锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠵᠢᠯᠤᠭᠤᠳᠬᠤ ᠭᠡᠯᠲᠡᠰ ᠤᠨ ᠪᠠᠴᠢᠮ ᠵᠠᠷᠯᠠᠯ
        ᠨᠡᠶᠢᠲᠡᠯᠡᠭᠰᠡᠨ ᠴᠠᠭ᠄
        2021/7/26
                                ᠪᠠᠴᠢᠮ  ᠵᠠᠷᠯᠠᠯ                      ︵ᠭᠤᠷᠪᠠᠳᠤᠭᠠᠷ ᠲᠤᠭᠠᠳᠤ︶         2021 ᠣᠨ ᠤ 7 ᠰᠠᠷ᠎ᠠ ᠶᠢᠨ 24 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠤᠨ ᠳᠡᠭᠡᠳᠦ ᠱᠠᠲᠤᠨ ᠠᠴᠠ ᠢᠷᠡᠬᠦᠯᠦᠭᠰᠡᠨ ᠱᠧᠨ᠋ᠶᠠᠩ ᠬᠤᠲᠠ ᠶᠢᠨ ᠲᠤᠳᠤᠯᠠᠭᠳᠠᠭᠰᠠᠨ ᠡᠪᠡᠳᠴᠢᠲᠡᠨ ᠤ ᠠᠶᠠᠯᠠᠯ ᠤᠨ ᠵᠠᠮ ᠱᠣᠭᠤᠮ ᠢ ᠬᠠᠮᠵᠢᠯᠴᠠᠨ ᠪᠠᠶᠢᠴᠠᠭᠠᠬᠤ ᠲᠤᠬᠠᠢ ᠵᠡᠬᠢᠳᠠᠯ ᠢ ᠲᠤᠰᠴᠠᠢ᠃ ᠲᠤᠳᠤᠯᠠᠭᠳᠠᠭᠰᠠᠨ ᠡᠪᠡᠳᠴᠢᠲᠡᠨ ᠲᠠᠢ ᠬᠠᠮᠲᠤ ᠠᠶᠠᠯᠠᠭᠰᠠᠨ ᠭᠤᠷᠪᠠᠨ ᠬᠦᠮᠦᠨ 7 ᠰᠠᠷ᠎ᠠ ᠶᠢᠨ 20 ᠤ ᠡᠳᠦᠷ ᠬᠤᠪᠢ ᠶᠢᠨ ᠵᠢᠭᠤᠯᠴᠢᠯᠡᠯ ᠤᠨ ᠮᠠᠰᠢᠨ ᠢᠶᠠᠷ ᠤᠯᠠᠭᠠᠢ ᠬᠠᠮᠢᠶᠠᠷᠤᠯᠲᠠ ᠶᠢᠨ ᠤᠷᠤᠨ ᠳᠤ ᠢᠷᠡᠪᠡ᠃ ᠪᠤᠳᠠᠳᠠᠢ ᠠᠶᠠᠯᠠᠯ ᠤᠨ ᠵᠠᠮ ᠱᠣᠭᠤᠮ ᠲᠤᠤᠷᠠᠬᠢ ᠮᠡᠳᠦ᠄        7 ᠰᠠᠷ᠎ᠠ ᠶᠢᠨ 20 ᠤ ᠡᠳᠦᠷ ᠤᠨ 13᠄ 30 ᠠᠴᠠ 17᠄ 30 ᠬᠦᠷᠲᠡᠯ᠎ᠡ ᠵᠢᠦ ᠴᠢᠦᠢ ᠸᠠᠨ ᠦᠵᠡᠮᠵᠢ ᠶᠢᠨ ᠣᠷᠤᠨ ᠢᠶᠠᠷ ᠲᠤᠭᠤᠷᠢᠨ ᠵᠤᠭᠠᠴᠠᠪᠠ᠃        7 ᠰᠠᠷ᠎ᠠ ᠶᠢᠨ 20 ᠤ ᠡᠳᠦᠷ ᠤᠨ 17᠄ 30 ᠠᠴᠠ 18᠄ 30 ᠬᠦᠷᠲᠡᠯ᠎ᠡ ᠬᠤᠪᠢ ᠶᠢᠨ ᠵᠢᠭᠤᠯᠴᠢᠯᠡᠯ  ᠤᠨ ᠮᠠᠰᠢᠨ ᠢᠶᠠᠷ ᠤᠯᠠᠭᠠᠢ ᠨᠠᠭᠤᠷ ᠲᠤ ᠬᠦᠷᠪᠡ᠃        7 ᠰᠠᠷ᠎ᠠ ᠶᠢᠨ 20 ᠤ ᠡᠳᠦᠷ ᠤᠨ 18᠄ 30 ᠠᠴᠠ 7 ᠰᠠᠷ᠎ᠠ ᠶᠢᠨ 21 ᠤ ᠡᠳᠦᠷ ᠤᠨ 8᠄ 00 ᠬᠦᠷᠲᠡᠯ᠎ᠡ ᠤᠯᠠᠭᠠᠢ ᠨᠠᠭᠤᠷ ᠤᠨ ᠬᠤᠶᠢᠲᠦ ᠬᠦᠪᠡᠭᠡᠨ ᠳᠠᠬᠢ ᠲᠡᠷᠭᠡᠨ ᠵᠤᠭᠰᠤᠭᠠᠯ ᠳᠤ ᠪᠠᠭᠤᠳᠠᠯᠯᠠᠨ᠂ ᠵᠢᠭᠤᠯᠴᠢᠯᠠᠯ  ᠤᠨ ᠮᠠᠰᠢᠨ ᠲᠡᠷᠭᠡᠨ ᠳᠤᠳᠤᠷ᠎ᠠ ᠪᠠᠨ ᠬᠤᠨᠤᠭᠯᠠᠪᠠ᠃ ᠲᠤᠰ ᠬᠤᠭᠤᠴᠠᠭᠠᠨ ᠳᠤ ᠨᠡᠶᠢᠲᠡ ᠶᠢᠨ ᠠᠷᠢᠭᠤᠨ ᠴᠡᠪᠡᠷ ᠤᠨ ᠲᠠᠰᠤᠭ ᠲᠤ ᠤᠴᠢᠵᠤ ᠥᠩᠭᠡᠷᠡᠪᠡ᠃        7 ᠰᠠᠷ᠎ᠠ ᠶᠢᠨ 21 ᠤ ᠡᠳᠦᠷ ᠤᠨ 8᠄ 00 ᠠᠴᠠ 11᠄ 00 ᠬᠦᠷᠲᠡᠯ᠎ᠡ ᠬᠤᠪᠢ ᠶᠢᠨ ᠵᠢᠭᠤᠯᠴᠢᠯᠡᠯ  ᠤᠨ ᠮᠠᠰᠢᠨ ᠢᠶᠠᠷ ᠪᠦ᠋ ᠯᠢᠨ ᠴᠤᠸᠠᠨ ᠦᠵᠡᠮᠵᠢ ᠶᠢᠨ ᠣᠷᠤᠨ ᠳᠤ ᠬᠦᠷᠪᠡ᠃        7 ᠰᠠᠷ᠎ᠠ ᠶᠢᠨ 21 ᠤ ᠡᠳᠦᠷ ᠤᠨ 11᠄ 00 ᠠᠴᠠ 14᠄ 00 ᠬᠦᠷᠲᠡᠯ᠎ᠡ ᠬᠤᠪᠢ ᠶᠢᠨ ᠵᠢᠭᠤᠯᠴᠢᠯᠡᠯ  ᠤᠨ ᠮᠠᠰᠢᠨ ᠵᠢᠯᠤᠭᠤᠳᠴᠤ ᠤᠯᠠᠭᠠᠢ ᠠᠴᠠ ᠰᠠᠯᠪᠠ᠃        ᠪᠠᠶᠢᠴᠠᠭᠠᠯᠲᠠ ᠪᠠᠷ᠂ ᠵᠢᠶᠠᠩᠰᠤ ᠮᠤᠵᠢ ᠶᠢᠨ ᠰᠦ᠋ ᠴᠢᠶᠠᠨ ᠬᠤᠲᠠ ᠶᠢᠨ ᠢᠯᠡᠷᠡᠯ ᠦᠬᠡᠢ ᠬᠠᠯᠳᠠᠪᠦᠷᠢᠯᠠᠭᠰᠠᠳ ᠲᠠᠢ ᠨᠢᠭᠲᠠ ᠣᠶᠢᠷᠠᠳᠤᠭᠰᠠᠨ ᠵᠢᠶᠠᠩ ᠤᠪᠤᠭᠲᠤ ᠵᠡᠷᠭᠡ ᠭᠤᠷᠪᠠᠨ ᠬᠦᠮᠦᠨ 7 ᠰᠠᠷ᠎ᠠ ᠶᠢᠨ 18  ᠤ ᠡᠳᠦᠷ ᠤᠨ 19᠄ 45 ᠤᠨ G2443 ᠡᠬᠡᠯᠵᠢ ᠶᠢᠨ ᠭᠠᠯᠲᠤ ᠲᠡᠷᠭᠡᠨ ᠳᠤ ᠰᠠᠭᠤᠵᠤ᠂ ᠲᠤᠰ ᠡᠳᠦᠷ ᠤᠨ 22 ᠄ 31 ᠲᠤ ᠬᠦᠬᠡᠬᠤᠲᠠ ᠵᠡᠬᠦᠨ ᠦᠷᠲᠡᠭᠡᠨ ᠳᠤ ᠪᠠᠭᠤᠪᠠ᠃ ᠪᠤᠳᠠᠳᠠᠢ ᠵᠠᠮ ᠱᠣᠭᠤᠮ ᠲᠤᠤᠷᠠᠬᠢ ᠮᠡᠳᠦ᠄        7 ᠰᠠᠷ᠎ᠠ 18 ᠤ ᠡᠳᠦᠷ ᠤᠨ 19᠄ 45 ᠲᠤ᠂ ᠵᠢᠶᠠᠩ ᠤᠪᠤᠭᠲᠤ ᠵᠡᠷᠭᠡ ᠭᠤᠷᠪᠠᠨ ᠬᠦᠮᠦᠨ G2443 ᠡᠭᠡᠯᠵᠢ ᠶᠢᠨ ᠥᠨᠳᠦᠷ ᠬᠤᠷᠳᠤᠴᠠᠳᠤ ᠭᠠᠯᠲᠤ ᠲᠡᠷᠭᠡ ᠪᠠᠷ ᠪᠡᠭᠡᠵᠢᠩ ᠤᠨ ᠬᠤᠶᠢᠨ᠎ᠡ ᠥᠷᠲᠡᠭᠡᠨ ᠠᠴᠠ ᠬᠦᠬᠡᠬᠤᠲᠠ ᠶᠢᠨ ᠵᠡᠬᠦᠨ ᠥᠷᠲᠡᠭᠡᠨ ᠳᠤ ︵22᠄ 31 ᠲᠤ ᠬᠦᠷᠪᠡ᠂ 12 ᠳ᠋ᠤᠭᠠᠷ ᠸᠠᠭᠤᠨ ᠤ 07 ᠨᠤᠮᠧᠷ ᠤᠨ A᠂ B᠂ C ᠰᠠᠭᠤᠳᠠᠯ︶ ᠪᠠᠭᠤᠵᠤ᠂ ᠲᠦᠷᠢᠶᠠᠰᠦᠨ ᠮᠠᠰᠢᠨ ᠲᠡᠷᠭᠡ ︵ᠲᠡᠷᠭᠡᠨ ᠤ ᠳ᠋ᠤᠭᠠᠷ ᠲᠤᠳᠤᠷᠬᠠᠢ ᠪᠤᠰᠤ᠂ ᠸᠢᠴᠠᠲ ᠢᠶᠠᠷ ᠲᠤᠭᠠᠴᠠᠭ᠎ᠠ ᠬᠢᠪᠡ᠂ ᠵᠢᠯᠤᠭᠤᠴᠢ ᠶᠢᠨ ᠳᠠᠩᠰᠠᠨ ᠳ᠋ᠤᠭᠠᠷ᠄ 10001071012021071800353711101147︶ ᠪᠠᠷ ᠰᠠᠶᠢᠬᠠᠨ ᠲᠤᠭᠤᠷᠢᠭ ᠤᠨ ᠨᠢᠭᠡᠨ ᠪᠠᠭᠤᠳᠠᠯ ᠲᠤ ᠬᠦᠷᠪᠡ᠃        7 ᠰᠠᠷ᠎ᠠ ᠶᠢᠨ 19 ᠤ ᠡᠳᠦᠷ ᠤᠨ 8᠄ 11 ᠲᠤ ᠵᠢᠶᠠᠩ ᠣᠪᠤᠭᠲᠤ ᠵᠡᠷᠭᠡ ᠭᠤᠷᠪᠠᠨ ᠬᠦᠮᠦᠨ ᠪᠠᠭᠤᠳᠠᠯ  ᠠᠴᠠ ᠰᠠᠯᠵᠤ᠂ 8᠄ 30 ᠤᠨ ᠦᠶᠡᠰ ᠢᠶᠠᠷ ᠣᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶᠠᠨ ᠤ ᠣᠶᠢᠷᠠᠯᠴᠠᠭ᠎ᠠ ᠦᠷᠲᠡᠭᠡᠨ ᠠᠴᠠ 56 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ᠂ ᠢᠦᠢ ᠴᠤᠸᠠᠨ ᠲᠤᠭᠤᠷᠢᠭ ᠤᠨ ᠮᠢᠨ ᠡᠾᠧ ᠴᠡᠴᠡᠷᠯᠢᠭ ᠤᠨ ᠥᠷᠲᠡᠭᠡᠨ ᠳᠤ ᠪᠠᠭᠤᠵᠤ᠂ ᠠᠨ ᠯᠢ ᠺᠤᠮᠫᠠᠨᠢ ᠶᠢᠨ ᠣᠶᠢᠷᠠᠯᠴᠠᠭ᠎ᠠ ᠬᠤᠸᠠ ᠮᠠᠢ ᠰᠢᠶᠠᠩ ᠲᠦᠷᠭᠡᠨ ᠬᠤᠭᠤᠯᠠᠨ ᠭᠡᠷ ᠲᠤ ᠥᠷᠯᠦᠭᠡ ᠶᠢᠨ ᠬᠤᠭᠤᠯᠠ ᠢᠳᠡᠪᠡ ︵20 ᠮᠢᠨᠦ᠋ᠲ ᠣᠷᠴᠢᠮ ᠪᠣᠯᠪᠠ︶᠃        9᠄ 00 ᠠᠴᠠ 9᠄ 30 ᠬᠦᠷᠲᠡᠯ᠎ᠡ ᠠᠨ ᠯᠢ ᠺᠤᠮᠫᠠᠨᠢ ᠶᠢᠨ ᠨᠡᠶᠢᠲᠡ ᠶᠢᠨ ᠮᠠᠰᠢᠨ ᠲᠡᠷᠭᠡᠨ ᠥᠷᠲᠡᠭᠡᠨ  ᠠᠴᠠ ᠮᠠᠰᠢᠨ ᠲᠡᠷᠭᠡᠨ ︵ᠲᠡᠷᠭᠡᠨ ᠳ᠋ᠤᠭᠠᠷ᠄ ᠮᠧᠩ AR1P65) ᠳᠤ ᠰᠠᠭᠤᠵᠤ᠂ ᠲᠤᠭᠲᠠᠬᠤ ᠰᠢᠶᠠᠨ ᠳᠤ ᠪᠠᠶᠢᠭ᠎ᠠ ᠬᠡᠷ ᠲᠡᠭᠡᠨ ᠬᠠᠷᠢᠪᠠ᠂ ᠲᠤᠰ ᠡᠳᠦᠷ ᠤᠨ 11᠄ 30 ᠤᠨ ᠤᠷᠴᠢᠮ ᠵᠢᠶᠠᠩ ᠠᠪᠤᠭᠲᠤ ᠱᠦ ᠺᠠᠩ ᠬᠡᠲᠦ ᠲᠡᠯᠭᠡᠬᠦᠷ ᠲᠤ ᠬᠦᠷᠴᠦ ᠲᠦᠷᠭᠡᠨ ᠭᠤᠶᠢᠪᠢᠭᠤᠯᠭ᠎ᠠ ᠶᠢᠨ ᠪᠠᠭᠯᠠᠭ᠎ᠠ ᠲᠤᠰᠪᠠ᠃        7 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ 8᠄ 30 ᠤᠨ ᠣᠷᠴᠢᠮ ᠭᠡᠷ ᠤᠨ ᠡᠳ᠋ᠯᠡᠯ ᠤᠭᠰᠠᠷᠠᠬᠤ ᠠᠵᠢᠯᠳᠠᠨ ᠭᠡᠷ ᠲᠤ ᠨᠢ ᠬᠦᠷᠴᠦ ᠬᠤᠷᠭᠤᠨ ᠤ ᠡᠬᠦᠳᠡ ᠤᠭᠰᠠᠷᠠᠵᠤ᠂ ᠬᠠᠭᠠᠰ ᠴᠠᠭ ᠤᠨ ᠲᠠᠷᠠᠭ᠎ᠠ ᠶᠠᠪᠤᠪᠠ᠃ ᠵᠢᠶᠠᠩ ᠤᠪᠤᠭᠲᠤ ᠵᠡᠷᠭᠡ ᠭᠤᠷᠪᠠᠨ ᠬᠦᠮᠦᠨ ᠭᠡᠷ ᠠᠴᠠ ᠭᠠᠷᠤᠭᠰᠠᠨ ᠦᠬᠡᠢ᠃        7 ᠰᠠᠷ᠎ᠠ ᠶᠢᠨ 21 ᠤ ᠡᠳᠦᠷ ᠤᠨ 9᠄ 00 ᠤᠨ ᠣᠷᠴᠢᠮ ᠵᠢᠶᠠᠩ ᠤᠪᠤᠭᠲᠤ ᠭᠠᠭᠴᠠᠭᠠᠷ ᠲᠤᠭᠲᠠᠬᠤ ᠰᠢᠶᠠᠨ ᠤ ᠸᠠᠨ ᠰᠢᠩ ᠠᠭᠤᠳᠠᠮ ᠲᠠᠯᠠᠪᠠᠢ ᠶᠢᠨ ᠣᠶᠢᠷᠠᠯᠴᠠᠭ᠎ᠠ ᠵᠧ ᠵᠢᠶᠠ ᠳ᠋ᠦ᠋ ᠬᠡᠳᠦ ᠲᠡᠯᠭᠡᠬᠦᠷ ᠲᠤ ᠬᠦᠷᠴᠦ ᠨᠤᠭᠤᠭ᠎ᠠ ᠬᠤᠳᠠᠯᠳᠤᠨ ᠠᠪᠤᠪᠠ᠃ ᠡᠬᠦᠨ ᠠᠴᠠ ᠬᠤᠶᠢᠰᠢ ᠭᠡᠷ ᠠᠴᠠ ᠭᠠᠷᠤᠭᠰᠠᠨ ᠦᠬᠡᠢ᠃        ᠱᠧᠨ᠋ᠶᠠᠩ ᠬᠤᠲᠠ ᠶᠢᠨ ᠲᠤᠳᠤᠯᠠᠭᠳᠠᠭᠰᠠᠨ ᠡᠪᠡᠳᠴᠢᠲᠡᠨ ᠲᠠᠢ 7 ᠰᠠᠷ᠎ᠠ ᠶᠢᠨ 20 ᠤ ᠡᠳᠦᠷ ᠠᠴᠠ 21  ᠤ ᠡᠳᠦᠷ ᠤᠨ ᠬᠤᠭᠤᠷᠤᠨᠳᠤ ᠤᠯᠠᠭᠠᠢ ᠬᠠᠮᠢᠶᠠᠷᠤᠯᠲᠠ ᠶᠢᠨ ᠣᠷᠤᠨ ᠵᠢᠴᠢ ᠵᠢᠶᠠᠩ ᠤᠪᠤᠭᠲᠤ ᠵᠡᠷᠭᠡ ᠭᠤᠷᠪᠠᠨ ᠬᠦᠮᠦᠨ ᠲᠠᠢ7 ᠰᠠᠷ᠎ᠠ ᠶᠢᠨ 18 ᠤ ᠡᠳᠦᠷ ᠠᠴᠠ 21 ᠤ ᠡᠳᠦᠷ ᠤᠨ ᠬᠤᠭᠤᠷᠤᠨᠳᠤ ᠬᠦᠬᠡᠬᠤᠲᠠ ᠳᠤ ᠪᠠᠶᠢᠬᠤ ᠬᠤᠭᠤᠴᠠᠭᠠᠨ ᠳᠤ ᠠᠵᠢᠯᠯᠠᠭᠠᠨ ᠤ ᠵᠠᠮ ᠱᠣᠭᠤᠮ ᠲᠠᠪᠬᠤᠴᠠᠭᠰᠠᠨ ᠬᠦᠮᠦᠰ ᠲᠤ ᠬᠢᠵᠢᠭ ᠬᠠᠯᠳᠠᠪᠦᠷᠢᠯᠠᠬᠤ ᠠᠶᠤᠯ ᠲᠦᠭᠰᠢᠬᠦᠷᠢ ᠤᠷᠤᠰᠢᠵᠤ ᠪᠤᠢ᠃ ᠲᠡᠭᠡᠷᠡᠬᠢ ᠴᠠᠭ ᠬᠤᠭᠤᠴᠠᠭᠠᠨ ᠳᠤ ᠲᠡᠭᠡᠷ᠎ᠡ ᠲᠤᠷᠠᠳᠤᠭᠰᠠᠨ ᠬᠦᠮᠦᠰ ᠲᠠᠢ ᠠᠵᠢᠯᠯᠠᠭᠠᠨ ᠤ ᠵᠠᠮ ᠱᠤᠭᠤᠮ ᠲᠠᠪᠬᠤᠴᠠᠭᠰᠠᠨ ᠪᠤᠶᠤ ᠬᠠᠮᠲᠤ ᠨᠢᠭᠡ ᠸᠠᠭᠤᠨ ᠳᠤ ᠰᠠᠭᠤᠭᠰᠠᠨ ᠬᠦᠮᠦᠰ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠤᠨ ᠤᠳᠠᠰᠤ᠄ 110᠂ 0479 — 6224814᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠤᠨ ᠤᠳᠠᠰᠤ᠄ 0479 — 6222615᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ᠶᠢᠨ ᠤᠳᠠᠰᠤ᠄ 13141798461 ︶ ᠲᠠᠢ ᠬᠠᠷᠢᠯᠴᠠᠵᠤ᠂ ᠨᠡᠶᠢᠭᠡᠮ ᠤᠨ ᠡᠷᠡᠬᠦᠯ ᠮᠡᠨᠳᠦ ᠶᠢᠨ ᠬᠢᠨᠠᠨ ᠪᠠᠶᠢᠴᠠᠭᠠᠯᠲᠠ᠂ ᠬᠠᠯᠳᠠᠪᠦᠷᠢᠲᠦ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠪᠦᠬᠡᠮ ᠬᠦᠴᠢᠯ ᠤᠨ ᠪᠠᠶᠢᠴᠠᠭᠠᠯᠲᠠ ᠪᠠ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠠᠵᠢᠯ ᠲᠠᠢ ᠰᠠᠶᠢᠲᠤᠷ ᠬᠠᠮᠵᠢᠯᠴᠠᠨ ᠨᠠᠶᠢᠳᠠᠪᠦᠷᠢᠵᠢᠭᠤᠯᠬᠤ ᠬᠡᠷᠡᠭᠳᠡᠢ᠃        ᠬᠤᠰᠢᠭᠤ ᠵᠢᠯᠤᠭᠤᠳᠬᠤ ᠬᠡᠯᠲᠡᠰ ᠠᠴᠠ ᠦᠷᠭᠡᠨ ᠣᠯᠠᠨ ᠲᠥᠮᠡᠨ ᠳᠤ᠂ ᠦᠷᠬᠦᠯᠵᠢᠯᠡᠨ ᠬᠤᠪᠢ ᠬᠦᠮᠦᠨ  ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠭᠠᠷ ᠢᠶᠠᠨ ᠰᠠᠶᠢᠲᠤᠷ ᠤᠬᠢᠶᠠᠬᠤ᠂ ᠠᠷᠢᠭᠤᠳᠬᠠᠯ ᠢ ᠰᠠᠶᠢᠲᠤᠷ ᠬᠢᠬᠦ᠂ ᠠᠭᠠᠷ ᠰᠠᠯᠬᠢ ᠨᠡᠪᠳᠡᠷᠡᠬᠦᠯᠬᠦ᠂ ᠤᠯᠠᠭᠤᠯᠠ ᠴᠤᠭᠯᠠᠷᠠᠬᠤ ᠦᠬᠡᠢ᠂ ᠠᠮᠤᠷ ᠲᠥᠪᠰᠢᠨ ᠤ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠤᠯᠠᠬᠤ᠂ ᠬᠠᠨᠢᠶᠠᠵᠤ ᠨᠠᠶᠢᠳᠠᠭᠠᠬᠤ ᠳᠠᠭᠠᠨ ᠠᠮᠠ ᠪᠠᠨ ᠲᠠᠭᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠬᠤ ᠶᠢ ᠰᠠᠨᠠᠭᠤᠯᠵᠤ ᠪᠠᠶᠢᠨ᠎ᠠ᠃        ᠤᠳᠤᠬᠠᠨ ᠳᠤ ᠮᠠᠨ ᠤ ᠬᠤᠰᠢᠭᠤᠨ ᠤ ᠸᠠᠺᠼᠢᠨ ᠤ ᠬᠠᠩᠭᠠᠯᠭ᠎ᠠ ᠬᠦᠢᠴᠡᠳ ᠪᠠᠶᠢᠭ᠎ᠠ ᠪᠤᠯᠬᠤᠷ᠂ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠣᠯᠠᠨ ᠲᠥᠮᠡᠨ ︽ᠬᠦᠪᠡᠭᠡᠲᠦ ᠰᠢᠷ᠎ᠠ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ︾ ᠤᠨ ᠣᠯᠠᠨ ᠨᠡᠶᠢᠲᠡ ᠶᠢᠨ ᠸᠢᠴᠠᠲ ᠲᠠᠪᠴᠠᠩ ᠲᠤ ᠢᠮᠠᠭᠲᠠ ᠠᠩᠬᠠᠷᠤᠯ ᠢᠶᠠᠨ ᠬᠠᠨᠳᠤᠭᠤᠯᠵᠤ᠂ ᠸᠠᠺᠼᠢᠨ ᠲᠠᠷᠢᠬᠤ ᠴᠠᠭ ᠬᠤᠭᠤᠴᠠᠭ᠎ᠠ ᠪᠠ ᠲᠠᠯᠠᠪᠤᠷ ᠤᠨ ᠲᠤᠬᠠᠢ ᠬᠠᠮᠢᠶ᠎ᠠ ᠪᠦᠬᠦᠢ ᠮᠡᠳᠡᠭᠳᠡᠯ ᠢ ᠰᠠᠶᠢᠲᠤᠷ ᠠᠩᠬᠠᠷᠴᠤ᠂ ᠴᠠᠭ ᠬᠤᠭᠤᠴᠠᠭ᠎ᠠ ᠠᠯᠤᠰᠯᠠᠨ ᠸᠠᠺᠼᠢᠨ ᠲᠠᠷᠢᠬᠤ ᠰᠠᠨᠠᠭᠤᠯᠤᠮᠵᠢ ᠶᠢ ᠦᠨᠳᠦᠰᠦᠯᠡᠨ᠂ ᠬᠤᠶᠠᠷ ᠤᠳᠠᠭᠠᠨ ᠤ ᠲᠠᠷᠢᠯᠭ᠎ᠠ ᠪᠠᠨ ᠲᠤᠭᠲᠠᠭᠰᠠᠨ ᠴᠠᠭ ᠲᠤ ᠲᠠᠷᠢᠭᠤᠯᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠳᠤᠳᠬᠠᠵᠤ᠂ ᠤᠯᠠᠨ ᠨᠡᠶᠢᠲᠡ ᠶᠢᠨ ᠲᠠᠷᠬᠠᠯᠭ᠎ᠠ ᠶᠢ ᠪᠤᠢ ᠪᠤᠯᠭᠠᠨ᠂  ᠰᠡᠷᠭᠡᠶᠢᠯᠡᠯᠲᠡ ᠶᠢᠨ ᠬᠠᠯᠠᠬᠪᠴᠢ ᠶᠢ ᠴᠤᠭᠴᠠᠯᠠᠨ ᠪᠠᠶᠢᠭᠤᠯᠤᠶ᠎ᠠ᠃       ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ                           2021 ᠤᠨ ᠤ 7 ᠰᠠᠷᠠᠶᠢᠨ 25 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号