ᠠᠯᠪᠠᠨ ᠵᠠᠷᠯᠠᠯ | ︵ᠠᠷᠪᠠᠨ ᠲᠠᠪᠤᠳᠤᠭᠠᠷ ᠲᠤᠭᠠᠳᠤ︶ | | ᠣᠶᠢᠷ᠎ᠠ ᠳᠤ᠂ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ ᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠨᠢᠭᠡᠨᠲᠡ 6 ᠮᠤᠵᠢ 14 ᠬᠤᠲᠠ ᠳᠤ ᠦᠷᠪᠢᠰᠦᠨ ᠳᠡᠯᠭᠡᠷᠡᠵᠦ᠂ ᠲᠣᠰ | ᠡᠭᠡᠯᠵᠢ ᠶᠢᠨ ᠬᠢᠵᠢᠭ ᠠᠴᠠ ᠪᠣᠯᠤᠭᠰᠠᠨ ᠰᠢᠨ᠎ᠡ ᠲᠢᠲᠢᠮᠯᠢᠭ ᠸᠢᠷᠦ᠋ᠰ ᠨᠢ ᠳ᠋ᠧᠷᠲᠠ ᠤᠨᠳᠤᠤᠰᠢᠭᠰᠠᠨ ᠸᠢᠷᠦ᠋ᠰ | ᠪᠤᠯᠤᠨ᠎ᠠ᠂ ᠸᠢᠷᠦ᠋ᠰ ᠤᠨ ᠠᠴᠢᠶᠠᠯᠠᠪᠤᠷᠢ ᠶᠢᠨ ᠬᠡᠮᠵᠢᠶ᠎ᠡ ᠨᠢ ᠠᠩᠬᠠᠨ ᠤ ᠸᠢᠷᠦ᠋ᠰ ᠤᠨ ᠰᠠᠭᠤᠷᠢ ᠶᠢᠨ 1260 ᠳᠠᠬᠢᠨ | ᠪᠠᠶᠢᠵᠤ᠂ ᠲᠠᠷᠬᠠᠬᠤ ᠬᠤᠷᠳᠤᠴᠠ ᠨᠢ ᠲᠦᠷᠭᠡᠨ᠂ ᠨᠢᠭᠤᠭᠳᠠᠮᠠᠯ ᠬᠤᠭᠤᠴᠠᠭ᠎ᠠ ᠨᠢ ᠣᠬᠤᠷ᠂ ᠡᠮᠨᠡᠨ ᠵᠠᠰᠠᠬᠤ ᠴᠠᠭ ᠨᠢ | ᠣᠷᠳᠣ᠂ ᠬᠠᠯᠳᠠᠪᠤᠷᠢᠯᠠᠭᠰᠠᠳ ᠤᠨ ᠡᠪᠡᠳᠴᠢᠨ ᠤ ᠢᠯᠡᠷᠡᠯ ᠬᠦᠨᠳᠤᠷᠡᠬᠦ ᠨᠣᠷᠮ᠎ᠠ ᠨᠢ ᠥᠨᠳᠥᠷ ᠵᠡᠷᠭᠡ ᠣᠨᠴᠠᠯᠢᠭ ᠲᠠᠢ | ᠪᠠᠶᠢᠵᠤ᠂ ᠡᠭᠦᠨ ᠤ ᠬᠠᠮᠲᠤ ᠬᠢᠵᠢᠭ ᠤᠨ ᠪᠠᠶᠢᠳᠠᠯ ᠨᠢ ᠨᠢᠰᠬᠡᠯ ᠤᠨ ᠪᠠᠭᠤᠳᠠᠯ ᠳᠤ ᠡᠭᠦᠰᠴᠦ᠂ ᠬᠥᠮᠦᠨ ᠠᠮᠠ ᠨᠢᠭᠲᠠ | ᠂ ᠳᠥᠰᠥᠯᠡᠭᠰᠡᠨ ᠢᠶᠠᠷ᠂ ᠰᠢᠯᠭᠠᠨ ᠪᠠᠶᠢᠴᠠᠭᠠᠬᠤ ᠴᠢᠬᠤᠯᠠᠲᠠᠶ ᠬᠥᠮᠦᠨ ᠤ ᠲᠤᠭ᠎ᠠ 400 ᠲᠦᠮᠡ ᠣᠷᠴᠢᠮ ᠭᠡᠵᠦ | ᠵᠢᠱᠢᠪᠡ᠃ ᠶᠦᠨᠨᠠᠨ ᠮᠤᠵᠢ ᠶᠢᠨ ᠳ᠋ᠧ ᠬᠤᠩ ᠵᠧᠤ ᠶᠢᠨ ᠲᠣᠰ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ | ᠪᠠᠶᠢᠳᠠᠯ ᠬᠠᠷᠠᠬᠠᠨ ᠳᠠᠭᠤᠰᠤᠭᠠᠳᠤᠶ ᠪᠠᠶᠢᠨ᠎ᠠ᠃ 2021 ᠣᠨ ᠤ 7 ᠰᠠᠷ᠎ᠠ ᠶᠢᠨ 31 ᠤ ᠡᠳᠦᠷ ᠤᠨ 8 ᠴᠠᠭ | ᠪᠣᠯᠲᠠᠯ᠎ᠠ᠂ ᠪᠥᠬᠦ ᠤᠯᠤᠰ ᠤᠨ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠪᠣᠯᠤᠨ ᠰᠢᠨᠵᠢᠶᠠᠩ ᠤᠨ ᠦᠢᠯᠡᠳᠪᠤᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠨᠡᠶᠢᠲᠡ 2 | ᠲᠦᠭᠰᠢᠭᠦᠷᠢ ᠶᠡᠬᠡᠲᠡᠶ ᠭᠠᠵᠠᠷ ᠣᠷᠣᠨ᠂ ᠶᠦᠨᠨᠠᠨ ᠳᠤ 1᠂ ᠵᠢᠶᠠᠩᠰᠦ ᠳᠤ 1 ᠪᠣᠶ︔ 61 ᠳᠤᠮᠳᠠ ᠲᠦᠭᠰᠢᠭᠦᠷᠢᠲᠡᠶ | ᠭᠠᠵᠠᠷ ᠣᠷᠣᠨ ᠳᠤ᠂ ᠶᠦᠨᠨᠠᠨ ᠮᠤᠵᠢ 2᠂ ᠵᠢᠶᠠᠩᠰᠦ ᠮᠤᠵᠢ 34᠂ ᠬᠤᠨᠠᠨ ᠮᠤᠵᠢ 17᠂ ᠰᠧᠴᠤᠸᠠᠨ ᠮᠤᠵᠢ 5 | ᠂ ᠯᠢᠶᠣᠤᠨᠢᠩ ᠮᠤᠵᠢ 2᠂ ᠹᠦᠵᠢᠶᠠᠨ ᠮᠤᠵᠢ 1 ᠪᠠᠶᠢᠨ᠎ᠠ᠃ ᠣᠳᠣᠬᠠᠨ ᠶᠠᠭ ᠰᠤᠷᠤᠭᠴᠢᠳ ᠤᠨ ᠵᠣᠨ ᠤ ᠠᠮᠠᠷᠠᠯᠲᠠ | ᠪᠥᠭᠡᠳ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠪᠠᠶᠢᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠣᠷᠣᠵᠤ ᠢᠷᠡᠬᠦ᠂ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠶᠢᠨ ᠲᠤᠯᠠᠳᠠ᠂ ᠬᠤᠯᠪᠣᠭᠳᠠᠯ ᠪᠥᠬᠦᠶ | ᠵᠦᠢᠢᠯ ᠢ ᠳᠤᠤᠷᠠᠬᠢ ᠮᠡᠲᠦ ᠵᠠᠷᠯᠠᠪᠠ᠃ | ᠨᠢᠭᠡ᠂ ᠴᠢᠬᠤᠯᠠᠴᠢᠯᠭ᠎ᠠ ᠦᠭᠡᠢ ᠪᠣᠯ ᠬᠤᠰᠢᠭᠤ ᠠᠴᠠ ᠪᠠᠨ ᠭᠠᠷᠬᠤ ᠦᠭᠡᠶ ᠪᠠᠶᠢᠬᠤ ᠶᠢ ᠰᠠᠨᠠᠭᠠᠴᠢᠯᠠᠵᠤ | ᠪᠠᠶᠢᠨ᠎ᠠ᠃ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ | ᠴᠢᠬᠤᠯᠠ ᠦᠭᠡᠶ ᠪᠣᠯ ᠭᠠᠳᠠᠭᠰᠢ ᠭᠠᠷᠬᠤ ᠦᠭᠡᠶ᠂ ᠦᠨᠡᠨᠬᠦ ᠬᠤᠰᠢᠭᠤᠨ ᠠᠴᠠ ᠰᠠᠯᠬᠤ ᠴᠢᠬᠤᠯᠠ ᠲᠠᠢ ᠪᠣᠯ ᠡᠷᠬᠡᠪᠰᠢ | ᠪᠠᠶᠢᠭ᠎ᠠ ᠨᠢᠭᠡᠴᠡ ᠪᠠᠷ ᠢᠶᠠᠨ ᠵᠥᠪᠰᠢᠶᠡᠷᠡᠭᠦᠯᠬᠦ ᠶᠢᠨ ᠬᠠᠮᠲᠤ ᠪᠠᠶᠢᠭ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ | ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠬᠤᠰᠢᠭᠤᠨ ᠤ ᠰᠠᠭᠤᠭᠠᠯᠢ ᠠᠷᠠᠳ ᠭᠠᠳᠠᠭᠰᠢ ᠭᠠᠷᠬᠤ ᠪᠠᠨ ᠪᠠᠭᠠᠰᠬᠠᠵᠤ᠂ | ᠭᠠᠳᠠᠭᠠᠳᠤ ᠳᠤ ᠭᠠᠷᠬᠤ ᠪᠤᠶᠤ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ | ᠣᠷᠣᠨ ᠳᠤ ᠣᠴᠢᠵᠤ ᠪᠣᠯᠬᠤ ᠥᠬᠡᠶ᠂ ᠤᠯᠤᠰ ᠠᠴᠠ ᠭᠠᠷᠴᠤ ᠬᠢᠯᠢ ᠠᠴᠠ ᠭᠠᠷᠬᠤ ᠪᠤᠶᠤ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠪᠠᠯ᠂ ᠪᠠᠶᠢᠭ᠎ᠠ ᠰᠤᠮᠤ ᠪᠠᠯᠭᠠᠰᠤ᠂ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ︔ | ᠭᠠᠳᠠᠭᠰᠢ ᠭᠠᠷᠬᠤ ᠬᠥᠮᠦᠰ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ | ᠬᠤᠰᠢᠭᠤᠨ ᠳᠠᠭᠠᠨ ᠪᠤᠴᠠᠭᠰᠠᠨ ᠤ ᠳᠠᠷᠠᠭ᠎ᠠ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠶᠢᠨ ᠬᠠᠮᠲᠤ | ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ | ᠤᠬᠠᠮᠰᠠᠷ ᠠᠴᠠ ᠪᠠᠨ ᠬᠠᠮᠢᠶᠠᠷᠤᠯᠲᠠ ᠶᠢ ᠬᠦᠯᠢᠶᠡᠬᠦ ᠬᠡᠷᠡᠭᠲᠡᠶ᠃ | ᠬᠤᠶᠠᠷ᠂ 7 ᠰᠠᠷ᠎ᠠ ᠶᠢᠨ 16 ᠤ ᠡᠳᠦᠷ ᠠᠴᠠ ᠨᠠᠰᠢ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ ᠠᠴᠠ | ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠲᠤ ᠴᠥᠮ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ | ᠠᠨᠠᠭᠠᠬᠤ ᠤᠬᠠᠭᠠᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠨᠢᠭᠡᠳᠦᠭᠡᠷ ᠡᠳᠦᠷ᠂ ᠭᠤᠷᠪᠠᠳᠤᠭᠠᠷ ᠡᠳᠦᠷ᠂ | ᠳᠣᠯᠣᠳᠤᠭᠠᠷ ᠡᠳᠦᠷ ᠪᠠ ᠠᠷᠪᠠᠨ ᠳᠥᠷᠪᠡᠳᠦᠭᠡᠷ ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠬᠢᠨ᠎ᠠ᠃ 7 ᠰᠠᠷ᠎ᠠ ᠶᠢᠨ 16 ᠤ ᠡᠳᠦᠷ ᠠᠴᠠ ᠨᠠᠰᠢ ᠤᠯᠤᠰ ᠤᠨ ᠳᠣᠲᠣᠭᠠᠳᠤ ᠶᠢᠨ | ᠪᠤᠰᠤᠳ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠲᠤ ᠴᠥᠮ | ︽14 ᠡᠳᠦᠷ ᠲᠥᠪᠯᠡᠷᠡᠭᠦᠯᠦᠨ ᠲᠤᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ | ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠢᠬᠤᠯᠠᠲᠠᠶ ᠦᠶ᠎ᠡ ᠳᠤ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠬᠢᠬᠦ ᠤᠳᠠᠭ᠎ᠠ ᠶᠢ ᠵᠣᠬᠢᠰᠲᠠᠶ ᠪᠠᠷ ᠨᠡᠮᠡᠭᠳᠡᠭᠦᠯᠦᠨ᠎ᠡ︔ 7 ᠰᠠᠷ᠎ᠠ ᠶᠢᠨ 16 ᠤ ᠡᠳᠦᠷ ᠠᠴᠠ | ᠨᠠᠰᠢ ᠤᠯᠤᠰ ᠤᠨ ᠳᠣᠲᠣᠭᠠᠳᠤ ᠶᠢᠨ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠠᠴᠠ ᠬᠤᠰᠢᠭᠤᠨ ᠳᠤ | ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠬᠡᠷ ᠲᠡᠭᠡᠨ ᠲᠤᠰᠠᠭᠠᠷᠯᠠᠬᠤ + 2 ᠤᠳᠠᠭ᠎ᠠ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠴᠢᠬᠤᠯᠠᠲᠠᠶ ᠦᠶ᠎ᠡ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠤᠳᠠᠭ᠎ᠠ ᠶᠢ ᠵᠣᠬᠢᠰᠲᠠᠶ ᠪᠠᠷ | ᠨᠡᠮᠡᠭᠳᠡᠭᠦᠯᠦᠨ᠎ᠡ᠃ ᠣᠨᠣᠰᠢᠯᠠᠭᠳᠠᠭᠰᠠᠨ ᠡᠪᠡᠳᠴᠢᠲᠡᠨ᠂ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠳ ᠂ | ᠨᠢᠭᠲᠠ ᠤᠶᠢᠷᠠᠲᠤᠨᠰᠡᠨ ᠵᠢᠴᠢ ᠳᠠᠮ ᠤᠶᠢᠷᠠᠲᠤᠨᠰᠡᠨ ᠬᠥᠮᠦᠰ ᠲᠤ᠂ ᠨᠠᠢᠮᠠᠳᠤᠭᠠᠷ ᠪᠠᠷ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠶᠣᠰᠣᠭᠠᠷ᠂ ᠴᠥᠮ ︽ | ᠲᠥᠪᠯᠡᠷᠡᠭᠦᠯᠦᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠭᠤᠷᠪᠠ᠂ ᠥᠷᠭᠡᠨ ᠣᠯᠠᠨ ᠰᠠᠭᠤᠭᠠᠯᠢ ᠠᠷᠠᠳ ᠨᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠨᠡᠶᠢᠲᠡᠯᠡᠭᠰᠡᠨ ᠳᠤᠮᠳᠠ ᠥᠨᠳᠥᠷ ᠲᠠᠰ ᠤᠨ ᠭᠠᠵᠠᠷ ᠣᠷᠣᠨ ᠤ ᠲᠤᠬᠠᠢ ᠰᠤᠷᠠᠭ ᠵᠠᠩᠭᠢ ᠶᠢ | ᠦᠷᠭᠦᠯᠵᠢᠯᠡᠨ ᠠᠩᠬᠠᠷᠬᠤ ᠪᠤᠯᠪᠠᠤ᠃ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ᠂ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠳᠡᠰ ᠤᠨ ᠲᠦᠭᠰᠢᠭᠦᠷᠢᠲᠡᠶ ᠣᠷᠣᠨ ᠠᠴᠠ ᠬᠤᠰᠢᠭᠤᠨ ᠳᠤ ᠢᠷᠡᠭᠰᠡᠨ ᠬᠥᠮᠦᠰ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠥᠢᠴᠠᠳᠬᠡᠵᠤ᠂ | ᠬᠤᠰᠢᠭᠤᠨ ᠳᠤ ᠢᠷᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠴᠠᠭ᠎ᠠ ᠨᠡᠶᠢᠭᠡᠮ ᠲᠣᠭᠤᠷᠢᠭ᠂ | ᠨᠢᠭᠡᠴᠢ ᠪᠤᠶᠤ ᠬᠤᠰᠢᠭᠤᠨ ᠤ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ︵ | 0479622615︶᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ︵110᠂ 04796224814︶ | ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠲᠤᠰᠠᠭᠠᠷᠯᠠᠯ ᠢ ᠲᠠᠶᠢᠯᠤᠭᠰᠠᠨ ᠤ ᠳᠠᠷᠠᠭ᠎ᠠ᠂ ᠬᠡᠷᠪᠡ ᠬᠠᠯᠠᠭᠤᠷᠠᠬᠤ᠂ ᠬᠠᠨᠢᠶᠠᠬᠤ᠂ | ᠬᠤᠭᠤᠯᠠᠶ ᠡᠪᠡᠳᠬᠦ᠂ ᠦᠨᠦᠷᠯᠡᠬᠦ ᠰᠡᠷᠡᠯ ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ | ᠴᠠᠭ ᠲᠤᠬᠠᠶ ᠳᠤᠨᠢ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ︵ᠬᠠᠶ᠋ᠢᠭ | ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠬᠡᠰᠡᠭ᠂ ᠤᠲᠠᠰᠤ᠄ 13141798461︶ ᠳᠤ | ᠬᠦᠷᠴᠦ ᠰᠢᠯᠭᠠᠨ ᠪᠠᠶᠢᠴᠠᠭᠠᠵᠤ ᠣᠨᠣᠰᠢᠯᠠᠨ ᠵᠠᠰᠠᠬᠤ ᠬᠡᠷᠡᠭᠲᠡᠶ᠃ | ᠳᠥᠷᠪᠡ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ | ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠨᠵᠢᠩ ᠤᠨ ᠯᠦ ᠺᠸᠦ ᠨᠢᠰᠬᠡᠯ ᠤᠨ ᠪᠠᠭᠤᠳᠠᠯ ᠪᠠ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠳᠡᠰ ᠤᠨ ᠲᠦᠭᠰᠢᠭᠦᠷᠢᠲᠡᠶ ᠣᠷᠣᠨ ᠠᠴᠠ ᠬᠤᠰᠢᠭᠤᠨ ᠳᠠᠭᠠᠨ ᠪᠤᠴᠠᠬᠤ | ᠬᠥᠮᠦᠰ ᠤᠨ ᠪᠠᠶᠢᠳᠠᠯ ᠢ ᠣᠶᠢᠯᠠᠭᠠᠵᠤ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠵᠤ | ᠥᠷᠨᠢᠭᠦᠯᠬᠦ ᠬᠡᠷᠡᠭᠲᠡᠶ᠃ ᠡᠯ᠎ᠡ ᠨᠢᠬᠡᠴᠠ ᠶᠢᠨ ᠬᠢᠨ ᠲᠣᠰ ᠨᠢᠬᠡᠴᠠ ᠶᠢᠨ ᠠᠵᠢᠯᠲᠠᠨ ᠵᠢᠴᠢ ᠲᠡᠳᠡᠨ ᠤ ᠬᠡᠷ | ᠪᠦᠯᠢ ᠶᠢᠨ ᠬᠢᠨ ᠬᠤᠰᠢᠭᠤᠨ ᠳᠤ ᠢᠷᠡᠵᠦ ᠪᠤᠴᠠᠬᠤ ᠬᠠᠮᠢᠶᠠᠷᠤᠯᠲᠠ ᠶᠢᠨ ᠲᠠᠩᠰᠠ ᠶᠢ ᠰᠠᠶᠢᠲᠤᠷ ᠬᠢᠵᠦ᠂ | ᠰᠤᠷᠭᠠᠭᠤᠯᠢ ᠠᠴᠠ ᠲᠣᠰ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠤᠰᠢᠭᠤᠨ ᠳᠤ ᠢᠷᠡᠵᠦ ᠪᠤᠴᠠᠬᠤ | ᠬᠠᠮᠢᠶᠠᠷᠤᠯᠲᠠ ᠶᠢᠨ ᠲᠠᠩᠰᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠣᠨᠣᠴᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠳᠡᠰ ᠤᠨ ᠲᠦᠭᠰᠢᠭᠦᠷᠢᠲᠡᠶ ᠭᠠᠵᠠᠷ ᠣᠷᠣᠨ᠂ ᠬᠢᠯᠢ ᠶᠢᠨ ᠭᠠᠳᠠᠨ᠎ᠠ ᠠᠴᠠ | ᠬᠤᠰᠢᠭᠤᠨ ᠳᠠᠭᠠᠨ ᠪᠤᠴᠠᠵᠤ ᠢᠷᠡᠭᠡᠳ ᠲᠣᠭᠲᠠᠭᠠᠯ ᠶᠣᠰᠣᠭᠠᠷ ᠮᠡᠳᠡᠭᠦᠯᠵᠦ ᠳᠠᠩᠰᠠᠯᠠᠭᠤᠯᠤᠭᠰᠠᠨ ᠥᠬᠡᠶ ᠪᠠ ᠬᠠᠤᠯᠢ | ᠪᠤᠰᠤ ᠪᠠᠷ ᠬᠢᠯᠢ ᠳᠤ ᠣᠷᠣᠵᠤ ᠢᠷᠡᠭᠰᠡᠨ ᠬᠥᠮᠦᠰ ᠤᠨ ᠰᠦᠪᠡᠭᠴᠢ ᠶᠢ ᠡᠵᠡᠮᠰᠢᠭᠰᠡᠨ ᠪᠠᠶᠢᠪᠠᠯ ᠵᠢᠯᠣᠭᠤᠳᠬᠤ | ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠳᠤ ᠴᠠᠭ ᠲᠤᠬᠠᠶ ᠳᠤᠨᠢ ᠪᠠᠶᠢᠳᠠᠯ ᠢ ᠲᠤᠰᠬᠠᠬᠤ | ᠬᠡᠷᠡᠭᠲᠡᠶ ︵ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠵᠢᠯᠣᠭᠤᠳᠬᠤ ᠲᠥᠪ᠄ 110᠂ | 6224814︶︔ ᠰᠢᠨᠡᠪᠤᠯᠠᠭ ᠪᠠᠯᠭᠠᠰᠤᠨ ᠤ ᠲᠣᠮᠢᠯᠠᠭᠰᠠᠨ ᠰᠠᠯᠪᠤᠷᠢ᠄ 6222221︔ ᠪᠠᠶᠠᠨᠲᠠᠯ᠎ᠠ | ᠪᠠᠯᠭᠠᠰᠤᠨ ᠤ ᠲᠣᠮᠢᠯᠠᠭᠰᠠᠨ ᠰᠠᠯᠪᠤᠷᠢ᠄ 13947910948︔ ᠣᠩᠭᠤᠨ ᠠᠭᠤᠯᠠ ᠰᠤᠮᠤ ᠶᠢᠨ ᠲᠣᠮᠢᠯᠠᠭᠰᠠᠨ | ᠰᠠᠯᠪᠤᠷᠢ᠄ 13947950284︔ ᠪᠣᠭᠳᠠ ᠶᠢᠨ ᠭᠤᠤᠯ ᠰᠤᠮᠤᠨ ᠤ ᠲᠣᠮᠢᠯᠠᠭᠰᠠᠨ ᠰᠠᠯᠪᠤᠷᠢ᠄ | 13947925042᠃ ᠢᠯᠡᠴᠢᠯᠡᠨ ᠮᠡᠳᠡᠭᠦᠯᠦᠭᠴᠢ ᠢᠯᠡᠴᠢᠯᠡᠨ ᠮᠡᠳᠡᠭᠦᠯᠦᠭᠰᠡᠨ ᠡᠲᠡᠭᠡᠳ ᠤᠨ ᠣᠪᠣᠭ ᠨᠡᠷ᠎ᠡ᠂ | ᠣᠷᠣᠨ ᠰᠠᠭᠤᠴᠠ ᠶᠢᠨ ᠨᠠᠷᠢᠨ ᠬᠠᠶ᠋ᠢᠭ ᠵᠡᠷᠭᠡ ᠦᠨᠡᠨ ᠪᠣᠳᠠᠲᠠᠶ ᠮᠡᠳᠡᠭᠡ ᠵᠠᠩᠭᠢ ᠶᠢ ᠦᠨᠡᠨ ᠮᠥᠨ ᠢᠶᠠᠷ ᠨᠢ | ᠬᠠᠩᠭᠠᠬᠤ ᠬᠡᠷᠡᠭᠲᠡᠶ︶᠂ ᠪᠢᠳᠡ ᠰᠦᠪᠡᠭᠴᠢ ᠬᠠᠩᠭᠠᠭᠴᠢ ᠶᠢᠨ ᠮᠡᠳᠡᠭᠡ ᠵᠠᠩᠭᠢ ᠶᠢ ᠴᠢᠩᠭ᠎ᠠ ᠬᠠᠮᠠᠭᠠᠯᠠᠨ᠎ᠠ᠃ | ᠲᠠᠪᠤ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ | ᠵᠣᠴᠢᠳ ᠤᠨ ᠪᠠᠭᠤᠳᠠᠯ᠂ ᠬᠤᠭᠤᠯᠠᠨ ᠬᠡᠷ᠂ ᠬᠡᠲᠦ ᠳᠡᠯᠭᠡᠭᠦᠷ᠂ ᠨᠠᠶᠢᠷ ᠨᠠᠭᠠᠳᠤᠮ ᠤᠨ ᠲᠠᠯᠠᠪᠤᠷ᠂ ᠮᠠᠰᠢᠨ ᠲᠡᠷᠭᠡᠨ ᠤ | ᠥᠷᠲᠡᠭᠡ᠂ ᠨᠢᠰᠬᠡᠯ ᠤᠨ ᠪᠠᠭᠤᠳᠠᠯ ᠵᠢᠴᠢ ᠪᠤᠰᠤᠳ ᠬᠥᠮᠦᠨ ᠤ ᠤᠷᠤᠰᠬᠠᠯ ᠶᠡᠬᠡᠲᠡᠶ ᠣᠯᠠᠨ ᠨᠡᠶᠢᠲᠡ ᠶᠢᠨ ᠲᠠᠯᠠᠪᠤᠷ | ᠪᠠ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠪᠠᠶᠢᠩᠭᠤᠵᠢᠭᠤᠯᠤᠨ ᠴᠢᠩᠭᠠᠳᠬᠠᠵᠤ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ᠂ | ᠲᠠᠯᠠᠪᠤᠷ ᠲᠤ ᠣᠷᠣᠬᠤ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠠᠮᠠᠪᠴᠢ ᠵᠡᠭᠦᠬᠦ᠂ ᠨᠢᠭᠡ ᠳᠠᠷᠤᠪᠴᠢ ᠪᠠᠷ | ᠺᠣᠳ᠋ ᠰᠢᠷᠪᠢᠵᠦ ᠪᠠᠶᠢᠴᠠᠭᠠᠨ ᠰᠢᠯᠭᠠᠬᠤ ︵ ᠮᠧᠩ ᠰᠦ ᠪᠠᠨ APP︶ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃ ᠪᠣᠶ ᠪᠥᠬᠦᠶ ᠠᠵᠢᠯᠲᠠᠨ ︽ ᠲᠠᠷᠢᠬᠤ ᠵᠤᠬᠢᠰᠲᠠᠢ ᠶᠢ ᠨᠢ ᠪᠦᠬᠦᠨ ᠢ | ᠲᠠᠷᠢᠬᠤ︾ ᠵᠠᠷᠴᠢᠮ ᠶᠣᠰᠣᠭᠠᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠵᠤ᠂ ᠠᠵᠢᠯᠯᠠᠬᠤ | ᠬᠤᠭᠤᠴᠠᠭᠠᠨ ᠤ ᠪᠥᠬᠦ ᠶᠠᠪᠤᠴᠠ ᠳᠤ ᠠᠮᠠᠪᠴᠢ ᠵᠡᠭᠦᠵᠦ᠂ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠠ᠃ | ᠵᠢᠷᠭᠤᠭ᠎ᠠ᠂ ︽ᠴᠢᠬᠤᠯᠠ ᠦᠭᠡᠶ ᠪᠣᠯ ᠡᠷᠬᠢᠯᠡᠬᠦ ᠦᠭᠡᠶ︾ ᠪᠠᠶᠢᠬᠤ ᠶᠢ ᠰᠠᠨᠠᠭᠠᠴᠢᠯᠠᠵᠤ᠂ ᠲᠣᠮᠣ | ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠣᠮᠬᠠᠳᠬᠠᠬᠤ ᠪᠠ ᠪᠠᠭᠠᠰᠬᠠᠬᠤ ᠬᠡᠷᠡᠭᠲᠡᠶ᠃ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠲᠣᠮᠣ ᠬᠡᠯᠪᠡᠷᠢ ᠶᠢᠨ ᠬᠤᠷᠠᠯ ᠵᠢᠴᠢ ᠠᠵᠢᠯᠯᠠᠭ᠎ᠠ ᠶᠢᠨ | ᠲᠤᠭ᠎ᠠ ᠬᠡᠮᠵᠢᠶ᠎ᠡ ᠶᠢ ᠴᠢᠩᠭ᠎ᠠ ᠡᠵᠡᠮᠳᠡᠵᠦ᠂ ᠸᠢᠳᠢᠣ᠋ ᠵᠡᠷᠭᠡ ᠰᠦᠯᠵᠢᠶᠡᠨ ᠳᠡᠭᠡᠷᠡᠬᠢ ᠬᠡᠯᠪᠡᠷᠢ ᠪᠠᠷ ᠬᠤᠷᠠᠯ | ᠬᠤᠷᠠᠯᠳᠤᠭᠤᠯᠬᠤ ᠶᠢ ᠰᠠᠨᠠᠭᠠᠴᠢᠯᠠᠵᠤ᠂ ᠰᠦᠯᠵᠢᠶᠡᠨ ᠭᠠᠳᠠᠨᠠᠬᠢ ᠬᠤᠷᠠᠯ ᠬᠤᠷᠠᠯᠳᠤᠭᠤᠯᠬᠤ ᠴᠢᠬᠤᠯᠠᠲᠠᠶ ᠪᠣᠯ᠂ | ᠬᠤᠷᠠᠯ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ 50 ᠬᠥᠮᠦᠨ ᠠᠴᠠ ᠳᠡᠭᠡᠭᠰᠢᠬᠢ ᠬᠤᠷᠠᠯ ᠳᠤ᠂ ︽ | ᠬᠡᠨ ᠭᠤᠤᠯᠯᠠᠨ ᠡᠷᠭᠢᠯᠡᠭᠰᠡᠨ ᠪᠣᠯ ᠲᠡᠷᠡ ᠬᠠᠷᠢᠭᠤᠴᠠᠬᠤ︾ ︽ᠬᠡᠨ ᠭᠤᠤᠯᠯᠠᠨ ᠡᠷᠭᠢᠯᠡᠭᠰᠡᠨ ᠪᠣᠯ ᠲᠡᠷᠡ ᠬᠢᠨᠠᠨ | ᠵᠥᠪᠰᠢᠶᠡᠷᠡᠬᠦ︾ ᠵᠠᠷᠴᠢᠮ ᠶᠣᠰᠣᠭᠠᠷ᠂ ᠭᠤᠤᠯᠯᠠᠨ ᠡᠷᠭᠢᠯᠡᠭᠰᠡᠨ ᠲᠠᠯ᠎ᠠ ᠠᠴᠠ ᠰᠡᠷᠭᠡᠶᠢᠯᠡᠨ ᠡᠵᠡᠮᠳᠡᠬᠦ ᠲᠥᠰᠦᠯ ᠪᠠ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠲᠣᠭᠲᠠᠭᠠᠬᠤ ᠶᠢᠨ ᠬᠠᠮᠲᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠷᠴᠢᠮ | ᠳᠡᠭᠡᠷ᠎ᠡ ᠪᠠᠨ ᠨᠠᠭᠠᠳᠤᠮ᠂ ᠪᠣᠷᠣᠯᠠᠭᠤᠯᠭ᠎ᠠ ᠶᠢ ᠠᠬᠢᠭᠤᠯᠬᠤ᠂ ᠬᠥᠮᠦᠵᠢᠯ ᠪᠣᠯᠪᠠᠰᠤᠷᠠᠭᠤᠯᠤᠯ᠂ ᠶᠠᠷᠢᠯᠴᠠᠨ ᠰᠤᠳᠤᠯᠬᠤ᠂ | ᠤᠷᠠᠨ ᠰᠠᠶᠢᠬᠠᠨ ᠤ ᠲᠣᠭᠯᠠᠯᠲᠠ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠡᠷᠭᠢᠯᠡᠬᠦ ᠥᠬᠡᠶ᠃ | ᠬᠤᠷᠢᠮ ᠨᠠᠶᠢᠷ ᠬᠢᠬᠦ ᠳᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠠᠯᠠᠯᠲᠠ ᠶᠢᠨ ᠪᠢᠴᠢᠭ︾ ᠲᠤ | ᠭᠠᠷ ᠤᠨ ᠥᠰᠥᠭ ᠵᠢᠷᠤᠵᠤ᠂ ᠣᠶᠢᠷ᠎ᠠ ᠶᠢᠨ ᠬᠤᠭᠤᠴᠠᠭᠠᠨ ᠳᠤ ᠡᠷᠭᠢᠯᠡᠬᠦ ᠴᠢᠬᠤᠯᠠᠲᠠᠶ ᠬᠤᠷᠢᠮ ᠨᠠᠶᠢᠷ ᠢ ᠬᠢᠵᠢᠭ ᠤᠨ | ᠪᠠᠶᠢᠳᠠᠯ ᠲᠣᠭᠲᠠᠭᠤᠨ ᠪᠣᠯᠤᠭᠰᠠᠨ ᠤ ᠳᠠᠷᠠᠭ᠎ᠠ ᠳᠠᠬᠢᠨ ᠡᠷᠭᠢᠯᠡᠬᠦ ᠶᠢ ᠰᠠᠨᠠᠭᠤᠯᠵᠤ ᠪᠠᠶᠢᠨ᠎ᠠ᠃ ᠣᠷᠣᠰᠢᠭᠤᠯᠭ᠎ᠠ ᠶᠢᠨ | ᠶᠠᠪᠤᠳᠠᠯ ᠢ ᠭᠥᠢᠴᠠᠳᠬᠡᠬᠦ ᠳᠤ ᠳᠥᠭᠦᠮᠴᠢᠯᠡᠬᠦ᠂ ᠣᠷᠣᠯᠴᠠᠬᠤ ᠬᠥᠮᠦᠨ ᠤ ᠲᠤᠭ᠎ᠠ ᠶᠢ ᠪᠠᠭᠠᠰᠬᠠᠬᠤ᠂ ᠬᠥᠮᠦᠰ ᠶᠢᠨ | ᠶᠠᠪᠤᠵᠤ ᠰᠠᠭᠤᠬᠤ ᠶᠢ ᠪᠠᠭᠠᠰᠬᠠᠬᠤ᠂ ᠠᠯᠢ ᠴᠢᠳᠠᠬᠤ ᠪᠠᠷ ᠬᠤᠰᠢᠭᠤᠨ ᠭᠠᠳᠠᠨᠠᠬᠢ ᠬᠥᠮᠦᠰ ᠢ ᠤᠷᠢᠵᠤ | ᠣᠷᠣᠯᠴᠠᠭᠤᠯᠬᠤ ᠥᠬᠡᠶ ᠪᠠᠶᠢᠵᠤ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ᠮᠡᠳᠡᠭᠡ ᠵᠠᠩᠭᠢ ᠶᠢ | ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠣᠷᠴᠢᠨ ᠲᠣᠭᠤᠷᠢᠨ ᠢ ᠠᠷᠢᠭᠤᠳᠬᠠᠬᠤ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠡᠷ ᠪᠦᠯᠢ ᠶᠢᠨ ᠬᠤᠪᠢ ᠬᠥᠮᠦᠨ ᠤ | ᠴᠤᠭᠯᠠᠭᠠᠨ ᠤ ᠬᠤᠭᠤᠯᠠ ᠶᠢ 10 ᠬᠥᠮᠦᠨ ᠠᠴᠠ ᠳᠣᠷᠣᠭᠰᠢ ᠬᠢᠵᠠᠭᠠᠷᠯᠠᠬᠤ ᠬᠡᠷᠡᠭᠲᠡᠶ᠃ ᠠᠶᠢᠮᠠᠭ ᠤᠨ | ᠭᠠᠳᠠᠨ᠎ᠠ ᠠᠴᠠ ᠮᠠᠨ ᠤ ᠬᠤᠰᠢᠭᠤᠨ ᠳᠤ ᠢᠷᠡᠵᠦ ᠬᠤᠷᠠᠯ ᠳᠤ ᠣᠷᠣᠯᠴᠠᠵᠤ᠂ ᠬᠠᠮᠲᠤ ᠶᠢᠨ ᠠᠵᠢᠯᠯᠠᠭ᠎ᠠ ᠳᠤ | ᠤᠷᠤᠯᠴᠠᠬᠤ ᠬᠥᠮᠦᠰ ᠡᠷᠬᠡᠪᠰᠢ 72 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ | ᠪᠢᠯᠢᠭ ᠴᠢᠨᠠᠷ ᠤᠨ ᠭᠡᠷᠡᠴᠢ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ | ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠶᠢᠨ ᠬᠢᠨᠠᠨ | ᠬᠡᠮᠵᠢᠯᠲᠡ ᠶᠢ ᠰᠠᠶᠢᠲᠤᠷ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠰᠡᠵᠢᠭᠯᠡᠯᠲᠡᠶ ᠡᠪᠡᠳᠴᠢᠨ ᠤ ᠢᠯᠡᠷᠡᠯ ᠭᠠᠷᠪᠠᠯ | ᠴᠠᠭ ᠲᠤᠬᠠᠶ ᠳᠤᠨᠢ ᠬᠤᠷᠠᠯ᠂ ᠠᠵᠢᠯᠯᠠᠭ᠎ᠠ ᠡᠷᠭᠢᠯᠡᠬᠦ ᠲᠠᠯ᠎ᠠ ᠳᠤ ᠮᠡᠳᠡᠭᠦᠯᠬᠦ ᠬᠡᠷᠡᠭᠲᠡᠶ᠃ | ᠳᠣᠯᠤᠭ᠎ᠠ᠂ ᠥᠷᠭᠡᠨ ᠣᠯᠠᠨ ᠰᠠᠭᠤᠭᠠᠯᠢ ᠠᠷᠠᠳ ᠲᠤ ᠰᠠᠨᠠᠭᠤᠯᠬᠤ ᠨᠢ᠂ ᠬᠤᠪᠢ ᠬᠥᠮᠦᠨ ᠤ ᠰᠡᠷᠭᠡᠶᠢᠯᠡᠯᠲᠡ | ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠬᠢᠵᠦ᠂ ᠠᠮᠠᠪᠴᠢ ︵ᠢᠯᠠᠩᠭᠤᠶ᠎ᠠ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠪᠠᠶᠢᠬᠤ ᠦᠶᠡᠰ︶ ᠵᠡᠭᠦᠵᠦ᠂ | ᠬᠥᠮᠦᠨ ᠣᠯᠠᠨ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠭᠢᠶᠠᠨ᠂ ᠦᠷᠭᠦᠯᠵᠢ ᠰᠠᠯᠬᠢ ᠨᠡᠪᠲᠡᠷᠡᠭᠦᠯᠬᠦ | ᠬᠡᠷᠡᠭᠲᠡᠢ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠷᠢᠮᠲᠠᠯᠠᠬᠤ ᠶᠢ ᠠᠩᠬᠠᠷᠬᠤ ᠬᠡᠷᠡᠭᠲᠡᠶ | ᠃ | ᠨᠠᠢᠮᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠪᠣᠯ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠢ ᠰᠡᠷᠭᠡᠶᠢᠯᠡᠨ ᠬᠤᠷᠢᠭᠯᠠᠬᠤ ᠪᠦᠲᠦᠮᠵᠢᠲᠡᠶ ᠠᠷᠭ᠎ᠠ ᠬᠡᠮᠵᠢᠶ᠎ᠡ | ᠮᠥᠨ᠂ ᠠᠷᠠᠳ ᠢᠷᠭᠡᠳ ᠤᠨ ᠭᠥᠢᠴᠠᠳᠬᠡᠪᠠᠰᠤ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠂ ᠣᠳᠣᠬᠠᠨ ᠳᠤ | ᠮᠠᠨ ᠤ ᠬᠤᠰᠢᠭᠤᠨ ᠤ ᠸᠠᠺᠼᠢᠨ ᠤ ᠬᠠᠩᠭᠠᠯᠭ᠎ᠠ ᠭᠥᠢᠴᠠᠳ ᠪᠠᠶᠢᠵᠤ᠂ 15 - 17 ᠪᠦᠬᠦᠯᠢ ᠨᠠᠰᠤ ᠪᠠ 18 | ᠪᠦᠬᠦᠯᠢ ᠨᠠᠰᠤᠨ ᠠᠴᠠ ᠳᠡᠭᠡᠭᠰᠢᠬᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ ᠪᠣᠶ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠰᠠᠭᠤᠭᠠᠯᠢ | ᠠᠷᠠᠳ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠵᠦ᠂ ᠬᠢᠵᠢᠭ ᠠᠴᠠ ᠰᠡᠷᠭᠡᠶᠢᠯᠡᠬᠤ | ᠬᠠᠯᠬᠠᠪᠴᠢ ᠶᠢ ᠬᠠᠮᠲᠤ ᠪᠠᠷ ᠴᠤᠭᠴᠠᠯᠠᠶ᠎ᠠ᠃ | | | ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ | ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ | 2021 ᠤᠨ ᠤ 7 ᠰᠠᠷᠠᠶᠢᠨ 31 ᠤ ᠡᠳᠦᠷ |