锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠲᠦ ᠰᠢᠷ᠎ᠠ ᠬᠤᠰᠢᠭᠤ ᠡᠨᠡ ᠵᠢᠯ ᠶᠠᠮᠠᠷ ᠶᠠᠮᠠᠷ ᠭᠤᠣᠯᠳᠠᠯᠭ᠎ᠠ ᠲᠠᠢ ᠲᠥᠷᠦᠯ ᠵᠦᠢᠯ ᠢ ᠪᠦᠳᠦᠭᠡᠨ ᠪᠠᠶᠢᠭᠤᠯᠬᠤ ᠪᠤᠢ︖
        ᠨᠡᠶᠢᠲᠡᠯᠡᠭᠰᠡᠨ ᠴᠠᠭ᠄
        2021/5/6
             4 ᠰᠠᠷ᠎ᠠ ᠶᠢᠨ 22 ᠤ ᠡᠳᠦᠷ᠂ ᠬᠦᠪᠡᠭᠡᠲᠦ ᠰᠢᠷ᠎ᠠ ᠬᠤᠰᠢᠭᠤ 2021 ᠣᠨ ᠤ ᠭᠤᠣᠯᠳᠠᠯᠭ᠎ᠠ ᠲᠠᠢ ᠲᠥᠷᠦᠯ ᠵᠦᠢᠯ ᠢ ᠲᠥᠪᠯᠡᠷᠡᠬᠦᠯᠦᠨ ᠠᠵᠢᠯ ᠡᠬᠢᠯᠡᠬᠦᠯᠬᠦ ᠶᠤᠰᠤᠯᠠᠯ ᠶᠠᠪᠤᠭᠲᠠᠭᠤᠯᠪᠠ᠃      ᠣᠶᠢᠯᠠᠭᠠᠭᠰᠠᠨ ᠢᠶᠠᠷ᠂ ᠲᠤᠰ ᠵᠢᠯ ᠬᠦᠪᠡᠭᠡᠲᠦ ᠰᠢᠷ᠎ᠠ ᠬᠤᠰᠢᠭᠤ ᠭᠤᠣᠯᠳᠠᠯᠭ᠎ᠠ ᠲᠠᠢ 41 ᠲᠥᠷᠦᠯ ᠵᠦᠢᠯ ᠢ ᠪᠦᠳᠦᠭᠡᠨ ᠪᠠᠶᠢᠭᠤᠯᠬᠤ ᠪᠠᠷ ᠪᠠᠶᠢᠵᠤ᠂ ᠲᠥᠰᠦᠪᠯᠡᠭᠰᠡᠨ ᠪᠡᠯᠡ ᠤᠷᠤᠭᠤᠯᠤᠯᠲᠠ ᠨᠢ 18.41 ᠳ᠋ᠦᠩᠰᠢᠭᠤᠷ ᠲᠦᠬᠦᠷᠢᠭ᠂ ᠨᠡᠮᠡᠭᠳᠡᠯ ᠨᠢ 8% ᠠᠴᠠ ᠲᠡᠭᠡᠭᠰᠢ ᠬᠦᠷᠴᠡᠢ᠃ ᠣᠳᠤ ᠪᠣᠯᠲᠠᠯ᠎ᠠ᠂ ᠦᠢᠯᠡᠳᠪᠦᠷᠢᠯᠡᠯ ᠰᠡᠷᠭᠦᠭᠡᠭᠰᠡᠨ ᠲᠥᠷᠦᠯ ᠵᠦᠢᠯ 22 ᠪᠠᠶᠢᠵᠤ᠂ ᠦᠢᠯᠡᠳᠪᠦᠷᠢᠯᠡᠯ ᠰᠡᠷᠬᠦᠭᠡᠭᠰᠡᠨ ᠨᠣᠷᠮ᠎ᠠ 53.6 % ᠳᠤ ᠬᠦᠷᠦᠭᠰᠡᠨ ᠪᠠᠶᠢᠨ᠎ᠠ᠃      ᠲᠣᠣᠷ᠎ᠠ ᠡᠨᠡ ᠵᠢᠯ ᠪᠦᠳᠦᠭᠡᠨ ᠪᠠᠶᠢᠭᠤᠯᠬᠤ ᠪᠠᠷ ᠪᠠᠶᠢᠭ᠎ᠠ ᠭᠤᠤᠯᠳᠠᠯᠭ᠎ᠠ ᠲᠠᠢ ᠲᠥᠷᠦᠯ ᠵᠦᠢᠯ ᠠᠴᠠ ᠬᠡᠳᠦ ᠶᠢ ᠲᠠᠨᠢᠯᠴᠠᠭᠤᠯᠪᠠᠯ᠄      1. ᠰᠢᠶᠧ ᠰᠢᠨ ᠬᠦᠪᠡᠭᠡᠲᠦ ᠰᠢᠷ᠎ᠠ ᠬᠤᠰᠢᠭᠤᠨ ᠤ 125MW ᠣᠨᠴᠠ ᠥᠨᠳᠦᠷ ᠬᠦᠴᠦᠳᠡᠯᠲᠦ ᠰᠠᠯᠬᠢ ᠴᠠᠬᠢᠯᠭᠠᠨ ᠢ ᠭᠠᠳᠠᠭᠰᠢ ᠬᠦᠷᠭᠡᠬᠦ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠲᠤᠰ ᠲᠥᠷᠦᠯ ᠵᠦᠢᠯ ᠨᠢ ᠤᠩᠭᠤᠨ ᠰᠣᠮᠣᠨ ᠳᠤ ᠪᠠᠶᠢᠷᠢᠯᠠᠵᠤ᠂ ᠲᠥᠷᠦᠯ ᠵᠦᠢᠯ ᠤᠨ ᠮᠠᠰᠢᠨ ᠤ ᠪᠠᠭᠲᠠᠭᠠᠮᠵᠢ ᠨᠢ 125MW᠂ 30 ᠰᠠᠭᠤᠷᠢ ᠪᠠᠭᠲᠠᠭᠠᠮᠵᠢ ᠨᠢ 3.3MW ᠶᠢᠨ ᠮᠠᠰᠢᠨ ᠪᠠ 6 ᠰᠠᠭᠤᠷᠢ ᠪᠠᠭᠲᠠᠭᠠᠮᠵᠢ ᠨᠢ 3.2MW ᠶᠢᠨ ᠰᠠᠯᠬᠢ ᠴᠠᠬᠢᠯᠭᠠᠨ ᠤ ᠮᠠᠰᠢᠨ ᠤ ᠪᠦᠯᠦᠭ ᠢ ᠤᠭᠰᠠᠷᠠᠨ᠎ᠠ᠃ ᠲᠥᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 9.5 ᠳ᠋ᠦᠩᠰᠢᠭᠤᠷ ᠲᠦᠬᠦᠷᠢᠭ᠂ 2021 ᠣᠨ ᠤ ᠵᠢᠯ ᠤᠨ ᠰᠡᠬᠦᠯᠴᠢ ᠪᠠᠷ ᠲᠤᠤᠷ ᠲᠤ ᠨᠡᠶᠢᠯᠡᠬᠦᠯᠵᠦ ᠴᠠᠬᠢᠯᠭᠠᠨ ᠭᠠᠷᠭᠠᠬᠤ ᠪᠣᠯᠣᠨ᠎ᠠ᠃       2. ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠶᠡᠷᠦᠩᠬᠡᠶᠢᠯᠡᠭᠰᠡᠨ ᠪᠤᠯᠪᠠᠰᠤᠷᠠᠯ ᠤᠨ ᠲᠢᠩᠬᠢᠮ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠲᠥᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠲᠠ ᠨᠢ 450 ᠲᠥᠮᠡᠨ ᠲᠦᠬᠦᠷᠢᠭ᠂ ᠤᠯᠠᠭᠠᠨᠮᠦ᠋ᠴᠢᠷ ᠤᠨ ᠶᠡᠷᠦᠩᠬᠡᠶᠢᠯᠡᠭᠰᠡᠨ ᠪᠤᠯᠪᠠᠰᠤᠷᠠᠯ ᠢ ᠲᠢᠩᠬᠢᠮ ᠪᠠ ᠢᠵᠢ ᠪᠦᠷᠢᠳᠦᠭᠰᠡᠨ ᠲᠤᠨᠤᠭ ᠲᠦᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠤᠯᠤᠨ᠎ᠠ᠃      3. ᠬᠦᠪᠡᠭᠡᠲᠦ ᠰᠢᠷ᠎ᠠ ᠬᠤᠰᠢᠭᠤᠨ ᠤ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ ᠤᠨ ᠠᠷᠠᠳ ᠲᠤ ᠳᠥᠬᠦᠮ ᠦᠵᠡᠬᠦᠯᠬᠦ ᠲᠢᠩᠬᠢᠮ ᠤᠨ ᠲᠥᠷᠦᠯ ᠵᠦᠢᠯ᠄ ᠶᠡᠷᠦᠩᠬᠡᠢ ᠪᠡᠯᠡ ᠤᠷᠤᠭᠤᠯᠤᠯᠲᠠ ᠨᠢ 1320 ᠲᠥᠮᠡᠨ ᠲᠦᠬᠦᠷᠢᠭ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 3600 ᠲᠡᠭᠰᠢ ᠲᠦᠷᠪᠡᠯᠵᠢᠨ ᠮᠧᠲᠷ᠂ 2021 ᠣᠨ ᠳᠤ ᠪᠦᠳᠦᠭᠡᠨ ᠪᠠᠶᠢᠭᠤᠯᠵᠤ ᠲᠠᠭᠤᠰᠬᠠᠬᠤ ᠪᠠᠷ ᠲᠥᠰᠦᠪᠯᠡᠵᠦ ᠪᠠᠶᠢᠨ᠎ᠠ᠃      4. ᠬᠦᠪᠡᠭᠡᠲᠦ ᠰᠢᠷ᠎ᠠ ᠬᠤᠰᠢᠭᠤᠨ ᠤ ᠰᠢᠨᠡᠪᠤᠯᠠᠭ ᠪᠠᠯᠭᠠᠰᠤᠨ ᠤ ᠨᠡᠶᠢᠲᠡ ᠶᠢᠨ ᠰᠣᠶᠣᠯ ᠲᠠᠮᠢᠷ ᠤᠨ ᠬᠦᠳᠡᠯᠭᠡᠭᠡᠨ ᠤ ᠲᠥᠪ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠶᠡᠷᠦᠩᠬᠡᠢ ᠪᠡᠯᠡ ᠤᠷᠤᠭᠤᠯᠤᠯᠲᠠ ᠨᠢ 500 ᠲᠥᠮᠡᠨ ᠲᠦᠬᠦᠷᠢᠭ ᠪᠠᠶᠢᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 1925 ᠲᠡᠭᠰᠢ ᠲᠥᠷᠪᠡᠯᠵᠢᠨ ᠮᠧᠲᠷ᠃      5. ᠬᠦᠪᠡᠭᠡᠲᠦ ᠰᠢᠷ᠎ᠠ ᠬᠤᠰᠢᠭᠤᠨ ᠤ ᠤᠷᠤᠰᠢᠭᠤᠯᠭ᠎ᠠ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠲᠤᠰ ᠲᠥᠷᠦᠯ ᠵᠦᠢᠯ ᠨᠢ ᠪᠤᠭᠲᠠ ᠶᠢᠨ ᠭᠤᠣᠯ ᠰᠣᠮᠣᠨ ᠤ ᠪᠠᠶᠠᠨᠴᠠᠭᠠᠨ ᠭᠠᠴᠠᠭᠠᠨ ᠳᠤ ᠪᠠᠶᠢᠷᠢᠯᠠᠵᠤ᠂ ᠶᠡᠷᠦᠩᠬᠡᠢ ᠪᠡᠯᠡ ᠤᠷᠤᠭᠤᠯᠤᠯᠲᠠ ᠨᠢ 1000 ᠲᠥᠮᠡᠨ ᠲᠦᠬᠦᠷᠢᠭ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 2100 ᠲᠡᠭᠰᠢ ᠲᠥᠷᠪᠡᠯᠵᠢᠨ ᠮᠧᠲᠷ᠃      6. ᠬᠦᠪᠡᠭᠡᠲᠦ ᠰᠢᠷ᠎ᠠ ᠬᠤᠰᠢᠭᠤᠨ ᠤ ᠨᠡᠶᠢᠲᠡ ᠶᠢᠨ ᠠᠰᠠᠷᠠᠮᠵᠢᠲᠤ ᠨᠡᠶᠢᠲᠡ ᠶᠢᠨ ᠪᠤᠩᠬᠤᠨ ᠤ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠶᠡᠷᠦᠩᠬᠡᠢ ᠪᠡᠯᠡ ᠤᠷᠤᠭᠤᠯᠤᠯᠲᠠ ᠨᠢ 600 ᠲᠥᠮᠡᠨ ᠲᠦᠬᠦᠷᠢᠭ᠂ ᠪᠠᠷᠢᠯᠭ᠎ᠠ ᠶᠢᠨ ᠡᠵᠡᠯᠡᠬᠦ ᠲᠠᠯᠠᠪᠠᠢ ᠨᠢ 3000 ᠲᠡᠭᠰᠢ ᠲᠦᠷᠪᠡᠯᠵᠢᠨ ᠮᠧᠲᠷ ᠪᠤᠯᠤᠨ᠎ᠠ᠃ 2022 ᠣᠨ ᠳᠤ ᠪᠠᠷᠢᠯᠭ᠎ᠠ ᠲᠠᠭᠤᠰᠬᠠᠬᠤ ᠪᠠᠷ ᠲᠦᠰᠦᠪᠯᠡᠵᠦ ᠪᠠᠶᠢᠨ᠎ᠠ᠃      7. ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠳᠠᠪᠦᠷᠢᠲᠦ ᠡᠪᠡᠳᠴᠢᠨ ᠤ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ᠄ ᠪᠠᠷᠢᠯᠭ᠎ᠠ ᠶᠢᠨ ᠶᠡᠷᠦᠩᠬᠡᠢ ᠪᠡᠯᠡ ᠤᠷᠤᠭᠤᠯᠤᠯᠲᠠ ᠨᠢ 1160 ᠲᠥᠮᠡᠨ ᠲᠦᠬᠦᠷᠢᠭ᠂ 2021 ᠤᠨ ᠳᠤ ᠪᠦᠳᠦᠭᠡᠨ ᠪᠠᠶᠢᠭᠤᠯᠵᠤ ᠲᠠᠭᠤᠰᠬᠠᠬᠤ ᠪᠠᠷ ᠲᠦᠰᠦᠪᠯᠡᠵᠦ ᠪᠤᠢ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号