ᠤᠯᠠᠷᠢᠯ ᠰᠣᠯᠢᠭᠳᠠᠬᠤ ᠦᠶ᠎ᠡ ᠪᠤᠯ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠣᠯᠠᠨ ᠡᠭᠦᠰᠬᠦ | ᠬᠤᠭᠤᠴᠠᠭ᠎ᠠ ᠪᠤᠯᠤᠨ᠎ᠠ᠂ ᠬᠠᠮᠠᠷ ᠢᠶᠠᠨ ᠨᠢᠰᠤ ᠲᠠᠢ ᠬᠡᠳ ᠬᠠᠮᠢᠭᠠᠰᠢ ᠪᠠᠨ ᠬᠠᠶᠠᠬᠤᠪ︖ ᠳᠡᠰᠳᠡᠭ ᠯᠠ ᠬᠡᠷᠡᠭ᠂ | ᠬᠠᠷᠢᠨ ᠬᠡᠷᠬᠢᠨ ᠪᠦᠲᠦᠮᠵᠢᠲᠡᠶ ᠰᠡᠷᠭᠡᠶᠢᠯᠡᠬᠦ ᠪᠤᠢ ᠬᠡᠳᠡᠭ ᠨᠢ ᠣᠯᠠᠨ ᠤ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ | ᠠᠰᠠᠭᠤᠳᠠᠯ ᠪᠤᠯᠵᠠᠢ᠃ | 2021 ᠣᠨ ᠤ 8 ᠰᠠᠷ᠎ᠠ ᠶᠢᠨ 9 ᠠᠴᠠ 15 ᠤ ᠡᠳᠦᠷ ᠪᠣᠯᠲᠠᠯ᠎ᠠ ᠪᠣᠯ ᠮᠠᠨ ᠤ ᠤᠯᠤᠰ ᠤᠨ ᠵᠢᠷᠭᠤᠭᠠᠳᠠᠬᠢ | ︽ᠳᠤᠮᠳᠠᠳᠤ ᠤᠯᠤᠰ ᠤᠨ ᠬᠠᠷᠰᠢᠮᠠᠲᠠᠭᠠᠶ ᠡᠪᠡᠳᠴᠢᠨ ᠢ ᠰᠡᠷᠭᠡᠶᠢᠯᠡᠨ ᠵᠠᠰᠠᠬᠤ ᠭᠠᠷᠠᠭ︾ ᠪᠣᠯᠤᠨ᠎ᠠ᠂ ᠡᠨᠡ ᠵᠢᠯ ᠤᠨ | ᠭᠤᠤᠯ ᠰᠡᠳᠦᠪ ᠪᠣᠯ ︽ᠡᠷᠡᠭᠦᠯ ᠡᠩᠭᠡ ᠳᠤᠮᠳᠠᠳᠤ ᠤᠯᠤᠰ ᠤᠨ ᠠᠵᠢᠯᠯᠠᠭ᠎ᠠ᠂ ᠬᠦᠨᠳᠦ ᠨᠣᠴᠢᠲᠠᠶ ᠬᠠᠷᠰᠢᠮᠠᠲᠠᠭᠠᠶ | ᠤᠷᠪᠠᠯ ᠢ ᠰᠡᠷᠭᠡᠶᠢᠯᠡᠨ ᠵᠠᠰᠠᠶ᠎ᠠ︾᠃ ᠬᠠᠮᠢᠶ᠎ᠠ ᠪᠦᠬᠦᠢ ᠮᠡᠷᠭᠡᠵᠢᠯᠲᠡᠨ ᠤ ᠢᠯᠡᠷᠬᠡᠶᠢᠯᠡᠭᠰᠡᠨ ᠢᠶᠠᠷ᠂ ᠬᠦᠨᠳᠦ ᠨᠣᠴᠢᠲᠠᠶ | ᠬᠠᠷᠰᠢᠮᠠᠲᠠᠭᠠᠶ ᠤᠷᠪᠠᠯ ᠨᠢ ᠠᠮᠢ ᠨᠠᠰᠤ ᠶᠢ ᠰᠦᠷᠳᠡᠭᠦᠯᠵᠦ ᠮᠡᠳᠡᠨ᠎ᠡ᠂ ᠬᠦᠮᠦᠨ ᠨᠢᠭᠡᠪᠦᠷᠢ ᠴᠥᠮ ᠬᠦᠨᠳᠦ ᠨᠣᠴᠢᠲᠠᠶ | ᠬᠠᠷᠰᠢᠮᠠᠲᠠᠭᠠᠶ ᠤᠷᠪᠠᠯ ᠤᠨ ᠲᠦᠷᠭᠡᠨ ᠠᠪᠤᠷᠬᠠᠤ ᠮᠡᠳᠡᠯᠭᠡ ᠶᠢ ᠣᠶᠢᠯᠠᠭᠠᠬᠤ ᠬᠡᠷᠡᠭᠲᠡᠶ ᠬᠡᠪᠡ᠃ | ᠭᠤᠤᠯ ᠢᠯᠡᠷᠡᠯ | ᠭᠡᠨᠡᠳᠲᠡ ᠶᠢᠨ ᠪᠠ ᠳᠠᠬᠢᠨ ᠳᠠᠪᠲᠠᠨ ᠬᠥᠳᠡᠯᠬᠦ ᠬᠠᠮᠠᠷ ᠪᠥᠭᠯᠡᠷᠡᠬᠦ᠂ ᠬᠠᠮᠠᠷ ᠵᠠᠭᠠᠲᠤᠨᠠᠬᠤ᠂ ᠨᠠᠶᠢᠲᠠᠭᠠᠬᠤ᠂ ᠨᠢᠰᠤ | ᠭᠤᠭᠤᠵᠢᠬᠤ ᠵᠡᠷᠭᠡ ᠢᠯᠡᠷᠡᠯ ᠪᠠᠶᠢᠳᠠᠭ᠃ | ᠲᠦᠷᠦᠯ ᠵᠦᠢᠯ | ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠡᠮᠴᠢᠯᠡᠭᠡᠨ ᠤ ᠢᠯᠡᠷᠡᠯ ᠨᠢ ᠤᠯᠠᠷᠢᠯ ᠢ ᠳᠠᠭᠠᠵᠤ | ᠬᠤᠪᠢᠷᠠᠳᠠᠭ ᠡᠰᠡᠬᠦ ᠶᠢ ᠦᠨᠳᠦᠰᠦᠯᠡᠵᠦ᠂ ᠦᠷᠭᠦᠯᠵᠢ ᠶᠢᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ | ᠦᠷᠪᠢᠰᠦᠯ ᠪᠠ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠭᠡᠵᠦ ᠬᠤᠪᠢᠶᠠᠳᠠᠭ᠃ | ᠡᠭᠦᠰᠬᠦ ᠴᠠᠭ | ᠦᠷᠭᠦᠯᠵᠢ ᠶᠢᠨ ᠴᠢᠨᠠᠷᠳᠠᠢ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠨᠢ ᠵᠢᠯ ᠤᠨ ᠳᠥᠷᠪᠡᠨ | ᠤᠯᠠᠷᠢᠯ ᠳᠤ ᠪᠦᠷ ᠡᠪᠡᠳᠴᠢᠨ ᠤ ᠢᠯᠡᠷᠡᠯ ᠲᠠᠢ᠃ ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠳᠠᠢ ᠬᠠᠮᠠᠷ ᠤᠨ | ᠦᠷᠪᠢᠰᠦᠯ ᠨᠢ ᠤᠯᠠᠷᠢᠯ ᠤᠨ ᠴᠢᠨᠠᠷᠲᠠᠶ ᠡᠭᠦᠰᠴᠦ᠂ ᠣᠯᠠᠩᠬᠢ ᠨᠢ ᠬᠠᠪᠤᠷ᠂ ᠨᠠᠮᠤᠷ ᠤᠨ ᠤᠯᠠᠷᠢᠯ ᠳᠤ ᠡᠭᠦᠰᠳᠡᠭ᠂ | ᠡᠪᠡᠳᠴᠢᠯᠡᠬᠦ ᠦᠶ᠎ᠡ ᠳᠤ ᠦᠳᠲᠡᠷ ᠲᠦᠷᠭᠡᠨ ᠡᠪᠡᠳᠴᠢᠨ ᠤ ᠢᠯᠡᠷᠡᠯ ᠭᠠᠷᠳᠠᠭ᠂ ᠬᠡᠳᠦᠨ ᠴᠠᠭ᠂ ᠬᠡᠳᠦᠨ | ᠡᠳᠦᠷ ᠠᠴᠠ ᠬᠡᠳᠦᠨ ᠭᠠᠷᠠᠭ ᠠᠳᠠᠯᠢ ᠪᠤᠰᠤ ᠦᠷᠭᠦᠯᠵᠢᠯᠡᠵᠦ᠂ ᠬᠥᠳᠡᠯᠬᠦ ᠪᠠ ᠵᠠᠪᠰᠠᠷᠯᠠᠬᠤ ᠬᠤᠭᠤᠴᠠᠭ᠎ᠠ ᠨᠢ | ᠪᠦᠷᠢᠮᠦᠰᠦᠨ ᠬᠡᠪ ᠤᠨ ᠪᠠᠶᠢᠳᠠᠭ᠃ | ᠡᠭᠦᠰᠦᠭᠰᠡᠨ ᠰᠢᠯᠳᠠᠭᠠᠨ | ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠡᠭᠦᠰᠬᠦ ᠶᠢᠨ ᠰᠢᠯᠲᠠᠭᠠᠨ ᠨᠢ ᠡᠭᠡᠯᠢᠯᠡᠭᠡ ᠶᠢᠨ ᠴᠢᠳᠠᠪᠤᠷᠢ | ᠠᠨᠠᠶ ᠠᠴᠠ ᠪᠣᠯᠤᠭᠰᠠᠨ ᠪᠢᠰᠢ᠂ ᠬᠠᠷᠢᠨ ᠪᠡᠶ᠎ᠡ ᠮᠠᠬᠠᠪᠣᠳ ᠤᠨ ᠡᠭᠡᠯᠢᠯᠡᠭᠡ ᠶᠢᠨ ᠢᠯᠭᠠᠨ ᠲᠠᠨᠢᠬᠤ ᠰᠢᠰᠲ᠋ᠧᠮ ᠳᠤ | ᠠᠰᠠᠭᠤᠳᠠᠯ ᠭᠠᠷᠴᠤ᠂ ᠬᠤᠤᠷ ᠥᠬᠡᠶ ᠬᠠᠷᠠᠯᠲᠠ ᠶᠢ ᠬᠤᠤᠷ ᠲᠠᠢ ᠭᠡᠵᠦ ᠦᠵᠡᠭᠡᠳ ᠡᠰᠡᠷᠭᠦᠴᠡᠬᠦ ᠶᠠᠪᠤᠴᠠ ᠳᠠᠭᠠᠨ | ᠵᠠᠷᠢᠮ ᠭᠠᠵᠢᠭᠤ ᠤᠷᠪᠠᠯ ᠭᠠᠷᠳᠠᠭ᠂ ᠵᠢᠱᠢᠶᠡᠯᠡᠪᠡᠯ ᠨᠠᠶᠢᠲᠠᠭᠠᠬᠤ᠂ ᠬᠠᠮᠠᠷ ᠪᠥᠭᠯᠡᠷᠡᠬᠦ ᠵᠡᠷᠭᠡ ᠨᠢ ᠬᠠᠷᠰᠢᠮᠠᠲᠠᠭᠠᠶ | ᠴᠢᠨᠠᠷᠳᠠᠢ ᠬᠠᠮᠠᠷ ᠤᠨ ᠦᠷᠪᠢᠰᠦᠯ ᠪᠣᠯᠵᠤ ᠬᠤᠪᠢᠷᠠᠳᠠᠭ᠃ | ᠤᠷᠢᠳᠴᠢᠯᠡᠨ ᠰᠡᠷᠭᠡᠶᠢᠯᠡᠬᠦ ᠠᠷᠭ᠎ᠠ | • ᠤᠯᠠᠷᠢᠯ ᠤᠨ ᠴᠢᠨᠠᠷᠲᠠᠶ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠢ ᠬᠠᠷᠰᠢᠮᠠᠲᠠᠭᠠᠶ ᠬᠤᠭᠤᠴᠠᠭ᠎ᠠ | ᠪᠣᠯᠬᠤ ᠠᠴᠠ ᠡᠮᠦᠨ᠎ᠠ ᠬᠡᠳᠦᠨ ᠡᠳᠦᠷ ᠠᠴᠠ ᠡᠬᠢᠯᠡᠨ ᠨᠡᠬᠡᠳᠡᠰᠦ ᠶᠢᠨ ᠠᠮᠢᠨ ᠢ ᠡᠰᠡᠷᠭᠦᠴᠡᠬᠦ ᠡᠮ᠂ ᠬᠠᠮᠠᠷ ᠤᠨ | ᠰᠦᠷᠴᠢᠮᠡᠯ ᠬᠤᠷᠮᠣᠨ ᠢ ᠬᠡᠷᠡᠭᠯᠡᠪᠡᠯ ᠡᠪᠡᠳᠴᠢᠨ ᠡᠭᠦᠰᠬᠦ ᠶᠢ ᠰᠡᠷᠭᠡᠶᠢᠯᠡᠬᠦ ᠦᠢᠯᠡᠳᠦᠯ ᠲᠠᠢ ᠶᠤᠮ᠃ | • ᠳᠤᠯᠠᠭᠠᠨ ᠤ ᠬᠤᠪᠢᠷᠠᠯᠲᠠ ᠨᠢ ᠬᠠᠮᠠᠷ ᠤᠨ ᠬᠥᠨᠳᠡᠶ ᠳᠤ ᠰᠡᠳᠦᠯᠲᠡ ᠦᠭᠪᠡᠯ ᠴᠠᠭ ᠲᠤᠬᠠᠢ ᠳᠤᠨᠢ | ᠬᠠᠯᠠᠭᠤᠨ ᠬᠦᠢᠳᠡᠨ ᠢᠶᠠᠨ ᠲᠡᠩᠴᠡᠭᠦᠯᠵᠤ᠂ ᠰᠡᠳᠬᠢᠴᠡ ᠶᠢᠨ ᠪᠠᠶᠢᠳᠠᠯ ᠢᠶᠠᠨ ᠲᠣᠬᠢᠷᠠᠭᠤᠯᠤᠨ᠂ ᠪᠡᠶ᠎ᠡ ᠶᠢᠨ ᠲᠠᠮᠢᠷ ᠤᠨ | ᠪᠣᠯᠪᠠᠰᠤᠷᠠᠯ ᠢᠶᠠᠨ ᠴᠢᠩᠭᠠᠳᠬᠠᠵᠤ᠂ ᠤᠨᠲᠠᠵᠤ ᠠᠮᠠᠷᠠᠬᠤ ᠴᠠᠭ ᠢᠶᠠᠨ ᠰᠠᠶᠢᠳᠤᠷ ᠲᠤᠬᠢᠷᠠᠭᠤᠯᠵᠤ᠂ ᠪᠡᠶ᠎ᠡ ᠶᠢᠨ | ᠠᠵᠢᠯᠯᠠᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠂ ᠪᠡᠶ᠎ᠡ ᠶᠢᠨ ᠡᠯ᠎ᠡ ᠡᠷᠬᠡᠲᠡᠨ ᠤ ᠬᠤᠭᠤᠷᠣᠨᠳᠣᠬᠢ ᠡᠶ᠎ᠡ | ᠵᠣᠬᠢᠴᠠᠩᠭᠤᠶ ᠬᠠᠷᠢᠴᠠᠭ᠎ᠠ ᠶᠢ ᠳᠡᠭᠡᠭᠰᠢᠯᠡᠭᠦᠯᠵᠦ᠂ ᠬᠠᠷᠰᠢᠮᠠᠲᠠᠭᠠᠶ ᠤᠷᠪᠠᠯ ᠢ ᠡᠭᠦᠰᠭᠡᠵᠤ ᠮᠡᠳᠡᠬᠦ ᠡᠬᠢ | ᠰᠤᠷᠪᠤᠯᠵᠢ ᠠᠴᠠ ᠵᠠᠶᠢᠯᠠᠰᠬᠢᠪᠡᠯ ᠵᠤᠬᠢᠨ᠎ᠠ᠃ | • ᠤᠯᠠᠷᠢᠯ ᠰᠣᠯᠢᠭᠳᠠᠬᠤ ᠦᠶ᠎ᠡ ᠳᠤ᠂ ᠬᠥᠨᠵᠢᠯᠡ ᠳᠡᠪᠢᠰᠬᠡᠷ ᠬᠤᠪᠴᠠᠰᠤ ᠬᠤᠨᠠᠷ ᠢᠶᠠᠨ ᠤᠷᠢᠳᠠᠪᠡᠷ | ᠤᠬᠢᠶᠠᠵᠤ ᠨᠡᠷᠡᠨ ᠳᠤ ᠡᠭᠡᠭᠡᠭᠰᠡᠨ ᠤ ᠳᠠᠷᠠᠭ᠎ᠠ ᠬᠡᠷᠡᠭᠯᠡᠪᠡᠯ ᠵᠤᠬᠢᠨ᠎ᠠ᠃ | • ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠲᠠᠢ ᠡᠪᠡᠳᠴᠢᠲᠡᠨ ᠬᠠᠮᠤᠭ ᠤᠨ ᠰᠠᠶᠢᠨ ᠨᠢ ᠡᠩᠬᠦᠷᠡᠶ | ᠠᠮᠢᠲᠠᠨ ᠲᠡᠵᠢᠭᠡᠬᠦ ᠥᠬᠡᠶ᠂ ᠬᠡᠷᠪᠡ ᠲᠡᠵᠢᠭᠡᠭᠰᠡᠨ ᠪᠠᠶᠢᠪᠡᠯ ᠴᠢᠳᠠᠬᠤ ᠶᠢᠨ ᠳᠣᠲᠣᠷ᠎ᠠ ᠡᠩᠭᠦᠷᠡᠢ ᠠᠮᠢᠳᠠᠨ ᠢᠶᠠᠨ | ᠤᠨᠲᠠᠬᠤ ᠥᠷᠥᠭᠡᠨ ᠳᠡᠭᠡᠨ ᠤᠷᠤᠭᠤᠯᠬᠤ ᠥᠬᠡᠶ᠃ | • ᠴᠡᠴᠡᠭ ᠤᠨ ᠲᠣᠭᠤᠰᠣᠨ ᠤ ᠥᠳᠬᠡᠴᠡ ᠶᠢᠨ ᠣᠷᠭᠢᠯ ᠤᠨ ᠬᠤᠭᠤᠴᠠᠭᠠᠨ ᠳᠤ᠂ ᠭᠠᠳᠠᠭᠰᠢ | ᠭᠠᠷᠬᠤ ᠳᠤ ᠪᠠᠨ ᠬᠠᠮᠠᠭᠠᠯᠠᠬᠤ ᠡᠳ᠋ ᠢᠶᠠᠨ ᠰᠠᠶᠢᠲᠤᠷ ᠵᠡᠭᠦᠵᠦ᠂ ᠬᠡᠷ ᠲᠡᠭᠡᠨ ᠬᠠᠷᠢᠭᠰᠠᠨ ᠤ ᠳᠠᠷᠠᠭ᠎ᠠ ᠴᠠᠭ | ᠲᠤᠬᠠᠶ ᠳᠤᠨᠢ ᠪᠡᠶ᠎ᠡ ᠪᠠᠨ ᠤᠬᠢᠶᠠᠬᠤ ᠶᠢᠨ ᠬᠠᠮᠲᠤ ᠬᠠᠮᠠᠷ ᠤᠨ ᠬᠥᠨᠳᠡᠶ ᠪᠠᠨ ᠤᠬᠢᠶᠠᠨ ᠴᠡᠪᠡᠷᠯᠡᠵᠦ᠂ ᠴᠣᠩᠬᠤ ᠪᠠᠨ | ᠨᠡᠭᠡᠭᠡᠵᠤ ᠰᠠᠯᠬᠢ ᠨᠡᠪᠲᠡᠷᠡᠭᠦᠯᠦᠨ᠎ᠠ᠂ ᠥᠪᠡᠷ ᠤᠨ ᠬᠡᠷᠡᠭᠴᠡᠭᠡ ᠪᠠᠨ ᠦᠨᠳᠦᠰᠦᠯᠡᠨ ᠵᠦᠶ ᠵᠣᠬᠢᠰᠲᠠᠶ ᠡᠮ ᠬᠡᠷᠡᠭᠯᠡᠵᠦ | ᠪᠣᠯᠤᠨ᠎ᠠ᠃ ᠴᠡᠴᠡᠭ ᠤᠨ ᠲᠣᠭᠤᠰᠣᠨ ᠤ ᠣᠷᠭᠢᠯ ᠤᠨ ᠦᠶ᠎ᠡ ᠳᠤ᠂ ᠴᠢᠳᠠᠬᠤ ᠶᠢᠨ ᠳᠣᠲᠣᠷ᠎ᠠ ᠬᠡᠭᠡᠷ᠎ᠡ ᠭᠠᠳᠠᠨ᠎ᠠ | ᠭᠠᠷᠬᠤ ᠥᠬᠡᠶ᠂ ᠬᠢᠷᠬᠢᠷ᠎ᠡ ᠡᠭᠦᠰᠴᠤ ᠡᠪᠡᠳᠴᠢᠡ ᠤ ᠪᠠᠶᠢᠳᠠᠯ ᠢ ᠬᠦᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠶ᠃ | ᠦᠪᠦᠷ ᠮᠤᠩᠭᠤᠯ ᠤᠨ ᠪᠠᠶᠢᠳᠠᠯ | ᠥᠪᠥᠷ ᠮᠣᠩᠭᠤᠯ ᠤᠨ ᠲᠥᠪ ᠬᠤᠲᠠ ᠵᠢᠴᠢ ᠬᠥᠳᠡᠭᠡ ᠲᠣᠰᠬᠤᠨ ᠤ ᠬᠠᠷᠰᠢᠮᠠᠲᠠᠭᠠᠶ ᠴᠢᠨᠠᠷᠳᠠᠢ ᠬᠠᠮᠠᠷ ᠤᠨ | ᠦᠷᠪᠢᠰᠦᠯ ᠢᠶᠠᠷ ᠣᠨᠣᠰᠢᠯᠠᠭᠳᠠᠭᠰᠠᠨ ᠡᠪᠡᠳᠴᠢᠲᠡᠨ ᠤ ᠨᠣᠷᠮ᠎ᠠ 17.10% ᠪᠠᠶᠢᠵᠤ᠂ ᠡᠭᠦᠨ ᠳᠤ ᠡᠮᠡᠭᠲᠡᠶ ᠶᠢᠨ | ᠡᠪᠡᠳᠴᠢᠨ ᠤᠯᠬᠤ ᠨᠣᠷᠮ᠎ᠠ ᠨᠢ ᠡᠷᠡᠭᠲᠡᠶ ᠬᠥᠮᠦᠨ ᠤ ᠬᠢ ᠠᠴᠠ ᠵᠢᠭᠠᠬᠠᠨ ᠥᠨᠳᠥᠷ᠂ 6-15 ᠨᠠᠰᠤᠨ ᠤ | ᠬᠡᠦᠬᠡᠳ ᠤᠨ ᠡᠪᠡᠳᠴᠢᠯᠡᠬᠦ ᠨᠤᠷᠮ᠎ᠠ ᠨᠢ ᠬᠠᠮᠤᠭ ᠥᠨᠳᠥᠷ᠂ ᠬᠤᠲᠠ ᠳᠤ ᠰᠠᠭᠤᠭ᠎ᠠ ᠬᠦᠮᠦᠰ ᠤᠨ ᠡᠪᠡᠳᠴᠢᠯᠡᠬᠦ | ᠨᠣᠷᠮ᠎ᠠ ᠨᠢ ᠬᠥᠳᠡᠭᠡ ᠲᠣᠰᠬᠤᠨ ᠤ ᠬᠢ ᠠᠴᠠ ᠢᠯᠡᠳᠲᠡ ᠥᠨᠳᠥᠷ ᠪᠠᠶᠢᠨ᠎ᠠ᠃ | ᠰᠢᠷᠠᠯᠵᠢ ᠪᠣᠯ ᠥᠪᠥᠷ ᠮᠣᠩᠭᠤᠯ ᠤᠨ ᠬᠠᠮᠤᠭ ᠤᠨ ᠭᠤᠣᠯ ᠪᠣᠯᠬᠤ ᠴᠡᠴᠡᠭ ᠤᠨ ᠲᠣᠭᠤᠰᠣᠨ ᠤ ᠬᠠᠷᠰᠢᠯ ᠢ | ᠡᠭᠦᠰᠭᠡᠭᠴᠢ ᠮᠥᠨ᠃ ᠥᠪᠥᠷ ᠮᠣᠩᠭᠤᠯ ᠤᠨ ᠬᠠᠷᠰᠢᠮᠠᠲᠠᠭᠠᠶ ᠴᠢᠨᠠᠷᠳᠠᠢ ᠬᠠᠮᠠᠷ ᠤᠨ ᠦᠷᠪᠢᠰᠦᠯ ᠤᠨ ᠡᠪᠡᠳᠴᠢᠲᠡᠨ ᠤ | ᠡᠪᠡᠳᠴᠢᠨ ᠤ ᠢᠯᠡᠷᠡᠯ ᠤᠨ ᠣᠷᠭᠢᠯ ᠤᠨ ᠬᠤᠭᠤᠴᠠᠭ᠎ᠠ ᠨᠢ 7 ᠠᠴᠠ 9 ᠰᠠᠷ᠎ᠠ ᠳᠤ ᠲᠥᠪᠯᠡᠷᠡᠵᠦ᠂ ᠡᠭᠦᠨ ᠳᠤ 8 | ᠰᠠᠷ᠎ᠠ ᠳᠤ ᠣᠷᠭᠢᠯ ᠳᠠᠭᠠᠨ ᠬᠦᠷᠳᠡᠭ᠃ ᠬᠠᠷᠢᠨ ᠬᠢᠷᠬᠢᠷ᠎ᠡ ᠡᠪᠡᠳᠴᠢᠨ ᠤ ᠲᠡᠦᠬᠡ᠂ ᠢᠳᠡᠭᠡᠨ ᠳᠤ ᠬᠠᠷᠰᠢᠬᠤ᠂ | ᠡᠮ ᠳᠤ ᠬᠠᠷᠰᠢᠬᠤ᠂ ᠨᠢᠶᠠᠨ ᠳᠠᠷᠤᠭᠴᠢ ᠶᠢ ᠬᠡᠷᠡᠭᠯᠡᠬᠦ᠂ ᠭᠡᠷ ᠪᠦᠯᠢ ᠶᠢᠨ ᠵᠠᠰᠠᠯ ᠴᠢᠮᠡᠭᠯᠡᠯ᠂ ᠲᠠᠮᠠᠬᠢ ᠳᠠᠳᠠᠬᠤ ᠪᠣᠯ | ᠬᠠᠷᠰᠢᠮᠠᠲᠠᠭᠠᠶ ᠴᠢᠨᠠᠷᠲᠠᠶ ᠬᠠᠮᠠᠷ ᠤᠨ ᠦᠷᠪᠢᠰᠦᠯ ᠤᠨ ᠡᠪᠡᠳᠴᠢᠨ ᠢ ᠡᠭᠦᠰᠭᠡᠬᠦ ᠬᠠᠮᠢᠶ᠎ᠠ ᠪᠦᠬᠦᠢ ᠠᠶᠤᠯᠲᠠᠶ ᠬᠦᠴᠦᠨ | ᠵᠦᠢᠯ ᠮᠥᠨ᠃ | |