ᠨᠢᠭᠡ᠂ ︽ᠳ᠋ᠧᠯᠲ᠋ᠠ︾ ᠤᠨᠳᠤᠤᠰᠢᠭᠰᠠᠨ ᠸᠢᠷᠦ᠋ᠰ ᠨᠢ ᠶᠠᠮᠠᠷ ᠣᠨᠴᠠᠯᠢᠭ ᠲᠠᠢ ᠪᠣᠶ︖ | ᠳ᠋ᠧᠯᠲ᠋ᠠ ︵Delta︶ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠥᠨᠳᠥᠷ᠂ ᠬᠦᠮᠦᠨ ᠤ ᠪᠡᠶ᠎ᠠ ᠳᠠᠬᠢ ᠸᠢᠷᠦ᠋ᠰ | ᠠᠴᠢᠶᠠᠯᠠᠬᠤ ᠬᠡᠮᠵᠢᠶ᠎ᠠ ᠨᠢ ᠡᠩ ᠤᠨ ᠸᠢᠷᠦ᠋ᠰ ᠤᠨ 100 ᠳᠠᠬᠢᠨ ᠪᠠᠶᠢᠵᠦ᠂ 0.6 ᠮᠧᠳ᠋ᠷ ᠤᠨ ᠵᠠᠢ ᠳᠤ | ᠬᠠᠯᠳᠠᠪᠤᠷᠢᠯᠠᠬᠤ ᠬᠤᠭᠤᠴᠠᠭ᠎ᠠ ᠨᠢ 5 ᠰᠧᠺᠦ᠋ᠨ᠋ᠳ᠋ ᠯᠡ ᠪᠠᠶᠢᠳᠠᠭ᠃ ᠠᠮᠢᠰᠬᠤᠵᠤ ᠭᠠᠷᠭᠠᠭᠰᠠᠨ ᠬᠡᠶ ᠪᠡᠶᠡᠲᠦ ᠶᠢᠨ | ᠬᠤᠤᠷᠳᠦ ᠴᠢᠨᠠᠷ ᠨᠢ ᠶᠡᠭᠡ᠂ ᠬᠠᠯᠳᠠᠪᠤᠷᠢᠯᠠᠬᠤ ᠴᠢᠨᠠᠷ ᠨᠢ ᠮᠠᠰᠢ ᠴᠢᠩᠭ᠎ᠠ᠂ 1 ᠠᠴᠠ 3 ᠡᠳᠦᠷ ᠲᠤ ᠡᠪᠡᠳᠴᠢᠨ | ᠡᠬᠦᠰᠭᠡᠳᠡᠭ᠂ ᠡᠮᠨᠡᠨ ᠵᠠᠰᠠᠬᠤ ᠴᠠᠭ ᠨᠢ ᠴᠤ ᠣᠷᠳᠣ ᠪᠠᠶᠢᠵᠦ ᠠᠮᠠᠷᠬᠠᠨ ᠬᠦᠨᠳᠦ ᠡᠪᠡᠳᠴᠢᠨ ᠪᠣᠯᠵᠣ ᠬᠥᠭᠵᠢᠳᠡᠭ᠃ | ᠲᠠᠷᠬᠠᠬᠤ ᠲᠠᠯ᠎ᠠ ᠪᠠᠷ᠂ ︽ᠳ᠋ᠧᠯᠲ᠋ᠠ︾ ᠸᠢᠷᠦ᠋ᠰ ᠨᠡᠩ ᠴᠢᠩᠭ᠎ᠠ ᠪᠠᠶᠢᠳᠠᠭ᠃ ᠭᠤᠸᠠᠩᠵᠧᠦ ᠶᠢᠨ ᠬᠢᠵᠢᠭ ᠤᠨ | ᠪᠠᠶᠢᠳᠠᠯ ᠤᠨ ᠳᠤᠮᠳᠠ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠰᠤᠳᠤᠯᠤᠭᠴᠢ ᠹᠧᠩ ᠽᠢ ᠵᠢᠶᠠᠨ᠂ ︽ᠳ᠋ᠧᠯᠲ᠋ᠠ︾ ᠤᠨᠳᠤᠤᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠪᠠ | ᠬᠠᠯᠳᠠᠪᠤᠷᠢᠯᠠᠬᠤ ᠴᠢᠳᠠᠪᠤᠷᠢ ᠢᠯᠡᠳᠲᠡ ᠴᠢᠩᠭᠠᠷᠠᠵᠤ᠂ ᠢᠯᠠᠩᠭᠤᠶ᠎ᠠ ᠨᠢᠭᠤᠭᠳᠠᠮᠠᠯ ᠬᠤᠭᠤᠴᠠᠭ᠎ᠠ ᠪᠤᠶᠤ ᠦᠶ᠎ᠡ | ᠳᠠᠮᠵᠢᠭᠤᠯᠬᠤ ᠵᠠᠶ ᠨᠢ ᠪᠠᠭᠠᠰᠴᠤ᠂ ᠸᠢᠷᠦ᠋ᠰ ᠤᠨ ᠲᠠᠷᠬᠠᠬᠤ ᠬᠤᠷᠳᠤᠴᠠ ᠨᠢ ᠲᠦᠷᠭᠡᠳᠴᠦ ᠪᠠᠶᠢᠨ᠎ᠠ ᠭᠡᠵᠤ | ᠢᠯᠡᠳᠭᠡᠪᠡ᠃ ᠬᠠᠯᠳᠠᠪᠤᠷᠢᠯᠠᠭᠰᠠᠳ ᠤᠨ ᠥᠯᠢᠭᠡᠷ ᠬᠡᠪ PCR ᠰᠢᠯᠭᠠᠨ ᠪᠠᠶᠢᠴᠠᠭᠠᠯᠲᠠ ᠶᠢᠨ ᠸᠢᠷᠦ᠋ᠰ ᠤᠨ ᠦᠷ᠎ᠡ | ᠳ᠋ᠦᠩ ᠳᠤ ᠢᠯᠡᠷᠡᠭᠦᠯᠦᠭᠰᠡᠨ ᠢᠶᠠᠷ᠂ ᠸᠢᠷᠦ᠋ᠰ ᠤᠨ ᠠᠴᠢᠶᠠᠯᠠᠬᠤ ᠬᠡᠮᠵᠢᠶ᠎ᠡ ᠢᠯᠡᠳᠲᠡ ᠨᠡᠮᠡᠭᠳᠡᠭᠰᠡᠨ ᠣᠨᠴᠠᠯᠢᠭ ᠲᠠᠢ᠃ | ᠡᠨᠡ ᠬᠦ ᠤᠨᠳᠤᠤᠰᠢᠭᠰᠠᠨ ᠸᠢᠷᠦ᠋ᠰ ᠤᠨ ᠲᠠᠷᠬᠠᠬᠤ ᠴᠢᠳᠠᠪᠤᠷᠢ ᠨᠢ ᠥᠩᠭᠡᠷᠡᠭᠰᠡᠨ ᠤ ᠸᠢᠷᠦ᠋ᠰ ᠤᠨ ᠲᠠᠷᠬᠠᠬᠤ | ᠴᠢᠳᠠᠪᠤᠷᠢ ᠠᠴᠠ 1 ᠳᠠᠬᠢᠨ ᠳᠡᠭᠡᠭᠰᠢᠯᠡᠵᠦ᠂ ᠠᠩᠭ᠍ᠯᠢ ᠠᠴᠠ ᠢᠯᠡᠷᠡᠭᠦᠯᠦᠭᠰᠡᠨ ᠸᠢᠷᠦ᠋ᠰ ᠤᠨ ᠲᠠᠷᠬᠠᠬᠤ | ᠴᠢᠳᠠᠪᠤᠷᠢ ᠠᠴᠠ 40% ᠳᠡᠭᠡᠭᠰᠢᠯᠡᠵᠡᠶ᠃ | ︽ᠳ᠋ᠧᠯᠲ᠋ᠠ︾ ᠳᠤ ᠬᠠᠯᠳᠠᠪᠤᠷᠢᠯᠠᠭᠳᠠᠭᠰᠠᠨ ᠤ ᠳᠠᠷᠠᠭ᠎ᠠ᠂ ᠡᠪᠡᠳᠴᠢᠲᠡᠨ ᠤ ᠪᠡᠶ᠎ᠡ ᠳᠠᠬᠢ ᠸᠢᠷᠦ᠋ᠰ ᠤᠨ | ᠠᠴᠢᠶᠠᠯᠠᠬᠤ ᠬᠡᠮᠵᠢᠶ᠎ᠡ ᠨᠡᠯᠢᠶᠡᠳ ᠥᠨᠳᠥᠷ ᠪᠣᠯᠤᠨ᠎ᠠ᠃ ᠡᠭᠦᠨ ᠠᠴᠠ ᠡᠮᠦᠨᠡᠬᠢ ᠭᠤᠸᠠᠩᠵᠧᠦ ᠶᠢᠨ ᠬᠢᠵᠢᠭ ᠤᠨ | ᠪᠠᠶᠢᠳᠠᠯ ᠳᠤ᠂ ᠡᠪᠡᠳᠴᠢᠲᠡᠨ ᠡᠪᠡᠳᠴᠢᠯᠡᠭᠰᠡᠨ ᠤ ᠳᠠᠷᠠᠭ᠎ᠠ ᠬᠦᠨᠳᠦ ᠡᠪᠡᠳᠴᠢᠲᠡᠨ ᠪᠣᠯᠵᠣ᠂ ᠬᠦᠨᠳᠦ ᠲᠦᠭᠰᠢᠭᠦᠷᠢᠲᠡᠶ | ᠡᠪᠡᠳᠴᠢᠲᠡᠨ ᠪᠤᠯᠤᠭᠰᠡᠨ ᠬᠠᠷᠢᠴᠠᠯ ᠨᠢ ᠥᠩᠭᠡᠷᠡᠭᠰᠡᠨ ᠤ ᠬᠢ ᠠᠴᠠ ᠥᠨᠳᠥᠷ ᠪᠣᠯᠤᠭᠰᠠᠨ ᠪᠥᠭᠡᠳ ᠬᠦᠨᠳᠦ | ᠡᠪᠡᠳᠴᠢᠲᠡᠨ᠂ ᠬᠦᠨᠳᠦ ᠲᠦᠭᠰᠢᠭᠦᠷᠢᠲᠡᠶ ᠡᠪᠡᠳᠴᠢᠲᠡᠨ ᠪᠣᠯᠵᠣ ᠬᠤᠪᠢᠷᠬᠠᠰᠠᠨ ᠴᠠᠭ ᠨᠢ ᠤᠷᠢᠳᠴᠢᠯᠠᠭᠰᠠᠨ ᠪᠠᠶᠢᠨ᠎ᠠ | ᠃ ᠡᠪᠡᠳᠴᠢᠲᠡᠨ ᠤ CT ᠬᠡᠮᠵᠢᠭᠳᠡᠯ ᠨᠢ ᠮᠠᠰᠢ ᠳᠤᠤᠷ᠎ᠠ᠂ CT ᠬᠡᠮᠵᠢᠭᠳᠡᠯ ᠨᠢ ᠬᠡᠳᠦᠶ ᠳᠤᠤᠷ᠎ᠠ ᠪᠣᠯ ᠪᠡᠶ᠎ᠡ ᠶᠢᠨ | ᠳᠣᠲᠣᠷᠠᠬᠢ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠲᠡᠳᠦᠶ ᠥᠨᠳᠥᠷ᠂ ᠡᠪᠡᠳᠴᠢᠲᠡᠨ ᠤ ᠪᠥᠭᠡᠮ ᠬᠦᠴᠢᠯ ᠨᠢ | ᠪᠠᠶᠢᠴᠠᠭᠠᠯᠳᠠ ᠶᠢᠨ ᠳ᠋ᠦᠩ ᠨᠢ ᠪᠢᠯᠢᠭ ᠪᠣᠯᠬᠤ ᠳᠤ ᠬᠡᠷᠡᠭᠰᠡᠬᠦ ᠴᠠᠭ ᠨᠢ ᠤᠷᠳᠤᠰᠤᠨᠠ᠃ | ︽ᠳ᠋ᠧᠯᠲ᠋ᠠ︾ ᠸᠢᠷᠦ᠋ᠰ ᠨᠢ ᠦᠯᠦ ᠬᠠᠯᠳᠠᠭᠠᠯᠲᠠ ᠠᠴᠠ ᠵᠠᠶᠢᠯᠠᠵᠤ ᠮᠡᠳᠡᠬᠦ ᠪᠣᠯᠪᠠᠴᠤ ᠸᠠᠺᠼᠢᠨ ᠮᠥᠨ ᠴᠤ | ᠬᠠᠮᠠᠭᠠᠯᠠᠬᠤ ᠦᠢᠯᠡᠳᠦᠯ ᠲᠠᠢ᠃ ᠡᠭᠦᠨ ᠤ ᠲᠤᠬᠠᠶ ᠹᠧᠩ ᠽᠢ ᠵᠢᠶᠠᠨ᠂ ᠣᠨᠣᠰᠢᠯᠠᠭᠳᠠᠭᠰᠠᠨ ᠡᠪᠡᠳᠴᠢᠲᠡᠨ ᠤ | ᠳᠣᠲᠣᠷ᠎ᠠ ᠸᠠᠺᠼᠢᠨ ᠳᠠᠷᠢᠭᠤᠯᠤᠭᠰᠠᠨ ᠥᠬᠡᠶ ᠬᠥᠮᠦᠰ ᠤᠨ ᠬᠦᠨᠳᠦ ᠡᠪᠡᠳᠴᠢᠲᠡᠨ ᠪᠣᠯᠤᠭᠰᠠᠨ ᠬᠠᠷᠢᠴᠠᠯ ᠨᠢ | ᠸᠠᠺᠼᠢᠨ ᠳᠠᠷᠢᠭᠤᠯᠤᠭᠰᠠᠨ ᠬᠥᠮᠦᠨ ᠠᠴᠠ ᠢᠯᠡᠳᠲᠡ ᠥᠨᠳᠥᠷ ᠪᠠᠶᠢᠵᠤ᠂ ᠸᠠᠺᠼᠢᠨ ᠰᠢᠨ᠎ᠡ ᠸᠢᠷᠦ᠋ᠰ ᠲᠤ ᠮᠥᠨ ᠯᠡ | ᠬᠠᠮᠠᠭᠠᠯᠠᠬᠤ ᠦᠢᠯᠡᠳᠤᠯ ᠲᠠᠢ ᠶᠤᠮ ᠭᠡᠵᠡᠶ᠃ ᠡᠭᠦᠨ ᠠᠴᠠ ᠡᠮᠦᠨᠡᠬᠢ ᠰᠤᠳᠤᠯᠭᠠᠨ ᠳᠤ ᠬᠠᠷᠠᠭᠤᠯᠤᠬᠰᠡᠨ ᠢᠶᠠᠷ᠂ | ᠸᠠᠺᠼᠢᠨ ᠤ ᠲᠠᠷᠢᠯᠭ᠎ᠠ ᠬᠢᠭᠰᠡᠨ ᠥᠬᠡᠶ ᠡᠪᠡᠳᠴᠢᠨ ᠤ ᠵᠢᠱᠢᠶ᠎ᠡ ᠲᠠᠢ ᠬᠠᠷᠢᠴᠠᠭᠤᠯᠪᠠᠯ᠂ ᠸᠠᠺᠼᠢᠨ ᠤ ᠲᠠᠷᠢᠯᠭ᠎ᠠ | ᠬᠢᠭᠰᠡᠨ ᠡᠪᠡᠳᠴᠢᠨ ᠤ ᠵᠢᠱᠢᠶ᠎ᠡ ᠶᠢᠨ ᠣᠨᠣᠰᠢᠯᠠᠭᠰᠠᠨ ᠠᠴᠠ ᠠᠨᠲ᠋ᠢᠪᠤᠳᠢ ᠨᠢ ᠠᠷᠭ᠎ᠠ ᠴᠢᠨᠠᠷᠲᠠᠶ ᠪᠣᠯᠤᠭᠰᠠᠨ ᠴᠠᠭ ᠨᠢ | ᠣᠬᠤᠷ᠂ CT ᠬᠡᠮᠵᠢᠭᠳᠡᠯ ᠨᠢ ᠥᠨᠳᠥᠷ᠂ ᠡᠮᠨᠡᠯᠭᠡ ᠳᠤ ᠰᠠᠭᠤᠭᠰᠠᠨ ᠴᠠᠭ ᠨᠢ ᠣᠬᠤᠷ ᠪᠠᠶᠢᠳᠠᠭ᠃ | ᠬᠤᠶᠠᠷ᠂ ᠶᠠᠭᠤ ᠶᠢ ᠨᠢᠭᠲᠠ ᠦᠢᠷᠠᠳᠤᠬᠰᠡᠳ ᠭᠡᠳᠡᠭ ᠪᠤᠢ︖ | ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠤᠯᠤᠰ ᠤᠨ ᠠᠮᠢᠰᠬᠤᠯ ᠤᠨ | ᠰᠢᠰᠲ᠋ᠧᠮ ᠤᠨ ᠡᠪᠡᠳᠴᠢᠨ ᠡᠮᠭᠡᠭ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠡᠷᠬᠢᠯᠡᠭᠴᠢ | ᠵᠥᠩ ᠨᠠᠨ ᠱᠠᠨ᠂ ᠣᠲᠣ ᠶᠢᠨ ᠨᠢᠭᠲᠠ ᠣᠶᠢᠷᠠᠲᠤᠭᠰᠠᠳ ᠤᠨ ᠤᠬᠠᠭᠳᠠᠬᠤᠨ ᠪᠣᠯ ︽ᠢᠵᠢᠯ ᠨᠢᠭᠡᠨ ᠣᠷᠣᠨ ᠵᠠᠶ᠂ | ᠢᠵᠢᠯ ᠨᠢᠭᠡᠨ ᠪᠠᠶᠢᠭᠤᠯᠭ᠎ᠠ ᠨᠢᠭᠡᠴᠢ᠂ ᠢᠵᠢᠯ ᠨᠢᠭᠡᠨ ᠪᠠᠷᠢᠯᠭ᠎ᠠ᠂ ᠡᠪᠡᠳᠴᠢᠨ ᠡᠭᠦᠰᠬᠦ ᠠᠴᠠ ᠡᠮᠦᠨ᠎ᠡ ᠳᠥᠷᠪᠡᠨ | ᠡᠳᠦᠷ᠂ ᠡᠪᠡᠳᠴᠢᠲᠡᠨ ᠲᠠᠢ ᠬᠠᠮᠳᠤ ᠪᠠᠶᠢᠪᠡᠯ︾ ᠴᠦᠮ ᠨᠢᠭᠲᠠ ᠣᠶᠢᠷᠠᠲᠤᠭᠰᠠᠳ ᠪᠣᠯᠤᠨ᠎ᠠ ᠬᠡᠵᠡᠢ᠃ | ᠭᠤᠷᠪᠠ᠂ ︽ᠳ᠋ᠧᠯᠲ᠋ᠠ︾ ᠶᠢᠨ ᠤᠨᠳᠤᠤᠰᠢᠭᠰᠠᠨ ᠸᠢᠷᠦ᠋ᠰ ᠠᠴᠠ ᠬᠡᠷᠬᠢᠨ ᠰᠡᠷᠭᠡᠶᠢᠯᠡᠬᠦ ᠪᠣᠶ︖ | ● ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠥᠬᠡᠶ | ● ᠴᠢᠬᠤᠯᠡ ᠦᠭᠡᠢ ᠪᠤᠯ ᠡᠮᠨᠡᠯᠭᠡ ᠶᠢᠨ ᠬᠤᠷᠢᠶᠠᠨ ᠳᠤ ᠣᠴᠢᠬᠤ ᠦᠭᠡᠢ | ● ᠡᠷᠲᠡᠬᠡᠨ ᠸᠠᠺᠼᠢᠨ ᠲᠠᠷᠢᠬᠤ | ● ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ | ● ᠭᠠᠳᠠᠭᠰᠢ ᠭᠠᠷᠬᠤ ᠪᠠᠨ ᠪᠠᠭᠠᠰᠬᠠᠵᠤ᠂ ᠨᠢᠭᠡ ᠮᠧᠳ᠋ᠷ ᠤᠨ ᠱᠤᠭᠤᠮ ᠤᠨ ᠵᠠᠶ ᠶᠢ ᠪᠠᠲᠤᠯᠠᠨ᠎ᠠ | ● ᠴᠤᠭᠯᠠᠷᠠᠬᠤ ᠦᠭᠡᠢ᠂ ᠬᠠᠮᠲᠤ ᠬᠤᠭᠤᠯᠠᠯᠠᠬᠤ ᠦᠭᠡᠢ | ● ᠭᠠᠷ ᠢᠶᠠᠨ ᠦᠷᠭᠦᠯᠵᠢ ᠤᠬᠢᠶᠠᠵᠤ᠂ ᠰᠠᠯᠬᠢ ᠨᠡᠪᠲᠡᠷᠡᠭᠦᠯᠦᠨ᠎ᠡ | ● ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢᠶᠠᠨ ᠪᠠᠲᠤᠯᠠᠨ᠎ᠠ᠄ ᠡᠷᠲᠡ ᠤᠨᠲᠠᠵᠤ ᠡᠷᠲᠡ ᠪᠣᠰᠬᠤ᠂ | ᠵᠣᠬᠢᠰᠲᠠᠶ ᠬᠥᠳᠡᠯᠭᠡᠭᠡᠨ ᠬᠢᠬᠦ᠂ ᠰᠡᠳᠬᠢᠯ ᠰᠠᠨᠠᠭ᠎ᠠ ᠪᠠᠨ ᠲᠠᠶᠢᠪᠤᠩ ᠪᠠᠶᠢᠯᠭᠠᠬᠤ | ● ᠲᠣᠰ ᠪᠡᠶ᠎ᠡ ᠶᠢᠨ ᠵᠢᠴᠢ ᠬᠡᠷ ᠤᠨ ᠬᠥᠮᠦᠰ ᠤᠨ ᠢᠶᠠᠨ ᠪᠡᠶ᠎ᠡ ᠮᠠᠬᠠᠪᠣᠳ ᠤᠨ ᠪᠠᠶᠢᠳᠠᠯ ᠢ ᠨᠢᠭᠲᠠ ᠠᠩᠬᠠᠷᠬᠤ | ᠬᠡᠷᠡᠭᠲᠡᠶ᠂ ᠵᠢᠱᠢᠶᠡᠯᠡᠪᠡᠯ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ ᠵᠡᠷᠭᠡ ᠰᠡᠵᠢᠭᠯᠡᠯᠲᠡᠶ | ᠡᠪᠡᠳᠴᠢᠨ ᠤ ᠢᠯᠡᠷᠡᠯ ᠭᠠᠷᠪᠠᠯ᠂ ᠠᠮᠠᠪᠴᠢ ᠵᠡᠭᠦᠵᠦ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶᠠᠨ ᠤ | ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠡᠮᠨᠡᠭᠦᠯᠬᠦ ᠬᠡᠷᠡᠭᠲᠡᠶ᠂ ᠥᠪᠡᠷ ᠢᠶᠠᠨ ᠡᠮ | ᠬᠡᠷᠡᠭᠯᠡᠵᠦ ᠪᠣᠯᠬᠤ ᠥᠬᠡᠶ᠃ |