锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠤᠭᠲᠠᠭᠠᠬᠤ ᠵᠢᠷᠤᠮᠵᠢᠯᠠᠯ ᠤᠨ ᠲᠤᠭᠲᠠᠭᠠᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2021/5/24
               ᠨᠢᠭᠡ᠂ ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠤᠭᠲᠠᠭᠠᠯ︾ ᠳᠤ ᠵᠠᠰᠠᠪᠤᠷᠢ ᠣᠷᠣᠭᠤᠯᠬᠤ ᠪᠣᠶ︖       ᠬᠠᠷᠢᠭᠤᠯᠲᠠ᠄ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠢ ᠳᠦᠷᠢᠮᠵᠢᠭᠦᠯᠬᠦ ᠪᠣᠯ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠬᠦᠳᠠ ᠬᠤᠷᠠᠯ ᠠᠴᠠ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠬᠦᠯᠵᠤ᠂ ᠤᠯᠠᠨ ᠨᠡᠶᠢᠲᠡ ᠶᠢ ᠣᠷᠣᠯᠴᠠᠭᠤᠯᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠬᠠᠤᠯᠢ ᠪᠠᠷ ᠲᠣᠭᠲᠠᠭᠠᠭᠰᠠᠨ ᠵᠢᠷᠤᠮᠵᠢᠯᠠᠯ ᠪᠤᠯᠭᠠᠨ᠎ᠠ ᠭᠡᠵᠦ ᠳᠤᠷᠠᠳᠴᠠᠢ᠃        ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠤᠭᠲᠠᠭᠠᠯ ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 209 ᠳ᠋ᠤᠭᠡᠷ ᠲᠣᠭᠠᠲᠤ᠂ ᠳᠣᠷᠣᠭᠰᠢ ︽ᠵᠢᠷᠤᠮᠵᠢᠯᠠᠯ ᠤᠨ ᠲᠣᠭᠲᠠᠭᠠᠯ︾ ᠭᠡᠵᠦ ᠲᠣᠪᠴᠢᠯᠠᠨ᠎ᠠ︶ ᠢ 2015 ᠣᠨ ᠳᠤ ᠨᠡᠶᠢᠲᠡᠯᠡᠵᠦ ᠬᠡᠷᠡᠭᠵᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠳᠦᠷᠢᠮᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠰᠶᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠪᠠ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠬᠠᠤᠯᠢ ᠪᠠᠷ ᠤᠯᠤᠰ ᠢᠶᠠᠨ ᠵᠠᠰᠠᠬᠤ ᠪᠥᠬᠦ ᠲᠠᠯ᠎ᠠ ᠪᠠᠷ ᠠᠬᠢᠴᠠ ᠶᠢ ᠲᠠᠰᠤᠷᠠᠯᠲᠠ ᠥᠬᠡᠶ ᠠᠭᠢᠬᠤ ᠶᠢ ᠳᠠᠭᠠᠯᠳᠤᠨ᠂ ᠢᠯᠠᠩᠭᠤᠶ᠎ᠠ 2019 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮᠵᠢᠯᠠᠯ ᠤᠨ ᠲᠦᠷ ᠬᠡᠷᠡᠭᠵᠢᠭᠦᠯᠬᠦ ᠲᠦᠷᠢᠮ︾ ᠢ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠪᠥᠬᠦ ᠶᠠᠪᠤᠴᠠ ᠳᠤ ᠪᠣᠳᠠᠲᠠᠶ ᠲᠣᠭᠲᠠᠭᠠᠯ ᠭᠠᠷᠭᠠᠵᠤ᠂ ᠵᠢᠷᠤᠮᠵᠢᠯᠠᠯ᠂ ᠪᠠᠷᠢᠮᠵᠢᠶ᠎ᠠ ᠵᠡᠷᠭᠡ ᠲᠠᠯ᠎ᠠ ᠪᠠᠷ ᠴᠥᠮ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ︽ᠵᠢᠷᠤᠮᠵᠢᠯᠠᠯ ᠤᠨ ᠲᠣᠭᠲᠠᠭᠠᠯ︾ ᠳᠤ ᠵᠠᠰᠠᠪᠤᠷᠢ ᠣᠷᠣᠭᠤᠯᠬᠤ ᠨᠢ ᠵᠠᠰᠠᠭ ᠵᠠᠬᠢᠷᠭᠠᠨ ᠤ ᠰᠶᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ᠂ ᠬᠠᠤᠯᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠭᠦᠢᠴᠡᠳᠬᠡᠬᠦ ᠬᠦᠴᠦᠨ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠬᠤ ᠳᠤ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃        ᠬᠤᠶᠠᠷ᠂ ᠶᠠᠮᠠᠷ ᠶᠠᠮᠠᠷ ᠨᠢᠭᠡᠴᠡ ᠨᠢ ︽ᠵᠢᠷᠤᠮᠵᠢᠯᠠᠯ ᠤᠨ ᠲᠣᠭᠲᠠᠭᠠᠯ︾ ᠢ ᠬᠡᠷᠡᠭᠯᠡᠬᠦ ᠪᠤᠢ︖        ᠬᠠᠷᠢᠭᠤᠯᠲᠠ᠄ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠤ ᠳᠣᠲᠣᠷᠠᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢ ᠲᠣᠭᠲᠠᠭᠠᠬᠤ ᠪᠠ ᠳᠣᠭᠢᠷᠠᠭᠤᠯᠬᠤ ᠶᠠᠪᠤᠴᠠ ᠳᠤ ᠲᠣᠰ ᠲᠣᠭᠲᠠᠭᠠᠯ ᠢ ᠬᠡᠷᠡᠭᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠶᠠᠪᠤᠴᠠ ᠶᠢ ᠲᠣᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃        ᠭᠤᠷᠪᠠ᠂ ᠶᠠᠮᠠᠷ ᠶᠠᠮᠠᠷ ᠤᠴᠢᠷ ᠶᠠᠪᠤᠳᠠᠯ ᠳᠤ ︽ᠵᠢᠷᠤᠮᠵᠢᠯᠠᠯ ᠤᠨ ᠲᠣᠭᠲᠠᠭᠠᠯ︾ ᠶᠣᠰᠣᠭᠠᠷ ᠰᠶᠢᠳᠪᠦᠷᠢᠲᠦ ᠪᠤᠳᠤᠯᠭ᠎ᠠ ᠲᠣᠭᠲᠠᠭᠠᠬᠤ ᠴᠢᠬᠤᠯᠠᠲᠠᠶ ᠪᠤᠢ︖        ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠳᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠬᠦᠷᠢᠶ᠎ᠡ ᠬᠡᠪᠴᠢᠶ᠎ᠡ ᠶᠢ ︽ᠵᠢᠭᠰᠠᠭᠠᠨ ᠲᠣᠭᠠᠴᠢᠬᠤ + ᠦᠭᠡᠶᠢᠰᠭᠡᠬᠦ︾ ᠪᠠᠷ ᠳᠠᠮᠵᠢᠭᠤᠯᠤᠨ᠂ ᠰᠶᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠶᠢᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠪᠠ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠶᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ᠂ ᠪᠠᠷᠢᠮᠵᠢᠶ᠎ᠠ ᠶᠢ ᠲᠣᠭᠲᠠᠭᠠᠵᠤ᠂ ᠠᠳᠠᠯᠢ ᠱᠠᠲᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠶᠢᠨ ᠬᠠᠮᠲᠤ ᠪᠣᠳᠠᠲᠠᠶ ᠬᠤᠪᠢᠷᠠᠯᠲᠠ ᠶᠢ ᠦᠨᠳᠦᠰᠦᠯᠡᠨ ᠲᠣᠬᠢᠷᠠᠭᠤᠯᠤᠯᠲᠠ ᠬᠢᠬᠦ ᠶᠢ ᠵᠥᠪᠰᠢᠶᠡᠷᠡᠨ᠎ᠡ᠃ ᠵᠢᠭᠰᠠᠭᠠᠭᠰᠠᠨ ᠵᠦᠢᠯ ᠤᠳ ᠲᠤ᠄ ᠨᠢᠭᠡ ᠳᠤ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠬᠤᠶᠠᠷ ᠲᠤ ᠠᠵᠤ ᠠᠬᠤᠶ ᠪᠠ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠶᠢᠨ ᠴᠢᠬᠤᠯᠠ ᠲᠥᠯᠥᠪᠵᠢᠭᠦᠯᠭᠡ ᠶᠢ ᠲᠣᠭᠲᠠᠭᠠᠨ᠎ᠠ︔ ᠭᠤᠷᠪᠠ ᠳᠤ ᠴᠢᠬᠤᠯᠠ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠢ ᠨᠡᠭᠡᠭᠡᠨ ᠠᠰᠢᠭᠯᠠᠵᠦ ᠬᠠᠮᠠᠭᠠᠯᠠᠬᠤ ᠴᠢᠬᠤᠯᠠ ᠶᠡᠭᠡ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠲᠦᠷᠪᠡ ᠳᠤ ᠲᠤᠰ ᠵᠠᠰᠠᠭ ᠵᠠᠬᠢᠷᠭᠠᠨ ᠤ ᠤᠷᠤᠨ ᠳᠤ ᠬᠡᠷᠡᠭᠵᠢᠭᠦᠯᠬᠦ ᠴᠢᠬᠤᠯᠠ ᠶᠡᠭᠡ ᠤᠯᠠᠨ ᠨᠡᠶᠢᠲᠡ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠲᠣᠭᠲᠠᠭᠠᠨ᠎ᠠ︔ ᠲᠠᠪᠤ ᠳᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠦᠵᠡᠭᠦᠯᠬᠦ᠂ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠪᠤᠶᠤ ᠨᠡᠶᠢᠭᠡᠮ ᠨᠡᠶᠢᠲᠡ ᠶᠢᠨ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠪᠤᠰᠤᠳ ᠴᠢᠬᠤᠯᠠ ᠶᠡᠭᠡ ᠵᠦᠢᠯᠡᠰ ᠢ ᠲᠣᠭᠲᠠᠭᠠᠨ᠎ᠠ᠃ ᠡᠭᠦᠨ ᠤ ᠵᠡᠷᠭᠡ ᠳᠤ᠂ 2 ᠲᠦᠷᠦᠯ ᠤᠨ ᠤᠴᠢᠷ ᠶᠠᠪᠤᠳᠠᠯ ᠢ ᠲᠤᠳᠤᠷᠬᠠᠢ ᠦᠭᠡᠶᠢᠰᠭᠡᠵᠦ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠰᠶᠢᠳᠪᠦᠷᠢᠲᠦ ᠪᠣᠳᠣᠯᠭ᠎ᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠰᠶᠢᠳᠪᠦᠷᠢᠲᠦ ᠪᠣᠳᠣᠯᠭ᠎ᠠ ᠳᠤ ᠲᠣᠰ ᠲᠣᠭᠲᠠᠭᠠᠯ ᠢ ᠬᠡᠷᠡᠭᠯᠡᠬᠦ ᠦᠭᠡᠢ ᠭᠡᠵᠦ ᠲᠤᠲᠠᠭᠠᠵᠠᠢ᠃        ᠲᠦᠷᠪᠡ᠂ ᠪᠤᠢ ᠪᠦᠬᠦᠢ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠤᠳᠤᠯᠭ᠎ᠠ ᠨᠢ ᠴᠥᠮ ᠡᠷᠬᠡᠪᠰᠢ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠵᠢᠷᠤᠮᠵᠢᠯᠠᠯ ᠢ ᠪᠦᠷᠢᠮᠦᠰᠦᠨ ᠭᠦᠢᠴᠡᠳᠬᠡᠬᠦ ᠬᠡᠷᠡᠭᠲᠡᠶ ᠤᠤ ᠦᠭᠡᠢ ᠤᠤ︖        ᠬᠠᠷᠢᠭᠤᠯᠲᠠ᠄ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ︽ᠵᠢᠷᠤᠮᠵᠢᠯᠠᠯ ᠤᠨ ᠲᠣᠭᠲᠠᠭᠠᠯ︾ ᠤᠨ ᠨᠢᠭᠡᠨ ᠭᠤᠤᠯ ᠠᠭᠤᠯᠭ᠎ᠠ ᠪᠣᠯᠤᠨ᠎ᠠ᠃ ᠡᠭᠦᠨ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠵᠠᠪᠠᠯ ᠥᠩᠭᠡᠷᠡᠭᠡᠬᠦ ᠶᠠᠪᠤᠴᠠ ᠮᠥᠨ᠂ ᠪᠣᠶ ᠪᠥᠬᠦᠶ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠲᠤᠭᠲᠠᠭᠠᠬᠤ ᠳᠤ ᠴᠥᠮ ᠡᠷᠬᠡᠪᠰᠢ ᠭᠦᠢᠴᠡᠳᠭᠡᠬᠦ ᠬᠡᠷᠡᠭᠲᠡᠶ᠃ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠨᠢ ᠵᠠᠪᠠᠯ ᠥᠩᠭᠡᠷᠡᠭᠡᠬᠦ ᠶᠠᠪᠤᠴᠠ ᠪᠢᠰᠢ᠂ ᠲᠦᠷᠢᠮ ᠳᠤ᠄ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠰᠶᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠲᠤ ᠲᠤᠰᠬᠠᠶ ᠮᠡᠷᠭᠡᠵᠢᠯᠲᠡᠨ ᠤ ᠨᠤᠲᠠᠯᠠᠯᠲᠠ ᠬᠢᠬᠦ ᠶᠠᠪᠤᠴᠠ ᠶᠢ ᠭᠦᠢᠴᠡᠳᠬᠡᠬᠦ ᠬᠡᠷᠡᠭᠲᠡᠶ︔ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢᠨ ᠬᠡᠷᠡᠭᠵᠢᠭᠦᠯᠦᠯᠲᠡ ᠨᠢ ᠨᠡᠶᠢᠭᠡᠮ ᠤᠨ ᠲᠣᠭᠲᠠᠭᠤᠨ ᠪᠠᠶᠢᠳᠠᠯ᠂ ᠠᠮᠢ ᠠᠬᠤᠶ ᠣᠷᠴᠢᠨ ᠲᠣᠭᠤᠷᠢᠨ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠲᠠᠯ᠎ᠠ ᠳᠤ ᠠᠰᠢᠭ ᠥᠬᠡᠶ ᠨᠥᠯᠥᠭᠡ ᠤᠴᠠᠷᠠᠭᠤᠯᠵᠤ ᠮᠡᠳᠡᠬᠦ ᠳᠤ ᠭᠦᠷᠪᠡᠯ᠂ ᠲᠦᠭᠰᠢᠭᠦᠷᠢ ᠶᠢ ᠦᠨᠡᠯᠡᠨ ᠵᠢᠱᠢᠬᠦ ᠶᠠᠪᠤᠴᠠ ᠶᠢ ᠭᠦᠢᠴᠡᠳᠭᠡᠬᠦ ᠬᠡᠷᠡᠭᠲᠡᠶ ᠭᠡᠵᠠᠢ᠃         ᠲᠠᠪᠤ᠂ ᠬᠤᠯᠪᠣᠭᠳᠠᠯ ᠪᠦᠬᠦᠢ ᠵᠢᠷᠤᠮᠵᠢᠯᠠᠯ ᠢ ᠭᠦᠢᠴᠡᠳᠬᠡᠬᠦ ᠳᠤ ᠲᠣᠭᠲᠠᠮᠠᠯ ᠳᠡᠰ ᠳᠠᠷᠠᠭᠠᠯᠠᠯ ᠲᠠᠢ ᠤᠤ ᠦᠭᠡᠢ ᠤᠤ︖         ᠬᠠᠷᠢᠭᠤᠯᠲᠠ᠄ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠡᠨᠡ ᠲᠠᠪᠤᠨ ᠶᠡᠭᠡ ᠵᠢᠷᠤᠮᠵᠢᠯᠠᠯ ᠪᠣᠯ ᠪᠦᠷᠢᠮᠦᠰᠦᠨ ᠬᠦᠰᠢᠭᠦᠷᠡᠭᠰᠠᠨ ᠶᠠᠪᠤᠴᠠ ᠪᠢᠰᠢ᠂ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢ ᠡᠬᠢᠯᠡᠭᠦᠯᠦᠭᠰᠡᠨ ᠠᠴᠠ ᠠᠪᠤᠭᠠᠳ ᠲᠣᠭᠲᠠᠭᠠᠬᠤ ᠬᠦᠷᠲᠡᠯ᠎ᠡ᠂ ᠶᠡᠭᠡ ᠲᠥᠯᠥᠪ ᠰᠶᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤ᠂ ᠲᠥᠰᠦᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠬᠤ ᠱᠠᠲᠤ ᠭᠡᠵᠦ ᠬᠤᠪᠢᠶᠠᠵᠤ ᠪᠣᠯᠤᠨ᠎ᠠ᠃ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠣᠯ ᠰᠶᠢᠳᠪᠦᠷᠢᠲᠦ ᠪᠣᠳᠣᠯᠭ᠎ᠠ ᠶᠢᠨ ᠲᠥᠰᠦᠯ ᠤᠨ ᠪᠦᠷᠢᠯᠳᠦᠬᠦ ᠱᠠᠲᠤᠨ ᠤ ᠵᠢᠷᠤᠮᠵᠢᠯᠠᠯ ᠮᠥᠨ᠂ ᠡᠨᠡ ᠭᠤᠷᠪᠠ ᠶᠢᠨ ᠬᠤᠭᠤᠷᠣᠨᠳᠣ ᠲᠣᠭᠲᠠᠭᠰᠠᠨ ᠡᠮᠦᠨ᠎ᠡ ᠬᠤᠶᠢᠨᠠᠬᠢ ᠳᠡᠰ ᠳᠠᠷᠠᠭᠠᠯᠠᠯ ᠭᠡᠵᠦ ᠪᠠᠶᠢᠳᠠᠭ ᠥᠬᠡᠶ᠂ ᠰᠶᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠨᠢ ᠰᠶᠢᠳᠪᠦᠷᠢᠲᠦ ᠪᠣᠳᠣᠯᠭ᠎ᠠ ᠶᠢᠨ ᠵᠦᠢᠯᠡᠰ ᠤᠨ ᠣᠨᠴᠠᠯᠢᠭ ᠪᠠ ᠪᠣᠳᠠᠲᠠᠶ ᠬᠡᠷᠡᠭᠴᠡᠭᠡ ᠶᠢ ᠦᠨᠳᠦᠰᠦᠯᠡᠨ ᠡᠵᠡᠮᠰᠢᠵᠦ᠂ ᠵᠠᠷᠢᠮ ᠵᠢᠷᠤᠮᠵᠢᠯᠠᠯ ᠢ ᠳᠠᠬᠢᠨ ᠳᠠᠪᠲᠠᠨ ᠣᠯᠠᠨ ᠤᠳᠠᠭ᠎ᠠ ᠭᠦᠢᠴᠡᠳᠭᠡᠵᠦ᠂ ᠵᠢᠱᠢᠶᠡᠯᠡᠪᠡᠯ ᠣᠯᠠᠨ ᠤᠳᠠᠭ᠎ᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠣᠯᠤᠯᠴᠠᠭ᠎ᠠ ᠲᠠᠢ᠃         ᠡᠭᠦᠨ ᠠᠴᠠ ᠭᠠᠳᠠᠨ᠎ᠠ᠂ ᠲᠦᠭᠰᠢᠭᠦᠷᠢ ᠶᠢ ᠦᠨᠡᠯᠡᠨ ᠵᠢᠱᠢᠬᠦ ᠳᠤ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡ ᠪᠠᠷ ᠵᠣᠬᠢᠶᠠᠨ ᠪᠠᠶᠢᠭᠤᠯᠵᠤ ᠪᠣᠯᠤᠨ᠎ᠠ᠃ ᠰᠶᠢᠳᠪᠦᠷᠢᠲᠦ ᠪᠤᠳᠤᠯᠭ᠎ᠠ ᠶᠢᠨ ᠲᠥᠰᠦᠯ ᠪᠤᠢ ᠪᠣᠯᠤᠭᠰᠠᠨ ᠤ ᠲᠠᠷᠠᠭ᠎ᠠ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠠᠪᠤᠳᠠᠯ ᠢ ᠲᠡᠰ ᠳᠠᠷᠠᠭᠠᠯᠠᠨ ᠭᠦᠢᠴᠡᠳᠬᠡᠬᠦ ᠴᠢᠬᠤᠯᠠᠲᠠᠶ᠂ ᠡᠨᠡ ᠬᠤᠶᠠᠷ ᠵᠢᠷᠤᠮᠵᠢᠯᠠᠯ ᠪᠣᠯ ᠵᠠᠪᠠᠯ ᠥᠩᠭᠡᠷᠡᠭᠡᠬᠦ ᠵᠢᠷᠤᠮ ᠪᠤᠯᠤᠨ᠎ᠠ᠃ ᠠᠩᠬᠠᠷᠤᠭᠤᠰᠢᠲᠠᠶ ᠨᠢ᠂ ᠬᠡᠷᠪᠡ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠳᠤᠮᠳᠠ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠪᠠ ᠲᠦᠭᠰᠢᠭᠦᠷᠢ ᠶᠢ ᠦᠨᠡᠯᠡᠨ ᠵᠢᠱᠢᠬᠦ ᠵᠢᠷᠤᠮᠵᠢᠯᠡᠯ ᠢ ᠭᠦᠢᠴᠡᠳᠭᠡᠬᠦ ᠶᠣᠰᠣᠲᠠᠶ ᠪᠠᠶᠢᠲᠠᠯ᠎ᠠ ᠭᠦᠢᠴᠡᠳᠭᠡᠭᠰᠡᠨ ᠥᠬᠡᠶ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ᠠᠴᠠ ᠰᠶᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠪᠠᠷ ᠬᠤᠯᠪᠣᠭᠳᠠᠯ ᠪᠥᠬᠦᠶ ᠵᠢᠷᠤᠮᠵᠢᠯᠠᠯ ᠢ ᠨᠥᠬᠦᠪᠥᠷᠢᠯᠡᠨ ᠭᠦᠢᠴᠡᠳᠭᠡᠭᠦᠯᠬᠦ ᠪᠠᠷ ᠱᠠᠭᠠᠷᠳᠠᠵᠤ ᠪᠣᠯᠤᠨ᠎ᠠ᠃ ᠬᠠᠮᠲᠤ ᠪᠠᠷ ᠶᠠᠷᠢᠯᠴᠠᠨ ᠲᠣᠭᠲᠠᠭᠠᠬᠤ ᠪᠣᠯ ᠲᠠᠪᠤᠨ ᠶᠡᠭᠡ ᠵᠢᠷᠤᠮᠵᠢᠯᠠᠯ ᠤᠨ ᠳᠣᠲᠣᠷᠠᠬᠢ ᠬᠠᠮᠤᠭ ᠰᠡᠭᠦᠯᠴᠢ ᠶᠢᠨ ᠨᠢᠭᠡ ᠵᠢᠷᠤᠮᠵᠢᠯᠠᠯ ᠪᠣᠯᠤᠨ᠎ᠠ᠂ ᠬᠡᠯᠡᠯᠭᠡᠨ ᠦᠭᠡᠢ ᠬᠠᠮᠲᠤ ᠪᠠᠷ ᠶᠠᠷᠢᠯᠴᠠᠬᠤ ᠦᠶ᠎ᠡ ᠳᠤ ᠬᠤᠯᠪᠣᠭᠳᠠᠯ ᠪᠦᠬᠦᠢ ᠵᠢᠷᠤᠮᠵᠢᠯᠠᠯ ᠢ ᠳᠠᠬᠢᠵᠤ ᠭᠦᠢᠴᠡᠳᠬᠡᠬᠦ ᠪᠤᠶᠤ ᠨᠥᠬᠦᠪᠥᠷᠢᠯᠡᠨ ᠭᠦᠢᠴᠡᠳᠭᠡᠭᠦᠯᠬᠦ ᠪᠠᠷ ᠱᠠᠭᠠᠷᠳᠠᠵᠦ ᠪᠤᠯᠤᠨ᠎ᠠ᠃        ᠵᠢᠷᠭᠤᠭ᠎ᠠ᠂ ︽ᠵᠢᠷᠤᠮᠵᠢᠯᠠᠯ ᠤᠨ ᠲᠣᠭᠲᠠᠭᠠᠯ︾ ᠳᠤ ᠤᠯᠠᠨ ᠨᠡᠶᠢᠲᠡ ᠶᠢᠨ ᠣᠷᠣᠯᠴᠠᠯᠭ᠎ᠠ ᠶᠢᠨ ᠪᠤᠳᠠᠲᠠᠢ ᠦᠷ᠎ᠡ ᠪᠦᠲᠦᠮᠵᠢᠲᠦ ᠴᠢᠨᠠᠷ ᠢ ᠪᠠᠲᠤᠯᠠᠬᠤ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠤᠢ︖        ᠬᠠᠷᠢᠭᠤᠯᠲᠠ᠄ ᠡᠩ ᠲᠡᠷᠢᠭᠦᠨ ᠳᠤ᠂ ᠣᠯᠠᠨ ᠨᠡᠶᠢᠲᠡ ᠶᠢᠨ ᠰᠠᠨᠠᠯ ᠢ ᠰᠣᠨᠣᠰᠬᠤ ᠠᠷᠭ᠎ᠠ ᠬᠡᠯᠪᠡᠷᠢ ᠪᠠ ᠠᠷᠭ᠎ᠠ ᠶᠢᠨ ᠲᠠᠯ᠎ᠠ ᠪᠠᠷ᠂ ᠶᠠᠷᠢᠯᠴᠠᠬᠤ ᠬᠤᠷᠠᠯ᠂ ᠭᠡᠷᠡᠴᠢᠯᠡᠯᠲᠡ ᠰᠣᠨᠣᠰᠬᠤ ᠬᠤᠷᠠᠯ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ᠂ ᠪᠢᠴᠢᠭ ᠢᠶᠠᠷ ᠰᠠᠨᠠᠯ ᠬᠤᠷᠢᠶᠠᠬᠤ᠂ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠠᠷᠠᠳ ᠤᠨ ᠰᠠᠨᠠᠭ᠎ᠠ ᠶᠢ ᠪᠠᠶᠢᠴᠠᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠪᠠᠭᠲᠠᠭᠠᠵᠤ᠂ ᠣᠯᠠᠨ ᠨᠡᠶᠢᠲᠡ ᠶᠢᠨ ᠣᠷᠣᠯᠴᠠᠬᠤ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠢ ᠠᠪᠬᠤ ᠬᠡᠷᠡᠭᠲᠡᠶ ᠭᠡᠵᠦ ᠱᠠᠭᠠᠷᠳᠠᠵᠠᠶ᠃ ᠰᠶᠢᠳᠪᠦᠷᠢᠲᠦ ᠪᠤᠳᠤᠯᠭ᠎ᠠ ᠶᠢᠨ ᠠᠭᠤᠯᠭ᠎ᠠ ᠪᠠ ᠬᠡᠷᠡᠭᠴᠡᠭᠡ ᠶᠢ ᠦᠨᠳᠦᠰᠦᠯᠡᠨ᠂ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠨᠠᠯ ᠢ ᠰᠣᠨᠣᠰᠬᠤ ᠬᠡᠷᠡᠭᠲᠡᠶ᠃ ᠢᠯᠠᠩᠭᠤᠶ᠎ᠠ ᠵᠠᠰᠠᠭ ᠵᠠᠬᠢᠷᠭᠠᠨ ᠤ ᠴᠢᠬᠤᠯᠠ ᠶᠡᠭᠡ ᠰᠶᠢᠳᠪᠦᠷᠢᠲᠦ ᠪᠤᠳᠤᠯᠭ᠎ᠠ ᠨᠢ ᠬᠡᠷᠪᠡ ᠣᠨᠴᠠ ᠲᠣᠭᠲᠠᠭᠰᠠᠨ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠪᠠᠯ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠤᠯᠠᠨ ᠲᠦᠮᠡᠨ ᠤ ᠲᠦᠯᠦᠭᠡᠯᠡᠭᠴᠢ ᠶᠢ ᠪᠠᠭᠲᠠᠭᠠᠭᠰᠠᠨ ᠬᠤᠯᠪᠣᠭᠳᠠᠯ ᠪᠦᠬᠦᠢ ᠣᠨᠴᠠ ᠲᠣᠭᠲᠠᠭᠰᠠᠨ ᠤᠯᠠᠨ ᠨᠡᠶᠢᠲᠡ ᠶᠢᠨ ᠰᠠᠨᠠᠯ ᠢ ᠰᠣᠨᠣᠰᠬᠤ ᠶᠢ ᠱᠠᠭᠠᠷᠳᠠᠳᠠᠭ᠃ ᠲᠠᠷᠠᠭ᠎ᠠ ᠳᠤᠨᠢ᠂ ᠪᠣᠳᠠᠲᠠᠶ ᠵᠢᠷᠤᠮᠵᠢᠯᠠᠯ ᠤᠨ ᠱᠠᠭᠠᠷᠳᠠᠯᠭ᠎ᠠ ᠶᠢᠨ ᠲᠠᠯ᠎ᠠ ᠪᠠᠷ᠂ ᠵᠢᠱᠢᠶᠡᠯᠡᠪᠡᠯ ᠢᠯᠡ ᠪᠠᠷ ᠰᠠᠨᠠᠯ ᠬᠤᠷᠢᠶᠠᠬᠤ ᠱᠠᠭᠠᠷᠳᠠᠯᠭ᠎ᠠ ᠨᠢ ᠲᠥᠰᠦᠯ ᠤᠨ ᠲᠤᠬᠠᠶ ᠲᠣᠪᠬᠢᠮᠠᠯ ᠢᠶᠠᠷ ᠪᠠᠷᠠᠬᠤ ᠦᠭᠡᠢ᠂ ᠪᠠᠰᠠ ᠲᠣᠳᠣᠷᠬᠠᠶᠢᠯᠠᠯᠲᠠ ᠶᠢᠨ ᠲᠠᠯ᠎ᠠ ᠪᠠᠷ ᠴᠥᠮ ᠰᠠᠨᠠᠯ ᠬᠤᠷᠢᠶᠠᠬᠤ ᠬᠡᠷᠡᠭᠲᠡᠶ᠃ ᠰᠠᠨᠠᠯ ᠬᠤᠷᠢᠶᠠᠬᠤ ᠳᠠᠭᠠᠨ ᠵᠠᠷᠴᠢᠮ ᠳᠡᠭᠡᠷ᠎ᠡ ᠪᠠᠨ 30 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠂ ᠣᠯᠠᠨ ᠨᠡᠶᠢᠲᠡ ᠳᠤ ᠮᠡᠳᠡᠭᠳᠡᠬᠦ ᠳᠤ ᠲᠥᠬᠦᠮ ᠵᠠᠭᠤᠴᠢᠯᠠᠭᠤᠷ ᠪᠠ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠳᠤ ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠶ᠃ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠪᠤᠶᠤ ᠲᠤᠰᠬᠠᠶ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠴᠢᠬᠤᠯᠠ ᠶᠡᠭᠡ ᠰᠶᠢᠳᠪᠦᠷᠢᠲᠦ ᠪᠤᠳᠤᠯᠭ᠎ᠠ ᠶᠢᠨ ᠵᠦᠢᠯᠡᠰ ᠢ ᠪᠠᠰᠠ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠤᠰᠬᠠᠶ ᠮᠡᠷᠭᠡᠵᠢᠯᠲᠡᠨ ᠤ ᠰᠤᠷᠪᠤᠯᠵᠢᠯᠠᠭ᠎ᠠ ᠵᠡᠷᠭᠡ ᠠᠷᠭ᠎ᠠ ᠮᠠᠶ᠋ᠢᠭ ᠢᠶᠠᠷ ᠲᠠᠶᠢᠯᠪᠤᠷᠢᠯᠠᠨ ᠲᠣᠳᠣᠷᠬᠠᠶᠢᠯᠠᠬᠤ ᠬᠡᠷᠡᠭᠲᠡᠶ︔ ᠭᠡᠷᠡᠴᠢᠯᠡᠯᠲᠡ ᠰᠣᠨᠣᠰᠬᠤ ᠬᠤᠷᠠᠯ ᠳᠤ ᠴᠢᠭᠯᠡᠭᠦᠯᠦᠨ᠂ ︽ᠵᠢᠷᠤᠮᠵᠢᠯᠠᠯ ᠤᠨ ᠲᠣᠭᠲᠠᠭᠠᠯ︾ ᠳᠤ ᠭᠡᠷᠡᠴᠢᠯᠡᠯᠲᠡ ᠰᠣᠨᠣᠰᠬᠤ ᠬᠤᠷᠠᠯ ᠤᠨ ᠲᠦᠯᠦᠭᠡᠯᠡᠭᠴᠢᠳ ᠢ ᠥᠷᠭᠡᠨ ᠳᠡᠯᠭᠡᠷᠡᠩᠭᠦᠶ ᠴᠢᠨᠠᠷ ᠲᠠᠢ ᠪᠠᠶᠢᠬᠤ ᠶᠢ ᠱᠠᠭᠠᠷᠳᠠᠭᠰᠠᠨ ᠪᠥᠭᠡᠳ ᠭᠡᠷᠡᠴᠢᠯᠡᠯᠲᠡ ᠰᠣᠨᠣᠰᠬᠤ ᠠᠯᠪᠠᠨ ᠵᠠᠷ ᠤᠨ ᠠᠭᠤᠯᠭ᠎ᠠ ᠪᠠ ᠰᠠᠨᠠᠯ ᠰᠣᠨᠣᠰᠬᠤ ᠬᠤᠷᠠᠯ ᠤᠨ ᠵᠢᠷᠤᠮ ᠢ ᠲᠣᠭᠲᠠᠭᠠᠵᠠᠶ᠃        ᠲᠤᠯᠤᠭ᠎ᠠ᠂ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠲᠡᠭᠦᠨ ᠤ ᠳᠣᠲᠣᠷ᠎ᠠ ᠠᠴᠠ ᠲᠤᠰᠬᠠᠶ ᠮᠡᠷᠭᠡᠵᠢᠯᠲᠡᠨ ᠢ ᠰᠣᠩᠭᠤᠨ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠵᠤ ᠪᠣᠯᠤᠨ᠎ᠠ ᠤᠤ ᠦᠭᠡᠢ ᠤᠤ︖        ᠬᠠᠷᠢᠭᠤᠯᠲᠠ᠄ ︽ᠵᠢᠷᠤᠮᠵᠢᠯᠠᠯ ᠤᠨ ᠲᠣᠭᠲᠠᠭᠠᠯ︾ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠰᠶᠢᠳᠪᠦᠷᠢᠲᠦ ᠪᠣᠳᠣᠯᠭ᠎ᠠ ᠶᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠬᠤ ᠬᠡᠷᠡᠭᠲᠡᠶ︔ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠪᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠡᠷᠡᠭᠴᠡᠭᠡ ᠪᠠᠨ ᠦᠨᠳᠦᠰᠦᠯᠡᠨ ᠰᠶᠢᠳᠪᠦᠷᠢᠲᠦ ᠪᠣᠳᠣᠯᠭ᠎ᠠ ᠶᠢᠨ ᠵᠦᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ ᠪᠣᠯᠤᠨ᠎ᠠ︔ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠨᠢ ᠰᠶᠢᠳᠪᠦᠷᠢᠲᠦ ᠪᠤᠳᠤᠯᠭ᠎ᠠ ᠶᠢᠨ ᠵᠥᠪᠯᠡᠯᠭᠡ ᠥᠭᠴᠦ ᠨᠤᠲᠠᠯᠠᠯᠲᠠ ᠬᠢᠬᠦ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠤᠭᠰᠠᠨ ᠦᠭᠡᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠬᠡᠷᠡᠭᠯᠡᠵᠦ ᠪᠣᠯᠤᠨ᠎ᠠ᠃        ᠨᠠᠢᠮᠠ᠂ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠠᠴᠠ ᠰᠶᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠲᠠᠷᠠᠭ᠎ᠠ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ ᠪᠣᠯᠬᠤ ᠪᠠᠶᠢᠳᠠᠯ ᠳᠤ ᠶᠠᠮᠠᠷ ᠶᠠᠮᠠᠷ ᠪᠠᠶᠢᠳᠠᠯ ᠪᠠᠶᠢᠬᠤ ᠪᠤᠢ︖        ᠬᠠᠷᠢᠭᠤᠯᠲᠠ᠄ ᠨᠢᠭᠡ ᠳᠤ ᠰᠶᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠵᠢᠴᠢ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︔ ᠬᠤᠶᠠᠷ ᠲᠤ ᠴᠢᠬᠤᠯᠠ ᠶᠡᠭᠡ ᠵᠠᠰᠠᠭ ᠵᠠᠬᠢᠷᠭᠠᠨ ᠤ ᠰᠶᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠵᠢᠱᠢᠭᠰᠡᠨ ᠦᠷ᠎ᠡ ᠪᠦᠲᠦᠮᠵᠢ ᠳᠤ ᠢᠯᠡᠳᠲᠡ ᠬᠦᠷᠴᠦ ᠴᠢᠳᠠᠭᠰᠠᠨ ᠥᠬᠡᠶ︔ ᠭᠤᠷᠪᠠ ᠳᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠡᠯᠢᠶᠡᠳ ᠤᠯᠠᠨ ᠰᠠᠨᠠᠯ ᠳᠤᠷᠠᠳᠤᠭᠰᠠᠨ︔ ᠲᠦᠷᠪᠡ ᠳᠤ ᠰᠶᠢᠳᠪᠦᠷᠢᠲᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠠᠴᠠ ᠴᠢᠬᠤᠯᠠᠲᠠᠶ ᠭᠡᠵᠦ ᠦᠵᠡᠭᠰᠡᠨ ᠪᠤᠰᠤᠳ ᠪᠠᠶᠢᠳᠠᠯ ᠤᠳ ᠪᠤᠯᠤᠨ᠎ᠠ᠃
         
        ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号