锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠳᠦ ᠰᠢᠷ᠎ᠠ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ‍ᠤᠨ‌ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
        ᠨᠡᠶᠢᠲᠡᠯᠡᠭᠰᠡᠨ ᠴᠠᠭ᠄
        2021/7/21
              ᠨᠢᠬᠡ᠂ ᠦᠨᠳᠦᠰᠤᠨ ᠪᠠᠶᠢᠳᠠᠯ       2020 ᠤᠨ ᠳᠤ᠂ ᠪᠦᠬᠦ ᠬᠤᠰᠢᠭᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ  ᠤᠨ ᠲᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ ᠨᠢ 11148 ᠬᠦᠮᠦᠨ᠂ ᠰᠢᠨ᠎ᠡ ᠪᠠᠷ ᠨᠡᠮᠡᠭᠳᠡᠭᠰᠡᠨ ᠨᠢ 420 ᠬᠦᠮᠦᠨ᠂ ᠵᠢᠯ ᠤᠨ ᠬᠠᠷᠠᠯᠳᠠ ᠡᠬᠦᠷᠬᠡ ᠪᠠᠨ105.8% ᠪᠠᠷ ᠪᠡᠶᠡᠯᠡᠬᠦᠯᠪᠡ︔ ᠰᠦᠢᠳᠬᠡᠯ ᠲᠤᠰᠢᠶᠠᠭᠰᠠᠨ ᠬᠦᠮᠦᠨ ᠨᠢ 8054 ᠬᠦᠮᠦᠨ᠂ ᠰᠦᠢᠳᠬᠡᠯ ᠲᠤᠰᠢᠶᠠᠭᠰᠠᠨ ᠤᠷᠤᠯᠭ᠎ᠠ ᠨᠢ 604 ᠲᠦᠮᠡᠨ ᠲᠦᠬᠦᠷᠢᠭ᠂ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠬᠦᠷᠳᠡᠭᠰᠡᠨ ᠬᠦᠮᠦᠨ 3094 ᠬᠦᠷᠴᠦ᠂ ᠨᠡᠶᠢᠳᠡ 959 ᠲᠦᠮᠡᠨ ᠲᠦᠬᠦᠷᠢᠭ ᠤᠨ ᠨᠠᠰᠤᠵᠢᠯ ᠤᠨ ᠮᠦᠩᠬᠦ  ᠶᠢ ᠲᠠᠷᠬᠠᠭᠠᠭᠰᠠᠨ ᠪᠠᠶᠢᠨ᠎ᠠ᠃ ᠬᠦᠮᠦᠨ ᠪᠦᠷᠢ ᠶᠢᠨ ᠰᠠᠷ᠎ᠠ ᠶᠢᠨ ᠲᠤᠮᠳᠠᠴᠢ ᠨᠠᠰᠤᠵᠢᠯ ᠤᠨ ᠲᠠᠭᠠᠳᠬᠠᠯ ᠤᠨ ᠮᠦᠩᠬᠦ ᠨᠢ 258 ᠲᠦᠬᠦᠷᠢᠭ ᠪᠤᠯᠪᠡ᠃ 2020 ᠤᠨ ᠳᠤ᠂ ᠤᠯᠤᠰ᠂ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠲᠠᠭᠠᠳᠬᠠᠯ ᠢᠶᠠᠷ ᠶᠠᠳᠠᠭᠤ ᠶᠢ ᠲᠡᠳᠬᠦᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 707 ᠨᠡᠷ᠎ᠡ ᠨᠦᠬᠦᠴᠡᠯ ᠳᠤ ᠲᠤᠬᠢᠷᠠᠬᠤ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠯᠳᠠᠢ ᠬᠦᠮᠦᠰ ᠤᠨ ᠨᠠᠰᠤᠵᠢᠯ ᠤᠨ ᠲᠠᠭᠠᠳᠬᠠᠯ ᠤᠨ ᠰᠦᠢᠳᠬᠡᠯ 7.07 ᠲᠦᠮᠡᠨ ᠲᠦᠬᠦᠷᠢᠭ ᠢ ᠤᠷᠤᠯᠠᠨ ᠲᠤᠰᠢᠶᠠᠪᠡ︔ ᠡᠬᠦᠨ ᠤ ᠬᠠᠮᠳᠤ 34 ᠨᠡᠷ᠎ᠡ 60 ᠪᠦᠬᠦᠯᠢ ᠨᠠᠰᠤ ᠬᠦᠷᠦᠭᠰᠡᠨ᠂ ᠤᠯᠤᠰ ᠤᠨ ᠲᠤᠭᠳᠠᠭᠠᠯ ᠤᠨ ᠦᠨᠳᠦᠰᠦᠨ ᠨᠠᠰᠤᠵᠢᠯ ᠤᠨ ᠲᠠᠭᠠᠳᠬᠠᠯ ᠤᠨ ᠤᠯᠭᠠᠮᠵᠢ ᠶᠢ ᠬᠦᠷᠳᠡᠭᠡ ᠦᠬᠡᠢ ᠶᠠᠳᠠᠭᠤ ᠬᠦᠴᠢᠷᠳᠡᠯᠳᠠᠢ ᠬᠦᠮᠦᠰ ᠲᠤ ᠨᠠᠰᠤᠵᠢᠯ ᠤᠨ ᠲᠠᠭᠠᠳᠬᠠᠯ ᠤᠨ ᠤᠯᠭᠤᠮᠵᠢ ᠬᠦᠷᠳᠡᠭᠡᠵᠦ᠂ ᠤᠯᠭᠤᠭᠰᠠᠨ ᠨᠤᠷᠮ᠎ᠠ100% ᠳᠤ ᠬᠦᠷᠪᠡ᠃       ᠬᠤᠶᠠᠷ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ       ︵ᠨᠢᠭᠡ︶ ᠲᠠᠭᠠᠳᠬᠠᠯ ᠳᠤ ᠤᠷᠤᠯᠴᠠᠬᠤ ᠨᠦᠬᠦᠴᠡᠯ       ᠲᠤᠤᠷᠡᠬᠢ ᠨᠦᠬᠦᠴᠡᠯ ᠢ ᠬᠠᠮᠳᠤ ᠳᠤᠨᠢ ᠪᠦᠷᠢᠯᠳᠤᠬᠦᠯᠦᠭᠰᠡᠨ ᠪᠠᠶᠢᠪᠠᠯ ᠬᠤᠳᠠ ᠬᠦᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ ᠤᠨ ᠲᠠᠭᠠᠳᠬᠠᠯ ᠳᠤ ᠤᠷᠤᠯᠴᠠᠵᠤ ᠪᠤᠯᠤᠨ᠎ᠠ᠃       1᠂ ᠪᠦᠬᠦᠯᠢ 16 ᠨᠠᠰᠤ ᠬᠦᠷᠦᠭᠰᠡᠳ ︵ᠰᠤᠷᠭᠠᠭᠤᠯᠢ ᠳᠤ ᠪᠠᠶᠢᠭ᠎ᠠ ᠰᠤᠷᠤᠬᠴᠢ ᠶᠢ ᠪᠠᠭᠳᠠᠭᠠᠬᠤ ᠦᠭᠡᠢ︶᠃       2᠂ ᠲᠦᠷᠤ ᠶᠢᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢᠨ ᠪᠤᠰᠤ ᠠᠵᠢᠯᠳᠠᠨ ᠵᠢᠴᠢ ᠬᠤᠳᠠ ᠪᠠᠯᠭᠠᠰᠤᠨ ᠤ ᠠᠵᠢᠯᠳᠠᠨ ᠤ ᠦᠨᠳᠦᠰᠦᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠬᠠᠮᠤᠷᠬᠤ ᠭᠡᠪᠴᠢᠶᠠᠨ ᠳᠤ ᠪᠠᠭᠳᠠᠬᠤ ᠦᠭᠡᠢ ᠬᠤᠳᠠ ᠬᠦᠳᠡᠭᠡ ᠶᠢᠨ ᠰᠠᠭᠤᠭᠠᠯᠢ ᠠᠷᠠᠳ᠃       ︵ᠬᠤᠶᠠᠷ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠰᠦᠢᠳᠭᠡᠯ ᠲᠤᠰᠢᠶᠠᠬᠤ ᠪᠠᠷᠢᠮᠵᠢᠶ᠎ᠠ ᠪᠠ ᠨᠦᠬᠦᠪᠤᠷᠢ᠃       ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠰᠠᠭᠤᠷᠢ ᠮᠦᠩᠬᠦ ᠨᠢ ᠬᠤᠪᠢ ᠬᠦᠮᠤᠨ ᠰᠦᠢᠳᠭᠡᠯ ᠲᠤᠰᠢᠶᠠᠬᠤ᠂ ᠬᠠᠮᠳᠤ ᠨᠠᠶᠢᠳᠠ ᠠᠴᠠ ᠨᠦᠬᠦᠪᠤᠷᠢ ᠦᠭᠬᠦ᠂ ᠵᠠᠰᠠᠭ ᠤᠨ ᠤᠷᠳᠤᠨ ᠤ ᠨᠦᠬᠦᠪᠤᠷᠢ ᠠᠴᠠ ᠪᠦᠷᠢᠯᠳᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠰᠦᠢᠳᠭᠡᠯ ᠢ ᠤᠨ ᠢᠶᠠᠷ ᠨᠢᠭᠡᠴᠢᠯᠡᠨ ᠲᠤᠰᠢᠶᠠᠵᠤ᠂ ᠪᠤᠳᠠᠳᠠᠢ ᠰᠦᠢᠳᠭᠡᠯ ᠲᠤᠰᠢᠶᠠᠬᠤ ᠪᠠᠷᠢᠮᠵᠢᠶ᠎ᠠ ᠶᠢ 200 ᠲᠦᠬᠦᠷᠢᠭ᠂ 300 ᠲᠦᠬᠦᠷᠢᠭ᠂ 400 ᠲᠦᠬᠦᠷᠢᠭ᠂ 500 ᠲᠦᠬᠦᠷᠢᠭ᠂ 600 ᠲᠦᠬᠦᠷᠢᠭ᠂ 700 ᠲᠦᠬᠦᠷᠢᠭ᠂ 800 ᠲᠦᠬᠦᠷᠢᠭ᠂ 900 ᠲᠦᠬᠦᠷᠢᠭ᠂ 1000 ᠲᠦᠬᠦᠷᠢᠭ᠂ 3000 ᠲᠦᠬᠦᠷᠢᠭ᠂ 5000 ᠲᠦᠬᠦᠷᠢᠭ᠂ 7000 ᠲᠦᠬᠦᠷᠢᠭ ᠭᠡᠵᠤ 12 ᠲᠡᠰ ᠬᠤᠪᠢᠶᠠᠨ᠎ᠠ᠃       ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠶᠢ ᠵᠤᠷᠢᠬᠵᠢᠭᠤᠯᠬᠤ  ᠶᠢᠨ ᠲᠦᠯᠤᠭᠡ᠂ ᠵᠠᠰᠠᠭ ᠤᠨ ᠤᠷᠳᠤᠨ ᠠᠴᠠ ᠲᠠᠭᠠᠳᠬᠠᠯ ᠳᠤ ᠤᠷᠤᠯᠴᠠᠬᠴᠢ ᠶᠢᠨ ᠰᠤᠩᠭᠤᠬᠰᠠᠨ ᠰᠦᠢᠳᠭᠡᠯ ᠲᠤᠰᠢᠶᠠᠬᠤ ᠲᠡᠰ ᠢ ᠦᠨᠳᠤᠰᠤᠯᠠᠨ᠂ ᠠᠳᠠᠯᠢ ᠪᠤᠰᠤ ᠲᠤᠭᠠᠨ ᠤ ᠨᠦᠬᠦᠪᠤᠷᠢ ᠦᠭᠬᠦᠨ᠎ᠠ᠃ ᠨᠦᠬᠦᠪᠤᠷᠢ ᠦᠭᠬᠦ ᠪᠠᠷᠢᠮᠵᠢᠶ᠎ᠠ ᠨᠢ       ︵ᠭᠤᠷᠪᠠ︶ ᠲᠠᠭᠠᠳᠬᠠᠯ ᠳᠤ ᠤᠷᠤᠯᠴᠠᠬᠤ ᠭᠠᠷ ᠬᠦᠢᠴᠡᠳᠭᠡᠯ ᠪᠠ ᠰᠦᠢᠳᠭᠡᠯ ᠲᠤᠰᠢᠶᠠᠬᠤ ᠠᠷᠭ᠎ᠠ ᠭᠡᠯᠪᠠᠷᠢ       1᠂ ᠬᠤᠳᠠ ᠬᠦᠳᠡᠭᠡ ᠶᠢᠨ ᠰᠠᠭᠤᠭᠠᠯᠢ ᠠᠷᠠᠳ ᠪᠠᠶ᠎ᠠ ᠶᠢᠨ ᠦᠨᠡᠮᠯᠡᠯ ᠪᠤᠯᠤᠨ ᠡᠷᠤᠭᠡ ᠠᠮᠠ ᠶᠢᠨ ᠲᠠᠪᠳᠠᠷ ᠢᠶᠠᠨ ᠠᠪᠴᠤ᠂ ᠡᠷᠤᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠨᠠᠶᠢᠭᠡᠮ ᠤᠨ ᠲᠠᠭᠠᠳᠬᠠᠯ ᠤᠨ ᠪᠠᠶᠢᠭᠤᠯᠤᠮᠵᠢ ᠤᠨ ᠦᠢᠯᠡᠴᠢᠯᠡᠭᠡᠨ ᠤ ᠴᠤᠩᠬᠤᠨ ᠳᠤ ᠬᠦᠷᠴᠤ ᠲᠠᠭᠠᠳᠬᠠᠯ ᠳᠤ ᠤᠷᠤᠯᠴᠠᠬᠤ ᠲᠠᠩᠰᠠᠯᠠᠯ ᠬᠢᠯᠭᠡᠬᠦ ᠪᠠᠷ ᠭᠤᠶᠤᠴᠢᠯᠠᠵᠤ ᠪᠤᠯᠤᠨ᠎ᠠ᠃       2᠂ ᠰᠦᠢᠳᠭᠡᠯ ᠲᠤᠰᠢᠶᠠᠬᠤ ᠠᠷᠭ᠎ᠠ ᠭᠡᠯᠪᠠᠷᠢ ᠨᠢ ᠭᠤᠤᠯᠳᠠᠭᠤ᠄       ︵1︶ ᠭᠠᠷ ᠤᠳᠠᠰᠤᠨ ᠤ ᠸᠢᠴᠠᠲ ᠤᠨ ᠲᠠᠪᠴᠠᠩ ᠢᠶᠠᠷ ᠲᠠᠮᠵᠢᠭᠤᠯᠤᠨ᠂ ᠦᠪᠠᠰᠡᠳ ᠢᠶᠠᠨ ᠰᠦᠢᠳᠭᠡᠯ ᠲᠤᠰᠢᠶᠠᠨ᠎ᠠ᠃ ᠪᠤᠳᠠᠳᠠᠢ ᠠᠵᠢᠯᠯᠠᠬᠤ ᠠᠯᠬᠤᠮ ᠲᠠᠷᠠᠭ᠎ᠠ ᠨᠢ ᠲᠤᠤᠷᠡᠬᠢ ᠮᠡᠳᠦ᠄       ᠨᠢᠭᠡᠳᠤᠭᠡᠷ ᠠᠯᠬᠤᠮ᠄ ᠭᠠᠷ ᠤᠳᠠᠰᠤᠨ ᠤ ᠸᠢᠴᠠᠲ ᠤᠨ ᠲᠡᠯᠭᠡᠴᠡ ᠶᠢ ᠨᠡᠭᠡᠭᠡᠵᠤ᠂ ︽ᠮᠢᠨᠤ — ᠲᠤᠭᠠᠴᠠᠭ᠎ᠠ ᠬᠢᠬᠦ︾ ᠰᠤᠩᠭᠤᠯᠳᠠ ᠶᠢ ᠰᠤᠩᠭᠤᠨ᠎ᠠ᠃       ᠬᠤᠶᠠᠳᠤᠭᠠᠷ ᠠᠯᠬᠤᠮ᠄ ᠬᠤᠳᠠ ᠶᠢᠨ ᠦᠢᠯᠡᠴᠢᠯᠡᠭᠡᠨ ᠤ ᠲᠡᠯᠭᠡᠴᠡ ᠶᠢ ᠰᠤᠩᠭᠤᠨ᠎ᠠ᠃       ᠭᠤᠷᠪᠠᠳᠤᠭᠠᠷ ᠠᠯᠬᠤᠮ᠄ ︽ᠮᠢᠨᠤ ᠬᠤᠳᠠ ᠶᠢᠨ ᠦᠢᠯᠡᠴᠢᠯᠡᠭᠡ︾ ᠲᠡᠯᠭᠡᠴᠡᠨ ᠳᠤ ︽ᠦᠪᠤᠷ ᠮᠤᠩᠭᠤᠯ ᠤᠨ ᠨᠠᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠦᠢᠯᠡᠴᠢᠯᠡᠭᠡ︾ ᠶᠢ ᠰᠤᠩᠭᠤᠬᠤ ᠶᠢᠨ ᠬᠠᠮᠳᠤ ᠲᠡᠰ ᠰᠤᠩᠭᠤᠵᠤ ᠰᠦᠢᠳᠭᠡᠯ ᠲᠤᠰᠢᠶᠠᠨ᠎ᠠ᠃       ᠲᠦᠷᠪᠡᠳᠤᠭᠡᠷ ᠠᠯᠬᠤᠮ᠄ ᠦᠪᠠᠷ ᠤᠨ ᠪᠠᠶ᠎ᠠ ᠶᠢᠨ ᠦᠨᠡᠮᠯᠡᠯ ᠤᠨ ᠨᠤᠮᠧᠷ ᠢᠶᠠᠷ ᠲᠠᠩᠰᠠᠯᠠᠨ᠎ᠠ᠃ ᠨᠢᠭᠡᠳᠤᠭᠡᠷ ᠤᠳᠠᠭ᠎ᠠ ᠰᠦᠢᠳᠭᠡᠯ ᠲᠤᠰᠢᠶᠠᠬᠤ ᠳᠤ ᠤᠷᠢᠳᠠᠪᠠᠷ ᠲᠠᠩᠰᠠᠯᠠᠵᠤ᠂ ᠲᠠᠩᠰᠠᠯᠠᠬᠤ ᠲᠠᠷᠤᠪᠴᠢ ᠶᠢ ᠲᠠᠷᠤᠭᠠᠷᠠᠢ᠃ ᠲᠠᠩᠰᠠᠯᠠᠭᠤᠯᠤᠬᠰᠠᠨ ᠤ ᠲᠠᠷᠠᠭ᠎ᠠ᠂ ᠲᠠᠷᠤᠪᠴᠢ ᠶᠢᠨ ᠨᠢᠭᠤᠷ ᠠᠴᠠ ᠰᠦᠢᠳᠭᠡᠯ ᠲᠤᠰᠢᠶᠠᠬᠤ ᠲᠠᠭᠠᠳᠬᠠᠯ ᠤᠨ ᠲᠦᠷᠤᠯ ︵ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠲᠠᠭᠠᠳᠬᠠᠯ︶ ᠵᠢᠴᠢ ᠰᠦᠢᠳᠭᠡᠯ ᠲᠤᠰᠢᠶᠠᠬᠤ ᠲᠡᠰ ᠢ ᠰᠤᠩᠭᠤᠨ᠎ᠠ᠃       ᠲᠠᠪᠤᠳᠤᠭᠠᠷ ᠠᠯᠬᠤᠮ᠄ ᠰᠦᠢᠳᠭᠡᠯ ᠲᠤᠰᠢᠶᠠᠬᠤ  ᠵᠤᠭᠤᠰ ᠤᠨ ᠲᠤᠭ᠎ᠠ ᠶᠢ ᠰᠤᠩᠭᠤᠬᠰᠠᠨ ᠤ ᠲᠠᠷᠠᠭ᠎ᠠ  ᠂ ᠠᠮᠵᠢᠯᠳᠠ ᠲᠠᠢ ᠪᠠᠷ ᠲᠤᠭᠠᠴᠠᠭ᠎ᠠ ᠬᠢᠭᠰᠡᠨ ᠡᠰᠡᠬᠦ ᠪᠡᠨ‌ᠨᠤᠳᠠᠯᠠᠨ᠎ᠠ᠃       ᠵᠢᠷᠭᠤᠳᠤᠭᠠᠷ ᠠᠯᠬᠤᠮ᠄ ᠦᠪᠤᠷ ᠮᠤᠩᠭᠤᠯ ᠤᠨ ᠨᠠᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠦᠢᠯᠡᠴᠢᠯᠡᠭᠡᠨ ᠤ ᠲᠡᠯᠭᠡᠴᠡ ᠳᠤ ︽ᠰᠦᠢᠳᠭᠡᠯ ᠲᠤᠰᠢᠶᠠᠬᠰᠠᠨ ᠪᠠᠷᠢᠮᠳᠠ︾ ᠶᠢ ᠰᠤᠩᠭᠤᠵᠤ᠂ ᠭᠠᠶᠢᠯᠢ ᠲᠤᠰᠢᠶᠠᠬᠰᠠᠨ ᠡᠯᠧᠺᠲᠷᠤᠨ ᠭᠡᠷᠡᠴᠢ ᠪᠠᠷᠢᠮᠳᠠ ᠶᠢ ᠲᠠᠷᠤᠮᠯᠠᠬᠤ ᠪᠤᠶᠤ ᠤᠷᠤᠨ ᠨᠤᠳᠤᠭ ᠤᠨ ᠭᠠᠶᠢᠯᠢ ᠶᠢᠨ ᠲᠢᠩᠬᠢᠮ ᠤᠨ ᠭᠠᠶᠢᠯᠢ ᠲᠤᠰᠢᠶᠠᠬᠰᠠᠨ ᠭᠡᠷᠡᠴᠢ ᠶᠢ ᠰᠤᠩᠭᠤᠬᠰᠠᠨ ᠴᠤ ᠪᠤᠯᠤᠨ᠎ᠠ᠃       ︵2︶ ᠬᠤᠰᠢᠭᠤ ᠨᠠᠶᠢᠭᠡᠮ ᠤᠨ ᠲᠠᠭᠠᠳᠬᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠤᠩᠬᠤᠨ ᠳᠤ ᠤᠴᠢᠵᠤ ᠰᠦᠢᠳᠭᠡᠯ ᠲᠤᠰᠢᠶᠠᠨ᠎ᠠ᠃       ︵ᠲᠦᠷᠪᠡ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠬᠦᠷᠳᠡᠬᠦ ᠨᠦᠬᠦᠴᠡᠯ       ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠬᠰᠠᠨ ᠬᠤᠪᠢ ᠬᠦᠮᠤᠨ  ᠨᠢ ᠪᠦᠬᠦᠯᠢ 60 ᠨᠠᠰᠤ ᠬᠦᠷᠴᠤ᠂ ᠰᠦᠢᠳᠭᠡᠯ ᠲᠤᠰᠢᠶᠠᠭᠠᠳ ᠪᠦᠬᠦᠯᠢ 15 ᠵᠢᠯ ᠪᠤᠯᠤᠬᠰᠠᠨ ᠮᠦᠷᠳᠡᠭᠡᠨ  ᠪᠤᠰᠤᠳ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ  ᠬᠦᠷᠳᠡᠭᠡᠳᠦᠢ ᠪᠤᠯ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ  ᠬᠦᠷᠳᠡᠵᠦ ᠪᠤᠯᠤᠨ᠎ᠠ᠃       ︵ᠲᠠᠪᠤ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢᠨ ᠪᠠᠷᠢᠮᠵᠢᠶ᠎ᠠ       ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠨᠢ ᠰᠠᠭᠤᠷᠢ ᠨᠠᠰᠤᠵᠢᠯ ᠤᠨ ᠮᠦᠩᠬᠦ ᠪᠠ ᠬᠤᠪᠢ ᠬᠦᠮᠤᠨ ᠤ ᠲᠠᠩᠰᠠ ᠡᠷᠤᠭᠡ ᠶᠢᠨ ᠨᠠᠰᠤᠵᠢᠯ ᠤᠨ ᠮᠦᠩᠬᠦ ᠪᠠᠷ ᠪᠦᠷᠢᠯᠳᠤᠵᠤ᠂ ᠨᠠᠰᠤᠨ ᠲᠤᠷᠰᠢᠳᠠ ᠤᠯᠭᠤᠨ᠎ᠠ᠃       1᠂ ᠰᠠᠭᠤᠷᠢ ᠨᠠᠰᠤᠵᠢᠯ ᠤᠨ ᠮᠦᠩᠬᠦ᠃ ᠤᠳᠤᠬᠠᠨ ᠳᠤ ᠮᠠᠨ ᠤ ᠤᠷᠤᠨ ᠤ ᠰᠠᠭᠤᠷᠢ ᠨᠠᠰᠤᠵᠢᠯ ᠤᠨ ᠮᠦᠩᠬᠦ 133 ᠲᠦᠬᠦᠷᠢᠭ ᠪᠤᠯᠤᠨ᠎ᠠ᠃ 70 — 79 ᠨᠠᠰᠤ ᠬᠦᠷᠦᠭᠰᠡᠳ ᠲᠤ ᠠᠰ ᠲᠤᠨᠢ 10 ᠲᠦᠬᠦᠷᠢᠭ ᠨᠡᠮᠡᠵᠤ ᠦᠭᠬᠦᠨ᠎ᠠ᠃ ᠲᠠᠷᠤᠢ 143 ᠲᠦᠬᠦᠷᠢᠭ ᠪᠤᠯᠤᠨ᠎ᠠ᠃ ᠪᠦᠬᠦᠯᠢ 80 ᠨᠠᠰᠤ ᠬᠦᠷᠦᠭᠰᠡᠳ ᠵᠢᠴᠢ ᠲᠡᠬᠦᠨ ᠠᠴᠠ ᠲᠡᠭᠡᠭᠰᠢ ᠨᠠᠰᠤᠳᠠᠶᠢᠴᠤᠤᠯ  ᠲᠤ ᠠᠰ ᠲᠤᠨᠢ 20 ᠲᠦᠬᠦᠷᠢᠭ ᠨᠠᠮᠡᠨ᠎ᠠ᠂ ᠲᠠᠷᠤᠢ 153 ᠲᠦᠬᠦᠷᠢᠭ ᠪᠤᠯᠤᠨ᠎ᠠ᠃       ᠲᠠᠭᠠᠳᠬᠠᠯ ᠳᠤ ᠤᠷᠤᠯᠴᠠᠭᠰᠠᠳ ᠨᠢ 200 ᠲᠦᠬᠦᠷᠢᠭ ᠵᠢᠴᠢ ᠲᠡᠬᠦᠨ ᠠᠴᠠ ᠲᠡᠭᠡᠭᠰᠢᠬᠢ ᠲᠡᠰ ᠢ ᠰᠤᠩᠭᠤᠬᠰᠠᠨ ᠮᠦᠷᠳᠡᠭᠡᠨ ᠨᠠᠶᠢᠳᠠ ᠲᠤᠰᠢᠶᠠᠬᠰᠠᠨ ᠰᠦᠢᠳᠭᠡᠯ ᠨᠢ 15 ᠵᠢᠯ ᠠᠴᠠ ᠲᠠᠪᠠᠭᠰᠠᠨ ᠪᠠᠶᠢᠪᠠᠯ᠂ ᠢᠯᠠᠬᠦᠤ ᠨᠢᠭᠡ ᠵᠢᠯ ᠲᠤᠰᠢᠶᠠᠬᠤ ᠪᠦᠷᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠬᠦ ᠶᠢ 2 ᠲᠦᠬᠦᠷᠢᠭ ᠨᠡᠮᠡᠭᠳᠡᠬᠦᠯᠤᠨ᠎ᠠ᠃       2᠂ ᠬᠤᠪᠢ ᠬᠦᠮᠤᠨ ᠤ ᠲᠠᠩᠰᠠ ᠡᠷᠤᠭᠡ ᠶᠢᠨ ᠨᠠᠰᠤᠵᠢᠯ ᠤᠨ ᠮᠦᠩᠬᠦ᠃ ᠬᠤᠪᠢ ᠬᠦᠮᠤᠨ ᠤ ᠲᠠᠩᠰᠠ ᠡᠷᠤᠭᠡ  ᠶᠢᠨ ᠰᠠᠷ᠎ᠠ ᠶᠢᠨ ᠨᠠᠰᠤᠵᠢᠯ ᠤᠨ ᠤᠯᠭᠤᠮᠵᠢ = ᠬᠤᠪᠢ ᠬᠦᠮᠤᠨ ᠤ ᠲᠠᠩᠰᠠ ᠡᠷᠤᠭᠡ ᠶᠢᠨ ᠪᠦᠬᠦ ᠬᠠᠳᠠᠭᠠᠯᠠᠮᠵᠢ ᠶᠢᠨ ᠲᠤᠭ᠎ᠠ÷139 ᠰᠠᠷ᠎ᠠ᠃       ᠬᠤᠪᠢ ᠬᠦᠮᠤᠨ ᠤ ᠲᠤᠰᠢᠶᠠᠭᠰᠠᠨ ᠰᠦᠢᠳᠬᠡᠯ᠂ ᠵᠠᠰᠠᠭ ᠤᠨ ᠤᠷᠳᠤᠨ ᠠᠴᠠ ᠨᠦᠬᠦᠪᠤᠷᠢᠯᠡᠭᠰᠡᠨ ᠰᠦᠢᠳᠭᠡᠯ᠂ ᠬᠠᠮᠳᠤ ᠨᠠᠶᠢᠳᠠ ᠶᠢᠨ ᠨᠦᠬᠦᠪᠤᠷᠢ ᠵᠢᠴᠢ ᠪᠤᠰᠤᠳ ᠨᠠᠶᠢᠭᠡᠮ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ᠂ ᠨᠠᠶᠢᠭᠡᠮ  ᠤᠨ ᠠᠰᠠᠷᠠᠮᠵᠢ ᠶᠢᠨ ᠨᠢᠬᠦᠯᠡᠰᠤᠩᠭᠦᠢ ᠶᠢᠨ ᠵᠤᠬᠢᠶᠠᠨ ᠪᠠᠶᠢᠭᠤᠯᠤᠯᠳᠠ᠂ ᠬᠤᠪᠢ ᠬᠦᠮᠤᠨ ᠤ ᠲᠠᠭᠠᠳᠬᠠᠯ ᠳᠤ ᠦᠭᠬᠦᠭᠰᠡᠨ ᠲᠤᠰᠠᠯᠠᠮᠵᠢ ᠶᠢ ᠪᠦᠬᠦᠨ ᠢ ᠬᠤᠪᠢ ᠬᠦᠮᠤᠨ ᠤ ᠲᠠᠩᠰᠠ ᠳᠤ ᠪᠤᠳᠤᠵᠤ ᠤᠷᠤᠭᠤᠯᠤᠨ᠎ᠠ᠃ ᠬᠤᠪᠢ ᠬᠦᠮᠤᠨ ᠤ ᠲᠠᠩᠰᠠ ᠡᠷᠤᠭᠡ ᠶᠢᠨ ᠬᠠᠳᠠᠭᠠᠯᠠᠮᠵᠢ ᠶᠢᠨ ᠲᠤᠭ᠎ᠠ ᠶᠢ ᠤᠯᠤᠰ ᠤᠨ ᠲᠤᠬᠳᠠᠭᠠᠯ ᠶᠤᠰᠤᠭᠠᠷ ᠬᠦᠤ ᠮᠦᠩᠬᠦ ᠪᠤᠳᠤᠵᠤ ᠦᠭᠬᠦᠨ᠎ᠠ᠃ ᠲᠠᠭᠠᠳᠬᠠᠯ ᠳᠤ ᠤᠷᠤᠯᠴᠠᠬᠰᠠᠳ ᠨᠠᠰᠤ ᠪᠠᠷᠠᠪᠠᠯ ᠬᠤᠪᠢ ᠬᠦᠮᠤᠨ ᠤ ᠲᠠᠩᠰᠠ ᠡᠷᠤᠭᠡ ᠶᠢᠨ ᠦᠯᠡᠳᠠᠪᠤᠷᠢ ︵ᠵᠠᠰᠠᠭ ᠤᠨ ᠤᠷᠳᠤᠨ ᠤ ᠨᠦᠬᠦᠪᠤᠷᠢ ᠶᠢ ᠪᠠᠭᠳᠠᠭᠠᠨ᠎ᠠ︶ ᠶᠢ ᠭᠡᠷ ᠤᠨ ᠬᠦᠮᠤᠰ ᠨᠢ ᠬᠠᠤᠯᠢ ᠶᠤᠰᠤᠭᠠᠷ ᠵᠠᠯᠭᠠᠮᠵᠢᠯᠠᠨ᠎ᠠ᠃       ︵ᠵᠢᠷᠭᠤᠭ᠎ᠠ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢᠨ ᠬᠢᠷᠢ ᠭᠡᠮ ᠤᠨ ᠭᠡᠷᠡᠴᠢᠯᠡᠯ       1᠂ ᠭᠡᠷᠡᠴᠢᠯᠡᠬᠦ ᠭᠡᠪᠴᠢᠶ᠎ᠠ᠄ ᠪᠦᠬᠦᠯᠢ 60 ᠨᠠᠰᠤ ᠵᠢᠴᠢ ᠲᠠᠬᠦᠨ ᠠᠴᠠ ᠲᠡᠭᠡᠭᠰᠢ ᠨᠠᠰᠤᠨ ᠤ ᠬᠦᠪᠡᠭᠡᠳᠤ ᠰᠢᠷ᠎ᠠ ᠬᠤᠰᠢᠭᠤᠨ ᠠᠴᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠯ ᠤᠨ ᠤᠯᠭᠤᠮᠵᠢ  ᠶᠢ  ᠬᠦᠷᠳᠡᠵᠦ ᠪᠠᠶᠢᠭ᠎ᠠ ᠬᠤᠳᠠ ᠬᠦᠳᠡᠭᠡ ᠶᠢᠨ ᠰᠠᠭᠤᠭᠠᠯᠢ ᠠᠷᠠᠳ᠃       2᠂ ᠭᠡᠷᠡᠴᠢᠯᠡᠯ ᠤᠨ ᠦᠶᠡᠯᠡᠯ᠄ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠢ ᠬᠦᠷᠳᠡᠵᠤ ᠪᠠᠶᠢᠭ᠎ᠠ ᠬᠦᠮᠤᠰ ᠤᠨ ᠢᠶᠠᠷ ᠨᠢᠭᠡᠴᠢᠯᠡᠨ ᠬᠢᠷᠢ ᠭᠡᠮ ᠤᠨ ᠭᠡᠷᠡᠴᠢᠯᠡᠯ ᠬᠢᠵᠤ᠂ ᠵᠢᠯ ᠪᠦᠷᠢ ᠳᠤ ᠠᠳᠠᠭ ᠲᠠᠭᠠᠨ ᠨᠢᠭᠡ ᠤᠳᠠᠭ᠎ᠠ ᠭᠡᠷᠡᠴᠢᠯᠡᠯ ᠬᠢᠯᠭᠡᠬᠦ ᠭᠡᠷᠡᠭᠳᠡᠢ᠃       3᠂ ᠭᠡᠷᠡᠴᠢᠯᠡᠬᠦ ᠠᠷᠭ᠎ᠠ ᠮᠠᠶ᠋ᠢᠭ᠄ ︽ᠦᠪᠤᠷ ᠮᠤᠩᠭᠤᠯ ᠤᠨ ᠨᠠᠶᠢᠭᠡᠮ ᠤᠨ ᠪᠠᠳᠤᠯᠠᠭ᠎ᠠ ᠭᠠᠷ ᠤᠳᠠᠰᠤᠨ ᠤ APP ᠲᠠᠪᠴᠠᠩ︾ ᠳᠤ ᠬᠢᠷᠢ ᠭᠡᠮ ᠤᠨ ᠭᠡᠷᠡᠴᠢᠯᠡᠯ ᠬᠢᠵᠤ ᠪᠤᠯᠤᠨ᠎ᠠ᠃       ︵ᠲᠤᠯᠤᠭ᠎ᠠ︶ ᠲᠠᠭᠠᠳᠬᠠᠯ ᠳᠤ ᠤᠷᠤᠯᠴᠠᠬᠴᠢ ᠨᠢ ᠭᠠᠳᠠᠭᠠᠳᠦ ᠳᠤ ᠰᠠᠭᠤᠷᠢᠬᠤ ᠪᠤᠶᠤ ᠨᠠᠰᠤ ᠪᠠᠷᠠᠪᠠᠯ ᠬᠤᠪᠢ ᠬᠦᠮᠤᠨ ᠤ ᠲᠠᠩᠰᠠ ᠡᠷᠤᠭᠡ ᠶᠢ ᠰᠢᠢᠳᠪᠤᠷᠢᠯᠡᠬᠦ ᠠᠷᠭ᠎ᠠ       1᠂ ᠲᠠᠭᠠᠳᠬᠠᠯ ᠳᠤ ᠤᠷᠤᠯᠴᠠᠬᠴᠢ ᠭᠠᠳᠠᠭᠠᠳᠤ ᠳᠤ ᠭᠠᠷᠴᠤ ᠰᠠᠭᠤᠷᠢᠬᠰᠠᠨ ᠪᠦᠭᠡᠳ ᠨᠢᠬᠡᠨᠳᠠ ᠭᠠᠳᠠᠭᠠᠳᠦ ᠤᠯᠤᠰ ᠤᠨ ᠬᠠᠷᠢᠶᠠᠳᠦ ᠪᠤᠯᠤᠬᠰᠠᠨ ᠪᠠᠶᠢᠪᠠᠯ᠂ ᠲᠠᠭᠠᠳᠬᠠᠯ ᠳᠤ ᠤᠷᠤᠯᠴᠠᠬᠴᠢ ᠶᠢᠨ ᠨᠠᠰᠤᠵᠢᠯ ᠤᠨ ᠲᠠᠭᠠᠳᠬᠠᠯ ᠤᠨ ᠬᠠᠷᠢᠴᠠᠭ᠎ᠠ ᠶᠢ ᠲᠠᠰᠤᠯᠵᠤ ᠲᠠᠭᠠᠳᠬᠠᠯ ᠳᠤ ᠤᠷᠤᠯᠴᠠᠬᠴᠢ ᠶᠢᠨ ᠬᠤᠪᠢ ᠬᠦᠮᠤᠨ ᠤ ᠲᠠᠩᠰᠠ ᠡᠷᠤᠭᠡ ᠳᠠᠬᠢ ᠵᠠᠰᠠᠭ ᠤᠨ ᠤᠷᠳᠤᠨ ᠤ ᠨᠦᠬᠦᠪᠤᠷᠢ ᠠᠴᠠ ᠭᠠᠳᠠᠨᠠᠬᠢ ᠡᠭᠡ ᠬᠦᠤ ᠮᠦᠩᠬᠦ ᠶᠢᠨ ᠦᠯᠡᠳᠡᠪᠤᠷᠢ ᠶᠢ ᠪᠦᠬᠦᠨ ᠢ ᠲᠤᠰ ᠬᠦᠮᠤᠨ ᠳᠤ ᠪᠤᠴᠠᠭᠠᠨ ᠦᠭᠬᠦᠨ᠎ᠠ᠃       2᠂ ᠲᠠᠭᠠᠳᠬᠠᠯ ᠳᠤ ᠤᠷᠤᠯᠴᠠᠬᠴᠢ ᠲᠠᠭᠠᠳᠬᠠᠯ ᠳᠤ ᠤᠷᠤᠯᠴᠠᠵᠤ᠂ ᠰᠦᠢᠳᠭᠡᠯ ᠲᠤᠰᠢᠶᠠᠬᠤ ᠵᠢᠴᠢ ᠤᠯᠭᠤᠮᠵᠢ ᠬᠦᠷᠳᠡᠬᠦ ᠬᠤᠭᠤᠴᠠᠭᠠᠨ ᠳᠤ ᠪᠠᠨ ᠨᠠᠰᠤ ᠪᠠᠷᠠᠬᠰᠠᠨ ᠪᠠᠶᠢᠪᠠᠯ᠂ ᠲᠠᠬᠦᠨ ᠤ ᠬᠤᠪᠢ ᠬᠦᠮᠤᠨ ᠤ ᠲᠠᠩᠰᠠ ᠡᠷᠤᠭᠡ ᠶᠢᠨ ᠪᠠᠯᠠ ᠮᠦᠩᠬᠦ ᠶᠢᠨ ᠦᠯᠡᠳᠡᠪᠤᠷᠢ ︵ᠵᠠᠰᠠᠭ ᠤᠨ ᠤᠷᠳᠤᠨ ᠤ ᠨᠦᠬᠦᠪᠤᠷᠢ ᠶᠢ ᠪᠠᠭᠳᠠᠭᠠᠨ᠎ᠠ︶ ᠶᠢ ᠬᠠᠤᠯᠢ ᠶᠤᠰᠤᠭᠠᠷ ᠵᠠᠯᠭᠠᠮᠵᠢᠯᠠᠵᠤ ᠪᠤᠯᠤᠨ᠎ᠠ᠃ ᠬᠠᠤᠯᠢ ᠶᠤᠰᠤᠨ ᠤ ᠵᠠᠯᠭᠠᠮᠵᠢᠯᠠᠬᠴᠢ ᠪᠤᠶᠤ ᠵᠢᠭᠠᠨ ᠲᠤᠬᠳᠠᠭᠠᠬᠰᠠᠨ ᠠᠰᠢᠭ ᠬᠦᠷᠳᠡᠭᠴᠢ ᠦᠭᠡᠢ ᠪᠠᠶᠢᠪᠠᠯ᠂ ᠬᠤᠪᠢ ᠬᠦᠮᠤᠨ ᠤ ᠲᠠᠩᠰᠠ ᠡᠷᠤᠭᠡ ᠶᠢᠨ ᠪᠠᠯᠠ ᠮᠦᠩᠬᠦ ᠶᠢ ᠲᠤᠬᠢᠷᠠᠭᠤᠯᠭ᠎ᠠ ᠶᠢᠨ ᠮᠦᠩᠬᠦᠨ ᠳᠤ ᠨᠠᠶᠢᠯᠡᠬᠦᠯᠤᠨ᠎ᠠ᠃       ︵ᠨᠠᠢᠮᠠ︶ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠤᠷᠤᠰᠢᠭᠤᠯᠭ᠎ᠠ ᠶᠢᠨ ᠮᠦᠩᠬᠦ ᠶᠢᠨ ᠨᠦᠬᠦᠪᠤᠷᠢ ᠶᠢᠨ ᠠᠷᠭ᠎ᠠ       1᠂ ᠨᠦᠬᠦᠪᠤᠷᠢ ᠬᠦᠷᠳᠡᠬᠦ ᠡᠳᠡᠭᠡᠳ᠄ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ  ᠤᠨ ᠤᠯᠭᠤᠮᠵᠢ ᠶᠢ ᠬᠦᠷᠳᠡᠵᠤ ᠪᠠᠶᠢᠬᠤ ᠬᠤᠭᠤᠴᠠᠭᠠᠨ ᠳᠤ ᠨᠠᠰᠤ ᠪᠠᠷᠠᠬᠰᠠᠨ ᠬᠦᠮᠤᠨ᠃       2᠂ ᠭᠤᠶᠤᠴᠢᠯᠠᠬᠤ ᠨᠦᠬᠦᠴᠡᠯ᠄ ᠵᠠᠯᠭᠠᠮᠵᠢᠯᠠᠭᠴᠢ ᠬᠦᠮᠦᠨ ᠨᠢ ᠨᠠᠰᠤᠵᠢᠯ ᠤᠨ ᠲᠠᠭᠠᠳᠬᠠᠯ ᠤᠨ ᠤᠯᠭᠤᠮᠵᠢ   ᠶᠢ ᠬᠦᠷᠳᠡᠵᠦ ᠪᠠᠶᠢᠭ᠎ᠠ ᠲᠤᠬᠠᠢ ᠶᠢᠨ ᠭᠠᠵᠠᠷ ᠤᠨ ᠢᠶᠠᠨ ᠨᠠᠶᠢᠭᠡᠮ ᠤᠨ ᠲᠠᠭᠠᠳᠬᠠᠯ ᠤᠨ ᠰᠠᠯᠠᠭ᠎ᠠ ᠮᠦᠴᠢᠷ ᠲᠤ ᠬᠦᠷᠴᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠲᠠᠩᠰᠠᠯᠠᠯ ᠢ ᠬᠦᠴᠤᠨ ᠦᠭᠡᠢ ᠪᠤᠯᠭᠠᠬᠤ ᠶᠢᠨ ᠬᠠᠮᠳᠤ᠂ ᠤᠷᠤᠰᠢᠭᠤᠯᠭ᠎ᠠ ᠶᠢᠨ ᠨᠦᠬᠦᠪᠤᠷᠢ ᠮᠦᠩᠬᠦ ᠶᠢ ᠠᠪᠬᠤ ᠭᠡᠷᠡᠭᠳᠡᠢ᠃       3᠂ ᠤᠷᠤᠰᠢᠭᠤᠯᠭ᠎ᠠ ᠶᠢᠨ ᠨᠦᠬᠦᠪᠤᠷᠢ ᠶᠢᠨ ᠪᠠᠷᠢᠮᠵᠢᠶ᠎ᠠ᠄ ᠲᠡᠭᠡᠷ᠎ᠠ ᠨᠢᠭᠡ ᠵᠢᠯ ᠤᠨ ᠦᠪᠠᠷᠳᠡᠭᠡᠨ ᠵᠠᠰᠠᠬᠤ ᠤᠷᠤᠨ  ᠤ ᠲᠤᠬᠳᠠᠭᠠᠬᠰᠠᠨ ᠰᠠᠭᠤᠷᠢ ᠨᠠᠰᠤᠵᠢᠯ ᠤᠨ ᠮᠦᠩᠬᠦ ᠶᠢᠨ ᠪᠠᠷᠢᠮᠵᠢᠶ᠎ᠠ ᠪᠠᠷ 12 ᠰᠠᠷ᠎ᠠ ᠶᠢᠨ ᠮᠦᠩᠬᠦ ᠶᠢ ᠨᠢᠭᠡ ᠤᠳᠠᠭ᠎ᠠ ᠳᠤ ᠤᠯᠭᠤᠨ᠎ᠠ᠃ ᠲᠤᠬᠠᠶᠢᠯᠠᠪᠠᠯ 133 ᠲᠦᠬᠦᠷᠢᠭ× 12 ᠰᠠᠷ᠎ᠠ = 1596 ᠲᠦᠬᠦᠷᠢᠭ᠃      ︵ᠶᠢᠰᠤ︶ ᠨᠠᠰᠤᠵᠢᠯ ᠤᠨ ᠠᠰᠠᠷᠠᠮᠵᠢ ᠶᠢᠨ ᠮᠦᠩᠬᠦ ᠶᠢ ᠮᠡᠭᠡᠯᠡᠨ ᠠᠪᠬᠤ᠂ ᠬᠠᠭᠤᠷᠮᠠᠬᠯᠠᠨ ᠠᠪᠬᠤ ᠶᠠᠪᠤᠳᠠᠯ ᠢ ᠭᠡᠷᠬᠢᠨ ᠰᠢᠢᠳᠭᠡᠬᠦ ᠪᠤᠢ︖      ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ ᠡᠳ᠋ᠯᠡᠬᠦ ᠪᠤᠯ ᠤᠯᠤᠰ ᠠᠴᠠ ᠲᠠᠭᠠᠳᠬᠠᠯ ᠳᠤ ᠤᠷᠤᠯᠴᠠᠬᠰᠠᠨ ᠬᠦᠮᠤᠨ ᠨᠢᠭᠡᠪᠤᠷᠢ ᠳᠤ ᠤᠯᠭᠤᠬᠤ ᠡᠷᠭᠡ ᠮᠦᠨ᠃ ᠭᠡᠪᠡᠴᠤ ᠲᠤᠬᠳᠠᠭᠠᠯ ᠢ ᠵᠦᠷᠢᠴᠡᠨ᠂ ᠲᠠᠭᠠᠳᠬᠠᠯ ᠤᠨ ᠤᠯᠭᠤᠮᠵᠢ ᠶᠢ ᠬᠠᠭᠤᠷᠮᠠᠬᠯᠠᠨ ᠠᠪᠤᠬᠰᠠᠨ᠂ ᠲᠠᠪᠬᠤᠷᠳᠠᠭᠤᠯᠤᠨ ᠠᠪᠤᠬᠰᠠᠨ ᠪᠠᠶᠢᠪᠠᠯ᠂ ᠨᠠᠶᠢᠭᠡᠮ ᠤᠨ ᠲᠠᠭᠠᠳᠬᠠᠯ ᠤᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠲᠠᠬᠦᠨ ᠤ ᠬᠠᠤᠯᠢ ᠪᠤᠰᠤ ᠤᠯᠵᠠ ᠠᠰᠢᠭ ᠢ ᠨᠢ ᠡᠭᠡᠬᠦᠯᠤᠨ ᠠᠪᠬᠤ ᠡᠷᠭᠡ ᠲᠠᠢ᠂ ᠦᠢᠯᠠ ᠪᠠᠶᠢᠳᠠᠯ  ᠨᠢ ᠬᠦᠨᠳᠤ ᠨᠤᠴᠢᠳᠠᠢ ᠪᠠᠶᠢᠪᠠᠯ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ᠭᠤᠷᠪᠡ᠂ ᠰᠤᠷᠪᠤᠯᠵᠢᠯᠠᠭᠴᠢ ᠶᠢᠨ ᠠᠰᠠᠭᠤᠯᠳᠠ ᠬᠠᠷᠢᠭᠤᠯᠳᠠ      ︵ᠨᠢᠬᠡ︶ ᠬᠡᠷᠪᠡ ᠨᠢᠬᠡ ᠨᠠᠰᠤᠳᠠᠢ ᠬᠦᠮᠦᠨ ᠨᠢ ᠡᠨᠡ ᠵᠢᠯ 63 ᠪᠦᠬᠦᠯᠢ  ᠨᠠᠰᠤ ᠬᠦᠷᠦᠭᠰᠡᠨ ᠮᠦᠷᠳᠡᠭᠡᠨ ᠨᠠᠰᠤᠵᠢᠯ  ᠤᠨ ᠲᠠᠭᠠᠳᠬᠠᠯ ᠳᠤ ᠤᠷᠤᠭᠠᠳᠤᠢ᠂ ᠪᠠᠰᠠ ᠨᠠᠰᠤᠵᠢᠯ ᠤᠨ ᠲᠠᠭᠠᠳᠬᠠᠯ ᠤᠨ  ᠤᠯᠭᠤᠮᠵᠢ ᠶᠢ ᠬᠦᠷᠳᠡᠭᠡ ᠦᠬᠡᠢ᠂ ᠲᠡᠭᠡᠪᠡᠯ ᠲᠡᠷᠡ ᠬᠦᠮᠦᠨ ᠨᠠᠰᠤᠵᠢᠯ ᠤᠨ ᠲᠠᠭᠠᠳᠬᠠᠯ ᠤᠨ ᠤᠯᠬᠤᠮᠵᠢ ᠶᠢ ᠬᠦᠷᠳᠡᠵᠦ ᠪᠤᠯᠤᠨ᠎ᠠ ᠤᠤ︖ ᠬᠡᠷᠪᠡ ᠬᠤᠳᠠ ᠬᠦᠳᠡᠭᠡ  ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠳᠤ ᠤᠷᠤᠬᠤ ᠬᠡᠪᠡᠯ ᠰᠦᠢᠳᠬᠡᠯ ᠲᠤᠰᠢᠶᠠᠬᠤ ᠴᠢᠬᠤᠯᠠ ᠪᠠᠶᠢᠨ᠎ᠠ ᠤᠤ︖      ᠬᠠᠷᠢᠭᠤᠯᠳᠠ᠄ ᠰᠤᠷᠪᠤᠯᠵᠢᠯᠠᠭᠴᠢ ᠶᠢᠨ ᠠᠰᠠᠭᠤᠯᠳᠠ ᠳᠤ ᠲᠠᠯᠠᠷᠬᠠᠯ᠎ᠠ᠃ ᠡᠨᠡᠬᠦ ᠠᠰᠠᠭᠤᠯᠳᠠ ᠶᠢ ᠠᠰᠠᠭᠤᠵᠤ ᠦᠩᠬᠡᠷᠡᠭᠰᠡᠨ ᠬᠦᠮᠦᠨ ᠴᠦᠬᠡᠨ ᠪᠤᠰᠤ ᠪᠠᠶᠢᠨ᠎ᠠ᠂ ᠤᠳᠤ ᠪᠢ ᠡᠨᠡᠬᠦ ᠵᠠᠪᠰᠢᠶᠠᠨ ᠢᠶᠠᠷ ᠲᠠᠶᠢᠯᠪᠤᠷᠢᠯᠠᠨ ᠬᠠᠷᠢᠭᠤᠯᠤᠶ᠎ᠠ᠃ 60 ᠨᠠᠰᠤ ᠶᠢ ᠲᠠᠪᠠᠭᠰᠠᠨ ᠨᠠᠰᠤᠳᠠᠶᠢᠴᠤᠳ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠳᠤ ᠤᠷᠤᠯᠴᠠᠭᠠᠳᠤᠢ ᠪᠤᠯ ᠲᠠᠭᠠᠳᠬᠠᠯ ᠤᠨ ᠮᠦᠩᠬᠦ ᠶᠢ ᠨᠢᠭᠡᠯᠡ ᠤᠳᠠᠭ᠎ᠠ ᠲᠡᠭᠡᠷ᠎ᠡ ᠨᠦᠬᠦᠨ ᠲᠤᠰᠢᠶᠠᠵᠤ ᠪᠤᠯᠤᠨ᠎ᠠ᠂ ᠰᠦᠢᠳᠬᠡᠯ ᠲᠤᠰᠢᠶᠠᠬᠤ ᠲᠡᠰ ᠢᠶᠠᠨ ᠦᠪᠡᠷᠳᠡᠬᠡᠨ ᠰᠤᠩᠭᠤᠵᠤ᠂ ᠰᠦᠢᠳᠬᠡᠯ ᠲᠤᠰᠢᠶᠠᠬᠤ ᠵᠢᠯ ᠨᠢ 15 ᠵᠢᠯ ᠠᠴᠠ ᠬᠡᠳᠦᠷᠡᠵᠦ ᠪᠤᠯᠬᠤ ᠦᠬᠡᠢ᠃ ᠲᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠲᠠᠷᠠᠭ᠎ᠠ ᠰᠠᠷ᠎ᠠ ᠠᠴᠠ ᠪᠠᠨ ᠡᠬᠢᠯᠡᠵᠦ ᠨᠠᠰᠤᠵᠢᠯ ᠤᠨ ᠲᠠᠭᠠᠳᠬᠠᠯ ᠤᠨ ᠤᠯᠭᠤᠮᠵᠢ ᠶᠢ  ᠬᠦᠷᠳᠡᠬᠦ ᠪᠤᠯᠤᠨ᠎ᠠ᠃ ᠡᠷᠬᠡᠪᠰᠢ ᠲᠤᠰᠢᠶᠠᠬᠤ ᠴᠢᠬᠤᠯᠠᠳᠠᠢ᠃      ︵ᠬᠤᠶᠠᠷ︶ ᠲᠠᠭᠠᠳᠬᠠᠯ ᠳᠤ ᠤᠷᠤᠭᠰᠠᠨ ᠬᠦᠮᠦᠨ ᠨᠢ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠠᠴᠠ ᠪᠠᠨ ᠬᠤᠳᠠ ᠪᠠᠯᠭᠠᠰᠤᠨ ᠤ ᠠᠵᠢᠯᠳᠠᠨ ᠤ ᠨᠠᠰᠤᠵᠢᠯ ᠤᠨ ᠲᠠᠭᠠᠳᠬᠠᠯ ᠲᠡᠰᠢ ᠰᠢᠯᠵᠢᠬᠦᠯᠵᠦ ᠪᠤᠯᠤᠨ᠎ᠠ ᠤᠤ      ᠬᠠᠷᠢᠭᠤᠯᠳᠠ᠄ᠰᠤᠷᠪᠤᠯᠵᠢᠯᠠᠭᠴᠢ ᠶᠢᠨ ᠠᠰᠠᠭᠤᠯᠳᠠ ᠳᠤ ᠲᠠᠯᠠᠷᠬᠠᠯ᠎ᠠ᠃  ᠡᠨᠡᠬᠦ ᠠᠰᠠᠭᠤᠯᠳᠠ ᠶᠢ ᠪᠢ ᠬᠠᠷᠢᠭᠤᠯᠤᠶ᠎ᠠ᠃ ᠬᠤᠳᠠ ᠪᠠᠯᠭᠠᠰᠤᠨ ᠤ ᠠᠵᠢᠯᠳᠠᠨ ᠤ ᠦᠨᠳᠦᠰᠦᠨ ᠨᠠᠰᠤᠵᠢᠯ ᠤᠨ ᠲᠠᠭᠠᠳᠬᠠᠯ ᠲᠡᠰᠢ ᠰᠢᠯᠵᠢᠬᠦᠯᠵᠦ ᠪᠤᠯᠤᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠬᠤᠪᠢ ᠬᠦᠮᠦᠨ ᠤ ᠲᠠᠩᠰᠠᠨ ᠲᠡᠭᠡᠷᠡᠬᠢ ᠬᠠᠳᠠᠭᠠᠯᠠᠮᠵᠢ ᠶᠢᠨ ᠵᠤᠭᠤᠰ ᠢ ᠬᠤᠳᠠ ᠪᠠᠯᠭᠠᠰᠤᠨ ᠤ ᠠᠵᠢᠯᠳᠠᠨ ᠤ ᠨᠠᠰᠤᠵᠢᠯ ᠤᠨ ᠬᠤᠪᠢ ᠬᠦᠮᠦᠨ ᠤ ᠲᠠᠩᠰᠠᠨ ᠳᠤ ᠰᠢᠯᠵᠢᠬᠦᠯᠵᠦ ᠪᠤᠯᠤᠨ᠎ᠠ᠃ ᠬᠡᠪᠡᠴᠦ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠲᠤᠰᠢᠶᠠᠭᠰᠠᠨ ᠤᠨ ᠵᠢᠯ ᠢ ᠬᠤᠳᠠ ᠪᠠᠯᠭᠠᠰᠤᠨ ᠤ ᠠᠵᠢᠯᠳᠠᠨ ᠤ ᠨᠠᠰᠤᠵᠢᠯ ᠤᠨ ᠲᠠᠭᠠᠳᠬᠠᠯ ᠲᠤᠰᠢᠶᠠᠭᠰᠠᠨ ᠤᠨ ᠵᠢᠯ ᠳᠤ ᠪᠤᠳᠤᠵᠤ ᠤᠷᠤᠭᠤᠯᠬᠤ ᠪᠤᠶᠤ ᠨᠤᠭᠤᠯᠤᠨ ᠪᠤᠳᠤᠬᠤ ᠶᠠᠪᠤᠳᠠᠯ ᠪᠠᠶᠢᠬᠤ ᠦᠬᠡᠢ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号