锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ  ᠵᠢᠯᠤᠭᠤᠳᠬᠤ ᠭᠡᠯᠲᠡᠰ ᠤᠨ ᠠᠯᠪᠠᠨ ᠵᠠᠷᠯᠠᠯ
        ᠨᠡᠶᠢᠲᠡᠯᠡᠭᠰᠡᠨ ᠴᠠᠭ᠄
        2021/8/9
                                  ᠠᠯᠪᠠᠨ   ᠵᠠᠷᠯᠠᠯ                  ︵ᠠᠷᠪᠠᠨ ᠵᠢᠷᠭᠤᠳᠤᠭᠠᠷ ᠲᠤᠭᠠᠳᠤ︶        2021 ᠣᠨ ᠤ 8 ᠰᠠᠷ᠎ᠠ ᠶᠢᠨ 6 ᠤ ᠡᠳᠦᠷ᠂ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠬᠦ ᠲᠥᠪ ᠤᠯᠠᠭᠠᠨᠴᠠᠪ ᠬᠤᠲᠠ ᠵᠢᠴᠢ ᠬᠤᠸᠠᠳᠧ ᠰᠢᠶᠠᠨ ᠤ  ᠡᠪᠡᠳᠴᠢᠨ ᠬᠢᠵᠢᠭ ᠢ ᠰᠡᠷᠭᠡᠶᠢᠯᠡᠬᠦ ᠲᠥᠪ ᠠᠴᠠ ᠢᠷᠡᠬᠦᠯᠦᠭᠰᠡᠨ ᠬᠠᠮᠵᠢᠯᠴᠠᠨ ᠪᠠᠶᠢᠴᠠᠭᠠᠬᠤ ᠵᠠᠬᠢᠳᠠᠯ ᠢ ᠲᠤᠰᠴᠤ᠂ ᠴᠦᠩᠴᠢᠩ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠪᠦᠬᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷ ᠢᠶᠠᠷ ᠲᠤᠳᠤᠯᠠᠭᠳᠠᠭᠰᠠᠨ ᠡᠪᠡᠳᠴᠢᠲᠡᠨ ᠯᠢᠦ ᠤᠪᠤᠭᠲᠤ ᠪᠠ ᠯᠢ ᠤᠪᠤᠭᠲᠤ ᠶᠢᠨ ᠨᠢᠭᠲᠠ ᠣᠶᠢᠷᠠᠳᠤᠭᠰᠠᠳ ᠪᠣᠯᠬᠤ ᠴᠢ ᠤᠪᠤᠭᠲᠤ ᠮᠠᠨ ᠤ ᠬᠤᠰᠢᠭᠤᠨ ᠳᠤ ᠢᠷᠡᠵᠦ ᠥᠩᠭᠡᠷᠡᠭᠰᠡᠨ ᠢ ᠮᠡᠳᠡᠪᠡ᠃ ᠴᠢ ᠤᠪᠤᠭᠲᠤ ᠶᠢᠨ ᠬᠠᠮᠢᠶ᠎ᠠ ᠪᠦᠬᠦᠢ ᠰᠤᠷᠠᠭ ᠵᠠᠩᠬᠢ ᠵᠢᠴᠢ ᠪᠤᠳᠠᠳᠠᠢ ᠶᠠᠪᠤᠵᠤ ᠰᠠᠭᠤᠭᠰᠠᠨ ᠵᠠᠮ ᠮᠦᠷ ᠲᠤᠤᠷᠠᠬᠢ ᠮᠡᠳᠦ᠄        ᠨᠢᠭᠡ᠂ ᠨᠢᠭᠲᠠ ᠣᠶᠢᠷᠠᠳᠤᠭᠰᠠᠳ ᠤᠨ ᠦᠨᠳᠦᠰᠦᠨ ᠪᠠᠶᠢᠳᠠᠯ        ᠴᠢ ᠤᠪᠤᠭᠲᠤ᠂ ᠡᠷᠡᠭᠳᠡᠢ᠂ 48 ᠨᠠᠰᠤᠳᠠᠢ᠂ ᠪᠡᠶ᠎ᠡ ᠶᠢᠨ ᠦᠨᠡᠮᠯᠡᠯ ᠤᠨ ᠨᠣᠮᠧᠷ᠄ 1526251973********᠂ ᠮᠤᠳᠤᠴᠢᠨ᠃       ᠬᠤᠶᠠᠷ᠂ ᠨᠢᠭᠲᠠ ᠣᠶᠢᠷᠠᠳᠤᠭᠰᠠᠳ ᠤᠨ ᠶᠠᠪᠤᠵᠤ ᠰᠠᠭᠤᠭᠰᠠᠨ ᠵᠠᠮ ᠮᠦᠷ        7 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ 12᠄ 30—13᠄ 00 ᠲᠤ᠂ ᠴᠢ ᠤᠪᠤᠭᠲᠤ ᠡᠬᠡᠨᠡᠷ ᠬᠡᠦᠬᠡᠳ ᠲᠠᠢ ᠪᠠᠨ ᠬᠠᠮᠲᠤ  ᠮᠠᠰᠢᠨ ᠲᠡᠷᠭᠡ ᠵᠢᠯᠤᠭᠤᠳᠴᠤ ᠰᠢ ᠠᠨ ᠬᠤᠲᠠ ᠶᠢᠨ ᠯᠢᠨ ᠲᠥᠩ ᠲᠤᠭᠤᠷᠢᠭ ᠤᠨ ᠴᠢᠩ ᠱᠢ ᠬᠤᠸᠠᠩ ᠤᠨ ᠴᠡᠷᠢᠭ ᠮᠣᠷᠢᠨ ᠰᠠᠳᠠᠭ᠎ᠠ ᠶᠢᠨ ᠮᠦᠽᠸᠢ ᠶᠢᠨ ᠨᠢᠭᠡᠳᠦᠭᠡᠷ ᠨᠣᠮᠧᠷᠲᠦ ᠲᠣᠭᠤᠷᠢᠭ᠂ ᠬᠤᠶᠠᠳᠤᠭᠠᠷ ᠨᠤᠮᠧᠷᠲᠦ ᠲᠤᠭᠤᠷᠢᠭ ᠢᠶᠠᠷ ᠲᠤᠭᠤᠷᠢᠪᠠ᠃ 14᠄ 27 ᠲᠤ ᠮᠦᠽᠸᠢ ᠠᠴᠠ ᠭᠠᠷᠴᠤ᠂ ᠡᠬᠦᠳᠡᠨ ᠤ ᠣᠶᠢᠷᠠᠯᠴᠠᠭᠠᠬᠢ ᠬᠤᠭᠤᠯᠠᠨ ᠭᠡᠷ ᠲᠤ ᠬᠤᠭᠤᠯᠠ ᠢᠳᠡᠪᠡ ︵ᠬᠤᠭᠤᠯᠠᠨ ᠭᠡᠷ ᠤᠨ ᠨᠡᠷ᠎ᠡ ᠲᠤᠳᠤᠷᠬᠠᠢ ᠦᠬᠡᠢ︶᠃ 15᠄ 20— 17᠄ 00 ᠲᠤ ᠲᠡᠷᠭᠡᠨ ᠳᠤᠳᠤᠷ᠎ᠠ ᠪᠠᠨ ᠠᠮᠠᠷᠠᠪᠠ᠃ 17᠄ 00 ᠲᠤ ᠮᠤᠷᠳᠠᠵᠤ᠂ 19᠄ 30 ᠤᠨ ᠣᠷᠴᠢᠮ ᠴᠢᠩ ᠯᠢᠩ ᠠᠮᠢᠲᠠᠨ ᠤ ᠬᠦᠷᠢᠶᠡᠯᠡᠩ ᠤᠨ ᠣᠷᠴᠢᠮ ᠪᠠᠭᠤᠳᠠᠯ ︵ᠪᠠᠭᠤᠳᠠᠯ ᠤᠨ ᠨᠠᠷ᠎ᠠ ᠲᠤᠳᠤᠷᠠᠬᠠᠢ ᠦᠬᠡᠢ︶ ᠳᠤ ᠰᠠᠭᠤᠵᠤ᠂ ᠴᠢᠩ ᠯᠢᠩ ᠠᠮᠢᠲᠠᠨ ᠤ ᠬᠦᠷᠢᠶᠡᠯᠡᠩ ᠤᠨ ᠣᠶᠢᠷᠠᠯᠴᠠᠭᠠᠬᠢ ᠬᠤᠭᠤᠯᠠᠨ ᠭᠡᠷ ︵ᠬᠤᠭᠤᠯᠠᠨ ᠭᠡᠷ ᠤᠨ ᠨᠡᠷ᠎ᠡ ᠲᠤᠳᠤᠷᠬᠠᠢ ᠦᠬᠡᠢ︶ ᠲᠤ ᠣᠷᠤᠢ ᠶᠢᠨ ᠬᠤᠭᠤᠯᠠ ᠢᠳᠡᠵᠦ᠂ ᠬᠤᠭᠤᠯᠠᠨ ᠤ ᠳᠠᠷᠠᠭ᠎ᠠ ᠪᠠᠭᠤᠳᠠᠯ ᠳᠠᠭᠠᠨ ᠠᠯᠬᠤᠵᠤ ᠬᠠᠷᠢᠪᠠ᠃         7 ᠰᠠᠷ᠎ᠠ ᠶᠢᠨ 24 ᠤ ᠡᠳᠦᠷ ᠤᠨ 9᠄ 00 ᠤᠨ ᠣᠷᠴᠢᠮ ᠴᠢᠩ ᠯᠢᠩ ᠠᠮᠢᠲᠠᠨ ᠤ ᠬᠦᠷᠢᠶᠡᠯᠡᠩ ᠢᠶᠠᠷ ᠲᠤᠭᠤᠷᠢᠵᠤ᠂ ᠦᠳᠡ ᠶᠢᠨ 12᠄ 00 ᠲᠤ ᠮᠤᠷᠳᠠᠵᠤ᠂ 14᠄ 00 ᠣᠷᠴᠢᠮ ᠰᠢ ᠠᠨ ᠳᠤ ᠬᠦᠷᠴᠦ᠂ ᠳ᠋ᠠ ᠶᠠᠨ ᠰᠣᠪᠣᠷᠭ᠎ᠠ ᠶᠢᠨ ᠣᠷᠴᠢᠮ ᠬᠤᠭᠤᠯᠠ ᠢᠳᠡᠵᠦ᠂ ᠪᠠᠭᠤᠳᠠᠯ ︵ᠪᠠᠭᠤᠳᠠᠯ ᠤᠨ ᠨᠡᠷ᠎ᠡ ᠲᠤᠳᠤᠷᠬᠠᠢ ᠦᠬᠡᠢ︶ ᠳᠤ ᠰᠠᠭᠤᠪᠠ᠃ 17᠄ 00 ᠤᠨ ᠣᠷᠴᠢᠮ ᠲᠦᠷᠢᠶᠡᠰᠦᠨ ᠲᠡᠷᠭᠡᠨ ᠳᠤ ᠰᠠᠭᠤᠵᠤ ᠬᠤᠲᠤᠩ ᠲᠤᠭᠤᠷᠢᠭ ᠤᠨ ᠠᠮᠳᠠᠳᠤ ᠢᠳᠡᠭᠡᠨ ᠤ ᠵᠡᠬᠡᠯᠢ ᠳᠤ ᠬᠦᠷᠴᠦ ᠬᠤᠭᠤᠯᠠ ᠢᠳᠡᠵᠦ᠂ ᠲᠠᠷᠠᠭ᠎ᠠ ᠨᠢ ᠳ᠋ᠠ ᠶᠠᠨ ᠰᠣᠪᠤᠷᠭ᠎ᠠ ᠶᠢᠨ ᠲᠤᠤᠷᠠᠬᠢ ᠠᠷᠪᠠᠨ ᠭᠠᠵᠠᠷ ᠤᠨ ᠤᠷᠳᠤ ᠵᠡᠬᠡᠯᠢ ᠪᠠᠷ ᠰᠡᠯᠡᠬᠦᠴᠡᠨ ᠲᠤᠭᠤᠷᠢᠪᠠ᠃ 23᠄ 00 ᠤᠨ ᠤᠷᠴᠢᠮ ᠲᠦᠷᠢᠶᠡᠰᠦᠨ ᠲᠡᠷᠭᠡᠨ ᠳᠤ ᠰᠠᠭᠤᠵᠤ ᠪᠠᠭᠤᠳᠠᠯ ᠳᠠᠭᠠᠨ ᠬᠠᠷᠢᠪᠠ ︵ᠲᠦᠷᠢᠶᠡᠰᠦᠨ ᠲᠡᠷᠭᠡᠨ ᠤ ᠰᠤᠷᠠᠭ ᠵᠠᠩᠬᠢ ᠲᠤᠳᠤᠷᠬᠠᠢ ᠦᠬᠡᠢ︶᠃         7 ᠰᠠᠷ᠎ᠠ ᠶᠢᠨ 25 ᠤ ᠡᠳᠦᠷ ᠤᠨ ᠦᠷᠯᠦᠭᠡ 9᠄ 00 ᠲᠤ᠂ ᠪᠠᠭᠤᠳᠠᠯ ᠠᠴᠠ ᠰᠠᠯᠵᠤ᠂ 12᠄ 00  ᠲᠤ ᠴᠠᠭᠠᠨ ᠪᠤᠭᠤᠳᠤ ᠶᠢᠨ ᠰᠢᠯᠢ ︵ᠪᠠᠢ ᠯᠤ᠋ ᠶᠤᠸᠠᠨ︶ ᠺᠢᠨᠤ᠋ ᠵᠦᠴᠦᠭᠡ ᠶᠢᠨ ᠬᠤᠲᠠ ᠳᠤ ᠬᠦᠷᠴᠦ᠂ ᠲᠤᠰ ᠭᠠᠵᠠᠷ  ᠲᠤ ᠬᠤᠭᠤᠯᠠ ᠢᠳᠡᠪᠡ ︵ᠲᠡᠯᠭᠡᠬᠦᠷ ᠶᠢᠨ ᠨᠡᠷ᠎ᠡ ᠲᠤᠳᠤᠷᠬᠠᠢ ᠦᠬᠡᠢ︶᠃ 14᠄ 00 ᠲᠤ ᠲᠠᠶᠢᠶᠤᠸᠠᠨ ᠵᠦᠭ ᠮᠤᠷᠳᠠᠵᠤ᠂ 20᠄ 00 ᠤᠨ ᠣᠷᠴᠢᠮ ᠲᠠᠶᠢᠶᠤᠸᠠᠨ ᠤ ᠶᠠᠩ ᠴᠢᠦᠢ ᠪᠠᠯᠭᠠᠰᠤᠨ ᠤ ᠦ᠋ ᠶᠤᠸᠠᠨ ᠪᠠᠭᠤᠳᠠᠯ ᠳᠤ ᠰᠠᠭᠤᠵᠤ᠂ ᠪᠠᠭᠤᠳᠠᠯ ᠤᠨ ᠣᠶᠢᠷᠠᠯᠴᠠᠭᠠᠬᠢ ᠬᠤᠭᠤᠯᠠᠨ ᠭᠡᠷ ᠲᠤ ᠬᠤᠭᠤᠯᠠ ᠢᠳᠡᠪᠡ᠃         7 ᠰᠠᠷ᠎ᠠ ᠶᠢᠨ 27 ᠤ ᠡᠳᠦᠷ ᠤᠨ 9᠄ 00 ᠲᠤ᠂ ᠲᠠᠶᠢᠶᠤᠸᠠᠨ ᠠᠴᠠ ᠰᠠᠯᠵᠤ ᠱᠠᠨ ᠰᠢ ᠶᠢᠨ ᠬᠤᠸᠠᠢ ᠷᠧᠨ ᠳᠤ ᠬᠦᠷᠪᠡ᠃ ᠦᠳᠡ ᠳᠤ ᠠᠬ᠎ᠠ ᠲᠡᠬᠦᠦ ᠶᠢᠨ ᠪᠤᠯᠭᠤᠭᠰᠠᠨ ᠢᠳᠡᠭᠡᠨ ᠤ ᠭᠠᠵᠠᠷ ᠲᠤ ᠬᠤᠭᠤᠯᠠ ᠢᠳᠡᠪᠠ᠃ 13᠄ 00 ᠲᠤ ᠤᠯᠠᠭᠠᠨᠴᠠᠪ ᠤᠨ ᠴᠠᠬᠠᠷ ᠪᠠᠷᠠᠭᠤᠨ ᠬᠤᠶᠢᠲᠤ ᠬᠤᠰᠢᠭᠤᠨ ᠳᠤ ᠬᠦᠷᠴᠦ᠂  ᠰᠣᠯᠢᠯᠴᠠᠭᠠᠨ ᠤ ᠬᠤᠷᠠᠯ ᠳᠤ ᠣᠷᠤᠯᠴᠠᠪᠠ᠃ 17᠄ 00 ᠤᠨ ᠣᠷᠴᠢᠮ ᠲᠡᠷᠭᠡ ᠪᠠᠨ ᠵᠢᠯᠤᠭᠤᠳᠴᠤ ᠬᠤᠸᠠᠳᠧ ᠰᠢᠶᠠᠨ ᠤ ᠳ᠋ᠠ ᠵᠢᠩ ᠬᠡᠦ ᠳᠤ ᠪᠠᠶᠢᠭ᠎ᠠ ᠰᠠᠳᠤᠨ ᠤ ᠳᠠᠭᠠᠨ ᠬᠦᠷᠴᠦ ᠨᠤᠭᠤᠭ᠎ᠠ ᠠᠪᠤᠭᠰᠠᠨ ᠤ ᠲᠠᠷᠠᠭ᠎ᠠ ᠭᠡᠷ ᠲᠡᠭᠡᠨ ᠪᠤᠴᠠᠪᠠ᠃ ᠡᠬᠦᠨ  ᠠᠴᠠ ᠬᠤᠶᠢᠰᠢ ᠭᠡᠷ ᠠᠴᠠ ᠭᠠᠷᠤᠭᠰᠠᠨ ᠦᠬᠡᠢ᠃        7 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ 10᠄ 00 ᠲᠤ᠂ ᠴᠢ ᠤᠪᠤᠭᠲᠤ ᠲᠡᠬᠦᠦ ᠲᠠᠢ  ᠪᠠᠨ ᠲᠥᠷᠪᠡᠬᠦᠯᠡ ᠮᠠᠨ ᠤ ᠬᠤᠰᠢᠭᠤᠨ ᠤ ᠪᠠᠶᠠᠨᠲᠠᠯ᠎ᠠ ᠪᠠᠯᠭᠠᠰᠤᠨ ᠳᠤ ᠢᠷᠡᠵᠦ ᠡᠾᠧ ᠤᠪᠤᠭᠲᠤ ᠲᠠᠢ ᠠᠭᠤᠯᠵᠠᠵᠤ᠂ ᠦᠳᠡ ᠳᠤ ᠪᠠᠶᠠᠨᠲᠠᠯ᠎ᠠ ᠪᠠᠯᠭᠠᠰᠤᠨ ᠤ ︽ᠠᠵᠠ ᠬᠡᠶᠢᠮᠦᠷᠢ︾ ᠮᠤᠩᠭᠤᠯ ᠬᠤᠭᠤᠯᠠᠨ ᠭᠡᠷ ᠲᠤ ᠬᠤᠭᠤᠯᠠ ᠢᠳᠡᠵᠦ᠂ ᠢᠳᠡᠵᠦ ᠪᠠᠷᠠᠭᠠᠳ ᠬᠤᠸᠠᠳᠧ ᠰᠢᠶᠠᠨ ᠳᠠᠭᠠᠨ ᠬᠠᠷᠢᠪᠠ᠃ ︽ᠠᠵᠠ ᠬᠡᠶᠢᠮᠦᠷᠢ︾ ᠮᠤᠩᠭᠤᠯ ᠬᠤᠭᠤᠯᠠᠨ ᠭᠡᠷ ᠲᠤ ᠬᠠᠮᠲᠤ ᠬᠤᠭᠤᠯᠠ ᠢᠳᠡᠭᠰᠡᠨ ᠬᠦᠮᠦᠰ ︵ᠨᠢᠭᠲᠠ ᠣᠶᠢᠷᠠᠳᠤᠭᠰᠠᠳ ᠲᠠᠢ ᠨᠢᠭᠲᠠ ᠣᠶᠢᠷᠠᠳᠤᠭᠰᠠᠨ ᠬᠦᠮᠦᠰ︶ ᠲᠤ᠄ ᠡᠾᠧ ᠣᠪᠣᠭᠲᠤ᠂ ᠡᠷᠡᠭᠳᠡᠢ᠂ 45 ᠨᠠᠰᠤᠳᠠᠢ᠂ ᠪᠡᠶ᠎ᠡ ᠶᠢᠨ ᠦᠨᠡᠮᠯᠡᠯ ᠤᠨ ᠨᠤᠮᠧᠷ᠄ 1525281976********᠂ ᠪᠠᠷᠢᠯᠭ᠎ᠠ ᠶᠢᠨ ᠠᠵᠢᠯ ᠲᠠᠭᠠᠭᠠᠴᠢᠯᠠᠭᠴᠢ︔ ᠬᠤᠸᠠᠩ ᠤᠪᠤᠭᠲᠤ᠂ ᠡᠷᠡᠭᠳᠡᠢ᠂ 41 ᠨᠡᠰᠤᠳᠠᠢ᠂ ᠪᠡᠶ᠎ᠡ ᠶᠢᠨ ᠦᠨᠡᠮᠯᠡᠯ ᠤᠨ ᠨᠤᠮᠧᠷ᠄ 1526251980********᠂ ᠸᠠᠭᠠᠷ ᠤᠨ ᠠᠵᠢᠯᠴᠢᠨ︔ ᠵᠤᠤ ᠣᠪᠣᠭᠲᠤ᠂ ᠡᠷᠡᠭᠳᠡᠢ᠂ 48 ᠨᠠᠰᠤᠳᠠᠢ᠂ ᠪᠡᠶ᠎ᠡ ᠶᠢᠨ ᠦᠨᠡᠮᠯᠡᠯ ᠤᠨ ᠨᠤᠮᠧᠷ᠄ 1525281973********᠂ ᠸᠠᠭᠠᠷ ᠤᠨ ᠠᠵᠢᠯᠴᠢᠨ︔ ᠭᠦᠸᠧ ᠤᠪᠤᠭᠲᠤ᠂ ᠡᠷᠡᠭᠳᠡᠢ᠂ 49 ᠨᠠᠰᠤᠳᠠᠢ᠂ ᠪᠡᠶ᠎ᠡ ᠶᠢᠨ ᠦᠨᠡᠮᠯᠡᠯ ᠤᠨ ᠨᠤᠮᠧᠷ᠄ 1526291972********᠂ ᠸᠠᠭᠠᠷ ᠤᠨ ᠠᠵᠢᠯᠴᠢᠨ︔ ᠴᠧᠨ ᠤᠪᠤᠭᠲᠤ᠂ ᠡᠷᠡᠭᠳᠡᠢ᠂ 43 ᠨᠠᠰᠤᠳᠠᠢ᠂ ᠪᠡᠶ᠎ᠡ ᠶᠢᠨ ᠦᠨᠡᠮᠯᠡᠯ ᠤᠨ ᠨᠤᠮᠧᠷ᠄ 1525281978********᠂ ᠸᠠᠭᠠᠷ ᠤᠨ ᠠᠵᠢᠯᠴᠢᠨ᠃        ᠭᠤᠷᠪᠠ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ        ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠤᠰᠤᠭᠠᠷ᠂ ᠮᠠᠨ ᠤ ᠬᠤᠰᠢᠭᠤᠨ ᠤ ᠦᠷᠭᠡᠨ ᠣᠯᠠᠨ ᠲᠥᠮᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠥᠪᠰᠢᠨ ᠢ ᠦᠨᠡᠨᠬᠦ ᠪᠠᠳᠤᠯᠠᠬᠤ ᠶᠢᠨ ᠲᠤᠯᠠᠳᠠ᠂ ᠲᠡᠭᠡᠷ᠎ᠡ ᠲᠤᠷᠠᠳᠤᠭᠰᠠᠨ ᠴᠠᠭ ᠬᠤᠭᠤᠴᠠᠭᠠᠨ ᠳᠤ ᠴᠢ ᠤᠪᠤᠭᠲᠤ  ᠲᠠᠢ ᠨᠢᠭᠲᠠ ᠣᠶᠢᠷᠠᠳᠤᠭᠰᠠᠨ ᠬᠦᠮᠦᠰ᠂ ᠢᠯᠠᠩᠭᠤᠶ᠎ᠠ 7 ᠰᠠᠷ᠎ᠠ ᠶᠢᠨ 29 ᠤ ᠦᠳᠡ ᠳᠤ ᠪᠠᠶᠠᠨᠲᠠᠯ᠎ᠠ ᠪᠠᠯᠭᠠᠰᠤᠨ ᠤ ︽ᠠᠵᠠ ᠬᠡᠶᠢᠮᠦᠷᠢ︾ ᠮᠤᠩᠭᠤᠯ ᠬᠤᠭᠤᠯᠠᠨ ᠭᠡᠷ ᠲᠤ ᠬᠤᠭᠤᠯᠠ ᠢᠳᠡᠵᠦ ᠦᠩᠭᠡᠷᠡᠭᠰᠡᠨ ᠬᠦᠮᠦᠰ ᠲᠠᠷᠤᠶᠢᠬᠠᠨ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ ᠪᠤᠶᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠨᠡᠶᠢᠭᠡᠮ  ᠤᠨ ᠬᠠᠮᠢᠶᠠᠷᠤᠨ ᠡᠵᠡᠮᠳᠡᠬᠦ ᠲᠤᠭᠤᠶᠢᠯᠠᠩ ᠤᠨ ᠤᠳᠠᠰᠤ᠄ 110᠂ 6224814︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠤᠭᠤᠶᠢᠯᠠᠩ ᠤᠨ ᠤᠳᠠᠰᠤ᠄ 6222994᠂ 13484790901︔ ᠬᠤᠰᠢᠭᠤ ᠡᠪᠡᠳᠴᠢᠨ ᠬᠢᠵᠢᠭ  ᠢ ᠰᠡᠷᠭᠡᠶᠢᠯᠡᠬᠦ ᠲᠥᠪ ᠤᠨ ᠬᠠᠷᠢᠯᠴᠠᠬᠤ ᠤᠳᠠᠰᠤ᠄ 6222615᠂ 18647916553︔ ᠪᠠᠶᠠᠨᠲᠠᠯ᠎ᠠ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠤᠳᠠᠰᠤ᠄ 15847971822︶ ᠲᠠᠢ ᠬᠠᠷᠢᠯᠴᠠᠵᠤ᠂ ᠲᠥᠪᠯᠡᠷᠡᠬᠦᠯᠦᠨ ᠳᠤᠰᠭᠠᠷᠯᠠᠬᠤ᠂ ᠬᠠᠯᠳᠠᠪᠦᠷᠢᠲᠦ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠪᠦᠬᠡᠮ ᠬᠦᠴᠢᠯ  ᠶᠢᠨ ᠪᠠᠶᠢᠴᠠᠭᠠᠯᠲᠠ ᠬᠢᠬᠦ ᠵᠡᠷᠭᠡ ᠠᠵᠢᠯ ᠲᠠᠢ ᠰᠠᠶᠢᠲᠤᠷ ᠬᠠᠮᠵᠢᠯᠴᠠᠵᠤ᠂ ᠮᠡᠳᠡᠬᠦᠯᠬᠦ ᠪᠠᠨ ᠨᠢᠭᠤᠪᠠᠯ᠂ ᠬᠠᠮᠢᠶ᠎ᠠ ᠪᠦᠬᠦᠢ ᠬᠦᠮᠦᠰ ᠠᠴᠠ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃        ᠬᠤᠰᠢᠭᠤ ᠵᠢᠯᠤᠭᠤᠳᠬᠤ ᠬᠡᠯᠲᠡᠰ ᠠᠴᠠ ᠦᠷᠭᠡᠨ ᠣᠯᠠᠨ ᠲᠥᠮᠡᠨ ᠳᠤ᠂ ᠦᠷᠬᠦᠯᠵᠢᠯᠡᠨ ᠬᠤᠪᠢ ᠬᠦᠮᠦᠨ  ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠭᠠᠷ ᠢᠶᠠᠨ ᠰᠠᠶᠢᠲᠤᠷ ᠤᠬᠢᠶᠠᠬᠤ᠂ ᠠᠷᠢᠭᠤᠳᠬᠠᠯ ᠢ ᠰᠠᠶᠢᠲᠤᠷ ᠬᠢᠬᠦ᠂ ᠠᠭᠠᠷ ᠰᠠᠯᠬᠢ ᠨᠡᠪᠳᠡᠷᠡᠬᠦᠯᠬᠦ᠂ ᠤᠯᠠᠭᠤᠯᠠ ᠴᠤᠭᠯᠠᠷᠠᠬᠤ ᠦᠬᠡᠢ᠂ ᠠᠮᠤᠷ ᠲᠥᠪᠰᠢᠨ ᠤ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠳᠤᠯᠠᠬᠤ᠂ ᠬᠠᠨᠢᠶᠠᠵᠤ ᠨᠠᠶᠢᠳᠠᠭᠠᠬᠤ ᠳᠠᠭᠠᠨ ᠠᠮᠠ ᠪᠠᠨ ᠲᠠᠭᠯᠠᠬᠤ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠬᠤ ᠶᠢ ᠰᠠᠨᠠᠭᠤᠯᠵᠤ ᠪᠠᠶᠢᠨ᠎ᠠ᠃        ᠤᠳᠤᠬᠠᠨ ᠳᠤ ᠮᠠᠨ ᠤ ᠬᠤᠰᠢᠭᠤᠨ ᠤ ᠸᠠᠺᠼᠢᠨ ᠤ ᠬᠠᠩᠭᠠᠯᠭ᠎ᠠ ᠬᠦᠢᠴᠡᠳ ᠪᠠᠶᠢᠭ᠎ᠠ ᠪᠤᠯᠬᠤᠷ᠂ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠣᠯᠠᠨ ᠲᠥᠮᠡᠨ ︽ᠬᠦᠪᠡᠭᠡᠲᠦ ᠰᠢᠷ᠎ᠠ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠥᠪᠯᠡᠯ︾ ᠤᠨ ᠣᠯᠠᠨ ᠨᠡᠶᠢᠲᠡ ᠶᠢᠨ ᠸᠢᠴᠠᠲ ᠲᠠᠪᠴᠠᠩ ᠲᠤ ᠢᠮᠠᠭᠲᠠ ᠠᠩᠬᠠᠷᠤᠯ ᠢᠶᠠᠨ ᠬᠠᠨᠳᠤᠭᠤᠯᠵᠤ᠂ ᠸᠠᠺᠼᠢᠨ ᠲᠠᠷᠢᠬᠤ ᠴᠠᠭ ᠬᠤᠭᠤᠴᠠᠭ᠎ᠠ ᠪᠠ ᠲᠠᠯᠠᠪᠤᠷ ᠤᠨ ᠲᠤᠬᠠᠢ ᠬᠠᠮᠢᠶ᠎ᠠ ᠪᠦᠬᠦᠢ ᠮᠡᠳᠡᠭᠳᠡᠯ ᠢ ᠰᠠᠶᠢᠲᠤᠷ ᠠᠩᠬᠠᠷᠴᠤ᠂ ᠴᠠᠭ ᠬᠤᠭᠤᠴᠠᠭ᠎ᠠ ᠠᠯᠤᠰᠯᠠᠨ ᠸᠠᠺᠼᠢᠨ ᠲᠠᠷᠢᠬᠤ ᠰᠠᠨᠠᠭᠤᠯᠤᠮᠵᠢ ᠶᠢ ᠦᠨᠳᠦᠰᠦᠯᠡᠨ᠂ ᠬᠤᠶᠠᠷ ᠤᠳᠠᠭᠠᠨ ᠤ ᠲᠠᠷᠢᠯᠭ᠎ᠠ ᠪᠠᠨ ᠲᠤᠭᠲᠠᠭᠰᠠᠨ ᠴᠠᠭ ᠲᠤ ᠲᠠᠷᠢᠭᠤᠯᠵᠤ᠂ ᠰᠡᠳᠬᠢᠯ ᠨᠢᠭᠡᠳᠦᠨ ᠬᠦᠴᠦᠨ ᠢᠶᠠᠨ ᠬᠠᠮᠳᠤᠳᠬᠠᠵᠤ᠂ ᠤᠯᠠᠨ ᠨᠡᠶᠢᠲᠡ ᠶᠢᠨ ᠲᠠᠷᠬᠠᠯᠭ᠎ᠠ ᠶᠢ ᠪᠤᠢ ᠪᠤᠯᠭᠠᠨ᠂  ᠰᠡᠷᠭᠡᠶᠢᠯᠡᠯᠲᠡ ᠶᠢᠨ ᠬᠠᠯᠠᠬᠪᠴᠢ ᠶᠢ ᠴᠤᠭᠴᠠᠯᠠᠨ ᠪᠠᠶᠢᠭᠤᠯᠤᠶ᠎ᠠ᠃                          ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ              ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠦᠭᠤᠳᠬᠤ ᠭᠡᠯᠳᠡᠰ                       2021 ᠤᠨ ᠤ 8 ᠰᠠᠷᠠᠶᠢᠨ 6 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号