ᠲᠥᠰᠦᠯ | | | ︽ᠰᠢᠯᠢ ᠶᠢᠨ ᠭᠤᠣᠯ ᠠᠶᠢᠮᠠᠭ ᠤᠨ ᠬᠠᠤᠯᠢ ᠪᠣᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ | ᠴᠡᠭᠴᠡᠯᠡᠬᠦ ᠠᠵᠢᠯ ᠤᠨ ᠲᠥᠰᠦᠯ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ᠂ ᠮᠠᠨ ᠤ ᠬᠤᠰᠢᠭᠤᠨ ᠤ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ | ᠴᠡᠭᠴᠡᠯᠡᠬᠦ ᠠᠵᠢᠯ ᠤᠨ ᠡᠯ᠎ᠡ ᠲᠥᠷᠦᠯ ᠤᠨ ᠡᠬᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠬᠤ ᠶᠢᠨ | ᠲᠤᠯᠠᠳᠠ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠤᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠵᠣᠷᠢᠭ ᠰᠠᠨᠠᠭ᠎ᠠ ᠪᠠᠷ ᠵᠢᠯᠤᠭᠤᠳᠤᠮᠵᠢ ᠪᠣᠯᠭᠠᠨ᠂ ᠰᠢ ᠶᠢᠨ | ᠫᠢᠩ ᠶᠡᠷᠦᠩᠬᠡᠢ ᠱᠦᠵᠢ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠬᠠᠢ ᠴᠢᠬᠤᠯᠠ ᠵᠢᠭᠠᠪᠤᠷᠢ ᠴᠢᠬᠤᠯᠠ | ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠤᠨ ᠨᠠᠶᠢᠳᠠᠪᠦᠷᠢᠵᠢᠭᠤᠯᠵᠤ᠂ ︽ᠲᠥᠷᠪᠡᠨ ᠤᠬᠠᠮᠰᠠᠷ︾ ᠢ | ᠪᠠᠳᠤᠳᠬᠠᠨ᠂ ︽ᠲᠥᠷᠪᠡᠨ ᠢᠳᠡᠭᠡᠯ︾ ᠢ ᠪᠠᠬᠢᠵᠢᠬᠦᠯᠦᠨ᠂ ︽ᠬᠤᠶᠠᠷ ᠢ ᠬᠠᠮᠠᠭᠠᠯᠠᠬᠤ︾ ᠶᠢ ᠰᠠᠶᠢᠲᠤᠷ ᠬᠢᠵᠤ᠂ ᠤᠯᠤᠰ | ᠲᠥᠷᠦ ᠶᠢᠨ ᠵᠣᠭᠰᠤᠴᠠ ᠪᠠᠨ ᠲᠡᠭᠡᠭᠰᠢᠯᠡᠬᠦᠯᠦᠨ᠂ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠤᠳᠠᠳᠤ ᠶᠢ ᠡᠷᠬᠢᠮᠯᠡᠬᠦ ᠢ | ᠪᠠᠷᠢᠮᠳᠠᠯᠠᠵᠤ᠂ ᠵᠠᠰᠠᠯᠲᠠ ᠶᠢᠨ ᠴᠢᠳᠠᠪᠦᠷᠢ ᠪᠠᠨ ᠦᠨᠡᠨᠬᠦ ᠲᠡᠭᠡᠭᠰᠢᠯᠡᠬᠦᠯᠦᠨ᠂ ᠭᠠᠵᠠᠷ ᠰᠢᠷᠦᠢ ᠬᠡᠷᠡᠭᠯᠡᠬᠦ ᠡᠮᠬᠢ ᠳᠢᠭᠯᠢᠮ ᠢ | ᠬᠠᠮᠠᠭᠠᠯᠠᠨ᠎ᠠ᠃ | ᠬᠤᠶᠠᠷ᠂ ᠶᠡᠷᠦᠩᠬᠡᠢ ᠱᠠᠭᠠᠷᠳᠠᠯᠭ᠎ᠠ | ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠬᠦᠯᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠤᠨ᠂ ︽ᠬᠠᠮᠤᠭ ᠤᠨ ᠴᠢᠩᠭ᠎ᠠ ᠲᠥᠷᠢᠮ᠂ ᠬᠠᠤᠯᠢ ᠴᠢᠩᠭ᠎ᠠ ᠬᠠᠤᠯᠢ ᠪᠠᠷ ᠠᠮᠢ ᠠᠬᠤᠢ ᠶᠢᠨ ᠣᠷᠴᠢᠨ | ᠲᠤᠭᠤᠷᠢᠨ ᠢ ᠵᠠᠰᠠᠨ ᠬᠠᠮᠠᠭᠠᠯᠠᠬᠤ︾ ᠶᠢ ᠪᠠᠷᠢᠮᠲᠠᠯᠠᠵᠤ᠂ ᠴᠢᠩᠭ᠎ᠠ᠂ ᠲᠦᠷᠢᠮᠵᠢᠬᠦᠨ᠂ ᠲᠥᠪ ᠭᠤᠣᠯᠴᠢ᠂ ᠪᠤᠯᠪᠠᠰᠤᠨ | ᠬᠠᠤᠯᠢ ᠬᠡᠷᠡᠭᠵᠢᠬᠦᠯᠬᠦ ᠶᠢ ᠪᠠᠷᠢᠮᠲᠠᠯᠠᠨ᠎ᠠ᠃ ᠳᠠᠭᠠᠭᠤᠯᠢ ᠣᠳᠣᠨ ᠤ ᠰᠡᠭᠦᠳᠡᠷ ᠵᠢᠷᠤᠭ ᠢᠶᠠᠷ ᠬᠢᠨᠠᠨ ᠬᠡᠮᠵᠢᠬᠦ ᠲᠤᠭ᠎ᠠ | ᠪᠠᠷᠢᠮᠲᠠ ᠶᠢᠨ ᠦᠷ᠎ᠡ ᠪᠦᠳᠦᠮᠵᠢ ᠶᠢ ᠬᠦᠢᠴᠡᠳ ᠬᠡᠷᠡᠭᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠪᠤᠰᠤ | ᠰᠦᠪᠡᠭᠴᠢ ᠶᠢ ᠪᠠᠶᠢᠴᠠᠭᠠᠨ ᠭᠠᠷᠭᠠᠵᠤ᠂ ᠢᠯᠡᠷᠡᠬᠦᠯᠦᠭᠰᠡᠨ ᠠᠰᠠᠭᠤᠳᠠᠯ ᠢ ᠬᠠᠤᠯᠢ ᠲᠥᠷᠢᠮ ᠶᠤᠰᠤᠭᠠᠷ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠬᠠᠤᠯᠢ ᠪᠤᠰᠤ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠲᠡᠦᠬᠡᠨ ᠳᠤ ᠦᠯᠡᠳᠡᠭᠳᠡᠭᠰᠡᠨ | ᠬᠠᠤᠯᠢ ᠪᠤᠰᠣ ᠠᠰᠠᠭᠤᠳᠠᠯ ᠢ ᠪᠠᠭᠠᠰᠬᠠᠨ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠨ᠎ᠠ᠃ ᠠᠮᠢ ᠠᠬᠤᠢ᠂ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠪᠠ ᠬᠤᠲᠠ ᠪᠠᠯᠭᠠᠰᠤᠨ ᠤ ᠨᠡᠭᠡᠭᠡᠯᠳᠡ ᠶᠢᠨ ᠬᠢᠯᠢ ᠬᠢᠵᠭᠠᠠᠷ ᠤᠨ ᠭᠤᠷᠪᠠᠨ ᠵᠤᠷᠪᠤᠰ ︽ | ᠤᠯᠠᠭᠠᠨ ᠱᠣᠭᠤᠮ︾ ᠢ ᠴᠢᠩᠭ᠎ᠠ ᠰᠠᠬᠢᠨ᠎ᠠ᠃ ᠡᠳᠦᠷ ᠳᠣᠲᠤᠮ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠬᠢ | ᠡᠬᠦᠰᠦᠯᠳᠡᠢ ᠠᠴᠠ ᠨᠢ ᠵᠠᠰᠠᠬᠤ ᠶᠢ ᠴᠢᠬᠤᠯᠠᠴᠢᠯᠠᠵᠤ᠂ ᠬᠠᠤᠯᠢ ᠬᠡᠷᠡᠭᠵᠢᠬᠦᠯᠬᠦ ᠶᠢ ᠴᠢᠩᠭ᠎ᠠ ᠲᠥᠷᠢᠮᠵᠢᠬᠦᠯᠦᠨ᠂ ᠤᠷᠳᠤ | ᠬᠤᠭᠤᠴᠠᠭᠠᠲᠤ ᠴᠢᠨᠠᠷᠲᠠᠢ ᠲᠤᠭᠲᠠᠯᠴᠠᠭ᠎ᠠ ᠶᠢ ᠲᠡᠬᠦᠯᠳᠡᠷᠵᠢᠬᠦᠯᠦᠨ᠂ ᠦᠢᠯᠡᠴᠢᠯᠡᠭᠡᠨ ᠤ ᠬᠢᠨᠠᠨ ᠬᠠᠮᠢᠶᠠᠷᠤᠯᠲᠠ ᠶᠢᠨ ᠬᠢᠷᠢ | ᠲᠥᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠡᠮᠬᠢ ᠲᠢᠭᠯᠢᠮ ᠢ ᠦᠨᠡᠨᠬᠦ ᠰᠠᠶᠢᠲᠤᠷ ᠬᠠᠮᠠᠭᠠᠯᠠᠨ᠎ᠠ᠃ | ᠭᠤᠷᠪᠠ᠂ ᠵᠠᠰᠠᠨ ᠴᠡᠭᠴᠡᠯᠡᠬᠦ ᠬᠦᠷᠢᠶ᠎ᠡ ᠬᠡᠪᠴᠢᠶ᠎ᠡ | ︵ᠨᠢᠭᠡ︶ 2018 ᠣᠨ᠂ 2019 ᠣᠨ ᠤ ᠲᠠᠭᠠᠭᠤᠯᠢ ᠣᠳᠣ ᠪᠠᠷ ᠬᠠᠤᠯᠢ ᠬᠡᠷᠡᠭᠵᠢᠬᠦᠯᠬᠦ ᠳᠤ | ᠢᠯᠡᠷᠡᠬᠦᠯᠦᠭᠰᠡᠨ ᠬᠠᠤᠯᠢ ᠪᠤᠰᠤ ᠪᠠᠷ ᠭᠠᠵᠠᠷ ᠬᠡᠷᠡᠭᠯᠡᠵᠦ ᠣᠶᠢᠨ ᠳᠤ ᠣᠳᠣ ᠪᠤᠯᠲᠠᠯ᠎ᠠ ᠵᠠᠰᠠᠨ ᠴᠡᠭᠴᠡᠯᠡᠵᠦ ᠲᠠᠭᠤᠰᠤᠭ᠎ᠠ | ᠦᠭᠡᠢ ᠠᠰᠠᠭᠤᠳᠠᠯ᠃ | ︵ᠬᠤᠶᠠᠷ︶ 2016 ᠣᠨ ᠠᠴᠠ ᠨᠠᠭᠠᠰᠢ ᠬᠢᠨᠠᠨ ᠪᠠᠶᠢᠴᠠᠭᠠᠯᠲᠠ ᠳᠤ ᠢᠯᠡᠷᠡᠬᠦᠯᠦᠭᠰᠡᠨ ᠬᠠᠤᠯᠢ ᠪᠣᠰᠤ ᠪᠠᠷ | ᠭᠠᠵᠠᠷ ᠬᠡᠷᠡᠭᠯᠡᠵᠦ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃ | ︵ᠭᠤᠷᠪᠠ︶ ︽ᠲᠤᠮᠤ ᠬᠡᠯᠪᠡᠷᠢ ᠶᠢᠨ ᠳᠥᠬᠦᠮ ᠪᠦᠳᠦᠴᠡᠳᠦ ᠭᠡᠷ︾ ᠤᠨ ᠲᠤᠰᠬᠠᠢ ᠲᠥᠷᠦᠯ ᠤᠨ ᠵᠠᠰᠠᠨ | ᠴᠡᠭᠴᠡᠯᠡᠯᠲᠡ ᠶᠢ ᠪᠤᠰᠤᠳ ᠤᠴᠢᠷ ᠶᠠᠪᠤᠳᠠᠯ ᠪᠣᠯᠭᠠᠨ ᠬᠤᠪᠢᠷᠠᠭᠤᠯᠤᠭᠠᠳ ᠤᠳᠤᠬᠠᠨ ᠪᠣᠯᠲᠠᠯ᠎ᠠ ᠵᠠᠰᠠᠨ ᠴᠡᠭᠴᠡᠯᠡᠵᠦ | ᠲᠠᠭᠤᠰᠤᠭ᠎ᠠ ᠦᠭᠡᠢ ᠠᠰᠠᠭᠤᠳᠠᠯ᠃ | ︵ᠳᠥᠷᠪᠡ︶ 2020 ᠣᠨ ᠤ ᠤᠯᠤᠰ ᠤᠨ ᠬᠢᠨᠠᠨ ᠪᠣᠳᠤᠯᠲᠠ ᠶᠢᠨ ᠵᠠᠬᠢᠷᠭ᠎ᠠ ᠶᠢᠨ ᠬᠠᠷᠪᠢᠨ ᠳᠤ ᠪᠠᠶᠢᠭ᠎ᠠ | ᠠᠯᠪᠠᠨ ᠭᠡᠷ ᠪᠠ 2019 ᠣᠨ ᠤ ᠥᠪᠡᠷᠲᠡᠭᠡᠨ ᠵᠠᠰᠠᠬᠤ ᠣᠷᠤᠨ ᠤ ᠬᠢᠨᠠᠨ ᠪᠣᠲᠤᠯᠲᠠ ᠶᠢᠨ ᠲᠠᠩᠬᠢᠮ ᠤᠨ ᠢᠯᠡᠷᠡᠬᠦᠯᠦᠭᠰᠡᠨ | ᠬᠠᠤᠯᠢ ᠪᠤᠰᠤ ᠪᠠᠷ ᠭᠠᠵᠠᠷ ᠬᠡᠷᠡᠭᠯᠡᠵᠦ ᠤᠳᠤᠬᠠᠨ ᠪᠣᠯᠲᠠᠯ᠎ᠠ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃ | ︵ᠲᠠᠪᠤ︶ 2019 ᠣᠨ ᠠᠴᠠ ᠨᠠᠭᠠᠰᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠦᠴᠢᠷ ᠤᠨ 12336᠂ | ᠶᠠᠷᠢᠶ᠎ᠠ ᠬᠡᠯᠡᠯᠴᠡᠭᠡ᠂ ᠳᠡᠭᠡᠳᠦ ᠱᠠᠳᠣᠨ ᠤ ᠲᠤᠰᠢᠶᠠᠨ ᠬᠦᠢᠴᠡᠳᠭᠡᠬᠦᠯᠦᠭᠰᠡᠨ ᠵᠡᠷᠭᠡ ᠬᠦᠯᠢᠶᠡᠨ ᠠᠪᠤᠭᠰᠠᠨ ᠬᠠᠤᠯᠢ | ᠪᠤᠰᠤ ᠪᠠᠷ ᠭᠠᠵᠠᠷ ᠬᠡᠷᠡᠭᠯᠡᠵᠦ ᠬᠠᠷᠠᠬᠠᠨ ᠵᠠᠰᠠᠨ ᠴᠡᠭᠴᠡᠯᠡᠵᠦ ᠲᠠᠭᠤᠰᠤᠭ᠎ᠠ ᠦᠭᠡᠢ ᠠᠰᠠᠭᠤᠳᠠᠯ᠃ | ︵ᠵᠢᠷᠭᠤᠭ᠎ᠠ︶ ᠪᠤᠰᠤᠳ ᠴᠡᠪᠡᠷᠯᠡᠨ ᠴᠡᠭᠴᠡᠯᠡᠬᠦ ᠬᠦᠷᠢᠶ᠎ᠡ ᠬᠡᠪᠴᠢᠶᠠᠨ ᠳᠤ ᠪᠠᠶᠢᠭ᠎ᠠ ᠰᠢᠨ᠎ᠡ ᠪᠠᠷ ᠨᠡᠮᠡᠭᠳᠡᠭᠰᠡᠨ | ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ᠃ | ᠲᠥᠷᠪᠡ᠂ ᠠᠵᠢᠯ ᠤᠨ ᠬᠠᠷᠠᠯᠲᠠ | ᠲᠤᠰ ᠤᠳᠠᠭᠠᠨ ᠤ ᠬᠠᠤᠯᠢ ᠪᠤᠰᠤ ᠪᠠᠷ ᠭᠠᠵᠠᠷ ᠬᠡᠷᠡᠭᠯᠡᠬᠦ ᠶᠢ ᠲᠤᠰᠬᠠᠢ ᠲᠥᠷᠦᠯ ᠢᠶᠠᠷ ᠴᠡᠪᠡᠷᠯᠡᠨ ᠴᠡᠭᠴᠡᠯᠡᠬᠦ | ᠠᠵᠢᠯ ᠨᠢ ᠲᠡᠭᠡᠷ᠎ᠡ ᠲᠤᠷᠠᠳᠤᠭᠰᠠᠨ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠤᠨ ᠲᠤᠭ᠎ᠠ ᠬᠡᠮᠵᠢᠶ᠎ᠡ ᠪᠠᠷ ᠰᠠᠭᠤᠷᠢ | ᠲᠤᠭ᠎ᠠ ᠪᠣᠯᠭᠠᠵᠤ᠂ ᠬᠠᠤᠯᠢ ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ | ᠪᠤᠰᠤ ᠪᠠᠷ ᠭᠠᠵᠠᠷ ᠬᠡᠷᠡᠭᠯᠡᠭᠰᠡᠨ ᠠᠰᠠᠭᠤᠳᠠᠯ ᠢ ᠲᠤᠭᠲᠠᠭᠰᠠᠨ ᠬᠤᠭᠤᠴᠠᠭᠠᠨ ᠳᠤ ᠴᠡᠪᠡᠷᠯᠡᠨ ᠠᠷᠢᠯᠭᠠᠵᠤ ᠬᠠᠷᠠᠯᠲᠠ ᠪᠠᠨ | ᠪᠡᠶᠡᠯᠡᠬᠦᠯᠦᠨ᠎ᠡ᠃ | | |