ᠰᠢᠯᠢ ᠶᠢᠨ ᠭᠤᠤᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤᠨ ᠤ 5137 ᠲᠡᠭᠰᠢ ᠳᠥᠷᠪᠡᠯᠵᠢᠨ ᠺᠢᠯᠣᠮᠧᠲᠷ | ᠨᠤᠲᠤᠭ ᠳᠡᠪᠢᠰᠬᠡᠷ ᠳᠡᠭᠡᠷ᠎ᠡ ᠮᠣᠩᠭᠤᠯ᠂ ᠬᠢᠲᠠᠳ᠂ ᠬᠤᠲᠣᠩ᠂ ᠳᠠᠭᠤᠷ᠂ ᠵᠤᠸᠠᠩ᠂ ᠮᠠᠨᠵᠤ ᠵᠡᠷᠭᠡ ᠠᠷᠪᠠᠨ ᠬᠡᠳᠦᠨ | ᠦᠨᠳᠦᠰᠦᠲᠡᠨ ᠤ ᠠᠷᠠᠳ ᠤᠯᠠᠨ ᠠᠵᠤ ᠲᠦᠷᠦᠵᠤ᠂ ᠡᠯ᠎ᠡ ᠦᠨᠳᠦᠰᠦᠲᠡᠨ ᠤ ᠬᠥᠪᠡᠭᠦᠳ ᠥᠬᠢᠳ ᠬᠠᠷᠢᠯᠴᠠᠨ | ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ | ᠴᠣᠭᠴᠠᠯᠠᠨ᠎ᠠ᠃ | ᠤᠩᠭᠤᠨ ᠠᠭᠤᠯᠠ ᠰᠤᠮᠤᠠ ᠤ ᠵᠠᠰᠠᠭ ᠤᠨ ᠣᠷᠳᠣᠨ ᠤ ᠲᠥᠯᠥᠪᠯᠡᠭᠡᠲᠦ ᠦᠷᠡᠵᠢᠯ ᠤᠨ ᠠᠵᠢᠯᠳᠠᠠ ᠳ᠋ᠤᠸᠠᠨ ᠸᠧᠢ | ᠴᠧᠩ ᠪᠣᠯ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠶᠢᠨ ᠨᠢᠭᠡ ᠪᠣᠯᠤᠨ᠎ᠠ᠃ | 1982 ᠣᠨ ᠳᠤ ᠠᠵᠢᠯᠯᠬᠠᠰᠠᠠ ᠠᠴᠠ ᠨᠠᠭᠠᠰᠢ᠂ ᠲᠡᠷᠡ ᠮᠠᠯᠴᠢᠨ ᠲᠦᠮᠡᠨ ᠲᠠᠢ ᠨᠢᠭᠲᠠ ᠬᠠᠷᠢᠯᠴᠠᠵᠤ᠂ ᠬᠠᠯᠠᠭᠤᠨ | ᠰᠡᠳᠬᠢᠯᠭᠡ ᠪᠠᠷ ᠲᠥᠯᠥᠪᠯᠡᠭᠡᠲᠦ ᠦᠷᠡᠵᠢᠯ ᠤᠨ ᠠᠵᠢᠯ ᠤᠨ ᠦᠢᠯᠡᠴᠢᠯᠡᠭᠡ ᠳᠤ ᠣᠷᠣᠯᠴᠠᠵᠤ᠂ 40 ᠵᠢᠯ ᠢ ᠨᠢᠭᠡ ᠡᠳᠦᠷ | ᠮᠡᠲᠦ ᠠᠵᠢᠯ ᠤᠨ ᠪᠠᠶᠢᠷᠢ ᠪᠠᠨ ᠪᠠᠲᠤ ᠰᠠᠬᠢᠪᠠ᠃ ᠦᠩᠭᠡᠷᠡᠭᠰᠡᠡ ᠳᠤ ᠣᠩᠭᠤᠨ ᠠᠭᠤᠯᠠ ᠰᠤᠮᠤᠠ ᠤ ᠡᠯ᠎ᠡ ᠭᠠᠴᠠᠭᠠᠨ ᠤ | ᠵᠠᠮ ᠨᠡᠪᠳᠡᠷᠡᠭᠦᠯᠭᠡ ᠪᠤᠶᠢᠳᠠ ᠪᠦᠭᠯᠡᠭᠦᠦ ᠪᠠᠶᠢᠭᠰᠠᠨ ᠴᠤ ᠲᠡᠷᠡ ᠤᠯᠤᠰ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ | ᠣᠯᠠᠨ ᠲᠦᠮᠡᠨ ᠢ ᠵᠢᠯᠣᠭᠤᠳᠤᠨ ᠲᠥᠯᠥᠪᠯᠡᠭᠡᠲᠦ ᠦᠷᠡᠵᠢᠯ ᠤᠨ ᠠᠵᠢᠯ ᠤᠨ ᠡᠷᠴᠢᠮᠳᠠᠢ ᠶᠠᠪᠤᠠᠠᠳᠠᠬᠤ ᠶᠢ ᠠᠬᠢᠭᠤᠯᠤᠠᠠᠰᠠᠠ | ᠶᠤᠮ᠃ | ︽ᠪᠢ ᠳ᠋ᠤᠸᠠᠨ ᠠᠪᠠᠭ᠎ᠠ ᠲᠠᠢ ᠬᠤᠶᠠᠷ ᠵᠢᠯ ᠬᠠᠮᠳᠥ ᠠᠵᠢᠯᠯᠠᠵᠠᠢ᠃ ᠠᠪᠠᠭ᠎ᠠ ᠶᠢᠨ ᠠᠵᠢᠯ ᠳᠤ ᠪᠠᠨ ᠨᠠᠷᠢᠨ ᠬᠢᠨᠠᠮᠠᠭᠠᠶ | ᠪᠠᠶᠢᠳᠠᠭ ᠤᠪᠤᠷ ᠨᠢ ᠮᠠᠨ ᠤ ᠵᠠᠯᠠᠭᠤᠴᠤᠳ ᠤᠨ ᠰᠤᠷᠤᠯᠴᠠᠬᠤ ᠵᠤᠬᠢᠰᠲᠠᠢ ᠥᠯᠢᠭᠡᠷ ᠳᠠᠭᠤᠷᠢᠶᠠᠯ ᠪᠤᠯᠬᠤ ᠶᠤᠮ᠃ ᠲᠡᠷᠡ | ᠦᠨᠳᠦᠰᠦᠨ ᠱᠠᠲᠤᠨ ᠳᠤ ᠦᠰᠦᠨ ᠪᠤᠶᠢᠵᠢᠭᠰᠠᠨ ᠪᠣᠯᠬᠤᠷ ᠮᠠᠯᠴᠢᠳ ᠤᠨ ᠠᠮᠢᠳᠤᠷᠠᠯ ᠤᠨ ᠡᠯ᠎ᠡ ᠲᠠᠯ᠎ᠠ ᠶᠢ ᠮᠠᠰᠢ ᠲᠣᠳᠣᠷᠬᠠᠶ | ᠤᠶᠢᠯᠠᠭᠠᠵᠤ᠂ ᠮᠠᠯᠴᠢᠳ ᠲᠠᠢ ᠨᠢᠭᠲᠠᠷᠠᠨ ᠪᠦᠯᠬᠦᠮᠳᠡᠳᠡᠭ᠃ ᠲᠡᠷᠡ ᠪᠢᠳᠡᠨ ᠳᠤ ᠬᠡᠷᠬᠢᠨ ᠠᠵᠢᠯ ᠢᠶᠠᠨ ᠠᠬᠢᠭᠤᠯᠬᠤ᠂ | ᠬᠡᠷᠬᠢᠨ ᠨᠠᠩ ᠣᠯᠠᠨ ᠪᠣᠳᠠᠲᠤ ᠦᠷ᠎ᠡ ᠪᠦᠲᠦᠮᠵᠢ ᠤᠯᠬᠤ ᠲᠠᠯ᠎ᠠ ᠪᠠᠷ ᠪᠢᠳᠡᠨ ᠳᠤ ᠵᠢᠯᠣᠭᠤᠳᠣᠯᠭ᠎ᠠ ᠥᠭᠭᠦᠭᠰᠡᠨ ᠪᠣᠯᠬᠤᠷ | ᠪᠢᠳᠡ ᠲᠡᠭᠦᠨ ᠠᠴᠠ ᠢᠮᠠᠭᠲᠠ ᠰᠤᠷᠤᠯᠴᠠᠳᠠᠭ︾ ᠭᠡᠵᠤ ᠣᠩᠭᠤᠨ ᠠᠭᠤᠯᠠ ᠰᠤᠮᠤᠠ ᠤ ᠨᠠᠮ ᠤᠨ ᠬᠤᠷᠢᠶᠠᠨ ᠤ ᠨᠠᠷᠢᠨ | ᠪᠢᠴᠢᠭᠡᠴᠢ ᠭᠦᠸᠧ ᠭᠧ ᠶᠠᠷᠢᠯ᠎ᠠ᠃ | ᠳ᠋ᠤᠸᠠᠨ ᠸᠧᠶ ᠴᠧᠩ ᠤᠨ ᠭᠡᠷᠬᠡᠢ ᠨᠢ ᠣᠩᠭᠤᠨ ᠠᠭᠤᠯᠠ ᠰᠤᠮᠤᠠ ᠤ ᠶᠡᠭᠡ ᠠᠭᠤᠯᠠ ᠭᠠᠴᠠᠭᠠᠠ ᠳᠤ ᠮᠠᠯ ᠮᠠᠯᠵᠢᠳᠠᠭ | ᠃ ᠶᠡᠷᠡᠨ ᠬᠡᠳᠦᠨ ᠣᠨ ᠤ ᠦᠶ᠎ᠡ ᠳᠤ᠂ ᠦᠨᠳᠦᠰᠦᠨ ᠱᠠᠲᠤᠨ ᠤ ᠺᠠᠳ᠋ᠷ ᠠᠵᠢᠯᠳᠠᠨ ᠤ ᠴᠠᠯᠢᠩ ᠮᠦᠩᠭᠦ ᠲᠤᠤᠷ᠎ᠠ᠂ | ᠠᠮᠢᠳᠤᠷᠠᠯ ᠨᠢ ᠴᠢᠨᠡᠭᠡᠯᠢᠭ ᠪᠢᠰᠢ ᠪᠠᠶᠢᠳᠠᠯ ᠳᠣᠣᠷ᠎ᠠ ᠳ᠋ᠤᠸᠠᠨ ᠸᠧᠢ ᠴᠧᠩ ᠭᠡᠷᠭᠡᠢ ᠲᠠᠢ ᠪᠠᠨ ᠬᠤᠶᠠᠭᠤᠯᠠ ᠵᠡᠷᠭᠡᠯᠡᠳᠡᠭᠡ | ᠠᠶᠢᠯ ᠤᠨ ᠢᠶᠠᠨ ᠮᠠᠯᠴᠢᠨ ᠤ ᠬᠤᠶᠠᠷ ᠬᠡᠦᠬᠡᠳ ᠢ ᠭᠤᠷᠪᠠᠨ ᠵᠢᠯ ᠳᠠᠷᠠᠭᠠᠯᠠᠨ ᠲᠤᠰᠠᠯᠠᠨ ᠰᠤᠷᠤᠯᠴᠠᠭᠤᠯᠵᠤ᠂ ᠤᠷᠢᠳ | ᠬᠤᠵᠢᠳ ᠨᠡᠶᠢᠳᠡ ᠭᠤᠷᠪᠠᠨ ᠮᠢᠩᠭᠠᠨ ᠲᠥᠭᠦᠷᠢᠭ ᠳᠤᠰᠠᠯᠠᠵᠠᠢ᠃ ︽ᠶᠡᠷᠡᠭᠡᠳ ᠣᠨ ᠤ ᠦᠶ᠎ᠡ ᠳᠤ ᠮᠠᠨ ᠤ ᠭᠡᠷ ᠤᠨ | ᠠᠮᠢᠳᠤᠷᠠᠯ ᠮᠠᠰᠢ ᠬᠦᠴᠢᠷᠳᠡᠯᠲᠡᠢ ᠪᠠᠶᠢᠵᠤ᠂ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢᠶᠠᠨ ᠲᠤᠰᠢᠶᠠᠵᠤ ᠳᠡᠶᠢᠯᠬᠦ | ᠦᠭᠡᠢ ᠠᠷᠭ᠎ᠠ ᠮᠤᠬᠤᠷᠳᠠᠬᠤ ᠦᠶ᠎ᠡ ᠳᠤ᠂ ᠳ᠋ᠤᠸᠠᠨ ᠠᠪᠠᠭ᠎ᠠ ᠮᠠᠨ ᠤ ᠠᠬ᠎ᠠ ᠳᠡᠭᠦᠦ ᠬᠤᠶᠠᠭᠤᠯᠠ ᠶᠢᠨ ᠭᠤᠷᠪᠠᠨ ᠵᠢᠯ ᠤᠨ | ᠰᠤᠷᠤᠯᠭ᠎ᠠ ᠶᠢᠨ ᠰᠦᠢᠳᠬᠡᠯ ᠢ ᠰᠢᠢᠳᠪᠦᠷᠢᠯᠡᠪᠡ᠃ ᠲᠡᠷᠡ ᠦᠶ᠎ᠡ ᠶᠢᠨ ᠭᠤᠷᠪᠠᠨ ᠮᠢᠩᠭᠠᠨ ᠲᠥᠭᠦᠷᠢᠭ ᠨᠢ ᠪᠠᠭ᠎ᠠ ᠲᠤᠭ᠎ᠠ | ᠪᠢᠰᠢ᠂ ᠮᠠᠨ ᠤ ᠭᠡᠷ ᠢᠶᠠᠷ ᠢᠶᠠᠨ ᠲᠡᠭᠦᠨ ᠳᠤ ᠮᠠᠰᠢ ᠲᠠᠯᠠᠷᠬᠠᠵᠤ ᠶᠠᠪᠤᠳᠠᠭ︾ ᠭᠡᠵᠤ ᠮᠠᠯᠴᠢᠠ ᠴᠣᠭᠲᠤ ᠲᠠᠯᠠᠷᠬᠠᠨ ᠶᠠᠷᠢᠪᠠ᠃ | ᠶᠡᠷᠥ ᠶᠢᠨ ᠦᠶ᠎ᠡ ᠳᠤ ᠴᠤ ᠳ᠋ᠤᠸᠠᠨ ᠸᠧᠢ ᠴᠧᠩ ᠦᠷᠭᠦᠯᠵᠢ ᠮᠠᠯᠴᠢᠳ ᠢ ᠬᠠᠪᠰᠤᠷᠤᠨ ᠬᠤᠨᠢ ᠬᠠᠶᠢᠴᠢᠯᠠᠬᠤ ᠵᠡᠷᠭᠡ ᠠᠵᠢᠯ | ᠳᠤ ᠨᠢ ᠬᠠᠪᠰᠤᠷᠴᠦ᠂ ᠮᠠᠯ ᠤᠨᠤᠭ᠎ᠠ ᠶᠢ ᠨᠢ ᠡᠮᠴᠢᠯᠡᠵᠥ ᠦᠭᠳᠡᠭ᠃ | ᠳ᠋ᠤᠸᠠᠨ ᠸᠧᠶ ᠴᠧᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠣᠯᠠᠨ ᠦᠨᠳᠦᠰᠦᠲᠡᠨ ᠲᠠᠢ | ᠤᠯᠤᠰ᠂ ᠲᠠᠪᠢᠨ ᠵᠢᠷᠭᠤᠭᠠᠨ ᠦᠨᠳᠦᠰᠦᠲᠡᠨ ᠠᠬ᠎ᠠ ᠳᠡᠭᠦᠦ ᠮᠡᠲᠦ ᠳᠣᠲᠣᠨᠣ ᠪᠠᠶᠢᠳᠠᠭ᠃ ᠦᠨᠳᠦᠰᠦᠲᠡᠨ ᠪᠦᠯᠬᠦᠮᠳᠡᠪᠡᠯ | ᠰᠠᠶ᠋ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠵᠤ ᠴᠢᠳᠠᠨ᠎ᠠ᠃ ᠬᠦᠮᠦᠨ ᠪᠦᠬᠦᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠠᠷ ᠴᠢᠷᠮᠠᠶᠢᠪᠠᠯ ᠵᠤᠬᠢᠨ᠎ᠠ᠃ ᠪᠢ ᠦᠨᠳᠦᠰᠦᠨ ᠱᠠᠲᠤᠨ ᠳᠤ 40 ᠵᠢᠯ | ᠠᠵᠢᠯᠯᠠᠪᠠ︔ ᠬᠡᠳᠦ᠋ᠢᠪᠡᠷ ᠦᠨᠳᠦᠰᠦᠨ ᠱᠠᠲᠤᠨ ᠤ ᠠᠵᠢᠯ ᠬᠠᠲᠠᠭᠤᠵᠢᠯᠲᠠᠶ ᠪᠣᠯᠪᠠᠴᠤ ᠪᠢ ᠠᠵᠢᠯ ᠳᠤ ᠪᠠᠨ ᠮᠠᠰᠢ | ᠢᠲᠡᠭᠡᠯ ᠲᠠᠢ ᠪᠠᠶᠢᠳᠠᠭ᠃ ᠥᠷᠭᠡᠨ ᠤᠯᠠᠨ ᠮᠠᠯᠴᠢᠨ ᠲᠦᠮᠡᠨ ᠴᠦ ᠨᠠᠮᠠᠶᠢ ᠲᠦᠢᠯ ᠢᠶᠠᠷ ᠲᠡᠮᠵᠢᠵᠦ᠂ ᠨᠠᠮ ᠪᠠ ᠤᠯᠠᠨ | ᠲᠦᠮᠡᠨ ᠨᠠᠳᠠ ᠳᠤ ᠡᠶᠢᠮᠦ ᠰᠠᠶᠢᠨ ᠲᠣᠬᠢᠶᠠᠯ ᠢ ᠣᠯᠭᠤᠭᠰᠠᠨ ᠪᠣᠯᠬᠤᠷ ᠬᠤᠶᠢᠰᠢᠳᠠ ᠪᠢ ᠨᠡᠩ ᠴᠢᠷᠮᠠᠶᠢᠨ ᠠᠵᠢᠯᠯᠠᠨ᠎ᠠ ᠭᠡᠵᠤ | ᠵᠤᠷᠢᠭ ᠢᠶᠠᠨ ᠢᠯᠡᠳᠬᠡᠯ᠎ᠡ᠃ |