锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠠᠷᠠᠳ ᠤᠨ ᠲᠦᠯᠦᠭᠡᠯᠡᠭᠴᠢ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠨ ᠭᠠᠴᠠᠭᠠᠨ ᠤ ᠪᠠᠨ ᠬᠥᠭᠵᠢᠯᠲᠡ ᠶᠢ ᠡᠷᠢᠯᠬᠢᠯᠡᠨ᠎ᠡ
        ᠨᠡᠶᠢᠲᠡᠯᠡᠭᠰᠡᠨ ᠴᠠᠭ᠄
        2022/1/12
              ᠨᠠᠰᠤᠨ᠋ᠥ᠌ᠯᠵᠡᠶ ᠪᠣᠯ ᠬᠥᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤᠨ ᠤ ᠠᠯᠳᠠᠨ ᠮᠤᠳᠤ ᠭᠠᠴᠠᠭᠠᠨ  ᠤ ᠮᠠᠯᠴᠢᠨ ᠪᠤᠯᠤᠨ᠎ᠠ᠃ ᠲᠡᠷᠡᠪᠡᠷ ᠡᠨᠡ ᠵᠢᠯ ᠢᠷᠠᠭᠤ ᠠᠯᠳᠠᠷᠲᠠᠶ ᠪᠠᠷ ᠬᠥᠪᠡᠭᠡᠲᠦ ᠰᠢᠷ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠪᠠ᠃ ᠮᠠᠨ ᠤ ᠬᠤᠰᠢᠭᠤᠨ ᠤ ︽ᠬᠤᠶᠠᠷ ᠬᠤᠷᠠᠯ︾ ᠤᠳᠠᠯ ᠥᠬᠡᠶ ᠬᠤᠷᠠᠯᠳᠤᠬᠤ ᠭᠡᠵᠦ ᠪᠠᠶᠢᠭ᠎ᠠ ᠮᠦᠴᠡ ᠳᠤ ᠂ ᠮᠠᠯᠴᠢᠨ ᠲᠦᠮᠡᠨ ᠤ ᠪᠠᠨ ᠬᠦᠰᠡᠯ ᠡᠷᠡᠮᠡᠯᠵᠡᠯ ᠢ ᠲᠤᠰᠬᠠᠬᠤ ᠶᠢᠨ ᠲᠥᠯᠥᠭᠡ᠂ ᠡᠨᠡ ᠬᠡᠳᠦᠨ ᠡᠳᠦᠷ ᠨᠠᠰᠤᠨ᠋ᠥ᠌ᠯᠵᠡᠶ ᠭᠠᠴᠠᠭᠠᠨ ᠤ ᠪᠠᠨ ᠮᠠᠯᠴᠢᠨ ᠡᠷᠦᠬᠡ ᠳᠤ ᠬᠦᠷᠴᠦ᠂ ᠮᠠᠯᠴᠢᠳ ᠤᠨ ᠰᠠᠨᠠᠯ ᠰᠠᠨᠠᠭᠤᠯᠭ᠎ᠠ ᠶᠢ ᠴᠤᠭᠯᠠᠭᠤᠯᠤᠨ᠂ ᠮᠠᠯᠴᠢᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠢ ᠬᠢᠨᠠᠮᠠᠭᠠᠶ ᠡᠮᠬᠢᠯᠡᠵᠦ᠂    ᠠᠷᠠᠳ ᠤᠨ ᠲᠥᠯᠥᠭᠡᠯᠡᠭᠴᠢ ᠶᠢᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ ᠶᠠᠪᠤᠨ᠎ᠠ᠃       ︽ᠡᠨᠡ ᠤᠳᠠᠭ᠎ᠠ ᠪᠢ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠭᠠᠴᠠᠭᠠᠨ ᠤ ᠪᠠᠨ ᠬᠤᠶᠠᠷ ᠵᠠᠭᠤ ᠭᠠᠷᠤᠢ ᠮᠠᠯᠴᠢᠳ ᠢᠶᠠᠨ ᠲᠦᠯᠦᠭᠡᠯᠡᠵᠦ ᠡᠨᠡ ᠤᠳᠠᠭᠠᠨ ᠤ ᠬᠤᠷᠠᠯ ᠳᠤ ᠤᠷᠤᠯᠴᠠᠬᠤ ᠪᠤᠯᠤᠨ᠎ᠠ᠂ ᠡᠨᠡ ᠤᠳᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠳᠡᠭᠡᠷ᠎ᠡ ᠴᠠᠬᠠᠷ ᠬᠤᠨᠢ ᠮᠠᠯᠵᠢᠬᠤ ᠪᠠᠷ ᠭᠤᠣᠯ ᠪᠣᠯᠭᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠮᠠᠯᠴᠢᠨ ᠲᠦᠮᠡᠨ ᠳᠤ ᠦᠢᠯᠡᠴᠢᠯᠡᠬᠦ ᠲᠤᠬᠠᠢ ᠰᠠᠨᠠᠯ ᠰᠠᠨᠠᠭᠤᠯᠭ᠎ᠠ ᠲᠡᠪᠰᠢᠬᠦᠯᠬᠦ ᠪᠤᠯᠤᠨ᠎ᠠ︾ ᠭᠡᠵᠦ ᠨᠠᠰᠤᠨ᠋ᠥ᠌ᠯᠵᠡᠶ ᠶᠠᠷᠢᠯ᠎ᠠ᠃       ᠮᠠᠯᠴᠢᠨ ᠡᠷᠦᠬᠡ ᠪᠠᠷ ᠲᠣᠭᠤᠷᠢᠨ ᠶᠠᠪᠤᠬᠤ ᠲᠤᠮᠳᠠ᠂ ᠨᠠᠰᠤᠨ᠋ᠥ᠌ᠯᠵᠡᠶ ᠠᠯᠳᠠᠨ ᠮᠤᠳᠤ ᠭᠠᠴᠠᠭᠠᠨ ᠤ ᠬᠡᠰᠡᠭ ᠬᠤᠲᠠ ᠤᠰᠤᠨ ᠤ ᠮᠠᠯᠴᠢᠳ ᠲᠤ ᠤᠤᠭᠤᠬᠤ ᠤᠰᠤᠨ ᠤ ᠬᠦᠴᠢᠷᠳᠡᠯ ᠣᠷᠣᠰᠢᠵᠤ ᠪᠠᠶᠢᠭ᠎ᠠ ᠶᠢ ᠣᠶᠢᠯᠠᠭᠠᠵᠤ᠂ ᠮᠠᠯᠴᠢᠳ ᠤᠨ ᠤᠤᠭᠤᠬᠤ ᠤᠰᠤᠨ ᠤ ᠠᠰᠠᠭᠤᠳᠠᠯ ᠨᠢ ᠭᠠᠴᠠᠭᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠪᠠᠬᠢᠵᠢᠬᠦᠯᠬᠦ ᠲᠠᠢ ᠬᠤᠯᠪᠣᠭᠳᠠᠵᠤ᠂ ᠮᠠᠯᠵᠢᠬᠤ ᠣᠷᠣᠨ ᠤ ᠬᠥᠭᠵᠢᠯᠲᠡ ᠲᠠᠢ ᠬᠤᠯᠪᠤᠭᠳᠠᠬᠤ ᠤᠴᠢᠷ ᠠᠴᠠ ᠨᠠᠰᠤᠨ᠋ᠥ᠌ᠯᠵᠡᠶ ᠡᠳᠡᠭᠡᠷ ᠮᠠᠯᠴᠢᠳ ᠤᠨ ᠬᠦᠰᠡᠯ ᠱᠠᠭᠠᠷᠳᠠᠯᠭ᠎ᠠ ᠶᠢ ᠬᠤᠷᠢᠶᠠᠩᠭᠤᠶᠢᠯᠠᠵᠤ᠂ ᠰᠠᠨᠠᠯ ᠵᠥᠪᠯᠡᠯᠭᠡ ᠪᠣᠯᠭᠠᠨ ᠲᠤᠰ ᠤᠳᠠᠭᠠᠨ ᠤ ᠬᠤᠷᠠᠯ ᠳᠤ ᠲᠡᠪᠰᠢᠬᠦᠯᠬᠦ ᠪᠤᠯᠤᠨ᠎ᠠ ᠭᠡᠵᠡᠢ᠃       ᠣᠶᠢᠯᠠᠭᠠᠭᠰᠠᠨ ᠢᠶᠠᠷ᠂ ᠤᠡᠭᠭᠤᠨ ᠠᠭᠤᠯᠠ ᠰᠤᠮᠤᠨ ᠤ ᠠᠯᠳᠠᠨ ᠮᠤᠳᠤ ᠭᠠᠴᠠᠭ᠎ᠠ ᠪᠣᠯ ᠬᠥᠪᠡᠭᠡᠲᠦ ᠰᠢᠷ᠎ᠠ ᠬᠤᠰᠢᠭᠤᠨ ᠤ ᠴᠠᠬᠠᠷ ᠬᠤᠨᠢ ᠶᠢ ᠰᠣᠩᠭᠤᠨ ᠪᠣᠶᠢᠵᠢᠭᠤᠯᠬᠤ ᠭᠤᠤᠯᠳᠠᠯᠭ᠎ᠠ ᠲᠠᠢ ᠣᠷᠣᠨ ᠤ ᠨᠢᠭᠡ ᠪᠠᠶᠢᠵᠦ᠂ ᠣᠲᠣ ᠲᠤᠰ ᠭᠠᠴᠠᠭᠠᠨ ᠳᠤ 12 ᠴᠠᠬᠠᠷ ᠬᠤᠨᠢᠨ ᠤ ᠭᠤᠤᠯᠳᠠᠯᠭᠠᠳᠦ ᠰᠦᠷᠦᠭ ᠪᠤᠶᠢᠵᠢᠭᠤᠯᠤᠭᠰᠡᠨ ᠡᠷᠦᠬᠡ ᠲᠠᠢ᠃ ᠨᠠᠰᠤᠨ᠋ᠥ᠌ᠯᠵᠡᠶ  ᠡᠬᠦᠨ ᠤ ᠳᠣᠲᠣᠷᠠᠬᠢ ᠨᠢᠭᠡ ᠨᠢ ᠪᠠᠶᠢᠵᠤ᠂ 300 ᠭᠠᠷᠤᠶ ᠴᠠᠬᠠᠷ ᠬᠤᠨᠢ ᠮᠠᠯᠵᠢᠵᠦ ᠪᠠᠶᠢᠨ᠎ᠠ᠃ ᠣᠳᠣᠬᠠᠨ ᠳᠤ ᠠᠯᠳᠠᠨ ᠮᠤᠳᠤ ᠭᠠᠴᠠᠭᠠᠨ ᠤ ᠣᠯᠠᠩᠬᠢ ᠮᠠᠯᠴᠢᠨ ᠡᠷᠦᠬᠡ ᠴᠠᠬᠠᠷ ᠬᠤᠨᠢ ᠮᠠᠯᠵᠢᠵᠦ᠂ ᠮᠢᠬ᠎ᠠ ᠨᠤᠤᠰᠤᠨ ᠤ ᠬᠤᠤᠰ ᠭᠡᠷᠡᠭᠴᠡᠭᠡᠳᠦ ᠴᠠᠬᠠᠷ ᠬᠤᠨᠢ ᠪᠠᠷ ᠮᠠᠯ ᠠᠵᠤ ᠠᠬᠤᠶ ᠶᠢᠨ ᠦᠷ᠎ᠡ ᠠᠰᠢᠭ ᠪᠠ ᠣᠷᠣᠯᠭ᠎ᠠ ᠪᠠᠨ ᠨᠡᠮᠡᠭᠳᠡᠭᠦᠯᠬᠦ ᠴᠢᠬᠤᠯᠠ ᠠᠷᠭ᠎ᠠ ᠵᠠᠮ ᠪᠤᠯᠭᠠᠵᠦ ᠪᠤᠢ᠃                                            
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号