锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠨᠠᠷᠠᠨ᠎ᠠ ᠴᠠᠭᠠᠨ ᠢᠳᠡᠭᠡᠨ ᠤ ᠳᠡᠯᠭᠡᠬᠦᠷ ᠤᠨ ᠵᠢᠯ ᠤᠨ ᠪᠤᠷᠤᠯᠠᠭᠤᠯᠭ᠎ᠠ ᠶᠢᠨ ᠴᠡᠪᠡᠷ ᠣᠷᠤᠯᠭ᠎ᠠ 15 ᠲᠦᠮᠡᠨ ᠲᠦᠭᠦᠷᠢᠭ ᠲᠤ ᠬᠦᠷᠳᠡᠭ
        ᠨᠡᠶᠢᠲᠡᠯᠡᠭᠰᠡᠨ ᠴᠠᠭ᠄
        2020/9/29
             ᠬᠦᠪᠡᠭᠡᠲᠦ ᠰᠢᠷ᠎ᠠ ᠬᠤᠰᠢᠭᠤᠨ ᠤ ᠬᠤᠲᠠ ᠤᠷᠤᠭᠰᠠᠨ ᠮᠠᠯᠴᠢᠨ ᠪᠦᠰᠡᠬᠦᠢ ᠨᠠᠷᠠᠨ᠎ᠠ ᠴᠠᠭᠠᠨ ᠢᠳᠡᠭᠡᠨ ᠢᠶᠠᠷ ᠢᠶᠠᠨ ᠠᠯᠳᠠᠷ ᠢᠶᠠᠨ ᠡᠷᠬᠦᠵᠦ᠂ ᠴᠢᠨᠠᠷ ᠰᠠᠶᠢᠲᠠᠢ ᠪᠠᠷᠠᠭ᠎ᠠ᠂ ᠲᠤᠳᠤᠨᠤ ᠦᠢᠯᠡᠴᠢᠯᠡᠭᠡ ᠪᠠᠷ ᠢᠶᠠᠨ ᠵᠠᠬ᠎ᠠ ᠳᠡᠯᠭᠡᠬᠦᠷ ᠲᠤ ᠤᠷᠤᠨ ᠵᠠᠢ  ᠪᠠᠨ ᠣᠯᠵᠤ᠂ ᠬᠡᠷᠡᠭᠯᠡᠭᠴᠢᠳ ᠤᠨ ᠢᠶᠠᠨ ᠢᠳᠡᠭᠡᠯ ᠢ ᠤᠯᠤᠭᠰᠠᠨ ᠪᠠᠶᠢᠳᠠᠭ᠃      ᠨᠠᠷᠠᠨ᠎ᠠ 2009 ᠣᠨ ᠳᠤ ᠪᠤᠰᠤᠳ ᠤᠨ ᠬᠢᠭᠰᠡᠨ ᠴᠠᠭᠠᠨ ᠢᠳᠡᠭᠡᠨ ᠢ ᠪᠠᠭ᠎ᠠ ᠰᠠᠭ᠎ᠠ ᠪᠤᠷᠤᠯᠠᠭᠤᠯᠬᠤ ᠪᠠᠷ ᠦᠢᠯᠡᠰ  ᠤᠨ ᠭᠠᠷᠤᠭ᠎ᠠ ᠠᠪᠤᠭᠰᠠᠨ ᠢᠶᠠᠨ ᠤᠳᠠᠯ ᠦᠭᠡᠢ ᠡᠨᠡᠬᠦ ᠦᠢᠯᠡᠰ ᠤᠨ ᠢᠶᠠᠨ ᠡᠪ ᠳᠦᠢ ᠶᠢ ᠣᠯᠵᠤ᠂ ᠲᠠᠷᠠᠭ᠎ᠠ ᠵᠢᠯ ᠠᠴᠠ ᠨᠢ ᠡᠬᠢᠯᠡᠨ᠂ ᠰᠦ ᠠᠪᠴᠤ ᠴᠠᠭᠠᠨ ᠢᠳᠡᠭᠡᠨ ᠬᠢᠬᠦ ᠠᠴᠠ ᠬᠤᠳᠠᠯᠳᠤᠨ ᠪᠤᠷᠤᠯᠠᠭᠤᠯᠬᠤ ᠪᠦᠬᠦᠶᠢᠯᠡ ᠠᠵᠢᠯ ᠢᠶᠠᠨ ᠦᠪᠡᠷ ᠢᠶᠠᠨ ᠬᠢᠵᠤ᠂ ᠤᠷᠤᠯᠭ᠎ᠠ ᠵᠠᠷᠤᠯᠭ᠎ᠠ ᠶᠢᠨ ᠨᠠᠷᠢᠨ ᠳᠠᠩᠰᠠ ᠶᠢ ᠪᠤᠳᠤᠵᠤ᠂ ᠡᠳᠦᠷ ᠪᠦᠷᠢ 200 ᠰᠢᠬᠠᠮ ᠵᠢᠩ ᠰᠦ ᠡᠭᠡᠳᠡᠬᠦᠯᠵᠦ ᠴᠠᠭᠠᠨ ᠢᠳᠡᠭᠡᠨ ᠪᠤᠯᠪᠤᠰᠤᠷᠠᠭᠤᠯᠵᠤ ᠪᠤᠷᠤᠯᠠᠭᠤᠯᠳᠠᠭ ᠪᠤᠯᠵᠠᠢ᠃ ᠲᠡᠷᠡ ᠢᠩᠬᠢᠵᠦ ᠢᠳᠡᠭ ᠢᠳᠡᠭ ᠢᠶᠠᠷ ᠡᠵᠡᠩᠨᠡᠯᠲᠡ ᠪᠠᠨ ᠦᠷᠭᠡᠳᠬᠡᠵᠦ᠂ ᠭᠤᠷᠪᠠᠳᠤᠭᠠᠷ ᠵᠢᠯ ᠤᠨ ᠨᠢᠭᠤᠷ ᠦᠵᠡᠬᠦ ᠳᠤ ᠡᠳᠦᠷ ᠪᠦᠷᠢ 500 ᠵᠢᠩ ᠰᠦ ᠠᠪᠴᠤ ᠴᠠᠭᠠᠨ ᠢᠳᠡᠭᠡᠨ ᠪᠤᠯᠪᠠᠰᠤᠷᠠᠭᠤᠯᠬᠤ ᠪᠤᠯᠵᠠᠢ᠃ ᠪᠤᠷᠤᠯᠠᠭᠤᠯᠭ᠎ᠠ ᠶᠢᠨ ᠬᠦᠷᠢᠶ᠎ᠡ ᠬᠡᠪᠴᠢᠶ᠎ᠡ ᠶᠡᠬᠡᠰᠬᠦ ᠶᠢ ᠳᠠᠭᠠᠯᠳᠤᠨ ᠠᠰᠢᠭ ᠤᠷᠤᠯᠭ᠎ᠠ ᠨᠢ ᠴᠤ ᠨᠡᠮᠡᠭᠳᠡᠨ᠂ ᠤᠳᠤ ᠡᠪᠤᠯ ᠤᠨ ᠤᠯᠠᠷᠢᠯ ᠳᠤ ᠰᠦ ᠶᠢᠨ ᠢᠷᠡᠯᠲᠡ ᠨᠢ ᠪᠠᠭᠠᠰᠳᠠᠭ ᠪᠤᠯᠪᠠᠴᠤ ᠡᠳᠦᠷ ᠳᠤᠮᠳᠠᠴᠢ ᠪᠠᠷ 800 —1000 ᠵᠢᠩ ᠰᠦ ᠠᠪᠴᠤ ᠪᠤᠯᠪᠠᠰᠤᠷᠠᠭᠤᠯᠤᠭᠠᠳ ᠵᠢᠯ ᠤᠨ ᠪᠤᠷᠤᠯᠠᠭᠤᠯᠭ᠎ᠠ ᠶᠢᠨ ᠴᠡᠪᠡᠷ ᠤᠷᠤᠯᠭ᠎ᠠ ᠨᠢ 15 ᠲᠥᠮᠡᠨ ᠲᠦᠬᠦᠷᠢᠭ ᠲᠤ ᠬᠦᠷᠴᠦ᠂ ᠰᠦ ᠴᠠᠭᠠᠨ ᠢᠳᠡᠭᠡᠨ ᠤ ᠲᠤᠰᠬᠠᠶᠢᠵᠢᠭᠰᠠᠨ ᠡᠵᠡᠩᠨᠡᠯᠳᠡ ᠬᠢᠬᠦ ᠭᠤᠤᠯᠳᠠᠯᠭᠠᠳᠤ ᠡᠷᠦᠬᠡ ᠶᠢᠨ ᠨᠢᠭᠡ ᠪᠣᠯᠵᠤ ᠪᠢᠯᠡ᠃     ᠨᠡᠷᠡᠨ᠎ᠡ ᠶᠢᠨ ᠬᠡᠦᠬᠡᠨ ᠰᠠᠷᠭᠠᠢ ᠨᠢ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠨᠡᠶᠢᠭᠡᠮ ᠲᠤᠭᠤᠷᠢᠭ ᠲᠤ 3 ᠵᠢᠯ ᠠᠵᠢᠯᠯᠠᠭᠰᠠᠨ ᠢᠶᠠᠨ᠂ 2016 ᠣᠨ ᠠᠴᠠ ᠡᠵᠢ ᠪᠠᠨ ᠬᠠᠪᠰᠤᠷᠤᠨ ᠴᠠᠭᠠᠨ ᠢᠳᠡᠭᠡᠨ ᠤ ᠠᠵᠢᠯ ᠲᠥᠷᠦᠯ ᠢᠶᠠᠷ ᠦᠢᠯᠡᠰ ᠪᠤᠰᠬᠠᠬᠤ ᠠᠶᠠᠨ ᠤ ᠵᠠᠮ ᠢᠶᠠᠨ ᠡᠯᠬᠦᠵᠡᠢ᠃ ᠶᠡᠷᠦᠳᠡᠭᠡᠨ ᠰᠦ ᠰᠠᠭᠠᠯᠢ ᠡᠳ᠋ᠰᠢᠬᠦᠯᠦᠨ ᠪᠤᠯᠪᠠᠰᠤᠷᠠᠭᠤᠯᠵᠤ ᠴᠠᠭᠠᠨ ᠢᠳᠡᠭᠡᠨ ᠬᠢᠬᠦ ᠠᠵᠢᠯ ᠳᠤ ᠠᠯᠢ ᠡᠷᠲᠡ ᠭᠠᠷ ᠳᠠᠳᠤᠭᠰᠠᠨ ᠰᠠᠷᠭᠠᠢ ᠭᠠᠷ ᠤᠳᠠᠰᠤ ᠲᠡᠭᠡᠷ᠎ᠡ ᠪᠠᠨ ᠠᠷᠠᠯᠵᠢᠶᠠᠨ ᠤ ᠬᠠᠨᠢᠲᠠᠨ ᠤ ᠸᠢᠴᠠᠲ ᠴᠤᠭᠯᠠᠷᠠᠯ ᠪᠠᠶᠢᠭᠤᠯᠵᠤ᠂ ᠪᠤᠷᠤᠯᠠᠭᠤᠯᠭ᠎ᠠ ᠶᠢᠨ ᠵᠠᠮ ᠢᠶᠠᠨ ᠦᠷᠭᠡᠳᠬᠡᠵᠦ ᠪᠠᠶᠢᠬᠤ ᠪᠠᠷ ᠪᠠᠷᠠᠬᠤ ᠦᠬᠡᠢ ᠡᠷᠢᠶᠡᠨ ᠬᠤᠲᠠ᠂ ᠰᠢᠯᠢ ᠶᠢᠨ ᠬᠤᠲᠠ ᠠᠴᠠ ᠭᠠᠳᠠᠨ᠎ᠠ ᠬᠦᠯᠦᠨ ᠪᠤᠶᠢᠷ᠂ ᠪᠠᠶᠠᠨᠨᠠᠭᠤᠷ ᠵᠡᠷᠭᠡ ᠠᠶᠢᠮᠠᠭ ᠬᠤᠲᠠ ᠪᠠᠷ ᠪᠦᠬᠡᠮ ᠪᠤᠶᠤ ᠰᠤᠯᠠ ᠪᠠᠷ ᠬᠤᠳᠠᠯᠳᠤᠬᠤ ᠪᠤᠷᠤᠯᠠᠭᠤᠯᠭ᠎ᠠ ᠶᠢᠨ ᠴᠡᠭ ᠲᠠᠢ ᠪᠤᠯᠤᠭᠰᠠᠨ ᠪᠠᠶᠢᠨ᠎ᠠ᠃      2017 ᠣᠨ ᠠᠴᠠ ᠨᠠᠭᠠᠰᠢ᠂ ᠬᠤᠰᠢᠭᠤ ᠨᠤᠲᠤᠭ ᠤᠨ ᠢᠶᠠᠨ ︽ᠠᠯᠲᠠᠨ ᠨᠠᠮᠤᠷ ᠤᠨ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠤᠯᠠᠮᠵᠢᠯᠠᠯᠲᠤ ᠴᠠᠭᠠᠨ ᠢᠳᠡᠭᠡᠨ ᠤ ᠪᠦᠳᠦᠭᠡᠭᠳᠡᠬᠦᠨ ᠤ ᠠᠳᠠᠯᠢᠳᠬᠠᠨ ᠰᠢᠯᠭᠠᠭᠤᠯᠤᠯᠲᠠ  ᠳᠤ ᠢᠳᠡᠪᠬᠢᠳᠡᠢ ᠤᠷᠤᠯᠴᠠᠵᠤ᠂ ᠰᠢᠷᠠᠰᠤᠨ ᠤ ᠤᠮᠳᠠᠭᠠᠨ᠂ ᠰᠢᠷᠠᠰᠤᠨ ᠤ ᠰᠢᠬᠢᠷ᠂ ᠤᠷᠳᠤᠨ ᠤ ᠶᠤᠰᠤᠯᠠᠯ ᠤᠨ ᠴᠠᠭᠠᠨ ᠢᠳᠡᠭᠡᠨ ᠤ ᠲᠠᠪᠠᠭ ᠵᠡᠷᠭᠡ ᠬᠡᠳᠦ ᠬᠡᠳᠦᠨ ᠲᠥᠷᠦᠯ ᠤᠨ ᠤᠷᠤᠯᠳᠤᠭᠠᠨ ᠤ ᠲᠦᠷᠦᠬᠦᠦ 3 ᠨᠡᠷᠡᠰ ᠤᠨ ᠱᠠᠩᠨᠠᠯ ᠢ ᠲᠤᠰᠴᠤ᠂ ᠠᠩᠬᠠᠳᠤᠭᠠᠷ ᠤᠳᠠᠭᠠᠨ ᠤ ᠰᠢᠯᠢ ᠶᠢᠨ ᠭᠤᠣᠯ ᠴᠠᠭᠠᠨ ᠢᠳᠡᠭᠡᠨ ᠤ ᠤᠷᠤᠯᠳᠤᠭᠠᠨ ᠳᠤ ᠤᠷᠤᠯᠴᠠᠵᠤ ᠰᠢᠯᠢᠳᠡᠭ ᠲᠡᠰ ᠤᠨ ᠱᠠᠩᠨᠠᠯ ᠭᠠᠷᠳᠠᠭᠰᠠᠨ ᠪᠠᠶᠢᠳᠠᠭ᠃ ᠰᠠᠷᠭᠠᠢ ᠦᠩᠭᠡᠷᠡᠬᠦ ᠬᠠᠪᠤᠷ ᠤᠨ ᠬᠢᠵᠢᠭ ᠤᠨ ᠬᠤᠭᠤᠴᠠᠭᠠᠨ ᠳᠤ 6000 ᠲᠦᠬᠦᠷᠢᠭ ᠤᠨ ᠥᠷᠳᠡᠭ ᠪᠦᠬᠦᠢ ᠴᠠᠭᠠᠨ ᠢᠳᠡᠭᠡᠨ ᠢᠶᠠᠷ ᠢᠶᠠᠨ ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠬᠢ᠂ ᠮᠤᠩᠭᠤᠯ ᠡᠮᠨᠡᠯᠭᠡ ᠶᠢᠨ ᠬᠤᠷᠢᠶ᠎ᠠ ᠵᠡᠷᠭᠡ 4 ᠪᠠᠶᠢᠭᠤᠯᠭ᠎ᠠ ᠶᠢᠨ ᠡᠮᠴᠢ ᠴᠠᠭᠳᠠᠭ᠎ᠠ ᠨᠡᠷ ᠢ ᠪᠤᠯᠭᠤᠭᠠᠨ ᠲᠤᠬᠤᠨᠢᠭᠤᠯᠵᠤ᠂ ᠨᠢᠩᠵᠢᠨ ᠰᠡᠳᠬᠢᠯ ᠤᠨ ᠬᠠᠯᠠᠭᠤᠨ ᠬᠠᠶᠢᠷ᠎ᠠ ᠪᠠᠨ ᠬᠦᠷᠭᠡᠭᠰᠡᠨ ᠪᠠᠶᠢᠨ᠎ᠠ᠃
         
        ᠢᠷᠡᠯᠲᠡ᠄ ᠬᠦᠪᠡᠭᠡᠲᠦ ᠰᠢᠷ᠎ᠠ ᠬᠣᠰᠢᠭᠤᠨ ᠤ ᠬᠠᠮ ᠵᠠᠭᠤᠴᠢᠯᠠᠭᠤᠷ ᠤᠨ ᠲᠥᠪ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号