7 ᠰᠠᠷ᠎ᠠ ᠶᠢᠨ 27 ᠤ ᠡᠳᠦᠷ᠂ ᠣᠩᠭᠤᠨ ᠠᠭᠤᠯᠠ ᠰᠣᠮᠣᠨ ᠤ ᠪᠠᠶᠢᠭᠤᠯᠤᠯᠭ᠎ᠠ ᠶᠢᠨ ᠨᠠᠮ ᠤᠨ ᠡᠭᠦᠷ《 | ᠨᠠᠮ ᠤᠨ ᠲᠡᠦᠬᠡ ᠶᠢ ᠰᠣᠷᠣᠯᠴᠠᠵᠤ᠂ ᠦᠵᠡᠯ ᠰᠠᠨᠠᠭ᠎ᠠ ᠪᠠᠨ ᠰᠡᠬᠡᠬᠡᠷᠡᠭᠦᠯᠵᠤ᠂ ᠪᠣᠳᠠᠲᠤ ᠶᠠᠪᠤᠳᠠᠯ ᠬᠢᠵᠦ᠂ ᠰᠢᠨ᠎ᠡ | ᠪᠠᠶᠢᠳᠠᠯ ᠢ ᠡᠭᠦᠳᠬᠦ 》 ᠭᠤᠤᠯ ᠰᠡᠳᠦᠪ ᠤᠨ ᠲᠣᠭᠤᠷᠢᠨ ᠳᠤ᠂ 《 ᠲᠡᠦᠬᠡ ᠶᠢ ᠰᠤᠷᠤᠯᠴᠠᠨ ᠶᠣᠰᠣ ᠤᠴᠢᠷ ᠢ | ᠣᠶᠢᠯᠠᠭᠠᠵᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠵᠦ᠂ ᠲᠡᠦᠬᠡ ᠶᠢ ᠰᠤᠷᠤᠯᠴᠠᠨ ᠶᠣᠰᠣ ᠰᠣᠷᠲᠠᠬᠤᠨ | ᠢ ᠡᠷᠬᠢᠮᠯᠡᠵᠦ᠂ ᠲᠡᠦᠬᠡ ᠶᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ 》 ᠱᠠᠭᠠᠷᠳᠠᠯᠭ᠎ᠠ ᠶᠢ ᠬᠢᠨᠠᠮᠠᠭᠠᠶ | ᠲᠤᠤᠱᠯᠠᠭᠤᠯᠵᠤ᠂ ᠲᠣᠰ ᠤᠳᠠᠭᠠᠨ ᠤ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ | ᠢ ᠬᠤᠷᠠᠯᠳᠤᠭᠤᠯᠪᠠ ᠃ ᠮᠠᠨ ᠤ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ᠂ | ᠪᠠᠶᠢᠭᠤᠯᠤᠯᠭ᠎ᠠ ᠶᠢᠨ ᠨᠠᠮ ᠤᠨ ᠡᠭᠦᠷ ᠤᠨ ᠱᠦᠵᠢ ᠬᠥᠭᠵᠢᠯ ᠨᠥᠬᠦᠷ ᠬᠤᠷᠠᠯ ᠢ ᠡᠷᠭᠢᠯᠡᠵᠦ᠂ ᠰᠤᠮᠤᠨ ᠤ ᠨᠠᠮ ᠵᠠᠰᠠᠭ | ᠤᠨ ᠤᠳᠤᠷᠢᠳᠬᠤ ᠪᠠᠭ ᠤᠨ ᠪᠦᠷᠢᠯᠳᠦᠬᠦᠨ ᠡᠩ ᠤᠨ ᠨᠠᠮ ᠤᠨ ᠭᠡᠰᠢᠭᠦᠨ ᠤ ᠬᠤᠪᠢ ᠪᠠᠷ ᠣᠷᠣᠯᠴᠠᠵᠤ᠂ | ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ | ᠤᠨ ᠳᠡᠳ᠋ ᠳᠠᠷᠤᠭ᠎ᠠ ᠴᠢᠦᠶ ᠵᠢᠶᠠᠨ ᠹᠦ᠋᠂ ᠴᠦᠨ ᠬᠤᠸᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃ | ᠬᠤᠷᠠᠯ ᠳᠡᠭᠡᠷ᠎ᠡ᠂ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠬᠥᠭᠵᠢᠯ ᠠᠴᠠ ᠨᠠᠮ ᠤᠨ ᠡᠭᠦᠷ ᠤᠨ | ᠭᠡᠰᠢᠭᠦᠳ ᠢ ᠲᠥᠯᠥᠭᠡᠯᠡᠨ ᠳᠡᠭᠡᠷ᠎ᠡ ᠬᠠᠭᠠᠰ ᠵᠢᠯ ᠤᠨ ᠨᠠᠮ ᠤᠨ ᠡᠭᠦᠷ ᠤᠨ ᠠᠵᠢᠯ ᠤᠨ ᠪᠠᠶᠢᠳᠠᠯ᠂ ᠢᠯᠠᠩᠭᠤᠶ᠎ᠠ ᠨᠠᠮ | ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠳᠠᠯ ᠢ ᠮᠡᠳᠡᠭᠦᠯᠵᠦ᠂ ᠨᠠᠮ ᠤᠨ ᠡᠭᠦᠷ ᠤᠨ ᠵᠦᠪᠯᠡᠯ ᠤᠨ | ᠠᠰᠠᠭᠤᠳᠠᠯ ᠪᠠᠶᠢᠴᠠᠭᠠᠨ ᠦᠵᠡᠬᠦ ᠪᠠᠶᠢᠳᠠᠯ ᠢ ᠨᠡᠶᠢᠲᠡᠯᠡᠵᠤ᠂ ᠥᠪᠡᠷ ᠤᠨ ᠰᠢᠭᠦᠮᠵᠢᠯᠡᠯ ᠢ ᠳᠠᠭᠠᠭᠤᠯᠣᠨ ᠥᠷᠨᠢᠭᠦᠯᠪᠡ | ᠃ | ᠪᠦᠬᠦ ᠨᠠᠮ ᠤᠨ ᠭᠡᠰᠢᠭᠦᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ | ᠲᠠᠢ ᠬᠠᠷᠭᠤᠭᠤᠯᠵᠤ᠂ ᠲᠤᠰ ᠪᠡᠶ᠎ᠡ ᠶᠢᠨ ᠦᠵᠡᠯ ᠰᠠᠨᠠᠭ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢᠬᠢ ᠣᠯᠤᠯᠲᠠ᠂ ᠣᠷᠣᠰᠢᠵᠤ | ᠪᠠᠶᠢᠭ᠎ᠠ ᠠᠰᠠᠭᠤᠳᠠᠯ ᠢ ᠪᠠᠶᠢᠴᠠᠭᠠᠨ ᠦᠵᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ | ᠬᠤᠶᠢᠰᠢᠳᠠ ᠶᠢᠨ ᠴᠢᠷᠮᠠᠶᠢᠬᠤ ᠴᠢᠭᠯᠡᠯ ᠢ ᠳᠤᠷᠠᠳᠴᠤ᠂ ᠬᠠᠷᠢᠯᠴᠠᠨ ᠠᠬᠢᠭᠤᠯᠵᠤ᠂ ᠬᠠᠮᠲᠤ ᠪᠠᠷ ᠳᠡᠭᠡᠭᠰᠢᠯᠡᠭᠦᠯᠬᠦ | ᠬᠠᠷᠠᠯᠲᠠ ᠳᠤ ᠬᠦᠷᠴᠡᠢ ᠃ | ᠴᠢᠦᠶ ᠳᠤᠭᠤᠶᠢᠯᠠᠩ ᠤᠨ ᠳᠠᠷᠤᠭ᠎ᠠ ᠲᠣᠰ ᠤᠳᠠᠭᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ | ᠤᠨ ᠲᠤᠰᠬᠠᠶ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠬᠦ ᠶᠢᠨ ᠬᠠᠮᠲᠤ | ᠮᠠᠨ ᠤ ᠡᠭᠦᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ | ᠤᠨ ᠬᠤᠷᠠᠯ ᠤᠨ ᠳᠠᠷᠠᠭᠠᠬᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠰᠠᠨᠠᠯ ᠰᠠᠨᠠᠭᠤᠯᠭ᠎ᠠ ᠳᠤᠷᠠᠳᠪᠠ ᠃ ᠴᠢᠦᠶ | ᠵᠢᠶᠠᠨ ᠹᠦ᠋ ᠠᠴᠠ ᠣᠩᠭᠤᠨ ᠠᠭᠤᠯᠠ ᠰᠣᠮᠣᠨ ᠤ ᠨᠠᠮ ᠤᠨ ᠬᠤᠷᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠤᠨ ᠵᠢᠯᠣᠭᠤᠳᠬᠤ ᠴᠢᠨᠠᠷ᠂ ᠴᠢᠭᠯᠡᠯᠲᠦ | ᠴᠢᠨᠠᠷ ᠪᠣᠯᠤᠨ ᠬᠡᠷᠡᠭᠵᠢᠭᠦᠯᠬᠦ ᠴᠢᠨᠠᠷ ᠢᠶᠠᠷ ᠨᠡᠯᠢᠶᠡᠳ ᠴᠢᠩᠭ᠎ᠠ ᠪᠠᠶᠢᠨ᠎ᠠ᠂ ᠪᠥᠬᠦ ᠨᠠᠮ ᠤᠨ ᠭᠡᠰᠢᠭᠦᠨ ᠢᠮᠠᠭᠲᠠ ᠨᠠᠮ | ᠤᠨ ᠲᠡᠦᠬᠡ ᠶᠢ ᠰᠤᠷᠤᠯᠴᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ《 7.1 》 ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ 《 32 ᠥᠰᠥᠭ 》 ᠤᠨ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠪᠣᠯᠤᠨ 《 ᠶᠢᠰᠦᠨ ᠡᠷᠬᠡᠪᠰᠢ 》 ᠶᠢᠨ ᠴᠢᠬᠤᠯᠠ ᠠᠴᠢ ᠬᠤᠯᠪᠣᠭᠳᠠᠯ ᠢ | ᠣᠶᠢᠯᠠᠭᠠᠵᠤ᠂ ᠨᠠᠮ ᠤᠨ ᠲᠡᠦᠬᠡ ᠶᠢ ᠰᠤᠷᠤᠯᠴᠠᠨ ᠣᠶᠢᠯᠠᠭᠠᠬᠤ ᠵᠣᠷᠢᠭ ᠰᠠᠨᠠᠭᠠᠨ ᠤ ᠬᠦᠴᠦᠨ ᠢ ᠦᠨᠡᠨ ᠬᠦ ᠠᠵᠢᠯ | ᠬᠢᠵᠦ ᠦᠶᠯᠡᠰ ᠪᠤᠰᠬᠠᠬᠤ᠂ ᠬᠦᠴᠢᠷ ᠢ ᠳᠤᠭᠤᠯᠤᠨ ᠪᠡᠷᠬᠡ ᠶᠢ ᠳᠠᠪᠠᠭ᠋ᠤ ᠠᠵᠢᠯ ᠤᠨ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃ | ᠡᠴᠦᠰ ᠲᠤ᠂ ᠠᠰᠬᠠᠨ ᠨᠥᠬᠦᠷ ᠳ᠋ᠦᠩᠨᠡᠯᠲᠡ ᠬᠢᠬᠦ ᠶᠢᠨ ᠬᠠᠮᠲᠤ᠂ ᠡᠨᠡ ᠣᠳᠠᠭᠠᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠭᠤᠣᠯ ᠰᠡᠳᠦᠪ ᠤᠨ ᠲᠣᠭᠤᠷᠢᠨ ᠳᠤ᠂ ᠠᠰᠠᠭᠤᠳᠠᠯ ᠢ ᠨᠠᠷᠢᠨ | ᠬᠢᠨᠠᠮᠠᠭᠠᠢ ᠵᠠᠳᠠᠯᠵᠤ᠂ ᠢᠯᠡᠷᠡᠭᠦᠯᠵᠦ᠂ ᠪᠦᠬᠦ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ | ᠳᠡᠭᠡᠭᠰᠢᠯᠡᠭᠦᠯᠵᠦ᠂ 《 ᠳᠦᠷᠪᠡᠨ ᠤᠬᠠᠮᠰᠠᠷ 》 ᠢᠶᠠᠨ ᠴᠢᠩᠭᠠᠳᠬᠠᠵᠤ᠂ 《 ᠳᠦᠷᠪᠡᠨ ᠢᠲᠡᠭᠡᠯ 》 ᠢᠶᠠᠨ | ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ᠂ ᠬᠤᠶᠢᠰᠢᠳᠠ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠣᠶᠠᠯᠳᠣᠭᠤᠯᠵᠣ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | |