ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ | ᠮᠤᠩᠭᠤᠯ ᠰᠢᠨᠵᠢᠯᠡᠬᠦ ᠤᠬᠠᠭᠠᠨᠲᠠᠨ ᠪᠤᠷᠵᠢᠬᠢᠨ ᠬᠡᠷᠡᠯᠲᠦ ᠶᠢ ᠰᠤᠷᠪᠤᠯᠵᠢᠯᠠᠭᠰᠠᠨ ᠨᠢ | | ᠰᠢᠨ᠎ᠡ ᠡᠬᠦᠳᠦᠯᠳᠡ ᠭᠡᠭᠴᠢ ᠨᠢ ᠣᠶᠤᠨ ᠤᠬᠠᠭᠠᠨ᠂ ᠬᠦᠴᠦ ᠬᠦᠯᠦᠰᠦ ᠪᠠᠷ ᠢᠶᠠᠨ ᠱᠤᠭᠤᠵᠤ | ᠪᠦᠳᠦᠭᠡᠭᠰᠡᠨ ᠣᠶᠤᠨ ᠤ ᠠᠨᠵᠢᠰᠤᠨ ᠬᠤᠰᠢᠭᠤ ᠬᠡᠯᠡᠳᠡᠢ᠃ ᠲᠡᠷᠡ ᠬᠦ ᠠᠨᠵᠢᠰᠤᠨ ᠬᠤᠰᠢᠭᠤ ᠪᠠᠷ ᠠᠲᠠᠷ ᠬᠡᠭᠡᠷ᠎ᠡ ᠶᠢ | ᠬᠠᠭᠠᠯᠪᠤᠷᠢᠯᠠᠵᠤ ︽ᠲᠤᠭᠤᠳᠠᠭ ᠰᠠᠭᠤᠬᠤ ᠦᠬᠡᠢ ᠲᠡᠤᠯᠠᠢ ᠪᠠᠭᠠᠬᠤ ᠦᠬᠡᠢ︾ ᠭᠠᠵᠠᠷ ᠢ ᠠᠮᠢ ᠨᠠᠰᠤᠨ ᠤ ᠨᠤᠭᠤᠭᠠᠨ | ᠪᠦᠷᠢᠳᠦ ᠪᠤᠯᠭᠠᠵᠤ᠂ ᠦᠢᠯᠡᠰ ᠤᠨ ᠴᠡᠴᠡᠭ ᠢ ᠦᠷᠭᠡᠨ ᠲᠠᠯ᠎ᠠ ᠳᠤ ᠥᠪᠴᠢ ᠳᠡᠯᠭᠡᠷᠡᠬᠦᠯᠳᠡᠭ ᠪᠢᠯᠡ᠃ ᠳᠤᠮᠳᠠᠳᠤ ᠶᠢᠨ | ᠥᠷᠭᠡᠨ ᠠᠭᠤᠳᠠᠮ ᠨᠤᠲᠤᠭ ᠲᠤ ᠲᠤᠭ᠎ᠠ ᠲᠤᠮᠰᠢ ᠦᠭᠡᠢ ᠣᠯᠠᠨ ᠰᠢᠨ᠎ᠡ ᠡᠬᠦᠳᠦᠯᠳᠡ ᠶᠢᠨ ᠬᠡᠷᠡᠯᠳᠦ ᠣᠳᠤᠨ | ᠬᠢᠯᠡᠯᠵᠠᠵᠤ ᠪᠠᠶᠢᠳᠠᠭ᠂ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ | ᠵᠢᠯᠤᠭᠤᠳᠤᠭᠴᠢ ᠪᠠᠭᠰᠢ ᠪᠣᠷᠵᠢᠬᠢᠨ ᠬᠡᠷᠡᠯᠳᠦ ᠪᠣᠯ ᠶᠠᠭ ᠯᠠ ᠢᠩᠭᠢᠵᠤ ᠰᠢᠷᠭᠠᠭᠤ ᠠᠵᠢᠯᠯᠠᠵᠤ᠂ ᠰᠢᠨᠳᠡᠷᠰᠢ ᠦᠭᠡᠢ | ᠰᠤᠳᠤᠯᠵᠤ ᠣᠶᠣᠨ ᠤ ᠠᠲᠠᠷ ᠬᠠᠭᠠᠯᠪᠤᠷᠢᠯᠠᠭᠴᠢ ᠪᠤᠯᠵᠤ ᠶᠠᠪᠤᠭ᠎ᠠ ᠪᠢᠯᠡ᠃ | 1977 ᠣᠨ ᠳᠤ ᠠᠷᠪᠠᠨ ᠨᠠᠢᠮᠠᠨ ᠨᠠᠰᠤᠲᠠᠢ ᠪᠣᠷᠵᠢᠭᠢᠨ ᠬᠡᠷᠡᠯᠲᠦ ᠰᠢᠯᠢ ᠶᠢᠨ ᠭᠤᠣᠯ ᠠᠶᠢᠮᠠᠭ ᠤᠨ | ᠬᠦᠪᠡᠭᠡᠲᠦ ᠰᠢᠷ᠎ᠠ ᠬᠤᠰᠢᠭᠤᠨ ᠠᠴᠠ ᠥᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠰᠢᠯᠭᠠᠨ ᠤᠷᠤᠪᠠ᠃ | ᠲᠠᠷᠠᠭ᠎ᠠ ᠨᠢ ᠲᠡᠷᠡ ᠤᠷᠢᠳ ᠬᠤᠵᠢᠳ ᠪᠡᠭᠡᠵᠢᠩ ᠶᠡᠭᠡ ᠰᠤᠷᠭᠠᠭᠤᠯᠢ᠂ ᠠᠩᠭ᠍ᠯᠢ ᠣᠯᠣᠰ ᠤᠨ ᠯᠠᠨᠺᠠᠰᠲ᠋ᠧᠷ ᠶᠡᠭᠡ | ᠰᠤᠷᠭᠠᠭᠤᠯᠢ᠂ ᠶᠠᠫᠤᠨ ᠤ ᠲᠣᠣᠺᠢᠤ᠋ ᠶᠡᠭᠡ ᠰᠤᠷᠭᠠᠭᠤᠯᠢ ᠳᠤ ᠳᠡᠭᠡᠳᠤ ᠮᠣᠯᠧᠺᠦ᠋ᠯᠲᠦ ᠬᠢᠮᠢ ᠪᠣᠯᠣᠨ ᠡᠮᠲᠤ ᠪᠤᠳᠠᠰ ᠤᠨ | ᠰᠤᠳᠤᠯᠭᠠᠨ ᠤ ᠠᠵᠢᠯ ᠬᠢᠵᠤ᠂ 44 ᠨᠠᠰᠤᠲᠠᠢ ᠳᠠᠭᠠᠨ ᠶᠠᠫᠤᠨ ᠤ ᠲᠣᠣᠺᠢᠤ᠋ ᠶᠡᠭᠡ ᠰᠤᠷᠭᠠᠭᠤᠯᠢ ᠳᠤ ᠳ᠋ᠣᠺᠲ᠋ᠣᠷ ᠤᠨ | ᠵᠡᠷᠭᠡ ᠬᠠᠮᠠᠭᠠᠯᠠᠭᠠᠳ ᠤᠯᠤᠰ ᠤᠨ ᠭᠠᠳᠠᠭᠠᠳᠤ ᠳᠤ ᠠᠵᠢᠯᠯᠠᠵᠤ ᠠᠮᠢᠳᠤᠷᠠᠬᠤ ᠨᠦᠬᠦᠴᠡᠯ ᠲᠤᠬᠢᠶᠠᠯ ᠢ ᠲᠡᠪᠴᠢᠵᠤ᠂ | 1999 ᠣᠨ ᠳᠤ ᠡᠬᠡ ᠣᠯᠣᠰ ᠲᠠᠭᠠᠨ ᠪᠤᠴᠠᠵᠤ ᠢᠷᠡᠪᠡ᠃ ᠤᠴᠢᠷ ᠨᠢ ᠲᠡᠷᠡ ᠡᠬᠡ ᠣᠯᠣᠰ᠂ ᠠᠷᠠᠳ | ᠲᠦᠮᠡᠨ ᠤ ᠪᠠᠨ ᠲᠦᠯᠦᠭᠡ ᠶᠠᠭᠤ ᠨᠢᠭᠡ ᠶᠢ ᠬᠢᠬᠦ ᠶᠤᠰᠤᠳᠠᠢ ᠭᠡᠳᠡᠭ ᠢᠶᠠᠨ ᠬᠦᠨᠵᠡᠭᠡᠢ ᠮᠡᠳᠡᠨ᠎ᠡ᠃ ᠲᠡᠷᠡᠪᠡᠷ | ᠤᠯᠤᠰ ᠤᠨ ᠰᠤᠷᠭᠠᠨ ᠬᠦᠮᠦᠵᠢᠯ ᠤᠨ ᠶᠠᠮᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠥᠪᠦᠷ | ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠣᠯᠣᠨ ᠥᠪᠦᠷ | ᠮᠤᠩᠭᠤᠯ ᠤᠨ ᠶᠡᠭᠡ ᠰᠤᠷᠭᠠᠭᠤᠯᠢ ᠶᠢᠨ ᠬᠠᠯᠠᠭᠤᠨ ᠳᠡᠮᠵᠢᠯᠭᠡ ᠪᠠᠷ ᠲᠤᠰ ᠵᠢᠯ ᠤᠨ 11 ᠰᠠᠷ᠎ᠠ ᠶᠢᠨ 29 ᠤ ᠡᠳᠦᠷ | ᠥᠪᠦᠷ ᠮᠤᠩᠭᠤᠯ ᠤᠨ ᠶᠡᠭᠡ ᠰᠤᠷᠭᠠᠭᠤᠯᠢ ᠳᠤ ᠲᠡᠭᠡᠳᠦ ᠮᠤᠯᠧᠺᠦ᠋ᠯᠲᠦ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠢ ᠪᠠᠶᠢᠭᠤᠯᠵᠤ᠂ ᠪᠤᠷᠵᠢᠬᠢᠨ ᠭᠡᠷᠡᠯᠲᠦ ᠰᠤᠳᠤᠯᠬᠤ ᠭᠠᠵᠠᠷ ᠤᠨ ᠲᠠᠷᠤᠭ᠎ᠠ ᠪᠠᠷ ᠲᠤᠮᠢᠯᠠᠭᠳᠠᠪᠠ᠃ ᠨᠢᠭᠡ ᠵᠢᠯ ᠤᠨ | ᠰᠢᠷᠭᠠᠭᠤ ᠴᠢᠷᠮᠠᠶᠢᠯᠭ᠎ᠠ ᠪᠠᠷ ᠳᠠᠮᠵᠢᠨ ᠤᠳᠤᠬᠢᠴᠢᠯᠠᠭᠰᠠᠨ ︽ᠳᠡᠭᠡᠳᠤ ᠮᠣᠯᠧᠺᠦ᠋ᠯᠲᠦ ᠡᠮ ᠢ ᠨᠡᠶᠢᠯᠡᠬᠦᠯᠬᠦ | ᠲᠤᠷᠰᠢᠯᠲᠠ ᠶᠢᠨ ᠲᠠᠰᠤᠭ︾ ᠪᠤᠯᠤᠨ ︽ᠮᠤᠩᠭᠤᠯ ᠡᠮ ᠤᠨ ᠬᠢᠮᠢ ᠪᠤᠯᠤᠨ ᠡᠮ ᠨᠡᠶᠢᠯᠡᠬᠦᠯᠬᠦ ᠲᠤᠷᠰᠢᠯᠲᠠ ᠶᠢᠨ | ᠲᠠᠰᠤᠭ︾ ᠢ ᠪᠠᠶᠢᠭᠤᠯᠪᠠ᠃ | ᠲᠡᠷᠡ ᠬᠦ ᠮᠦᠴᠡ ᠠᠴᠠ ᠡᠬᠢᠯᠡᠨ ᠪᠤᠷᠵᠢᠬᠢᠨ ᠬᠡᠷᠡᠯᠲᠦ ᠠᠵᠢᠯᠯᠠᠬᠤ ᠪᠠᠭ ᠢᠶᠠᠨ ᠲᠠᠭᠠᠭᠤᠯᠤᠨ ᠤᠳᠠᠭᠠᠨ | ᠲᠠᠭᠠᠭᠠᠮᠠᠭᠠᠢ ᠮᠦᠷᠳᠡᠭᠡᠨ ᠨᠦᠰᠡᠷ ᠬᠦᠨᠳᠦ ᠡᠷᠳᠡᠮ ᠰᠢᠨᠵᠢᠯᠡᠭᠡᠨ ᠤ ᠰᠤᠳᠤᠯᠭᠠᠨ ᠤ ᠰᠢᠨ᠎ᠡ ᠡᠬᠦᠳᠦᠯᠳᠡ ᠶᠢᠨ | ᠠᠵᠢᠯ ᠢᠶᠠᠨ ᠡᠬᠢᠯᠡᠬᠦᠯᠵᠦ᠂ ᠮᠤᠩᠭᠤᠯ ᠡᠮ ᠪᠠ ᠰᠢᠨ᠎ᠡ ᠡᠮ ᠤᠨ ᠰᠤᠳᠤᠯᠭᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠬᠦᠳᠦᠯᠲᠡ ᠵᠡᠷᠭᠡ ᠲᠠᠯ᠎ᠠ ᠪᠠᠷ ᠬᠡᠳᠦ ᠬᠡᠳᠦ ᠲᠥᠷᠦᠯ ᠤᠨ ᠰᠢᠪᠳᠤᠯᠤᠯᠲᠠ ᠶᠢᠨ ᠴᠢᠨᠠᠷ ᠲᠠᠢ | ᠠᠮᠵᠢᠯᠲᠠ ᠪᠦᠳᠦᠭᠡᠯ ᠭᠠᠷᠭᠠᠵᠤ᠂ ᠵᠠᠷᠢᠮ ᠰᠤᠳᠤᠯᠭᠠᠨ ᠤ ᠪᠦᠳᠦᠭᠡᠯ ᠨᠢ ᠳᠡᠯᠡᠭᠡᠢ ᠶᠢᠨ ᠲᠡᠷᠢᠬᠦᠨ ᠤ ᠬᠢᠷᠢ | ᠲᠥᠪᠰᠢᠨ ᠳᠤ ᠬᠦᠷᠪᠡ᠃ ᠠᠵᠢᠯᠯᠠᠬᠤ ᠪᠠᠭ ᠤᠨ ᠬᠢᠨ ᠣᠯᠣᠰ ᠤᠨ ᠳᠤᠳᠤᠭᠠᠳᠤ ᠭᠠᠳᠠᠭᠠᠳᠤ ᠳᠤ 5 ᠲᠥᠷᠦᠯ ᠤᠨ | ᠠᠩᠬᠠᠨ ᠤ ᠢᠯᠡᠷᠡᠬᠦᠯᠦᠯᠲᠡ ᠶᠢ ᠡᠬᠦᠳᠴᠦ᠂ ᠤᠯᠤᠰ ᠤᠨ 6 ᠲᠥᠷᠦᠯ ᠤᠨ ᠡᠬᠦᠳᠦᠨ ᠪᠦᠳᠦᠭᠡᠯᠲᠡ ᠶᠢᠨ ᠲᠤᠰᠬᠠᠢ | ᠠᠰᠢᠭ ᠤᠨ ᠡᠷᠬᠡ ᠶᠢ ᠬᠦᠷᠲᠡᠪᠡ᠃ 2002 ᠣᠨ ᠳᠤ ᠠᠶᠢᠽ ᠡᠪᠡᠳᠴᠢᠨ ᠢ ᠡᠰᠡᠷᠭᠦᠴᠡᠬᠦ ᠡᠮ ᠳᠤ ᠣᠷᠤᠬᠤ ᠣᠯᠠᠨ | ᠰᠢᠬᠢᠷ ᠢ ᠠᠩᠬ᠎ᠠ ᠤᠳᠠᠭ᠎ᠠ ᠢᠯᠡᠷᠡᠬᠦᠯᠵᠦ᠂ 2004 ᠣᠨ ᠳᠤ ᠬᠤᠨᠴᠢᠷ ᠣᠯᠠᠨ ᠰᠢᠬᠢᠷ ᠤᠨ ᠦᠭᠡᠬᠦ ᠪᠠᠭᠤᠷᠠᠭᠤᠯᠬᠤ | ᠦᠢᠯᠡᠳᠦᠯ ᠢ ᠠᠩᠬ᠎ᠠ ᠤᠳᠠᠭ᠎ᠠ ᠢᠯᠡᠷᠡᠬᠦᠯᠬᠦ ᠶᠢᠨ ᠬᠠᠮᠲᠤ ᠡᠷᠡᠬᠦᠯᠵᠢᠯ ᠤᠨ ᠢᠳᠡᠭᠡᠨ ᠪᠣᠯᠭᠠᠨ ᠨᠡᠭᠡᠭᠡᠨ ᠬᠦᠭᠵᠢᠬᠦᠯᠵᠦ᠂ | ᠤᠯᠤᠰ ᠤᠨ ᠰᠢᠨ᠎ᠡ ᠡᠬᠦᠳᠦᠯᠲᠡ ᠶᠢᠨ ᠪᠦᠳᠦᠭᠡᠭᠳᠡᠬᠦᠨ ᠤ ᠵᠥᠪᠰᠢᠶᠡᠷᠡᠯ ᠤᠨ ᠪᠢᠴᠢᠭ ᠢ ᠣᠯᠪᠠ᠂ 2005 ᠣᠨ ᠳᠤ | ᠴᠠᠭᠠᠨ ᠰᠢᠬᠢᠷᠲᠦ ᠰᠢᠪᠠᠭ ᠤᠨ ᠣᠯᠠᠨ ᠰᠢᠬᠢᠷ ᠤᠨ ᠴᠢᠰᠤᠨ ᠤ ᠥᠭᠡᠬᠦ ᠶᠢ ᠪᠠᠭᠤᠷᠠᠭᠤᠯᠬᠤ ᠦᠢᠯᠡᠳᠦᠯ ᠢ ᠠᠩᠬ᠎ᠠ | ᠢᠯᠡᠷᠡᠬᠦᠯᠵᠦ᠂ 2006 ᠣᠨ ᠳᠤ ᠴᠢᠰᠤᠨ ᠤ ᠰᠢᠬᠢᠷ ᠢ ᠲᠡᠩᠴᠡᠬᠦᠷᠢᠰᠢᠬᠦᠯᠬᠦ ᠮᠤᠩᠭᠤᠯ ᠡᠮ ᠤᠨ ᠡᠮᠴᠢᠯᠡᠭᠡᠨ ᠠᠴᠠ | ᠡᠮᠦᠨᠡᠬᠢ ᠰᠤᠳᠤᠯᠭᠠᠨ ᠢ ᠬᠢᠵᠤ ᠲᠠᠭᠤᠰᠤᠭᠠᠳ ᠤᠯᠤᠰ ᠤᠨ ᠡᠮᠴᠢᠯᠡᠭᠡᠨ ᠤ ᠵᠥᠪᠰᠢᠶᠡᠷᠡᠯ ᠤᠨ ᠪᠢᠴᠢᠭ ᠶᠢ ᠣᠯᠪᠠ᠂ | 2006 ᠣᠨ ᠳᠤ ᠠᠩᠬ᠎ᠠ ᠤᠳᠠᠭ᠎ᠠ ᠮᠤᠩᠭᠤᠯ ᠡᠮ ᠤᠨ ᠳᠤᠳᠤᠷ᠎ᠠ ᠠᠴᠠ ᠴᠢᠰᠤᠨ ᠤ ᠥᠭᠡᠬᠦ ᠶᠢ ᠪᠠᠭᠤᠷᠠᠭᠤᠯᠬᠤ | ᠡᠮ ᠳᠤ ᠣᠷᠣᠬᠤ ᠬᠢᠮᠢ ᠶᠢᠨ ᠨᠠᠶᠢᠯᠡᠮᠡᠯ ᠪᠤᠳᠠᠰBGN ᠢ ᠢᠯᠡᠷᠡᠬᠦᠯᠵᠦ᠂ 2 ᠲᠥᠷᠦᠯ ᠤᠨ ᠡᠬᠦᠳᠦᠨ | ᠪᠦᠳᠦᠭᠡᠯᠲᠡ ᠶᠢᠨ ᠲᠤᠰᠬᠠᠢ ᠠᠰᠢᠭ ᠢ ᠬᠦᠷᠲᠡᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠬᠤᠯᠠ ᠰᠡᠳᠦᠪ ᠢᠶᠠᠷ ᠰᠤᠩᠭᠤᠭᠳᠠᠪᠠ᠃ 2007 ᠣᠨ ᠳᠤ ᠪᠠᠺᠲ᠋ᠧᠷᠢ ᠤᠰᠠᠳᠬᠠᠬᠤ ᠢᠰᠭᠡᠭᠰᠡᠨ ᠴᠡᠭᠡ ᠨᠢ | ᠦᠭᠡᠬᠦ ᠶᠢ ᠪᠠᠭᠤᠷᠠᠭᠤᠯᠬᠤ ᠦᠢᠯᠡᠳᠦᠯ ᠲᠠᠢ ᠭᠡᠳᠡᠭ ᠢ ᠠᠩᠬ᠎ᠠ ᠢᠯᠡᠷᠡᠬᠦᠯᠵᠦ᠂ 2010 ᠣᠨ ᠳᠤ ᠥᠭᠡᠬᠦ ᠶᠢ | ᠪᠠᠭᠤᠷᠠᠭᠤᠯᠬᠤ ᠦᠢᠯᠡᠳᠦᠯ ᠲᠠᠢ ᠭᠡᠳᠡᠭ ᠢ ᠠᠩᠬ᠎ᠠ ᠢᠯᠡᠷᠡᠬᠦᠯᠵᠦ᠂ 2010 ᠣᠨ ᠳᠤ ᠥᠭᠡᠬᠦ ᠶᠢ ᠪᠠᠭᠤᠷᠠᠭᠤᠯᠬᠤ | ᠰᠢᠨ᠎ᠡ ᠮᠤᠩᠭᠤᠯ ᠡᠮ ︽ᠴᠢᠰᠤᠨ ᠮᠤᠯᠤᠷ ᠡᠮ︾ ᠢ ᠰᠤᠳᠤᠯᠤᠨ ᠪᠦᠳᠦᠭᠡᠬᠦ ᠶᠢᠨ ᠬᠠᠮᠲᠤ ᠡᠮᠴᠢᠯᠡᠭᠡᠨ ᠳᠤ ᠡᠬᠢᠯᠡᠨ | ᠬᠡᠷᠡᠭᠯᠡᠪᠡ᠃ | ᠪᠣᠷᠵᠢᠬᠢᠨ ᠬᠡᠷᠡᠯᠲᠦ ᠶᠢᠨ ᠠᠵᠢᠯᠯᠠᠬᠤ ᠪᠠᠭ ᠤᠨ ᠬᠢᠨ ᠤᠯᠤᠰ ᠤᠨ ᠰᠢᠨ᠎ᠡ ᠡᠮ ᠨᠠᠶᠢᠷᠠᠭᠤᠯᠬᠤ ᠴᠢᠬᠤᠯᠠ | ᠲᠤᠰᠬᠠᠢ ᠰᠡᠳᠦᠪ ᠢ ᠲᠠᠭᠠᠭᠠᠴᠢᠯᠠᠵᠤ᠂ ᠴᠢᠰᠤᠨ ᠤ ᠰᠢᠬᠢᠷ ᠢ ᠪᠠᠭᠤᠷᠠᠭᠤᠯᠬᠤ ᠮᠤᠩᠭᠤᠯ ᠡᠮ ᠪᠣᠯᠣᠨ ᠰᠢᠨ᠎ᠡ ᠡᠮ | ᠨᠠᠶᠢᠷᠠᠭᠤᠯᠬᠤ ᠮᠠᠰᠢ ᠤᠳᠬ᠎ᠠ ᠠᠭᠤᠯᠭ᠎ᠠ ᠲᠠᠢ ᠰᠤᠳᠤᠯᠭᠠᠨ ᠤ ᠠᠵᠢᠯ ᠢᠶᠠᠷ ᠢᠶᠠᠨ ᠲᠤᠪᠤᠶᠢᠮ᠎ᠠ ᠠᠮᠵᠢᠯᠲᠠ | ᠭᠠᠷᠭᠠᠭᠰᠠᠨ ᠶᠤᠮ᠃ ᠠᠷᠪᠠᠨ ᠵᠢᠯ ᠤᠨ ᠬᠠᠳᠠᠭᠤᠵᠢᠯᠲᠠᠢ ᠰᠤᠳᠤᠯᠭᠠᠨ ᠢᠶᠠᠷ ᠳᠠᠮᠵᠢᠵᠤ᠂ ᠤᠳᠤᠬᠢᠴᠢᠯᠠᠭᠰᠠᠨ | ᠰᠢᠨᠵᠢᠯᠡᠬᠦ ᠤᠬᠠᠭᠠᠨ ᠢᠶᠠᠷ ᠥᠭᠡᠬᠦ ᠪᠠᠭᠤᠷᠠᠭᠤᠯᠬᠤ ᠤᠯᠠᠮᠵᠢᠯᠠᠯᠲᠤ ᠮᠤᠩᠭᠤᠯ ᠡᠮ ᠳᠤ ᠴᠢᠰᠤᠨ ᠤ ᠥᠭᠡᠬᠦ ᠶᠢ | ᠪᠠᠭᠤᠷᠠᠭᠤᠯᠬᠤ ᠦᠢᠯᠡᠳᠦᠯ ᠲᠠᠢ ᠪᠠᠶᠢᠭᠠᠯᠢᠯᠢᠭ ᠬᠢᠮᠢ ᠶᠢᠨ ᠨᠡᠶᠢᠯᠡᠮᠡᠯ ᠪᠤᠳᠠᠰ ᠪᠠᠶᠢᠬᠤ ᠪᠠ ᠲᠡᠬᠦᠨ ᠤ ᠮᠤᠯᠧᠺᠦ᠋ᠯ ᠤᠨ | ᠪᠦᠳᠦᠴᠡ ᠶᠢ ᠢᠯᠡᠷᠡᠬᠦᠯᠵᠦ᠂ ᠴᠢᠰᠤᠨ ᠤ ᠥᠭᠡᠬᠦ ᠶᠢ ᠪᠠᠭᠤᠷᠠᠭᠤᠯᠳᠠᠭ ᠤᠯᠠᠮᠵᠢᠯᠠᠯᠲᠤ ᠮᠤᠩᠭᠤᠯ ᠡᠮ ᠤᠨ ᠳᠤᠳᠤᠷ᠎ᠠ | ᠲᠡᠯᠡᠭᠡᠢ ᠲᠡᠭᠡᠷᠡᠬᠢ ᠬᠠᠮᠤᠭ ᠤᠨ ᠰᠢᠨ᠎ᠡ ᠥᠭᠡᠬᠦ ᠪᠠᠭᠤᠷᠠᠭᠤᠯᠳᠠᠭ ᠡᠮ ᠳᠤ ᠣᠷᠤᠬᠤ ᠪᠠᠶᠢᠭᠠᠯᠢᠯᠢᠭ ᠬᠢᠮᠢ ᠶᠢᠨ | ᠨᠡᠶᠢᠯᠡᠮᠡᠯ ᠪᠤᠳᠠᠰ GBN ᠪᠠᠶᠢᠬᠤ ᠶᠢ ᠠᠩᠬ᠎ᠠ ᠢᠯᠡᠷᠡᠬᠦᠯᠬᠦ ᠶᠢᠨ ᠬᠠᠮᠲᠤ GBN ᠤᠨ ᠬᠢᠮᠢ ᠶᠢᠨ ᠨᠡᠶᠢᠯᠡᠮᠡᠯ | ᠪᠤᠳᠠᠰ᠂ ᠡᠮ ᠵᠦᠢ᠂ ᠬᠤᠣᠷ ᠵᠦᠢ ᠪᠣᠯᠣᠨ ᠬᠡᠷᠡᠭᠯᠡᠭᠡᠨ ᠤ ᠵᠢᠮ᠎ᠡ ᠬᠠᠤᠯᠢ ᠶᠢᠨ ᠰᠤᠳᠤᠯᠭᠠᠨ ᠤ ᠠᠵᠢᠯ ᠢ ᠠᠮᠵᠢᠯᠲᠠ | ᠲᠠᠢ ᠪᠡᠶᠡᠯᠡᠬᠦᠯᠵᠦ᠂ ᠮᠠᠨ ᠤ ᠤᠯᠤᠰ ᠤᠨ ᠪᠦᠷᠢᠨ ᠡᠷᠬᠡᠲᠦ ᠣᠶᠤᠨ ᠤ ᠥᠮᠴᠢ ᠪᠦᠬᠦᠢ ᠥᠭᠡᠬᠦ ᠶᠢ ᠪᠠᠭᠤᠷᠠᠭᠤᠯᠬᠤ | ᠰᠢᠨ᠎ᠡ ᠡᠮ ᠢ ᠰᠤᠳᠤᠯᠤᠨ ᠪᠦᠳᠦᠭᠡᠬᠦ ᠳᠤ ᠦᠨ᠎ᠡ ᠴᠠᠨ᠎ᠠ ᠲᠠᠢ ᠵᠢᠱᠢᠭᠳᠡᠬᠦ ᠡᠮ ᠢ ᠬᠠᠩᠭᠠᠪᠠ᠃ ᠡᠨᠡ ᠬᠦ ᠲᠥᠷᠦᠯ ᠤᠨ | ᠠᠮᠵᠢᠯᠲᠠ ᠪᠦᠳᠦᠭᠡᠯ ᠪᠣᠯ ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠲᠡᠦᠬᠡᠨ ᠳᠠᠬᠢ ᠠᠩᠬ᠎ᠠ ᠤᠳᠠᠭ᠎ᠠ | ᠤᠯᠠᠮᠵᠢᠯᠠᠯᠲᠤ ᠮᠣᠩᠭᠤᠯ ᠡᠮ ᠤᠨ ᠰᠤᠳᠤᠯᠭᠠᠨ ᠢ ᠮᠣᠯᠧᠺᠦᠯ ᠤᠨ ᠬᠢᠷᠢ ᠲᠥᠪᠰᠢᠨ ᠳᠤ ᠬᠦᠷᠭᠡᠪᠡ᠂ ᠡᠨᠡ ᠨᠢ ᠠᠩᠬ᠎ᠠ | ᠤᠳᠠᠭ᠎ᠠ ᠬᠢᠮᠢ᠂ ᠠᠮᠢᠳᠤ ᠪᠤᠳᠠᠰ ᠪᠤᠯᠤᠨ ᠠᠨᠠᠭᠠᠬᠤ ᠤᠬᠠᠭᠠᠨ ᠵᠡᠷᠭᠡ ᠤᠳᠤᠬᠢᠴᠢᠯᠠᠭᠰᠠᠨ ᠰᠢᠨᠵᠢᠯᠡᠬᠦ ᠤᠬᠠᠭᠠᠨ ᠢ | ᠠᠰᠢᠭᠯᠠᠵᠤ ᠤᠯᠠᠮᠵᠢᠯᠠᠯᠲᠤ ᠮᠤᠩᠭᠤᠯ ᠡᠮ ᠤᠨ ᠥᠭᠡᠬᠦ ᠪᠠᠭᠤᠷᠠᠭᠤᠯᠬᠤ ᠡᠮᠲᠦ ᠦᠢᠯᠡᠳᠦᠯ ᠪᠠ ᠡᠮ ᠤᠨ | ᠰᠤᠳᠤᠯᠭᠠᠨ ᠤ ᠦᠨ᠎ᠡ ᠥᠷᠲᠡᠭ ᠢ ᠰᠢᠰᠲ᠋ᠧᠮ ᠲᠠᠢ ᠲᠤᠳᠤᠷᠬᠠᠶᠢᠯᠠᠵᠤ ᠴᠢᠳᠠᠵᠠᠢ᠃ ᠡᠨᠡ ᠨᠢ ᠤᠯᠤᠰ ᠤᠨ | ᠲᠤᠳᠤᠭᠠᠳᠤ ᠭᠠᠳᠠᠭᠠᠳᠤ ᠶᠢᠨ ᠡᠷᠳᠡᠮᠳᠡᠳ ᠪᠠ ᠨᠡᠩ ᠣᠯᠠᠨ ᠬᠦᠮᠦᠰ ᠲᠤ ᠮᠤᠩᠭᠤᠯ ᠡᠮ ᠢ ᠤᠯᠠᠮ ᠰᠠᠶᠢᠨ | ᠣᠶᠢᠯᠠᠭᠠᠭᠤᠯᠵᠤ᠂ ᠮᠤᠩᠭᠤᠯ ᠡᠮ ᠢ ᠬᠦᠯᠢᠶᠡᠨ ᠵᠥᠪᠰᠢᠶᠡᠷᠡᠬᠦ᠂ ᠮᠤᠩᠭᠤᠯ ᠡᠮ ᠢ ᠬᠡᠷᠡᠭᠯᠡᠬᠦ ᠪᠠ ᠨᠡᠭᠡᠭᠡᠨ | ᠬᠦᠭᠵᠢᠬᠦᠯᠬᠦ ᠳᠤ ᠴᠢᠬᠤᠯᠠ ᠶᠡᠭᠡ ᠤᠳᠬ᠎ᠠ ᠠᠭᠤᠯᠭ᠎ᠠ ᠲᠠᠢ ᠠᠵᠢᠯ ᠪᠣᠯᠵᠠᠢ᠃ ᠲᠤᠰ ᠰᠤᠳᠤᠯᠭᠠᠨ ᠤ ᠦᠷ᠎ᠡ | ᠪᠦᠳᠦᠭᠡᠯ ᠨᠢ 2006 ᠣᠨ ᠳᠤ ᠤᠯᠤᠰ ᠤᠨ ᠡᠬᠦᠳᠦᠨ ᠪᠦᠳᠦᠭᠡᠯᠲᠡ ᠶᠢᠨ ᠲᠤᠰᠬᠠᠢ ᠠᠰᠢᠭ ᠤᠨ ᠡᠷᠬᠡ ᠶᠢ | ᠬᠦᠷᠲᠡᠵᠦ᠂ 2009 ᠣᠨ ᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠰᠡᠳᠦᠪ ᠢᠶᠠᠷ | ᠰᠤᠩᠭᠤᠭᠳᠠᠪᠠ᠃ ᠪᠠᠰᠠ ᠲᠤᠰ ᠰᠤᠳᠤᠯᠭᠠᠨ ᠤ ᠪᠦᠳᠦᠭᠡᠯ ᠢᠶᠠᠨ 800 ᠲᠥᠮᠡᠨ ᠲᠦᠭᠦᠷᠢᠭ ᠢᠶᠠᠷ ᠡᠮ ᠡᠮᠨᠡᠯᠭᠡ ᠶᠢᠨ | ᠠᠵᠤ ᠠᠬᠤᠶᠢᠯᠠᠯ ᠳᠤ ᠰᠢᠯᠵᠢᠬᠦᠯᠦᠨ ᠥᠭᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠳᠦᠭᠡᠯ ᠤᠨ ᠵᠢᠩᠬᠢᠨᠢ | ᠦᠷ᠎ᠡ ᠠᠰᠢᠭ ᠪᠤᠯᠭᠠᠬᠤ ᠬᠤᠪᠢᠷᠠᠯᠲᠠ ᠶᠢ ᠪᠡᠶᠡᠯᠡᠬᠦᠯᠪᠡ᠃ ︽ᠴᠢᠰᠤᠨ ᠮᠤᠯᠤᠷ ᠡᠮ︾ ᠤᠨ ᠰᠤᠳᠤᠯᠭᠠᠨ ᠤ | ᠰᠠᠭᠤᠷᠢᠨ ᠲᠡᠭᠡᠷ᠎ᠡ ᠪᠤᠷᠵᠢᠬᠢᠨ ᠭᠡᠷᠡᠯᠲᠦ ᠪᠠᠰᠠ ᠢᠳᠡᠵᠦ ᠪᠣᠯᠬᠤ ᠮᠤᠩᠭᠤᠯ ᠡᠮ ᠤᠨ ᠤᠷᠭᠤᠮᠠᠯ ᠪᠤᠯᠤᠨ ᠣᠬᠢ | ᠰᠢᠯᠢᠳᠡᠭ ᠬᠠᠷ᠎ᠠ ᠴᠠᠢ ᠪᠠᠷ ᠪᠦᠳᠦᠭᠡᠭᠰᠡᠨ ᠬᠤᠣᠵᠤᠤ ᠶᠢᠨ ᠥᠨᠦᠷ ᠲᠠᠢ ︽ᠮᠡᠨᠳᠦ ᠴᠠᠢ︾ ᠶᠢ ᠰᠤᠳᠤᠯᠤᠨ | ᠪᠦᠳᠦᠭᠡᠪᠡ᠃ ︽ᠮᠡᠨᠳᠦ ᠴᠠᠢ︾ ᠨᠢ ︽ᠴᠢᠰᠤᠨ ᠤ ᠳᠠᠷᠤᠯᠲᠠ᠂ ᠰᠢᠬᠢᠷ᠂ ᠥᠭᠡᠬᠦ᠂ ᠥᠳᠭᠡᠴᠡ ᠥᠨᠳᠦᠷ︾ ᠵᠡᠷᠭᠡ | ᠡᠪᠡᠳᠴᠢᠨ ᠢ ᠡᠮᠨᠡᠨ ᠵᠠᠰᠠᠬᠤ ᠳᠤ ᠮᠠᠰᠢ ᠰᠠᠶᠢᠨ ᠡᠮᠴᠢᠯᠡᠭᠡᠨ ᠤ ᠦᠢᠯᠡᠳᠦᠯ ᠲᠠᠢ ᠪᠣᠯᠬᠤᠷ ᠥᠷᠭᠡᠨ ᠣᠯᠠᠨ | ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ | ᠥᠩᠭᠡ ᠭᠡᠷᠡᠯ ᠢᠷᠠᠭᠤ ᠠᠯᠳᠠᠷ ᠤᠨ ᠴᠠᠭᠠᠨ᠎ᠠ ᠨᠦᠰᠡᠷ ᠶᠡᠭᠡ ᠬᠦᠴᠦ ᠬᠦᠯᠦᠰᠦ ᠰᠢᠩᠭᠡᠵᠦ ᠪᠠᠶᠢᠳᠠᠭ᠃ | 10 ᠢᠯᠡᠬᠦᠦ ᠵᠢᠯ ᠤᠨ ᠳᠤᠷᠰᠢᠳᠠ ᠪᠤᠷᠵᠢᠬᠢᠨ ᠬᠡᠷᠡᠯᠲᠤ ᠪᠤᠯᠤᠨ ᠲᠡᠬᠦᠨ ᠤ ᠠᠵᠢᠯᠯᠠᠬᠤ ᠪᠠᠭ ᠤᠨ ᠬᠢᠨ ᠡᠳᠦᠷ ᠪᠦᠷᠢ | ᠪᠠᠷᠤᠭ ᠠᠷᠪᠠᠭᠠᠳ ᠴᠠᠭ ᠠᠵᠢᠯᠯᠠᠬᠤ ᠶᠢ ᠪᠠᠷᠢᠮᠳᠠᠯᠠᠵᠤ᠂ ᠪᠠᠶᠠᠷ ᠳᠤᠷᠠᠰᠬᠠᠯ ᠤᠨ ᠡᠳᠦᠷ ᠴᠤ ᠭᠡᠳ ᠠᠮᠠᠷᠠᠬᠤ | ᠦᠭᠡᠢ ᠪᠠᠷ ᠠᠵᠢᠯᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠰᠤᠳᠤᠯᠭᠠᠨ ᠤ ᠠᠵᠢᠯ ᠳᠠᠭᠠᠨ ᠰᠢᠭᠤᠳᠤᠭᠰᠠᠨ | ᠪᠠᠶᠢᠳᠠᠭ᠃ ᠲᠡᠳᠡ ᠵᠠᠷᠢᠮ ᠨᠢᠭᠡ ᠲᠤᠷᠰᠢᠯᠲᠠ ᠶᠢ ᠬᠢᠵᠤ ᠲᠠᠭᠤᠰᠬᠠᠬᠤ ᠶᠢᠨ ᠲᠦᠯᠦᠭᠡ ᠡᠳᠦᠷᠵᠢᠨ ᠰᠦᠨᠢᠵᠢᠨ | ᠨᠤᠶᠢᠷ ᠬᠤᠭᠤᠯᠠ ᠦᠭᠡᠢ ᠠᠵᠢᠯᠯᠠᠳᠠᠭ᠃ ᠢᠩᠭᠢᠵᠦ ᠰᠢᠷᠭᠠᠭᠤ ᠬᠠᠳᠠᠭᠤᠵᠢᠯᠲᠠᠢ ᠰᠤᠳᠤᠯᠣᠨ ᠰᠢᠨᠵᠢᠯᠡᠵᠦ᠂ ᠴᠦᠬᠦᠷᠡᠯ | ᠦᠬᠡᠢ ᠲᠡᠮᠡᠴᠡᠬᠦ ᠵᠣᠷᠢᠭ ᠰᠠᠨᠠᠭ᠎ᠠ ᠪᠠᠶᠢᠭᠰᠠᠨ ᠠᠴᠠ ᠰᠠᠶ᠋ᠢ ᠤᠯᠤᠰ ᠤᠨ ᠲᠤᠳᠤᠭᠠᠳᠤ ᠭᠠᠳᠠᠭᠠᠳᠤ ᠶᠢᠨ ᠮᠡᠷᠭᠡᠵᠢᠯ | ᠨᠢᠭᠡᠲᠡᠳ ᠲᠤ ᠬᠦᠯᠢᠶᠡᠨ ᠵᠥᠪᠰᠢᠶᠡᠷᠡᠭᠳᠡᠭᠰᠡᠨ ᠰᠤᠳᠤᠯᠭᠠᠨ ᠤ ᠦᠷ᠎ᠡ ᠪᠦᠳᠦᠭᠡᠯ ᠢ ᠣᠯᠵᠠᠢ᠃ 2009 ᠣᠨ ᠳᠤ | ᠪᠣᠷᠵᠢᠬᠢᠨ ᠭᠡᠷᠡᠯᠲᠦ ᠶᠢᠨ ᠰᠤᠳᠤᠯᠭᠠᠨ ᠤ ᠪᠠᠭ ᠤᠨ ᠬᠢᠨ ︽ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠤᠨ ᠤ | ᠮᠤᠩᠭᠤᠯ ᠡᠮ ᠪᠣᠯᠣᠨ ᠰᠢᠨ᠎ᠡ ᠡᠮ ᠤᠨ ᠰᠤᠳᠤᠯᠭᠠᠨ ᠤ ᠰᠢᠨ᠎ᠡ ᠶᠢ ᠡᠬᠦᠳᠦᠭᠰᠡᠨ ᠪᠠᠭ︾ ᠢᠶᠠᠷ ᠴᠤᠯᠠᠯᠠᠭᠳᠠᠵᠤ᠂ | ᠪᠤᠷᠵᠢᠬᠢᠨ ᠬᠡᠷᠡᠯᠲᠦ ᠴᠤ ᠥᠪᠡᠷᠲᠡᠭᠡᠨ ᠵᠠᠰᠠᠬᠤ ᠤᠷᠤᠨ ᠤ ︽321 ᠴᠢᠳᠠᠪᠦᠷᠢᠲᠠᠨ ᠤ ᠢᠨᠵᠧᠨᠧᠷᠢᠩ︾ ᠪᠤᠯᠤᠨ ︽ | 111 ᠴᠢᠳᠠᠪᠦᠷᠢᠲᠠᠨ ᠤ ᠢᠨᠵᠧᠨᠧᠷᠢᠩ︾ ᠤᠨ ᠲᠠᠷᠢᠬᠦᠨ ᠤ ᠲᠠᠪᠬᠤᠷᠭ᠎ᠠ ᠳᠤ ᠰᠤᠩᠭᠤᠭᠳᠠᠨ ᠤᠷᠤᠵᠤ᠂ 2011 | ᠣᠨ ᠳᠤ ᠥᠪᠡᠷᠲᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ ᠴᠢᠳᠠᠪᠦᠷᠢᠲᠠᠨ︾ ᠢ ᠬᠦᠮᠦᠵᠢᠬᠦᠯᠬᠦ | ᠲᠥᠯᠦᠪᠵᠢᠬᠦᠯᠭᠡ ᠳᠤ ᠰᠤᠩᠭᠤᠭᠳᠠᠪᠠ᠃ | ᠪᠣᠷᠵᠢᠬᠢᠨ ᠬᠡᠷᠡᠯᠳᠦ ᠫᠷᠤᠹᠧᠰᠰᠤᠷ ᠤᠨ ᠰᠠᠨᠠᠭᠠᠴᠢᠯᠠᠨ ᠡᠬᠢᠯᠡᠬᠦᠯᠦᠭᠰᠡᠨ ︽ᠣᠯᠠᠨ ᠤᠯᠤᠰ ᠤᠨ ᠮᠤᠩᠭᠤᠯ | ᠡᠮ ᠪᠣᠯᠣᠨ ᠰᠢᠨ᠎ᠡ ᠡᠮ ᠤᠨ ᠰᠤᠳᠤᠯᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ︾ ᠳᠤᠮᠳᠠᠳᠤ | ᠤᠯᠤᠰ᠂ ᠮᠤᠩᠭᠤᠯ ᠤᠯᠤᠰ᠂ ᠤᠷᠤᠰ ᠤᠯᠤᠰ ᠲᠤ 8 ᠤᠳᠠᠭ᠎ᠠ ᠬᠤᠷᠠᠯᠳᠤᠵᠤ᠂ ᠣᠯᠠᠨ ᠤᠯᠤᠰ ᠤᠨ ᠬᠡᠪᠴᠢᠶᠡᠨ ᠳᠤ | ᠦᠷᠭᠡᠨ ᠳᠡᠯᠭᠡᠷ ᠨᠦᠯᠦᠭᠡ ᠲᠤᠰᠬᠠᠯ ᠭᠠᠷᠭᠠᠭᠰᠠᠨ ᠪᠠᠶᠢᠨ᠎ᠠ᠃ ᠡᠶᠢᠮᠦ ᠠᠴᠠ ᠤᠯᠤᠰ ᠤᠨ ᠭᠠᠳᠠᠭᠠᠳᠤ ᠶᠢᠨ ᠬᠡᠳᠦᠨ | ᠶᠡᠭᠡ ᠰᠤᠷᠭᠠᠭᠤᠯᠢ ᠪᠤᠯᠤᠨ ᠰᠤᠳᠤᠯᠭᠠᠨ ᠤ ᠪᠠᠶᠢᠭᠤᠯᠭ᠎ᠠ ᠨᠤᠭᠤᠳ ᠪᠣᠷᠵᠢᠬᠢᠨ ᠭᠡᠷᠡᠯᠲᠤ ᠳᠤ ᠠᠯᠳᠠᠷ ᠬᠦᠨᠳᠦᠳᠦ | ᠳ᠋ᠣᠺᠲ᠋ᠣᠷ ᠪᠠ ᠨᠡᠷ᠎ᠡ ᠬᠦᠨᠳᠦᠳᠦ ᠫᠷᠤᠹᠧᠰᠰᠤᠷ ᠤᠨ ᠴᠣᠯᠠ ᠣᠯᠭᠤᠵᠤ᠂ 2010 ᠣᠨ ᠳᠤ ᠪᠠᠰᠠ ᠮᠤᠩᠭᠤᠯ | ᠤᠯᠤᠰ ᠤᠨ ᠵᠠᠰᠠᠭ ᠤᠨ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠳᠤᠷᠠᠯᠴᠠᠭᠠᠨ ᠤ ᠬᠠᠮᠤᠭ | ᠲᠡᠭᠡᠳᠦ ᠱᠠᠩᠨᠠᠯ ᠢ ᠬᠦᠷᠲᠡᠪᠡ᠃ | ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ ᠤᠬᠠᠭᠠᠨ ᠤ ᠤᠤᠭᠠᠨ ᠳ᠋ᠣᠺᠲ᠋ᠣᠷ ᠵᠢᠴᠢ | ᠬᠢᠮᠢ ᠶᠢᠨ ᠤᠬᠠᠭᠠᠨ ᠤ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠪᠤᠯᠤᠭᠰᠠᠨ ᠤ ᠬᠤᠪᠢ ᠳᠤ ᠲᠡᠷᠡ ᠭᠠᠵᠠᠷ | ᠣᠷᠤᠨ ᠤ ᠣᠨᠴᠠᠯᠢᠭ᠂ ᠦᠨᠳᠦᠰᠦᠳᠡᠨ ᠤ ᠣᠨᠴᠠᠯᠢᠭ ᠪᠦᠬᠦᠢ ︽ᠮᠤᠩᠭᠤᠯ ᠡᠮ ᠤᠨ ᠬᠢᠮᠢ ᠶᠢᠨ ᠰᠢᠨᠵᠢᠯᠡᠭᠡᠨ ᠤ | ᠰᠠᠯᠪᠤᠷᠢ︾ ᠶᠢ ᠢᠳᠡᠪᠬᠢᠳᠡᠢ ᠪᠠᠷ ᠵᠤᠬᠢᠶᠠᠨ ᠪᠠᠶᠢᠭᠤᠯᠵᠤ᠂ ᠥᠪᠦᠷ ᠮᠤᠩᠭᠤᠯ ᠤᠨ ᠶᠡᠭᠡ ᠰᠤᠷᠭᠠᠭᠤᠯᠢ ᠳᠤ | ᠤᠷᠭᠤᠮᠠᠯ ᠤᠨ ᠤᠬᠠᠭᠠᠨ ᠤ ᠳ᠋ᠣᠺᠲ᠋ᠣᠷᠠᠨᠲ ᠬᠦᠮᠦᠵᠢᠬᠦᠯᠬᠦ ᠴᠡᠭ ᠤᠨ ᠡᠷᠬᠡ ᠪᠤᠯᠤᠨ ᠬᠢᠮᠢ ᠶᠢᠨ ᠰᠢᠨᠵᠢᠯᠡᠭᠡᠨ ᠤ | ᠰᠠᠯᠪᠤᠷᠢ ᠶᠢᠨ ᠳ᠋ᠣᠺᠲ᠋ᠣᠷᠠᠨᠲ ᠬᠦᠮᠦᠵᠢᠬᠦᠯᠬᠦ ᠴᠡᠭ ᠤᠨ ᠡᠷᠬᠡ ᠶᠢ ᠣᠯᠬᠤ ᠳᠤ ᠯᠣᠲᠣ ᠶᠡᠭᠡ ᠬᠤᠪᠢ ᠨᠡᠮᠡᠷᠢ | ᠦᠵᠡᠬᠦᠯᠪᠡ᠃ ᠪᠤᠷᠵᠢᠬᠢᠨ ᠭᠡᠷᠡᠯᠲᠦ ᠶᠢᠨ ᠬᠦᠮᠦᠵᠢᠬᠦᠯᠦᠭᠰᠡᠨ 80 ᠢᠯᠡᠬᠦᠦ ᠳ᠋ᠣᠺᠲ᠋ᠣᠷ ᠠᠰᠫᠢᠷᠠᠨᠲ ᠨᠠᠷ ᠤᠷᠳᠤ | ᠨᠢᠭᠡᠨᠲᠡ ᠶᠡᠭᠡ ᠰᠤᠷᠭᠠᠭᠤᠯᠢ ᠶᠢᠨ ᠪᠠᠭᠰᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠤᠤᠯᠯᠠᠭᠴᠢ | ᠬᠦᠴᠦᠨ ᠢᠶᠠᠷ ᠠᠵᠢᠯᠯᠠᠵᠤ᠂ ᠪᠠᠰᠠ ᠵᠠᠷᠢᠮ ᠨᠢ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ | ᠵᠢᠯᠤᠭᠤᠳᠤᠭᠴᠢ ᠪᠠᠭᠰᠢ ᠪᠠᠷ ᠭᠠᠷᠮᠠᠭᠠᠶᠢᠯᠠᠨ ᠠᠵᠢᠯᠯᠠᠵᠤ ᠪᠠᠶᠢᠨ᠎ᠠ᠃ | ᠪᠤᠷᠵᠢᠬᠢᠨ ᠭᠡᠷᠡᠯᠲᠦ ᠣᠷᠴᠢᠨ ᠲᠤᠭᠤᠷᠢᠨ ᠤ ᠪᠠᠭᠰᠢ ᠰᠤᠷᠤᠭᠴᠢᠳ ᠲᠠᠭᠠᠨ ︽ᠠᠵᠢᠯ ᠤᠨ ᠬᠡᠶᠢᠷᠭᠡᠯ ᠲᠠᠢ︾ | ᠬᠡᠮᠡᠭᠳᠡᠳᠡᠭ᠃ 7 ᠰᠠᠷ᠎ᠠ ᠳᠤ ᠥᠪᠦᠷ ᠮᠤᠩᠭᠤᠯ ᠤᠨ ᠶᠡᠭᠡ ᠰᠤᠷᠭᠠᠭᠤᠯᠢ ᠨᠢᠭᠡᠨᠲᠡ ᠵᠤᠨ ᠤ ᠠᠮᠠᠷᠠᠯᠲᠠ ᠪᠠᠨ | ᠲᠠᠯᠪᠢᠭᠰᠠᠨ ᠪᠠᠶᠢᠲᠠᠯ᠎ᠠ ᠲᠡᠷᠡ ᠮᠦᠨ ᠯᠠ ᠠᠯᠪᠠᠨ ᠭᠡᠷ ᠲᠡᠭᠡᠨ ᠶᠠᠭᠠᠷᠠᠭᠰᠠᠭᠠᠷ᠂ ᠲᠡᠷᠡ ᠪᠢᠳᠡᠨ ᠳᠤ ︽ᠶᠠᠭᠠᠬᠢᠭᠰᠠᠨ | ᠴᠤ ᠬᠢᠳᠡᠯ ᠠᠯᠳᠠᠵᠤ ᠪᠣᠯᠬᠤ ᠦᠬᠡᠢ᠂ ᠲᠡᠷᠡ ᠨᠢ ᠠᠮᠢ ᠨᠠᠰᠤ ᠶᠢ ᠲᠠᠯᠠᠭᠠᠷ ᠦᠩᠭᠡᠷᠡᠬᠦᠯᠵᠦ ᠪᠠᠶᠢᠭ᠎ᠠ ᠶᠠᠪᠤᠳᠠᠯ︾ | ᠭᠡᠵᠤ ᠶᠠᠷᠢᠵᠤ ᠪᠠᠶᠢᠪᠠ᠃ | ᠪᠤᠷᠵᠢᠬᠢᠨ ᠭᠡᠷᠡᠯᠲᠦ ᠫᠷᠤᠹᠧᠰᠰᠤᠷ ᠡᠩᠭᠡᠷ ᠲᠦᠭᠦᠷᠡᠩ ᠠᠯᠲᠠᠨ ᠲᠢᠲᠢᠮ ᠵᠡᠬᠦᠭᠰᠡᠨ ᠪᠠᠶᠢᠵᠤ᠂ ᠤᠳᠣ ᠶᠠᠭᠤ | ᠴᠤ ᠬᠦᠰᠡᠬᠦ ᠦᠭᠡᠢ ᠪᠠᠶᠢᠵᠤ ᠪᠣᠯᠬᠤ ᠶᠤᠮ᠂ ᠭᠡᠪᠡᠴᠦ ᠲᠡᠷᠡ ᠦᠪᠡᠷ ᠤᠨ ᠬᠠᠶᠢᠷᠠᠲᠠᠢ ᠲᠤᠷᠠᠳᠠᠢ ᠠᠵᠢᠯ | ᠦᠢᠯᠡᠰ ᠤᠨ ᠢᠶᠠᠨ ᠲᠥᠯᠦᠭᠡ ᠠᠯᠵᠢᠶᠠᠯ ᠵᠦᠳᠡᠷᠡᠯ ᠢ ᠬᠠᠶᠢᠬᠤᠷᠠᠯ ᠦᠭᠡᠢ ᠵᠠᠶᠢᠯᠤᠭᠤᠯ ᠰᠤᠩᠭᠠᠨ | ᠬᠠᠳᠠᠷᠢᠭᠤᠯᠤᠭᠰᠠᠭᠠᠷ᠂ ᠲᠡᠬᠦᠨ ᠤ ᠠᠷᠢᠭᠤᠨ ᠬᠦᠯᠦᠰᠦ ᠪᠠᠷ ᠤᠮᠳᠠᠯᠠᠭᠳᠠᠭᠰᠠᠨ ᠠᠩᠬᠢᠯᠤᠮ᠎ᠠ ᠴᠡᠴᠡᠭ ᠠᠭᠤᠳᠠᠮ | ᠬᠡᠭᠡᠷ᠎ᠡ ᠶᠢ ᠪᠦᠬᠦᠨ ᠪᠠᠳᠠᠷᠠᠨ ᠳᠡᠯᠭᠡᠷᠡᠭᠰᠡᠭᠡᠷ᠃ |