锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠠᠯᠪᠠᠨ ᠵᠠᠷᠯᠠᠯ
        ᠨᠡᠶᠢᠲᠡᠯᠡᠭᠰᠡᠨ ᠴᠠᠭ᠄
        2021/7/22
                                 ᠠᠯᠪᠠᠨ ᠵᠠᠷᠯᠠᠯ                     ︵ᠠᠷᠪᠠᠨ ᠭᠤᠷᠪᠠᠳᠤᠭᠠᠷ ᠲᠤᠭᠠᠳᠤ︶        2021 ᠣᠨ ᠤ 7 ᠰᠠᠷ᠎ᠠ ᠶᠢᠨ 20 ᠤ ᠡᠳᠦᠷ᠂ ᠨᠠᠨᠵᠢᠩ ᠤᠨ ᠯᠤ᠋ ᠺᠸᠦ ᠣᠯᠠᠨ ᠣᠯᠣᠰ ᠤᠨ ᠨᠢᠰᠭᠡᠯ ᠤᠨ ᠪᠠᠭᠤᠳᠠᠯ ᠤᠨ ᠠᠵᠢᠯᠲᠠᠳ ᠤᠨ ᠲᠤᠭᠲᠠᠭᠰᠠᠨ ᠬᠤᠭᠤᠴᠠᠭᠠᠨ ᠤ ᠪᠦᠬᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠳᠤ᠂ 9 ᠬᠦᠮᠦᠨ ᠤ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠪᠡ᠃ ᠤᠳᠤᠬᠠᠨ ᠳᠤ᠂ ᠨᠠᠨᠵᠢᠩ ᠬᠤᠲᠠ ᠶᠢᠨ ᠵᠢᠶᠠᠩᠨᠢᠩ ᠲᠤᠭᠤᠷᠢᠭ ᠤᠨ ᠯᠤ᠋ ᠺᠸᠦ ᠵᠡᠭᠡᠯᠢ ᠶᠢᠨ ᠰᠢᠶᠧ ᠼᠦᠨ ᠨᠡᠶᠢᠭᠡᠮ ᠲᠣᠭᠤᠷᠢᠭ᠂ ᠪᠠᠢ ᠶᠦᠨ ᠯᠦ ᠨᠡᠶᠢᠭᠡᠮ ᠲᠣᠭᠤᠷᠢᠭ᠂ ᠱᠢ ᠨᠢᠶᠠᠨ ᠲᠤᠰᠬᠤᠨ ᠪᠤᠯᠤᠨ ᠯᠢ ᠱᠦᠢ ᠲᠣᠭᠤᠷᠢᠭ ᠤᠨ ᠱᠢ ᠵᠢᠶᠤᠤ ᠵᠡᠭᠡᠯᠢ ᠶᠢᠨ ᠵᠢᠦ ᠲᠠᠩ ᠲᠣᠰᠬᠤᠨ ᠢ ᠬᠢᠵᠢᠭ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠢᠶᠠᠷ ᠲᠤᠭᠲᠠᠭᠠᠪᠠ᠃ ᠮᠠᠨ ᠤ ᠬᠤᠰᠢᠭᠤᠨ ᠤ ︽ᠭᠠᠳᠠᠨ᠎ᠠ ᠠᠴᠠ ᠬᠠᠯᠳᠠᠪᠦᠷᠢᠯᠠᠨ ᠤᠷᠤᠬᠤ ᠶᠢ ᠴᠢᠩᠭ᠎ᠠ ᠰᠡᠷᠭᠡᠶᠢᠯᠡᠵᠦ᠂ ᠲᠤᠳᠤᠭᠠᠲᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠤᠳᠣᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠤ᠂ ᠬᠢᠵᠢᠭ ᠤᠨ ᠬᠠᠯᠳᠠᠪᠦᠷᠢᠯᠠᠨ ᠲᠠᠷᠬᠠᠬᠤ ᠠᠶᠤᠯ ᠲᠦᠭᠰᠢᠬᠦᠷᠢ ᠶᠢ ᠪᠦᠳᠦᠮᠵᠢᠲᠡᠢ ᠪᠠᠭᠠᠰᠬᠠᠬᠤ  ᠶᠢᠨ ᠲᠤᠯᠠᠳᠠ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠪᠠ᠄        ᠨᠢᠭᠡ᠂ 7 ᠰᠠᠷ᠎ᠠ ᠶᠢᠨ 6 ᠤ ᠡᠳᠦᠷ ᠠᠴᠠ ᠨᠠᠭᠠᠰᠢ᠂ ᠨᠠᠨᠵᠢᠩ ᠤᠨ ᠯᠤ᠋ ᠺᠸᠦ ᠣᠯᠠᠨ ᠣᠯᠣᠰ ᠤᠨ ᠨᠢᠰᠭᠡᠯ ᠤᠨ ᠪᠠᠭᠤᠳᠠᠯ ᠤᠨ ᠠᠵᠢᠯᠲᠠᠳ ᠲᠠᠢ ᠣᠶᠢᠷᠠᠳᠴᠤ ᠦᠩᠭᠡᠷᠡᠭᠰᠡᠨ ᠡᠰᠡᠬᠦᠯ᠎ᠡ ᠲᠤᠰ ᠨᠢᠰᠭᠡᠯ ᠤᠨ ᠪᠠᠭᠤᠳᠠᠯ ᠳᠤ ᠪᠠᠭᠤᠭᠰᠠᠨ ᠵᠢᠴᠢ ᠪᠤᠰᠤᠳ ᠨᠠᠨᠵᠢᠩ ᠬᠤᠲᠠ ᠶᠢᠨ ᠬᠢᠵᠢᠭ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠬᠦᠮᠦᠰ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠡᠶᠢᠭᠤᠯᠭ᠎ᠠ ᠨᠢᠭᠡᠴᠡ ᠪᠣᠶᠣ ᠵᠤᠴᠢᠳ ᠤᠨ ᠪᠠᠭᠤᠳᠠᠯ ᠳᠠᠭᠠᠨ ᠮᠡᠳᠡᠬᠦᠯᠵᠦ᠂ ᠰᠤᠷᠠᠭ ᠵᠠᠩᠬᠢ ᠶᠢᠨ ᠳᠠᠩᠰᠠᠯᠠᠭᠤᠯᠤᠯᠲᠠ ᠪᠠ ᠡᠷᠡᠬᠦᠯ ᠮᠡᠨᠳᠦ ᠶᠢᠨ ᠬᠠᠮᠢᠶᠠᠷᠤᠯᠲᠠ ᠬᠢᠬᠦ ᠵᠡᠷᠭᠡ ᠠᠵᠢᠯ ᠲᠠᠢ ᠰᠠᠶᠢᠲᠤᠷ ᠬᠠᠮᠵᠢᠯᠴᠠᠬᠤ ᠶᠢᠨ ᠬᠠᠮᠲᠤ ᠪᠦᠬᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠳᠡᠢ᠃        ᠬᠤᠶᠠᠷ᠂ ᠦᠷᠭᠡᠨ ᠣᠯᠠᠨ ᠲᠥᠮᠡᠨ ᠤᠯᠤᠰ ᠠᠴᠠ ᠨᠡᠶᠢᠲᠡᠯᠡᠭᠰᠡᠨ ᠭᠠᠵᠠᠷ ᠣᠷᠤᠨ ᠤ ᠬᠢᠵᠢᠭ ᠤᠨ ᠲᠦᠭᠰᠢᠬᠦᠷᠢ ᠶᠢᠨ ᠲᠡᠰ ᠤᠨ ᠬᠤᠪᠢᠶᠠᠷᠢᠯᠠᠯ ᠢ ᠰᠠᠶᠢᠲᠤᠷ ᠠᠩᠬᠠᠷᠴᠤ᠂ ᠬᠢᠵᠢᠭ ᠤᠨ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠪᠤᠶᠤ ᠲᠤᠳᠤᠯᠠᠭᠳᠠᠭᠰᠠᠨ ᠡᠪᠡᠳᠴᠢᠲᠡᠨ ︵ᠡᠪᠡᠳᠴᠢᠨ ᠤ ᠢᠯᠡᠷᠡᠯ ᠦᠬᠡᠢ ᠬᠠᠯᠳᠠᠪᠦᠷᠢᠯᠠᠭᠰᠠᠳ ᠢ ᠪᠠᠭᠲᠠᠭᠠᠨ᠎ᠠ︶ ᠲᠠᠢ ᠵᠠᠮ ᠱᠤᠭᠤᠮ ᠲᠠᠭᠠᠷᠠᠭᠰᠠᠨ ᠪᠠᠶᠢᠪᠠᠯ᠂ ᠲᠠᠷᠤᠶᠢᠬᠠᠨ ᠬᠤᠰᠢᠭᠤ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ︵0479 — 6222615︶ ᠪᠣᠯᠣᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ︵110᠂ 0479 — 6224814︶ ᠳᠤ ᠮᠡᠳᠡᠬᠦᠯᠵᠦ᠂ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠠ ᠪᠦᠬᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠵᠢᠯ ᠲᠠᠢ ᠰᠠᠶᠢᠲᠤᠷ ᠬᠠᠮᠵᠢᠯᠴᠠᠬᠤ ᠬᠡᠷᠡᠭᠳᠡᠢ᠃ ᠬᠡᠷᠪᠡ ᠮᠡᠳᠡᠬᠦᠯᠬᠦ ᠦᠬᠡᠢ ᠨᠢᠭᠤᠬᠤ᠂ ᠬᠤᠳᠠᠯ ᠢᠶᠠᠷ ᠮᠡᠳᠡᠬᠦᠯᠬᠦ᠂ ᠤᠳᠠᠭᠠᠰᠢᠷᠠᠭᠤᠯᠤᠨ ᠮᠡᠳᠡᠬᠦᠯᠬᠦ᠂ ᠮᠡᠳᠡᠬᠦᠯᠬᠦ ᠦᠬᠡᠢ ᠵᠡᠷᠭᠡ ᠪᠠᠶᠢᠳᠠᠯ ᠲᠠᠢ ᠪᠤᠯ᠂ ᠬᠠᠤᠯᠢ ᠲᠤᠭᠲᠠᠭᠠᠯ ᠶᠤᠰᠤᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠠᠨ᠎ᠠ᠃         ᠭᠤᠷᠪᠠ᠂ ᠦᠷᠭᠡᠨ ᠣᠯᠠᠨ ᠲᠥᠮᠡᠨ ᠬᠡᠷᠪᠡ ᠣᠨᠴᠠᠭᠠᠢ ᠣᠴᠢᠷ ᠰᠢᠯᠲᠠᠭᠠᠨ ᠦᠬᠡᠢ ᠪᠤᠯ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠣᠴᠢᠵᠤ  ᠪᠣᠯᠬᠤ ᠦᠬᠡᠢ᠃ ᠴᠠᠭ ᠢᠮᠠᠭᠲᠠ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠭᠠᠷ ᠢᠶᠠᠨ ᠰᠠᠶᠢᠲᠤᠷ ᠤᠬᠢᠶᠠᠵᠤ᠂ ᠠᠭᠠᠷ ᠰᠠᠯᠬᠢ ᠨᠡᠪᠲᠡᠷᠡᠬᠦᠯᠦᠨ᠂ ᠤᠯᠠᠭᠤᠯᠠ ᠴᠤᠭᠯᠠᠷᠠᠬᠤ ᠦᠬᠡᠢ ᠪᠠᠶᠢᠵᠤ᠂ ᠠᠮᠤᠷ ᠲᠥᠪᠰᠢᠨ ᠨᠡᠶᠢᠭᠡᠮ ᠤᠨ ᠬᠠᠷᠢᠯᠴᠠᠭᠠᠨ  ᠤ ᠵᠠᠢ ᠶᠢ ᠪᠠᠲᠤᠯᠠᠨ᠎ᠠ᠃ ᠣᠯᠠᠨ ᠨᠡᠶᠢᠲᠡ ᠶᠢᠨ ᠲᠠᠯᠠᠪᠤᠷ ᠲᠤ ᠣᠷᠤᠵᠤ ᠭᠠᠷᠬᠤ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠯᠡᠬᠦ ᠳᠡᠭᠡᠨ ᠤᠬᠠᠮᠰᠠᠷ ᠠᠴᠠ ᠪᠠᠨ ᠡᠷᠡᠬᠦᠯ ᠮᠡᠨᠳᠦ ᠶᠢᠨ ᠺᠤᠳ᠋ ᠢᠶᠠᠨ ᠭᠠᠷᠭᠠᠨ ᠦᠵᠡᠬᠦᠯᠵᠦ᠂ ᠪᠡᠶ᠎ᠡ ᠶᠢᠨ ᠲᠤᠯᠠᠭᠠᠨ ᠢᠶᠠᠨ ᠬᠡᠮᠵᠢᠬᠦᠯᠦᠨ᠂ ᠠᠮᠠᠪᠴᠢ ᠶᠢ ᠲᠦᠷᠢᠮᠵᠢᠬᠦᠨ ᠵᠡᠬᠦᠨ᠎ᠡ᠃ ᠬᠡᠷᠪᠡ ᠬᠠᠯᠠᠭᠤᠷᠬᠠᠤ᠂ ᠬᠠᠨᠢᠶᠠᠬᠤ᠂ ᠰᠠᠭᠤᠯᠭᠠᠬᠤ ᠪᠤᠶᠤ ᠲᠠᠮᠢᠷᠲᠠᠬᠤ ᠵᠡᠷᠭᠡ ᠢᠯᠡᠷᠡᠯ ᠭᠠᠷᠪᠠᠯ᠂ ᠳᠠᠷᠤᠶᠢᠬᠠᠨ ᠠᠮᠠᠪᠴᠢ ᠵᠡᠬᠦᠵᠦ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠡᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠡᠮᠴᠢᠯᠡᠬᠦᠯᠦᠨ᠎ᠡ᠃ ᠲᠤᠰ ᠬᠤᠭᠤᠴᠠᠭᠠᠨ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠯᠡᠬᠦ ᠠᠴᠠ ᠵᠠᠶᠢᠯᠠᠰᠬᠢᠨ᠎ᠡ᠃        ᠲᠥᠷᠪᠡ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠤᠳᠤᠬᠠᠨ ᠤ ᠬᠢᠵᠢᠭ ᠢ ᠰᠡᠷᠭᠡᠶᠢᠯᠡᠬᠦ ᠬᠠᠮᠤᠭ ᠤᠨ ᠪᠦᠳᠦᠮᠵᠢᠲᠡᠢ ᠠᠷᠭ᠎ᠠ ᠬᠡᠮᠵᠢᠶ᠎ᠡ ᠪᠤᠯᠤᠨ᠎ᠠ᠃ ᠤᠳᠤᠬᠠᠨ ᠳᠤ ᠮᠠᠨ ᠤ ᠬᠤᠰᠢᠭᠤᠨ ᠤ ᠸᠠᠺᠼᠢᠨ ᠤ ᠬᠠᠩᠭᠠᠯᠭ᠎ᠠ ᠬᠦᠢᠴᠡᠳ ᠪᠠᠶᠢᠭ᠎ᠠ ᠪᠤᠯᠬᠤᠷ᠂ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠣᠯᠠᠨ ᠲᠥᠮᠡᠨ ︽ᠬᠦᠪᠡᠭᠡᠲᠦ ᠰᠢᠷ᠎ᠠ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ︾ ᠤᠨ ᠣᠯᠠᠨ ᠨᠡᠶᠢᠲᠡ ᠶᠢᠨ ᠸᠢᠴᠠᠲ ᠲᠠᠪᠴᠠᠩ ᠲᠤ ᠢᠮᠠᠭᠲᠠ ᠠᠩᠬᠠᠷᠤᠯ ᠢᠶᠠᠨ ᠬᠠᠨᠳᠤᠭᠤᠯᠵᠤ᠂ ᠸᠠᠺᠼᠢᠨ ᠲᠠᠷᠢᠬᠤ ᠴᠠᠭ ᠬᠤᠭᠤᠴᠠᠭ᠎ᠠ ᠪᠠ ᠲᠠᠯᠠᠪᠤᠷ ᠤᠨ ᠲᠤᠬᠠᠢ ᠬᠠᠮᠢᠶ᠎ᠠ ᠪᠦᠬᠦᠢ ᠮᠡᠳᠡᠭᠳᠡᠯ ᠢ ᠰᠠᠶᠢᠲᠤᠷ ᠠᠩᠬᠠᠷᠴᠤ᠂ ᠴᠠᠭ ᠬᠤᠭᠤᠴᠠᠭ᠎ᠠ ᠠᠯᠤᠰᠯᠠᠨ ᠸᠠᠺᠼᠢᠨ ᠲᠠᠷᠢᠬᠤ ᠰᠠᠨᠠᠭᠤᠯᠤᠮᠵᠢ ᠶᠢ ᠦᠨᠳᠦᠰᠦᠯᠡᠨ᠂ ᠬᠤᠶᠠᠷ ᠤᠳᠠᠭᠠᠨ ᠤ ᠲᠠᠷᠢᠯᠭ᠎ᠠ ᠪᠠᠨ ᠲᠤᠭᠲᠠᠭᠰᠠᠨ ᠴᠠᠭ ᠲᠤ ᠲᠠᠷᠢᠭᠤᠯᠤᠨ ᠲᠠᠭᠤᠰᠬᠠᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠳᠤᠳᠬᠠᠵᠤ᠂ ᠤᠯᠠᠨ ᠨᠡᠶᠢᠲᠡ ᠶᠢᠨ ᠲᠠᠷᠬᠠᠯᠠᠭ᠎ᠠ ᠶᠢ ᠪᠤᠢ ᠪᠤᠯᠭᠠᠨ᠂ ᠬᠠᠯᠠᠬᠪᠴᠢ ᠶᠢ ᠴᠤᠭᠴᠠᠯᠠᠨ ᠪᠠᠶᠢᠭᠤᠯᠤᠶ᠎ᠠ᠃           ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                    ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ                           2021 ᠤᠨ ᠤ 7 ᠰᠠᠷᠠᠶᠢᠨ 21 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号