锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠢᠷᠡᠬᠦ ᠵᠢᠯ ᠠᠴᠠ ᠡᠯᠧᠺᠲᠷᠤᠨ ᠵᠢᠯᠤᠭᠤᠴᠢ ᠶᠢᠨ ᠦᠨᠡᠮᠯᠡᠯ ᠢ ᠪᠦᠬᠦ ᠲᠠᠯ᠎ᠠ ᠪᠠᠷ ᠳᠡᠯᠭᠡᠷᠡᠭᠦᠯᠤᠨ᠎ᠠ
        ᠨᠡᠶᠢᠲᠡᠯᠡᠭᠰᠡᠨ ᠴᠠᠭ᠄
        2021/5/25
               ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠦᠨᠡᠮᠯᠡᠯ ᠢ ᠴᠥᠭᠡᠳᠬᠡᠨ ᠠᠷᠠᠳ ᠲᠤ ᠲᠥᠬᠦᠮ ᠦᠵᠡᠭᠦᠯᠬᠦ ᠶᠢ ᠤᠯᠠᠮ ᠴᠢᠨᠠᠬᠰᠢᠲᠠ ᠠᠬᠢᠭᠤᠯᠵᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ‌‍ᠲ᠋ᠡᠭᠡᠭᠰᠢᠯᠡᠭᠦᠯᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 2021 ᠣᠨ ᠤ 6 ᠰᠠᠷ᠎ᠠ ᠶᠢᠨ1 ᠤ  ᠡᠳᠦᠷ ᠠᠴᠠ ᠡᠬᠢᠯᠡᠨ᠂ ᠲᠢᠶᠠᠨᠵᠢᠨ᠂ ᠴᠧᠩᠳᠦ᠋᠂ ᠰᠦᠵᠧᠦ ᠵᠡᠷᠭᠡ 3 ᠬᠤᠲᠠ ᠳᠤ ᠡᠯᠧᠺᠲᠷᠣᠨ ᠵᠢᠯᠣᠭᠤᠴᠢ ᠶᠢᠨ ᠦᠨᠡᠮᠯᠡᠯ ᠢ ᠲᠤᠷᠰᠢᠨ ᠬᠡᠷᠡᠭᠯᠡᠵᠦ᠂ ᠵᠢᠯᠣᠭᠤᠴᠢ ᠨᠠᠷ ᠲᠤ ᠡᠯᠧᠺᠲᠷᠣᠨ ︽ᠦᠨᠡᠮᠯᠡᠯ︾ ︽ᠺᠣᠳ᠋︾ ᠢᠶᠠᠨ ᠬᠠᠷᠠᠭᠤᠯᠬᠤ ᠦᠢᠯᠡᠴᠢᠯᠡᠭᠡ ᠬᠠᠩᠭᠠᠨ᠂ ᠣᠯᠠᠨ‌‍ᠲ᠋ᠦ᠋ᠮᠡᠨ ᠤ ᠶᠠᠪᠤᠵᠤ ᠰᠠᠭᠤᠬᠤ ᠳᠤ ᠨᠠᠩ ᠢᠯᠡᠭᠦᠦ ᠲᠥᠬᠦᠮ ᠦᠵᠡᠭᠦᠯᠬᠦ ᠪᠠᠷ ᠲᠣᠭᠲᠠᠪᠠ᠃                        ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢᠦ ᠢᠦᠶ ᠫᠧᠩ ᠤᠨ ᠢᠯᠡᠷᠬᠡᠶᠢᠯᠡᠭᠰᠡᠨ ᠢᠶᠠᠷ᠄ ᠡᠯᠧᠺᠲᠷᠣᠨ ᠵᠢᠯᠣᠭᠤᠴᠢ ᠶᠢᠨ ᠦᠨᠡᠮᠯᠡᠯ ᠳᠤ ᠨᠢᠭᠡᠳᠦᠯᠳᠠᠢ ᠴᠢᠨᠠᠷ᠂ ᠴᠠᠭ ᠲᠤᠬᠠᠶᠢᠴᠢ ᠴᠢᠨᠠᠷ᠂ ᠠᠶᠤᠯᠭᠦᠶ ᠴᠢᠨᠠᠷ ᠭᠡᠬᠦ ᠭᠤᠷᠪᠠᠨ ᠣᠨᠴᠠᠯᠢᠭ ᠲᠠᠢ᠄ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠨ ᠣᠯᠭᠤᠵᠤ᠂ ᠡᠯᠧᠺᠲᠷᠣᠨ ᠵᠢᠯᠣᠭᠤᠴᠢ ᠶᠢᠨ ᠦᠨᠡᠮᠯᠡᠯ ᠤᠨ ᠬᠡᠯᠪᠡᠷᠢ ᠮᠠᠶ᠋ᠢᠭ ᠨᠢ  ᠪᠥᠬᠦ ᠤᠯᠤᠰ ᠲᠤ ᠨᠢᠭᠡᠳᠦᠯᠲᠡᠶ ᠪᠠᠶᠢᠵᠤ᠂ ᠴᠠᠭᠠᠰᠤᠨ ᠬᠡᠯᠪᠡᠷᠢ ᠶᠢᠨ ᠵᠢᠯᠣᠭᠤᠴᠢ ᠶᠢᠨ ᠦᠨᠡᠮᠯᠡᠯ ᠲᠠᠢ ᠠᠳᠠᠯᠢᠬᠠᠨ ᠬᠠᠤᠯᠢ ᠶᠢᠨ ᠬᠦᠴᠦᠨ ᠲᠠᠢ ᠪᠠᠶᠢᠳᠠᠭ︔ ᠡᠯᠧᠺᠲᠷᠣᠨ‌ᠵᠢᠯᠣᠭᠤᠴᠢ ᠶᠢᠨ ᠦᠨᠡᠮᠯᠡᠯ ᠢ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ ᠢᠶᠠᠷ ᠤᠯᠭᠤᠨ᠂ ᠵᠢᠯᠣᠭᠤᠴᠢ ᠶᠢᠨ ᠦᠨᠡᠮᠯᠡᠯ ᠤᠨ ᠪᠠᠶᠢᠳᠠᠯ ᠢ ᠬᠥᠳᠡᠯᠦᠩᠭᠦᠶ ᠪᠠᠷ ᠢᠯᠡᠷᠡᠭᠦᠯᠵᠦ᠂ ᠴᠠᠭ ᠲᠤᠬᠠᠶ ᠳᠤᠨᠢ ᠪᠠᠶᠢᠴᠠᠭᠠᠨ ᠯᠠᠪᠯᠠᠬᠤ᠂ ᠴᠠᠭ ᠲᠤᠬᠠᠶ ᠳᠤᠨᠢ ᠭᠠᠷᠭᠠᠨ ᠦᠵᠡᠭᠦᠯᠬᠦ᠂ ᠴᠠᠭ ᠲᠤᠬᠠᠶ ᠳᠤᠨᠢ ᠬᠢᠨᠠᠨ ᠰᠢᠯᠭᠠᠬᠤ ᠳᠤ ᠲᠥᠬᠦᠮ ᠦᠵᠡᠭᠦᠯᠦᠨ᠎ᠡ︔ ᠲᠣᠭᠠᠴᠢᠯᠠᠭᠰᠠᠨ ᠭᠠᠷ ᠤᠨ ᠥᠰᠥᠭ ᠤᠨ ᠬᠠᠭᠤᠷᠮᠠᠭ ᠢ ᠰᠡᠷᠭᠡᠶᠢᠯᠡᠬᠦ ᠮᠡᠷᠭᠡᠵᠢᠯ ᠢ ᠬᠡᠷᠡᠭᠯᠡᠵᠦ᠂ ᠬᠤᠪᠢᠷᠠᠭᠤᠯᠤᠨ ᠦᠭᠡᠷᠡᠲᠦᠬᠦᠯᠬᠦ᠂ ᠬᠠᠭᠤᠷᠮᠠᠭᠯᠠᠨ ᠵᠤᠬᠢᠶᠠᠬᠤ ᠶᠢ ᠪᠦᠲᠦᠮᠵᠢᠳᠠᠢ ᠰᠡᠷᠭᠡᠶᠢᠯᠡᠨ᠂ ᠡᠯᠧᠺᠲᠷᠣᠨ ᠵᠢᠯᠣᠭᠤᠴᠢ ᠶᠢᠨ ᠦᠨᠡᠮᠯᠡᠯ ᠤᠨ ᠦᠨᠡᠨ ᠪᠣᠳᠠᠲᠠᠶ ᠴᠤᠷ ᠤᠨ ᠭᠠᠭᠴᠠ᠂ ᠠᠮᠤᠷ ᠲᠦᠪᠰᠢᠨ ᠨᠠᠶᠢᠳᠠᠪᠤᠷᠢᠲᠤ ᠴᠢᠨᠠᠷ ᠢ ᠪᠠᠲᠤᠯᠠᠨ᠎ᠠ᠃        ᠡᠯᠧᠺᠲᠷᠣᠨ ᠵᠢᠯᠣᠭᠤᠴᠢ ᠶᠢᠨ ᠦᠨᠡᠮᠯᠡᠯ ᠬᠡᠷᠡᠭᠯᠡᠬᠦ ᠨᠢ ︽ᠭᠤᠷᠪᠠᠨ ᠲᠥᠬᠦᠮ︾ ᠲᠠᠯ᠎ᠠ ᠲᠠᠢ᠄ ᠨᠢᠭᠡ ᠳᠤ᠂ ᠭᠤᠶᠤᠴᠢᠯᠠᠨ ᠠᠪᠬᠤ ᠳᠤ ᠲᠥᠬᠦᠮ᠃ ᠲᠤᠷᠰᠢᠯᠲᠠ ᠶᠢᠨ ᠴᠡᠭ ᠤᠨ 3 ᠬᠤᠲᠠ ᠶᠢᠨ ᠵᠢᠯᠣᠭᠤᠴᠢ ᠨᠠᠷ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠳᠤ ᠬᠤᠪᠢ ᠬᠥᠮᠦᠨ ᠤ ᠲᠠᠩᠰᠠ ᠨᠣᠮᠧᠷ ᠢᠶᠠᠷ ᠭᠠᠷᠴᠤ ᠡᠯᠧᠺᠲᠷᠣᠨ ᠵᠢᠯᠣᠭᠤᠴᠢ ᠶᠢᠨ ᠦᠨᠡᠮᠯᠡᠯ ᠢᠶᠠᠨ ᠠᠪᠴᠤ ᠪᠣᠯᠤᠨ᠎ᠠ᠂ ᠭᠤᠶᠤᠴᠢᠯᠠᠬᠤ ᠦᠶ᠎ᠡ ᠳᠤ ᠵᠢᠯᠣᠭᠤᠴᠢ ᠶᠢᠨ ᠦᠨᠡᠮᠯᠡᠯ ᠨᠢ‌‍ᠬᠦ᠋ᠴᠦᠨ ᠪᠦᠬᠦᠢ ᠬᠤᠭᠤᠴᠠᠭᠠᠨ ᠳᠤ ᠪᠠᠶᠢᠬᠤ ᠬᠡᠷᠡᠭᠳᠠᠢ ᠪᠦᠭᠡᠳ ᠲᠣᠰ ᠬᠥᠮᠦᠨ ᠤ  6 ᠰᠠᠷ᠎ᠠ ᠶᠢᠨ ᠳᠣᠲᠣᠷᠠᠬᠢ ᠡᠯᠧᠺᠲᠷᠣᠨ ᠬᠡᠪᠯᠡᠯ ᠤᠨ ᠭᠡᠷᠡᠴᠢ ᠦᠨᠡᠮᠯᠡᠯ ᠤᠨ ᠵᠢᠷᠤᠭ ᠰᠡᠭᠦᠳᠡᠷ ᠢᠶᠠᠨ ᠲᠤᠰᠢᠶᠠᠬᠤ ᠬᠡᠷᠡᠭᠲᠡᠶ᠃ ᠬᠤᠶᠠᠷ ᠲᠤ᠂ ᠭᠠᠷᠭᠠᠨ ᠦᠵᠡᠭᠦᠯᠬᠦ ᠳᠤ ᠲᠥᠬᠦᠮ᠃ ᠡᠯᠧᠺᠲᠷᠣᠨ ᠵᠢᠯᠣᠭᠤᠴᠢ ᠶᠢᠨ ᠦᠨᠡᠮᠯᠡᠯ ᠢ ᠬᠠᠤᠯᠢ ᠬᠡᠷᠡᠭᠵᠢᠭᠦᠯᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠣᠯᠠᠨ ᠲᠠᠯᠠᠪᠤᠷ ᠲᠤ ᠬᠡᠷᠡᠭᠯᠡᠵᠦ ᠪᠣᠯᠤᠨ᠎ᠠ᠃ ᠵᠢᠯᠣᠭᠤᠴᠢ ᠨᠠᠷ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ12123︾ APP ᠳᠤ  ᠭᠠᠷᠴᠤ᠂ ᠬᠤᠪᠢ ᠬᠥᠮᠦᠨ ᠤ ᠡᠯᠧᠺᠲᠷᠣᠨ ᠵᠢᠯᠣᠭᠤᠴᠢ ᠶᠢᠨ ᠦᠨᠡᠮᠯᠡᠯ ᠢ ᠴᠠᠭ ᠲᠤᠬᠠᠶ ᠳᠤᠨᠢ ᠪᠠᠶᠢᠴᠠᠭᠠᠨ ᠯᠠᠪᠯᠠᠬᠤ ᠪᠠ ᠭᠠᠷᠭᠠᠨ ᠦᠵᠡᠭᠦᠯᠵᠦ ᠪᠣᠯᠤᠨ᠎ᠠ᠂ ᠰᠦᠯᠵᠢᠶ᠎ᠡ ᠦᠭᠡᠢ ᠦᠶ᠎ᠡ ᠳᠤ ᠪᠠᠰᠠ APP ᠳᠡᠭᠡᠷ᠎ᠡ ᠨᠢᠭᠡᠨᠲᠡ ᠪᠣᠶ ᠪᠣᠯᠤᠭᠰᠠᠨ ᠡᠯᠧᠺᠲᠷᠣᠨ ᠵᠢᠯᠣᠭᠤᠴᠢ ᠶᠢᠨ ᠦᠨᠡᠮᠯᠡᠯ ᠢ ᠬᠡᠷᠡᠭᠯᠡᠵᠦ ᠪᠣᠯᠤᠨ᠎ᠠ᠃ ᠭᠤᠷᠪᠠ ᠳᠤ᠂ ᠬᠡᠷᠡᠭᠯᠡᠬᠦ ᠳᠤ ᠲᠥᠬᠦᠮ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠭᠦᠢᠴᠡᠳᠭᠡᠬᠦ᠂ ᠲᠡᠷᠭᠡ ᠪᠠᠷ ᠠᠶᠠᠯᠠᠬᠤ᠂ ᠲᠡᠷᠭᠡ ᠲᠦᠷᠢᠶᠡᠰᠦᠯᠡᠬᠦ ᠵᠡᠷᠭᠡ ᠠᠵᠢᠯᠯᠠᠭ᠎ᠠ ᠳᠤᠮᠳᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠢᠯ ᠲᠥᠷᠥᠯ ᠤᠨ ᠬᠢᠨ ᠡᠯᠧᠺᠲᠷᠣᠨ ᠵᠢᠯᠣᠭᠤᠴᠢ ᠶᠢᠨ ᠦᠨᠡᠮᠯᠡᠯ ᠢ ᠰᠦᠯᠵᠢᠶᠡᠨ ᠳᠡᠭᠡᠷ᠎ᠡ ᠬᠢᠨᠠᠨ ᠰᠢᠯᠭᠠᠵᠤ ᠪᠣᠯᠤᠨ᠎ᠠ᠃ ᠬᠠᠤᠯᠢ ᠬᠡᠷᠡᠭᠵᠢᠭᠦᠯᠬᠦ ᠰᠢᠯᠭᠠᠨ ᠪᠠᠶᠢᠴᠠᠭᠠᠯᠳᠠ ᠬᠢᠬᠦ ᠦᠶᠡᠰ ᠲᠤ᠂ ᠵᠢᠯᠣᠭᠤᠴᠢ ᠨᠠᠷ ᠡᠯᠧᠺᠲᠷᠣᠨ ᠵᠢᠯᠣᠭᠤᠴᠢ ᠶᠢᠨ ᠦᠨᠡᠮᠯᠡᠯ ᠢᠶᠠᠨ ᠦᠵᠡᠭᠦᠯᠦᠭᠰᠡᠨ ᠪᠤᠯ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ  ᠴᠠᠭᠠᠰᠤᠨ ᠬᠡᠯᠪᠡᠷᠢ ᠶᠢᠨ ᠵᠢᠯᠣᠭᠤᠴᠢ ᠵᠢᠨ‌ᠦᠨᠡᠮᠯᠡᠯ ᠢ ᠳᠠᠭᠢᠵᠤ ᠰᠢᠯᠭᠠᠨ ᠪᠠᠶᠢᠴᠠᠭᠠᠬᠤ ᠥᠬᠡᠶ᠂ ᠬᠠᠤᠯᠢ ᠬᠡᠷᠡᠭᠵᠢᠭᠦᠯᠬᠦ ᠦᠵᠦᠭᠦᠷᠯᠢᠭ ᠢᠶᠠᠷ ᠳᠠᠮᠵᠢᠨ ᠰᠦᠯᠵᠢᠶᠡᠨ  ᠳᠡᠭᠡᠷ᠎ᠡ‌ᠵᠢᠯᠣᠭᠤᠴᠢ ᠶᠢᠨ ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠨ᠎ᠠ᠃ ᠵᠠᠮ  ᠬᠠᠷᠢᠯᠴᠠᠭᠠᠨ ᠤ  ᠬᠠᠮᠢᠶᠠᠷᠤᠯᠲᠠ ᠵᠢᠨ‌‍ᠲ᠋ᠤᠬᠠᠶᠢᠯᠠᠭᠰᠠᠨ ᠠᠵᠢᠯ ᠭᠦ᠋ᠶ᠋ᠴᠡᠳᠬᠡᠬᠦ ᠳᠤ᠂ ᠵᠢᠯᠣᠭᠤᠴᠢ ᠨᠠᠷ ᠡᠯᠧᠺᠲᠷᠣᠨ ᠵᠢᠯᠣᠭᠤᠴᠢ ᠶᠢᠨ ᠦᠨᠡᠮᠯᠡᠯ ᠢᠶᠠᠨ ᠦᠵᠡᠭᠦᠯᠵᠦ ᠲᠡᠷᠭᠡ ᠵᠢᠯᠣᠭᠤᠳᠬᠤ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ  ᠶᠠᠪᠤᠳᠠᠯ ᠢ ᠰᠢᠶ᠋ᠳᠪᠦᠷᠢᠯᠡᠬᠦ᠂ ᠵᠠᠮ ᠬᠠᠷᠢᠯᠴᠠᠭᠠᠨ ᠤ ᠠᠳᠡᠯ ᠢ ᠰᠢᠶ᠋ᠳᠪᠦᠷᠢᠯᠡᠬᠦ ᠵᠡᠷᠭᠡ ᠲᠤᠬᠠᠶᠢᠯᠠᠭᠰᠠᠨ ᠠᠵᠢᠯ ᠢ ᠭᠦᠶ᠋ᠴᠡᠳᠬᠡᠵᠦ ᠪᠣᠯᠤᠨ᠎ᠠ᠂ ᠴᠠᠭᠠᠰᠤᠨ ᠬᠡᠯᠪᠡᠷᠢ ᠶᠢᠨ ᠵᠢᠯᠣᠭᠤᠴᠢ ᠶᠢᠨ ᠦᠨᠡᠮᠯᠡᠯ ᠢᠶᠠᠨ ᠲᠤᠰᠢᠶᠠᠬᠤ  ᠴᠢᠬᠤᠯᠠ ᠥᠬᠡᠶ᠃ ᠳᠠᠭᠠᠳᠬᠠᠯ ᠤᠨ ᠲᠥᠯᠥᠪᠦᠷᠢ ᠠᠪᠬᠤ᠂ ᠲᠡᠷᠭᠡ ᠲᠦᠷᠢᠶᠡᠰᠦᠯᠡᠬᠦ᠂ ᠠᠵᠢᠯ ᠮᠡᠷᠭᠡᠵᠢᠯ ᠤᠨ ᠠᠵᠢᠯᠲᠠᠨ ᠡᠯᠰᠡᠬᠦ ᠦᠶ᠎ᠡ ᠳᠤ᠂ ᠵᠢᠯᠣᠭᠤᠴᠢ  ᠨᠠᠷ ᠡᠯᠧᠺᠲᠷᠣᠨ ᠵᠢᠯᠣᠭᠤᠴᠢ ᠶᠢᠨ ᠦᠨᠡᠮᠯᠡᠯ ᠢᠶᠠᠨ ᠦᠵᠡᠭᠦᠯᠵᠦ᠂ ᠬᠠᠮᠢᠶ᠎ᠠ ᠪᠥᠬᠦᠶ ᠨᠢᠭᠡᠴᠢ ᠰᠦ᠋ᠯᠵᠢᠶ᠎ᠠ ᠪᠠᠷ  ᠵᠢᠯᠣᠭᠤᠳᠬᠤ ᠬᠢᠷᠢ ᠬᠡᠮ ᠢ ᠨᠢ ᠬᠢᠨᠠᠨ ᠰᠢᠯᠭᠠᠵᠤ‌‍ᠪᠣᠯᠤᠨ᠎ᠠ᠃          ᠲᠣᠳᠣᠷᠬᠠᠶᠢᠯᠠᠬᠤ  ᠴᠢᠬᠤᠯᠠᠲᠠᠶ ᠨᠢ᠂ ᠡᠯᠧᠺᠲᠷᠣᠨ ᠵᠢᠯᠣᠭᠤᠴᠢ ᠶᠢᠨ ᠦᠨᠡᠮᠯᠡᠯ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠲᠤᠷᠰᠢᠯᠲᠠ ᠶᠢᠨ ᠴᠡᠭ ᠤᠨ 3 ᠬᠤᠳᠠ ᠶᠢᠨ ᠤᠯᠭᠤᠭᠰᠠᠨ ᠡᠯᠧᠺᠲᠷᠣᠨ ᠵᠢᠯᠣᠭᠤᠴᠢ ᠶᠢᠨ ᠦᠨᠡᠮᠯᠡᠯ ᠪᠦᠬᠦ ᠤᠯᠤᠰ ᠤᠨ ᠬᠡᠪᠴᠢᠶᠠᠨ ᠳᠤ ᠬᠦᠴᠦᠨ ᠲᠠᠢ᠃ ᠣᠶᠢᠯᠠᠭᠠᠭᠰᠠᠨ ᠢᠶᠠᠷ᠂ ᠳᠣᠲᠣᠭᠠᠳᠤ ᠶᠢ ᠬᠠᠮᠠᠭᠠᠯᠠᠬᠤ ᠶᠠᠮᠤᠨ ︽ᠲᠤᠷᠰᠢᠯᠲᠡ ᠶᠢᠨ  ᠴᠡᠭ ᠲᠤ ᠤᠷᠢᠳ ᠵᠶ᠋ᠠᠷ‌‍ᠬᠡᠷᠡᠭᠵᠢᠬᠦᠯᠤᠨ᠂ ᠠᠯᠬᠤᠮ ᠠᠯᠬᠤᠮ ᠢᠶᠠᠷ ᠥᠷᠭᠡᠳᠬᠡᠬᠦ︾ ᠵᠠᠷᠴᠢᠮ ᠶᠣᠰᠣᠭᠠᠷ᠂ ᠲᠤᠷᠰᠢᠯᠲᠠ ᠶᠢᠨ ᠴᠡᠭ ᠤᠨ ᠰᠠᠭᠤᠷᠢᠨ ᠳᠡᠭᠡᠷ᠎ᠡ᠂ ᠮᠡᠳᠡᠭᠡ ᠵᠠᠩᠭᠢ ᠶᠢᠨ ᠰᠢᠰᠲ᠋ᠧᠮ ᠢ ᠤᠯᠠᠮ ᠴᠢᠨᠠᠬᠰᠢᠲᠠ ᠲᠡᠭᠦᠯᠳᠡᠷᠵᠢᠭᠦᠯᠵᠦ᠂ ᠢᠵᠢ ᠪᠦᠷᠢᠳᠦᠭᠦᠯᠬᠦ ᠲᠦᠷᠢᠮ ᠢ ᠪᠦᠷᠢᠨᠰᠢᠬᠦᠯᠤᠨ᠂ ᠬᠡᠷᠡᠭᠯᠡᠬᠦ ᠭᠠᠵᠠᠷ ᠢ ᠥᠷᠭᠡᠳᠬᠡᠵᠦ᠂ ᠳᠤᠤᠷ᠎ᠠ ᠬᠠᠭᠠᠰ ᠵᠢᠯ ᠳᠤ ᠳᠠᠬᠢᠨ ᠬᠡᠰᠡᠭ ᠭᠠᠵᠠᠷ ᠣᠷᠣᠨ ᠢ ᠰᠣᠩᠭᠤᠨ ᠲᠤᠷᠰᠢᠯᠲᠠ ᠶᠢᠨ ᠴᠡᠭ ᠢᠶᠠᠨ ᠥᠷᠭᠡᠳᠬᠡᠵᠦ᠂ 2022 ᠣᠨ ᠳᠤ ᠪᠥᠬᠦ ᠤᠯᠤᠰ ᠲᠤ ᠪᠥᠬᠦ ᠲᠠᠯ᠎ᠠ ᠪᠠᠷ ᠳᠡᠯᠭᠡᠷᠡᠭᠦᠯᠬᠦ ᠪᠠᠷ ᠪᠠᠶᠢᠨ᠎ᠠ᠃ ︵ᠰᠢᠨᠬᠤᠸᠠ‌ᠬᠤᠷᠢᠶᠠᠨ ᠤ ᠪᠡᠭᠡᠵᠢᠩ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ︶        ᠲᠤᠷᠤᠨ᠎ᠠ
         
        ᠢᠷᠡᠯᠲᠡ᠄ ᠠᠷᠠᠳ ᠤᠨ ᠰᠦᠯᠵᠢᠶ᠎ᠡ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号