锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠲᠤ ᠰᠢᠷ᠎ᠠ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠡᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠵᠡᠷᠯᠢᠭ᠋
        ᠨᠡᠶᠢᠲᠡᠯᠡᠭᠰᠡᠨ ᠴᠠᠭ᠄
        2020/3/4
         ᠬᠦᠪᠡᠭᠡᠲᠤ ᠰᠢᠷ᠎ᠠ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠡᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ ᠤᠨ ᠵᠡᠷᠯᠢᠭ᠋                               ︵ᠨᠢᠭᠡᠳᠦᠭᠡᠷ ᠲᠤᠭᠠᠳᠤ︶       ᠦᠢᠷ᠎ᠠ ᠶᠢᠨ ᠬᠤᠭᠤᠴᠠᠭᠠᠨ ᠳᠤ ᠰᠢᠯᠢ ᠶᠢᠨ ᠭᠤᠤᠯ ᠠᠶᠢᠮᠠᠭ ᠤᠨ ᠭᠠᠳᠠᠨᠠᠬᠢ ᠪᠤᠰᠤᠳ ᠭᠠᠵᠡᠷ ᠤᠷᠤᠨ  ᠠᠴᠠ ᠬᠦᠪᠡᠭᠡᠲᠤ ᠰᠢᠷ᠎ᠠ ᠬᠤᠰᠢᠭᠤᠨ ᠳᠤ ᠢᠷᠡᠭᠰᠡᠨ ᠬᠦᠮᠤᠰ ᠢ ᠬᠡᠷ ᠲᠤᠨᠢ ᠲᠤᠰᠠᠭᠠᠷᠯᠠᠬᠤ ᠬᠠᠮᠢᠶᠠᠷᠤᠯᠳᠠ ᠶᠢ ᠤᠯᠠᠮ ᠴᠢᠩᠭᠠᠳᠬᠠᠵᠤ᠂ ᠪᠦᠳᠤᠮᠵᠢᠳᠡᠢ ᠠᠷᠭ᠎ᠠ ᠬᠡᠮᠵᠢᠶ᠎ᠠ ᠲᠠᠷᠤᠶᠢᠬᠠᠨ ᠠᠪᠬᠤ ᠶᠢ ᠪᠠᠳᠤᠯᠠᠨ᠂ ᠠᠷᠡᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠠ ᠮᠠᠬᠠᠪᠤᠳ ᠤᠨ ᠡᠷᠡᠬᠦᠯ ᠮᠠᠡᠳᠤ ᠶᠢ ᠪᠠᠳᠤᠯᠠᠬᠤ ᠶᠢᠨ ᠲᠤᠰᠠᠳᠠ ᠲᠤᠤᠷᠡᠬᠢ ᠵᠠᠷᠯᠢᠭ ᠢ ᠨᠠᠶᠢᠳᠠᠯᠠᠶ᠎ᠠ᠄       ᠨᠢᠬᠡ᠂ ᠬᠡᠷ ᠲᠤᠨᠢ ᠲᠤᠰᠠᠭᠠᠷᠯᠠᠵᠤ ᠠᠵᠢᠭᠯᠠᠯᠳᠠ ᠬᠢᠬᠦ ᠡᠳᠡᠬᠡᠳ       ᠦᠢᠷ᠎ᠠ ᠶᠢᠨ ᠬᠤᠭᠤᠴᠠᠭᠠᠨ ᠳᠤ ᠰᠢᠯᠢ ᠶᠢᠨ ᠭᠤᠤᠯ ᠠᠶᠢᠮᠠᠭ ᠤᠨ ᠭᠠᠳᠠᠨᠠᠬᠢ ᠪᠤᠰᠤᠳ ᠭᠠᠵᠡᠷ ᠤᠷᠤᠨ  ᠠᠴᠠ ᠬᠦᠪᠡᠭᠡᠲᠤ ᠰᠢᠷ᠎ᠠ ᠬᠤᠰᠢᠭᠤᠨ ᠳᠤ ᠢᠷᠡᠭᠰᠡᠨ ᠬᠦᠮᠤᠰ︔ ᠦᠢᠷ᠎ᠠ ᠶᠢᠨ ᠬᠤᠶᠡᠷ ᠭᠠᠷᠠᠭ ᠲᠤ ᠰᠢᠨ᠎ᠠ ᠬᠡᠯᠪᠡᠷᠢ  ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠤᠨ ᠬᠢᠵᠢᠭ ᠡᠬᠦᠰᠦᠭᠰᠡᠨ ᠭᠠᠵᠡᠷ  ᠲᠤ ᠤᠴᠢᠭᠰᠡᠨ ᠬᠦᠮᠤᠰ︔ ᠤᠨᠤᠰᠢᠯᠠᠭᠰᠡᠨ ᠡᠪᠡᠳᠴᠢᠳᠠᠨ᠂ ᠰᠡᠵᠢᠭᠯᠡᠯᠳᠡᠢ ᠡᠪᠡᠳᠴᠢᠳᠠᠨ᠂ ᠲᠣᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠲᠠᠢ ᠦᠢᠷᠠᠳᠤᠭᠰᠡᠳ︔ ᠬᠡᠷ ᠪᠦᠯᠢ ᠶᠢᠨ ᠪᠦᠷᠢᠯᠳᠤᠬᠦᠨ ᠪᠤᠶᠤ ᠰᠠᠳᠤᠨ ᠲᠦᠷᠤᠯ ᠨᠢ ᠬᠢᠵᠢᠭᠳᠦ ᠤᠷᠤᠨ ᠠᠴᠠ ᠢᠷᠡᠭᠰᠡᠨ ᠬᠦᠮᠤᠰ᠃       ᠬᠤᠶᠡᠷ᠂ ᠲᠣᠰᠠᠭᠠᠷᠯᠠᠵᠣ ᠠᠵᠢᠭᠯᠠᠯᠳᠠ ᠬᠢᠬᠦ ᠠᠷᠭ᠎ᠠ       1.ᠰᠢᠯᠢ ᠶᠢᠨ ᠭᠤᠤᠯ ᠠᠶᠢᠮᠠᠭ ᠤᠨ ᠭᠠᠳᠠᠨᠠᠬᠢ ᠪᠤᠰᠤᠳ ᠭᠠᠵᠡᠷ ᠤᠷᠤᠨ ᠠᠴᠠ ᠢᠷᠡᠭᠰᠡᠳ ᠨᠢ ᠬᠦᠪᠡᠭᠡᠲᠤ ᠰᠢᠷ᠎ᠠ ᠬᠤᠰᠢᠭᠤᠨ ᠳᠤ ᠢᠷᠡᠭᠰᠡᠨ ᠴᠠᠭ ᠠᠴᠠ ᠪᠠᠨ ᠡᠬᠢᠯᠡᠨ ᠠᠵᠢᠯᠯᠠᠵᠤ ᠪᠠᠶᠢᠭ᠎ᠠ ᠪᠠᠶᠢᠭᠤᠯᠭ᠎ᠠ᠂ ᠬᠠᠷᠢᠶᠠᠯᠠᠭᠳᠠᠬᠤ ᠨᠠᠶᠢᠬᠡᠮ ᠲᠤᠭᠤᠷᠢᠭ ᠪᠤᠶᠤ ᠭᠠᠴᠠᠭᠠᠨ ᠳᠤ ᠪᠠᠨ ᠮᠡᠳᠡᠬᠦᠯᠵᠤ ᠲᠠᠩᠰᠠᠯᠠᠭᠤᠯᠬᠤ ᠶᠢᠨ ᠬᠠᠮᠳᠤ ᠤᠬᠠᠮᠰᠠᠷ ᠠᠴᠠ ᠬᠡᠷ  ᠲᠤ ᠪᠠᠨ ᠰᠠᠭᠤᠵᠤ 14 ᠡᠳᠤᠷ ᠲᠤᠰᠠᠭᠠᠷᠯᠠᠨ᠎ᠠ᠃ ᠠᠯᠪᠠ ᠪᠠᠷ ᠨᠢᠭᠤᠬᠤ ᠪᠠ ᠲᠤᠭᠳᠠᠭᠠᠯ ᠢ ᠵᠦᠷᠢᠴᠠᠨ ᠬᠠᠮᠵᠢᠯᠴᠠᠬᠤ ᠦᠬᠡᠢ ᠠᠴᠠ ᠪᠤᠯᠵᠤ ᠬᠢᠵᠢᠭ ᠲᠠᠷᠬᠠᠭᠠᠭᠰᠡᠨ ᠪᠠᠶᠢᠪᠠᠯ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ  ᠠᠴᠠ ᠬᠠᠤᠯᠢ ᠶᠤᠰᠤᠭᠠᠷ ᠬᠠᠷᠢᠭᠤᠴᠠᠯᠭ᠎ᠠ ᠨᠠᠬᠡᠮᠵᠢᠯᠠᠨ᠎ᠠ᠃       2.ᠲᠣᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠲᠤ ᠬᠠᠷᠢᠶ᠎ᠠ ᠤᠷᠤᠨ ᠨᠢ ᠬᠠᠮᠢᠶᠠᠷᠤᠯᠳᠠ ᠶᠠᠪᠤᠭᠤᠯᠵᠤ᠂ ᠪᠠᠶᠢᠭᠤᠯᠭ᠎ᠠ ᠳᠤ ᠠᠵᠢᠯᠯᠠᠵᠤ ᠪᠠᠶᠢᠪᠠᠯ ᠪᠠᠶᠢᠭᠤᠯᠭ᠎ᠠ ᠠᠴᠠ ᠨᠢ ᠲᠤᠰᠬᠠᠢ ᠬᠦᠮᠤᠨ ᠲᠤᠮᠢᠯᠠᠵᠤ ᠬᠢᠨᠡᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔ ᠬᠡᠷᠪᠡ ᠪᠠᠶᠢᠭᠤᠯᠭ᠎ᠠ ᠳᠤ ᠠᠵᠢᠯᠯᠠᠵᠤ ᠪᠠᠶᠢᠬᠤ ᠦᠬᠡᠢ ᠪᠤᠯ ᠨᠠᠶᠢᠬᠡᠮ ᠲᠤᠭᠤᠷᠢᠭ ᠪᠠ ᠭᠠᠴᠠᠭᠠᠨ ᠤ ︽ᠬᠤᠶᠡᠷ ᠵᠦᠪᠯᠡᠯ︾ ᠠᠴᠠ ᠬᠢᠨᠡᠨ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠤᠨ ᠪᠠᠶᠢᠭᠤᠯᠭ᠎ᠠ ᠪᠤᠶᠤ ᠬᠠᠷᠢᠶᠠᠯᠠᠭᠳᠠᠬᠤ ᠨᠠᠶᠢᠬᠡᠮ ᠲᠤᠭᠤᠷᠢᠭ ᠠᠴᠠ ᠲᠤᠰ ᠬᠦᠮᠤᠨ ᠳᠤ ᠮᠡᠳᠡᠭᠳᠡᠯ ᠤᠨ ᠪᠢᠴᠢᠭ ᠦᠭᠴᠤ ᠂ ᠸᠢᠴᠠᠲ᠂ ᠤᠬᠤᠷ ᠮᠡᠳᠡᠭᠡ ᠵᠡᠷᠬᠡ ᠪᠠᠷ ᠮᠡᠳᠡᠭᠳᠡᠨ᠂ ᠲᠤᠰᠠᠭᠠᠷᠯᠠᠭᠳᠠᠵᠤ ᠪᠠᠶᠢᠭ᠎ᠠ ᠡᠳᠡᠬᠡᠳ ᠨᠢ ᠮᠡᠳᠡᠭᠳᠡᠯ ᠤᠯᠤᠭᠰᠡᠨ ᠤ ᠲᠠᠷᠠᠭ᠎ᠠ ᠬᠠᠷᠢᠭᠤ ᠦᠭᠬᠦᠨ᠎ᠠ᠃ ᠨᠠᠶᠢᠬᠡᠮ ᠲᠤᠭᠤᠷᠢᠭ ᠠᠴᠠ ᠲᠤᠰᠠᠭᠠᠷᠯᠠᠭᠳᠠᠭᠰᠡᠨ ᠡᠳᠡᠬᠡᠳ ᠤᠨ ᠰᠠᠭᠤᠵᠤ ᠪᠠᠶᠢᠭ᠎ᠠ ᠰᠠᠭᠤᠭᠠᠯᠢ ᠲᠤᠭᠤᠷᠢᠭ ᠤᠨ ᠤᠷᠤᠴᠠ᠂ ᠠᠰᠠᠷ ᠤᠨ ᠲᠠᠪᠬᠤᠷᠯᠢᠭ᠂ ᠬᠡᠷ ᠤᠨ ᠨᠤᠮᠧᠷ ᠢ ᠲᠣᠰ ᠣᠷᠣᠴᠨ ᠶᠢᠨ ᠨᠢᠬᠡᠳᠣᠬᠡᠷ ᠲᠠᠪᠬᠤᠷ ᠲᠤ ᠵᠠᠷᠯᠠᠯ ᠨᠠᠶᠢᠳᠠᠯᠠᠵᠣ᠂ ᠭᠠᠴᠠᠭᠠᠨ ᠠᠴᠠ ᠲᠤᠰᠠᠭᠠᠷᠯᠠᠭᠳᠠᠭᠰᠡᠨ ᠬᠦᠮᠤᠰ ᠤᠨ ᠪᠠᠶᠢᠭ᠎ᠠ  ᠬᠤᠳᠠᠨ ᠳᠤ ᠵᠠᠷᠯᠠᠯ ᠨᠠᠶᠢᠳᠠᠯᠡᠬᠦ ᠬᠡᠷᠡᠭᠳᠠᠢ᠃ ᠬᠡᠪᠡᠴᠣ ᠲᠤᠰᠠᠭᠠᠷᠯᠠᠭᠳᠠᠭᠰᠡᠨ ᠬᠦᠮᠤᠰ ᠤᠨ ᠬᠤᠪᠢ ᠶᠢᠨ ᠨᠢᠭᠤᠴᠠ ᠶᠢ ᠵᠠᠳᠠᠷᠠᠭᠤᠯᠵᠤ ᠪᠤᠯᠬᠤ ᠦᠬᠡᠢ ︵ᠵᠢᠱᠢᠶᠡᠯᠡᠪᠠᠯ ᠨᠡᠷ᠎ᠡ᠂ ᠤᠳᠠᠰᠤᠨ ᠨᠤᠮᠧᠷ᠂ ᠪᠡᠶ᠎ᠡ ᠶᠢᠨ ᠦᠨᠡᠮᠯᠡᠯ ᠤᠨ ᠨᠤᠮᠧᠷ︶᠃       3.ᠬᠡᠷ ᠲᠤ ᠨᠢ ᠲᠣᠰᠠᠭᠠᠷᠯᠠᠵᠣ ᠪᠠᠶᠢᠬᠤ ᠬᠤᠭᠤᠴᠠᠭᠠᠨ ᠳᠤ ᠪᠤᠯᠬᠤ ᠶᠢᠨ ᠲᠤᠳᠤᠷ᠎ᠠ ᠲᠤᠰᠠᠭᠠᠷ ᠪᠠᠶᠢᠯᠭᠠᠵᠤ᠂ ᠬᠤᠪᠢ ᠬᠦᠮᠤᠨ ᠤ ᠡᠷᠡᠬᠦᠯ ᠬᠠᠮᠠᠭᠠᠯᠠᠯ ᠢ ᠰᠠᠶᠢᠳᠤᠷ ᠠᠩᠬᠠᠷᠴᠣ᠂ ᠬᠡᠷ ᠤᠨ ᠬᠦᠮᠤᠰ ᠲᠠᠢ ᠪᠠᠨ ᠨᠢᠭᠳᠠ ᠦᠢᠷᠠᠳᠤᠬᠤ ᠦᠬᠡᠢ ᠪᠠᠶᠢᠬᠤ ᠬᠡᠷᠡᠭᠳᠡᠢ᠃ ᠡᠳᠤᠷ ᠪᠤᠯᠭᠠᠨ ᠤ ᠦᠳᠠ ᠶᠢᠨ ᠡᠮᠤᠨ᠎ᠠ ᠶᠢᠨ 9 ᠴᠠᠭ᠂ ᠦᠳᠠ ᠶᠢᠨ ᠬᠤᠶᠢᠨ᠎ᠠ ᠶᠢᠨ 3 ᠴᠠᠭ ᠲᠤ ᠥᠪᠡᠷᠰᠡᠳ ᠢᠶᠠᠨ ᠪᠠᠶ᠎ᠠ ᠶᠢᠨ ᠬᠠᠯᠠᠭᠤᠨ ᠢᠶᠠᠨ ᠬᠡᠮᠵᠢᠬᠦ ᠶᠢᠨ ᠬᠠᠮᠳᠤ ᠤᠳᠠᠰᠤ ᠪᠠᠷ ᠪᠤᠶᠤ ᠤᠬᠤᠷ ᠮᠡᠳᠡᠭᠡ᠂ ᠸᠢᠴᠠᠲ ᠪᠠᠷ ᠮᠡᠳᠡᠭᠳᠠᠨ᠎ᠠ᠃ ᠡᠯ᠎ᠠ ᠪᠠᠶᠢᠭᠤᠯᠭ᠎ᠠ᠂ ᠭᠠᠴᠠᠭ᠎ᠠ ᠨᠠᠶᠢᠬᠡᠮ ᠲᠤᠭᠤᠷᠢᠭ ᠤᠨ ᠬᠢᠨᠡᠨ ᠬᠠᠮᠢᠶᠠᠷᠬᠤ ᠬᠠᠷᠢᠭᠤᠴᠠᠯᠭᠠᠳᠠᠨ ᠠᠴᠠ ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠲᠠᠢ ᠰᠠᠶᠢᠳᠤᠷ ᠬᠠᠷᠢᠴᠠᠵᠤ᠂ ᠡᠳᠤᠷ ᠪᠤᠯᠭᠠᠨ ᠦᠷᠯᠤᠬᠡ ᠤᠷᠤᠢ ᠪᠠᠶ᠎ᠠ ᠶᠢᠨ ᠬᠠᠯᠠᠭᠤᠨ ᠢᠶᠠᠨ ᠬᠡᠮᠵᠢᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠪᠠᠶ᠎ᠠ ᠶᠢᠨ ᠬᠠᠯᠠᠭᠤᠨ ᠪᠠ ᠡᠷᠡᠬᠦᠯ ᠮᠠᠡᠳᠤ ᠶᠢᠨ ᠪᠠᠶᠢᠳᠠᠯ ᠢ ᠲᠠᠩᠰᠠᠯᠠᠨ ᠲᠡᠮᠳᠡᠭᠯᠡᠨ᠎ᠠ᠃ ᠪᠠᠶ᠎ᠠ ᠶᠢᠨ ᠬᠠᠯᠠᠭᠤᠨ ᠨᠢ 37.3 ᠭᠷᠠᠳᠦ᠋ᠰ ᠠᠴᠠ ᠬᠡᠳᠤᠷᠡᠭᠰᠡᠨ ᠪᠤᠶᠤ ᠡᠰᠡᠬᠦᠯ᠎ᠠ ᠬᠠᠯᠠᠭᠤᠷᠠᠬᠤ᠂ ᠬᠠᠨᠢᠶᠠᠯᠭᠠᠬᠤ᠂ ᠬᠤᠭᠤᠯᠠᠢ ᠡᠪᠡᠳᠬᠦ᠂ ᠲᠠᠮᠢᠷᠳᠠᠬᠤ᠂ ᠴᠡᠬᠡᠵᠢ ᠪᠠᠴᠢᠮᠳᠠᠬᠤ ᠵᠡᠷᠬᠡ ᠰᠡᠵᠢᠭᠯᠡᠯᠳᠡᠢ ᠢᠯᠡᠷᠡᠯ ᠭᠠᠷᠪᠠᠯ᠂ ᠲᠤᠰᠠᠭᠠᠷᠯᠠᠭᠳᠠᠵᠤ ᠪᠠᠶᠢᠭ᠎ᠠ ᠬᠦᠮᠤᠨ ᠪᠤᠶᠤ ᠬᠢᠨᠡᠨ ᠬᠠᠮᠢᠶᠠᠷᠬᠤ ᠬᠠᠷᠢᠭᠤᠴᠠᠯᠭᠠᠳᠠᠨ ᠠᠴᠠ ᠲᠠᠷᠤᠶᠢᠬᠠᠨ ᠤᠳᠠᠰᠤ ᠪᠠᠷ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠡᠬᠦᠳᠠᠨ ᠡᠮᠨᠡᠯᠬᠡ ︵13947492596᠂ 0479 — 6222189︶ ᠳᠤ ᠮᠡᠳᠡᠬᠦᠯᠵᠤ᠂ ᠲᠠᠷᠤᠶᠢᠬᠠᠨ ᠠᠮᠠᠪᠴᠢ ᠵᠡᠬᠦᠵᠤ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠡᠬᠦᠳᠠᠨ ᠡᠮᠨᠡᠯᠬᠡ ᠳᠤ ᠤᠴᠢᠬᠤ ᠪᠤᠶᠤ ᠬᠤᠰᠢᠭᠤ ᠡᠮᠨᠡᠯᠬᠡ ᠶᠢᠨ ᠬᠤᠷᠢᠶᠠᠨ ᠤ 120 ᠲᠦᠷᠬᠡᠨ ᠠᠪᠤᠷᠠᠯᠳᠠ ᠶᠢᠨ ᠲᠠᠷᠬᠡ ᠪᠠᠷ ᠬᠠᠯᠠᠭᠤᠷᠠᠬᠤ ᠡᠬᠦᠳᠠᠨ ᠡᠮᠨᠡᠯᠬᠡ ᠳᠤ ᠤᠴᠢᠵᠤ ᠡᠮᠴᠢᠯᠡᠭᠦᠯᠦᠨ᠎ᠡ᠃ ᠬᠢᠨᠡᠨ ᠬᠠᠮᠢᠶᠠᠷᠬᠤ ᠬᠠᠷᠢᠭᠤᠴᠠᠯᠭᠠᠳᠠᠨ ᠪᠠ ᠬᠤᠰᠢᠭᠤ ᠡᠮᠨᠡᠯᠬᠡ ᠶᠢᠨ ᠬᠤᠷᠢᠶ᠎ᠠ ᠴᠠᠭ ᠲᠤᠬᠠᠢ ᠳᠤᠨᠢ ᠪᠠᠶᠢᠳᠠᠯ ᠢ ᠬᠤᠰᠢᠭᠤ ᠬᠢᠵᠢᠭ ᠢ ᠰᠡᠷᠬᠡᠶᠢᠯᠡᠨ ᠡᠵᠡᠮᠳᠠᠬᠦ ᠵᠢᠯᠤᠭᠤᠳᠬᠤ ᠬᠡᠯᠳᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵0479 — 6222994︶ ᠳᠤ ᠮᠡᠳᠡᠬᠦᠯᠤᠨ᠎ᠠ᠃       4.ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠢ ᠬᠠᠮᠵᠢᠨ ᠲᠠᠮᠵᠢᠵᠤ᠂ ᠠᠵᠢᠯᠯᠠᠵᠤ ᠪᠠᠶᠢᠭ᠎ᠠ ᠪᠠᠶᠢᠭᠤᠯᠭ᠎ᠠ᠂ ᠨᠠᠶᠢᠬᠡᠮ ᠲᠤᠭᠤᠷᠢᠭ ᠪᠤᠶᠤ ᠭᠠᠴᠠᠭᠠᠨ ᠤ ᠬᠢᠨᠡᠨ ᠬᠠᠮᠢᠶᠠᠷᠬᠤ ᠬᠠᠷᠢᠭᠤᠴᠠᠯᠭᠠᠳᠠᠨ ᠠᠴᠠ ᠠᠮᠢᠳᠤᠷᠡᠯ  ᠤᠨ ᠬᠡᠷᠡᠭᠴᠡᠬᠡᠨ ᠤ ᠵᠥᠢᠯᠡᠰ ᠢ ᠨᠢ ᠤᠷᠤᠯᠠᠨ ᠠᠪᠴᠤ ᠦᠭᠬᠦᠨ᠎ᠠ᠃       5.ᠲᠤᠰᠠᠭᠠᠷᠯᠠᠭᠳᠠᠨ ᠠᠵᠢᠭᠯᠠᠬᠤ ᠬᠤᠭᠤᠴᠠᠭ᠎ᠠ ᠨᠢ ᠲᠠᠭᠤᠰᠤᠭᠰᠡᠨ ᠤ ᠲᠠᠷᠠᠭ᠎ᠠ ᠬᠡᠪ ᠤᠨ ᠪᠤᠰᠤ ᠢᠯᠡᠷᠡᠯ ᠦᠬᠡᠢ ᠪᠤᠯ ᠠᠵᠢᠯᠯᠠᠵᠤ ᠪᠠᠶᠢᠭ᠎ᠠ ᠪᠠᠶᠢᠭᠤᠯᠭ᠎ᠠ᠂ ᠨᠠᠶᠢᠬᠡᠮ ᠲᠤᠭᠤᠷᠢᠭ ᠪᠤᠶᠤ ᠭᠠᠴᠠᠭᠠᠨ ᠤ ᠵᠦᠪᠯᠡᠯ ᠠᠴᠠ ᠦᠰᠦᠭ ᠪᠢᠴᠢᠭ ᠤᠨ ᠬᠡᠯᠪᠡᠷᠢ ᠪᠠᠷ ︽ᠬᠡᠷ ᠲᠤᠨᠢ ᠲᠤᠰᠠᠭᠠᠷᠯᠠᠨ ᠠᠵᠢᠭᠯᠠᠬᠤ ᠶᠢ ᠦᠬᠡᠶᠢᠰᠬᠡᠬᠦ ᠮᠡᠳᠡᠭᠳᠡᠯ ᠤᠨ ᠪᠢᠴᠢᠭ︾ ᠪᠠᠭᠤᠯᠭᠠᠵᠤ᠂ ᠲᠤᠰᠠᠭᠠᠷᠯᠠᠨ ᠠᠵᠢᠭᠯᠠᠯᠳᠠ ᠬᠢᠬᠦ ᠶᠢ ᠦᠬᠡᠶᠢᠰᠬᠡᠨ᠎ᠠ᠃ ᠭᠤᠤᠯᠳᠠᠯᠭ᠎ᠠ ᠲᠠᠢ ᠡᠲᠡᠭᠡᠳ ᠤᠨ ᠲᠤᠰᠭᠠᠷᠯᠠᠯ ᠠᠴᠠ ᠦᠭᠡᠶᠢᠰᠬᠡᠬᠦ ᠠᠵᠢᠯ ᠢ ᠳᠤᠲᠤᠭᠠᠳᠤ ᠶᠢ ᠬᠠᠮᠠᠭᠠᠯᠠᠬᠤ ᠳᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠴᠢᠬᠢᠷᠠᠭ ᠤᠨ ᠵᠥᠪᠯᠡᠯ ᠠᠴᠠ ᠬᠠᠷᠢᠶ᠎ᠠ ᠪᠠᠶᠢᠭᠤᠯᠭ᠎ᠠ ᠪᠤᠶᠤ ᠭᠠᠴᠠᠭ᠎ᠠ ᠨᠡᠶᠢᠭᠡᠮ ᠲᠤᠭᠤᠷᠢᠭ ᠲᠠᠢ ᠬᠠᠮᠲᠤᠷᠠᠨ ᠶᠠᠪᠤᠭᠳᠠᠭᠤᠯᠤᠨ᠎ᠠ᠃       6. ᠬᠡᠷ ᠲᠤᠨᠢ ᠲᠤᠰᠠᠭᠠᠷᠯᠠᠨ ᠠᠵᠢᠭᠯᠠᠯᠳᠠ ᠬᠢᠵᠤ ᠪᠠᠶᠢᠭ᠎ᠠ ᠬᠦᠮᠤᠰ ᠤᠨ ᠳᠤᠷ᠎ᠠ ᠪᠠᠷ ᠭᠠᠳᠠᠭᠰᠢ ᠭᠠᠷᠬᠤ  ᠶᠢ ᠡᠷᠡᠰ ᠴᠠᠭᠠᠵᠠᠯᠠᠵᠤ᠂ ᠬᠡᠷ ᠪᠦᠯᠢ ᠶᠢᠨ ᠪᠦᠷᠢᠯᠳᠤᠬᠦᠨ ᠨᠢ ᠴᠦ ᠰᠠᠳᠤᠨ ᠲᠦᠷᠤᠯ ᠢᠶᠠᠷ ᠢᠶᠠᠨ ᠠᠶᠢᠯᠴᠢᠯᠠᠵᠤ᠂ ᠡᠯ᠎ᠠ ᠲᠦᠷᠤᠯ ᠤᠨ ᠴᠤᠭᠯᠠᠭᠠᠨ ᠳᠤ ᠤᠷᠤᠯᠴᠠᠵᠤ ᠪᠤᠯᠬᠤ ᠦᠬᠡᠢ᠃ ᠢᠳᠬᠠᠯᠭ᠎ᠠ ᠶᠢ ᠰᠤᠨᠤᠰᠬᠤ ᠦᠬᠡᠢ ᠪᠤᠯ ᠠᠵᠢᠯᠯᠠᠵᠤ ᠪᠠᠶᠢᠭ᠎ᠠ ᠪᠠᠶᠢᠭᠤᠯᠭ᠎ᠠ᠂ ᠭᠠᠴᠠᠭ᠎ᠠ ᠨᠠᠶᠢᠬᠡᠮ ᠲᠤᠭᠤᠷᠢᠭ ᠠᠴᠠ ᠲᠤᠳᠤᠭᠠᠳᠤ ᠶᠢ ᠬᠠᠮᠠᠭᠠᠯᠠᠬᠤ ᠲᠤᠪᠴᠢᠶᠠᠨ  ᠳᠤ ᠮᠡᠳᠡᠬᠦᠯᠵᠤ᠂ ᠠᠷᠡᠳ ᠤᠨ ᠴᠠᠭᠳᠠᠭ᠎ᠠ ᠤᠴᠢᠵᠤ ᠰᠤᠷᠭᠠᠨ ᠬᠦᠮᠤᠵᠢᠬᠦᠯᠵᠤ ᠲᠤᠩᠭᠤᠳᠬᠤ ᠶᠢᠨ ᠬᠠᠮᠳᠤ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠰᠠᠷᠠᠮᠵᠢᠯᠡᠬᠦᠯᠬᠦ ᠪᠢᠴᠢᠭ ᠪᠠᠭᠤᠯᠭᠠᠨ᠂ ᠬᠠᠤᠯᠢ ᠶᠤᠰᠤᠭᠠᠷ ᠰᠠᠷᠠᠮᠵᠢᠬᠦᠯᠤᠨ᠎ᠠ᠃ ᠰᠠᠷᠠᠮᠵᠢᠯᠠᠬᠦᠯᠦᠭᠰᠡᠨ ᠤ ᠲᠠᠷᠠᠭ᠎ᠠ ᠮᠥᠨ ᠯᠠ ᠢᠳᠬᠠᠯᠭ᠎ᠠ ᠶᠢ ᠰᠤᠨᠤᠰᠬᠤ ᠦᠬᠡᠢ᠂ ᠬᠢᠵᠢᠭ ᠢ ᠰᠡᠷᠬᠡᠶᠢᠯᠡᠬᠦ ᠠᠵᠢᠯ ᠳᠤ ᠬᠠᠮᠵᠢᠯᠴᠠᠬᠤ ᠦᠬᠡᠢ ᠲᠤᠷᠡᠪᠡᠷ ᠭᠠᠳᠠᠭᠰᠢ ᠭᠠᠷᠤᠭᠰᠡᠨ ᠪᠠᠶᠢᠪᠠᠯ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠲᠤᠰ ᠬᠦᠮᠤᠨ ᠢ ᠵᠠᠰᠠᠭ ᠤᠨ ᠤᠷᠳᠤᠨ ᠤ ᠲᠤᠭᠳᠠᠭᠰᠡᠨ ᠲᠦᠪᠯᠡᠷᠡᠬᠦᠯᠤᠨ ᠲᠤᠰᠠᠭᠠᠷᠯᠠᠬᠤ ᠭᠠᠵᠡᠷ ︵ᠤᠤᠯ ᠤᠨ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ︶ ᠲᠤ ᠲᠤᠰᠠᠭᠠᠷᠯᠠᠬᠤ ᠬᠤᠭᠤᠴᠠᠭ᠎ᠠ ᠳᠠᠭᠤᠰᠲᠠᠯ᠎ᠠ ᠠᠯᠪᠠᠳᠠᠯᠭ᠎ᠠ ᠪᠠᠷ ᠲᠤᠰᠠᠭᠠᠷᠯᠠᠬᠤ ᠶᠢᠨ ᠬᠠᠮᠳᠤ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾᠂ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠡᠷᠡᠬᠦᠦ ᠶᠢᠨ ᠬᠠᠤᠯᠢ︾᠂ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ  ᠤᠨ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠢᠳᠬᠡᠯ ᠤᠨ ᠬᠠᠤᠯᠢ︾ ᠵᠡᠷᠬᠡ ᠬᠠᠮᠢᠶ᠎ᠠ ᠪᠦᠬᠦᠢ ᠬᠠᠤᠯᠢ ᠴᠠᠭᠠᠵᠠ  ᠶᠢᠨ ᠲᠤᠭᠳᠠᠭᠠᠯ ᠢ ᠦᠡᠳᠤᠰᠤᠯᠡᠨ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠠ᠃       ᠭᠤᠷᠪᠡ᠂ ᠲᠤᠰᠠᠭᠠᠷᠯᠠᠭᠳᠠᠨ ᠠᠵᠢᠭᠯᠠᠯᠳᠠ ᠬᠢᠬᠦ ᠳᠤ ᠠᠩᠬᠠᠷᠬᠤ ᠵᠥᠢᠯᠡᠰ       1. ᠬᠡᠷᠪᠡ ᠤᠯᠠᠨ ᠢᠵᠢ ᠤᠷᠤᠨ ᠰᠠᠭᠤᠴᠠ ᠲᠠᠢ ᠪᠤᠯ ᠪᠤᠯᠬᠤ ᠶᠢᠨ ᠲᠤᠳᠤᠷ᠎ᠠ ᠲᠤᠰᠠᠭᠠᠷ ᠨᠢ ᠰᠠᠭᠤᠯᠭᠠᠨ᠎ᠠ ︔ ᠵᠦᠪᠬᠡᠨ ᠨᠢᠬᠡᠯᠡ ᠢᠵᠢ ᠣᠷᠣᠨ ᠰᠠᠭᠤᠴᠠ ᠲᠠᠢ ᠪᠤᠯ ᠲᠣᠰᠠᠭᠠᠷᠯᠠᠭᠳᠠᠬᠤ ᠡᠳᠡᠬᠡᠳ ᠢ ᠲᠤᠰᠠᠭᠠᠷ ᠦᠷᠤᠬᠡᠨ ᠳᠤ ᠰᠠᠭᠤᠯᠭᠠᠨ᠎ᠠ᠃ ᠬᠡᠷᠪᠡ ᠨᠦᠬᠦᠴᠠᠯ ᠦᠬᠡᠢ ᠪᠤᠯ ᠬᠠᠮᠤᠭ ᠨᠠᠭᠠᠳᠤ ᠵᠠᠬ᠎ᠠ ᠳᠤ ᠪᠠᠨ 1 ᠮᠧᠲᠷ ᠤᠨ ᠵᠠᠶᠢᠳᠡᠢ ᠪᠠᠶᠢᠬᠤ  ᠶᠢ ᠪᠠᠷᠢᠮᠳᠠᠯᠠᠵᠤ᠂ ᠨᠢᠬᠡ ᠤᠷᠤᠨ ᠲᠡᠬᠡᠷ᠎ᠠ ᠬᠤᠨᠤᠬᠤ ᠦᠬᠡᠢ ᠪᠠᠶᠢᠬᠤ ᠬᠡᠷᠡᠭᠳᠡᠢ᠃ ᠬᠦᠳᠡᠯᠬᠡᠬᠡᠨ ᠬᠢᠭᠰᠡᠨ ᠭᠠᠵᠡᠷ  ᠲᠤᠨᠢ ᠬᠡᠷ ᠪᠦᠯᠢ ᠶᠢᠨ ᠪᠤᠰᠤᠳ ᠪᠦᠷᠢᠯᠳᠤᠬᠦᠨ ᠪᠤᠯᠬᠤ ᠶᠢᠨ ᠲᠤᠳᠤᠷ᠎ᠠ ᠤᠴᠢᠬᠤ ᠦᠬᠡᠢ ᠪᠠᠶᠢᠵᠤ᠂ ᠬᠠᠮᠳᠤ ᠰᠠᠭᠤᠵᠤ ᠪᠠᠶᠢᠭ᠎ᠠ ᠬᠦᠮᠤᠰ ᠲᠠᠢ ᠪᠠᠨ ᠪᠤᠯᠬᠤ ᠶᠢᠨ ᠲᠤᠳᠤᠷ᠎ᠠ ᠦᠢᠷᠠᠬᠠᠨ ᠪᠢᠳᠡᠬᠡᠢ ᠪᠠᠶᠢᠭᠠᠷᠠᠢ᠃       2.ᠬᠤᠰᠢᠭᠤᠨ ᠳᠤ ᠰᠠᠭᠤᠭ᠎ᠠ ᠡᠯ᠎ᠠ ᠠᠵᠤ ᠠᠬᠤᠶᠢᠯᠡᠯ ᠨᠢ ᠠᠵᠢᠯ ᠤᠨ ᠪᠠᠶᠢᠷᠢᠨ ᠳᠤ ᠪᠠᠨ ᠪᠤᠴᠠᠭᠰᠡᠨ ᠬᠦᠮᠤᠰ ᠢ ᠲᠤᠰᠠᠭᠠᠷᠯᠠᠬᠤ ᠲᠤᠰᠬᠠᠢ ᠪᠠᠶᠢᠷᠢ ᠭᠠᠷᠭᠠᠵᠤ᠂ ᠲᠤᠰᠠᠭᠠᠷᠯᠠᠨ ᠠᠵᠢᠭᠯᠠᠯᠳᠠ ᠬᠢᠵᠤ ᠪᠠᠶᠢᠭ᠎ᠠ ᠬᠦᠮᠤᠰ ᠢ ᠲᠤᠰᠬᠠᠢ ᠬᠦᠮᠤᠨ ᠬᠠᠷᠢᠭᠤᠴᠠᠨ ᠬᠢᠨᠡᠨ ᠬᠠᠮᠢᠶᠠᠷᠤᠨ᠎ᠠ᠃       3. ᠦᠷᠤᠬᠡᠨ ᠳᠤ ᠪᠠᠨ ᠬᠠᠯᠠᠭᠤᠨ ᠤ ᠬᠡᠮᠵᠢᠬᠦᠷ᠂ ᠠᠮᠠᠪᠴᠢ᠂ ᠠᠷᠢᠭᠤᠳᠬᠠᠬᠤ ᠪᠤᠳᠠᠰ᠂ ᠲᠠᠭᠯᠠᠭ᠎ᠠ ᠲᠠᠢ ᠬᠤᠭ ᠤᠨ ᠰᠠᠪᠠ ᠢ ᠪᠡᠯᠡᠳᠬᠡᠵᠤ ᠲᠠᠯᠪᠢᠬᠤ ᠶᠢᠨ ᠬᠠᠮᠳᠤ ᠪᠤᠬᠢᠷ ᠪᠤᠳᠠᠰ ᠢᠶᠠᠨ ᠪᠢᠳᠡᠬᠦᠮᠵᠢᠯᠡᠵᠤ ᠰᠢᠢᠳᠪᠤᠷᠢᠯᠡᠬᠦ ᠠᠵᠢᠯ ᠢ ᠰᠠᠶᠢᠳᠤᠷ ᠬᠢᠨ᠎ᠠ᠃       4. ᠲᠤᠰᠠᠭᠠᠷᠯᠠᠵᠤ ᠪᠠᠶᠢᠭ᠎ᠠ ᠦᠷᠤᠬᠡᠨ ᠤ ᠪᠦᠬᠦᠶᠢᠯᠡ ᠤᠷᠴᠢᠨ ᠤ ᠴᠡᠪᠡᠷᠯᠡᠭᠡ ᠪᠠ ᠠᠷᠢᠭᠤᠳᠬᠠᠯ ᠤᠨ ᠠᠵᠢᠯ ᠢ ᠰᠠᠶᠢᠳᠤᠷ ᠬᠢᠵᠤ᠂ ᠴᠤᠩᠬᠤ ᠪᠠᠨ ᠦᠷᠬᠦᠯᠵᠢ ᠨᠡᠬᠡᠬᠡᠨ᠂ ᠠᠭᠠᠷ ᠨᠠᠪᠳᠠᠷᠠᠬᠦᠯᠤᠨ᠎ᠠ᠃ ᠭᠠᠷ ᠢᠶᠠᠨ ᠰᠠᠶᠢᠳᠤᠷ ᠤᠬᠢᠶᠠᠵᠤ᠂ ᠦᠷᠬᠦᠯᠵᠢ ᠪᠠᠶ᠎ᠠ ᠪᠠᠨ ᠪᠤᠯᠪᠠᠰᠤᠷᠠᠭᠤᠯᠤᠨ᠂ ᠰᠢᠮ᠎ᠠ ᠲᠡᠵᠢᠬᠡᠯ ᠢᠶᠠᠨ ᠲᠠᠩᠴᠠᠬᠦᠯᠵᠤ᠂ ᠰᠡᠳᠬᠢᠯ ᠰᠠᠨᠠᠭ᠎ᠠ  ᠪᠠᠨ ᠠᠭᠤᠵᠢᠭᠤ ᠪᠠᠶᠢᠯᠭᠠᠨ᠎ᠠ᠃       5. ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠨᠢ ᠬᠢᠨᠡᠨ ᠬᠠᠮᠢᠶᠠᠷᠬᠤ ᠬᠠᠷᠢᠭᠤᠴᠠᠯᠭᠠᠳᠠᠨ  ᠲᠠᠢ ᠦᠷᠬᠦᠯᠵᠢ ᠤᠳᠠᠰᠤ ᠨᠠᠪᠳᠠᠷᠡᠬᠦ ᠪᠤᠶᠤ ᠭᠠᠷ ᠤᠳᠠᠰᠤ ᠪᠠᠷ ᠨᠢᠭᠤᠷᠳᠠᠨ ᠬᠠᠷᠢᠯᠴᠠᠵᠤ᠂ ᠡᠷᠡᠬᠦᠯ ᠮᠠᠡᠳᠤ ᠡᠮᠴᠢᠯᠡᠭᠡ ᠰᠤᠪᠢᠯᠠᠯᠳᠠ ᠶᠢᠨ ᠯᠠᠪᠯᠠᠯᠭ᠎ᠠ ᠠᠪᠤᠨ᠎ᠠ᠃       ᠲᠦᠷᠪᠡ᠂ ᠰᠠᠵᠢᠭ᠍ᠯᠡᠯᠳᠡᠢ ᠡᠪᠡᠳᠴᠢᠳᠠᠨ ᠢᠯᠡᠷᠡᠪᠡᠯ ᠠᠪᠬᠤ ᠠᠷᠭ᠎ᠠ ᠬᠡᠮᠵᠢᠶ᠎ᠠ       ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠰ ᠪᠤᠶᠤ ᠪᠤᠰᠤᠳ ᠡᠪᠡᠳᠴᠢᠳᠠᠨ ᠨᠢ ᠠᠨᠠᠭᠠᠬᠤ ᠤᠬᠠᠭᠠᠨ ᠤ ᠪᠠᠶᠢᠴᠠᠭᠠᠯᠳᠠ ᠪᠠᠷ ᠲᠠᠮᠵᠢᠭᠠᠳ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠤᠨ ᠰᠡᠵᠢᠭᠯᠡᠯᠳᠡᠢ ᠡᠪᠡᠳᠴᠢᠳᠠᠨ ᠢᠶᠠᠷ ᠤᠨᠤᠰᠢᠯᠠᠭᠳᠠᠭᠰᠡᠨ ᠪᠠᠶᠢᠪᠠᠯ᠂ ᠬᠤᠰᠢᠭᠤ ᠵᠢᠯᠤᠭᠤᠳᠬᠤ ᠬᠡᠯᠳᠡᠰ ᠤᠨ ᠨᠠᠶᠢᠬᠡᠮ ᠤᠨ ᠬᠠᠮᠢᠶᠠᠷᠤᠨ ᠡᠵᠡᠮᠳᠠᠬᠦ ᠲᠤᠭᠤᠶᠢᠯᠠᠩ ᠪᠠ ᠡᠮᠴᠢᠯᠠᠬᠡᠨ ᠤ ᠰᠡᠷᠬᠡᠶᠢᠯᠡᠨ ᠡᠵᠡᠮᠳᠡᠬᠦ ᠲᠤᠭᠤᠶᠢᠯᠠᠩ ᠲᠠᠷᠤᠶᠢᠬᠠᠨ ᠬᠦᠳᠡᠯᠤᠯᠴᠠᠨ᠂ ︽ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠢ ᠰᠡᠷᠬᠡᠶᠢᠯᠡᠨ ᠡᠵᠡᠮᠳᠡᠬᠦ ᠲᠦᠰᠤᠯ ︵ᠭᠤᠷᠪᠡᠳᠤᠭᠠᠷ ᠬᠡᠪᠯᠡᠯ︶︾ ᠪᠠ ︽ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠢ ᠰᠡᠷᠬᠡᠶᠢᠯᠡᠨ ᠡᠵᠡᠮᠳᠡᠬᠦ ᠲᠦᠰᠤᠯ ︵ᠲᠦᠷᠪᠡᠳᠤᠬᠡᠷ ᠬᠡᠪᠯᠡᠯ︶︾ ᠤᠨ ᠪᠤᠳᠡᠳᠡᠢ ᠱᠠᠭᠠᠷᠳᠠᠯᠭ᠎ᠠ ᠶᠢ ᠦᠡᠳᠤᠰᠤᠯᠡᠨ᠂ ᠡᠷᠡᠰ ᠲᠠᠰᠤᠷᠬᠠᠢ ᠪᠦᠳᠤᠮᠵᠢᠳᠡᠢ ᠠᠷᠭ᠎ᠠ ᠬᠡᠮᠵᠢᠶ᠎ᠠ ᠠᠪᠴᠤ᠂ ᠨᠢᠭᠳᠠ ᠦᠢᠷᠠᠳᠤᠭᠰᠡᠳ ᠢ ᠬᠠᠮᠢᠶᠠᠷᠤᠨ ᠡᠵᠡᠮᠳᠡᠬᠦ ᠶᠢ ᠬᠡᠷᠡᠭᠵᠢᠬᠦᠯᠤᠨ᠂ ᠨᠢᠭᠳᠠ ᠦᠢᠷᠠᠳᠤᠭᠰᠡᠳ ᠲᠤ ᠬᠠᠯᠳᠠᠪᠤᠷᠢᠳᠤ ᠡᠪᠡᠳᠴᠢᠨ ᠤ ᠠᠨᠠᠭᠠᠬᠤ ᠤᠬᠠᠭᠠᠨ ᠤ ᠪᠠᠶᠢᠴᠠᠭᠠᠯᠳᠠ ᠬᠢᠬᠦ᠂ ᠨᠢᠭᠳᠠ ᠦᠢᠷᠠᠳᠤᠭᠰᠡᠳ ᠢ ᠬᠠᠮᠢᠶᠠᠷᠬᠤ ᠪᠠ ᠠᠨᠠᠭᠠᠬᠤ ᠤᠬᠠᠭᠠᠨ ᠤ ᠠᠵᠢᠭᠯᠠᠯᠳᠠ ᠬᠢᠬᠦ ᠵᠡᠷᠬᠡ ᠠᠷᠭ᠎ᠠ ᠬᠡᠮᠵᠢᠶ᠎ᠠ ᠠᠪᠤᠨ᠎ᠠ᠃ ᠬᠤᠰᠢᠭᠤ ᠵᠢᠯᠤᠭᠤᠳᠬᠤ ᠬᠡᠯᠳᠡᠰ ᠠᠴᠠ ᠬᠦᠡᠳᠤ ᠶᠡᠭᠡ ᠬᠡᠨᠡᠳᠳᠡ ᠡᠬᠦᠰᠬᠦ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠤᠨ ᠬᠡᠷᠡᠭ ᠤᠨ ᠨᠢᠬᠡᠳᠤᠬᠡᠷ ᠲᠡᠰ ᠤᠨ ᠠᠷᠭ᠎ᠠ ᠬᠡᠮᠵᠢᠶᠡᠨ ᠤ ᠬᠠᠮᠢᠶ᠎ᠠ ᠪᠦᠬᠦᠢ ᠱᠠᠭᠠᠷᠳᠠᠯᠭ᠎ᠠ ᠪᠠᠷ ᠬᠢᠵᠢᠭ ᠢ ᠰᠡᠷᠬᠡᠶᠢᠯᠡᠨ ᠡᠵᠡᠮᠳᠡᠬᠦ ᠡᠯ᠎ᠠ ᠲᠦᠷᠤᠯ ᠤᠨ ᠠᠵᠢᠯ ᠢ ᠦᠷᠨᠢᠬᠦᠯᠤᠨ᠎ᠠ᠃       ᠲᠠᠭᠠᠯᠳᠤᠭᠤᠯᠤᠯ 1.᠄ ︽ᠬᠥᠪᠡᠭᠡᠲᠦ ᠰᠢᠷ᠎ᠠ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ  ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠡᠷ ᠲᠤᠨᠢ ᠲᠤᠰᠠᠭᠠᠷᠯᠠᠬᠤ ᠮᠡᠳᠡᠭᠳᠡᠬᠦ ᠪᠢᠴᠢᠭ︾ ᠤᠨ ᠵᠠᠭᠪᠤᠷ       ᠲᠠᠭᠠᠯᠳᠤᠭᠤᠯᠤᠯ 2.᠄ ︽ᠰᠢᠨᠡᠪᠤᠯᠠᠭ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ ᠤᠨ ᠬᠡᠷ ᠲᠤᠨᠢ ᠲᠤᠰᠠᠭᠠᠷᠯᠠᠬᠤ ᠡᠳᠡᠬᠡᠳ ᠤᠨ ᠲᠤᠬᠠᠢ ᠵᠠᠷᠯᠠᠯ︾       ᠲᠠᠭᠠᠯᠳᠤᠭᠤᠯᠤᠯ 3.᠄ ︽ᠰᠢᠨᠡᠪᠤᠯᠠᠭ ᠪᠠᠯᠭᠠᠰᠤᠨ ᠤ ᠪᠠᠶᠢᠰᠢᠩ ᠭᠡᠷ ᠪᠠ ᠪᠤᠰᠤᠳ ᠰᠤᠮᠤ ᠪᠠᠯᠭᠠᠰᠤ ᠭᠠᠴᠠᠭᠠᠨ ᠤ ᠬᠡᠷ ᠲᠤᠨᠢ ᠲᠤᠰᠠᠭᠠᠷᠯᠠᠬᠤ ᠡᠳᠡᠬᠡᠳ ᠤᠨ ᠲᠤᠬᠠᠢ ᠵᠠᠷᠯᠠᠯ︾       ᠲᠠᠭᠠᠯᠳᠤᠭᠤᠯᠤᠯ 4.᠄ ︽ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠮᠡᠳᠡᠭᠳᠡᠯ ᠤᠨ ᠪᠢᠴᠢᠭ︾ ︵ᠡᠩ ᠤᠨ ᠨᠢᠭᠤᠷᠯᠡᠯ︶       ᠲᠠᠭᠠᠯᠳᠤᠭᠤᠯᠤᠯ 5.᠄ ︽ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠮᠡᠳᠡᠭᠳᠡᠯ ᠤᠨ ᠪᠢᠴᠢᠭ︾ ︵ᠭᠤᠤᠯᠳᠠᠯᠭ᠎ᠠ ᠲᠠᠢ ᠨᠢᠭᠤᠷᠯᠡᠯ︶ᠬᠥᠪᠡᠭᠡᠲᠦ ᠰᠢᠷ᠎ᠠ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠬᠡᠯᠳᠡᠰ2020 ᠤᠨ ᠤ 2 ᠰᠠᠷ᠎ᠠ ᠶᠢᠨ 4 ᠤ ᠡᠳᠤᠷᠲᠠᠭᠠᠯᠳᠤᠭᠤᠯᠤᠯ1.       ᠬᠥᠪᠡᠭᠡᠲᠦ ᠰᠢᠷ᠎ᠠ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠡᠷ ᠲᠤᠨᠢ ᠲᠤᠰᠠᠭᠠᠷᠯᠠᠬᠤ ᠮᠡᠳᠡᠭᠳᠡᠬᠦ ᠪᠢᠴᠢᠭ                 ᠲᠠᠨ᠎ᠠ᠄       ᠤᠳᠤᠬᠠᠨ ᠳᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠡᠨ ᠠᠭᠤᠰᠬᠢᠨ ᠤ ᠦᠷᠪᠢᠰᠤᠯ ᠤᠨ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠶᠠᠭ ᠵᠠᠩᠬᠢᠯᠠᠭ᠎ᠠ ᠶᠢᠨ ᠱᠠᠳᠤᠨ ᠳᠤ ᠪᠠᠨ ᠤᠷᠤᠭᠠᠳ ᠪᠠᠶᠢᠨ᠎ᠠ᠃ ᠲᠠᠨ ᠤ ᠬᠤᠪᠢ ᠪᠠᠶ᠎ᠠ᠂ ᠬᠡᠷ ᠤᠨ ᠬᠦᠮᠤᠰ ᠪᠠ ᠦᠷᠤᠬᠡᠯ ᠪᠤᠰᠤᠳ ᠤᠨ ᠡᠷᠡᠬᠦᠯ ᠮᠠᠡᠳᠤ ᠶᠢᠨ ᠲᠦᠯᠤᠬᠡ ᠤᠳᠤ ᠬᠡᠷ ᠲᠤᠨᠢ ᠲᠤᠰᠠᠭᠠᠷᠯᠠᠬᠤ ᠬᠠᠮᠢᠶ᠎ᠠ ᠪᠦᠬᠦᠢ ᠶᠠᠪᠤᠳᠠᠯ ᠢ ᠲᠤᠤᠷᠡᠬᠢ ᠮᠠᠳᠤ ᠮᠡᠳᠡᠭᠳᠡᠶ᠎ᠠ᠄       1. ᠲᠠ ᠮᠡᠳᠡᠭᠳᠡᠯ ᠤᠨ ᠪᠢᠴᠢᠭ ᠢ ᠤᠯᠤᠭᠰᠡᠨ ᠴᠠᠭ ᠠᠴᠠ ᠪᠠᠨ ᠡᠬᠢᠯᠡᠨ ᠡᠷᠬᠡᠪᠰᠢ ᠬᠡᠷ ᠲᠤ ᠪᠠᠨ 14 ᠡᠳᠤᠷ ᠲᠤᠰᠠᠭᠠᠷᠯᠠᠵᠤ ᠭᠠᠳᠠᠭᠰᠢ ᠭᠠᠷᠬᠤ ᠶᠢ ᠡᠷᠡᠰ ᠬᠤᠷᠢᠭᠯᠠᠨ᠎ᠠ᠃       2. ᠲᠠ ᠦᠪᠡᠷ ᠤᠨ ᠠᠵᠢᠯᠯᠠᠵᠤ ᠪᠠᠶᠢᠭ᠎ᠠ ᠪᠠᠶᠢᠭᠤᠯᠭ᠎ᠠ ᠪᠤᠶᠤ ᠭᠠᠴᠠᠭᠠᠨ ︵ᠨᠠᠶᠢᠬᠡᠮ ᠲᠤᠭᠤᠷᠢᠭ︶ ᠤ ᠲᠤᠬᠢᠷᠠᠭᠤᠯᠭ᠎ᠠ ᠳᠤ ᠨᠢᠭᠳᠠ ᠬᠠᠮᠵᠢᠯᠴᠠᠨ᠂ ᠡᠳᠤᠷ ᠪᠦᠷᠢ ᠬᠤᠶᠡᠷ ᠤᠳᠠᠭ᠎ᠠ ᠪᠠᠶ᠎ᠠ ᠶᠢᠨ ᠬᠠᠯᠠᠭᠤᠨ ᠢᠶᠠᠨ ᠬᠡᠮᠵᠢᠬᠦ  ᠶᠢ ᠪᠠᠶᠠᠯᠠᠬᠦᠯᠬᠦ ᠶᠢᠨ ᠬᠠᠮᠳᠤ ᠬᠠᠯᠠᠭᠤᠨ ᠤ ᠬᠡᠮᠵᠢᠶ᠎ᠠ ᠪᠠᠨ ᠦᠨᠡᠨ ᠪᠤᠳᠡᠳᠡᠢ ᠮᠡᠳᠡᠬᠦᠯᠤᠨ᠎ᠠ︔ ᠬᠡᠷᠪᠡ ᠬᠠᠯᠠᠭᠤᠷᠠᠬᠤ ︵ᠰᠤᠭᠤᠨ ᠤ ᠬᠠᠯᠠᠭᠤᠨ ᠨᠢ 37.30C ᠠᠴᠠ ᠶᠡᠭᠡ︶ ᠲᠠᠮᠢᠷᠳᠠᠬᠤ᠂ ᠬᠠᠨᠢᠶᠠᠬᠤ ᠵᠡᠷᠬᠡ ᠢᠯᠡᠷᠡᠯ ᠲᠠᠢ ᠪᠠᠶᠢᠪᠠᠯ ᠲᠠᠷᠤᠶᠢᠬᠠᠨ ᠬᠢᠨᠡᠨ ᠬᠠᠮᠢᠶᠠᠷᠬᠤ ᠬᠠᠷᠢᠭᠤᠴᠠᠯᠭᠠᠳᠠᠨ ᠳᠤ ᠮᠡᠳᠡᠬᠦᠯᠤᠨ᠎ᠠ᠃︵ᠬᠠᠷᠢᠯᠴᠠᠬᠤ ᠬᠦᠮᠤᠨ᠄              ᠬᠠᠷᠢᠯᠴᠠᠬᠤ ᠤᠳᠠᠰᠤ᠄          ︶       3. ᠲᠠ ᠬᠡᠷᠪᠡ ᠬᠦᠢᠴᠡᠳᠬᠡᠬᠦ ᠴᠢᠬᠤᠯᠠ ᠲᠠᠢ ᠪᠠᠴᠢᠮ ᠤᠴᠢᠷ ᠲᠠᠢ ᠪᠤᠯ ᠲᠠᠷᠤᠶᠢᠬᠠᠨ ᠲᠤᠬᠠᠢ ᠶᠢᠨ ᠭᠠᠵᠡᠷ  ᠤᠨ ᠬᠢ ᠪᠠᠨ ᠠᠵᠢᠯᠯᠠᠬᠤ ᠪᠠᠶᠢᠭᠤᠯᠭ᠎ᠠ ᠪᠤᠶᠤ ᠭᠠᠴᠠᠭ᠎ᠠ ︵ᠨᠠᠶᠢᠬᠡᠮ ᠲᠤᠭᠤᠷᠢᠭ︶ ᠳᠤ ᠪᠠᠨ ᠮᠡᠳᠡᠬᠦᠯᠵᠤ᠂ ᠲᠠᠳᠠᠨ  ᠢᠶᠠᠷ ᠬᠠᠮᠵᠢᠭᠤᠯᠤᠨ ᠬᠦᠢᠴᠡᠳᠬᠡᠬᠡᠷᠢ᠃ ︵ᠬᠠᠷᠢᠯᠴᠠᠬᠤ ᠬᠦᠮᠤᠨ᠄              ᠬᠠᠷᠢᠯᠴᠠᠬᠤ ᠤᠳᠠᠰᠤ᠄          ︶       4. ᠬᠡᠷ ᠲᠤ ᠪᠠᠨ ᠲᠤᠰᠠᠭᠠᠷᠯᠠᠭᠳᠠᠵᠤ ᠪᠠᠶᠢᠭ᠎ᠠ ᠬᠤᠭᠤᠴᠠᠭᠠᠨ ᠳᠤ ᠪᠠᠶ᠎ᠠ ᠪᠠᠨ ᠪᠣᠯᠪᠠᠰᠣᠷᠠᠭᠤᠯᠣᠨ᠂ ᠦᠷᠬᠦᠯᠵᠢ ᠰᠠᠯᠬᠢ ᠨᠠᠪᠳᠠᠷᠠᠬᠦᠯᠵᠤ᠂ ᠢᠳᠡᠬᠡᠨ ᠤᠮᠳᠠᠭᠠᠨ ᠢᠶᠠᠨ ᠲᠠᠩᠴᠠᠬᠦᠯᠤᠨ᠂ ᠡᠷᠡᠬᠦᠯ ᠬᠠᠮᠠᠭᠠᠯᠠᠯ ᠢ ᠡᠷᠬᠢᠮᠯᠡᠵᠤ᠂ ᠰᠠᠶᠢᠳᠤᠷ ᠠᠷᠢᠭᠤᠳᠬᠠᠨ᠂ ᠬᠡᠷ ᠲᠤ ᠪᠠᠨ ᠵᠤᠴᠢᠨ ᠢᠷᠡᠬᠦᠯᠬᠦ ᠦᠬᠡᠢ ᠪᠠᠶᠢᠬᠤ ᠬᠡᠷᠡᠭᠳᠡᠢ᠃       5. ᠢᠳᠬᠠᠯᠭ᠎ᠠ ᠶᠢ ᠰᠤᠨᠤᠰᠬᠤ ᠦᠬᠡᠢ ᠲᠤᠷᠡᠪᠡᠷ ᠭᠠᠳᠠᠭᠰᠢ ᠭᠠᠷᠴᠤ ᠬᠦᠡᠳᠤ ᠨᠤᠴᠢᠳᠡᠢ ᠦᠷ᠎ᠠ ᠳ᠋ᠦᠡᠭ  ᠳᠤ ᠬᠦᠷᠦᠭᠰᠡᠨ ᠪᠠᠶᠢᠪᠠᠯ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾ ᠶᠢᠨ ᠶᠤᠰᠤᠭᠠᠷ ᠢᠷᠬᠡᠨ ᠤ ᠬᠡᠷᠡᠭ ᠤᠨ ᠬᠠᠷᠢᠭᠤᠴᠠᠯᠭ᠎ᠠ ᠪᠠ ᠡᠷᠡᠬᠦᠦ ᠶᠢᠨ ᠬᠠᠷᠢᠭᠤᠴᠠᠯᠭ᠎ᠠ ᠴᠢᠩᠭ᠎ᠠ ᠨᠠᠬᠡᠮᠵᠢᠯᠠᠨ᠎ᠠ᠃       ᠲᠠᠨ ᠤ ᠮᠠᠨ ᠤ ᠠᠵᠢᠯ ᠢ ᠦᠢᠯᠠᠭᠠᠨ ᠲᠡᠮᠵᠢᠭᠰᠡᠨ ᠳᠤ ᠮᠠᠰᠢ ᠪᠠᠶᠠᠷᠯᠠᠯ᠎ᠠ︕                                 ______ ᠨᠠᠶᠢᠬᠡᠮ ᠲᠤᠭᠤᠷᠢᠭ ︵ᠭᠠᠴᠠᠭ᠎ᠠ ᠪᠤᠶᠤ ᠪᠠᠶᠢᠭᠤᠯᠭ᠎ᠠ︶                                     2020 ᠤᠨ ᠤ   ᠰᠠᠷ᠎ᠠ ᠶᠢᠨ   ᠤ ᠡᠳᠤᠷᠲᠠᠭᠠᠯᠳᠤᠭᠤᠯᠤᠯ 2.                 ᠰᠢᠨᠡᠪᠤᠯᠠᠭ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ ᠤᠨ ᠬᠡᠷ ᠲᠤᠨᠢ ᠲᠤᠰᠠᠭᠠᠷᠯᠠᠬᠤ ᠡᠳᠡᠬᠡᠳ ᠤᠨ ᠲᠤᠬᠠᠢ ᠵᠠᠷᠯᠠᠯ       ᠰᠠᠭᠤᠭᠠᠯᠢ ᠠᠷᠠᠳ ᠪᠠ ᠠᠶᠢᠯᠴᠢᠯᠠᠬᠤ ᠪᠠᠷ ᠢᠷᠡᠭᠰᠡᠳ ᠲᠤ᠄ᠲᠤᠰ ᠠᠰᠠᠷ ᠤᠨ______ ᠤᠷᠤᠴᠠ ᠶᠢᠨ______ ᠲᠠᠪᠬᠤᠷᠯᠢᠭ ᠤᠨ______ ᠬᠡᠷ ᠲᠤ ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠨ ᠪᠤᠢ᠃ ᠲᠤᠰᠠᠭᠠᠷᠯᠠᠨ ᠠᠵᠢᠭᠯᠠᠯᠳᠠ ᠬᠢᠬᠦ ᠬᠤᠭᠤᠴᠠᠭ᠎ᠠ ᠨᠢ 2020 ᠤᠨ  ᠤ______ ᠰᠠᠷ᠎ᠠ ᠶᠢᠨ______ ᠤ ᠡᠳᠤᠷ ᠠᠴᠠ 2020 ᠤᠨ ᠤ______ ᠰᠠᠷ᠎ᠠ ᠶᠢᠨ______ ᠤ ᠡᠳᠤᠷ ᠪᠣᠯᠳᠠᠯ᠎ᠠ᠃ ᠲᠤᠰ ᠬᠤᠭᠤᠴᠠᠭᠠᠨ ᠳᠤ ᠬᠠᠷᠢᠯᠴᠠᠨ ᠲᠤᠭᠤᠷᠢᠬᠤ ᠪᠤᠶᠤ ᠲᠤᠰᠠᠭᠠᠷᠯᠠᠭᠳᠠᠵᠤ ᠪᠠᠶᠢᠭ᠎ᠠ‌‍ᠬᠦ᠋ᠮᠤᠨ ᠤ ᠭᠠᠳᠠᠭᠰᠢ ᠭᠠᠷᠬᠤ ᠶᠢ ᠡᠷᠡᠰ ᠬᠤᠷᠢᠭᠯᠠᠨ᠎ᠠ᠃                                                  ______ ᠨᠠᠶᠢᠬᠡᠮ ᠲᠤᠭᠤᠷᠢᠭ                                 2020 ᠤᠨ ᠤ______ ᠰᠠᠷ᠎ᠠ ᠶᠢᠨ______   ᠤ ᠡᠳᠤᠷᠲᠠᠭᠠᠯᠳᠤᠭᠤᠯᠤᠯ 3.               ᠰᠢᠨᠡᠪᠤᠯᠠᠭ ᠪᠠᠯᠭᠠᠰᠤᠨ ᠤ ᠪᠠᠶᠢᠰᠢᠩ ᠭᠡᠷ ᠪᠠ ᠪᠤᠰᠤᠳ ᠰᠤᠮᠤ ᠪᠠᠯᠭᠠᠰᠤ ᠭᠠᠴᠠᠭᠠᠨ ᠤ ᠬᠡᠷ  ᠲᠤᠨᠢ ᠲᠤᠰᠠᠭᠠᠷᠯᠠᠬᠤ ᠡᠳᠡᠬᠡᠳ ᠤᠨ ᠲᠤᠬᠠᠢ ᠵᠠᠷᠯᠠᠯ ᠰᠠᠭᠤᠭᠠᠯᠢ ᠠᠷᠠᠳ ᠪᠠ ᠠᠶᠢᠯᠴᠢᠯᠠᠬᠤ ᠪᠠᠷ ᠢᠷᠡᠭᠰᠡᠳ ᠲᠤ᠄        ᠲᠤᠰ ᠭᠠᠴᠠᠭ᠎ᠠ ︵ᠤᠷᠤᠨ ᠲᠤᠭᠤᠷᠢᠭ︶ ᠤᠨ______ ᠬᠡᠷ ᠲᠤ ᠲᠤᠰᠠᠭᠠᠷᠯᠠᠭᠳᠠᠨ ᠠᠵᠢᠭᠯᠠᠯᠳᠠ ᠬᠢᠵᠤ ᠪᠠᠶᠢᠭ᠎ᠠ ᠬᠦᠮᠤᠨ ᠪᠤᠢ᠃ ᠬᠡᠷ ᠲᠤᠨᠢ ᠲᠤᠰᠠᠭᠠᠷᠯᠠᠨ ᠠᠵᠢᠭᠯᠠᠯᠳᠠ ᠬᠢᠬᠦ ᠬᠤᠭᠤᠴᠠᠭ᠎ᠠ ᠨᠢ᠄ 2020 ᠤᠨ  ᠤ______ ᠰᠠᠷ᠎ᠠ ᠶᠢᠨ______ ᠤ ᠡᠳᠤᠷ ᠠᠴᠠ 2020 ᠤᠨ ᠤ______ᠰᠠᠷ᠎ᠠ ᠶᠢᠨ______ ᠤ ᠡᠳᠤᠷ ᠪᠤᠯᠳᠠᠯ᠎ᠠ᠃ ᠬᠠᠷᠢᠯᠴᠠᠨ ᠲᠤᠭᠤᠷᠢᠬᠤ ᠪᠠ ᠲᠤᠰᠠᠭᠠᠷᠯᠠᠭᠳᠠᠵᠤ ᠪᠠᠶᠢᠭ᠎ᠠ ᠬᠦᠮᠤᠨ ᠤ ᠭᠠᠳᠠᠭᠰᠢ ᠭᠠᠷᠬᠤ ᠶᠢ ᠡᠷᠡᠰ ᠬᠤᠷᠢᠭᠯᠠᠨ᠎ᠠ᠃                         ______ ᠭᠠᠴᠠᠭᠠᠨ ᠤ ᠵᠦᠪᠯᠡᠯ ︵ᠰᠠᠭᠤᠭᠠᠯᠢ ᠠᠷᠠᠳ ᠤᠨ ᠲᠤᠭᠤᠷᠢᠭ︶                                                2020 ᠤᠨ ᠤ   ᠰᠠᠷ᠎ᠠ ᠶᠢᠨ     ᠤ ᠡᠳᠤᠷᠲᠠᠭᠠᠯᠳᠤᠭᠤᠯᠤᠯ 4.                   ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠮᠡᠳᠡᠭᠳᠡᠯ ᠤᠨ ᠪᠢᠴᠢᠭ                                      ︵ᠡᠩ ᠤᠨ ᠨᠢᠭᠤᠷᠯᠡᠯ︶        ᠲᠠᠨ ᠤ ᠳᠤᠰᠠᠭᠠᠷᠯᠠᠨ ᠠᠵᠢᠭᠯᠠᠬᠤ ᠬᠤᠭᠤᠴᠠᠭᠠᠨ ᠳᠤ ᠭᠠᠴᠠᠭ᠎ᠠ᠂ ᠨᠡᠶᠢᠭᠡᠮ ᠲᠤᠭᠤᠷᠢᠭ ᠪᠠ ᠡᠷᠡᠬᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ 2020 ᠤᠨ ᠤ______ᠰᠠᠷ᠎ᠠ ᠶᠢᠨ______ ᠤ ᠡᠳᠤᠷ ᠠᠴᠠ 2020 ᠤᠨ ᠤ______ ᠰᠠᠷ᠎ᠠ ᠶᠢᠨ______  ᠤ ᠡᠳᠤᠷ ᠪᠤᠯᠲᠠᠯᠠᠬᠢ 14 ᠡᠳᠦᠷ ᠳᠤᠰᠠᠭᠠᠷᠯᠠᠭᠳᠠᠵᠤ᠂ ᠲᠤᠰ ᠬᠤᠭᠤᠴᠠᠭᠠᠨ ᠳᠤ ᠲᠠ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠭᠠᠷᠤᠭᠰᠠᠨ ᠦᠭᠡᠢ ᠬᠡᠵᠦ ᠮᠡᠳᠡᠭᠦᠯᠪᠡ᠃ ᠪᠡᠶ᠎ᠡ ᠶᠢᠨ ᠬᠠᠯᠠᠭᠤᠨ ᠤ ᠬᠡᠮᠵᠢᠯᠲᠡ ᠪᠠᠷ ᠤᠳᠤᠬᠠᠨ ᠳᠤ______ ᠭᠷᠠᠳᠦ᠋ᠰ ᠪᠠᠶᠢᠵᠤ᠂ ᠬᠡᠪ ᠤᠨ ᠪᠠᠶᠢᠳᠠᠯ ᠤᠨ ᠬᠡᠪᠴᠢᠶᠡᠨ ᠳᠤ ᠪᠠᠶᠢᠵᠤ᠂ ᠲᠤᠰ ᠡᠳᠦᠷ ᠠᠴᠠ ᠡᠬᠢᠯᠡᠨ ᠳᠤᠰᠠᠭᠠᠷᠯᠠᠯ ᠢ ᠦᠭᠡᠶᠢᠰᠭᠡᠨ᠎ᠡ᠃       ᠲᠠᠨ ᠤ ᠪᠠ ᠲᠠᠨ ᠤ ᠭᠡᠷ ᠪᠥᠯᠢ ᠶᠢᠨ ᠬᠦᠮᠦᠰ ᠤᠨ ᠡᠷᠡᠬᠦᠯ ᠮᠡᠨᠳᠦ ᠶᠢᠨ ᠲᠥᠯᠦᠭᠡ᠂ ᠭᠠᠳᠠᠭᠰᠢ ᠭᠠᠷᠴᠤ ᠬᠥᠳᠡᠯᠭᠡᠭᠡᠨ ᠬᠢᠬᠦ ᠪᠠᠨ ᠪᠠᠭᠠᠰᠬᠠᠵᠤ᠂ ᠤᠷᠤᠨ ᠰᠠᠭᠤᠴᠠ ᠪᠠ ᠬᠤᠪᠢ ᠬᠦᠮᠦᠨ ᠤ ᠠᠷᠢᠭᠤᠨ ᠴᠡᠪᠡᠷ ᠢ ᠠᠩᠬᠠᠷᠴᠤ᠂ ᠦᠷᠭᠦᠯᠵᠢ ᠤᠷᠤᠨ ᠰᠠᠭᠤᠴᠠ ᠳᠠᠭᠠᠨ ᠴᠡᠪᠡᠷ ᠠᠭᠠᠷ ᠨᠡᠪᠲᠡᠷᠡᠭᠦᠯᠦᠨ᠂ ᠡᠳᠦᠷ ᠲᠤᠳᠤᠮ ᠤᠨ ᠬᠡᠷᠡᠭᠯᠡᠭᠡᠨ ᠤ ᠪᠤᠳᠠᠰ ᠳᠤᠭᠲᠠᠭᠰᠠᠨ ᠬᠤᠭᠤᠴᠠᠭ᠎ᠠ ᠲᠠᠢ ᠠᠷᠢᠭᠤᠳᠬᠠᠵᠤ᠂ ᠦᠷᠭᠦᠯᠵᠢ ᠰᠠᠪᠤᠩ ᠪᠠ ᠰᠫᠤᠷᠲ ᠢᠶᠠᠷ ᠭᠠᠷ ᠢᠶᠠᠨ ᠤᠬᠢᠶᠠᠵᠤ᠂ ᠭᠠᠳᠠᠭᠰᠢ ᠭᠠᠷᠪᠠᠯ ᠠᠮᠠᠪᠴᠢ ᠵᠡᠭᠦᠵᠦ᠂ ᠬᠤᠪᠢ ᠪᠠᠶ᠎ᠠ ᠪᠠ ᠭᠡᠷ ᠪᠥᠯᠢ ᠶᠢᠨ ᠬᠦᠮᠦᠰ ᠤᠨ ᠡᠷᠡᠬᠦᠯ ᠮᠡᠨᠳᠦ ᠶᠢᠨ ᠪᠠᠶᠢᠴᠠᠭᠠᠯᠲᠠ ᠶᠢ ᠰᠠᠶᠢᠲᠤᠷ ᠬᠢᠬᠦ ᠶᠢ ᠰᠠᠨᠠᠭᠠᠴᠢᠯᠠᠵᠤ ᠪᠠᠶᠢᠨ᠎ᠠ᠃       ᠬᠡᠷᠪᠡ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠢᠯᠡᠷᠡᠪᠡᠯ᠂ ᠲᠠᠷᠤᠶᠢᠬᠠᠨ ᠠᠮᠠᠪᠴᠢ ᠵᠡᠬᠦᠵᠤ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠡᠬᠦᠳᠠᠨ ᠡᠮᠨᠡᠯᠬᠡ ᠳᠤ ᠤᠴᠢᠬᠤ ᠪᠤᠶᠤ ᠪᠤᠰᠤᠳ ᠭᠠᠵᠠᠷ ᠤᠷᠤᠨ ᠤ ᠳᠤᠭᠲᠠᠭᠰᠠᠨ ᠬᠠᠯᠠᠭᠤᠷᠠᠬᠤ ᠡᠭᠦᠳᠡᠨ ᠡᠮᠨᠡᠯᠭᠡ ᠳᠤ ᠤᠴᠢᠵᠤ ᠡᠮᠴᠢᠯᠡᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ᠂ ᠬᠦᠮᠦᠨ ᠤᠯᠠᠨ ᠴᠤᠭᠯᠠᠭᠰᠠᠨ ᠲᠠᠯᠠᠪᠤᠷ ᠢᠶᠠᠷ ᠥᠩᠭᠡᠷᠡᠬᠦ ᠠᠴᠠ ᠵᠠᠶᠢᠯᠠᠰᠬᠢᠨ᠎ᠡ᠃ ᠡᠮᠴᠢᠯᠡᠬᠦᠯᠬᠦ ᠳᠤ ᠥᠪᠡᠷ ᠤᠨ ᠶᠠᠪᠤᠵᠤ ᠰᠠᠭᠤᠭᠰᠠᠨ ᠥᠩᠭᠡᠷᠡᠯᠲᠡ ᠵᠢᠴᠢ ᠡᠪᠡᠳᠴᠢᠯᠡᠭᠰᠡᠨ ᠠᠴᠠ ᠬᠤᠶᠢᠰᠢ ᠨᠢᠭᠲᠠ ᠤᠶᠢᠷᠠᠳᠤᠭᠰᠠᠨ ᠬᠦᠮᠦᠨ ᠤ ᠪᠠᠶᠢᠳᠠᠯ ᠢ ᠡᠮᠴᠢ ᠳᠤ ᠦᠨᠡᠨ ᠪᠤᠳᠠᠲᠠᠢ ᠮᠡᠳᠡᠭᠦᠯᠵᠦ᠂ ᠡᠮᠴᠢ ᠶᠢᠨ ᠬᠠᠮᠢᠶ᠎ᠠ ᠪᠥᠬᠦᠢ ᠪᠠᠶᠢᠴᠠᠭᠠᠯᠲᠠ ᠬᠢᠬᠦ ᠳᠤ ᠢᠳᠡᠪᠬᠢᠲᠠᠢ ᠬᠠᠪᠰᠤᠷᠤᠯᠴᠠᠬᠤ ᠬᠡᠷᠡᠭᠲᠠᠢ᠃ᠲᠤᠰ ᠬᠦᠮᠦᠨ ᠠᠮᠠᠯᠠᠬᠤ ᠨᠢ᠄ ᠳᠡᠭᠡᠷᠡᠬᠢ ᠳᠤᠷᠠᠳᠤᠭᠰᠠᠨ ᠭᠡᠷ ᠲᠡᠭᠡᠨ ᠳᠤᠰᠭᠠᠷᠯᠠᠭᠳᠠᠭᠰᠠᠨ ᠬᠤᠭᠤᠴᠠᠭᠠᠨ ᠳᠠᠬᠢ ᠢᠯᠡᠷᠡᠯ ᠨᠢ ᠦᠨᠡᠨ ᠪᠤᠳᠠᠲᠠᠢ᠃           ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠬᠦᠮᠦᠨ ᠤ ᠭᠠᠷ ᠤᠨ ᠦᠰᠦᠭ᠄______            ᠬᠠᠷᠢᠯᠴᠠᠬᠤ ᠤᠲᠠᠰᠤ᠄______           ᠬᠢᠨᠠᠨ ᠬᠠᠮᠢᠶᠠᠷᠬᠤ ᠬᠠᠷᠢᠭᠤᠴᠠᠯᠭᠠᠲᠠᠨ ᠤ ᠭᠠᠷ ᠤᠨ ᠦᠰᠦᠭ᠄______             ᠬᠠᠷᠢᠯᠴᠠᠬᠤ ᠤᠲᠠᠰᠤ᠄______      _____                             ᠪᠠᠶᠢᠭᠤᠯᠭ᠎ᠠ ︵ᠭᠠᠴᠠᠭ᠎ᠠ ᠨᠠᠶᠢᠬᠡᠮ ᠲᠤᠭᠤᠷᠢᠭ︶ ᠤᠨ ᠠᠯᠪᠠᠨ ᠲᠠᠮᠠᠭ᠎ᠠ                              ______ ᠤᠨ ᠤ______ ᠰᠠᠷ᠎ᠠ ᠶᠢᠨ______ ᠤ ᠡᠳᠦᠷᠲᠠᠭᠠᠯᠳᠤᠭᠤᠯᠤᠯ 5.             ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠮᠡᠳᠡᠭᠳᠡᠯ ᠤᠨ ᠪᠢᠴᠢᠭ                                  ︵ᠡᠩ ᠤᠨ ᠨᠢᠭᠤᠷᠯᠡᠯ︶        ᠲᠠᠨ ᠤ ᠳᠤᠰᠠᠭᠠᠷᠯᠠᠨ ᠠᠵᠢᠭᠯᠠᠬᠤ ᠬᠤᠭᠤᠴᠠᠭᠠᠨ ᠳᠤ ᠭᠠᠴᠠᠭ᠎ᠠ᠂ ᠨᠡᠶᠢᠭᠡᠮ ᠲᠤᠭᠤᠷᠢᠭ ᠪᠠ ᠡᠷᠡᠬᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ 2020 ᠤᠨ ᠤ______ ᠰᠠᠷ᠎ᠠ ᠶᠢᠨ______ ᠤ ᠡᠳᠤᠷ ᠠᠴᠠ 2020 ᠤᠨ ᠤ______ ᠰᠠᠷ᠎ᠠ  ᠶᠢᠨ______ ᠤ ᠡᠳᠤᠷ ᠪᠤᠯᠲᠠᠯᠠᠬᠢ 14 ᠡᠳᠦᠷ ᠳᠤᠰᠠᠭᠠᠷᠯᠠᠭᠳᠠᠵᠤ᠂ ᠲᠤᠰ ᠬᠤᠭᠤᠴᠠᠭᠠᠨ ᠳᠤ ᠲᠠ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠭᠠᠷᠤᠭᠰᠠᠨ ᠦᠭᠡᠢ ᠬᠡᠵᠦ ᠮᠡᠳᠡᠭᠦᠯᠪᠡ᠃ ᠪᠡᠶ᠎ᠡ ᠶᠢᠨ ᠬᠠᠯᠠᠭᠤᠨ ᠤ ᠬᠡᠮᠵᠢᠯᠲᠡ ᠪᠠᠷ ᠤᠳᠤᠬᠠᠨ ᠳᠤ______ ᠭᠷᠠᠳᠦ᠋ᠰ ᠪᠠᠶᠢᠵᠤ᠂ ᠬᠡᠪ ᠤᠨ ᠪᠠᠶᠢᠳᠠᠯ ᠤᠨ ᠬᠡᠪᠴᠢᠶᠡᠨ ᠳᠤ ᠪᠠᠶᠢᠵᠤ᠂ ᠲᠤᠰ ᠡᠳᠦᠷ ᠠᠴᠠ ᠡᠬᠢᠯᠡᠨ ᠳᠤᠰᠠᠭᠠᠷᠯᠠᠯ ᠢ ᠦᠭᠡᠶᠢᠰᠭᠡᠨ᠎ᠡ᠃        ᠲᠠᠨ ᠤ ᠪᠠ ᠲᠠᠨ ᠤ ᠭᠡᠷ ᠪᠥᠯᠢ ᠶᠢᠨ ᠬᠦᠮᠦᠰ ᠤᠨ ᠡᠷᠡᠬᠦᠯ ᠮᠡᠨᠳᠦ ᠶᠢᠨ ᠲᠥᠯᠦᠭᠡ᠂ ᠭᠠᠳᠠᠭᠰᠢ ᠭᠠᠷᠴᠤ ᠬᠥᠳᠡᠯᠭᠡᠭᠡᠨ ᠬᠢᠬᠦ ᠪᠠᠨ ᠪᠠᠭᠠᠰᠬᠠᠵᠤ᠂ ᠤᠷᠤᠨ ᠰᠠᠭᠤᠴᠠ ᠪᠠ ᠬᠤᠪᠢ ᠬᠦᠮᠦᠨ ᠤ ᠠᠷᠢᠭᠤᠨ ᠴᠡᠪᠡᠷ ᠢ ᠠᠩᠬᠠᠷᠴᠤ᠂ ᠦᠷᠭᠦᠯᠵᠢ ᠤᠷᠤᠨ ᠰᠠᠭᠤᠴᠠ ᠳᠠᠭᠠᠨ ᠴᠡᠪᠡᠷ ᠠᠭᠠᠷ ᠨᠡᠪᠲᠡᠷᠡᠭᠦᠯᠦᠨ᠂ ᠡᠳᠦᠷ ᠲᠤᠳᠤᠮ ᠤᠨ ᠬᠡᠷᠡᠭᠯᠡᠭᠡᠨ ᠤ ᠪᠤᠳᠠᠰ ᠳᠤᠭᠲᠠᠭᠰᠠᠨ ᠬᠤᠭᠤᠴᠠᠭ᠎ᠠ ᠲᠠᠢ ᠠᠷᠢᠭᠤᠳᠬᠠᠵᠤ᠂ ᠦᠷᠭᠦᠯᠵᠢ ᠰᠠᠪᠤᠩ ᠪᠠ ᠰᠫᠤᠷᠲ ᠢᠶᠠᠷ ᠭᠠᠷ ᠢᠶᠠᠨ ᠤᠬᠢᠶᠠᠵᠤ᠂ ᠭᠠᠳᠠᠭᠰᠢ ᠭᠠᠷᠪᠠᠯ ᠠᠮᠠᠪᠴᠢ ᠵᠡᠭᠦᠵᠦ᠂ ᠬᠤᠪᠢ ᠪᠠᠶ᠎ᠠ ᠪᠠ ᠭᠡᠷ ᠪᠥᠯᠢ ᠶᠢᠨ ᠬᠦᠮᠦᠰ ᠤᠨ ᠡᠷᠡᠬᠦᠯ ᠮᠡᠨᠳᠦ ᠶᠢᠨ ᠪᠠᠶᠢᠴᠠᠭᠠᠯᠲᠠ ᠶᠢ ᠰᠠᠶᠢᠲᠤᠷ ᠬᠢᠬᠦ ᠶᠢ ᠰᠠᠨᠠᠭᠠᠴᠢᠯᠠᠵᠤ ᠪᠠᠶᠢᠨ᠎ᠠ᠃        ᠬᠡᠷᠪᠡ ᠬᠠᠯᠠᠭᠤᠷᠠᠬᠤ᠂ ᠲᠠᠮᠢᠷᠳᠠᠬᠤ᠂ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠢᠯᠡᠷᠡᠪᠡᠯ᠂ ᠲᠠᠷᠤᠶᠢᠬᠠᠨ ᠠᠮᠠᠪᠴᠢ ᠵᠡᠬᠦᠵᠤ ᠬᠤᠰᠢᠭᠤ ᠠᠷᠠᠳ ᠤᠨ ᠡᠮᠨᠡᠯᠬᠡ ᠶᠢᠨ ᠬᠤᠷᠢᠶᠠᠨ ᠤ ᠬᠠᠯᠠᠭᠤᠷᠠᠬᠤ ᠡᠬᠦᠳᠠᠨ ᠡᠮᠨᠡᠯᠬᠡ  ᠳᠤ ᠤᠴᠢᠬᠤ ᠪᠤᠶᠤ ᠪᠤᠰᠤᠳ ᠭᠠᠵᠠᠷ ᠤᠷᠤᠨ ᠤ ᠳᠤᠭᠲᠠᠭᠰᠠᠨ ᠬᠠᠯᠠᠭᠤᠷᠠᠬᠤ ᠡᠭᠦᠳᠡᠨ ᠡᠮᠨᠡᠯᠭᠡ ᠳᠤ ᠤᠴᠢᠵᠤ ᠡᠮᠴᠢᠯᠡᠭᠦᠯᠵᠦ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠳᠤ ᠰᠠᠭᠤᠬᠤ᠂ ᠬᠦᠮᠦᠨ ᠤᠯᠠᠨ ᠴᠤᠭᠯᠠᠭᠰᠠᠨ ᠲᠠᠯᠠᠪᠤᠷ ᠢᠶᠠᠷ ᠥᠩᠭᠡᠷᠡᠬᠦ ᠠᠴᠠ ᠵᠠᠶᠢᠯᠠᠰᠬᠢᠨ᠎ᠡ᠃ ᠡᠮᠴᠢᠯᠡᠬᠦᠯᠬᠦ ᠳᠤ ᠥᠪᠡᠷ ᠤᠨ ᠶᠠᠪᠤᠵᠤ ᠰᠠᠭᠤᠭᠰᠠᠨ ᠥᠩᠭᠡᠷᠡᠯᠲᠡ ᠵᠢᠴᠢ ᠡᠪᠡᠳᠴᠢᠯᠡᠭᠰᠡᠨ ᠠᠴᠠ ᠬᠤᠶᠢᠰᠢ ᠨᠢᠭᠲᠠ ᠤᠶᠢᠷᠠᠳᠤᠭᠰᠠᠨ ᠬᠦᠮᠦᠨ ᠤ ᠪᠠᠶᠢᠳᠠᠯ ᠢ ᠡᠮᠴᠢ ᠳᠤ ᠦᠨᠡᠨ ᠪᠤᠳᠠᠲᠠᠢ ᠮᠡᠳᠡᠭᠦᠯᠵᠦ᠂ ᠡᠮᠴᠢ ᠶᠢᠨ ᠬᠠᠮᠢᠶ᠎ᠠ ᠪᠥᠬᠦᠢ ᠪᠠᠶᠢᠴᠠᠭᠠᠯᠲᠠ ᠬᠢᠬᠦ ᠳᠤ ᠢᠳᠡᠪᠬᠢᠲᠠᠢ ᠬᠠᠪᠰᠤᠷᠤᠯᠴᠠᠬᠤ ᠬᠡᠷᠡᠭᠲᠠᠢ᠃        ᠲᠤᠰ ᠬᠦᠮᠦᠨ ᠠᠮᠠᠯᠠᠬᠤ ᠨᠢ᠄ ᠳᠡᠭᠡᠷᠡᠬᠢ ᠳᠤᠷᠠᠳᠤᠭᠰᠠᠨ ᠭᠡᠷ ᠲᠡᠭᠡᠨ ᠳᠤᠰᠭᠠᠷᠯᠠᠭᠳᠠᠭᠰᠠᠨ ᠬᠤᠭᠤᠴᠠᠭᠠᠨ  ᠳᠠᠬᠢ ᠢᠯᠡᠷᠡᠯ ᠨᠢ ᠦᠨᠡᠨ ᠪᠤᠳᠠᠲᠠᠢ᠃             ᠬᠡᠷ ᠲᠤᠨᠢ ᠲᠣᠰᠠᠭᠠᠷᠯᠠᠨ ᠠᠵᠢᠭᠯᠠᠬᠤ ᠶᠢ ᠦᠬᠡᠶᠢᠰᠬᠡᠬᠦ ᠬᠦᠮᠦᠨ ᠤ ᠭᠠᠷ ᠤᠨ ᠦᠰᠦᠭ᠄ ______           ᠬᠠᠷᠢᠯᠴᠠᠬᠤ ᠤᠲᠠᠰᠤ᠄______             ᠬᠢᠨᠠᠨ ᠬᠠᠮᠢᠶᠠᠷᠬᠤ ᠬᠠᠷᠢᠭᠤᠴᠠᠯᠭᠠᠲᠠᠨ ᠤ ᠭᠠᠷ ᠤᠨ ᠦᠰᠦᠭ᠄ ______                     ᠬᠠᠷᠢᠯᠴᠠᠬᠤ ᠤᠲᠠᠰᠤ᠄______             ᠡᠮᠴᠢᠯᠡᠭᠡᠨ ᠤ ᠬᠦᠮᠦᠰ ᠤᠨ ᠭᠠᠷ ᠤᠨ ᠦᠰᠦᠭ᠄   ______                             ᠬᠠᠷᠢᠯᠴᠠᠬᠤ ᠤᠲᠠᠰᠤ᠄______             ᠬᠠᠷᠢᠶ᠎ᠠ ᠲᠤᠭᠤᠷᠢᠭ ᠤᠨ ᠠᠷᠠᠳ ᠤᠨ ᠴᠠᠭᠳᠠᠭᠠᠨ ᠤ ᠭᠠᠷ ᠤᠨ ᠦᠰᠦᠭ᠄ ______           ᠬᠠᠷᠢᠯᠴᠠᠬᠤ ᠤᠲᠠᠰᠤ᠄______                                                      ______ᠪᠠᠶᠢᠭᠤᠯᠭ᠎ᠠ ︵ᠭᠠᠴᠠᠭ᠎ᠠ ᠨᠠᠶᠢᠬᠡᠮ ᠲᠤᠭᠤᠷᠢᠭ︶ ᠤᠨ ᠠᠯᠪᠠᠨ ᠲᠠᠮᠠᠭ᠎ᠠ                       —— ᠤᠨ ᠤ —— ᠰᠠᠷ᠎ᠠ ᠶᠢᠨ —— ᠤ ᠡᠳᠦᠷ    
         
        ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号