠪᠠᠶᠢᠭᠤᠯᠤᠭᠳᠠᠭᠰᠠᠨ ᠠᠴᠠ ᠨᠠᠭᠠᠰᠢ ᠤᠯᠠᠮ ᠢᠶᠠᠷ ᠦᠭᠡᠳᠡᠯᠡᠨ ᠬᠦᠭᠵᠢᠵᠦ᠂ ᠦᠷᠭᠡᠳᠭᠡᠨ ᠪᠠᠶᠢᠭᠤᠯᠤᠭᠳᠠᠭᠰᠠᠭᠠᠷ18 ᠰᠠᠭᠤᠷᠢ ᠲᠤᠭᠠᠩ ᠲᠠᠢ᠂ ᠬᠡᠳᠦ ᠬᠡᠳᠦᠨ ᠬᠤᠣᠰ ᠰᠤᠪᠤᠷᠭ᠎ᠠ ᠲᠠᠢ᠂ ᠠᠷᠪᠠᠭᠠᠳ ᠶᠡᠭᠡ ᠰᠠᠩ ᠵᠢᠰᠠ ᠲᠠᠢ᠂ ᠭᠠᠵᠠᠷ ᠲᠠᠷᠢᠶ᠎ᠠ᠂ ᠮᠠᠯ ᠬᠦᠷᠦᠩᠭᠡ ᠲᠠᠢ᠂ ᠲᠠᠪᠤᠨ ᠶᠡᠭᠡ ᠷᠠᠰᠠᠩ ᠲᠠᠢ᠂ ᠪᠤᠷᠬᠠᠨ ᠰᠢᠳᠦᠭᠡᠨ ᠪᠦᠷᠢᠨ᠂ ᠬᠤᠷᠠᠯ ᠨᠣᠮ ᠠᠷᠪᠢᠨ᠂ ᠮᠥᠷᠭᠦᠯᠴᠢᠨ ᠰᠦᠰᠦᠭᠳᠡᠨ ᠤᠯᠠᠨ ᠲᠠᠢ ᠵᠠᠶ᠋ᠢᠭ ᠶᠤᠰᠤ ᠴᠢᠩᠭ᠎ᠠ ᠨᠡᠷᠡᠲᠦ ᠰᠦᠮ᠎ᠡ ᠪᠠᠶᠢᠭᠰᠠᠨ ᠶᠤᠮ᠃ ᠬᠠᠶ᠋ᠢᠩᠬᠢᠷᠸ᠎ᠠ ᠰᠦᠮ᠎ᠡ ᠨᠣᠮ ᠤᠨ ᠬᠡᠶᠢᠳ ᠂ ᠲᠠᠪᠤᠨ ᠷᠠᠰᠠᠩ ᠶᠢ ᠪᠠᠶᠢᠭᠤᠯᠵᠤ᠂ ᠰᠤᠳᠤᠷ ᠲᠠᠷᠨᠢ ᠶᠢᠨ ᠤᠬᠠᠭᠠᠨ ᠢ ᠰᠤᠷᠴᠤ ᠰᠤᠳᠤᠯᠬᠤ ᠲᠠᠪᠤᠨ ᠰᠠᠯᠪᠤᠷᠢ ᠲᠠᠢ ᠡᠷᠳᠡᠮ ᠨᠠᠪᠴᠢᠨ ᠤ ᠮᠢᠬ᠎ᠠ ᠤᠨ ᠶᠡᠭᠡ ᠰᠤᠷᠭᠠᠭᠤᠯᠢ ᠪᠤᠯᠠᠬᠤ ᠶᠤᠮ᠃ ᠠᠳᠡ ᠠᠴᠠ ᠮᠠᠰᠢ ᠤᠯᠠᠨ ᠡᠷᠳᠡᠮᠳᠡᠨ ᠮᠡᠷᠭᠡᠳ ᠢ ᠬᠦᠮᠦᠵᠢᠬᠦᠯᠦᠨ ᠭᠠᠷᠭᠠᠵᠤ᠂ ᠲᠥᠪᠡᠳ ᠪᠠ ᠪᠠᠷᠠᠭᠤᠨ ᠤᠷᠤᠨ ᠤ ᠰᠦᠮ᠎ᠡ ᠬᠡᠶᠢᠳ ᠲᠤ ︽ᠲᠤᠤᠷᠠᠳᠤ ᠤᠷᠤᠨ ᠤ ᠬᠠᠶ᠋ᠢᠩᠬᠢᠷᠸ᠎ᠠ︾ ᠬᠡᠵᠤ ᠨᠡᠷ᠎ᠡ ᠠᠯᠳᠠᠷᠰᠢᠭᠰᠠᠨ ᠲᠡᠦᠬᠡ ᠲᠠᠢ ᠪᠠᠶᠢᠳᠠᠭ᠃
         
        ᠢᠷᠡᠯᠲᠡ᠄ ︽ᠶᠡᠭᠡ ᠲᠤᠰᠠᠳᠠᠢ ᠬᠡᠶᠢᠳ - ᠬᠠᠶ᠋ᠢᠩᠬᠢᠷᠸ᠎ᠠ︾ ᠭᠡᠬᠦ ᠨᠣᠮ ᠠᠴᠠ ᠪᠠᠭᠤᠯᠭᠠᠪᠠ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号