︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ︾᠂ ︽ᠪᠦᠬᠦ | ᠤᠯᠤᠰ ᠤᠨ ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠵᠤᠷᠪᠤᠰ︾ ᠢ ᠦᠨᠳᠦᠰᠦᠯᠡᠵᠦ᠂ ᠮᠠᠨ ᠤ ᠤᠯᠤᠰ ᠨᠢ 2020 | ᠣᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ ᠲᠤᠯᠤᠳᠤᠭᠠᠷ ᠤᠳᠠᠭᠠᠨ ᠤ ᠪᠦᠬᠦ ᠤᠯᠤᠰ ᠤᠨ | ᠬᠦᠮᠦᠨ ᠠᠮᠠ ᠶᠢᠨ ᠨᠡᠶᠢᠲᠡᠮ ᠪᠠᠶᠢᠴᠠᠭᠠᠯᠲᠠ ᠶᠢ ᠡᠬᠢᠯᠡᠬᠦᠯᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠤᠯᠭ᠎ᠠ ᠪᠠ ᠰᠢᠯᠢ ᠶᠢᠨ ᠭᠤᠣᠯ ᠠᠶᠢᠮᠠᠭ ᠤᠨ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ | ᠪᠠᠶᠢᠴᠠᠭᠠᠯᠲᠠ ᠶᠢᠨ ᠤᠳᠤᠷᠢᠳᠬᠤ ᠲᠤᠭᠤᠶᠢᠯᠠᠩ ᠵᠢᠴᠢ ᠠᠯᠪᠠᠨ ᠭᠡᠷ ᠤᠨ ᠵᠢᠯᠤᠭᠤᠳᠤᠯᠭ᠎ᠠ ᠲᠤᠤᠷ᠎ᠠ᠂ ᠡᠯ᠎ᠡ ᠰᠠᠯᠠᠭ᠎ᠠ | ᠮᠦᠴᠢᠷ ᠤᠨ ᠲᠡᠮᠵᠢᠯᠭᠡ ᠪᠠ ᠪᠦᠬᠦ ᠬᠤᠰᠢᠭᠤᠨ ᠤ ᠡᠯ᠎ᠡ ᠱᠠᠳᠣᠨ ᠤ ᠪᠦᠷᠢᠳᠭᠡᠨ ᠪᠠᠶᠢᠴᠠᠭᠠᠬᠤ ᠪᠠᠶᠢᠭᠤᠯᠤᠮᠵᠢ ᠪᠠ | ᠪᠦᠬᠦᠶᠢᠯᠡ ᠪᠦᠷᠢᠳᠭᠡᠨ ᠪᠠᠶᠢᠴᠠᠭᠠᠬᠤ ᠠᠵᠢᠯᠲᠠᠳ ᠤᠨ ᠬᠠᠳᠠᠭᠤᠵᠢᠯᠲᠠᠢ ᠴᠢᠷᠮᠠᠶᠢᠯᠭ᠎ᠠ᠂ ᠦᠷᠭᠡᠨ ᠣᠯᠠᠨ ᠲᠥᠮᠡᠨ ᠤ | ᠢᠳᠡᠪᠬᠢᠳᠡᠢ ᠤᠷᠤᠯᠴᠠᠯᠭ᠎ᠠ ᠪᠠ ᠲᠡᠮᠵᠢᠯᠭᠡ ᠪᠠᠷ᠂ ᠮᠠᠨ ᠤᠨ ᠬᠤᠰᠢᠭᠤᠨ ᠤ ᠲᠤᠯᠤᠳᠤᠭᠠᠷ ᠤᠳᠠᠭᠠᠨ ᠤ ᠪᠦᠬᠦ ᠤᠯᠤᠰ ᠤᠨ | ᠬᠦᠮᠦᠨ ᠠᠮᠠ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠤᠷ ᠲᠤ ᠲᠠᠩᠰᠠᠯᠠᠨ ᠲᠡᠮᠳᠡᠭᠯᠡᠬᠦ ᠪᠠ ᠭᠤᠣᠯ ᠪᠤᠯᠠᠬᠤ ᠲᠤᠭ᠎ᠠ | ᠪᠠᠷᠢᠮᠲᠠ ᠶᠢ ᠬᠤᠷᠢᠶᠠᠩᠭᠤᠶᠢᠯᠠᠬᠤ ᠠᠵᠢᠯ ᠠᠮᠵᠢᠯᠲᠠᠢ ᠥᠨᠳᠦᠷᠯᠡᠵᠡᠢ᠃ ᠮᠠᠨ ᠤ ᠬᠤᠰᠢᠭᠤᠨ ᠤ ᠲᠤᠯᠤᠳᠤᠭᠠᠷ ᠤᠳᠠᠭᠠᠨ ᠤ | ᠪᠦᠬᠦ ᠤᠯᠤᠰ ᠤᠨ ᠬᠦᠮᠦᠨ ᠠᠮᠠ ᠶᠢᠨ ᠪᠠᠶᠢᠴᠠᠭᠠᠯᠲᠠ ᠶᠢᠨ ᠭᠤᠣᠯ ᠪᠣᠯᠬᠤ ᠲᠤᠭ᠎ᠠ ᠪᠠᠷᠢᠮᠲᠠ ᠲᠤᠤᠷᠠᠬᠢ ᠮᠡᠲᠦ᠄ | ᠨᠢᠭᠡ᠂ ᠪᠠᠶᠢᠩᠭᠤ ᠰᠠᠭᠤᠭ᠎ᠠ ᠬᠦᠮᠦᠨ ᠠᠮᠠ ᠶᠢᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ 27399 ᠪᠠᠶᠢᠵᠤ᠂ 2010 ᠣᠨ ᠤ ᠬᠢ ᠲᠠᠢ | ᠬᠠᠷᠢᠴᠠᠭᠤᠯᠪᠠᠯ 1051 ᠬᠦᠮᠦᠨ ᠪᠠᠭᠠᠰᠴᠤ᠂ 3.69% ᠪᠠᠷ ᠪᠠᠭᠤᠷᠠᠪᠠ᠃ | ᠬᠤᠶᠠᠷ᠂ ᠡᠷᠦᠬᠡ ᠠᠮᠠ ᠶᠢᠨ ᠪᠠᠶᠢᠳᠠᠯ | ᠪᠦᠬᠦ ᠬᠤᠰᠢᠭᠤᠨ ᠳᠤ ᠨᠡᠶᠢᠲᠡ 11668 ᠡᠷᠦᠬᠡ ᠪᠠᠶᠢᠵᠤ᠂ ᠡᠷᠦᠬᠡ ᠠᠮᠠ ᠶᠢᠨ ᠬᠦᠮᠦᠨ ᠠᠮᠠ ᠶᠢᠨ ᠲᠤᠭ᠎ᠠ | 25294 ᠪᠣᠢ᠃ ᠬᠠᠮᠲᠤ ᠶᠢᠨ ᠡᠷᠦᠬᠡ 482 ᠪᠠᠶᠢᠵᠤ᠂ ᠬᠠᠮᠲᠤ ᠶᠢᠨ ᠡᠷᠦᠬᠡ ᠶᠢᠨ ᠬᠦᠮᠦᠨ ᠠᠮᠠ ᠶᠢᠨ ᠲᠤᠭ᠎ᠠ 2105 | ᠪᠠᠶᠢᠨ᠎ᠠ᠃ ᠲᠤᠮᠳᠠᠴᠢ ᠡᠷᠦᠬᠡ ᠠᠮᠠ ᠶᠢᠨ ᠬᠦᠮᠦᠨ ᠤ ᠲᠤᠭ᠎ᠠ 217 ᠪᠠᠶᠢᠵᠤ᠂ 2010 ᠣᠨ ᠤ 2.71 ᠠᠴᠠ 0.54 ᠪᠠᠷ | ᠪᠠᠭᠤᠷᠠᠪᠠ᠃ | ᠭᠤᠷᠪᠠ᠂ ᠦᠨᠳᠦᠰᠦᠳᠡᠨ ᠤ ᠬᠦᠮᠦᠨ ᠠᠮᠠ ᠶᠢᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠳᠤᠳᠤᠷ᠎ᠠ᠂ ᠬᠢᠳᠡᠳ ᠦᠨᠳᠦᠰᠦᠳᠡᠨ 11489 ᠪᠠᠶᠢᠵᠤ | ᠂ 41.93% ᠶᠢ ᠡᠵᠡᠯᠡᠨ᠎ᠡ᠃ ᠮᠤᠩᠭᠤᠯ ᠦᠨᠳᠦᠰᠦᠳᠡᠨ 15707 ᠪᠠᠶᠢᠵᠤ᠂ 57.33% ᠶᠢ ᠡᠵᠡᠯᠡᠨ᠎ᠡ᠃ ᠪᠤᠰᠤᠳ | ᠦᠨᠳᠦᠰᠦᠳᠡᠨ 203 ᠪᠠᠶᠢᠵᠤ᠂ 0.74% ᠶᠢ ᠡᠵᠡᠯᠡᠨ᠎ᠡ᠃ | ᠲᠥᠷᠪᠡ᠂ ᠬᠦᠮᠦᠨ ᠠᠮᠠ ᠶᠢᠨ ᠴᠢᠨᠠᠷ ᠤᠨ ᠢᠯᠭᠠᠯ ᠤᠨ ᠪᠦᠷᠢᠯᠳᠦᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠳᠤᠳᠤᠷ᠎ᠠ ᠡᠷᠡᠭᠳᠡᠢ ᠬᠦᠮᠦᠨ ᠤ ᠲᠤᠭ᠎ᠠ 14395᠂ | 52.54% ᠶᠢ ᠡᠵᠡᠯᠡᠵᠦ᠂ ᠡᠮᠡᠭᠳᠡᠢ ᠬᠦᠮᠦᠨ ᠤ ᠲᠤᠭ᠎ᠠ 13004 ᠪᠠᠶᠢᠵᠤ᠂ 47.46% ᠶᠢ ᠡᠵᠡᠯᠡᠨ᠎ᠡ᠃ | ᠲᠠᠪᠤ᠂ ᠬᠦᠮᠦᠨ ᠠᠮᠠ ᠶᠢᠨ ᠨᠠᠰᠤᠨ ᠤ ᠪᠦᠷᠢᠯᠳᠦᠯ ᠤᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠳᠤᠳᠤᠷ᠎ᠠ᠂ 0— 14 ᠨᠠᠰᠤᠨ ᠤ ᠬᠤᠭᠤᠷᠤᠨᠳᠠᠬᠢ | ᠬᠦᠮᠦᠨ ᠠᠮᠠ 3461 ᠪᠠᠶᠢᠵᠤ᠂ 12.63% ᠶᠢ ᠡᠵᠡᠯᠡᠨ᠎ᠡ᠃ 15—59 ᠨᠠᠰᠤᠨ ᠤ ᠬᠤᠭᠤᠷᠤᠨᠳᠠᠬᠢ ᠬᠦᠮᠦᠨ ᠠᠮᠠ | 18661 ᠪᠠᠶᠢᠵᠤ᠂ 68.11% ᠶᠢ ᠡᠵᠡᠯᠡᠨ᠎ᠡ᠃ 60 ᠨᠠᠰᠤᠨ ᠠᠴᠠ ᠲᠡᠭᠡᠭᠰᠢᠬᠢ ᠬᠦᠮᠦᠨ ᠠᠮᠠ 5277 ᠪᠠᠶᠢᠵᠤ᠂ 19. | 26% ᠶᠢ ᠡᠵᠡᠯᠡᠨ᠎ᠡ ︵ᠡᠬᠦᠨ ᠳᠤ 65 ᠨᠠᠰᠤᠨ ᠠᠴᠠ ᠳᠡᠭᠡᠭᠰᠢᠬᠢ ᠬᠦᠮᠦᠨ ᠠᠮᠠ 3376 ᠪᠠᠶᠢᠵᠤ᠂ 12.32% ᠶᠢ | ᠡᠵᠡᠯᠡᠨ᠎ᠡ︶᠃ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠪᠠᠶᠢᠴᠠᠭᠠᠯᠲᠠ ᠲᠠᠢ | ᠬᠠᠷᠢᠴᠠᠭᠤᠯᠪᠠᠯ᠂ 0— 14 ᠨᠠᠰᠤᠨ ᠤ ᠬᠤᠭᠤᠷᠤᠨᠳᠠᠬᠢ ᠬᠦᠮᠦᠨ ᠠᠮᠠ ᠶᠢᠨ ᠲᠤᠭ᠎ᠠ 0.23 ᠵᠠᠭᠤᠨ ᠤ ᠬᠤᠪᠢ ᠶᠢᠨ ᠴᠡᠭ | ᠪᠠᠭᠤᠷᠠᠵᠤ᠂ 15—59 ᠨᠠᠰᠤᠨ ᠤ ᠬᠤᠭᠤᠷᠤᠨᠳᠠᠬᠢ ᠬᠦᠮᠦᠨ ᠠᠮᠠ ᠶᠢᠨ ᠲᠤᠭ᠎ᠠ 8.47 ᠵᠠᠭᠤᠨ ᠤ ᠬᠤᠪᠢ ᠶᠢᠨ ᠴᠡᠭ | ᠪᠠᠭᠤᠷᠠᠵᠤ᠂ 60 ᠨᠠᠰᠤᠨ ᠠᠴᠠ ᠲᠡᠭᠡᠭᠰᠢᠬᠢ ᠬᠦᠮᠦᠨ ᠠᠮᠠ ᠶᠢᠨ ᠲᠤᠭ᠎ᠠ 8.69 ᠵᠠᠭᠤᠨ ᠤ ᠬᠤᠪᠢ ᠶᠢᠨ ᠴᠡᠭ ᠨᠡᠮᠡᠭᠳᠡᠵᠦ᠂ | 65 ᠨᠠᠰᠤᠨ ᠠᠴᠠ ᠲᠡᠭᠡᠭᠰᠢᠬᠢ ᠬᠦᠮᠦᠨ ᠠᠮᠠ ᠶᠢᠨ ᠲᠤᠭ᠎ᠠ 5.8 ᠵᠠᠭᠤᠨ ᠤ ᠬᠤᠪᠢ ᠶᠢᠨ ᠴᠡᠭ ᠨᠡᠮᠡᠭᠳᠡᠪᠡ᠃ | ᠵᠢᠷᠭᠤᠭ᠎ᠠ᠂ ᠬᠦᠮᠦᠨ ᠠᠮᠠ ᠶᠢᠨ ᠰᠤᠷᠭᠠᠨ ᠬᠦᠮᠦᠵᠢᠯ ᠬᠦᠷᠲᠡᠭᠰᠡᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠲᠤᠳᠤᠷ᠎ᠠ᠂ ᠶᠡᠭᠡ ᠰᠤᠷᠭᠠᠭᠤᠯᠢ ︵ᠡᠬᠦᠨ ᠳᠤ ᠶᠡᠭᠡ | ᠰᠤᠷᠭᠠᠭᠤᠯᠢ ᠶᠢᠨ ᠲᠤᠰᠬᠠᠢ ᠮᠡᠷᠭᠡᠵᠢᠯ ᠵᠢᠴᠢ ᠲᠡᠬᠦᠨ ᠠᠴᠠ ᠲᠡᠭᠡᠭᠰᠢᠬᠢ ᠶᠢ ᠪᠠᠭᠲᠠᠭᠠᠨ᠎ᠠ︶ ᠶᠢᠨ ᠰᠤᠶᠤᠯ ᠤᠨ ᠬᠢᠷᠢ | ᠬᠡᠮᠵᠢᠶ᠎ᠡ ᠲᠠᠢ ᠬᠦᠮᠦᠨ 5769 ᠪᠠᠶᠢᠵᠤ᠂ ᠦᠨᠳᠦᠷ ᠲᠤᠮᠳᠠᠳᠤ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ 4307 | ᠪᠠᠶᠢᠵᠤ᠂ ᠠᠩᠬ᠎ᠠ ᠲᠤᠮᠳᠠᠳᠤ ᠶᠢᠨ ᠰᠤᠶᠤᠯ ᠤᠨ ᠬᠢᠷᠢ ᠬᠡᠮᠵᠢᠶ᠎ᠡ ᠲᠠᠢ ᠬᠦᠮᠦᠨ 8281 ᠪᠠᠶᠢᠵᠤ᠂ ᠪᠠᠭ᠎ᠠ ᠰᠤᠷᠭᠠᠭᠤᠯᠢ ᠶᠢᠨ | ᠰᠤᠶᠤᠯ ᠤᠨ ᠬᠢᠷᠢ ᠬᠡᠮᠵᠢᠶ᠎ᠡ ᠲᠠᠢ ᠬᠦᠮᠦᠨ 6761 ᠪᠠᠶᠢᠨ᠎ᠠ᠃ | ᠲᠤᠯᠤᠭ᠎ᠠ᠂ ᠬᠤᠲᠠ ᠬᠦᠳᠡᠭᠡ ᠶᠢᠨ ᠬᠦᠮᠦᠨ ᠠᠮᠠ ᠶᠢᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠳᠤᠳᠤᠷ᠎ᠠ᠂ ᠬᠤᠲᠠ ᠶᠢᠨ ᠬᠦᠮᠦᠨ ᠠᠮᠠ 18860 | ᠪᠠᠶᠢᠵᠤ᠂ 68.83% ᠶᠢ ᠡᠵᠡᠯᠡᠨ᠎ᠡ᠃ ᠬᠦᠳᠡᠭᠡ ᠲᠤᠰᠬᠤᠨ ᠤ ᠬᠦᠮᠦᠨ ᠠᠮᠠ 8539 ᠪᠠᠶᠢᠵᠤ᠂ 31.17% ᠶᠢ | ᠡᠵᠡᠯᠡᠨ᠎ᠡ᠃ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠪᠦᠷᠢᠳᠭᠡᠯ ᠲᠠᠢ | ᠬᠠᠷᠢᠴᠠᠭᠤᠯᠪᠠᠯ᠂ ᠬᠦᠳᠡᠭᠡ ᠲᠤᠰᠬᠤᠨ ᠤ ᠬᠦᠮᠦᠨ ᠠᠮᠠ 1650 ᠬᠦᠮᠦᠨ ᠪᠠᠭᠠᠰᠴᠤ᠂ ᠬᠤᠲᠠ ᠶᠢᠨ ᠬᠦᠮᠦᠨ ᠠᠮᠠ 4.64 | ᠵᠠᠭᠤᠨ ᠤ ᠬᠤᠪᠢ ᠶᠢᠨ ᠴᠡᠭ ᠨᠡᠮᠡᠭᠳᠡᠪᠡ᠃ | ᠨᠠᠢᠮᠠ᠂ ᠨᠡᠬᠦᠳᠡᠯ ᠬᠦᠮᠦᠨ ᠠᠮᠠ ᠶᠢᠨ ᠪᠠᠶᠢᠳᠠᠯ | ᠪᠦᠬᠦ ᠬᠤᠰᠢᠭᠤᠨ ᠤ ᠪᠠᠶᠢᠩᠭᠤ ᠰᠠᠭᠤᠭ᠎ᠠ ᠬᠦᠮᠦᠨ ᠠᠮᠠ ᠳᠤᠳᠤᠷ᠎ᠠ᠂ ᠨᠡᠬᠦᠳᠡᠯ ᠬᠦᠮᠦᠨ ᠠᠮᠠ 11602 | ᠪᠠᠶᠢᠵᠤ᠂ ᠡᠬᠦᠨ ᠳᠤ ᠮᠣᠵᠢ ᠠᠯᠤᠰᠯᠠᠭᠰᠠᠨ ᠨᠡᠭᠦᠳᠡᠯ ᠬᠦᠮᠦᠨ ᠠᠮᠠ 2057᠂ ᠮᠣᠵᠢ ᠶᠢᠨ ᠳᠤᠳᠤᠷ᠎ᠠ ᠠᠴᠠ ᠤᠷᠤᠵᠤ | ᠢᠷᠡᠭᠰᠡᠨ 9545 ᠪᠠᠶᠢᠵᠤ᠂ 2010 ᠣᠨ ᠤ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ | ᠪᠦᠷᠢᠳᠭᠡᠯ ᠲᠠᠢ ᠬᠠᠷᠢᠴᠠᠭᠤᠯᠪᠠᠯ᠂ ᠨᠡᠬᠦᠳᠡᠯ ᠬᠦᠮᠦᠨ ᠠᠮᠠ ᠶᠢᠨ ᠲᠤᠭ᠎ᠠ 6031 ᠨᠡᠮᠡᠭᠳᠡᠵᠦ᠂ 108.26% ᠪᠠᠷ | ᠨᠡᠮᠡᠭᠳᠡᠵᠦ᠂ ᠮᠣᠵᠢ ᠶᠢᠨ ᠭᠠᠳᠠᠨ᠎ᠠ ᠠᠴᠠ ᠤᠷᠤᠵᠤ ᠢᠷᠡᠭᠰᠡᠨ ᠬᠦᠮᠦᠨ ᠠᠮᠠ 715 ᠨᠡᠮᠡᠭᠳᠡᠵᠦ᠂ 53.28% ᠪᠠᠷ | ᠨᠡᠮᠡᠭᠳᠡᠪᠡ᠃ ᠮᠣᠵᠢ ᠶᠢᠨ ᠳᠣᠳᠣᠷ᠎ᠠ ᠠᠴᠠ ᠣᠷᠤᠵᠤ ᠢᠷᠡᠭᠰᠡᠨ ᠬᠦᠮᠦᠨ ᠠᠮᠠ 5316 ᠨᠡᠮᠡᠭᠳᠡᠵᠦ᠂ 125.70% ᠪᠠᠷ | ᠨᠡᠮᠡᠭᠳᠡᠪᠡ᠃ |