ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠡᠯ᠎ᠡ | ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ ᠶᠢ | ᠬᠠᠮᠳᠤᠪᠡᠷ ᠪᠡᠯᠭᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠨ᠂ ᠪᠥᠬᠦ ᠰᠤᠮᠤᠨ ᠤ ᠥᠷᠭᠡᠨ ᠣᠯᠠᠨ | ᠡᠮᠡᠭᠲᠡᠶᠢᠴᠦᠳ ᠤᠨ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ | ᠬᠠᠶᠢᠷᠠᠯᠠᠬᠤ ᠴᠢᠩ ᠦᠨᠡᠨᠴᠢ ᠰᠡᠳᠬᠢᠯᠭᠡ ᠶᠢ ᠬᠥᠭᠵᠢᠭᠡᠬᠦ ᠶᠢᠨ ᠲᠥᠯᠥᠭᠡ᠂ 6 ᠰᠠᠷ᠎ᠠ ᠠᠴᠠ ᠡᠬᠢᠯᠡᠨ᠂ ᠤᠩᠭᠤᠨ | ᠠᠭᠤᠯᠠ ᠰᠤᠮᠤᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠪᠤᠯᠭᠤᠭᠠᠨ | ᠲᠣᠬᠤᠨᠢᠭᠤᠯᠬᠤ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ᠂ ᠶᠠᠷᠢᠯᠴᠠᠭᠠᠨ ᠤ ᠬᠤᠷᠠᠯ ᠵᠡᠷᠭᠡ ᠤᠯᠠᠨ | ᠵᠦᠢᠯ ᠤᠨ ᠬᠡᠯᠪᠡᠷᠢ ᠪᠠᠷ《 ᠡᠮᠡᠭᠲᠡᠶᠢᠴᠦᠳ ᠤᠨ ᠰᠡᠳᠬᠢᠯ ᠨᠠᠮ ᠢᠶᠠᠨ ᠲᠠᠭᠠᠵᠤ ᠰᠢᠨ᠎ᠡ ᠠᠶᠠᠨ ᠳᠤ ᠮᠤᠷᠳᠠᠬᠤ 》 | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠨᠡᠶᠢᠳᠡ 21 ᠤᠳᠠᠭ᠎ᠠ ᠥᠷᠨᠢᠭᠦᠯᠪᠡ ᠃ | ᠰᠢᠷᠢᠰ ᠭᠤᠤᠯ ᠰᠡᠳᠦᠪᠲᠦ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠤᠷᠢᠶᠠᠯᠠᠬᠤ ᠬᠦᠴᠦᠨ ᠢ | ᠳᠡᠭᠡᠭᠰᠢᠯᠡᠭᠦᠯᠵᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ | ᠬᠤᠯᠪᠣᠭᠠᠰᠤ ᠶᠢᠨ ᠦᠶᠯᠡᠳᠦᠯ ᠢᠶᠠᠨ ᠪᠠᠳᠠᠷᠠᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ | ᠬᠠᠤᠯᠢ ᠴᠠᠭᠠᠵᠠ ᠲᠥᠷᠢᠮ ᠲᠣᠭᠲᠠᠭᠠᠯ ᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠥᠰᠡᠯ | ᠱᠠᠭᠠᠷᠳᠠᠯᠭ᠎ᠠ ᠶᠢ ᠰᠠᠶᠢᠲᠤᠷ ᠣᠶᠢᠯᠠᠭᠠᠵᠤ᠂ ᠲᠡᠳᠡᠨ ᠳᠤ ᠳᠣᠲᠣᠨᠣ ᠦᠶᠯᠡᠴᠢᠯᠡᠭᠡ ᠬᠠᠩᠭᠠᠬᠤ ᠳᠤ ᠰᠠᠭᠤᠷᠢ ᠳᠠᠯᠪᠢᠪᠡ | ᠃ |