9 ᠰᠠᠷ᠎ᠠ ᠶᠢᠨ 7 ᠤ ᠦᠳᠡ ᠶᠢᠨ ᠡᠮᠦᠨ᠎ᠡ᠂ ᠤᠩᠭᠤᠨ ᠠᠭᠤᠯᠠ ᠰᠤᠮᠤ ᠲᠤᠰᠬᠠᠶ ᠰᠡᠳᠦᠪᠲᠦ ᠬᠤᠷᠠᠯ | ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ ᠬᠤᠰᠢᠭᠤᠨ ᠤ ᠠᠷᠪᠠᠨ | ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠶᠢᠨ ᠵᠢᠱᠢᠭᠳᠡᠭᠴᠢ ᠠᠰᠬᠠᠨ | ᠬᠤᠷᠠᠯ ᠡᠷᠭᠢᠯᠡᠵᠦ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ ᠡᠷᠳᠡᠨᠢᠪᠢᠯᠢᠭ ᠠᠴᠠ ᠬᠤᠰᠢᠭᠤ ᠨᠠᠮ | ᠤᠨ ᠬᠤᠷᠢᠶᠠᠨ ᠤ ᠱᠦᠵᠢ ᠬᠤᠪᠢᠰᠬᠠᠯᠲᠤ ᠨᠥᠬᠦᠷ ᠤᠨ ᠬᠢᠭᠰᠡᠨ ᠠᠵᠢᠯ ᠤᠨ ᠮᠡᠳᠡᠭᠦᠯᠦᠯᠲᠡ ᠪᠠ ᠬᠤᠰᠢᠭᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠯᠢ ᠶᠢᠨ ᠴᠧᠩ ᠨᠥᠬᠦᠷ ᠤᠨ ᠬᠢᠭᠰᠡᠨ ᠠᠵᠢᠯ ᠤᠨ | ᠮᠡᠳᠡᠭᠦᠯᠦᠯᠲᠡ ᠶᠢ ᠰᠤᠷᠤᠯᠴᠠᠨ ᠤᠯᠠᠮᠵᠢᠯᠠᠪᠠ᠃ | ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠪᠡᠭᠡᠲᠦ ᠰᠢᠷ᠎ᠠ ᠬᠤᠰᠢᠭᠤᠨ ᠤ ᠠᠷᠪᠠᠨ | ᠳᠥᠷᠪᠡᠳᠦᠭᠡᠷ ᠣᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ | ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠷᠢᠭ ᠰᠠᠨᠠᠭᠠᠨ ᠤ ᠮᠥᠨ | ᠴᠢᠨᠠᠷ ᠢ ᠭᠦᠨᠵᠡᠭᠡᠶ ᠣᠶᠢᠯᠠᠭᠠᠵᠤ᠂ ᠰᠤᠷᠤᠯᠴᠠᠨ ᠤᠬᠠᠭᠤᠯᠬᠤ᠂ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢ | ᠲᠦᠷᠦᠭᠦᠯᠡᠨ ᠰᠠᠶᠢᠲᠤᠷ ᠠᠳᠬᠤᠵᠤ᠂ ᠬᠤᠰᠢᠭᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠳᠤᠷᠠᠳᠤᠭᠰᠠᠨ ᠡᠯ᠎ᠡ ᠵᠦᠶᠯ ᠤᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠷᠲᠡᠯᠡᠵᠤ ᠣᠷᠣᠶᠢᠯᠠᠨ ᠪᠣᠳᠠᠲᠠᠶ | ᠠᠵᠢᠯᠯᠠᠨ᠂ ᠦᠷᠭᠦᠯᠵᠢᠯᠡᠨ ᠡᠷᠡᠮᠡᠬᠡᠶᠢᠯᠡᠨ ᠤᠷᠤᠭᠰᠢᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ ᠭᠡᠵᠤ | ᠱᠠᠭᠠᠷᠳᠠᠪᠠ᠃ |