锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠤᠩᠭᠤᠨ ᠠᠭᠤᠯᠠ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
        ᠨᠡᠶᠢᠲᠡᠯᠡᠭᠰᠡᠨ ᠴᠠᠭ᠄
        2021/8/19
             8 ᠰᠠᠷ᠎ᠠ ᠶᠢᠨ 17 ᠤ ᠡᠳᠦᠷ᠂ ᠣᠩᠭᠤᠨ ᠠᠭᠤᠯᠠ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠶᠢᠨ ᠵᠢᠱᠢᠭᠳᠡᠭᠴᠢ ᠠᠰᠬᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠤᠮᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ  ᠃      ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠶ ᠪᠠᠶᠢᠳᠠᠯ ᠢ ᠵᠠᠳᠠᠯᠵᠤ᠂ ᠪᠥᠬᠦ ᠰᠤᠮᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠣᠬᠢᠷᠠᠭᠤᠯᠵᠤ ᠪᠠᠶᠢᠷᠢᠯᠠᠭᠤᠯᠪᠠ  ᠃      ᠬᠤᠷᠠᠯ ᠠᠴᠠ ᠱᠠᠭᠠᠷᠳᠠᠭᠰᠠᠨ ᠨᠢ᠄ ᠨᠢᠭᠡ᠂ ᠰᠤᠮᠤᠨ ᠤ ᠪᠦᠬᠦ ᠨᠠᠮ ᠤᠨ ᠭᠡᠰᠢᠭᠦᠨ᠂ ᠺᠠᠳ᠋ᠷ ᠠᠵᠢᠯᠳᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠬᠯᠠᠬᠤ ᠠᠵᠢᠯ ᠤᠨ ᠵᠢᠯᠣᠭᠤᠳᠬᠤ ᠬᠡᠯᠲᠡᠰ ᠤᠨ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠲᠡᠭᠡᠭᠰᠢᠯᠡᠭᠦᠯᠥᠨ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠲᠠᠶᠢᠪᠤᠰᠢᠷᠠᠨ ᠰᠤᠯᠠᠷᠠᠬᠤ ᠦᠵᠡᠯ ᠰᠠᠨᠠᠭ᠎ᠠ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠬᠤᠶᠠᠷ᠂ ᠰᠣᠮᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ 24 ᠴᠠᠭ ᠤᠨ ᠵᠢᠵᠢᠭᠦᠷ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠰᠤᠮᠤᠨ ᠤ ᠵᠢᠵᠢᠭᠦᠷ ᠤᠨ ᠲᠡᠮᠳᠡᠭᠯᠡᠯ ᠪᠠ ᠭᠠᠴᠠᠭᠠᠨ ᠤ ᠭᠠᠳᠠᠨ᠎ᠠ ᠠᠴᠠ ᠢᠷᠡᠭᠰᠡᠨ ᠬᠥᠮᠦᠰ ᠤᠨ ᠪᠠᠶᠢᠳᠠᠯ ᠢ  ᠲᠡᠩᠰᠡᠯᠡᠨ ᠮᠡᠳᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ︔ ᠭᠤᠷᠪᠠ᠂ ᠸᠠᠺᠼᠢᠨ ᠤ ᠲᠠᠷᠢᠯᠭ᠎ᠠ ᠬᠢᠬᠦ ᠠᠵᠢᠯ ᠢ ᠦᠷᠭᠦᠯᠵᠢᠯᠡᠨ ᠠᠬᠢᠭᠤᠯᠵᠤ᠂ ᠡᠯ᠎ᠡ ᠭᠠᠴᠠᠭ᠎ᠠ ᠶᠢ ᠬᠠᠷᠢᠭᠤᠴᠠᠵᠤ ᠪᠠᠶᠢᠬᠤ ᠤᠳᠤᠷᠢᠳᠤᠯᠭ᠎ᠠ ᠨᠠᠷ ᠬᠠᠪᠰᠤᠷᠤᠨ ᠲᠡᠳᠬᠦᠬᠦ ᠨᠢᠭᠡᠴᠡ ᠪᠠ ᠭᠠᠴᠠᠭ᠎ᠠ ᠲᠠᠢ ᠬᠠᠮᠵᠢᠯᠴᠠᠨ ᠵᠣᠬᠢᠴᠠᠭᠤᠯᠵᠤ᠂ ᠲᠠᠷᠢᠯᠭ᠎ᠠ ᠬᠢᠭᠰᠡᠨ ᠥᠬᠡᠶ ᠬᠥᠮᠦᠰ ᠢ ᠵᠢᠭᠰᠠᠭᠠᠨ ᠪᠠᠶᠢᠴᠠᠭᠠᠵᠤ᠂ ᠥᠨᠳᠥᠷ ᠨᠠᠰᠤ ᠪᠠ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ  ᠳᠤ ᠴᠢᠭᠯᠡᠭᠦᠯᠦᠨ᠂ ᠲᠡᠷᠭᠡ ᠣᠨᠤᠭ᠎ᠠ ᠲᠣᠬᠢᠷᠠᠭᠤᠯᠤᠨ ᠲᠥᠪᠯᠡᠷᠡᠭᠦᠯᠦᠨ ᠲᠤᠰᠴᠤ ᠬᠥᠷᠭᠡᠨ᠂ ᠡᠪᠡᠳᠴᠢᠨ ᠠᠷᠬᠠᠭ  ᠲᠠᠢ ᠳᠤᠨᠢ  ᠴᠢᠭᠯᠡᠭᠦᠯᠦᠨ᠂ ᠡᠮᠴᠢ ᠠᠴᠠ ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠲᠠᠷᠢᠯᠭ᠎ᠠ ᠲᠠᠷᠢᠵᠤ ᠪᠤᠯᠬᠤ ᠡᠰᠡᠬᠦ ᠶᠢ ᠮᠠᠭᠠᠳᠯᠠᠨ ᠲᠣᠭᠲᠠᠭᠠᠨ᠎ᠠ︔ ᠳᠥᠷᠪᠡ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠵᠣᠷᠢᠭᠵᠢᠭᠤᠯᠤᠨ ᠸᠠᠺᠼᠢᠨ ᠢ ᠳᠠᠷᠤᠶ ᠲᠦᠷᠭᠡᠨ ᠳᠠᠷᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠥᠷᠢᠯᠳᠥᠭᠦᠯᠥᠨ᠂ ᠪᠥᠬᠦ ᠰᠤᠮᠤᠨ  ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠨᠳᠦᠰᠦᠨ ᠱᠠᠲᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠴᠣᠭᠴᠠᠯᠠᠬᠤ ᠬᠡᠷᠡᠭᠲᠡᠶ  ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ 
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号