锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ  ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
        ᠨᠡᠶᠢᠲᠡᠯᠡᠭᠰᠡᠨ ᠴᠠᠭ᠄
        2021/11/30
                                ᠨᠡᠶᠢᠲᠡᠯᠡᠯ                      ︵ᠠᠷᠪᠠᠳᠤᠭᠠᠷ ᠲᠤᠭᠠᠳᠤ︶          11 ᠰᠠᠷ᠎ᠠ ᠶᠢᠨ 29 ᠤ ᠡᠳᠦᠷ ᠤᠨ 16᠄ 04 ᠲᠤ᠂ ᠬᠤᠰᠢᠭᠤ ᠵᠢᠯᠤᠭᠤᠳᠬᠤ ᠬᠡᠯᠲᠡᠰ ᠠᠶᠢᠮᠠᠭ ᠤᠨ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ᠤᠨ ᠬᠠᠮᠳᠤᠷᠠᠨ ᠪᠠᠶᠢᠴᠠᠭᠠᠬᠤ ᠪᠢᠴᠢᠭ ᠢ ᠲᠤᠰᠴᠤ᠂  ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠤᠨᠤᠰᠢᠯᠠᠭᠳᠠᠭᠰᠠᠨ ᠡᠪᠡᠳᠴᠢᠲᠡᠨ ᠤ ᠨᠢᠭᠲᠠ ᠣᠶᠢᠷᠠᠳᠤᠭᠴᠢ ᠲᠠᠢ ᠲᠠᠮ ᠣᠶᠢᠷᠠᠳᠤᠭᠰᠠᠨ ᠰᠡᠵᠢᠭᠯᠡᠯᠲᠡᠢ 1 ᠬᠦᠮᠦᠨ ᠣᠳᠤ ᠮᠠᠨ ᠤ ᠬᠤᠰᠢᠭᠤᠨ ᠳᠤ ᠪᠠᠶᠢᠬᠤ ᠶᠢ ᠣᠯᠵᠤ ᠮᠡᠳᠡᠪᠡ᠃ ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠪᠠ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠲᠠᠷᠤᠶᠢᠬᠠᠨ ᠬᠦᠳᠡᠯᠦᠯᠴᠡᠵᠦ᠂ ᠲᠤᠰ ᠲᠠᠮ ᠣᠶᠢᠷᠠᠳᠤᠭᠰᠠᠨ ᠰᠡᠵᠢᠭᠯᠡᠯᠲᠡᠢ ᠬᠦᠮᠦᠨ ᠪᠤᠯᠬᠤ ᠯᠢᠦ ᠤᠪᠤᠭᠲᠤ ᠶᠢ ᠨᠢᠭᠡᠨᠲᠡ ᠲᠥᠪᠯᠡᠷᠡᠬᠦᠯᠦᠨ ᠲᠤᠰᠠᠭᠠᠷᠯᠠᠪᠠ᠃ ᠲᠠᠬᠤᠯ ᠡᠪᠡᠳᠴᠢᠨ ᠤ ᠰᠤᠳᠤᠯᠤᠯ  ᠤᠨ ᠪᠠᠶᠢᠴᠠᠭᠠᠯᠲᠠ ᠶᠢ ᠦᠨᠳᠦᠰᠦᠯᠡᠨ᠂ ᠡᠳᠦᠭᠡ ᠬᠤᠯᠪᠤᠭᠳᠠᠯ ᠪᠦᠬᠦᠢ ᠰᠤᠷᠠᠭ ᠵᠠᠩᠬᠢ᠂ ᠠᠵᠢᠯᠯᠠᠭᠠᠨ ᠤ ᠵᠠᠮ ᠮᠦᠷ ᠵᠢᠴᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠤᠤᠷᠠᠬᠢ ᠮᠡᠳᠦ ᠨᠡᠶᠢᠲᠡᠯᠡᠶ᠎ᠡ᠄        ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠤᠨᠤᠰᠢᠯᠠᠭᠳᠠᠭᠰᠠᠨ ᠡᠪᠡᠳᠴᠢᠲᠡᠨ ᠲᠠᠢ ᠨᠢᠭᠲᠠ ᠣᠶᠢᠷᠠᠳᠤᠭᠴᠢ ᠪᠤᠯᠬᠤ ᠯᠢ ᠤᠪᠤᠭᠲᠤ ᠨᠢ 27 ᠤ ᠡᠳᠦᠷ ᠤᠨ 07᠄ 35 ᠲᠤ K996 ᠡᠬᠡᠯᠵᠢ ᠶᠢᠨ ᠭᠠᠯᠲᠤ ᠲᠡᠷᠭᠡ ᠪᠠᠷ ᠬᠠᠶᠢᠯᠠᠷ ᠠᠴᠠ ᠭᠠᠷᠴᠤ᠂ 22᠄ 11 ᠲᠤ ᠲᠥᠩᠯᠢᠶᠤᠤ ᠳᠤ ᠪᠠᠭᠤᠪᠠ᠃ ᠤᠳᠤᠬᠠᠨ ᠳᠤ ᠯᠢ ᠤᠪᠤᠭᠲᠤ ᠶᠢ ᠲᠥᠩᠯᠢᠶᠤᠤ ᠳᠤ ᠲᠥᠪᠯᠡᠷᠡᠬᠦᠯᠦᠨ ᠲᠤᠰᠠᠭᠠᠷᠯᠠᠵᠤ ᠪᠠᠶᠢᠨ᠎ᠠ᠃ ᠮᠠᠨ ᠤ ᠬᠤᠰᠢᠭᠤᠨ ᠤ ᠬᠦᠮᠦᠨ ᠪᠣᠯᠬᠤ ᠯᠢᠦ ᠤᠪᠤᠭᠲᠤ ᠨᠢ 27 ᠤ ᠡᠳᠦᠷ ᠤᠨ 22᠄ 31 ᠲᠤ ᠲᠥᠩᠯᠢᠶᠤᠤ ᠠᠴᠠ ᠲᠡᠷᠭᠡᠨ ᠳᠤ ᠭᠠᠷᠴᠤ᠂ ᠯᠢ ᠤᠪᠤᠭᠲᠤ ᠲᠠᠢ ᠠᠳᠠᠯᠢ ᠨᠢᠭᠡ ᠸᠠᠭᠤᠨ ᠳᠤ ᠰᠠᠭᠤᠵᠤ ︵ᠠᠳᠠᠯᠢ ᠨᠢᠭᠡ ᠴᠠᠭ ᠬᠤᠭᠤᠴᠠᠭᠠᠨ ᠳᠤ ᠬᠠᠮᠲᠤ ᠠᠶᠠᠯᠠᠭᠰᠠᠨ ᠦᠭᠡᠢ︶᠂ ᠲᠡᠷᠭᠡᠨ ᠳᠤ ᠭᠠᠷᠴᠤ ᠪᠠᠭᠤᠬᠤ ᠦᠶᠡᠰ ᠬᠦᠷᠦᠯᠴᠡᠭᠰᠡᠨ ᠡᠰᠡᠬᠦ ᠪᠠ ᠲᠡᠷᠭᠡᠨ ᠤ ᠣᠷᠴᠢᠨ ᠲᠤᠭᠤᠷᠢᠨ ᠤ ᠪᠤᠬᠢᠷᠳᠤᠭᠰᠠᠨ ᠡᠰᠡᠬᠦ ᠶᠢ ᠮᠠᠭᠠᠳᠯᠠᠵᠤ ᠲᠡᠶᠢᠯᠬᠦ ᠦᠬᠡᠢ᠃ ᠯᠢᠦ ᠤᠪᠤᠭᠲᠤ 11 ᠰᠠᠷ᠎ᠠ ᠶᠢᠨ 28 ᠤ ᠡᠳᠦᠷ ᠤᠨ 11᠄ 21 ᠲᠤ ᠬᠤᠸᠠᠳᠧ ᠰᠢᠶᠠᠨ ᠳᠤ ᠲᠡᠷᠭᠡᠨ ᠠᠴᠠ ᠪᠠᠭᠤᠵᠤ᠂ ᠪᠦᠬᠦᠶᠢᠯᠡ ᠶᠠᠪᠤᠴᠠ ᠳᠤ ᠠᠮᠠᠪᠴᠢ ᠵᠡᠬᠦᠪᠡ᠃ 11 ᠰᠠᠷ᠎ᠠ ᠶᠢᠨ 28 ᠤ ᠡᠳᠦᠷ ᠤᠨ 11᠄ 30 ᠤᠨ ᠣᠷᠴᠢᠮ ᠲᠥᠷᠢᠶᠡᠰᠦᠨ ᠮᠠᠰᠢᠨ ᠲᠡᠷᠭᠡᠨ ᠳᠤ ᠰᠠᠭᠤᠵᠤ᠂ 12᠄ 24 ᠲᠤ ᠬᠤᠰᠢᠭᠤᠨ ᠳᠤ ᠢᠷᠡᠵᠦ᠂ ᠭᠡᠷ ᠲᠡᠭᠡᠨ ᠬᠠᠷᠢᠭᠰᠠᠨ ᠤ ᠲᠠᠷᠠᠭ᠎ᠠ ᠲᠠᠬᠢᠵᠤ ᠭᠠᠳᠠᠭᠰᠢ ᠭᠠᠷᠤᠭᠰᠠᠨ ᠦᠬᠡᠢ᠃ 11 ᠰᠠᠷ᠎ᠠ ᠶᠢᠨ 29 ᠤ ᠡᠳᠦᠷ ᠤᠨ 8᠄ 40  ᠤᠨ ᠣᠷᠴᠢᠮ ᠡᠳ᠋ ᠤᠨ ᠵᠠᠰᠠᠭ ᠶᠢᠨ ᠲᠤᠪᠴᠢᠶᠠᠨ ᠳᠤ ᠠᠵᠢᠯᠯᠠᠬᠤ ᠪᠠᠷ ᠣᠴᠢᠵᠤ᠂ 12᠄ 30 ᠲᠤ ᠠᠵᠢᠯ ᠠᠴᠠ ᠪᠠᠭᠤᠵᠤ ᠭᠡᠷ ᠲᠡᠭᠡᠨ ᠬᠠᠷᠢᠪᠠ᠃ 14᠄ 40 ᠤᠨ ᠦᠶᠡᠰ ᠪᠠᠶᠢᠭᠤᠯᠭ᠎ᠠ ᠳᠠᠭᠠᠨ ᠬᠦᠷᠴᠦ᠂ ᠦᠳᠡ ᠶᠢᠨ ᠬᠤᠶᠢᠨ᠎ᠠ ᠬᠤᠸᠠᠳᠧ ᠰᠢᠶᠠᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠤᠳᠠᠰᠤ ᠶᠢ ᠲᠤᠰᠤᠭᠰᠠᠨ ᠤ ᠲᠠᠷᠠᠭ᠎ᠠ ᠲᠤᠰᠠᠭᠠᠷᠯᠠᠬᠤ ᠴᠢᠭ ᠲᠤ ᠬᠦᠷᠭᠡᠭᠳᠡᠨ ᠲᠥᠪᠯᠡᠷᠡᠬᠦᠯᠦᠨ ᠲᠤᠰᠠᠭᠠᠷᠯᠠᠭᠳᠠᠪᠠ᠃        ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠪᠦᠬᠦ ᠬᠤᠰᠢᠭᠤᠨ ᠤ ᠦᠷᠭᠡᠨ ᠣᠯᠠᠨ ᠲᠥᠮᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠥᠪᠰᠢᠨ ᠢ ᠦᠨᠡᠨᠬᠦ ᠬᠠᠮᠠᠭᠠᠯᠠᠬᠤ  ᠶᠢᠨ ᠲᠤᠯᠠᠳᠠ᠂ ᠲᠡᠭᠡᠷᠡᠬᠢ ᠴᠠᠭ ᠬᠤᠭᠤᠴᠠᠭᠠᠨ ᠳᠤ ᠯᠢᠦ ᠤᠪᠤᠭᠲᠤ ᠲᠠᠢ ᠨᠢᠭᠲᠠ ᠣᠶᠢᠷᠠᠳᠤᠭᠰᠠᠨ ᠬᠦᠮᠦᠰ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ᠄ 110᠂ 6224814︔ ᠬᠤᠰᠢᠭᠤ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ᠄ 6222994᠂ 13884790901︶ ᠲᠠᠢ ᠬᠠᠷᠢᠯᠴᠠᠵᠤ ᠂ ᠡᠷᠡᠬᠦᠯ ᠮᠡᠨᠳᠦ ᠶᠢᠨ ᠬᠢᠨᠠᠨ ᠬᠡᠮᠵᠢᠯᠲᠡ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠪᠦᠭᠡᠮ ᠬᠦᠴᠢᠯ ᠤᠨ ᠪᠠᠶᠢᠴᠠᠭᠠᠯᠲᠠ ᠵᠢᠴᠢ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠵᠢᠯ ᠢ ᠰᠠᠶᠢᠲᠤᠷ ᠬᠠᠮᠵᠢᠯᠴᠠᠨ ᠬᠢᠬᠦ ᠬᠡᠷᠡᠭᠳᠡᠢ᠃        ᠬᠤᠰᠢᠭᠤ ᠵᠢᠯᠤᠭᠤᠳᠬᠤ ᠬᠡᠯᠲᠡᠰ ᠠᠴᠠ ᠦᠷᠭᠡᠨ ᠣᠯᠠᠨ ᠲᠥᠮᠡᠨ ᠳᠤ ᠰᠠᠨᠠᠭᠤᠯᠬᠤ ᠨᠢ᠂ ᠴᠤᠤᠷᠬᠠᠯ ᠢ ᠢᠳᠡᠭᠡᠬᠦ ᠦᠭᠡᠢ᠂ ᠴᠤᠤᠷᠬᠠᠯ ᠢ ᠲᠠᠮᠵᠢᠭᠤᠯᠬᠤ ᠦᠭᠡᠢ ᠪᠠᠶᠢᠵᠤ᠂ ᠬᠤᠰᠢᠭᠤ ᠵᠢᠯᠤᠭᠤᠳᠬᠤ ᠬᠡᠯᠲᠡᠰ ᠲᠠᠢ ᠰᠠᠶᠢᠲᠤᠷ ᠬᠠᠮᠵᠢᠯᠴᠠᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠲᠥᠷᠦᠯ ᠤᠨ ᠠᠵᠢᠯ ᠢ ᠰᠠᠶᠢᠲᠤᠷ ᠨᠠᠶᠢᠳᠠᠪᠦᠷᠢᠵᠢᠭᠤᠯᠬᠤ ᠶᠢᠨ ᠬᠠᠮᠲᠤ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠳᠡᠢ᠃        ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠬᠦ ᠸᠠᠺᠼᠢᠨ ᠤ ᠲᠠᠷᠢᠯᠭ᠎ᠠ ᠶᠢ ᠬᠢᠬᠦ ᠪᠣᠯ ᠬᠠᠯᠳᠠᠪᠦᠷᠢᠯᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠪᠦᠳᠦᠮᠵᠢᠲᠡᠢ ᠠᠷᠭ᠎ᠠ ᠬᠡᠮᠵᠢᠶ᠎ᠡ ᠪᠤᠯᠤᠨ᠎ᠠ᠃ ᠦᠷᠭᠡᠨ ᠣᠯᠠᠨ ᠲᠥᠮᠡᠨ ᠬᠤᠰᠢᠭᠤ ᠪᠡᠶ᠎ᠡ ᠶᠢᠨ ᠲᠠᠮᠢᠷ ᠤᠨ ᠣᠷᠳᠤᠨ ᠤ ᠸᠠᠺᠼᠢᠨ ᠤ ᠲᠠᠷᠢᠯᠭ᠎ᠠ ᠶᠢᠨ ᠴᠢᠭ ᠲᠤ ᠬᠦᠷᠴᠦ᠂ ᠸᠠᠺᠼᠢᠨ ᠤ ᠴᠢᠩᠭᠠᠳᠬᠠᠬᠤ ᠲᠠᠷᠢᠯᠭ᠎ᠠ ᠪᠠ 3 — 11 ᠨᠠᠰᠤᠨ ᠤ ᠬᠡᠦᠭᠡᠳ ᠤᠨ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠠᠵᠢᠯ ᠳᠤ ᠢᠳᠡᠪᠬᠢᠳᠡᠢ ᠬᠠᠮᠵᠢᠯᠴᠠᠵᠤ᠂ ᠥᠪᠡᠷ ᠤᠨ ᠪᠡᠶ᠎ᠡ ᠶᠢᠨ ᠡᠷᠡᠬᠦᠯ ᠮᠡᠨᠳᠦ ᠳᠤ ᠬᠠᠷᠢᠭᠤᠴᠠᠨ᠂ ᠬᠠᠯᠳᠠᠪᠦᠷᠢᠯᠠᠯ ᠢ ᠪᠠᠭᠤᠷᠠᠭᠤᠯᠵᠤ᠂ ᠪᠦᠬᠦ ᠠᠷᠠᠳ ᠤᠨ ᠰᠡᠷᠭᠡᠶᠢᠯᠡᠯᠲᠡ ᠶᠢᠨ ᠬᠠᠯᠬᠠᠪᠴᠢ ᠶᠢ ᠴᠤᠭᠴᠠᠯᠠᠨ ᠪᠠᠶᠢᠭᠤᠯᠤᠶ᠎ᠠ᠃ ᠸᠠᠺᠼᠢᠨ ᠤ ᠲᠠᠷᠢᠯᠭ᠎ᠠ ᠶᠢᠨ ᠴᠢᠭ ᠸᠠᠺᠼᠢᠨ ᠤ ᠲᠠᠷᠢᠯᠭ᠎ᠠ ᠬᠢᠬᠦ ᠬᠦᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠦᠮᠦᠨ ᠤᠯᠠᠨ ᠴᠤᠭᠯᠠᠷᠠᠬᠤ ᠠᠴᠠ ᠵᠠᠶᠢᠯᠠᠰᠬᠢᠬᠦ ᠬᠡᠷᠡᠭᠳᠡᠢ᠃           ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                             2021 ᠤᠨ ᠤ 11 ᠰᠠᠷᠠᠶᠢᠨ 29 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号