ᠨᠢᠭᠡ᠂ ᠵᠢᠯᠤᠭᠤᠳᠬᠤ ᠦᠵᠡᠯ ᠰᠠᠨᠠᠭ᠎ᠠ | ᠮᠠᠨ ᠤ ᠬᠤᠰᠢᠭᠤᠨ ᠤ ᠨᠡᠶᠢᠭᠡᠮ ᠤᠨ ᠢᠳᠡᠭᠡᠮᠵᠢ ᠶᠢᠨ ᠲᠤᠭᠲᠠᠯᠴᠠᠭᠠᠨ ᠤ ᠪᠠᠶᠢᠭᠤᠯᠤᠯᠲᠠ ᠶᠢ ᠲᠦᠷᠭᠡᠳᠭᠡᠨ᠂ | ᠦᠨᠡᠨᠴᠢ ᠢᠲᠡᠭᠡᠯ ᠢ ᠮᠠᠭᠲᠠᠨ ᠰᠠᠶᠢᠰᠢᠶᠠᠵᠤ᠂ ᠢᠳᠡᠭᠡᠯ ᠠᠯᠳᠠᠪᠠᠯ ᠰᠢᠢᠳᠭᠡᠨ ᠲᠤᠷᠭᠤᠬᠤ ᠪᠠᠷ ᠭᠤᠣᠯᠳᠠᠯᠭ᠎ᠠ ᠪᠤᠯᠭᠠᠵᠤ᠂ | ᠨᠡᠶᠢᠭᠡᠮ ᠤᠨ ᠢᠳᠡᠭᠡᠮᠵᠢ ᠶᠢᠨ ᠠᠵᠢᠯᠯᠠᠭ᠎ᠠ ᠶᠢ ᠵᠢᠯᠤᠭᠤᠳᠬᠤ ᠪᠠ ᠲᠥᠷᠢᠮᠵᠢᠬᠦᠯᠵᠦ᠂ ᠬᠤᠲᠠ ᠶᠢᠨ ᠢᠳᠡᠭᠡᠮᠵᠢ ᠶᠢᠨ | ᠬᠠᠮᠢᠶᠠᠷᠤᠯᠲᠠ ᠶᠢᠨ ᠬᠢᠷᠢ ᠲᠥᠪᠰᠢᠨ ᠢ ᠲᠡᠭᠡᠭᠰᠢᠯᠡᠬᠦᠯᠵᠦ᠂ ᠰᠠᠶᠢᠨ ᠰᠠᠶᠢᠬᠠᠨ ᠨᠡᠶᠢᠭᠡᠮ ᠤᠨ ᠢᠳᠡᠭᠡᠮᠵᠢ ᠶᠢᠨ ᠣᠷᠴᠢᠨ | ᠲᠤᠭᠤᠷᠢᠨ ᠢ ᠪᠤᠢ ᠪᠤᠯᠭᠠᠵᠤ᠂ ︽ᠦᠨᠡᠨᠴᠢ ᠢᠳᠡᠭᠡᠮᠵᠢᠲᠦ ᠲᠤᠮᠳᠠᠳᠤ ᠤᠯᠤᠰ ︵ᠥᠪᠦᠷ ᠮᠤᠩᠭᠤᠯ ᠤᠨ ᠰᠢᠯᠢ ᠶᠢᠨ ᠭᠤᠣᠯ︶ | ︾ ᠤᠨ ᠪᠠᠶᠢᠭᠤᠯᠤᠯᠲᠠ ᠶᠢ ᠬᠠᠮᠳᠤᠪᠡᠷ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠢ | ᠤᠯᠠᠮ ᠰᠢᠯᠢᠳᠡᠭᠵᠢᠬᠦᠯᠦᠨ᠂ ᠪᠦᠬᠦ ᠨᠡᠶᠢᠭᠡᠮ ᠤᠨ ᠢᠳᠡᠭᠡᠮᠵᠢ ᠶᠢᠨ ᠤᠬᠠᠮᠰᠠᠷ ᠢ ᠲᠡᠭᠡᠭᠰᠢᠯᠡᠬᠦᠯᠵᠦ᠂ ᠵᠠᠰᠠᠭ ᠤᠨ ᠶᠠᠪᠤᠳᠠᠯ ᠤᠨ | ᠦᠨᠡᠨᠴᠢ ᠢᠳᠡᠭᠡᠮᠵᠢ᠂ ᠠᠷᠠᠯᠵᠢᠶ᠎ᠠ ᠬᠤᠳᠠᠯᠳᠤᠭᠠᠨ ᠤ ᠦᠨᠡᠨᠴᠢ ᠢᠳᠡᠭᠡᠮᠵᠢ᠂ ᠨᠡᠶᠢᠭᠡᠮ ᠤᠨ ᠦᠨᠡᠨᠴᠢ ᠢᠳᠡᠭᠡᠮᠵᠢ ᠪᠠ ᠬᠠᠤᠯᠢ | ᠴᠠᠭᠠᠵᠠ ᠶᠢᠨ ᠦᠨᠡᠨᠴᠢ ᠢᠳᠡᠭᠡᠮᠵᠢ ᠶᠢ ᠦᠨᠡᠨᠬᠦ ᠪᠡᠶᠡᠯᠡᠬᠦᠯᠦᠨ᠎ᠡ᠃ | ᠬᠤᠶᠠᠷ᠂ ᠤᠬᠠᠭᠤᠯᠭ᠎ᠠ ᠶᠢᠨ ᠠᠭᠤᠯᠭ᠎ᠠ | ︵ᠨᠢᠭᠡ︶ ᠦᠨᠡᠨᠴᠢ ᠢᠳᠡᠭᠡᠮᠵᠢ ᠶᠢᠨ ᠠᠵᠢᠯᠯᠠᠭ᠎ᠠ ᠶᠢ ᠵᠡᠭᠡᠯᠢ ᠭᠤᠳᠤᠮᠵᠢ᠂ ᠨᠡᠶᠢᠭᠡᠮ ᠲᠤᠭᠤᠷᠢᠭ᠂ ᠠᠵᠤ | ᠠᠬᠤᠶᠢᠯᠠᠯ ᠳᠤ ᠬᠦᠷᠭᠡᠬᠦ ᠠᠵᠢᠯᠯᠠᠭ᠎ᠠ ᠥᠷᠨᠢᠬᠦᠯᠦᠨ᠎ᠡ᠃ ᠡᠯ᠎ᠡ ᠪᠠᠶᠢᠭᠤᠯᠭ᠎ᠠ ᠨᠢᠭᠡᠴᠡ ᠨᠢ ᠨᠡᠶᠢᠭᠡᠮ ᠲᠤᠭᠤᠷᠢᠭ ᠢ ᠵᠤᠬᠢᠶᠠᠨ | ᠪᠠᠶᠢᠭᠤᠯᠤᠨ ᠦᠨᠡᠨᠴᠢ ᠢᠳᠡᠭᠡᠮᠵᠢ ᠪᠠᠷ ᠭᠤᠣᠯ ᠰᠡᠳᠦᠪ ᠪᠤᠯᠭᠠᠭᠰᠠᠨ ᠤᠬᠠᠭᠤᠯᠭ᠎ᠠ ᠶᠢᠨ ᠲᠤᠰᠬᠠᠢ ᠳᠠᠪᠴᠠᠩ ᠭᠠᠷᠭᠠᠵᠤ᠂ | ᠨᠡᠶᠢᠳᠡᠯᠢᠭ ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠢ ᠰᠣᠩᠭᠤᠨ ᠵᠤᠬᠢᠶᠠᠨ ᠪᠠᠶᠢᠭᠤᠯᠵᠤ᠂ ︽ᠦᠨᠡᠨᠴᠢ ᠢᠳᠡᠭᠡᠮᠵᠢ ᠶᠢᠨ | ᠪᠠᠶᠢᠭᠤᠯᠤᠯᠲᠠ ᠨᠢ ᠣᠨ ᠴᠠᠭ ᠤᠨ ᠡᠯᠡᠯᠲᠡ ᠶᠢ ᠳᠠᠭᠠᠭᠠᠨ᠎ᠠ︾ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠵᠤᠬᠢᠶᠠᠨ | ᠪᠠᠶᠢᠭᠤᠯᠤᠨ᠎ᠠ᠃ ︽ᠦᠨᠡᠨᠴᠢ ᠢᠳᠡᠭᠡᠮᠵᠢᠲᠦ ᠵᠢᠱᠢᠶ᠎ᠡ ᠦᠵᠡᠬᠦᠯᠬᠦ ᠨᠡᠶᠢᠭᠡᠮ ᠲᠤᠭᠤᠷᠢᠭ︾ ᠢ ᠡᠬᠦᠳᠦᠨ ᠪᠦᠳᠦᠭᠡᠬᠦ | ᠠᠵᠢᠯᠯᠠᠭ᠎ᠠ ᠶᠢ ᠦᠷᠭᠡᠨ ᠢᠶᠠᠷ ᠥᠷᠨᠢᠬᠦᠯᠵᠦ᠂ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠨᠡᠶᠢᠲᠡ ᠶᠢᠨ ᠠᠰᠢᠭᠲᠤ ᠵᠠᠷ | ᠮᠡᠳᠡᠭᠡ ᠪᠠᠷ ᠳᠠᠮᠵᠢᠭᠤᠯᠤᠨ᠂ ᠣᠯᠠᠨ ᠶᠠᠩᠵᠤ ᠬᠡᠯᠪᠡᠷᠢ ᠪᠠᠷ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠦᠷ᠎ᠡ | ᠪᠦᠳᠦᠭᠡᠯ ᠢ ᠤᠬᠠᠭᠤᠯᠵᠤ᠂ ᠨᠡᠶᠢᠭᠡᠮ ᠤᠨ ᠢᠳᠡᠭᠡᠮᠵᠢ ᠶᠢᠨ ᠨᠡᠷ᠎ᠡ ᠶᠢᠨ ᠬᠠᠭᠤᠳᠠᠰᠤ ᠶᠢ ᠴᠤᠭᠴᠠᠯᠠᠨ᠎ᠠ᠃ | ︵ᠬᠤᠶᠠᠷ︶ ᠢᠳᠡᠭᠡᠮᠵᠢ ᠶᠢᠨ ᠬᠦᠮᠦᠵᠢᠯ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠠᠵᠢᠯᠯᠠᠭ᠎ᠠ ᠶᠢ | ᠥᠷᠨᠢᠬᠦᠯᠦᠨ᠎ᠡ᠃ ᠬᠤᠰᠢᠭᠤ ᠰᠤᠷᠭᠠᠨ ᠬᠦᠮᠦᠵᠢᠯ ᠤᠨ ᠲᠤᠪᠴᠢᠶ᠎ᠠ ᠨᠢ ᠰᠤᠷᠭᠠᠭᠤᠯᠢ ᠶᠢᠨ ᠬᠦᠷᠢᠶᠡᠨ ᠤ ᠬᠦᠮᠦᠵᠢᠯ ᠪᠠ | ᠦᠨᠡᠨᠴᠢ ᠢᠳᠡᠭᠡᠮᠵᠢ ᠶᠢᠨ ᠰᠤᠷᠭᠠᠨ ᠬᠦᠮᠦᠵᠢᠯ ᠪᠤᠯᠤᠨ ᠦᠨᠡᠨᠴᠢ ᠢᠳᠡᠭᠡᠮᠵᠢ ᠶᠢ ᠪᠠᠷᠢᠮᠳᠠᠯᠠᠬᠤ ᠰᠤᠷᠭᠠᠨ ᠬᠦᠮᠦᠵᠢᠯ ᠤᠨ | ᠠᠵᠢᠯ ᠢ ᠰᠠᠶᠢᠲᠤᠷ ᠠᠳᠬᠤᠵᠤ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠳᠤ ᠦᠨᠡᠨᠴᠢ ᠢᠳᠡᠭᠡᠮᠵᠢ ᠶᠢᠨ | ᠪᠠᠶᠢᠭᠤᠯᠤᠯᠲᠠ ᠶᠢᠨ ᠢᠯᠡ ᠨᠡᠶᠢᠳᠡᠯᠡᠬᠦ ᠲᠠᠪᠴᠠᠩ ᠭᠠᠷᠭᠠᠵᠤ᠂ ᠦᠨᠡᠨᠴᠢ ᠢᠳᠡᠭᠡᠮᠵᠢ ᠶᠢᠨ ᠪᠠᠶᠢᠭᠤᠯᠤᠯᠲᠠ ᠶᠢᠨ ᠬᠠᠮᠢᠶ᠎ᠠ | ᠪᠦᠬᠦᠢ ᠮᠡᠳᠡᠯᠭᠡ ᠶᠢ ᠰᠤᠷᠤᠭᠴᠢᠳ ᠲᠤ ᠲᠦᠭᠡᠮᠡᠯᠵᠢᠯᠡᠬᠦᠯᠦᠨᠡ᠃ ᠡᠯ᠎ᠡ ᠰᠤᠷᠭᠠᠭᠤᠯᠢ ᠶᠢ ᠡᠷᠬᠡᠪᠰᠢ ᠨᠢᠭᠡᠨ ᠤᠳᠠᠭᠠᠨ ᠤ | ᠦᠨᠡᠨᠴᠢ ᠢᠳᠡᠭᠡᠮᠵᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠲᠤᠰᠬᠠᠢ ᠰᠡᠳᠦᠪᠳᠦ ᠬᠦᠮᠦᠵᠢᠯ ᠰᠤᠷᠤᠯᠴᠠᠯᠭ᠎ᠠ ᠶᠢᠨ | ᠠᠵᠢᠯᠯᠠᠭ᠎ᠠ ᠵᠤᠬᠢᠶᠠᠨ ᠪᠠᠶᠢᠭᠤᠯᠬᠤ ᠬᠡᠷᠡᠭᠳᠡᠢ ᠭᠡᠵᠦ ᠱᠠᠭᠠᠷᠳᠠᠨ᠎ᠠ᠃ | ︵ᠭᠤᠷᠪᠠ︶ ᠴᠢᠨᠠᠷ ᠴᠢᠨᠰᠠᠭ᠎ᠠ ᠶᠢᠨ ᠭᠠᠷᠠᠭ ᠵᠡᠷᠭᠡ ᠬᠤᠯᠪᠤᠭᠳᠠᠯ ᠪᠦᠬᠦᠢ ᠭᠤᠣᠯ ᠰᠡᠳᠦᠪ ᠲᠠᠢ ᠤᠶᠠᠯᠳᠤᠭᠤᠯᠤᠨ | ᠢᠳᠡᠭᠡᠮᠵᠢ ᠶᠢᠨ ᠠᠮᠠᠯᠳᠤᠯᠭᠠ ᠶᠢᠨ ᠠᠵᠢᠯᠯᠠᠭ᠎ᠠ ᠶᠢ ᠥᠷᠨᠢᠬᠦᠯᠦᠨ᠎ᠡ᠃ ︽ᠵᠠᠰᠠᠭ ᠤᠨ ᠶᠠᠪᠤᠳᠠᠯ ᠤᠨ ᠦᠨᠡᠨᠴᠢ ᠢᠳᠡᠭᠡᠮᠵᠢ︾᠂ | ︽ᠠᠷᠠᠯᠵᠢᠶ᠎ᠠ ᠬᠤᠳᠠᠯᠳᠤᠭᠠᠨ ᠤ ᠦᠨᠡᠨᠴᠢ ᠢᠳᠡᠭᠡᠮᠵᠢ︾᠂ ︽ᠨᠡᠶᠢᠭᠡᠮ ᠤᠨ ᠦᠨᠡᠨᠴᠢ ᠢᠳᠡᠭᠡᠮᠵᠢ︾᠂ ︽ᠬᠠᠤᠯᠢ | ᠴᠠᠭᠠᠵᠠ ᠶᠢᠨ ᠨᠡᠶᠢᠲᠡ ᠶᠢᠨ ᠢᠳᠡᠭᠡᠮᠵᠢ︾᠂ ︽ᠭᠡᠷ᠎ᠡ ᠶᠤᠰᠤᠭᠠᠷ ᠢᠳᠡᠭᠡᠯ ᠢ ᠲᠡᠭᠡᠳᠦᠯᠡᠬᠦ︾᠂ ︽ᠬᠠᠤᠯᠢ ᠶᠤᠰᠤᠭᠠᠷ ᠦᠨᠡᠨᠴᠢ | ᠢᠳᠡᠭᠡᠮᠵᠢᠲᠡᠢ ᠭᠠᠶᠢᠯᠢ ᠲᠠᠳᠠᠪᠦᠷᠢᠯᠠᠬᠤ︾᠂ ︽ᠦᠨᠡᠨᠴᠢ ᠢᠳᠡᠭᠡᠮᠵᠢᠲᠦ ᠠᠵᠤ ᠠᠬᠤᠶᠢᠯᠠᠯ ᠢ ᠦᠨᠡᠯᠡᠨ ᠰᠣᠩᠭᠤᠬᠤ︾᠂ ︽ | ᠦᠨᠡᠨᠴᠢ ᠢᠳᠡᠭᠡᠮᠵᠢᠲᠦ ᠵᠢᠱᠢᠶ᠎ᠡ ᠦᠵᠡᠬᠦᠯᠬᠦ ᠴᠤᠩᠬᠤ︾᠂ ︽ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ | ᠲᠥᠪᠰᠢᠨ ᠤ ᠵᠢᠱᠢᠶ᠎ᠡ ᠦᠵᠡᠬᠦᠯᠬᠦ ᠳᠡᠯᠭᠡᠬᠦᠷ︾᠂ ︽ᠦᠬᠠᠴᠢ ᠢᠳᠡᠭᠡᠮᠵᠢᠲᠦ ᠵᠢᠱᠢᠶ᠎ᠡ ᠦᠵᠡᠬᠦᠯᠬᠦ ᠵᠡᠭᠡᠯᠢ ᠲᠤᠭᠤᠷᠢᠭ︾ | ᠵᠡᠷᠭᠡ ᠢᠳᠡᠭᠡᠮᠵᠢ ᠶᠢᠨ ᠠᠮᠠᠯᠳᠤᠯᠭᠠ ᠶᠢᠨ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠤᠨ ᠥᠷᠨᠢᠬᠦᠯᠦᠨ᠎ᠡ᠃ | ᠢᠳᠡᠭᠡᠮᠵᠢ ᠶᠢᠨ ᠠᠮᠠᠯᠳᠤᠯᠭᠠ ᠶᠢᠨ ᠠᠵᠢᠯᠯᠠᠭ᠎ᠠ ᠶᠢᠨ ᠠᠵᠢᠯ ᠤᠨ ᠲᠤᠭᠲᠠᠯᠴᠠᠭ᠎ᠠ ᠶᠢ ᠪᠦᠷᠢᠯᠳᠦᠬᠦᠯᠵᠦ᠂ ᠡᠯ᠎ᠡ ᠬᠦᠷᠢᠶ᠎ᠡ ᠴᠡᠷ᠎ᠡ | ᠪᠠ ᠡᠯ᠎ᠡ ᠠᠵᠤ ᠠᠬᠤᠶᠢᠯᠠᠯ ᠤᠨ ᠢᠳᠡᠭᠡᠮᠵᠢ ᠶᠢᠨ ᠠᠮᠠᠯᠳᠤᠯᠭᠠ ᠬᠢᠬᠦ ᠪᠠ ᠢᠳᠡᠭᠡᠮᠵᠢ ᠶᠢᠨ ᠵᠠᠰᠠᠨ ᠵᠠᠯᠠᠷᠠᠭᠤᠯᠬᠤ ᠴᠢᠨᠠᠷᠲᠠᠢ | ᠠᠮᠠᠯᠳᠤᠯᠭᠠ ᠬᠢᠬᠦ ᠶᠢ ᠵᠣᠷᠢᠭᠵᠢᠭᠤᠯᠤᠨ᠎ᠠ᠃ | ︵ᠲᠥᠷᠪᠡ︶ ︽ᠦᠨᠡᠨᠴᠢ ᠢᠳᠡᠭᠡᠮᠵᠢ ᠶᠢᠨ ᠪᠠᠶᠢᠭᠤᠯᠤᠯᠲᠠ ᠨᠢ ᠣᠨ ᠴᠠᠭ ᠤᠨ ᠡᠯᠡᠯᠲᠡ ᠶᠢ ᠲᠠᠭᠠᠭᠠᠵᠣ᠂ | ᠢᠳᠡᠭᠡᠯ ᠢ ᠪᠠᠷᠢᠮᠳᠠᠯᠠᠬᠤ ᠬᠦᠷᠲᠡᠮᠵᠢ ᠶᠢᠨ ᠲᠥᠷᠦᠭᠳᠡᠯ ᠢ ᠨᠢ ᠨᠡᠮᠡᠭᠳᠡᠬᠦᠯᠬᠦ︾ ᠠᠵᠢᠯᠯᠠᠭ᠎ᠠ ᠶᠢ ᠵᠤᠬᠢᠶᠠᠨ ᠪᠠᠶᠢᠭᠤᠯᠤᠨ | ᠥᠷᠨᠢᠬᠦᠯᠦᠨ᠎ᠡ᠃ ᠡᠯ᠎ᠡ ᠪᠠᠶᠢᠭᠤᠯᠭ᠎ᠠ ᠨᠢᠭᠡᠴᠡ ᠠᠴᠠ ᠭᠤᠣᠯ ᠰᠡᠳᠦᠪᠳᠦ ᠤᠬᠠᠭᠤᠯᠭ᠎ᠠ ᠪᠠ ᠢᠳᠡᠭᠡᠮᠵᠢ ᠶᠢᠨ | ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠨᠢᠭᠲᠠ ᠤᠶᠠᠯᠳᠤᠭᠤᠯᠤᠨ᠂ ᠲᠤᠷᠰᠢᠯᠠᠭ᠎ᠠ ᠠᠷᠭ᠎ᠠ ᠠᠪᠴᠠᠯ ᠪᠠ ᠰᠢᠨ᠎ᠡ | ᠬᠢᠯᠡᠰ ᠴᠢᠭ ᠢ ᠡᠮᠬᠢᠯᠡᠨ ᠲᠢᠭᠯᠡᠵᠦ᠂ ᠢᠳᠡᠭᠡᠯ ᠢ ᠪᠠᠷᠢᠮᠲᠠᠯᠠᠬᠤ ᠪᠠ ᠢᠳᠡᠭᠡᠯ ᠠᠯᠳᠠᠬᠤ ᠵᠥᠪ ᠪᠣᠷᠤᠭ ᠲᠠᠯ᠎ᠠ ᠶᠢᠨ ᠨᠡᠶᠢᠲᠡᠯᠢᠭ | ᠵᠢᠱᠢᠶ᠎ᠡ ᠶᠢ ᠠᠭᠤᠳᠠᠯᠠᠨ ᠭᠠᠷᠭᠠᠨ᠎ᠠ᠃ ᠨᠢᠭᠡ ᠳᠤ ᠦᠨᠡᠨᠴᠢ ᠢᠳᠡᠭᠡᠮᠵᠢ ᠶᠢᠨ ᠵᠢᠱᠢᠶ᠎ᠡ ᠶᠢ ᠪᠣᠢ ᠪᠣᠯᠭᠠᠵᠤ᠂ ᠦᠨᠡᠨᠴᠢ | ᠢᠳᠡᠭᠡᠮᠵᠢᠲᠦ ᠢᠳᠡᠭᠡᠯ ᠢ ᠪᠠᠷᠢᠮᠳᠠᠯᠠᠭᠰᠠᠨ ᠭᠤᠣᠯ ᠴᠤᠭᠴᠠ ᠶᠢᠨ ᠰᠡᠳᠬᠢᠯ ᠲᠤᠭᠳᠤᠯᠭᠠᠮᠠ ᠬᠡᠷᠡᠭ ᠤᠴᠢᠷ ᠪᠠ ᠰᠢᠨ᠎ᠡ | ᠰᠡᠪᠡᠬᠦᠨ ᠬᠡᠷᠡᠭ ᠤᠨ ᠵᠢᠱᠢᠶ᠎ᠡ ᠶᠢ ᠬᠦ᠋ᠶᠢᠴᠡᠳ ᠠᠭᠤᠳᠠᠯᠠᠵᠤ᠂ ᠦᠨᠡᠨᠴᠢ ᠢᠳᠡᠭᠡᠮᠵᠢ ᠶᠢᠨ ᠦᠷᠡᠳᠡᠭ ᠤᠨ ᠰᠣᠶᠣᠯ ᠢ | ᠣᠯᠠᠮᠵᠢᠯᠠᠨ ᠪᠠᠳᠠᠷᠠᠭᠤᠯᠤᠨ᠎ᠠ᠃ ᠬᠤᠶᠠᠷ ᠲᠤ ᠢᠳᠡᠭᠡᠯ ᠠᠯᠳᠠᠭᠰᠠᠨ ᠵᠢᠱᠢᠶ᠎ᠡ ᠶᠢ ᠣᠯᠠᠨ ᠳᠤ ᠨᠡᠶᠢᠲᠡᠯᠡᠨ᠂ ᠴᠠᠬᠢᠯᠭᠠᠨ | ᠬᠤᠯᠪᠤᠭᠠᠨ ᠤ ᠮᠡᠭᠡᠯᠡᠯ᠂ ᠬᠤᠳᠠᠯ ᠬᠠᠭᠤᠷᠮᠠᠭ ᠮᠡᠳᠡᠭᠡ ᠵᠠᠩᠭᠢ᠂ ᠡᠷᠬᠡᠨ ᠳᠤ ᠬᠠᠯᠳᠠᠨ ᠬᠤᠳᠠᠯ ᠢᠶᠠᠷ ᠵᠤᠬᠢᠶᠠᠬᠤ᠂ ᠬᠠᠤᠯᠢ | ᠪᠤᠰᠤ ᠪᠠᠷ ᠪᠡᠯᠡ ᠴᠤᠭᠯᠠᠭᠤᠯᠬᠤ᠂ ᠥᠷᠢ ᠥᠭᠴᠡᠭᠡ ᠠᠴᠠ ᠲᠤᠭᠲᠠᠭᠠᠬᠤ ᠵᠡᠷᠭᠡ ᠠᠷᠠᠳ ᠣᠯᠠᠨ ᠤ ᠴᠢᠩᠭ᠎ᠠ ᠲᠤᠰᠬᠠᠭᠰᠠᠨ | ᠬᠦᠨᠳᠦ ᠨᠤᠴᠢᠲᠠᠢ ᠢᠳᠡᠭᠡᠯ ᠠᠯᠳᠠᠭᠰᠠᠨ ᠠᠰᠠᠭᠤᠳᠠᠯ ᠳᠤ ᠬᠠᠨᠳᠤᠭᠤᠯᠤᠨ᠎ᠠ᠃ ᠭᠤᠷᠪᠠ ᠳᠤ ᠲᠤᠷᠰᠢᠯᠠᠭ᠎ᠠ ᠠᠷᠭ᠎ᠠ ᠠᠪᠴᠠᠯ | ᠪᠠ ᠰᠢᠨ᠎ᠡ ᠬᠢᠯᠡᠰ ᠴᠢᠭ ᠢ ᠡᠮᠬᠢᠯᠡᠨ ᠲᠢᠭᠯᠡᠵᠦ᠂ ᠢᠳᠡᠭᠡᠮᠵᠢ ᠶᠢᠨ ᠰᠤᠷᠠᠭ ᠵᠠᠩᠭᠢ ᠶᠢᠨ ᠬᠠᠮᠳᠤᠪᠡᠷ ᠡᠳ᠋ᠯᠡᠬᠦ ᠶᠢᠳᠡᠭᠡᠮᠵᠢ ᠶᠢᠨ | ᠬᠤᠯᠪᠤᠭᠠᠯᠠᠨ ᠵᠤᠷᠢᠭᠵᠢᠭᠤᠯᠵᠤ ᠰᠢᠢᠳᠭᠡᠨ ᠲᠤᠷᠭᠤᠬᠤ᠂ ᠢᠳᠡᠭᠡᠮᠵᠢ ᠶᠢᠨ ᠪᠦᠳᠦᠭᠡᠭᠳᠡᠬᠦᠨ ᠪᠠ ᠦᠢᠯᠡᠴᠢᠯᠡᠭᠡᠨ ᠤ ᠰᠢᠨ᠎ᠡ ᠶᠢ | ᠡᠬᠦᠳᠬᠦ ᠬᠡᠷᠡᠭᠯᠡᠯᠲᠡ ᠵᠡᠷᠭᠡ ᠢᠳᠡᠭᠡᠮᠵᠢ ᠶᠢᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ᠃ | ᠲᠥᠷᠪᠡ ᠳᠤ ︽ᠢᠨ᠋ᠲ᠋ᠧᠷ ᠰᠦᠯᠵᠢᠶ᠎ᠡ + ᠠᠷᠠᠳ ᠤᠨ ᠠᠮᠢᠳᠤᠷᠠᠯ + ᠢᠳᠡᠭᠡᠮᠵᠢ︾ ᠠᠵᠢᠯᠯᠠᠭ᠎ᠠ ᠶᠢ ᠥᠷᠨᠢᠬᠦᠯᠵᠦ᠂ ᠰᠤᠷᠭᠠᠨ | ᠬᠦᠮᠦᠵᠢᠯ᠂ ᠡᠮᠴᠢᠯᠡᠭᠡ᠂ ᠨᠠᠰᠤᠳᠠᠨ ᠤ ᠠᠰᠠᠷᠠᠮᠵᠢ᠂ ᠭᠡᠷ ᠠᠬᠤᠢ᠂ ᠢᠳᠡᠭᠡᠨ᠂ ᠬᠤᠭᠤᠯᠠ ᠤᠮᠳᠠ᠂ ᠭᠡᠷ ᠬᠦᠷᠦᠩᠭᠡ᠂ ᠬᠦᠳᠡᠯᠮᠦᠷᠢ | ᠬᠦᠮᠦᠨ ᠬᠡᠷᠡᠭᠯᠡᠬᠦ᠂ ᠵᠢᠭᠤᠯᠴᠢᠯᠠᠯ ᠵᠡᠷᠭᠡ ᠬᠦᠷᠢᠶ᠎ᠡ ᠬᠡᠪᠴᠢᠶᠡᠨ ᠳᠤ ︽ᠢᠨ᠋ᠲ᠋ᠧᠷ ᠰᠦᠯᠵᠢᠶ᠎ᠡ + ᠠᠷᠠᠳ ᠤᠨ ᠠᠮᠢᠳᠤᠷᠠᠯ + | ᠢᠳᠡᠭᠡᠮᠵᠢ︾ ᠤᠨ ᠰᠦᠪᠡᠭᠴᠢᠯᠡᠯᠲᠡ ᠶᠢ ᠦᠷᠭᠡᠨ ᠢᠶᠠᠷ ᠥᠷᠨᠢᠬᠦᠯᠵᠦ᠂ ᠦᠨᠡᠨᠴᠢ ᠢᠳᠡᠭᠡᠮᠵᠢᠲᠦ ᠢᠳᠡᠭᠡᠯ ᠢ ᠪᠠᠷᠢᠮᠳᠠᠯᠠᠳᠠᠭ | ᠠᠵᠤ ᠠᠬᠤᠶᠢᠯᠠᠯ ᠪᠠ ᠬᠤᠪᠢ ᠬᠦᠮᠦᠨ ᠳᠤ ᠣᠯᠠᠨ ᠲᠠᠯ᠎ᠠ ᠠᠴᠠ ᠠᠰᠢᠭ ᠲᠤᠰᠠ ᠪᠠ ᠳᠥᠬᠦᠮ ᠲᠦᠲᠡ ᠬᠠᠩᠭᠠᠬᠤ ᠶᠢ | ᠪᠠᠳᠤᠯᠠᠨ᠎ᠠ᠃ | ︵ᠲᠠᠪᠤ︶ ᠣᠯᠠᠨ ᠲᠥᠮᠡᠨᠴᠢ ᠴᠢᠨᠠᠷᠲᠠᠢ ᠰᠤᠶᠤᠯ ᠤᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠥᠷᠨᠢᠬᠦᠯᠦᠨ᠎ᠡ᠃ | ᠢᠳᠡᠭᠡᠮᠵᠢ ᠶᠢᠨ ᠬᠦᠮᠦᠵᠢᠯ ᠢᠶᠠᠷ ᠭᠤᠣᠯ ᠰᠡᠳᠦᠪ ᠪᠤᠯᠭᠠᠭᠰᠠᠨ ᠣᠯᠠᠨ ᠲᠥᠮᠡᠨᠴᠢ ᠴᠢᠨᠠᠷᠲᠠᠢ ᠰᠤᠶᠤᠯ ᠤᠨ ᠤᠬᠠᠭᠤᠯᠭ᠎ᠠ | ᠬᠦᠮᠦᠵᠢᠯ ᠤᠨ ᠠᠵᠢᠯᠯᠠᠭ᠎ᠠ ᠶᠢ ᠶᠡᠬᠡᠪᠡᠷ ᠵᠤᠬᠢᠶᠠᠨ ᠪᠠᠶᠢᠭᠤᠯᠤᠨ᠎ᠠ᠃ ︽3᠂15 ᠤ ᠬᠡᠷᠡᠭᠯᠡᠭᠴᠢᠳ ᠤᠨ ᠡᠷᠬᠡ ᠠᠰᠢᠭ ᠤᠨ | ᠡᠳᠦᠷ︾᠂ ︽ᠦᠨᠡᠨᠴᠢ ᠢᠳᠡᠭᠡᠮᠵᠢ ᠪᠠᠷ ᠬᠤᠳᠠᠯᠳᠤᠭ᠎ᠠ ᠶᠢ ᠲᠡᠭᠵᠢᠷᠡᠬᠦᠯᠬᠦ ᠤᠬᠠᠭᠤᠯᠭ᠎ᠠ ᠶᠢᠨ ᠰᠠᠷ᠎ᠠ︾᠂ ︽ᠪᠦᠬᠦ | ᠬᠤᠰᠢᠭᠤᠨ ᠤ ᠴᠢᠨᠠᠷ ᠴᠢᠨᠰᠠᠭ᠎ᠠ ᠶᠢᠨ ᠰᠠᠷ᠎ᠠ︾᠂ ︽ᠢᠳᠡᠭᠡᠨ ᠤ ᠠᠮᠤᠷ ᠲᠥᠪᠰᠢᠨ ᠤ ᠤᠬᠠᠭᠤᠯᠭ᠎ᠠ ᠶᠢᠨ ᠭᠠᠷᠠᠭ︾᠂ ︽6. | 14 ᠢᠳᠡᠭᠡᠮᠵᠢ ᠶᠢᠨ ᠳᠡᠮᠳᠡᠭᠯᠡᠯ ᠢ ᠬᠠᠯᠠᠮᠵᠢᠯᠠᠬᠤ ᠡᠳᠦᠷ︾᠂ ︽ᠦᠨᠡᠨᠴᠢ ᠢᠳᠡᠭᠡᠮᠵᠢᠲᠦ ᠬᠠᠪᠤᠷ ᠤᠨ ᠵᠦᠭᠡᠭᠡᠪᠦᠷᠢ︾᠂ ︽ | ᠢᠳᠡᠭᠡᠮᠵᠢᠲᠦ ᠵᠠᠮ ᠬᠠᠷᠢᠯᠴᠠᠭᠠᠨ ᠤ ᠤᠬᠠᠭᠤᠯᠭ᠎ᠠ ᠶᠢᠨ ᠭᠠᠷᠠᠭ︾᠂ ︽ᠠᠮᠤᠷ ᠲᠥᠪᠰᠢᠨ ᠦᠢᠯᠡᠳᠪᠦᠷᠢᠯᠡᠯ ᠤᠨ ᠰᠠᠷ᠎ᠠ︾ | ᠵᠡᠷᠭᠡ ᠴᠢᠬᠤᠯᠠ ᠪᠦᠬᠦᠢ ᠴᠠᠭ ᠬᠤᠭᠤᠴᠠᠭ᠎ᠠ ᠶᠢ ᠲᠤᠬᠢᠶᠠᠯᠳᠤᠭᠤᠯᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠬᠦᠯᠦᠨ᠎ᠡ᠃ | ᠭᠤᠷᠪᠠ᠂ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠢᠷᠠᠭᠤᠯᠤᠯᠲᠠ ᠪᠠ ᠱᠠᠭᠠᠷᠳᠠᠯᠭ᠎ᠠ | ᠬᠦᠳᠡᠯᠭᠡᠭᠡᠨ ᠤ ᠴᠠᠭ᠄ 2021 ᠣᠨ ᠤ 5 ᠰᠠᠷ᠎ᠠ ᠶᠢᠨ 6 ᠤ ᠡᠳᠦᠷ ᠠᠴᠠ 2022 ᠣᠨ ᠤ 2 ᠰᠠᠷ᠎ᠠ ᠶᠢᠨ | 29 ᠤ ᠡᠳᠦᠷ ᠬᠦᠷᠲᠡᠯ᠎ᠡ | ᠬᠦᠳᠡᠯᠭᠡᠭᠡᠨ ᠤ ᠭᠤᠣᠯ ᠰᠡᠳᠦᠪ᠄ ︽ᠦᠨᠡᠨᠴᠢ ᠢᠳᠡᠭᠡᠮᠵᠢ︾ ᠪᠠᠷ ᠭᠤᠣᠯ ᠰᠡᠳᠦᠪ ᠪᠣᠯᠭᠠᠨ᠂ ᠤᠬᠠᠭᠤᠯᠭ᠎ᠠ ᠶᠢᠨ | ᠭᠤᠣᠯ ᠠᠭᠤᠯᠭ᠎ᠠ ᠶᠢ ᠦᠨᠳᠦᠰᠦᠯᠡᠵᠦ᠂ ᠲᠤᠰ ᠪᠠᠶᠢᠭᠤᠯᠭ᠎ᠠ ᠨᠢᠭᠡᠴᠡ ᠶᠢᠨ ᠬᠠᠮᠢᠶ᠎ᠠ ᠪᠦᠬᠦᠢ ᠠᠭᠤᠯᠭ᠎ᠠ ᠶᠢ ᠰᠣᠩᠭᠤᠨ | ᠲᠤᠭᠲᠠᠭᠠᠵᠤ ᠥᠷᠨᠢᠬᠦᠯᠦᠨ᠎ᠡ᠃ | ᠬᠦᠳᠡᠯᠭᠡᠭᠡᠨ ᠤ ᠱᠠᠭᠠᠷᠳᠠᠯᠭ᠎ᠠ᠄ ᠡᠯ᠎ᠡ ᠪᠠᠶᠢᠭᠤᠯᠭ᠎ᠠ ᠨᠢᠭᠡᠴᠡ ᠨᠢ ᠤᠬᠠᠭᠤᠯᠭ᠎ᠠ ᠶᠢᠨ ᠠᠵᠢᠯᠯᠠᠭ᠎ᠠ ᠶᠢᠨ ᠮᠡᠳᠡᠭᠡ ᠵᠠᠩᠭᠢ ᠶᠢ | ᠲᠤᠰ ᠪᠠᠶᠢᠭᠤᠯᠭ᠎ᠠ ᠨᠢᠭᠡᠴᠡ ᠶᠢᠨ ᠣᠯᠠᠨ ᠨᠡᠶᠢᠲᠡ ᠶᠢᠨ ᠲᠠᠪᠴᠠᠩ ᠪᠤᠶᠤ ᠰᠣᠨᠢᠨ ᠮᠡᠳᠡᠭᠡ ᠵᠠᠭᠤᠴᠢᠯᠠᠭᠤᠷ ᠤᠨ ᠲᠠᠪᠴᠠᠩ | ᠲᠡᠭᠡᠷ᠎ᠡ ᠨᠡᠶᠢᠲᠡᠯᠡᠨ᠎ᠡ᠃ 2. ᠡᠯ᠎ᠡ ᠪᠠᠶᠢᠭᠤᠯᠭ᠎ᠠ ᠨᠢᠭᠡᠴᠡ ᠨᠢ ᠠᠵᠢᠯᠯᠠᠭ᠎ᠠ ᠢᠶᠠᠨ ᠥᠷᠨᠢᠬᠦᠯᠵᠦ ᠲᠠᠭᠤᠰᠤᠭᠰᠠᠨ ᠤ 3 | ᠡᠳᠦᠷ ᠤᠨ ᠲᠤᠳᠤᠷ᠎ᠠ ᠠᠵᠢᠯᠯᠠᠭ᠎ᠠ ᠶᠢᠨ ᠲᠥᠰᠦᠯ ᠵᠢᠴᠢ ᠮᠡᠳᠡᠭᠡ ᠵᠠᠩᠭᠢ ᠪᠠ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠤᠰᠢᠭᠤ | ᠬᠦᠭᠵᠢᠬᠦᠯᠦᠯᠲᠡ ᠦᠭᠡᠷᠡᠴᠢᠯᠡᠯᠲᠡ ᠶᠢᠨ ᠵᠥᠪᠯᠡᠯ ᠳᠤ ᠲᠤᠰᠢᠶᠠᠨ᠎ᠠ᠃ | |