ᠨᠢᠭᠡ᠂ ᠶᠠᠭᠤᠨ ᠤ ᠤᠴᠢᠷ ᠠᠴᠠ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠪᠤᠢ︖ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠮᠤᠵᠢ ᠠᠴᠠ ᠳᠣᠷᠣᠭᠰᠢᠬᠢ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠲᠥᠰᠦᠯ ᠢ | ᠪᠦᠲᠦᠮᠵᠢᠲᠡᠶ ᠬᠡᠷᠡᠭᠵᠢᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠲᠥᠪ ᠤᠨ ᠪᠠ ᠣᠷᠣᠨ | ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠦᠯ︾ ︵ᠲᠥᠷᠥ ᠠᠯᠪᠠᠨ ᠲᠠᠷᠬᠠᠭᠠᠭᠰᠠᠨ ︹2020︺ 19 ᠳ᠋ᠦ᠋ᠭᠡᠷ ᠲᠣᠭᠠᠲᠤ︶ ᠪᠠ ︽ | ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ︹2018︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠬᠤᠶᠠᠷ᠂ ︽ᠬᠡᠷᠡᠭᠵᠢᠭᠦᠯᠬᠦ ᠲᠥᠰᠦᠯ︾ ᠤᠨ ᠶᠡᠷᠦᠩᠬᠡᠶ ᠱᠠᠭᠠᠷᠳᠠᠯᠭ᠎ᠠ ᠪᠠ ᠬᠠᠷᠠᠯᠲᠠ ᠡᠭᠦᠷᠭᠡ ᠨᠢ ᠶᠠᠭᠤ ᠪᠤᠢ︖ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ | ᠪᠦᠬᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠬᠤᠭᠤᠷᠣᠨᠳᠣᠬᠢ ᠠᠵᠢᠯ ᠶᠠᠪᠤᠳᠠᠯ ᠤᠨ ᠡᠷᠬᠡ ᠪᠣᠯᠤᠨ ᠡᠳ᠋ ᠤᠨ ᠵᠠᠰᠠᠭ ᠤᠨ | ᠡᠷᠬᠡ ᠶᠢᠨ ᠬᠤᠪᠢᠶᠠᠷᠢᠯᠠᠯ ᠢ ᠰᠢᠯᠢᠳᠡᠭᠵᠢᠭᠦᠯᠦᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋ ᠤᠨ ᠬᠦᠴᠦᠨ ᠵᠣᠬᠢᠴᠠᠩᠭᠤᠶ | ᠂ ᠣᠷᠣᠨ ᠪᠦᠰᠡ ᠲᠡᠩᠴᠡᠭᠦᠷᠢᠲᠡᠶ ᠪᠦᠬᠦᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠤᠨ ᠬᠠᠷᠢᠴᠠᠭ᠎ᠠ ᠶᠢ ᠪᠠᠶᠢᠭᠤᠯᠵᠤ᠂ ᠲᠣᠭᠲᠠᠪᠤᠷᠢᠲᠠᠶ ᠵᠠᠰᠠᠭ ᠤᠨ ᠣᠷᠳᠣᠨ ᠤ ᠠᠵᠢᠯ ᠶᠠᠪᠤᠳᠠᠯ ᠤᠨ ᠡᠷᠬᠡ᠂ | ᠵᠠᠷᠤᠯᠭ᠎ᠠ ᠶᠢᠨ ᠬᠠᠷᠢᠭᠤᠴᠠᠯᠭ᠎ᠠ ᠪᠠ ᠡᠳ᠋ ᠤᠨ ᠬᠦᠴᠦᠨ ᠬᠠᠷᠢᠯᠴᠠᠨ ᠵᠣᠬᠢᠴᠠᠯᠳᠤᠭᠰᠠᠨ ᠲᠦᠷᠢᠮ ᠢ ᠪᠣᠶ ᠪᠣᠯᠭᠠᠨ᠎ᠠ᠃ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠶᠢᠨ ᠬᠠᠮᠠᠭᠠᠯᠠᠯᠲᠠ ᠪᠠ ᠵᠦᠢ ᠵᠣᠬᠢᠰᠲᠠᠶ ᠠᠰᠢᠭᠯᠠᠯᠲᠠ ᠶᠢ ᠠᠬᠢᠭᠤᠯᠵᠤ᠂ ᠤᠯᠤᠰ ᠤᠨ ᠠᠮᠢ | ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠳᠥᠭᠡᠨ | ᠪᠠᠶᠢᠭᠤᠯᠤᠯᠲᠠ ᠶᠢ ᠠᠬᠢᠭᠤᠯᠬᠤ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ | ᠪᠡᠶᠡᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠭᠤᠷᠪᠠ᠂ ︽ᠬᠡᠷᠡᠭᠵᠢᠭᠦᠯᠬᠦ ᠲᠥᠰᠦᠯ︾ ᠤᠨ ᠭᠤᠣᠯ ᠠᠭᠤᠯᠭ᠎ᠠ ᠨᠢ ᠶᠠᠭᠤ ᠶᠠᠭᠤ ᠪᠤᠢ︖ ︽ᠣᠷᠣᠨ | ᠨᠤᠲᠤᠭ ᠤᠨ ᠨᠡᠩ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠲᠣᠬᠢᠷᠠᠮᠵᠢᠲᠠᠶ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ | ᠳᠡᠭᠡᠭᠰᠢ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠬᠡᠳᠦ ᠣᠯᠠᠨ ᠵᠠᠷᠤᠯᠭ᠎ᠠ ᠶᠢᠨ ᠬᠠᠷᠢᠭᠤᠴᠠᠯᠭ᠎ᠠ | ᠡᠭᠦᠷᠭᠡᠯᠡᠬᠦ ᠠᠴᠠ ᠵᠠᠶᠢᠯᠠᠰᠬᠢᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠬᠦ᠂ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ | ᠬᠠᠮᠢᠶᠠᠷᠤᠯᠲᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠯᠡᠯᠲᠡ ᠶᠢᠨ ᠬᠠᠮᠢᠶᠠᠷᠤᠯᠲᠠ | ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠠᠶᠢᠭᠠᠯᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠭᠠᠶ ᠭᠠᠮᠰᠢᠭ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ | ᠪᠤᠰᠤᠳ ᠵᠦᠢᠯ ᠵᠡᠷᠭᠡ 7 ᠲᠠᠯ᠎ᠠ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ | ᠲᠣᠳᠣᠷᠬᠠᠶ ᠲᠣᠭᠲᠠᠭᠠᠪᠠ᠃ | ᠳᠥᠷᠪᠡ᠂ ︽ᠬᠡᠷᠡᠭᠵᠢᠭᠦᠯᠬᠦ ᠲᠥᠰᠦᠯ︾ ᠤᠨ ᠨᠠᠶᠢᠳᠠᠪᠤᠷᠢᠵᠢᠭᠤᠯᠤᠯᠲᠠ ᠶᠢ ᠬᠡᠷᠬᠢᠨ ᠠᠬᠢᠭᠤᠯᠬᠤ ᠪᠣᠶ︖ | ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠪᠠᠨ | ᠨᠢᠭᠲᠠᠷᠠᠭᠤᠯᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ︔ ᠬᠤᠶᠠᠷ ᠲᠤ᠂ ᠲᠥᠰᠦᠪ ᠤᠨ | ᠬᠠᠮᠢᠶᠠᠷᠤᠯᠲᠠ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠨ᠎ᠠ︔ | ᠭᠤᠷᠪᠠ ᠳᠤ᠂ ᠬᠤᠯᠪᠣᠭᠳᠠᠯ ᠪᠦᠬᠦᠢ ᠳᠦᠷᠢᠮ ᠢ ᠡᠮᠬᠢᠯᠡᠨ ᠵᠠᠰᠠᠵᠤ ᠪᠦᠷᠢᠨᠰᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ | ᠬᠦᠷᠢᠶᠡᠨ ᠳᠠᠬᠢ ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ ᠵᠣᠯᠭᠠᠭᠤᠯᠵᠤ᠂ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ | |