ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠡᠯᠧᠺᠲᠷᠦᠨ | ᠬᠤᠳᠠᠯᠳᠤᠭᠠᠨ ᠤ ᠲᠠᠯᠠᠪᠤᠷ ︵ᠳᠣᠷᠣᠭᠰᠢ ︽ᠡᠯᠧᠺᠳ᠋ᠷᠣᠨ ᠬᠤᠳᠠᠯᠳᠤᠭᠠᠨ ᠤ ᠲᠠᠯᠠᠪᠤᠷ︾ ᠭᠡᠵᠦ ᠲᠣᠪᠴᠢᠯᠠᠨ᠎ᠠ︶ ᠠᠴᠠ | ᠬᠤᠳᠠᠯᠳᠤᠨ ᠠᠪᠠᠨ᠋ᠥ ᠠᠵᠢᠯᠯᠠᠭ᠎ᠠ ᠶᠢ ᠵᠢᠷᠤᠮᠵᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠬᠤᠳᠠᠯᠳᠤᠨ ᠠᠪᠠᠨ᠋ᠥ ᠥᠪᠡᠷ ᠤᠨ ᠥᠷᠲᠡᠭ ᠢ ᠪᠠᠭᠤᠷᠠᠭᠤᠯᠤᠨ᠂ ᠤᠯᠤᠰ ᠤᠨ ᠠᠰᠢᠭ ᠲᠤᠰᠠ᠂ ᠨᠡᠶᠢᠭᠡᠮ | ᠨᠡᠶᠢᠲᠡ ᠶᠢᠨ ᠠᠰᠢᠭ ᠲᠤᠰᠠ ᠪᠠ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠡᠷᠡᠭᠦᠯ᠂ ᠲᠥᠪ ᠭᠤᠤᠯᠴᠢ᠂ ᠡᠮᠬᠢ ᠵᠢᠷᠤᠮ ᠲᠠᠢ ᠡᠵᠡᠩᠨᠡᠬᠦ ᠶᠢ | ᠨᠠᠩ ᠰᠠᠶᠢᠲᠤᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠬᠠᠮᠲᠤᠷᠠᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ | ᠲᠣᠭᠲᠠᠭᠠᠪᠠ᠂ ᠡᠳᠦᠭᠡ ᠳᠣᠤᠷᠠᠬᠢ ᠮᠡᠲᠦ ᠲᠠᠶᠢᠯᠤᠮᠵᠢ ᠬᠢᠶ᠎ᠡ᠄ ᠨᠢᠭᠡ᠂ ︽ᠠᠷᠭ᠎ᠠ︾ ᠶᠢ ᠶᠠᠮᠠᠷ ᠠᠬᠤᠶ ᠪᠠᠶᠢᠳᠠᠯ ᠳᠤ | ᠨᠡᠶᠢᠲᠡᠯᠡᠭᠰᠡᠨ ᠪᠣᠶ︖ ︽ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠪᠠᠲᠤᠯᠠᠭᠰᠠᠨ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ︾᠂ ᠡᠳ᠋ ᠤᠨ ᠵᠠᠰᠠᠭ ᠤᠨ ᠶᠠᠮᠤᠨ ᠤ ᠬᠡᠷᠡᠭᠵᠢᠭᠦᠯᠬᠦ ᠰᠠᠨᠠᠯ ᠪᠠ | ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠦᠭᠦᠯᠡᠨ ᠪᠦᠬᠦ ᠣᠷᠣᠨ ᠢ ᠬᠠᠮᠤᠷᠤᠭᠰᠠᠨ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠶᠢ ᠪᠠᠶᠢᠭᠤᠯᠤᠭᠠᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠢᠯᠪᠡᠷᠴᠢᠯᠠᠬᠤ᠂ ᠳᠥᠭᠦᠮᠴᠢᠯᠡᠬᠦ ᠶᠢ | ᠶᠡᠬᠡᠪᠡᠷ ᠠᠭᠢᠭᠤᠯᠤᠭᠰᠠᠨ ᠪᠠᠶᠢᠨ᠎ᠠ᠂ ᠭᠡᠬᠦ ᠳᠡᠭᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠤᠨ | ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ | ᠬᠤᠯᠪᠣᠭᠳᠠᠯ ᠪᠥᠬᠦᠶ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠠᠵᠢᠯ ᠲᠤᠯᠭᠠᠮ ᠱᠠᠭᠠᠷᠳᠠᠭᠳᠠᠵᠤ ᠪᠠᠶᠢᠨ᠎ᠠ | ᠂ ᠡᠶᠢᠨ ᠬᠦ ᠭᠦᠢᠴᠡᠳ ᠪᠠᠶᠢᠴᠠᠭᠠᠨ ᠰᠣᠳᠤᠯᠤᠯᠲᠠ ᠬᠢᠭᠰᠡᠨ ᠰᠠᠭᠤᠷᠢᠨ ᠳᠡᠭᠡᠷ᠎ᠡ ᠮᠠᠨ ᠤ ᠣᠷᠣᠨ ᠤ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠤᠨ ᠠᠵᠢᠯᠯᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ | ᠠᠷᠭ᠎ᠠ ᠶᠢ ᠲᠣᠭᠲᠠᠭᠠᠨ ᠨᠡᠶᠢᠲᠡᠯᠡᠪᠡ᠃ ᠬᠤᠶᠠᠷ᠂ ᠲᠤᠰ ︽ᠠᠷᠭ᠎ᠠ︾ ᠶᠢ ᠲᠣᠭᠲᠠᠭᠠᠭᠰᠠᠨ ᠭᠤᠤᠯ ᠦᠨᠳᠦᠰᠦᠯᠡᠯ ᠨᠢ ᠶᠠᠭᠤ | ᠪᠣᠶ︖ ᠲᠤᠰ ︽ᠠᠷᠭ᠎ᠠ︾ ᠨᠢ ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠤᠯᠢ︾ ᠵᠢᠴᠢ ᠲᠤᠰ ᠬᠠᠤᠯᠢ ᠶᠢ ᠬᠡᠷᠡᠭᠵᠢᠭᠦᠯᠬᠦ ᠳᠦᠷᠢᠮ᠂ ︽ᠵᠠᠰᠠᠭ ᠤᠨ ᠣᠷᠳᠣᠨ ᠤ | ᠬᠤᠳᠠᠯᠳᠤᠨ ᠠᠪᠬᠤ ᠪᠠᠷᠠᠭ᠎ᠠ ᠪᠠ ᠦᠶ᠋ᠯᠡᠴᠢᠯᠡᠭᠡᠨ ᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ | ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 87 ᠳ᠋ᠤᠭᠠᠷ ᠲᠣᠭᠠᠲᠤ ᠵᠠᠷᠯᠢᠭ︶᠂ ︽ᠵᠠᠰᠠᠭ ᠤᠨ | ᠣᠷᠳᠣᠨ ᠤ ᠬᠤᠳᠠᠯᠳᠤᠨ ᠠᠪᠬᠤ ᠳᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠪᠤᠰᠤ ᠠᠷᠭ᠎ᠠ ᠶᠢᠨ | ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ 74 ᠳ᠋ᠦ᠋ᠭᠡᠷ ᠲᠣᠭᠠᠲᠤ ᠵᠠᠷᠯᠢᠭ︶᠂ ︽ᠡᠵᠡᠩᠨᠡᠨ | ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠦᠷᠢᠮ︾᠂ ︽ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠰᠡᠵᠢᠭᠯᠡᠬᠦ ᠪᠠ ᠵᠠᠭᠠᠯᠳᠤᠬᠤ ᠠᠷᠭ᠎ᠠ︾ ︵ᠡᠳ᠋ ᠤᠨ ᠵᠠᠰᠠᠭ ᠤᠨ ᠶᠠᠮᠤᠨ 94 ᠳ᠋ᠦ᠋ᠭᠡᠷ ᠲᠣᠭᠠᠲᠤ ᠵᠠᠷᠯᠢᠭ︶ ᠵᠡᠷᠭᠡ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠠᠢ᠃ ᠭᠤᠷᠪᠠ᠂ ︽ᠠᠷᠭ᠎ᠠ︾ ᠳᠤ | ᠲᠣᠭᠲᠠᠭᠠᠭᠰᠠᠨ ᠭᠤᠤᠯ ᠵᠠᠷᠴᠢᠮ ᠶᠠᠭᠤ ᠪᠣᠶ︖ ᠨᠢᠭᠡ ᠳᠤ᠂ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ | ᠪᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠦᠨᠳᠦᠰᠦᠯᠡᠨ ᠲᠦᠷᠢᠮ ᠤᠨ ᠵᠢᠷᠤᠭ ᠲᠥᠯᠥᠪᠯᠡᠭᠡ ᠬᠢᠪᠡ᠃ ᠬᠤᠶᠠᠷ | ᠲᠤ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠶᠢ ᠳᠣᠷᠣᠭᠰᠢᠯᠠᠭᠤᠯᠤᠨ᠂ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠳᠥᠭᠦᠮ ᠳᠥᠲᠡ | ᠣᠷᠴᠢᠨ ᠨᠥᠬᠦᠴᠡᠯ ᠢ ᠪᠣᠶ ᠪᠣᠯᠭᠠᠵᠠᠢ᠃ ᠭᠤᠷᠪᠠ ᠳᠤ ︽ᠬᠡᠨ ᠡᠯᠰᠡᠨ ᠴᠤᠭᠯᠠᠭᠤᠯᠤᠭᠰᠠᠨ ᠪᠣᠯ ᠲᠡᠷᠡ ᠬᠢᠨᠠᠨ | ᠬᠠᠷᠭᠤᠭᠤᠯᠵᠤ᠂ ᠬᠠᠷᠢᠭᠤᠴᠠᠵᠤ᠂ ᠬᠢᠨᠠᠨ ᠬᠠᠮᠢᠶᠠᠷᠬᠤ︾ ᠵᠠᠷᠴᠢᠮ ᠢ ᠵᠢᠷᠤᠮᠯᠠᠨ᠂ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠤᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠤᠷᠬᠠᠶᠢᠯᠠᠪᠠ᠃ ᠲᠦᠷᠪᠡ ᠳᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠯᠪᠤᠭᠳᠠᠬᠤ ᠬᠥᠮᠦᠨ ᠤ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠬᠤᠶᠠᠷ ᠲᠠᠯ᠎ᠠ ᠶᠢᠨ ᠬᠤᠯᠪᠤᠭᠳᠠᠬᠤ ᠬᠥᠮᠦᠨ ᠡᠯᠧᠺᠳ᠋ᠷᠣᠨ ᠬᠤᠳᠠᠯᠳᠤᠭᠠᠨ ᠤ ᠲᠠᠯᠠᠪᠤᠷ | ᠲᠤ ᠠᠷᠠᠯᠵᠢᠶ᠎ᠠ ᠬᠢᠬᠦ ᠦᠶᠡᠰ ᠲᠤ ᠭᠦᠢᠴᠡᠳᠬᠡᠬᠦ ᠶᠣᠰᠣᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ | ᠲᠣᠳᠤᠷᠬᠠᠶᠢᠯᠠᠪᠠ᠃ ᠲᠠᠪᠤ ᠳᠤ᠂ ᠱᠠᠲᠤ ᠬᠤᠪᠢᠶᠠᠨ ᠬᠠᠮᠢᠶᠠᠷᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠪᠠᠷᠢᠮᠲᠠᠯᠠᠵᠤ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢᠨ ᠰᠢᠨᠵᠢ ᠴᠢᠨᠠᠷ᠂ ᠦᠶ᠋ᠯᠡ | ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ ᠬᠤᠤᠷ ᠬᠥᠨᠥᠭᠡᠯ ᠤᠨ ᠬᠡᠮᠵᠢᠶ᠎ᠡ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ ᠯᠦᠭᠡ ᠵᠣᠬᠢᠴᠠᠯᠳᠤᠭᠰᠠᠨ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠲᠣᠬᠢᠷᠠᠭᠤᠯᠵᠠᠢ᠃ ᠳᠥᠷᠪᠡ᠂ ︽ᠠᠷᠭ᠎ᠠ︾ ᠶᠢ ᠶᠠᠮᠠᠷ ᠬᠡᠪᠴᠢᠶᠡᠨ ᠳᠤ ᠬᠡᠷᠡᠭᠯᠡᠬᠦ ᠪᠣᠶ︖ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ | ᠪᠠ ᠪᠦᠯᠬᠦᠮ ᠨᠡᠶᠢᠲᠡ ᠶᠢᠨ ᠵᠣᠬᠢᠶᠠᠨ ᠪᠠᠶᠢᠭᠤᠯᠤᠯᠲᠠ ᠨᠤᠭᠤᠳ ︵ᠳᠣᠷᠣᠭᠰᠢ ︽ᠬᠤᠳᠠᠯᠳᠤᠨ ᠠᠪᠤᠭᠴᠢ︾ ᠭᠡᠵᠦ | ᠲᠣᠪᠴᠢᠯᠠᠨ᠎ᠠ︶ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠢᠶᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢᠶᠠᠷ | ᠳᠠᠮᠵᠢᠭᠤᠯᠤᠨ ᠲᠠᠸᠠᠷ ᠬᠠᠩᠭᠠᠬᠤ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠪᠤᠶᠤ ᠪᠠᠶᠢᠭᠠᠯᠢ ᠬᠥᠮᠦᠨ ︵ | ᠳᠣᠷᠣᠭᠰᠢ ︽ᠬᠠᠩᠭᠠᠭᠴᠢ ᠬᠤᠳᠠᠯᠳᠤᠭᠠᠴᠢᠨ︾ ᠭᠡᠵᠦ ᠲᠣᠪᠴᠢᠯᠠᠨ᠎ᠠ︶ ᠠᠴᠠ ᠬᠠᠤᠯᠢ ᠶᠣᠰᠣᠭᠠᠷ ᠲᠣᠭᠲᠠᠭᠠᠭᠰᠠᠨ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠨᠣᠷᠮ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠤᠶᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ | ᠲᠠᠷᠠᠬᠠᠶ ᠪᠤᠲᠠᠷᠬᠠᠶ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ ᠪᠠᠷᠠᠭ᠎ᠠ ᠪᠠ | ᠦᠶ᠋ᠯᠡᠴᠢᠯᠡᠭᠡᠨ ᠢ ᠬᠤᠳᠠᠯᠳᠤᠨ ᠠᠪᠬᠤ ᠳᠤ ᠲᠤᠰ ᠠᠷᠭ᠎ᠠ ᠶᠢ ᠬᠡᠷᠡᠭᠯᠡᠨ᠎ᠡ᠃ ᠲᠠᠪᠤ᠂ ︽ᠠᠷᠭ᠎ᠠ︾ ᠶᠢᠨ ᠳᠣᠲᠣᠷᠠᠬᠢ | ᠪᠠᠷᠠᠭᠠᠨ ᠤ ᠨᠡᠷᠡᠰ ᠤᠨ ᠭᠠᠷᠴᠠᠭ ᠲᠤ ᠶᠠᠭᠤ ᠶᠠᠭᠤ ᠪᠠᠶᠢᠬᠤ ᠪᠣᠶ︖ ᠬᠤᠳᠠᠯᠳᠤᠨ ᠠᠪᠬᠤ ᠦᠶᠡᠰ ᠲᠤ ᠬᠡᠷᠬᠢᠨ ᠠᠰᠢᠭᠯᠠᠬᠤ | ᠪᠣᠢ︖ ᠣᠳᠣᠬᠠᠨ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠪᠠᠷᠠᠭᠠᠨ ᠤ ᠨᠡᠷᠡᠰ ᠤᠨ ᠭᠠᠷᠴᠠᠭ ᠲᠤ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠪᠠ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠭᠠᠳᠠᠨᠠᠬᠢ ᠬᠤᠳᠠᠯᠳᠤᠨ ᠠᠪᠬᠤ ᠪᠠᠷᠠᠭᠠᠨ ᠤ ᠨᠡᠷᠡᠰ ᠢ ᠪᠠᠭᠲᠠᠭᠠᠵᠤ ᠪᠤᠢ | ᠃ ︽ᠪᠥᠬᠦ ᠣᠷᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ | ︵2020 ᠣᠨ ᠤ ᠬᠡᠪᠯᠡᠯ︶︾ ᠶᠢᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠤᠨ ᠲᠣᠳᠤᠷᠠᠬᠢ ᠵᠢᠴᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ | ᠪᠠᠷᠢᠮᠵᠢᠶ᠎ᠠ ᠳᠤ ᠥᠯᠥ ᠬᠦᠷᠬᠦ᠂ ᠬᠤᠳᠠᠯᠳᠤᠨ ᠠᠪᠬᠤ ᠲᠦᠷᠢᠮ ᠳᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ | ᠬᠤᠳᠠᠯᠳᠤᠨ ᠠᠪᠬᠤ ᠪᠠᠷᠠᠭ᠎ᠠ ᠪᠤᠶᠤ ᠦᠶ᠋ᠯᠡᠴᠢᠯᠡᠭᠡᠨ ᠤ ᠲᠥᠷᠥᠯ ᠵᠦᠢᠯᠡᠰ ᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠬᠡᠷᠡᠭᠲᠡᠢ︔ ᠲᠥᠪᠯᠡᠷᠡᠭᠦᠯᠦᠨ ᠬᠤᠳᠠᠯᠳᠤᠨ ᠠᠪᠬᠤ | ᠭᠠᠷᠴᠠᠭ ᠠᠴᠠ ᠭᠠᠳᠠᠨᠠᠬᠢ ᠵᠢᠴᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷᠯᠠᠭᠰᠠᠨ ᠲᠤᠭ᠎ᠠ ᠶᠢᠨ ᠪᠠᠷᠢᠮᠵᠢᠶ᠎ᠠ ᠳᠤ ᠥᠯᠥ | ᠬᠦᠷᠦᠭᠰᠡᠨ ᠪᠠᠷᠠᠭ᠎ᠠ ᠪᠤᠶᠤ ᠦᠶ᠋ᠯᠡᠴᠢᠯᠡᠭᠡᠨ ᠤ ᠲᠥᠷᠥᠯ ᠵᠦᠢᠯᠡᠰ ᠢ ᠬᠤᠳᠠᠯᠳᠤᠨ ᠠᠪᠬᠤ ᠦᠶᠡᠰ᠂ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠪᠤᠶᠤ ᠨᠢᠭᠡᠴᠢ ᠶᠢᠨ ᠳᠣᠲᠣᠭᠠᠳᠤ ᠶᠢᠨ ᠡᠵᠡᠮᠳᠡᠬᠦ ᠳᠦᠷᠢᠮ ᠶᠣᠰᠣᠭᠠᠷ ᠬᠤᠳᠠᠯᠳᠤᠨ ᠠᠪᠴᠤ | ᠪᠣᠯᠤᠨ᠎ᠠ᠃ ᠵᠢᠷᠭᠤᠭ᠎ᠠ᠂ ︽ᠠᠷᠭ᠎ᠠ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠶ︖ ︽ | ᠠᠷᠭ᠎ᠠ︾ ᠨᠢ ᠶᠢᠰᠦᠳᠦᠭᠡᠷ ᠶᠡᠭᠡ ᠬᠡᠰᠡᠭ ᠢᠶᠠᠷ ᠪᠦᠷᠢᠯᠳᠦᠵᠦ ᠪᠤᠢ᠃ ᠨᠢᠭᠡᠳᠦᠭᠡᠷ ᠬᠡᠰᠡᠭ ᠶᠡᠷᠦᠩᠬᠡᠢ ᠳᠦᠷᠢᠮ ᠳᠤ | ᠭᠤᠣᠯᠳᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠪᠦᠲᠦᠭᠡᠨ ᠪᠠᠶᠢᠭᠤᠯᠬᠤ ᠦᠨᠳᠦᠰᠦᠯᠡᠯ᠂ ᠬᠡᠷᠡᠭᠯᠡᠬᠦ ᠬᠡᠪᠴᠢᠶ᠎ᠡ᠂ | ᠠᠵᠢᠯᠯᠠᠭᠠᠨ ᠤ ᠦᠨᠳᠦᠰᠦᠨ ᠵᠠᠷᠴᠢᠮ ᠵᠡᠷᠭᠡ ᠠᠭᠤᠯᠭ᠎ᠠ ᠶᠢ ᠪᠠᠭᠲᠠᠭᠠᠨ᠎ᠠ︔ ᠬᠤᠶᠠᠳᠤᠭᠠᠷ ᠬᠡᠰᠡᠭ ᠬᠤᠳᠠᠯᠳᠤᠨ | ᠠᠪᠤᠭᠴᠢ ᠶᠢᠨ ᠬᠠᠮᠢᠶᠠᠷᠤᠯᠲᠠ ᠳᠤ ᠭᠤᠣᠯᠳᠠᠭᠤ ᠬᠤᠳᠠᠯᠳᠤᠨ ᠠᠪᠤᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ | ᠬᠤᠳᠠᠯᠳᠤᠨ ᠠᠪᠬᠤ ᠳᠤ ᠭᠦᠢᠴᠡᠳᠬᠡᠬᠦ ᠶᠣᠰᠣᠲᠠᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ︔ ᠭᠤᠷᠪᠠᠳᠤᠭᠠᠷ ᠬᠡᠰᠡᠭ | ᠬᠤᠳᠠᠯᠳᠤᠭ᠎ᠠ ᠬᠠᠩᠭᠠᠭᠴᠢ ᠶᠢᠨ ᠬᠠᠮᠢᠶᠠᠷᠤᠯᠲᠠ ᠳᠤ ᠭᠤᠣᠯᠴᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ | ᠬᠤᠳᠠᠯᠳᠤᠭ᠎ᠠ ᠬᠠᠩᠭᠠᠭᠴᠢᠳ ᠤᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠬᠤ ᠨᠥᠬᠦᠴᠡᠯ ᠪᠠ ᠠᠷᠭ᠎ᠠ ᠮᠠᠶ᠋ᠢᠭ ᠢ | ᠪᠠᠭᠲᠠᠭᠠᠨ᠎ᠠ︔ ᠳᠥᠷᠪᠡᠳᠦᠭᠡᠷ ᠬᠡᠰᠡᠭ ᠲᠠᠸᠠᠷ ᠤᠨ ᠬᠠᠮᠢᠶᠠᠷᠤᠯᠲᠠ ᠳᠤ ᠭᠤᠣᠯᠳᠠᠭᠤ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠲᠤ ᠲᠠᠸᠠᠷ ᠭᠠᠷᠭᠠᠬᠤ ᠳᠤ ᠡᠷᠬᠡᠪᠰᠢ ᠪᠦᠷᠢᠳᠦᠭᠦᠯᠬᠦ ᠨᠥᠬᠦᠴᠡᠯ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ | ᠲᠠᠪᠤᠳᠤᠭᠠᠷ ᠬᠡᠰᠡᠭ ᠠᠷᠠᠯᠵᠢᠶᠠᠨ ᠤ ᠬᠠᠮᠢᠶᠠᠷᠤᠯᠲᠠ ᠳᠤ ᠭᠤᠤᠯᠳᠠᠭᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ | ᠠᠷᠠᠯᠵᠢᠶᠠᠨ ᠤ ᠠᠷᠭ᠎ᠠ ᠮᠠᠶ᠋ᠢᠭ᠂ ᠬᠡᠷᠡᠭᠯᠡᠬᠦ ᠠᠶ᠂ ᠠᠷᠠᠯᠵᠢᠶᠠᠯᠠᠬᠤ ᠪᠠ ᠠᠷᠠᠯᠵᠢᠶ᠎ᠠ ᠪᠦᠲᠦᠬᠦ ᠵᠠᠷᠴᠢᠮ ᠵᠡᠷᠭᠡ | ᠠᠭᠤᠯᠭ᠎ᠠ ᠨᠤᠭᠤᠳ ᠢ ᠪᠠᠭᠲᠠᠭᠠᠨ᠎ᠠ︔ ᠵᠢᠷᠭᠤᠳᠤᠭᠠᠷ ᠬᠡᠰᠡᠭ ᠭᠡᠷ᠎ᠡ ᠪᠠ ᠭᠡᠷ᠎ᠡ ᠶᠢ ᠭᠦᠶ᠋ᠴᠡᠳᠬᠡᠬᠦ ᠬᠠᠮᠢᠶᠠᠷᠤᠯᠲᠠ᠂ | ᠭᠤᠤᠯᠳᠠᠭᠤ ᠡᠯᠧᠺᠳ᠋ᠷᠣᠨ ᠬᠤᠳᠠᠯᠳᠤᠭᠠᠨ ᠤ ᠭᠡᠷ᠎ᠡ ᠲᠣᠭᠲᠠᠬᠤ᠂ ᠵᠠᠷᠯᠠᠨ ᠨᠡᠶᠢᠲᠡᠯᠡᠬᠦ᠂ ᠳᠥᠯᠥᠬᠦ ᠵᠡᠷᠭᠡ | ᠠᠭᠤᠯᠭ᠎ᠠ ᠨᠤᠭᠤᠳ ᠢ ᠪᠠᠭᠲᠠᠭᠠᠨ᠎ᠠ︔ ᠳᠣᠯᠣᠳᠤᠭᠠᠷ ᠬᠡᠰᠡᠭ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠭᠤᠣᠯᠳᠠᠭᠤ | ᠬᠤᠳᠠᠯᠳᠤᠨ ᠠᠪᠤᠭᠴᠢ ᠪᠠ ᠬᠤᠳᠠᠯᠳᠤᠭ᠎ᠠ ᠬᠠᠩᠭᠠᠭᠴᠢ ᠠᠴᠠ ᠢᠲᠡᠭᠡᠮᠵᠢ ᠠᠯᠳᠠᠭᠰᠠᠨ ᠢ ᠨᠢ ᠵᠠᠯᠬᠠᠭᠠᠨ ᠴᠡᠭᠡᠷᠯᠡᠭᠦᠯᠬᠦ ᠵᠡᠷᠭᠡ | ᠠᠭᠤᠯᠭ᠎ᠠ ᠨᠤᠭᠤᠳ ᠢ ᠪᠠᠭᠲᠠᠭᠠᠨ᠎ᠠ︔ ᠨᠠᠢᠮᠠᠳᠤᠭᠠᠷ ᠬᠡᠰᠡᠭ ᠬᠢᠨᠠᠯᠲᠠ ᠬᠠᠮᠢᠶᠠᠷᠤᠯᠲᠠ ᠳᠤ ᠭᠤᠣᠯᠳᠠᠭᠤ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠤᠨ ᠡᠯ᠎ᠡ ᠲᠠᠯ᠎ᠠ ᠶᠢᠨ ᠬᠤᠯᠪᠤᠭᠳᠠᠬᠤ ᠬᠦᠮᠦᠰ ᠤᠨ ᠡᠷᠬᠡ ᠠᠰᠢᠭ ᠢ ᠬᠠᠮᠠᠭᠠᠯᠠᠬᠤ ᠪᠠ ᠬᠢᠨᠠᠵᠤ | ᠬᠠᠮᠢᠶᠠᠷᠬᠤ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ︔ ᠶᠢᠰᠦᠳᠦᠭᠡᠷ ᠬᠡᠰᠡᠭ ᠳᠠᠭᠠᠯᠳᠤᠭᠤᠯᠤᠯ ᠲᠦᠷᠢᠮ ᠳᠤ ᠭᠤᠣᠯᠴᠠᠭᠤ | ᠲᠤᠰ ᠠᠷᠭ᠎ᠠ ᠶᠢ ᠲᠠᠶᠢᠯᠪᠤᠷᠢᠯᠠᠬᠤ ᠡᠷᠬᠡ᠂ ᠭᠡᠯᠳᠦᠷᠢᠬᠦᠯᠬᠦ ᠵᠦᠢᠯ ᠵᠣᠷᠪᠤᠰ ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠡᠷᠭᠡ | ᠠᠭᠤᠯᠭ᠎ᠠ ᠨᠤᠭᠤᠳ ᠢ ᠪᠠᠭᠲᠠᠭᠠᠵᠠᠢ᠃ ᠳᠣᠯᠤᠭ᠎ᠠ᠂ ︽ᠠᠷᠭ᠎ᠠ︾ ᠳᠤ ᠬᠤᠳᠠᠯᠳᠤᠨ ᠠᠪᠤᠭᠴᠢ ᠬᠤᠳᠠᠯᠳᠤᠨ ᠠᠪᠬᠤ | ᠬᠠᠮᠢᠶᠠᠷᠤᠯᠲᠠ ᠪᠠᠨ ᠬᠡᠷᠬᠢᠨ ᠰᠠᠶᠢᠲᠤᠷ ᠬᠢᠬᠦ ᠪᠣᠶ︖ ᠬᠤᠳᠠᠯᠳᠤᠨ ᠠᠪᠤᠭᠴᠢ ᠪᠣᠯ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠬᠤ ᠭᠤᠤᠯ ᠴᠣᠭᠴᠠ ᠮᠥᠨ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ | ᠠᠪᠬᠤ ᠳᠤ ᠪᠠᠨ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ ᠭᠦᠶ᠋ᠴᠡᠳᠬᠡᠵᠦ᠂ ︽ᠬᠡᠨ ᠬᠤᠳᠠᠯᠳᠤᠨ ᠠᠪᠤᠭᠰᠠᠨ ᠪᠣᠯ | ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠ ᠬᠤᠳᠠᠯᠳᠤᠨ ᠠᠪᠤᠭᠰᠠᠨ | ᠦᠷ᠎ᠡ ᠳ᠋ᠦᠩ ᠳᠤ ᠬᠠᠷᠢᠭᠤᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃ ᠪᠦᠬᠦᠯᠢ ᠶᠢ ᠬᠡᠰᠡᠭᠯᠡᠨ | ᠰᠠᠯᠭᠠᠬᠤ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠵᠤ᠂ | ᠬᠢᠵᠠᠭᠠᠷᠯᠠᠬᠤ ᠴᠢᠨᠠᠷᠲᠠᠶ ᠨᠥᠬᠦᠴᠡᠯ ᠲᠣᠬᠢᠷᠠᠭᠤᠯᠬᠤ ᠪᠤᠶᠤ ᠵᠦᠶ ᠵᠣᠬᠢᠰ ᠥᠬᠡᠶ ᠨᠥᠬᠦᠴᠡᠯ ᠳᠤᠷᠠᠳᠬᠤ ᠡᠰᠡᠭᠦᠯ᠎ᠡ | ᠬᠤᠳᠠᠯᠳᠤᠭ᠎ᠠ ᠬᠠᠩᠭᠠᠬᠤ ᠪᠤᠯᠤᠮᠵᠢ ᠪᠦᠬᠦᠢ ᠬᠤᠳᠠᠯᠳᠤᠭᠠᠴᠢᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ | ᠠᠷᠠᠯᠵᠢᠶ᠎ᠠ ᠳᠤ ᠣᠷᠣᠯᠴᠠᠬᠤ ᠶᠢ ᠭᠠᠳᠠᠭᠤᠷᠴᠢᠯᠠᠬᠤ ᠵᠡᠷᠭᠡ ᠶᠢ ᠴᠠᠭᠠᠵᠠᠯᠠᠨ᠎ᠠ᠂ ᠡᠰᠡ ᠲᠡᠶᠢᠮᠦ ᠪᠣᠯ ︽ᠠᠷᠭ᠎ᠠ︾ ᠳᠠᠬᠢ | ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ᠃ ᠨᠠᠶ᠋ᠮᠠ᠂ ︽ᠠᠷᠭ᠎ᠠ︾ ᠳᠤ ᠬᠤᠳᠠᠯᠳᠤᠭ᠎ᠠ ᠬᠠᠩᠭᠠᠭᠴᠢ ᠶᠢᠨ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠶᠢ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠶᠢᠨ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠣᠷᠤᠵᠤ ᠬᠤᠳᠠᠯᠳᠤᠭ᠎ᠠ ᠡᠷᠬᠢᠯᠡᠬᠦ ᠳᠤ ᠨᠢ | ᠠᠮᠠᠯᠠᠯᠲᠠ ᠶᠢᠨ ᠲᠦᠷᠢᠮ ᠪᠠ ︽ᠨᠢᠭᠡ ᠭᠠᠵᠠᠷ ᠠᠴᠠ ᠡᠯᠰᠡᠵᠦ᠂ ᠪᠦᠬᠦ ᠣᠷᠤᠨ ᠳᠤ ᠬᠦᠷᠲᠡᠭᠡᠬᠦ︾ ᠬᠠᠮᠢᠶᠠᠷᠤᠯᠲᠠ ᠶᠢᠨ | ᠠᠷᠭ᠎ᠠ ᠶᠢ ᠬᠡᠷᠡᠭᠯᠡᠨ᠎ᠡ᠃ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠡᠵᠡᠩᠨᠡᠯᠲᠡ ᠬᠢᠬᠦ ᠬᠤᠳᠠᠯᠳᠤᠭ᠎ᠠ ᠬᠠᠩᠭᠠᠭᠴᠢ | ᠥᠪᠡᠷ ᠤᠨ ᠦᠶ᠋ᠯᠡᠴᠢᠯᠡᠭᠡᠨ ᠤ ᠴᠢᠳᠠᠪᠤᠷᠢ ᠪᠠᠨ ᠦᠨᠳᠦᠰᠦᠯᠡᠨ᠂ ᠲᠣᠭᠲᠠᠭᠠᠯ ᠶᠣᠰᠣᠭᠠᠷ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠲᠤ ᠭᠠᠷᠴᠤ᠂ ᠦᠨᠡᠨ ᠪᠣᠳᠠᠲᠠᠶ ᠬᠠᠤᠯᠢ ᠶᠢᠨ ᠬᠦᠴᠦᠨ ᠲᠠᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠬᠠᠩᠭᠠᠨ᠎ᠠ᠂ | ᠢᠲᠡᠭᠡᠮᠵᠢ ᠰᠠᠶᠢᠲᠠᠢ ᠠᠵᠤ ᠠᠬᠤᠶᠢᠯᠠᠯ ᠨᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠲᠤ ᠡᠵᠡᠩᠨᠡᠯᠲᠡ ᠬᠢᠵᠦ ᠪᠣᠯᠤᠨ᠎ᠠ᠃ ᠨᠢᠭᠡᠨᠲᠡ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ | ᠡᠷᠬᠢᠯᠡᠭᠰᠡᠨ ᠬᠤᠳᠠᠯᠳᠤᠭ᠎ᠠ ᠬᠠᠩᠭᠠᠭᠴᠢ ᠦᠨᠡᠨᠴᠢ ᠢᠲᠡᠭᠡᠮᠵᠢᠲᠡᠶ ᠪᠠᠷ ᠠᠷᠠᠯᠵᠢᠶᠠᠯᠠᠬᠤ ᠪᠠ ᠬᠢᠨᠠᠯᠲᠠ ᠬᠠᠮᠢᠶᠠᠷᠤᠯᠲᠠ ᠶᠢ | ᠳᠠᠭᠠᠬᠤ ᠪᠠᠨ ᠠᠮᠠᠯᠠᠬᠤ ᠶᠢᠨ ᠬᠠᠮᠲᠤ᠂ ᠬᠤᠳᠠᠯᠳᠤᠭ᠎ᠠ ᠬᠠᠩᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ | ᠴᠢᠩᠭ᠎ᠠ ᠭᠦᠶ᠋ᠴᠡᠳᠬᠡᠬᠦ ᠬᠡᠷᠡᠭᠲᠡᠶ᠃ ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠳᠤ ︽ᠨᠢᠭᠡ | ᠭᠠᠵᠠᠷ ᠲᠤ ᠬᠦᠴᠦᠨ ᠦᠭᠡᠶ ᠪᠣᠯᠭᠠᠵᠤ᠂ ᠪᠦᠬᠦ ᠣᠷᠣᠨ ᠠᠴᠠ ᠪᠤᠴᠠᠭᠠᠨ ᠭᠠᠷᠭᠠᠯᠭᠠᠬᠤ︾ ᠲᠣᠭᠲᠠᠴᠠ ᠶᠢ ᠬᠡᠷᠡᠭᠵᠢᠭᠦᠯᠵᠦ᠂ | ᠢᠲᠡᠭᠡᠯ ᠠᠯᠳᠠᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠯᠠᠨ᠎ᠠ ᠨᠡᠪᠲᠡᠷᠡᠭᠦᠯᠵᠦ᠂ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠲᠤ ᠠᠷᠠᠯᠵᠢᠶ᠎ᠠ ᠡᠷᠬᠢᠯᠡᠬᠦ ᠬᠢᠷᠢ ᠬᠡᠮ ᠢ ᠨᠢ ᠬᠠᠰᠤᠨ᠎ᠠ᠃ ᠶᠢᠰᠦ᠂ ︽ᠠᠷᠭ᠎ᠠ︾ ᠳᠤ ᠲᠠᠸᠠᠷ ᠤᠳ ᠢ ᠬᠡᠷᠬᠢᠨ | ᠬᠠᠮᠢᠶᠠᠷᠬᠤ ᠪᠣᠶ︖ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠠᠷᠠᠯᠵᠢᠶ᠎ᠠ ᠡᠷᠬᠢᠯᠡᠭᠰᠡᠨ ᠬᠤᠳᠠᠯᠳᠤᠭ᠎ᠠ ᠬᠠᠩᠭᠠᠭᠴᠢ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠤᠨ ᠲᠠᠸᠠᠷ ᠤᠳ ᠤᠨ ᠨᠡᠶᠢᠲᠡᠯᠡᠯᠲᠡ ᠵᠢᠴᠢ ᠬᠠᠮᠢᠶᠠᠷᠤᠯᠲᠠ ᠶᠢᠨ ᠵᠢᠷᠤᠮᠵᠢᠯ︾ ᠤᠨ ᠱᠠᠭᠠᠷᠳᠠᠯᠭ᠎ᠠ | ᠶᠣᠰᠣᠭᠠᠷ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠲᠠᠸᠠᠷ ᠢᠶᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠨ ᠬᠠᠮᠢᠶᠠᠷᠬᠤ ᠪᠠᠶᠢᠭᠤᠯᠤᠮᠵᠢ ᠪᠠᠷ ᠬᠢᠨᠠᠨ | ᠬᠠᠷᠭᠤᠭᠤᠯᠤᠭᠠᠳ ᠪᠠᠲᠤᠯᠠᠭᠳᠠᠭᠰᠠᠨ ᠤ ᠳᠠᠷᠠᠭ᠎ᠠ ᠰᠠᠶ᠋ᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠪᠣᠷᠤᠯᠠᠭᠤᠯᠵᠤ | ᠪᠣᠯᠬᠤ ᠶᠢ ᠱᠠᠭᠠᠷᠳᠠᠨ᠎ᠠ᠃ ᠲᠠᠸᠠᠷ ᠤᠨ ᠭᠠᠷᠴᠠᠭ᠂ ᠨᠡᠷᠡᠶᠢᠳᠦᠯ᠂ ᠪᠣᠯᠵᠣᠯᠲᠤ ᠲᠤᠭ᠎ᠠ᠂ ᠦᠨ᠎ᠡ ᠬᠠᠩᠰᠢ ᠵᠡᠷᠭᠡ ᠬᠠᠮᠢᠶ᠎ᠠ | ᠪᠥᠬᠦᠶ ᠵᠢᠷᠤᠮᠵᠢᠯ ᠪᠤᠶᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠲᠠᠸᠠᠷ ᠢ ᠬᠤᠷᠢᠶᠠᠨ | ᠰᠢᠢᠳᠪᠦᠷᠢᠯᠡᠬᠦ ᠶᠢᠨ ᠬᠠᠮᠲᠤ ︽ᠠᠷᠭ᠎ᠠ︾ ᠶᠢᠨ ᠭᠤᠴᠢᠨ ᠲᠠᠪᠤᠳᠤᠭᠠᠷ ᠵᠦᠶ᠋ᠯ ᠤᠨ ᠲᠣᠭᠲᠠᠭᠠᠯ ᠶᠣᠰᠣᠭᠠᠷ ᠰᠢᠶ᠋ᠳᠪᠦᠷᠢᠯᠡᠨ᠎ᠡ | ᠃ ᠠᠷᠪᠠ᠂ ︽ᠠᠷᠭ᠎ᠠ︾ ᠶᠢᠨ ᠠᠷᠠᠯᠵᠢᠶᠠᠨ ᠤ ᠬᠠᠮᠢᠶᠠᠷᠤᠯᠲᠠ ᠳᠤ ᠬᠤᠳᠠᠯᠳᠤᠨ ᠠᠪᠤᠭᠴᠢ ᠨᠢ ᠬᠤᠳᠠᠯᠳᠤᠨ ᠠᠪᠬᠤ | ᠲᠥᠰᠦᠪ ᠤᠨ ᠵᠣᠭᠤᠰ ᠤᠨ ᠲᠤᠭ᠎ᠠ ᠪᠠ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠠᠷᠠᠯᠵᠢᠶᠠᠯᠠᠬᠤ | ᠠᠷᠭ᠎ᠠ ᠮᠠᠶ᠋ᠢᠭ ᠢ ᠥᠪᠡᠰᠦᠪᠡᠨ ᠰᠣᠩᠭᠤᠵᠤ ᠪᠣᠯᠬᠤ ᠶᠢ ᠲᠣᠳᠤᠷᠬᠠᠶᠢᠯᠠᠪᠠ᠂ ᠲᠡᠭᠡᠪᠡᠯ ᠪᠣᠳᠠᠲᠠᠶ ᠬᠡᠷᠬᠢᠨ ᠰᠣᠩᠭᠤᠬᠤ ᠪᠤᠢ︖ | ︵ᠨᠢᠭᠡ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ | ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠪᠠᠷᠠᠭ᠎ᠠ ᠶᠢᠨ ᠲᠥᠷᠥᠯ ᠤᠨ ᠲᠥᠷᠥᠯ ᠵᠦᠶ᠋ᠯ ᠢ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ ᠰᠦᠯᠵᠢᠶᠡᠨ ᠳᠡᠭᠡᠷ᠎ᠡ ᠦᠨ᠎ᠡ | ᠦᠷᠢᠰᠦᠯᠳᠦᠬᠦ᠂ ᠦᠨ᠎ᠡ ᠯᠠᠪᠯᠠᠬᠤ ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠠᠵᠢᠯᠯᠠᠭ᠎ᠠ ᠶᠢ ᠬᠡᠷᠡᠭᠵᠢᠭᠦᠯᠵᠦ ᠪᠣᠯᠤᠨ᠎ᠠ᠃ | ᠡᠭᠦᠨ ᠳᠤ ᠭᠤᠣᠯᠳᠠᠭᠤ᠄ ᠦᠢᠯᠡᠴᠢᠯᠡᠭᠦᠷ ᠮᠠᠰᠢᠨ᠂ ᠲᠠᠯᠪᠢᠭᠤᠷ ᠺᠣᠮᠫᠢᠦ᠋ᠲ᠋ᠧᠷ᠂ ᠠᠪᠴᠤ ᠶᠠᠪᠤᠬᠤ ᠳᠤ ᠲᠦᠬᠦᠮ | ᠺᠣᠮᠫᠢᠦ᠋ᠲ᠋ᠧᠷ᠂ ᠪᠤᠳᠤᠬ ᠰᠦᠷᠴᠢᠨ ᠳᠠᠷᠤᠮᠠᠯᠯᠠᠬᠤ ᠮᠠᠰᠢᠨ᠂ ᠯᠠᠶᠢᠰᠧᠷ ᠳᠠᠷᠤᠮᠠᠯᠯᠠᠬᠤ ᠮᠠᠰᠢᠨ᠂ ᠵᠡᠭᠦᠦ ᠬᠡᠯᠪᠡᠷᠢᠲᠦ | ᠳᠠᠷᠤᠮᠠᠯᠯᠠᠬᠤ ᠮᠠᠰᠢᠨ᠂ ᠰᠢᠩᠭᠡᠨ ᠲᠠᠯᠠᠰᠲᠤ ᠦᠵᠡᠭᠦᠯᠦᠭᠦᠷ᠂ ᠰᠢᠷᠪᠢᠭᠦᠷ ᠮᠠᠰᠢᠨ᠂ ᠳᠠᠷᠤᠮᠠᠯᠯᠠᠭᠤᠷ ᠮᠠᠰᠢᠨ᠂ | ᠲᠤᠰᠬᠠᠯᠳᠠ ᠶᠢᠨ ᠮᠠᠰᠢᠨ᠂ ᠤᠯᠡᠠ ᠴᠢᠳᠠᠪᠤᠷᠢᠲᠤ ᠨᠢᠭᠡ ᠴᠣᠭᠴᠠ ᠮᠠᠰᠢᠨ᠂ LED - ᠦᠵᠡᠭᠦᠯᠬᠦ ᠳᠡᠯᠭᠡᠴᠡ᠂ ᠬᠦᠷᠦᠯᠴᠡᠯ | ᠡᠵᠡᠮᠰᠢᠯᠳᠦ ᠨᠢᠭᠡ ᠴᠣᠭᠴᠠ ᠮᠠᠰᠢᠨ᠂ ᠴᠠᠭᠠᠰᠤ ᠤᠷᠠᠬᠤ ᠮᠠᠰᠢᠨ᠂ ᠲᠡᠰᠦᠷᠡᠯᠳᠠ ᠤᠢᠭᠡᠢ ᠴᠠᠬᠢᠯᠭᠠᠨ ᠡᠭᠦᠰᠭᠡᠭᠴᠢ ︵ | UPS︶᠂ ᠠᠭᠠᠷ ᠲᠤᠬᠢᠷᠡᠭᠤᠯᠦᠷ᠂ ᠪᠠᠭᠤᠯᠭᠠᠪᠤᠷᠢ ᠴᠠᠭᠠᠰᠤ ᠵᠡᠷᠭᠡ ᠲᠦᠷᠦᠯ ᠵᠦᠢᠯᠡᠰ ᠢ ᠪᠠᠭᠲᠠᠭᠠᠨ᠎ᠠ᠃ ︵ᠬᠤᠶᠠᠷ︶ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ | ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ | ᠲᠤᠭ᠎ᠠ ᠨᠢ 30 ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ | ᠡᠰᠡ ᠬᠦᠷᠦᠭᠰᠡᠨ ᠪᠠᠷᠠᠭ᠎ᠠ ᠶᠢᠨ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ | ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 | ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠡᠰᠡ ᠬᠦᠷᠦᠭᠰᠡᠨ | ᠪᠠᠷᠠᠭ᠎ᠠ ᠶᠢᠨ ᠲᠥᠷᠥᠯ ᠵᠦᠶ᠋ᠯ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠰᠦᠯᠵᠢᠶᠡᠨ ᠳᠡᠭᠡᠷ᠎ᠡ ᠦᠨ᠎ᠡ | ᠦᠷᠢᠰᠦᠯᠳᠦᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠨ ᠠᠪᠴᠤ ᠪᠣᠯᠤᠨ᠎ᠠ᠃ ︵ | ᠭᠤᠷᠪᠠ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ | ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ | ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ | ᠬᠤᠳᠠᠯᠳᠤᠨ ᠠᠪᠬᠤ ᠪᠤᠶ︖ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ | ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡᠨ ᠲᠥᠭᠦᠷᠢᠭ ᠲᠤ ᠦᠯᠦ ᠬᠦᠷᠬᠦ ᠦᠶ᠋ᠯᠡᠴᠢᠯᠡᠭᠡᠨ ᠤ | ᠲᠥᠷᠥᠯ ᠤᠨ ᠲᠥᠷᠥᠯ ᠵᠦᠶ᠋ᠯ ᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠰᠢᠭᠤᠳ ᠬᠤᠳᠠᠯᠳᠤᠨ ᠠᠪᠬᠤ ᠪᠤᠶᠤ | ᠭᠤᠷᠪᠠ ᠠᠴᠠ ᠳᠡᠭᠡᠭᠰᠢ ᠬᠤᠳᠠᠯᠳᠤᠭ᠎ᠠ ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠦᠷᠢᠰᠦᠯᠳᠦᠬᠦ ᠪᠤᠶᠤ ᠪᠥᠬᠦ | ᠰᠦᠯᠵᠢᠶ᠎ᠡ ᠪᠠᠷ ᠢᠯᠡ ᠪᠠᠷ ᠦᠨ᠎ᠡ ᠦᠷᠢᠰᠦᠯᠳᠦᠨ ᠬᠤᠳᠠᠯᠳᠤᠨ ᠠᠪᠴᠤ ᠪᠣᠯᠤᠨ᠎ᠠ᠃ ᠡᠭᠦᠨ ᠳᠤ ᠭᠤᠣᠯᠴᠠᠭᠤ᠄ ᠲᠡᠷᠭᠡ | ᠬᠥᠰᠬᠡ ᠶᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠦᠶ᠋ᠯᠡᠴᠢᠯᠡᠭᠡ᠂ ᠬᠡᠪᠯᠡᠭᠦ ᠦᠶ᠋ᠯᠡᠴᠢᠯᠡᠭᠡ᠂ ᠠᠳᠠᠯ ᠠᠬᠤᠶ ᠶᠢᠨ | ᠬᠠᠮᠢᠶᠠᠷᠤᠯᠲᠠ ᠶᠢᠨ ᠦᠶ᠋ᠯᠡᠴᠢᠯᠡᠭᠡ ᠵᠡᠷᠭᠡ ᠦᠶ᠋ᠯᠡᠳᠬᠦᠨ ᠤ ᠭᠠᠷᠴᠠᠭ ᠢ ᠪᠠᠭᠲᠠᠭᠠᠨ᠎ᠠ᠃ ︵ᠳᠥᠷᠪᠡ︶ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ | ᠪᠣᠯᠬᠤ ᠶᠢ ᠨᠢᠭᠡᠨᠲᠡ ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 | ᠲᠦᠮᠡ ᠠᠴᠠ ᠳᠡᠭᠡᠭᠰᠢ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ | ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠢ ᠬᠡᠷᠬᠢᠨ ᠬᠤᠳᠠᠯᠳᠤᠨ ᠠᠪᠬᠤ ᠪᠤᠶ︖ ᠲᠥᠪᠯᠡᠷᠡᠭᠦᠯᠦᠨ ᠬᠤᠳᠠᠯᠳᠤᠨ | ᠠᠪᠬᠤ ᠭᠠᠷᠴᠠᠭ ᠤᠨ ᠳᠣᠲᠣᠷ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ ᠶᠢ ᠨᠢᠭᠡᠨᠲᠡ | ᠲᠣᠳᠣᠷᠬᠠᠶᠢᠯᠠᠭᠰᠠᠨ ᠪᠥᠭᠡᠳ ᠳᠠᠩ ᠲᠥᠷᠦᠯ ᠤᠨ ᠪᠤᠶᠤ ᠪᠥᠭᠡᠮ ᠵᠣᠭᠤᠰ ᠤᠨ ᠲᠤᠭ᠎ᠠ ᠨᠢ 30 ᠲᠦᠮᠡ ᠠᠴᠠ ᠳᠡᠭᠡᠭᠰᠢ᠂ | ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ ᠥᠯᠥ ᠬᠦᠷᠬᠦ ᠦᠶ᠋ᠯᠡᠴᠢᠯᠡᠭᠡᠨ ᠤ ᠲᠥᠷᠥᠯ ᠤᠨ | ᠲᠥᠷᠥᠯ ᠵᠦᠶ᠋ᠯ ᠢ ᠬᠤᠳᠠᠯᠳᠤᠨ ᠠᠪᠬᠤ ᠳᠤ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠤ ᠭᠤᠷᠪᠠ ᠠᠴᠠ ᠳᠡᠭᠡᠭᠰᠢᠬᠢ | ᠬᠤᠳᠠᠯᠳᠤᠭ᠎ᠠ ᠬᠠᠩᠭᠠᠭᠴᠢᠳ ᠢ ᠤᠷᠢᠵᠤ ᠬᠢᠵᠠᠭᠠᠷᠲᠠᠶ ᠦᠨ᠎ᠡ ᠥᠷᠢᠰᠦᠯᠳᠦᠬᠦ ᠪᠤᠶᠤ ᠪᠥᠬᠦ ᠰᠦᠯᠵᠢᠶ᠎ᠡ ᠪᠠᠷ ᠢᠯᠡ ᠪᠠᠷ | ᠦᠨ᠎ᠡ ᠬᠠᠶᠠᠯᠴᠠᠨ ᠬᠤᠳᠠᠯᠳᠤᠨ ᠠᠪᠴᠤ ᠪᠣᠯᠤᠨ᠎ᠠ᠃ ︵ᠲᠠᠪᠤ︶ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠠᠴᠠ | ᠭᠠᠳᠠᠨ᠎ᠠ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠴᠤ ᠪᠣᠯᠬᠤ᠂ ᠳᠠᠩ ᠲᠥᠷᠦᠯ ᠤᠨ ᠪᠤᠶᠤ | ᠪᠥᠭᠡᠮ ᠵᠣᠭᠤᠰ ᠤᠨ ᠲᠤᠭ᠎ᠠ ᠨᠢ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ ᠳᠣᠷᠣᠭᠰᠢᠬᠢ | ᠪᠠᠷᠠᠭ᠎ᠠ ᠪᠠ ᠦᠶ᠋ᠯᠡᠴᠢᠯᠡᠭᠡᠨ ᠤ ᠲᠥᠷᠥᠯ ᠤᠨ ᠲᠥᠷᠥᠯ ᠵᠦᠶ᠋ᠯ ᠢ ᠬᠡᠷᠬᠢᠨ ᠬᠤᠳᠠᠯᠳᠤᠨ ᠠᠪᠬᠤ ᠪᠣᠶ︖ ᠲᠥᠪᠯᠡᠷᠡᠭᠦᠯᠦᠨ | ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ᠂ ᠬᠡᠰᠡᠭᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ | ᠳᠣᠷᠣᠭᠰᠢᠬᠢ ᠬᠤᠳᠠᠯᠳᠤᠨ ᠠᠪᠬᠤ ᠲᠥᠷᠥᠯ ᠵᠦᠶ᠋ᠯ ᠢ ᠬᠤᠳᠠᠯᠳᠤᠨ ᠠᠪᠤᠭᠴᠢ ᠨᠢ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠠᠴᠠ ᠬᠤᠳᠠᠯᠳᠤᠨ ᠠᠪᠴᠤ ᠪᠣᠯᠤᠨ᠎ᠠ ︵ᠦᠶ᠋ᠯᠡᠳᠬᠦᠨ ᠤ ᠭᠠᠷᠴᠠᠭ ᠲᠤ᠄ ᠵᠠᠮᠨᠠᠭᠤᠷ᠂ ᠰᠣᠯᠢᠯᠴᠠᠭᠤᠷ᠂ ᠨᠢᠭᠲᠠᠯᠠᠨ | ᠪᠤᠳᠤᠬᠤ ᠦᠶ᠋ᠯᠡᠴᠢᠯᠡᠭᠡ᠂ ᠬᠢᠨᠠᠨ ᠪᠤᠳᠤᠬᠤ ᠦᠶ᠋ᠯᠡᠴᠢᠯᠡᠭᠡ᠂ ᠬᠠᠤᠯᠢ ᠴᠠᠭᠠᠵᠠ ᠶᠢᠨ ᠦᠶ᠋ᠯᠡᠴᠢᠯᠡᠭᠡ ᠵᠡᠷᠭᠡ ᠪᠠᠭᠲᠠᠨ᠎ᠠ︶᠂ | ᠪᠠᠰᠠ ᠨᠢᠭᠡᠴᠢ ᠶᠢᠨ ᠳᠣᠲᠣᠭᠠᠳᠤ ᠡᠵᠡᠮᠳᠡᠯ ᠤᠨ ᠳᠦᠷᠢᠮ ᠶᠣᠰᠣᠭᠠᠷ ᠥᠪᠡᠰᠦᠪᠡᠨ ᠬᠤᠳᠠᠯᠳᠤᠨ ᠪᠣᠯᠤᠨ᠎ᠠ᠃ ᠠᠷᠪᠠᠨ ᠨᠢᠭᠡ᠂ | ᠬᠤᠳᠠᠯᠳᠤᠨ ᠠᠪᠤᠭᠴᠢ ᠨᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠨᠤᠲᠠᠯᠠᠭᠰᠠᠨ ᠥᠬᠡᠶ | ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ ᠬᠤᠳᠠᠯᠳᠤᠨ ᠠᠪᠤᠭᠴᠢ ᠦᠨ᠎ᠡ ᠦᠷᠢᠰᠦᠯᠳᠦᠬᠦ᠂ ᠦᠨ᠎ᠡ ᠯᠠᠪᠯᠠᠬᠤ | ᠴᠠᠭ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠦᠷ᠎ᠡ ᠳ᠋ᠦᠩ ᠢ ᠴᠠᠭ ᠲᠤᠬᠠᠶ ᠳᠤ ᠨᠢ ᠨᠤᠲᠠᠯᠠᠬᠤ ᠬᠡᠷᠡᠭᠲᠡᠶ᠂ ᠦᠷ᠎ᠡ | ᠳ᠋ᠦᠩ ᠢ ᠴᠠᠭ ᠲᠤᠬᠠᠶ ᠳᠤ ᠨᠢ ᠨᠤᠲᠠᠯᠠᠭᠰᠠᠨ ᠥᠬᠡᠶ ᠪᠠᠶᠢᠪᠠᠯ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ 5 ᠠᠵᠢᠯᠯᠠᠬᠤ | ᠡᠳᠦᠷ ᠤᠨ ᠳᠠᠷᠠᠭ᠎ᠠ᠂ ᠰᠢᠰᠲ᠋ᠧᠮ ᠠᠴᠠ ᠦᠷ᠎ᠡ ᠳ᠋ᠦᠩ ᠢ ᠠᠶᠠᠨᠳᠠᠭᠠᠨ ᠨᠤᠲᠠᠯᠠᠵᠤ᠂ ᠠᠷᠠᠯᠵᠢᠶ᠎ᠠ ᠪᠦᠲᠦᠭᠰᠡᠨ ᠬᠤᠳᠠᠯᠳᠤᠭ᠎ᠠ | ᠬᠠᠩᠭᠠᠭᠴᠢ ᠶᠢ ᠲᠠᠨᠢᠯᠴᠠᠭᠤᠯᠤᠨ᠎ᠠ᠃ ᠠᠷᠪᠠᠨ ᠬᠤᠶᠠᠷ᠂ ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠬᠡᠲᠦᠷᠡᠭᠰᠡᠨ | ᠪᠠᠶᠢᠲᠠᠯ᠎ᠠ ᠮᠥᠨ ᠦᠷ᠎ᠡ ᠳ᠋ᠦᠩ ᠢ ᠨᠤᠲᠠᠯᠠᠭᠰᠠᠨ ᠥᠬᠡᠶ ᠪᠠᠶᠢᠪᠠᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ 5 ᠠᠵᠢᠯᠯᠠᠬᠤ ᠡᠳᠦᠷ ᠤᠨ ᠳᠣᠲᠣᠷ᠎ᠠ ᠵᠠᠬᠢᠶᠠᠯᠠᠭ᠎ᠠ ᠶᠢᠨ ᠬᠠᠭᠤᠳᠠᠰᠤ ᠪᠤᠶᠤ ᠠᠷᠠᠯᠵᠢᠶ᠎ᠠ | ᠪᠦᠲᠦᠭᠰᠡᠨ ᠦᠷ᠎ᠡ ᠳ᠋ᠦᠩ ᠢ ᠨᠣᠲᠠᠯᠠᠬᠤ ᠬᠡᠷᠡᠭᠲᠡᠢ᠂ 5 ᠠᠵᠢᠯᠯᠠᠬᠤ ᠡᠳᠦᠷ ᠬᠡᠲᠦᠷᠡᠭᠰᠡᠨ ᠪᠠᠶᠢᠲᠠᠯ᠎ᠠ ᠮᠥᠨ ᠵᠠᠬᠢᠶᠠᠯᠠᠭ᠎ᠠ ᠶᠢᠨ | ᠬᠠᠭᠤᠳᠠᠰᠤ ᠪᠤᠶᠤ ᠦᠷ᠎ᠡ ᠳ᠋ᠦᠩ ᠢ ᠨᠤᠲᠠᠯᠠᠭᠰᠠᠨ ᠥᠬᠡᠶ ᠪᠣᠯ᠂ ᠡᠯᠧᠺᠳ᠋ᠷᠣᠨ ᠬᠤᠳᠠᠯᠳᠤᠭᠠᠨ ᠤ ᠲᠠᠯᠠᠪᠤᠷ ᠰᠢᠭᠤᠳ | ᠵᠠᠬᠢᠶᠠᠯᠠᠭᠰᠠᠨ ᠬᠤᠳᠠᠯᠳᠤᠨ ᠠᠪᠬᠤ ᠲᠥᠷᠦᠯ ᠵᠦᠢᠯ ᠤᠨ ᠵᠠᠬᠢᠶᠠᠯᠠᠭ᠎ᠠ ᠶᠢ ᠠᠶᠠᠨᠳᠠᠭᠠᠨ ᠬᠦᠴᠦᠨ ᠥᠬᠡᠶ ᠪᠣᠯᠭᠠᠨ᠎ᠠ︔ | ᠰᠦᠯᠵᠢᠶᠡᠨ ᠳᠡᠭᠡᠷ᠎ᠡ ᠦᠨ᠎ᠡ ᠦᠷᠢᠰᠦᠯᠳᠡᠬᠦ᠂ ᠰᠦᠯᠵᠢᠶᠡᠨ ᠳᠡᠭᠡᠷ᠎ᠡ ᠦᠨ᠎ᠡ ᠯᠠᠪᠯᠠᠬᠤ ᠵᠡᠷᠭᠡ ᠲᠥᠷᠥᠯ ᠵᠦᠶ᠋ᠯ ᠢ᠂ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠨᠢ ᠠᠶᠠᠨᠳᠠᠭᠠᠨ ᠳᠠᠷᠠᠭᠠᠬᠢ ᠶᠢᠨ ᠨᠢᠭᠡ ᠶᠢ ᠠᠷᠠᠯᠵᠢᠶ᠎ᠠ ᠪᠦᠲᠦᠭᠰᠡᠨ ᠬᠤᠳᠠᠯᠳᠤᠭ᠎ᠠ | ᠬᠠᠩᠭᠠᠭᠴᠢ ᠪᠣᠯᠭᠠᠭᠠᠳ᠂ ᠲᠠᠷᠠᠭᠠᠴᠢ ᠶᠢᠨ ᠨᠢᠭᠡ ᠬᠤᠳᠠᠯᠳᠤᠭ᠎ᠠ ᠬᠠᠩᠭᠠᠭᠴᠢ ᠠᠷᠠᠯᠵᠢᠶ᠎ᠠ ᠪᠦᠲᠦᠭᠰᠡᠨ ᠦᠷ᠎ᠡ ᠳ᠋ᠦᠩ ᠢ | ᠨᠣᠲᠠᠯᠠᠬᠤ ᠬᠦᠷᠲᠡᠯ᠎ᠡ ᠤᠷᠲᠤᠳᠬᠠᠨ᠎ᠠ᠃ ᠡᠭᠦᠨ ᠤ ᠬᠠᠮᠲᠤ᠂ 5 ᠠᠵᠢᠯᠯᠠᠬᠤ ᠡᠳᠦᠷ ᠠᠴᠠ ᠬᠡᠲᠦᠷᠡᠭᠰᠡᠨ ᠪᠠᠶᠢᠲᠠᠯ᠎ᠠ ᠵᠦᠶ | ᠶᠣᠰᠣᠨ ᠤ ᠰᠢᠯᠲᠠᠭᠠᠨ ᠥᠬᠡᠶ ᠪᠠᠷ ᠦᠷ᠎ᠡ ᠳ᠋ᠦᠩ ᠢᠶᠠᠨ ᠡᠰᠡ ᠨᠣᠲᠠᠯᠠᠭᠰᠠᠨ ᠬᠤᠳᠠᠯᠳᠤᠭ᠎ᠠ ᠬᠠᠩᠭᠠᠭᠴᠢ ᠢ ︽ᠠᠷᠭ᠎ᠠ︾ | ᠶᠢᠨ ᠭᠤᠴᠢᠨ ᠲᠠᠪᠤᠳᠤᠭᠠᠷ ᠵᠦᠶ᠋ᠯ ᠤᠨ ᠲᠣᠭᠲᠠᠭᠠᠯ ᠶᠣᠰᠣᠭᠠᠷ ᠲᠡᠭᠦᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠠᠬᠢ | ᠠᠷᠠᠯᠵᠢᠶᠠᠯᠠᠬᠤ ᠡᠷᠬᠡ ᠶᠢ 3 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃ ᠠᠷᠪᠠᠨ ᠭᠤᠷᠪᠠ᠂ | ᠬᠤᠳᠠᠯᠳᠤᠨ ᠠᠪᠤᠭᠴᠢ ᠵᠦᠶ ᠶᠣᠰᠣᠨ ᠤ ᠰᠢᠯᠲᠠᠭᠠᠨ ᠥᠬᠡᠶ ᠪᠠᠷ ᠶᠠᠭ ᠶᠠᠪᠤᠭᠳᠠᠵᠤ ᠪᠠᠶᠢᠭ᠎ᠠ ᠬᠤᠳᠠᠯᠳᠤᠨ ᠠᠪᠬᠤ ᠲᠥᠷᠥᠯ | ᠵᠦᠶ᠋ᠯ ᠢ ᠬᠦᠴᠦᠨ ᠥᠬᠡᠶ ᠪᠣᠯᠭᠠᠭᠰᠠᠨ ᠪᠣᠯ᠂ ︽ᠠᠷᠭ᠎ᠠ︾ ᠬᠡᠷᠬᠢᠨ ᠬᠠᠮᠢᠶᠠᠷᠬᠤ ᠪᠣᠶ︖ ︽ᠠᠷᠭ᠎ᠠ︾ ᠶᠢᠨ ᠭᠤᠴᠢᠨ | ᠳᠥᠷᠪᠡᠳᠦᠭᠡᠷ ᠵᠦᠶ᠋ᠯ ᠤᠨ ᠲᠠᠪᠤᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠨᠢ ᠵᠦᠶ | ᠶᠣᠰᠣᠨ ᠤ ᠰᠢᠯᠲᠠᠭᠠᠨ ᠥᠬᠡᠶ ᠪᠠᠷ ᠬᠤᠳᠠᠯᠳᠤᠨ ᠠᠪᠬᠤ ᠲᠥᠷᠥᠯ ᠵᠦᠶ᠋ᠯ ᠪᠤᠶᠤ ᠵᠠᠬᠢᠶᠠᠯᠠᠭ᠎ᠠ ᠶᠢ ᠬᠦᠴᠦᠨ ᠥᠬᠡᠶ | ᠪᠣᠯᠭᠠᠭᠰᠠᠨ ᠪᠠᠶᠢᠪᠠᠯ᠂ ᠠᠳᠠᠯᠢ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ᠃ | ᠪᠠᠶᠢᠳᠠᠯ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠤᠯᠢ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠠᠷᠪᠠᠨ ᠳᠥᠷᠪᠡ᠂ ᠬᠤᠳᠠᠯᠳᠤᠭ᠎ᠠ ᠬᠠᠩᠭᠠᠭᠴᠢ ᠬᠤᠳᠠᠯᠳᠤᠨ ᠠᠪᠬᠤ ᠭᠡᠷ᠎ᠡ ᠶᠢᠨ | ᠶᠣᠰᠣᠭᠠᠷ ᠪᠠᠷᠠᠭ᠎ᠠ ᠬᠠᠩᠭᠠᠬᠤ ᠠᠷᠭ᠎ᠠ ᠥᠬᠡᠶ ᠪᠣᠯᠤᠭᠰᠠᠨ ᠪᠠᠶᠢᠪᠠᠯ ︽ᠠᠷᠭ᠎ᠠ︾ ᠬᠡᠷᠬᠢᠨ ᠬᠠᠮᠢᠶᠠᠷᠬᠤ ᠪᠣᠶ︖ | ᠬᠤᠳᠠᠯᠳᠤᠭ᠎ᠠ ᠬᠠᠩᠭᠠᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠦᠨ᠎ᠡ ᠦᠷᠢᠰᠦᠯᠳᠡᠬᠦ ᠪᠤᠶᠤ ᠦᠨ᠎ᠡ ᠯᠠᠪᠯᠠᠬᠤ ᠳᠤ | ᠣᠷᠣᠯᠴᠠᠬᠤ ᠠᠴᠠ ᠪᠠᠨ ᠡᠮᠦᠨ᠎ᠡ᠂ ᠪᠠᠷᠠᠭ᠎ᠠ ᠭᠦᠢᠴᠡᠳ ᠪᠠᠶᠢᠬᠤ ᠶᠢ ᠪᠠᠲᠤᠯᠠᠬᠤ ᠶᠢᠨ ᠬᠠᠮᠲᠤ ᠴᠠᠭ ᠲᠤᠬᠠᠢ ᠳᠤ ᠨᠢ ᠪᠠᠷᠠᠭ᠎ᠠ | ᠬᠠᠩᠭᠠᠬᠤ ᠶᠢ ᠦᠨᠡᠨ ᠬᠦ ᠪᠠᠲᠤᠯᠠᠵᠤ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠨᠡᠶᠢᠲᠡᠯᠡᠭᠰᠡᠨ ᠤ ᠲᠠᠷᠠᠭ᠎ᠠ ᠬᠤᠳᠠᠯᠳᠤᠭ᠎ᠠ | ᠬᠠᠩᠭᠠᠭᠴᠢ ᠬᠤᠳᠠᠯᠳᠤᠨ ᠠᠪᠤᠭᠴᠢ ᠲᠠᠢ ᠴᠠᠭ ᠲᠤᠬᠠᠢ ᠳᠤ ᠨᠢ ᠭᠡᠷ᠎ᠡ ᠲᠣᠭᠲᠠᠬᠤ ᠶᠢᠨ ᠬᠠᠮᠲᠤ ᠭᠡᠷ᠎ᠡ ᠶᠢ ᠭᠦᠢᠴᠡᠳᠬᠡᠬᠦ | ᠬᠡᠷᠡᠭᠲᠡᠢ᠃ ᠬᠤᠳᠠᠯᠳᠤᠭ᠎ᠠ ᠬᠠᠩᠭᠠᠭᠴᠢ ᠤ ᠲᠣᠰ ᠪᠡᠶ᠎ᠡ ᠶᠢᠨ ᠰᠢᠯᠲᠠᠭᠠᠨ ᠠᠴᠠ ᠪᠣᠯᠵᠣ᠂ ᠬᠤᠳᠠᠯᠳᠤᠨ ᠠᠪᠬᠤ ᠨᠢᠭᠡᠴᠢ ᠶᠢᠨ | ᠬᠤᠳᠠᠯᠳᠤᠨ ᠠᠪᠬᠤ ᠠᠵᠢᠯ ᠤᠨ ᠬᠡᠪ ᠢᠶᠠᠷ ᠶᠠᠪᠤᠭᠳᠠᠬᠤ ᠶᠢ ᠨᠥᠯᠥᠭᠡᠯᠡᠭᠰᠡᠨ ᠪᠠᠶᠢᠪᠠᠯ᠂ ︽ᠠᠷᠭ᠎ᠠ︾ ᠶᠢᠨ ᠭᠤᠴᠢᠨ | ᠵᠢᠷᠭᠤᠳᠤᠭᠠᠷ ᠵᠦᠶ᠋ᠯ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ | ᠡᠵᠡᠩᠨᠡᠵᠦ ᠬᠠᠮᠢᠶᠠᠷᠬᠤ ᠪᠠᠶᠢᠭᠤᠯᠤᠮᠵᠢ ᠲᠣᠭᠲᠠᠭᠠᠯ ᠠᠴᠠ ᠵᠥᠷᠢᠴᠡᠭᠰᠡᠨ ᠬᠤᠳᠠᠯᠳᠤᠭ᠎ᠠ ᠬᠠᠩᠭᠠᠭᠴᠢ ᠶᠢᠨ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠲᠤ ᠠᠷᠠᠯᠵᠢᠶᠠᠯᠠᠬᠤ ᠡᠷᠬᠡ ᠶᠢ 6 ᠰᠠᠷ᠎ᠠ ᠲᠦᠷ ᠵᠣᠭᠰᠣᠭᠠᠬᠤ ᠶᠢᠨ ᠬᠠᠮᠲᠤ ᠢᠯᠡ ᠨᠡᠶᠢᠲᠡᠯᠡᠨ᠎ᠡ᠃ | ᠠᠷᠪᠠᠨ ᠲᠠᠪᠤ᠂ ︽ᠠᠷᠭ᠎ᠠ︾ ᠳᠠᠬᠢ ᠭᠡᠷ᠎ᠡ ᠪᠠ ᠭᠡᠷ᠎ᠡ ᠶᠢ ᠭᠦᠶ᠋ᠴᠡᠳᠬᠡᠬᠦ ᠬᠠᠮᠢᠶᠠᠷᠤᠯᠲᠠ ᠳᠠᠬᠢ ᠵᠣᠭᠤᠰ ᠲᠤᠰᠢᠶᠠᠬᠤ | ᠬᠤᠭᠤᠴᠠᠭᠠᠨ ᠤ ᠱᠠᠭᠠᠷᠳᠠᠯᠭ᠎ᠠ ᠶᠢ ᠬᠡᠷᠬᠢᠨ ᠵᠥᠪ ᠣᠶᠢᠯᠠᠭᠠᠬᠤ ᠪᠣᠶ ᠡᠯᠧᠺᠳ᠋ᠷᠣᠨ ᠬᠤᠳᠠᠯᠳᠤᠭᠠᠨ ᠤ ᠲᠠᠯᠠᠪᠤᠷ ᠣᠯᠠᠨ | ᠤᠳᠠᠭ᠎ᠠ᠂ ᠨᠡᠶᠢᠳᠡᠮ ᠬᠡᠷᠡᠭᠯᠡᠬᠦ ᠲᠥᠷᠥᠯ ᠤᠨ ᠡᠳ᠋ ᠪᠠᠷᠠᠭ᠎ᠠ ᠶᠢᠨ ᠦᠢᠯᠡᠴᠢᠯᠡᠭᠡᠨ ᠤ ᠠᠷᠠᠯᠵᠢᠶ᠎ᠠ ᠬᠢᠳᠡᠭ᠂ ᠡᠯᠧᠺᠳ᠋ᠷᠣᠨ | ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ ᠬᠠᠩᠭᠠᠭᠴᠢᠳ ᠤᠨ ᠣᠯᠠᠩᠬᠢ ᠨᠢ ᠴᠥᠮ ᠳᠤᠮᠳᠠ ᠵᠢᠵᠢᠭ ᠠᠵᠤ ᠠᠬᠤᠶᠢᠯᠠᠯ | ᠪᠠᠶᠢᠵᠤ᠂ ᠳᠤᠮᠳᠠ ᠵᠢᠵᠢᠭ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ᠂ ︽ᠠᠷᠭ᠎ᠠ︾ ᠨᠢ ᠲᠥᠷᠥ ᠶᠢᠨ ᠶᠠᠪᠤᠳᠠᠯ ᠤᠨ | ᠬᠤᠷᠢᠶᠠᠨ ᠤ ᠨᠡᠶᠢᠲᠡᠯᠡᠭᠰᠡᠨ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠦᠬᠦ ᠶᠢ ᠪᠠᠲᠤᠯᠠᠬᠤ ᠲᠦᠷᠢᠮ︾ ᠤᠨ | ᠲᠣᠭᠲᠠᠭᠠᠯ ᠶᠣᠰᠣᠭᠠᠷ᠂ ᠬᠤᠳᠠᠯᠳᠤᠨ ᠠᠪᠤᠭᠴᠢ ᠪᠠᠷᠠᠭ᠎ᠠ᠂ ᠦᠶ᠋ᠯᠡᠴᠢᠯᠡᠭᠡ ᠣᠯᠤᠭᠰᠠᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠮᠥᠩᠭᠦ ᠪᠠᠨ ᠲᠥᠯᠦᠬᠦ ᠬᠡᠷᠡᠭᠲᠡᠶ᠃ ᠭᠡᠷ᠎ᠡ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠮᠥᠩᠭᠦ | ᠲᠦᠯᠦᠬᠦ ᠬᠤᠭᠤᠴᠠᠭ᠎ᠠ ᠶᠢ ᠬᠠᠮᠤᠭ ᠤᠨ ᠤᠷᠳᠦ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠤᠢᠭᠡᠢ ᠭᠡᠵᠦ | ᠱᠠᠭᠠᠷᠳᠠᠪᠠ᠃ ᠠᠷᠪᠠᠨ ᠵᠢᠷᠭᠤᠭ᠎ᠠ᠂ ︽ᠠᠷᠭ᠎ᠠ︾ ᠳᠠᠬᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠳᠤ ᠢᠲᠡᠭᠡᠮᠵᠢ | ᠵᠢᠷᠤᠮᠯᠠᠭᠰᠠᠳ ᠢ ᠬᠠᠮᠲᠤᠷᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ | ᠬᠠᠮᠢᠶᠠᠷᠤᠯᠲᠠ ᠶᠢᠨ ᠠᠷᠭ᠎ᠠ ᠶᠢ ᠬᠡᠷᠬᠢᠨ ᠵᠥᠪ ᠣᠶᠢᠯᠠᠭᠠᠬᠤ ᠪᠣᠶ︖ ︽ᠠᠷᠭ᠎ᠠ︾ ᠶᠢᠨ ᠭᠤᠴᠢᠨ ᠭᠤᠷᠪᠠᠳᠤᠭᠠᠷ | ᠵᠦᠶ᠋ᠯ ᠳᠤ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠢ ᠡᠵᠡᠩᠨᠡᠵᠦ ᠬᠠᠮᠢᠶᠠᠷᠬᠤ ᠪᠠᠶᠢᠭᠤᠯᠤᠮᠵᠢ ᠣᠯᠠᠨ | ᠨᠡᠶᠢᠲᠡ ᠶᠢᠨ ᠢᠲᠡᠭᠡᠮᠵᠢ ᠶᠢᠨ ᠬᠠᠮᠢᠶᠠᠷᠤᠯᠲᠠ ᠪᠠ ᠦᠨᠡᠨᠴᠢ ᠢᠲᠡᠭᠡᠮᠵᠢ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠦᠨᠡᠨᠴᠢ ᠢᠲᠡᠭᠡᠮᠵᠢᠲᠡᠶ ᠬᠤᠳᠠᠯᠳᠤᠭ᠎ᠠ ᠬᠠᠩᠭᠠᠭᠴᠢ ᠳᠤ ᠤᠷᠢᠳᠠᠪᠠᠷ ᠰᠣᠩᠭᠤᠬᠤ᠂ ︽ | ᠰᠠᠭᠠᠳ ᠥᠬᠡᠶ ᠨᠡᠪᠲᠡᠷᠡᠬᠦ ᠵᠠᠮ︾ ᠤᠨ ᠲᠣᠭᠲᠠᠴᠠ ᠶᠢ ᠬᠡᠷᠡᠭᠵᠢᠭᠦᠯᠦᠨ᠎ᠡ︔ ᠢᠲᠡᠭᠡᠯ ᠠᠯᠳᠠᠭᠰᠠᠨ ᠬᠤᠳᠠᠯᠳᠤᠭ᠎ᠠ | ᠬᠠᠩᠭᠠᠭᠴᠢ ᠳᠤ ᠲᠠᠰ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠢ ᠦᠨᠳᠦᠰᠦᠯᠡᠨ᠂ ︽ | ᠠᠷᠭ᠎ᠠ︾ ᠶᠢᠨ ᠭᠤᠴᠢᠨ ᠲᠠᠪᠤᠳᠤᠭᠠᠷ ᠵᠦᠶ᠋ᠯ ᠠᠴᠠ ᠭᠤᠴᠢᠨ ᠨᠠᠶ᠋ᠮᠠᠳᠤᠭᠠᠷ ᠵᠦᠶ᠋ᠯ ᠤᠨ ᠲᠣᠭᠲᠠᠭᠠᠯ ᠶᠣᠰᠤᠭᠠᠷ᠂ ᠬᠠᠤᠯᠢ | ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ ᠶᠢᠨ ᠰᠢᠨᠵᠢ ᠴᠢᠨᠠᠷ᠂ ᠪᠠᠶᠢᠳᠠᠯ ᠪᠠ ᠨᠡᠶᠢᠭᠡᠮ ᠳᠤ ᠤᠴᠠᠷᠠᠭᠤᠯᠤᠭᠰᠠᠨ | ᠬᠤᠤᠷ ᠬᠥᠨᠥᠭᠡᠯ ᠤᠨ ᠬᠡᠮᠵᠢᠶ᠎ᠡ ᠶᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠤ᠂ ᠬᠤᠳᠠᠯᠳᠤᠭ᠎ᠠ ᠬᠠᠩᠭᠠᠭᠴᠢ ᠶᠢᠨ | ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠳᠤ ᠠᠷᠠᠯᠵᠢᠶᠠᠯᠠᠬᠤ ᠡᠷᠬᠡ ᠶᠢ ᠨᠢ ᠭᠤᠷᠪᠠᠨ ᠰᠠᠷ᠎ᠠ ᠲᠦᠷ | ᠵᠣᠭᠰᠣᠭᠠᠬᠤ᠂ ᠠᠷᠠᠯᠵᠢᠶᠠᠯᠠᠬᠤ ᠡᠷᠬᠡ ᠶᠢ ᠨᠢ ᠵᠢᠷᠭᠤᠭᠠᠨ ᠰᠠᠷ᠎ᠠ ᠲᠦᠷ ᠵᠣᠭᠰᠣᠭᠠᠬᠤ᠂ ᠡᠯᠰᠡᠭᠳᠡᠬᠦ ᠬᠢᠷᠢ ᠬᠡᠮ ᠢ ᠨᠢ | ᠬᠦᠴᠦᠨ ᠥᠬᠡᠶ ᠪᠣᠯᠭᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠵᠠᠢ᠃ ᠠᠷᠪᠠᠨ | ᠳᠤᠯᠤᠭ᠎ᠠ᠂ ᠬᠤᠳᠠᠯᠳᠤᠨ ᠠᠪᠤᠭᠴᠢ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ | ᠦᠢᠯᠡ ᠠᠵᠢᠯᠯᠠᠭ᠎ᠠ ︽ᠪᠤᠰᠤᠳ ᠵᠦᠢ ᠪᠣᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ | ᠭᠠᠳᠠᠭᠤᠷᠴᠢᠯᠠᠭᠰᠠᠨ︾ ᠳᠤ ᠲᠣᠭᠠᠴᠠᠭᠳᠠᠬᠤ ᠪᠤᠢ︖ ᠡᠭᠦᠨ ᠳᠤ ᠶᠠᠮᠠᠷ ᠶᠠᠮᠠᠷ ᠬᠠᠮᠢᠶᠠᠷᠤᠯᠲᠠ ᠶᠢᠨ ᠠᠷᠭ᠎ᠠ ᠬᠡᠮᠵᠢᠶ᠎ᠡ | ᠪᠠᠶᠢᠬᠤ ᠪᠣᠶ︖ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠡᠷᠡᠭᠵᠢᠭᠦᠯᠬᠦ ᠳᠦᠷᠢᠮ︾ ᠤᠨ | ᠬᠤᠷᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠬᠤᠳᠠᠯᠳᠤᠨ ᠠᠪᠬᠤ ᠵᠦᠢᠯᠡᠰ ᠤᠨ ᠢᠶᠠᠨ | ᠣᠨᠴᠠᠭᠠᠢ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠭ᠎ᠠ ᠬᠠᠩᠭᠠᠭᠴᠢ ᠳᠤ ᠣᠨᠴᠠᠭᠠᠢ ᠨᠥᠬᠦᠴᠡᠯ ᠲᠣᠭᠲᠠᠭᠠᠵᠤ ᠪᠣᠯᠤᠨ᠎ᠠ᠂ | ᠭᠡᠬᠦ ᠳᠤ ᠪᠠᠨ ᠵᠦᠢ ᠪᠤᠰᠤ ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠲᠡᠭᠰᠢ ᠪᠤᠰᠤ ᠬᠠᠷᠠᠭᠠᠯᠵᠠᠬᠤ ᠪᠤᠶᠤ | ᠭᠠᠳᠠᠭᠤᠷᠴᠢᠯᠠᠵᠤ ᠪᠣᠯᠬᠤ ᠦᠭᠡᠢ᠃ ᠳᠠᠷᠠᠭᠠᠬᠢ ᠪᠠᠶᠢᠳᠠᠯ ᠢ ᠪᠠᠭᠲᠠᠭᠠᠬᠤ ᠪᠥᠭᠡᠳ ᠵᠥᠪᠬᠡᠨ ᠳᠠᠷᠠᠭᠠᠬᠢ ᠪᠠᠶᠢᠳᠠᠯ ᠳᠤ | ᠬᠢᠵᠠᠭᠠᠷᠯᠠᠭᠳᠠᠬᠤ ᠦᠭᠡᠢ᠄ ︵ᠨᠢᠭᠡ︶ ᠬᠤᠳᠠᠯᠳᠤᠭ᠎ᠠ ᠬᠠᠩᠭᠠᠭᠴᠢ ᠳᠤ ᠦᠢᠯᠡᠳᠪᠦᠷᠢ ᠠᠴᠠ ᠣᠯᠭᠤᠭᠰᠠᠨ ᠡᠷᠬᠡ ᠪᠤᠶᠤ | ᠠᠮᠠᠯᠠᠯᠲᠠ᠂ ᠦᠢᠯᠡᠳᠪᠦᠷᠢ ᠶᠢᠨ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡᠨ ᠤ ᠠᠮᠠᠯᠠᠯᠲᠠ ᠶᠢᠨ ᠵᠠᠬᠢᠳᠠᠯ ᠪᠤᠶᠤ | ᠲᠠᠸᠠᠷ ᠤᠨ ᠪᠤᠯᠵᠤᠯᠳᠤ ᠲᠤᠭ᠎ᠠ ᠶᠢ ᠨᠤᠲᠠᠯᠠᠬᠤ ᠵᠠᠬᠢᠳᠠᠯ ᠬᠠᠩᠭᠠᠯᠭᠠᠬᠤ ᠪᠠᠷ ᠱᠠᠭᠠᠷᠳᠠᠬᠤ ᠪᠠᠶᠢᠳᠠᠯ᠃ ︵ᠬᠤᠶᠠᠷ︶ | ᠦᠢᠯᠡᠳᠪᠦᠷᠢ ᠠᠴᠠ ᠪᠠᠷᠠᠭ᠎ᠠ ᠶᠢ ᠰᠢᠭᠤᠳ ᠶᠠᠪᠤᠭᠤᠯᠬᠤ᠂ ᠲᠤᠰ ᠭᠠᠵᠠᠷ ᠤᠨ ᠦᠢᠯᠡᠳᠪᠦᠷᠢ ᠬᠤᠳᠠᠯᠳᠤᠭ᠎ᠠ ᠶᠢᠨ | ᠵᠣᠴᠢᠳ ᠤᠨ ᠳᠠᠭᠠᠭᠠᠮᠠᠯ ᠢᠶᠠᠷ ᠬᠠᠪᠰᠤᠷᠤᠭᠤᠯᠤᠨ ᠰᠢᠯᠭᠠᠨ ᠠᠪᠤᠭᠤᠯᠬᠤ᠂ ᠦᠢᠯᠡᠳᠪᠦᠷᠢ ᠶᠢᠨ ᠪᠣᠷᠣᠯᠠᠭᠤᠯᠤᠭᠰᠠᠨ ᠤ | ᠳᠠᠷᠠᠭᠠᠬᠢ ᠦᠢᠯᠡᠴᠢᠯᠡᠭᠡᠨ ᠤ ᠢᠨᠵᠧᠨᠧᠷ ᠢ ᠣᠴᠢᠭᠤᠯᠵᠤ ᠪᠠᠷᠠᠭ᠎ᠠ ᠰᠢᠯᠭᠠᠨ ᠪᠠᠶᠢᠴᠠᠭᠠᠯᠭᠠᠬᠤ ᠪᠤᠶᠤ ᠵᠢᠭᠠᠨ ᠲᠣᠭᠲᠠᠭᠠᠵᠤ | ᠰᠢᠯᠭᠠᠨ ᠠᠪᠤᠭᠤᠯᠬᠤ ᠳᠤ ᠦᠢᠯᠡᠳᠪᠦᠷᠢ ᠶᠢ ᠵᠢᠭᠠᠨ ᠲᠣᠭᠲᠠᠭᠠᠬᠤ ᠪᠠᠷ ᠱᠠᠭᠠᠷᠳᠠᠬᠤ ᠪᠠᠶᠢᠳᠠᠯ᠃ ︵ᠭᠤᠷᠪᠠ︶ ᠲᠦᠷᠦᠯ | ᠲᠡᠮᠳᠡᠭ᠂ ᠬᠡᠯᠪᠡᠷᠢ ᠮᠠᠶ᠋ᠢᠭ ᠢ ᠬᠢᠵᠠᠭᠠᠷᠯᠠᠬᠤ ᠪᠤᠶᠤ ᠣᠨᠴᠠ ᠵᠢᠭᠠᠨ ᠲᠣᠭᠲᠠᠭᠠᠬᠤ᠃ ᠳᠡᠭᠡᠷᠡᠬᠢ ᠪᠠᠶᠢᠳᠠᠯ ᠨᠢ ᠵᠦᠢ ᠪᠤᠰᠤ | ᠨᠥᠬᠦᠴᠡᠯ ᠢᠶᠠᠷ ᠬᠤᠳᠠᠯᠳᠤᠭ᠎ᠠ ᠬᠠᠩᠭᠠᠭᠴᠢ ᠶᠢ ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ ᠳᠤ ᠬᠠᠷᠢᠶᠠᠯᠠᠭᠳᠠᠨ᠎ᠠ᠂ ︽ | ᠠᠷᠭ᠎ᠠ︾ ᠶᠢᠨ ᠭᠤᠴᠢᠨ ᠳᠥᠷᠪᠡᠳᠦᠭᠡᠷ ᠵᠦᠶ᠋ᠯ ᠤᠨ ᠲᠣᠭᠲᠠᠭᠠᠯ ᠶᠣᠰᠣᠭᠠᠷ᠂ ᠠᠳᠠᠯᠢ ᠱᠠᠲᠤᠨ ᠤ ᠵᠠᠰᠠᠭ ᠤᠨ ᠣᠷᠳᠣᠨ ᠤ | ᠬᠤᠳᠠᠯᠳᠤᠨ ᠠᠪᠠᠨ᠋ᠥ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ | ᠴᠢᠬᠤᠯᠠᠲᠠᠶ ᠦᠶ᠎ᠡ ᠳᠤ ᠪᠣᠯᠵᠣᠨ ᠶᠠᠷᠢᠯᠴᠠᠨ᠎ᠠ᠃ ᠪᠠᠶᠢᠳᠠᠯ ᠨᠢ ᠬᠦᠨᠳᠦ ᠨᠣᠴᠢᠲᠠᠶ ᠪᠣᠯ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠠᠷᠪᠠᠨ ᠨᠠᠢᠮᠠ᠂ ᠬᠤᠳᠠᠯᠳᠤᠭ᠎ᠠ ᠬᠠᠩᠭᠠᠭᠴᠢ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠶᠠᠮᠠᠷ ᠶᠠᠮᠠᠷ ᠦᠢᠯᠡ ᠠᠵᠢᠯᠯᠠᠭ᠎ᠠ ᠨᠢ ᠬᠤᠤᠪᠢᠯᠳᠤᠨ | ᠰᠦᠯᠪᠡᠭᠡᠯᠳᠡᠭᠰᠡᠨ ᠳᠤ ᠲᠣᠭᠠᠴᠠᠭᠳᠠᠬᠤ ᠪᠤᠢ︖ ︽ᠠᠷᠭ᠎ᠠ︾ ᠳᠤ ᠡᠭᠦᠨ ᠤ ᠲᠤᠬᠠᠢ ᠶᠠᠮᠠᠷ ᠶᠠᠮᠠᠷ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠪᠠᠶᠢᠬᠤ ᠪᠣᠶ︖ ᠡᠯᠧᠺᠳ᠋ᠷᠣᠨ ᠬᠤᠳᠠᠯᠳᠤᠭᠠᠨ ᠤ ᠲᠠᠯᠠᠪᠤᠷ ᠠᠴᠠ ᠬᠤᠳᠠᠯᠳᠤᠨ ᠠᠪᠬᠤ ᠳᠤ ᠳᠠᠷᠠᠭᠠᠬᠢ | ᠪᠠᠶᠢᠳᠠᠯ ᠤᠨ ᠨᠢᠭᠡ ᠨᠢ ᠪᠠᠶᠢᠪᠠᠯ ᠬᠤᠤᠪᠢᠯᠳᠤᠨ ᠰᠦᠯᠪᠡᠭᠡᠯᠳᠡᠭᠰᠡᠨ ᠳᠤ ᠲᠣᠭᠠᠴᠠᠭᠳᠠᠨ᠎ᠠ᠄ ︵ᠨᠢᠭᠡ︶ ᠬᠤᠳᠠᠯᠳᠤᠭ᠎ᠠ | ᠬᠠᠩᠭᠠᠭᠴᠢ ᠬᠤᠭᠤᠷᠣᠨᠳᠣ ᠪᠠᠨ ᠮᠡᠳᠡᠭᠦᠯᠦᠭᠰᠡᠨ ᠦᠨ᠎ᠡ᠂ ᠮᠡᠷᠭᠡᠵᠢᠯ ᠤᠨ ᠲᠥᠰᠦᠯ ᠪᠤᠶᠤ ᠳᠠᠭᠠᠬᠤ ᠪᠢᠴᠢᠭ ᠮᠠᠲ᠋ᠧᠷᠢᠶᠠᠯ ᠤᠨ | ᠮᠥᠨ ᠴᠢᠨᠠᠷ ᠤᠨ ᠠᠭᠤᠯᠭ᠎ᠠ ᠶᠢ ᠵᠥᠪᠳᠡᠯᠴᠡᠭᠰᠡᠨ ᠪᠠᠶᠢᠳᠠᠯ᠃ ︵ᠬᠤᠶᠠᠷ︶ ᠬᠤᠳᠠᠯᠳᠤᠭ᠎ᠠ ᠬᠠᠩᠭᠠᠭᠴᠢ ᠬᠤᠭᠤᠷᠣᠨᠳᠣ ᠪᠠᠨ | ᠶᠠᠮᠠᠷ ᠨᠢᠭᠡᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠶᠢ ᠳᠠᠭᠠᠭᠠᠴᠢᠯᠠᠯᠲᠠ ᠣᠯᠤᠭᠰᠠᠨ ᠢᠶᠠᠷ᠂ ᠮᠠᠶᠢᠮᠠᠢ | ᠪᠦᠲᠦᠭᠰᠡᠨ ᠢᠶᠠᠷ ᠤᠷᠢᠳᠠᠪᠠᠷ ᠪᠣᠯᠵᠣᠨ ᠲᠣᠭᠲᠠᠭᠰᠠᠨ ᠪᠠᠶᠢᠳᠠᠯ᠃ ︵ᠭᠤᠷᠪᠠ︶ ᠬᠤᠳᠠᠯᠳᠤᠭ᠎ᠠ ᠬᠠᠩᠭᠠᠭᠴᠢ | ᠬᠤᠭᠤᠷᠣᠨᠳᠣ ᠪᠠᠨ ᠵᠥᠪᠳᠡᠯᠴᠡᠨ ᠵᠠᠷᠢᠮ ᠬᠤᠳᠠᠯᠳᠤᠭ᠎ᠠ ᠬᠠᠩᠭᠠᠭᠴᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠳᠤ ᠣᠷᠤᠯᠴᠠᠬᠤ ᠪᠤᠶᠤ ᠳᠠᠭᠠᠭᠠᠴᠢᠯᠠᠯᠲᠠ ᠣᠯᠬᠤ᠂ ᠠᠷᠠᠯᠵᠢᠶ᠎ᠠ ᠪᠦᠲᠦᠬᠦ ᠡᠷᠬᠡ ᠶᠢ ᠬᠠᠶᠠᠭᠤᠯᠬᠤ ᠪᠠᠷ | ᠲᠣᠭᠲᠠᠭᠠᠭᠰᠠᠨ ᠪᠠᠶᠢᠳᠠᠯ᠃ ︵ᠲᠦᠷᠪᠡ︶ ᠬᠤᠳᠠᠯᠳᠤᠭ᠎ᠠ ᠬᠠᠩᠭᠠᠭᠴᠢ ᠪᠠ ᠬᠤᠳᠠᠯᠳᠤᠨ ᠠᠪᠤᠭᠴᠢ ᠪᠤᠶᠤ ᠬᠤᠳᠠᠯᠳᠤᠭ᠎ᠠ | ᠬᠠᠩᠭᠠᠭᠴᠢ ᠯᠤᠭ᠎ᠠ ᠬᠤᠭᠤᠷᠣᠨᠳᠣ ᠪᠠᠨ ᠣᠨᠴᠠ ᠲᠣᠭᠲᠠᠭᠰᠠᠨ ᠬᠤᠳᠠᠯᠳᠤᠭ᠎ᠠ ᠬᠠᠩᠭᠠᠭᠴᠢ ᠳᠤ ᠳᠠᠭᠠᠭᠠᠴᠢᠯᠠᠯᠲᠠ ᠣᠯᠭᠤᠬᠤ | ᠂ ᠠᠷᠠᠯᠵᠢᠶ᠎ᠠ ᠪᠦᠲᠦᠬᠦ ᠶᠢᠨ ᠬᠢᠨᠢ ᠲᠥᠯᠥᠭᠡ ᠬᠥᠭᠡᠭᠡᠴᠡᠯᠳᠦᠭᠰᠡᠨ ᠪᠤᠶᠤ ᠪᠤᠰᠤᠳ ᠬᠤᠳᠠᠯᠳᠤᠭ᠎ᠠ ᠬᠠᠩᠭᠠᠭᠴᠢ ᠢ | ᠭᠠᠳᠠᠭᠤᠷᠴᠢᠯᠠᠭᠰᠠᠨ ᠪᠠᠶᠢᠳᠠᠯ᠃ ︵ᠲᠠᠪᠤ︶ ᠪᠤᠰᠤᠳ ᠪᠠᠶᠢᠳᠠᠯ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠬᠤᠳᠠᠯᠳᠤᠭ᠎ᠠ | ᠬᠠᠩᠭᠠᠭᠴᠢ ᠳᠤ ᠳᠡᠭᠡᠷᠡᠬᠢ ᠪᠠᠶᠢᠳᠠᠯ ᠭᠠᠷᠪᠠᠯ᠂ ︽ᠠᠷᠭ᠎ᠠ︾ ᠶᠢᠨ ᠭᠤᠴᠢᠨ ᠳᠣᠯᠣᠳᠤᠭᠠᠷ ᠵᠦᠶ᠋ᠯ ᠤᠨ ᠲᠣᠭᠲᠠᠭᠠᠯ | ᠶᠣᠰᠣᠭᠠᠷ᠂ ᠡᠯ᠎ᠡ ᠱᠠᠲᠤᠨ ᠤ ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠡᠵᠡᠩᠨᠡᠯᠲᠡ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠡᠯᠧᠺᠳ᠋ᠷᠣᠨ ᠬᠤᠳᠠᠯᠳᠤᠭᠠᠨ ᠤ ᠲᠠᠯᠠᠪᠤᠷ ᠲᠠᠬᠢ ᠡᠵᠡᠩᠨᠡᠯᠲᠡ ᠶᠢᠨ ᠵᠥᠪᠯᠡᠯᠴᠡᠭᠡᠷ ᠢ ᠬᠡᠷᠡᠭᠵᠢᠭᠦᠯᠬᠦ ᠶᠢ | ᠵᠣᠭᠰᠣᠭᠠᠬᠤ ᠶᠢᠨ ᠬᠠᠮᠲᠤ ᠵᠠᠷᠯᠠᠨ ᠨᠡᠶᠢᠲᠡᠯᠡᠵᠦ᠂ 1 ᠠᠴᠠ 3 ᠵᠢᠯ ᠤᠨ ᠳᠣᠲᠣᠷ᠎ᠠ ᠡᠯᠧᠺᠳ᠋ᠷᠣᠨ ᠬᠤᠳᠠᠯᠳᠤᠭᠠᠨ ᠤ | ᠲᠠᠯᠠᠪᠤᠷ ᠤᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃ ᠲᠣᠰ ︽ᠲᠠᠶᠢᠯᠤᠮᠵᠢ︾ ᠶᠢ | ᠬᠡᠷᠡᠭᠵᠢᠭᠦᠯᠬᠦ ᠶᠠᠪᠤᠴᠠ ᠳᠤ ᠮᠠᠳᠠᠭ ᠲᠠᠢ ᠠᠰᠠᠭᠤᠳᠠᠯ ᠣᠷᠣᠰᠢᠵᠤ ᠪᠠᠶᠢᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠥᠪ ᠠᠴᠠ ᠠᠰᠠᠭᠤᠨ ᠯᠠᠪᠯᠠᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠄ ᠸᠠᠩ ᠶᠦᠨ ᠫᠧᠩ 0471 - 4192321 ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠄ ᠴᠧᠨ ᠢ ᠸᠧᠨ 0471 - 5617263 |