锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ  ᠵᠢᠯᠤᠭᠤᠳᠬᠤ ᠭᠡᠯᠲᠡᠰ ᠤᠨ ᠠᠯᠪᠠᠨ ᠵᠠᠷᠯᠠᠯ
        ᠨᠡᠶᠢᠲᠡᠯᠡᠭᠰᠡᠨ ᠴᠠᠭ᠄
        2021/7/28
                                ᠠᠯᠪᠠᠨ ᠵᠠᠷᠯᠠᠯ                  ︵ᠠᠷᠪᠠᠨ ᠳᠥᠷᠪᠡᠳᠦᠭᠡᠷ ᠲᠤᠭᠠᠳᠤ︶        ᠣᠷᠴᠢᠮ᠂ ᠶᠦᠨᠨᠠᠨ ᠮᠤᠵᠢ ᠶᠢᠨ ᠳ᠋ᠧ ᠬᠤᠩ ᠵᠸᠦ ᠳᠤ ᠲᠤᠬᠠᠢ ᠶᠢᠨ ᠭᠠᠵᠠᠷ ᠤᠨ ᠴᠣᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢᠯᠡᠷᠡᠵᠦ᠂ ᠷᠦᠢ ᠯᠢ ᠬᠤᠲᠠ ᠶᠢᠨ ᠵᠢᠶᠧ ᠭᠤᠤ ᠬᠦᠸᠧ ᠮᠧᠨ ᠨᠡᠶᠢᠭᠡᠮ ᠲᠣᠭᠤᠷᠢᠭ ᠢ ᠬᠢᠵᠢᠭ ᠤᠨ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ᠂ ᠷᠦᠢ ᠯᠢ ᠬᠤᠲᠠ ᠶᠢᠨ ᠨᠥᠩ ᠳ᠋ᠤᠣ ᠪᠠᠯᠭᠠᠰᠤᠨ ᠤ ᠯᠸᠢ ᠶᠦᠨ ᠲᠤᠰᠬᠤᠨ᠂ ᠯᠥᠩ ᠴᠤᠸᠠᠨ ᠰᠢᠶᠠᠨ ᠤ ᠵᠠᠩ ᠹᠧᠩ ᠪᠠᠯᠭᠠᠰᠤᠨ ᠤ ᠳ᠋ᠢᠶᠧ ᠰᠠ ᠲᠤᠰᠬᠤᠨ ᠢ ᠬᠢᠵᠢᠭ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠢᠶᠠᠷ ᠲᠤᠭᠲᠠᠭᠠᠪᠠ᠃ 2021 ᠣᠨ ᠤ 7 ᠰᠠᠷ᠎ᠠ ᠶᠢᠨ 20 ᠤ ᠡᠳᠦᠷ ᠠᠴᠠ ᠨᠠᠭᠠᠰᠢ᠂ ᠤᠯᠤᠰ ᠤᠨ ᠲᠤᠳᠤᠭᠠᠳᠤ ᠶᠢᠨ ᠣᠯᠠᠨ ᠮᠣᠵᠢ ᠣᠷᠤᠨ ᠨᠠᠨᠵᠢᠩ ᠤᠨ ᠯᠦ ᠺᠸᠦ ᠨᠢᠰᠭᠡᠯ ᠤᠨ ᠪᠠᠭᠤᠳᠠᠯ ᠠᠴᠠ ᠬᠤᠯᠪᠤᠭᠳᠠᠯ ᠲᠠᠢ ᠡᠪᠡᠳᠴᠢᠨ ᠤ ᠵᠢᠱᠢᠶ᠎ᠡ ᠶᠢ ᠮᠡᠳᠡᠬᠦᠯᠵᠦ᠂ ᠨᠢᠭᠡᠨᠲᠡ ᠲᠠᠪᠤᠨ ᠮᠣᠵᠢ ᠶᠢᠰᠦᠨ ᠬᠤᠲᠠ ᠶᠢ  ᠨᠦᠯᠦᠭᠡᠯᠡᠪᠡ᠃ 2021 ᠣᠨ ᠤ 7 ᠰᠠᠷ᠎ᠠ ᠶᠢᠨ 27 ᠤ ᠡᠳᠦᠷ ᠤᠨ 15 ᠴᠠᠭ ᠪᠤᠯᠲᠠᠯ᠎ᠠ᠂ ᠪᠦᠬᠦ ᠤᠯᠤᠰ ᠲᠤ ᠬᠢᠵᠢᠭ ᠤᠨ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ 5 ᠪᠤᠯᠵᠤ᠂ ᠡᠬᠦᠨ ᠳᠤ ᠶᠦᠨᠨᠠᠨ ᠮᠤᠵᠢ ᠳᠤ 1᠂ ᠵᠢᠶᠠᠩᠰᠤ ᠮᠣᠵᠢ ᠳᠤ 4 ᠪᠣᠢ︔ ᠬᠢᠵᠢᠭ ᠤᠨ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ 41 ᠪᠣᠯᠵᠤ᠂ ᠡᠬᠦᠨ ᠳᠤ ᠶᠦᠨᠨᠠᠨ ᠮᠣᠵᠢ ᠶᠢᠨ ᠳ᠋ᠧ ᠬᠤᠩ ᠵᠸᠦ ᠳᠤ 2᠂ ᠵᠢᠶᠠᠩᠰᠤ ᠮᠤᠵᠢ ᠳᠤ 37᠂ ᠰᠧᠴᠦᠸᠠᠨ ᠮᠣᠵᠢ ᠶᠢᠨ ᠮᠢᠶᠠᠨ ᠶᠠᠩ ᠬᠤᠲᠠ ᠳᠤ 1᠂  ᠯᠢᠶᠤᠤᠨᠢᠩ ᠮᠣᠵᠢ ᠶᠢᠨ ᠱᠧᠨ᠋ᠶᠠᠩ ᠬᠤᠲᠠ ᠳᠤ 1 ᠪᠣᠢ᠃ ︽ᠭᠠᠳᠠᠨ᠎ᠠ ᠠᠴᠠ ᠬᠠᠯᠳᠠᠪᠦᠷᠢᠯᠠᠨ ᠤᠷᠤᠬᠤ ᠶᠢ ᠴᠢᠩᠭ᠎ᠠ ᠰᠡᠷᠭᠡᠶᠢᠯᠡᠵᠦ᠂ ᠲᠤᠳᠤᠭᠠᠲᠤ ᠳᠤ ᠲᠠᠬᠢᠨ ᠢᠯᠡᠷᠡᠬᠦ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠤᠳᠣᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠦᠷᠢᠵᠢᠭᠤᠯᠵᠤ᠂ ᠬᠢᠵᠢᠭ ᠤᠨ ᠬᠠᠯᠳᠠᠪᠦᠷᠢᠯᠠᠨ ᠲᠠᠷᠬᠠᠬᠤ ᠠᠶᠤᠯ ᠲᠦᠭᠰᠢᠬᠦᠷᠢ ᠶᠢ ᠪᠦᠳᠦᠮᠵᠢᠲᠡᠢ ᠡᠵᠡᠮᠳᠡᠬᠦ ᠪᠠ ᠪᠠᠭᠠᠰᠬᠠᠬᠤ ᠶᠢᠨ ᠲᠤᠯᠠᠳᠠ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠳᠦ ᠵᠠᠷᠯᠠᠪᠠ᠄        ᠨᠢᠭᠡ᠂ ᠨᠠᠨᠵᠢᠩ ᠤᠨ ᠯᠦ ᠺᠸᠦ ᠨᠢᠰᠭᠡᠯ ᠤᠨ ᠪᠠᠭᠤᠳᠠᠯ ᠠᠴᠠ ᠢᠷᠡᠭᠰᠡᠳ ᠲᠤ ᠵᠠᠷᠴᠢᠮ ᠲᠡᠭᠡᠷ᠎ᠡ ᠪᠠᠨ 14 ᠡᠳᠦᠷ ᠤᠨ ᠲᠥᠪᠯᠡᠷᠡᠬᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠶᠢᠨ ᠬᠠᠮᠲᠤ᠂ 1 ᠳ᠋ᠦ᠋ᠭᠡᠷ ᠡᠳᠦᠷ᠂ 3 ᠳ᠋ᠤᠭᠠᠷ ᠡᠳᠦᠷ᠂ 7 ᠳ᠋ᠤᠭᠠᠷ ᠡᠳᠦᠷ ᠪᠤᠯᠤᠨ 14 ᠳ᠋ᠦ᠋ᠭᠡᠷ ᠡᠳᠦᠷ ᠲᠤ ᠲᠤᠰ ᠲᠤᠰ ᠪᠦᠬᠡᠮ ᠬᠦᠴᠢᠯ ᠤᠨ ᠪᠠᠶᠢᠴᠠᠭᠠᠯᠲᠠ ᠬᠢᠵᠤ᠂ ᠪᠠᠶᠢᠴᠠᠭᠠᠯᠲᠠ ᠶᠢᠨ ᠳ᠋ᠦᠩ ᠬᠡᠪ ᠤᠨ ᠪᠠᠶᠢᠳᠠᠯ ᠲᠠᠢ ᠪᠣᠯ ᠲᠥᠪᠯᠡᠷᠡᠬᠦᠯᠦᠨ ᠲᠤᠰᠠᠭᠠᠷᠯᠠᠵᠤ ᠠᠵᠢᠭᠯᠠᠯᠲᠠ ᠬᠢᠬᠦ ᠶᠢ ᠬᠦᠴᠦᠨ ᠦᠭᠡᠢ ᠪᠣᠯᠭᠠᠵᠤ᠂ ᠡᠷᠡᠬᠦᠯ ᠮᠡᠨᠳᠦ ᠶᠢᠨ ᠨᠤᠭᠤᠭᠠᠨ ᠥᠩᠭᠡᠳᠦ ᠺᠣᠳ᠋ ᠢ ᠰᠢᠨ᠎ᠡ ᠪᠠᠷ ᠣᠯᠭᠤᠨ᠎ᠠ᠃ ᠲᠤᠰ ᠡᠳᠦᠷ ᠠᠴᠠ ᠡᠬᠢᠯᠡᠨ᠂ ᠤᠯᠤᠰ ᠤᠨ ᠳᠤᠳᠤᠭᠠᠳᠤ ᠶᠢᠨ ᠪᠤᠰᠤᠳ ᠬᠢᠵᠢᠭ ᠤᠨ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠬᠠᠷᠢᠵᠤ ᠢᠷᠡᠭᠰᠡᠳ ᠲᠤ ︽14 ᠡᠳᠦᠷ ᠤᠨ ᠲᠥᠪᠯᠡᠷᠡᠬᠦᠯᠦᠨ ᠲᠤᠰᠠᠭᠠᠷᠯᠠᠯᠲᠠ ᠬᠢᠬᠦ + 2 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠎ᠠ᠃ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠳᠤᠮᠳᠠ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠳ ᠲᠤ ︽14 ᠡᠳᠦᠷ ᠤᠨ ᠭᠡᠷ ᠲᠤᠨᠢ ᠲᠤᠰᠠᠭᠠᠷᠯᠠᠯᠲᠠ ᠬᠢᠬᠦ + 2 ᠤᠳᠠᠭᠠᠨ ᠤ ᠪᠦᠬᠡᠮ ᠬᠦᠴᠢᠯ ᠤᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠤᠨ᠎ᠠ᠃        ᠬᠤᠶᠠᠷ᠂ ᠬᠤᠰᠢᠭᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠶᠢᠯᠠᠩ ᠲᠦᠷᠦᠬᠦᠯᠡᠨ ᠬᠠᠷᠢᠭᠤᠴᠠᠵᠤ᠂ ᠡᠯ᠎ᠡ ᠰᠣᠮᠣ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠪᠤᠳᠠᠳᠠᠢ ᠬᠠᠷᠢᠭᠤᠴᠠᠨ᠂ ᠶᠦᠨᠨᠠᠨ ᠬᠤᠲᠠ ᠶᠢᠨ ᠳ᠋ᠧ ᠬᠤᠩ ᠵᠸᠦ ᠶᠢᠨ ᠷᠦᠢ ᠯᠢ ᠬᠤᠲᠠ᠂ ᠯᠥᠩ ᠴᠤᠸᠠᠨ ᠰᠢᠶᠠᠨ᠂ ᠵᠢᠶᠠᠩᠰᠤ ᠮᠤᠵᠢ ᠶᠢᠨ ᠨᠠᠨᠵᠢᠩ ᠬᠤᠲᠠ ᠵᠡᠷᠭᠡ ᠤᠯᠤᠰ ᠤᠨ ᠲᠤᠳᠤᠭᠠᠳᠤ ᠶᠢᠨ ᠬᠢᠵᠢᠭ ᠤᠨ ᠳᠤᠮᠳᠠ᠂ ᠥᠨᠳᠦᠷ ᠲᠡᠰ ᠤᠨ ᠲᠦᠭᠰᠢᠬᠦᠶᠢᠲᠦ ᠭᠠᠵᠠᠷ ᠣᠷᠤᠨ ᠠᠴᠠ ᠢᠷᠡᠭᠰᠡᠨ ᠬᠦᠮᠦᠰ ᠲᠤ ᠮᠦᠷᠳᠡᠨ ᠪᠠᠶᠢᠴᠠᠭᠠᠯᠲᠠ ᠬᠢᠬᠦ ᠠᠵᠢᠯ᠂ ᠣᠨᠴᠠᠭᠠᠶᠢᠯᠠᠨ 7 ᠰᠠᠷ᠎ᠠ ᠶᠢᠨ 6 ᠤ ᠡᠳᠦᠷ ᠠᠴᠠ ᠨᠠᠭᠠᠰᠢ ᠨᠠᠨᠵᠢᠩ ᠤᠨ ᠯᠤ᠋ ᠺᠸᠦ ᠨᠢᠰᠭᠡᠯ ᠤᠨ ᠪᠠᠭᠤᠳᠠᠯ ᠠᠴᠠ ᠢᠷᠡᠭᠰᠡᠳ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠪᠦᠬᠦᠶᠢᠯᠡ ᠬᠦᠮᠦᠰ ᠢ ᠮᠦᠷᠲᠡᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠪᠠ ᠪᠦᠬᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠡᠷᠬᠡᠪᠰᠢ ᠰᠠᠶᠢᠲᠤᠷ ᠪᠡᠶᠡᠯᠡᠬᠦᠯᠵᠦ᠂ ᠪᠠᠶᠢᠴᠠᠭᠠᠬᠤ ᠵᠤᠬᠢᠰᠲᠠᠢ ᠶᠢ ᠡᠷᠬᠡᠪᠰᠢ ᠪᠠᠶᠢᠴᠠᠭᠠᠵᠤ᠂ ᠪᠦᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠤᠨ ᠪᠢᠯᠢᠭ ᠴᠢᠨᠠᠷᠲᠠᠢ ᠬᠦᠮᠦᠰ ᠢ ᠢᠯᠡᠷᠡᠬᠦᠯᠪᠡᠯ᠂ ᠲᠠᠷᠤᠶᠢᠬᠠᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭᠵᠢᠬᠦᠯᠦᠨ᠂ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ ᠠᠷᠭᠠᠴᠠᠬᠤ᠂ ᠲᠠᠷᠤᠢ ᠲᠦᠷᠭᠡᠨ ᠰᠢᠢᠳᠪᠦᠷᠢᠯᠡᠬᠦ ᠶᠢ ᠪᠠᠷᠢᠮᠲᠠᠯᠠᠵᠤ᠂ ᠬᠢᠵᠢᠭ ᠤᠨ ᠬᠠᠯᠳᠠᠪᠦᠷᠢᠯᠠᠨ ᠲᠠᠷᠬᠠᠬᠤ ᠶᠢ ᠴᠢᠩᠭ᠎ᠠ ᠬᠤᠷᠢᠭᠯᠠᠬᠤ ᠬᠡᠷᠡᠭᠳᠡᠢ᠃        ᠭᠤᠷᠪᠠ᠂ ︽ᠲᠥᠷᠪᠡ ᠶᠢ ᠡᠷᠲᠡ ᠬᠢᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠨᠠᠶᠢᠳᠠᠪᠦᠷᠢᠵᠢᠭᠤᠯᠵᠤ᠂ ᠥᠪᠡᠷᠲᠡᠭᠡᠨ ᠵᠠᠰᠠᠬᠤ ᠣᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠬᠦᠮᠦᠨ᠂ ᠪᠤᠳᠠᠰ᠂ ᠣᠷᠴᠢᠨ ᠲᠤᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠳᠠᠯᠠᠵᠤ᠂ ᠭᠠᠳᠠᠭᠠᠳᠤ ᠠᠴᠠ ᠤᠷᠤᠭᠤᠯᠤᠭᠰᠠᠨ ᠬᠦᠯᠳᠡᠭᠡᠭᠰᠡᠨ ᠢᠳᠡᠭᠡᠨ ᠪᠠ ᠲᠤᠬᠠᠶᠢᠯᠠᠭᠰᠠᠨ ᠠᠵᠢᠯᠲᠠᠨ᠂ ᠲᠥᠪᠯᠡᠷᠡᠬᠦᠯᠦᠨ ᠲᠤᠰᠠᠭᠠᠷᠯᠠᠯᠲᠠ ᠬᠢᠬᠦ ᠭᠠᠵᠠᠷ ᠪᠠ ᠦᠢᠯᠡᠴᠢᠯᠡᠬᠦ ᠬᠦᠮᠦᠰ᠂ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠤ ᠲᠤᠰᠬᠠᠢ ᠡᠮᠴᠢᠯᠡᠭᠡᠨ ᠤ ᠪᠠᠶᠢᠭᠤᠯᠤᠮᠵᠢ ︵ᠠᠷᠠᠳ ᠤᠨ ᠡᠮᠨᠡᠯᠭᠡ ᠶᠢᠨ ᠬᠤᠷᠢᠶ᠎ᠠ︶ ᠶᠢᠨ ᠡᠮᠴᠢ ᠠᠵᠢᠯᠲᠠᠨ᠂ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ᠪᠠ ᠪᠠᠴᠢᠮ ᠠᠪᠤᠷᠠᠬᠤ ᠵᠡᠷᠭᠡ ᠰᠠᠯᠠᠭ᠎ᠠ ᠲᠠᠰᠤᠭ ᠤᠨ ᠡᠮᠴᠢ ᠠᠵᠢᠯᠲᠠᠨ᠂ ᠵᠠᠬ᠎ᠠ ᠳᠡᠯᠭᠡᠬᠦᠷ ᠤᠨ ᠬᠢᠨᠠᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯᠲᠠᠳ ᠵᠡᠷᠭᠡ ᠳᠤ ᠭᠠᠷᠠᠭ ᠪᠦᠷᠢ ᠪᠦᠭᠡᠮ ᠬᠦᠴᠢᠯ ᠤᠨ ᠪᠠᠶᠢᠴᠠᠭᠠᠯᠲᠠ ᠬᠢᠬᠦ ᠪᠠ ᠪᠤᠰᠤᠳ ᠭᠤᠤᠯᠳᠠᠯᠭ᠎ᠠ ᠲᠠᠢ ᠬᠦᠮᠦᠰ᠂ ᠪᠠᠶᠢᠭᠤᠯᠤᠮᠵᠢ᠂ ᠣᠷᠤᠨ ᠲᠠᠯᠠᠪᠤᠷ ᠲᠤ ᠭᠠᠷᠠᠭ ᠪᠦᠷᠢ ᠶᠠᠩᠵᠤ ᠰᠤᠭᠤᠯᠤᠨ ᠪᠦᠬᠡᠮ ᠬᠦᠴᠢᠯ ᠤᠨ ᠪᠠᠶᠢᠴᠠᠭᠠᠯᠲᠠ ᠬᠢᠬᠦ ᠠᠵᠢᠯ ᠢ ᠰᠠᠶᠢᠲᠤᠷ ᠬᠢᠵᠤ᠂ ᠡᠪᠡᠳᠴᠢᠨ ᠤ ᠵᠢᠱᠢᠶ᠎ᠡ ᠶᠢ ᠴᠠᠭ ᠲᠤᠬᠠᠢ ᠲᠤᠨᠢ ᠢᠯᠡᠷᠡᠬᠦᠯᠬᠦ ᠪᠠ ᠲᠦᠷᠭᠡᠨ ᠪᠦᠬᠡᠳ ᠣᠨᠣᠪᠴᠢᠲᠠᠢ ᠬᠢᠨᠠᠨ ᠪᠠᠶᠢᠴᠠᠭᠠᠵᠤ᠂ ᠤᠷᠢᠳᠴᠢᠯᠠᠨ ᠰᠡᠷᠡᠮᠵᠢᠯᠡᠬᠦᠯᠬᠦ ᠴᠢᠳᠠᠪᠦᠷᠢ ᠪᠠᠨ ᠦᠨᠡᠨᠬᠦ ᠲᠡᠭᠡᠭᠰᠢᠯᠡᠬᠦᠯᠬᠦ ᠬᠡᠷᠡᠭᠳᠡᠢ᠃        ᠲᠥᠷᠪᠡ᠂ ᠣᠷᠴᠢᠮ ᠤᠨ ᠬᠤᠭᠤᠴᠠᠭᠠᠨ ᠳᠤ ᠤᠯᠤᠰ ᠤᠨ ᠳᠤᠳᠤᠭᠠᠳᠤ ᠶᠢᠨ ᠬᠢᠵᠢᠭ ᠤᠨ ᠪᠠᠶᠢᠳᠠᠯ ᠳᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠳᠤ ᠠᠶᠠᠯᠠᠵᠤ ᠰᠠᠭᠤᠷᠢᠭᠰᠠᠨ ᠦᠩᠭᠡᠷᠡᠯᠲᠡ ᠲᠠᠢ ᠬᠦᠮᠦᠰ ︵ᠨᠠᠨᠵᠢᠩ ᠤᠨ ᠯᠦ ᠺᠸᠦ ᠨᠢᠰᠭᠡᠯ ᠤᠨ ᠪᠠᠭᠤᠳᠠᠯ ᠳᠤ ᠣᠴᠢᠵᠤ ᠦᠩᠭᠡᠷᠡᠭᠰᠡᠨ ᠬᠦᠮᠦᠰ ᠢ ᠪᠠᠭᠲᠠᠭᠠᠨ᠎ᠠ︶ ᠲᠠᠷᠤᠶᠢᠬᠠᠨ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠡᠶᠢᠭᠤᠯᠭ᠎ᠠ ᠨᠢᠭᠡᠴᠡ ᠪᠣᠶᠣ ᠬᠤᠰᠢᠭᠤ ᠵᠢᠯᠤᠭᠤᠳᠬᠤ ᠬᠡᠯᠲᠡᠰ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ︵0479 —6222615︶᠂ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ ︵110᠂ 0479—6224814︶ ᠳᠤ ᠮᠡᠳᠡᠬᠦᠯᠵᠦ᠂ ᠰᠡᠷᠭᠡᠶᠢᠯᠡᠨ ᠡᠵᠡᠮᠳᠡᠬᠦ ᠠᠵᠢᠯ ᠲᠠᠢ ᠰᠠᠶᠢᠲᠤᠷ ᠬᠠᠮᠵᠢᠯᠴᠠᠬᠤ ᠬᠡᠷᠡᠭᠳᠡᠢ᠃ ᠬᠡᠷᠪᠡ ᠬᠠᠯᠠᠭᠤᠷᠬᠠᠤ᠂ ᠬᠠᠨᠢᠶᠠᠬᠤ᠂ ᠬᠤᠭᠤᠯᠠᠢ ᠡᠪᠡᠳᠬᠦ᠂ ᠦᠨᠦᠷᠯᠡᠬᠦ ᠰᠡᠷᠡᠯ ᠮᠠᠭᠤᠳᠠᠬᠤ ᠪᠤᠶᠤ ᠰᠠᠭᠤᠯᠭᠠᠬᠤ ᠵᠡᠷᠭᠡ ᠢᠯᠡᠷᠡᠯ ᠭᠠᠷᠪᠠᠯ᠂ ᠳᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠳᠡᠨ ᠢ ᠡᠮᠴᠢᠯᠡᠬᠦ ᠡᠬᠦᠳᠡᠨ ᠡᠮᠨᠡᠯᠭᠡ ᠳᠤ ᠬᠦᠷᠴᠦ ᠡᠮᠴᠢᠯᠡᠬᠦᠯᠦᠨ᠎ᠡ᠃ ᠦᠷᠭᠡᠨ ᠣᠯᠠᠨ ᠲᠥᠮᠡᠨ ᠤᠬᠠᠮᠰᠠᠷ ᠠᠴᠠ ᠪᠠᠨ ︽ᠠᠷᠠᠳ ᠢᠷᠭᠡᠳ ᠤᠨ ᠡᠪᠡᠳᠴᠢᠨ ᠬᠢᠵᠢᠭ ᠢ ᠰᠡᠷᠭᠡᠶᠢᠯᠡᠬᠦ ᠦᠢᠯᠡ ᠠᠵᠢᠯᠯᠠᠭᠠᠨ ᠤ ᠲᠥᠷᠢᠮᠵᠢᠯ︾ ᠢ ᠵᠢᠷᠤᠮᠯᠠᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠠᠮᠠᠪᠴᠢ ᠵᠡᠬᠦᠬᠦ᠂ ᠭᠠᠷ ᠢᠶᠠᠨ ᠰᠠᠶᠢᠲᠤᠷ ᠤᠬᠢᠶᠠᠬᠤ᠂ ᠠᠭᠠᠷ ᠰᠠᠯᠬᠢ ᠨᠡᠪᠳᠡᠷᠡᠬᠦᠯᠬᠦ᠂ ᠤᠯᠠᠭᠤᠯᠠ ᠴᠤᠭᠯᠠᠷᠠᠬᠤ ᠦᠬᠡᠢ ᠪᠠᠶᠢᠬᠤ᠂ ᠨᠢᠭᠡ ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠤᠯᠠᠬᠤ ᠵᠡᠷᠭᠡ ᠰᠠᠶᠢᠨ ᠰᠠᠶᠢᠬᠠᠨ ᠡᠷᠡᠬᠦᠯ ᠬᠠᠮᠠᠭᠠᠯᠠᠯ ᠤᠨ ᠲᠠᠳᠬᠠᠯ ᠪᠠ ᠡᠷᠡᠬᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠨ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠦᠨᠡᠨᠬᠦ ᠳᠡᠭᠡᠭᠰᠢᠯᠡᠬᠦᠯᠦᠨ᠎ᠡ᠃        ᠲᠠᠪᠤ᠂ ᠰᠢᠨ᠎ᠡ ᠲᠢᠳᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠪᠣᠯ ᠤᠳᠤᠬᠠᠨ ᠤ ᠬᠢᠵᠢᠭ ᠢ ᠰᠡᠷᠭᠡᠶᠢᠯᠡᠬᠦ ᠬᠠᠮᠤᠭ ᠤᠨ ᠪᠦᠳᠦᠮᠵᠢᠲᠡᠢ ᠠᠷᠭ᠎ᠠ ᠬᠡᠮᠵᠢᠶ᠎ᠡ ᠪᠤᠯᠤᠨ᠎ᠠ᠃ ᠤᠳᠤᠬᠠᠨ ᠳᠤ ᠮᠠᠨ ᠤ ᠬᠤᠰᠢᠭᠤᠨ ᠤ ᠸᠠᠺᠼᠢᠨ ᠤ ᠬᠠᠩᠭᠠᠯᠭ᠎ᠠ ᠬᠦᠢᠴᠡᠳ ᠪᠠᠶᠢᠭ᠎ᠠ ᠪᠤᠯᠬᠤᠷ᠂ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠣᠯᠠᠨ ᠲᠥᠮᠡᠨ ︽ᠬᠦᠪᠡᠭᠡᠲᠦ ᠰᠢᠷ᠎ᠠ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ︾ ᠤᠨ ᠣᠯᠠᠨ ᠨᠡᠶᠢᠲᠡ ᠶᠢᠨ ᠸᠢᠴᠠᠲ ᠲᠠᠪᠴᠠᠩ ᠲᠤ ᠢᠮᠠᠭᠲᠠ ᠠᠩᠬᠠᠷᠤᠯ ᠢᠶᠠᠨ ᠬᠠᠨᠳᠤᠭᠤᠯᠵᠤ᠂ ᠸᠠᠺᠼᠢᠨ ᠲᠠᠷᠢᠬᠤ ᠴᠠᠭ ᠬᠤᠭᠤᠴᠠᠭ᠎ᠠ ᠪᠠ ᠲᠠᠯᠠᠪᠤᠷ ᠤᠨ ᠲᠤᠬᠠᠢ ᠬᠠᠮᠢᠶ᠎ᠠ ᠪᠦᠬᠦᠢ ᠮᠡᠳᠡᠭᠳᠡᠯ ᠢ ᠰᠠᠶᠢᠲᠤᠷ ᠠᠩᠬᠠᠷᠴᠤ᠂ ᠴᠠᠭ ᠬᠤᠭᠤᠴᠠᠭ᠎ᠠ ᠠᠯᠤᠰᠯᠠᠨ ᠸᠠᠺᠼᠢᠨ ᠲᠠᠷᠢᠬᠤ ᠰᠠᠨᠠᠭᠤᠯᠤᠮᠵᠢ ᠶᠢ ᠦᠨᠳᠦᠰᠦᠯᠡᠨ᠂ ᠬᠤᠶᠠᠷ ᠤᠳᠠᠭᠠᠨ ᠤ ᠲᠠᠷᠢᠯᠭ᠎ᠠ ᠪᠠᠨ ᠲᠤᠭᠲᠠᠭᠰᠠᠨ ᠴᠠᠭ  ᠲᠤ ᠲᠠᠷᠢᠭᠤᠯᠤᠨ ᠲᠠᠭᠤᠰᠬᠠᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠳᠤᠳᠬᠠᠵᠤ᠂ ᠤᠯᠠᠨ ᠨᠡᠶᠢᠲᠡ ᠶᠢᠨ ᠲᠠᠷᠬᠠᠯᠠᠭ᠎ᠠ ᠶᠢ ᠪᠤᠢ ᠪᠤᠯᠭᠠᠨ᠂ ᠰᠡᠷᠭᠡᠶᠢᠯᠡᠯᠲᠡ ᠶᠢᠨ ᠬᠠᠯᠠᠬᠪᠴᠢ ᠶᠢ ᠴᠤᠭᠴᠠᠯᠠᠨ ᠪᠠᠶᠢᠭᠤᠯᠤᠶ᠎ᠠ᠃         ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ                         2021 ᠤᠨ ᠤ 7 ᠰᠠᠷᠠᠶᠢᠨ 28 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号