锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠡᠬᠡᠯ ᠵᠢᠷ ᠤᠨ ᠠᠵᠢᠯ ᠤᠨ ᠪᠠᠶᠢᠷᠢᠨ ᠳᠤ ᠪᠠᠨ ᠡᠷᠬᠢᠮ ᠰᠤᠷᠲᠠᠯ ᠢᠶᠠᠷ ᠵᠢᠳᠬᠦᠭᠡ ᠵᠠᠯᠠᠭᠤ
        ᠨᠡᠶᠢᠲᠡᠯᠡᠭᠰᠡᠨ ᠴᠠᠭ᠄
        2021/11/3
              ᠨᠡᠶᠢᠭᠡᠮ ᠲᠣᠭᠤᠷᠢᠭ ᠤᠨ ᠠᠵᠢᠯᠳᠠᠨ᠂ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ᠂ ᠡᠳᠦᠷ ᠪᠣᠯᠭᠠᠨ ᠰᠠᠭᠤᠭᠠᠯᠢ ᠠᠷᠠᠳ ᠲᠠᠢ ᠬᠠᠷᠢᠯᠴᠠᠬᠤ ᠦᠨᠳᠦᠰᠦᠨ ᠱᠠᠲᠤᠨ ᠤ ᠡᠬᠡᠯ ᠵᠢᠷ ᠤᠨ ᠠᠵᠢᠯ ᠤᠨ ᠪᠠᠶᠢᠷᠢᠨ ᠳᠤ ᠭᠠᠪᠰᠢᠭᠠᠶᠢᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠤ ᠲᠦᠯᠦᠭᠡ ᠠᠵᠢᠯ ᠬᠢᠵᠤ ᠶᠠᠪᠣᠭ᠎ᠠ ᠬᠥᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠴᠡᠩᠭᠡᠯ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠳᠡᠳ᠋ ᠱᠦᠵᠢ ᠾᠧᠦ ᠳ᠋ᠦᠩ ᠰᠢᠩ 2015 ᠣᠨ ᠠᠴᠠ ᠡᠬᠢᠯᠡᠨ ᠨᠡᠶᠢᠭᠡᠮ ᠲᠣᠭᠤᠷᠢᠭ ᠳᠤ ᠠᠵᠢᠯᠯᠠᠵᠣ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠯᠠᠨ ᠲᠦᠮᠡᠨ ᠳᠤ ᠦᠢᠯᠡᠴᠢᠯᠡᠨ᠂ ᠬᠠᠮᠲᠤ ᠨᠡᠶᠢᠲᠡ ᠶᠢ ᠬᠠᠯᠠᠮᠵᠢᠯᠠᠵᠤ᠂ ᠨᠠᠮ ᠤᠨ ᠠᠵᠢᠯ ᠳᠤ ᠣᠷᠬᠢᠯᠣᠮ᠎ᠠ ᠬᠠᠯᠠᠭᠤᠨ ᠰᠡᠳᠬᠢᠯ ᠲᠠᠢ ᠤᠷᠤᠯᠴᠠᠨ᠂ ᠠᠷᠠᠳ ᠤᠯᠠᠨ ᠤ ᠰᠠᠶᠢᠨ ᠦᠨᠡᠯᠡᠯᠲᠡ ᠶᠢ ᠣᠯᠵᠠᠶ᠃       ᠬᠠᠮᠲᠦ ᠠᠵᠢᠯᠯᠠᠭᠴᠢ ᠭᠤᠤ ᠵᠢᠶᠠᠨ ︽ᠾᠧᠦ ᠳ᠋ᠦᠩ ᠰᠢᠩ ᠡᠩ ᠤᠨ ᠴᠠᠭ ᠲᠤ ᠪᠠᠨ ᠠᠵᠢᠯ ᠳᠤ ᠪᠠᠨ ᠬᠢᠨᠠᠮᠠᠭᠠᠶ᠂ ᠬᠠᠮᠲᠤ ᠠᠵᠢᠯᠯᠠᠭᠰᠠᠳ ᠢᠶᠠᠨ ᠴᠤ ᠬᠠᠪᠰᠤᠷᠴᠦ ᠳᠡᠮᠵᠢᠵᠤ ᠶᠠᠪᠤᠳᠠᠭ︔ ᠠᠮᠢᠳᠤᠷᠠᠯ ᠤᠨ ᠳᠤᠮᠳᠠᠬᠢ ᠨᠠᠷᠢᠨ ᠵᠦᠶᠯᠡᠰ ᠢ ᠴᠤ ᠠᠵᠢᠭᠯᠠᠵᠤ ᠰᠠᠨᠠᠭᠠᠨ ᠳᠤ ᠪᠠᠨ ᠠᠪᠴᠦ ᠶᠠᠪᠤᠳᠠᠭ ᠮᠥᠷᠲᠡᠭᠡᠨ ᠶᠠᠩᠵᠤ ᠪᠦᠷᠢ ᠶᠢᠨ ᠠᠰᠠᠭᠤᠳᠠᠯ ᠢ ᠵᠤᠬᠢᠰᠲᠠᠢ ᠰᠢᠶᠳᠪᠦᠷᠢᠯᠡᠵᠦ ᠴᠢᠳᠠᠳᠠᠭ ᠴᠢᠳᠠᠪᠤᠷᠢᠲᠠᠢ ᠬᠥᠮᠦᠨ ᠮᠥᠨ︾ ᠭᠡᠵᠤ ᠦᠨᠡᠯᠡᠯ᠎ᠠ᠃       ᠡᠳᠣᠷ ᠲᠣᠳᠣᠮ ᠤᠨ ᠠᠵᠢᠯ ᠲᠣᠮᠳᠠ ᠪᠠᠨ ᠾᠧᠦ ᠳ᠋ᠦᠩ ᠰᠢᠩ ᠲᠣᠭᠲᠠᠮᠠᠯ ᠨᠠᠮ ᠤᠨ ᠡᠳᠦᠷ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ ᠪᠠ ᠬᠠᠮᠲᠤᠷᠠᠭᠰᠠᠨ ᠨᠠᠮ ᠤᠨ ᠬᠤᠷᠢᠶᠠᠨ ᠤ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ  ᠦᠷᠨᠢᠬᠦᠯᠳᠡᠭ᠃ ᠠᠵᠢᠯᠯᠠᠭ᠎ᠠ ᠪᠠᠷ ᠲᠣᠬᠢᠶᠠᠯ ᠪᠣᠯᠭᠠᠨ ᠠᠵᠢᠯᠲᠠᠨ᠂ ᠨᠠᠮ ᠤᠨ ᠡᠭᠦᠷ ᠤᠨ ᠪᠦᠷᠢᠯᠳᠦᠬᠦᠨ᠂ ᠨᠠᠮ ᠤᠨ ᠡᠭᠦᠷ ᠤᠨ ᠨᠠᠮ ᠤᠨ ᠭᠡᠰᠢᠭᠦᠨ ᠵᠢᠴᠢ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠤ ᠳᠠᠶᠢᠴᠢᠨ ᠪᠠᠬᠢᠯᠡᠯᠲᠡ ᠶᠢᠨ ᠦᠶᠯᠡᠳᠦᠯ ᠢ  ᠪᠠᠳᠠᠷᠠᠭᠤᠯᠵᠠᠢ᠃ ᠾᠧᠦ ᠳ᠋ᠦᠩ ᠰᠢᠩ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠬᠦ ᠶᠢᠨ ᠬᠠᠮᠲᠤ ᠳᠡᠭᠡᠳᠦ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠪᠡᠶᠡᠯᠡᠬᠦᠯᠵᠣ᠂ ᠳᠥᠷᠪᠡᠨ ᠵᠢᠯ ᠲᠠᠷᠠᠭᠠᠯᠠᠨ ᠪᠤᠷᠤ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠳᠤ ᠣᠷᠣᠯᠴᠠᠵᠤ᠂ ᠠᠵᠢᠯ ᠤᠨ ᠳᠤᠮᠳᠠ ᠪᠠᠨ ᠰᠠᠭᠤᠭᠠᠯᠢ ᠠᠷᠠᠳ ᠲᠤ ᠪᠤᠷᠤ ᠭᠡᠷ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠥᠰᠦᠯ ᠪᠣᠯᠤᠨ ᠨᠠᠷᠢᠨ ᠳᠦᠷᠢᠮ ᠢ ᠬᠢᠨᠠᠮᠠᠭᠠᠶ ᠲᠠᠨᠢᠯᠴᠠᠭᠤᠯᠵᠤ᠂ ᠨᠤᠷᠠᠭᠠᠵᠤ ᠨᠡᠭᠦᠯᠭᠡᠬᠦ ᠭᠡᠷ᠎ᠡ ᠨᠢᠭᠡᠪᠦᠷᠢ ᠶᠢ ᠬᠢᠨᠠᠮᠠᠭᠠᠶ ᠲᠣᠭᠲᠠᠵᠤ᠂ ᠵᠢᠯ ᠪᠦᠷᠢ ᠶᠢᠨ ᠨᠤᠷᠠᠭᠠᠵᠤ ᠨᠡᠭᠦᠯᠭᠡᠬᠦ ᠡᠭᠦᠷᠭᠡ ᠪᠠᠨ ᠤᠷᠤᠭᠰᠢᠲᠠᠶ ᠪᠡᠶᠡᠯᠡᠬᠦᠯᠣᠭ᠍ᠰᠠᠨ ᠪᠠᠶᠢᠨ᠎ᠠ᠃       ︽ᠨᠡᠶᠢᠭᠡᠮ ᠲᠣᠭᠤᠷᠢᠭ ᠤᠨ ᠠᠵᠢᠯ ᠪᠣᠯ ᠠᠷᠠᠳ ᠣᠯᠠᠨ ᠤ ᠳᠡᠷᠭᠡᠳᠡᠬᠢ ᠠᠵᠢᠯ︔ ᠨᠡᠶᠢᠭᠡᠮ ᠲᠣᠭᠤᠷᠢᠭ ᠤᠨ ᠠᠵᠢᠯ ᠢ ᠬᠢᠭᠰᠡᠨ ᠵᠢᠷᠭᠤᠭᠠᠨ ᠵᠢᠯ ᠤᠨ ᠲᠤᠷᠰᠢ᠂ ᠰᠠᠭᠤᠭᠠᠯᠢ ᠠᠷᠠᠳ ᠤᠨ ᠮᠡᠳᠡᠭᠡ ᠵᠠᠩᠭᠢ᠂ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠤᠨ ᠳᠡᠭᠡᠭᠰᠢ  ᠳᠤᠰᠬᠠᠬᠤ᠂ ᠮᠦᠨ ᠴᠤ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠰᠠᠭᠤᠭᠠᠯᠢ ᠠᠷᠠᠳ  ᠲᠤ ᠤᠯᠠᠮᠵᠢᠯᠠᠬᠤ ᠠᠵᠢᠯ ᠢ ᠰᠤᠯᠠᠷᠠᠯ ᠦᠭᠡᠢ ᠠᠳᠬᠤᠭᠰᠠᠭᠠᠷ ᠢᠷᠡᠪᠡ︔ ᠬᠤᠶᠢᠰᠢᠳᠠ ᠴᠤ ᠪᠦᠬᠦ ᠰᠡᠳᠬᠢᠯ ᠪᠦᠬᠦ ᠵᠤᠷᠢᠭ  ᠢᠶᠠᠷ ᠢᠶᠠᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠦᠶᠯᠡᠴᠢᠯᠡᠨ᠎ᠡ︾ ᠭᠡᠵᠤ ᠾᠧᠦ ᠳ᠋ᠦᠩ ᠰᠢᠩ ᠶᠠᠷᠢᠯ᠎ᠠ᠃       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠾᠧᠦ ᠳ᠋ᠦᠩ ᠰᠢᠩ ᠤᠨ ᠡᠬᠡᠨᠡᠷ ᠨᠢ ᠵᠢᠷᠮᠣᠰᠣᠯᠠᠬᠡᠳ ᠨᠢᠭᠡᠨᠲᠡ ᠵᠢᠷᠭᠤᠭᠠᠨ ᠰᠡᠷ᠎ᠡ ᠪᠤᠯᠵᠤ ᠪᠠᠶᠢᠭᠰᠠᠨ ᠴᠤ ᠲᠡᠷᠡ ᠰᠢᠨᠡᠪᠤᠯᠠᠭ ᠪᠠᠯᠭᠠᠰᠤᠨ ᠤ ᠵᠠᠯᠠᠭᠤ ᠺᠠᠳ᠋ᠷ ᠲᠠᠢ ᠬᠠᠮᠲᠦ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠠᠶᠢᠭᠤᠯᠵᠤ᠂ ᠪᠥᠬᠦ ᠪᠠᠯᠭᠠᠰᠤᠨ ᠤ 18 ᠰᠠᠭᠤᠭᠠᠯᠢ ᠠᠷᠠᠳ ᠤᠨ ᠲᠣᠭᠤᠷᠢᠭ ᠤᠨ 42 ᠵᠠᠮ ᠢ ᠪᠢᠲᠡᠭᠦᠮᠵᠢᠯᠡᠨ ᠬᠠᠮᠢᠶᠠᠷᠴᠤ᠂ ᠬᠢᠵᠢᠭ ᠢ ᠰᠡᠷᠬᠡᠶᠢᠯᠡᠬᠦ ᠡᠮᠦᠨ᠎ᠡ ᠹᠷᠣᠨᠲ ᠲᠤ 2 ᠰᠠᠷ᠎ᠠ ᠭᠠᠷᠤᠶ ᠠᠵᠢᠯᠯᠠᠵᠤ᠂ ᠨᠢᠭᠡ ᠡᠳᠦᠷ ᠴᠦ ᠠᠮᠠᠷᠠᠭᠰᠠᠨ ᠥᠬᠡᠶ ᠪᠠᠷ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠲᠦᠯᠦᠭᠡ ᠵᠢᠳᠬᠦᠵᠠᠢ᠃ ᠾᠧᠦ ᠳ᠋ᠦᠩ ᠰᠢᠩ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠦᠨᠳᠦᠰᠦᠨ ᠱᠠᠲᠤᠨ ᠤ ᠡᠪ ᠬᠠᠮᠲᠤ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠤᠯᠠᠨ ᠤ ᠲᠦᠯᠦᠭᠡ ᠦᠪᠡᠷ ᠢ ᠪᠠᠨ ᠤᠮᠠᠷᠳᠠᠨ᠂ ᠦᠨᠡᠨᠴᠢ ᠬᠢᠴᠢᠶᠡᠩᠬᠦᠢ ᠠᠵᠢᠯ ᠤᠨ ᠤᠪᠤᠷ ᠰᠤᠷᠲᠠᠯ ᠢᠶᠠᠷ ᠢᠶᠠᠨ ᠪᠣᠰᠣᠳ ᠤᠨ ᠢᠳᠡᠬᠡᠯ ᠪᠢᠰᠢᠷᠡᠯ ᠢ ᠬᠦᠷᠳᠡᠭᠰᠠᠨ ᠪᠠᠶᠢᠨ᠎ᠠ᠃       2019 ᠣᠨ ᠤ 7 ᠰᠠᠷ᠎ᠠ ᠳᠤ ᠾᠸᠤ ᠳ᠋ᠦᠩ ᠰᠢᠩ ᠢ ᠬᠥᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠲᠡᠷᠢᠭᠦᠨ ᠤ ᠠᠵᠢᠯᠳᠠᠨ ᠢᠶᠠᠷ ᠦᠨᠡᠯᠡᠵᠣ᠂ 2020 ᠣᠨ ᠤ 5 ᠰᠠᠷ᠎ᠠ ᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠪᠡᠭᠡᠲᠦ ᠰᠢᠷ᠎ᠠ ᠬᠤᠰᠢᠭᠤᠨ ᠤ ᠬᠤᠷᠢᠶ᠎ᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢᠳᠡᠭ ᠺᠠᠳ᠋ᠷ ᠢᠶᠠᠷ ᠦᠨᠡᠯᠡᠪᠡ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号