锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠬᠤᠶᠠᠳᠤᠭᠠᠷ ᠲᠤᠭᠠᠳᠤ ᠠᠯᠪᠠᠨ ᠵᠠᠷᠯᠠᠯ
        ᠨᠡᠶᠢᠲᠡᠯᠡᠭᠰᠡᠨ ᠴᠠᠭ᠄
        2022/1/12
                                 ᠠᠯᠪᠠᠨ ᠵᠠᠷᠯᠠᠯ                       ︵ᠬᠤᠶᠠᠳᠤᠭᠠᠷ ᠲᠤᠭᠠᠳᠤ︶       ᠣᠷᠴᠢᠮ ᠤᠨ ᠡᠳᠦᠷ᠂  ᠲᠢᠶᠠᠨᠵᠢᠨ ᠬᠤᠲᠠ ᠳᠤ ᠨᠠᠶᠢᠳᠠᠨ ᠬᠠᠷᠠᠭᠠᠯᠵᠠᠬᠤ ᠠᠩᠭᠢ ᠪᠠ ᠭᠡᠷ ᠪᠦᠯᠢ ᠶᠢᠨ ᠨᠠᠶᠢᠷ ᠴᠤᠭᠯᠠᠭᠠᠨ ᠠᠴᠠ ᠪᠣᠯᠵᠤ᠂ ᠨᠡᠯᠢᠶᠡᠳ ᠣᠯᠠᠨ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠢᠯᠡᠷᠡᠵᠦ᠂ ᠡᠬᠦᠨ ᠳᠤ ᠬᠡᠰᠡᠭ ᠬᠠᠯᠳᠠᠪᠦᠷᠢᠯᠠᠭᠰᠠᠳ ᠤᠨ ᠡᠪᠡᠳᠴᠢᠨ ᠤ ᠭᠧᠨ ᠤ ᠲᠡᠰ ᠲᠠᠷᠠᠭᠠᠯᠠᠯ ᠢ ᠬᠡᠮᠵᠢᠭᠡᠳ ᠣᠮᠢᠺᠷᠤᠨ ᠣᠨᠳᠣᠣᠰᠢᠭᠰᠠᠨ ᠡᠪᠡᠳᠴᠢᠨ ᠤ ᠸᠢᠷᠦ᠋ᠰ ᠪᠣᠯᠬᠤ ᠶᠢ ᠣᠯᠵᠤ ᠮᠡᠳᠡᠪᠡ᠃ ᠲᠤᠰ ᠤᠳᠠᠭᠠᠨ ᠤ ᠬᠢᠵᠢᠭ ᠤᠨ ᠬᠠᠯᠳᠠᠪᠦᠷᠢᠯᠠᠯ ᠨᠢ ᠨᠠᠶᠢᠳᠠᠨ ᠬᠠᠷᠠᠭᠠᠯᠵᠠᠬᠤ ᠠᠩᠭᠢ ᠪᠠ ᠰᠤᠷᠭᠠᠭᠤᠯᠢ ᠳᠤ ᠡᠬᠦᠰᠴᠦ᠂ ᠬᠠᠯᠳᠠᠪᠦᠷᠢᠯᠠᠯ ᠤᠨ ᠢᠷᠡᠯᠲᠡ ᠲᠤᠳᠤᠷᠬᠠᠢ ᠦᠭᠡᠢ᠂ ᠤᠯᠠᠮ ᠴᠢᠨᠠᠭᠰᠢᠲᠠ ᠦᠷᠭᠡᠵᠢᠨ ᠲᠠᠷᠬᠠᠬᠤ ᠲᠦᠭᠰᠢᠬᠦᠷᠢ ᠤᠷᠤᠰᠢᠵᠤ᠂ ᠮᠠᠨ ᠤᠨ ᠬᠤᠰᠢᠭᠤᠨ ᠳᠤ ᠬᠠᠯᠳᠠᠪᠦᠷᠢᠯᠠᠨ ᠣᠷᠤᠵᠤ ᠢᠷᠡᠬᠦ ᠲᠦᠭᠰᠢᠬᠦᠷᠢ ᠨᠡᠯᠢᠶᠡᠳ ᠶᠡᠭᠡ ᠪᠠᠶᠢᠨ᠎ᠠ᠃ ᠮᠠᠨ ᠤᠨ ᠬᠤᠰᠢᠭᠤ ᠣᠮᠢᠺᠷᠤᠨ ᠤᠨᠳᠣᠣᠰᠢᠭᠰᠠᠨ ᠡᠪᠡᠳᠴᠢᠨ ᠤ ᠸᠢᠷᠦ᠋ᠰ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠤᠯᠠᠲᠠ᠂ ᠲᠤᠤᠷᠠᠬᠢ ᠵᠦᠢᠯᠡᠰ ᠢ ᠪᠠᠴᠢᠮ ᠵᠠᠷᠯᠠᠪᠠ᠄       ᠨᠢᠭᠡ᠂ 2022 ᠣᠨ ᠤ 12 ᠰᠠᠷ᠎ᠠ ᠶᠢᠨ 26 ᠤ ᠡᠳᠦᠷ ᠠᠴᠠ ᠨᠠᠭᠠᠰᠢ᠂ ᠲᠢᠶᠠᠨᠵᠢᠨ ᠬᠤᠲᠠ ᠶᠢᠨ ᠶᠢᠨ ᠨᠠᠨ ᠲᠤᠭᠤᠷᠢᠭ ᠲᠤ ᠠᠶᠠᠯᠠᠵᠤ ᠰᠠᠭᠤᠷᠢᠰᠢᠭᠰᠠᠨ ᠥᠩᠭᠡᠷᠡᠯᠲᠡ ᠲᠠᠢ ᠬᠦᠮᠦᠰ ᠡᠷᠬᠡᠪᠰᠢ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ᠪᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ᠄ 110᠂ 6224814︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ᠄ 6222994᠂ 13884790901︔ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠄ 6222615᠂ 18647916553︔ ᠰᠢᠨᠡᠪᠤᠯᠠᠭ ᠪᠠᠯᠭᠠᠰᠤᠨ ᠤ ᠲᠤᠮᠢᠯᠠᠭᠰᠠᠨ ᠰᠠᠯᠪᠦᠷᠢ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ᠄ 13947925042︔ ᠮᠠᠨᠳᠤᠯ᠎ᠠ ᠨᠡᠶᠢᠭᠡᠮ ᠲᠣᠭᠤᠷᠢᠭ᠄ 13947998086︔ ᠡᠷᠳᠡᠨᠢ ᠨᠡᠶᠢᠭᠡᠮ ᠲᠤᠭᠤᠷᠢᠭ᠄ 15148679866 ︔ ᠶᠢᠷᠭᠠᠢ ᠨᠡᠶᠢᠭᠡᠮ ᠲᠣᠭᠤᠷᠢᠭ᠄ 17604790106︔ ᠪᠤᠯᠠᠭ ᠨᠡᠶᠢᠭᠡᠮ ᠲᠣᠭᠤᠷᠢᠭ᠄ 15847966858 ︔ ᠴᠡᠩᠭᠡᠯ ᠨᠡᠶᠢᠭᠡᠮ ᠲᠤᠭᠤᠷᠢᠭ᠄ 13848593646︔ ᠬᠠᠰᠢᠶᠠᠲᠤ ᠨᠡᠶᠢᠭᠡᠮ ᠲᠤᠭᠤᠷᠢᠭ᠄ 13664793205︶ ᠪᠤᠶᠤ ᠰᠠᠭᠤᠭᠰᠠᠨ ᠪᠠᠭᠤᠳᠠᠯ ᠳᠠᠭᠠᠨ ᠮᠡᠳᠡᠬᠦᠯᠬᠦ ᠶᠢᠨ ᠬᠠᠮᠲᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠲᠠᠢ ᠬᠠᠮᠵᠢᠯᠴᠠᠨ᠂ 14 ᠡᠳᠦᠷ ᠲᠥᠪᠯᠡᠷᠡᠬᠦᠯᠦᠨ  ᠲᠤᠰᠠᠭᠠᠷᠯᠠᠯᠲᠠ ᠬᠢᠬᠦ + 7 ᠡᠳᠦᠷ ᠡᠷᠡᠬᠦᠯ ᠮᠡᠨᠳᠦ ᠶᠢᠨ ᠬᠢᠨᠠᠨ ᠬᠡᠮᠵᠢᠯᠲᠡ ᠬᠢᠬᠦ ︵ᠲᠥᠪᠯᠡᠷᠡᠬᠦᠯᠦᠨ ᠲᠤᠰᠠᠭᠠᠷᠯᠠᠵᠤ ᠠᠵᠢᠭᠯᠠᠯᠲᠠ ᠬᠢᠭᠰᠡᠨ 1  ᠂ 4  ᠂ 7  ᠂ 10᠂ 14  ᠳ᠋ᠦ᠋ᠭᠡᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠵᠤ᠂ ᠭᠡᠷ ᠲᠤᠨᠢ ᠲᠤᠰᠠᠭᠠᠷᠯᠠᠵᠤ ᠠᠵᠢᠭᠯᠠᠯᠲᠠ ᠬᠢᠭᠰᠡᠨ 2᠂ 7 ᠳ᠋ᠦ᠋ᠭᠡᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ︶ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃ ᠦᠨᠡᠨ ᠪᠠᠶᠢᠳᠠᠯ ᠢᠶᠠᠨ ᠮᠡᠳᠡᠬᠦᠯᠬᠦ ᠦᠭᠡᠢ ᠨᠢᠭᠤᠵᠤ ᠬᠦᠨᠳᠦ ᠨᠤᠴᠢᠲᠠᠢ ᠦᠷ᠎ᠡ ᠳ᠋ᠦᠩ ᠭᠠᠷᠭᠠᠭᠰᠠᠨ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠠᠴᠠ ᠴᠢᠩᠭ᠎ᠠ ᠪᠠᠷ ᠬᠠᠷᠢᠭᠤᠴᠠᠯᠭ᠎ᠠ ᠨᠡᠭᠡᠮᠵᠢᠯᠡᠨ᠎ᠡ᠃        ᠬᠤᠶᠠᠷ᠂ 2021 ᠣᠨ ᠤ 12 ᠰᠠᠷ᠎ᠠ ᠶᠢᠨ 26 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠪᠤᠰᠤᠳ ᠭᠠᠵᠠᠷ ᠣᠷᠤᠨ ︵ ᠶᠢᠨ ᠨᠠᠨ ᠲᠤᠭᠤᠷᠢᠭ ᠠᠴᠠ ᠪᠤᠰᠤᠳ︶ ᠳᠤ ᠠᠶᠠᠯᠠᠵᠤ ᠰᠠᠭᠤᠷᠢᠰᠢᠭᠰᠠᠨ ᠥᠩᠭᠡᠷᠡᠯᠲᠡ  ᠲᠠᠢ ᠬᠦᠮᠦᠰ ᠡᠷᠬᠡᠪᠰᠢ ᠲᠠᠷᠤᠶᠢᠬᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ᠪᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠳᠤ ᠮᠡᠳᠡᠬᠦᠯᠬᠦ ᠶᠢᠨ ᠬᠠᠮᠲᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠲᠠᠢ ᠬᠠᠮᠵᠢᠯᠴᠠᠨ᠂ 7 ᠡᠳᠦᠷ ᠡᠷᠡᠬᠦᠯ ᠮᠡᠨᠳᠦ ᠶᠢᠨ ᠬᠢᠨᠠᠨ ᠬᠡᠮᠵᠢᠯᠲᠡ ᠬᠢᠵᠤ᠂ ᠡᠷᠡᠬᠦᠯ ᠮᠡᠨᠳᠦ ᠶᠢᠨ ᠰᠢᠷ᠎ᠠ ᠦᠩᠭᠡᠲᠦ ᠺᠤᠳ᠋ ᠣᠯᠭᠤᠵᠤ᠂ 2᠂ 7 ᠳ᠋ᠦ᠋ᠭᠡᠷ ᠡᠳᠦᠷ ᠲᠤ ᠪᠦᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠡᠷᠡᠬᠦᠯ ᠮᠡᠨᠳᠦ ᠶᠢᠨ ᠬᠢᠨᠠᠨ ᠬᠡᠮᠵᠢᠯᠲᠡ ᠶᠢᠨ ᠬᠤᠭᠤᠴᠠᠭᠠᠨ ᠳᠤ ᠬᠦᠮᠦᠨ ᠤᠯᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠴᠢᠵᠤ ᠪᠣᠯᠬᠤ ᠦᠭᠡᠢ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠳᠤᠷ ᠬᠢᠵᠤ᠂ ᠨᠠᠭᠠᠰᠢ ᠴᠠᠭᠠᠰᠢ ᠵᠤᠷᠴᠢᠬᠤ ᠪᠠᠨ ᠪᠠᠭᠠᠰᠬᠠᠨ᠎ᠠ᠃       ᠭᠤᠷᠪᠠ᠂ ᠦᠷᠭᠡᠨ ᠣᠯᠠᠨ ᠲᠥᠮᠡᠨ ᠬᠢᠵᠢᠭ ᠤᠨ ᠬᠦᠳᠡᠯᠦᠩᠬᠦᠢ ᠬᠤᠪᠢᠷᠠᠯᠲᠠ ᠶᠢ ᠰᠠᠶᠢᠲᠤᠷ ᠠᠩᠬᠠᠷᠴᠤ᠂ ᠴᠢᠬᠤᠯᠠ ᠤᠴᠢᠷ ᠶᠠᠪᠤᠳᠠᠯ ᠦᠬᠡᠢ ᠪᠣᠯ ᠬᠤᠰᠢᠭᠤᠨ ᠠᠴᠠ ᠰᠠᠯᠬᠤ ᠦᠭᠡᠢ ᠪᠠᠶᠢᠵᠤ᠂ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠵᠢᠴᠢ ᠲᠡᠬᠦᠨ ᠤ ᠪᠠᠶᠢᠭ᠎ᠠ ᠬᠤᠰᠢᠭᠤ ᠰᠢᠶᠠᠨ ︵ᠬᠤᠲᠠ᠂ ᠲᠤᠭᠤᠷᠢᠭ︶  ᠳᠤ ᠣᠴᠢᠬᠤ ᠶᠢ ᠴᠢᠩᠭ᠎ᠠ ᠬᠢᠵᠠᠭᠠᠷᠯᠠᠵᠤ᠂ ᠴᠢᠬᠤᠯᠠ ᠤᠴᠢᠷ ᠶᠠᠪᠤᠳᠠᠯ ᠦᠬᠡᠢ ᠪᠣᠯ ᠬᠢᠵᠢᠭ ᠤᠨ ᠲᠤᠮᠳᠠ ᠥᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠤ ᠪᠠᠶᠢᠭ᠎ᠠ ᠠᠶᠢᠮᠠᠭ ᠬᠤᠲᠠ ᠶᠢᠨ ᠪᠤᠰᠤᠳ ᠬᠤᠰᠢᠭᠤ ᠰᠢᠶᠠᠨ ︵ᠬᠤᠲᠠ ᠂ ᠲᠤᠭᠤᠷᠢᠭ︶ ᠳᠤ  ᠤᠴᠢᠬᠤ ᠦᠭᠡᠢ᠂ ᠬᠡᠷᠪᠡ ᠵᠠᠪᠠᠯ ᠤᠴᠢᠬᠤ ᠴᠢᠬᠤᠯᠠᠲᠠᠢ ᠪᠣᠯ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠤ᠂ ᠶᠠᠪᠤᠬᠤ ᠠᠴᠠ ᠡᠮᠦᠨ᠎ᠡ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ ᠪᠠ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠦᠨ ᠳᠠᠩᠰᠠᠯᠠᠭᠤᠯᠵᠤ᠂ ᠬᠦᠮᠦᠨ ᠣᠯᠠᠨ ᠴᠤᠭᠯᠠᠷᠠᠭᠰᠠᠨ ᠲᠠᠯᠠᠪᠤᠷ ᠲᠤ ᠣᠴᠢᠬᠤ ᠠᠴᠠ ᠵᠠᠶᠢᠯᠠᠰᠬᠢᠨ᠎ᠠ᠃ ᠬᠤᠰᠢᠭᠤᠨ ᠳᠤ ᠬᠠᠷᠢᠵᠤ ᠢᠷᠡᠬᠦ ᠠᠴᠠ ᠡᠮᠦᠨ᠎ᠡ᠂ ᠰᠠᠨᠠᠭᠠᠴᠢᠯᠠᠭ᠎ᠠ ᠠᠴᠠ ᠪᠠᠨ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ᠂ ᠪᠠᠶᠢᠭᠤᠯᠭ᠎ᠠ ᠨᠢᠭᠡᠴᠡ ᠳᠡᠭᠡᠨ ᠮᠡᠳᠡᠬᠦᠯᠵᠦ᠂ ᠬᠤᠰᠢᠭᠤᠨ ᠳᠤ ᠬᠠᠷᠢᠵᠤ ᠢᠷᠡᠭᠰᠡᠨ ᠤ ᠲᠠᠷᠠᠭ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃      ᠲᠦᠷᠪᠡ᠂ ᠡᠯ᠎ᠡ ᠰᠣᠮᠣ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠨᠢ ᠲᠠᠷᠤᠶᠢᠬᠠᠨ ᠲᠢᠶᠠᠨᠵᠢᠨ ᠬᠤᠲᠠ ᠳᠤ ᠠᠶᠠᠯᠠᠵᠤ ᠰᠠᠭᠤᠷᠢᠭᠰᠠᠨ ᠦᠩᠭᠡᠷᠡᠯᠲᠡ ᠲᠠᠢ ᠬᠦᠮᠦᠰ ᠢ ᠵᠢᠭᠰᠠᠭᠠᠨ ᠪᠠᠶᠢᠴᠠᠭᠠᠬᠤ ᠠᠵᠢᠯ ᠢ ᠲᠠᠷᠤᠶᠢᠬᠠᠨ ᠥᠷᠨᠢᠬᠦᠯᠵᠦ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠬᠤ ᠬᠡᠷᠡᠭᠳᠡᠢ᠃ ᠡᠯ᠎ᠡ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ ᠨᠢ ᠰᠠᠨᠠᠭᠠᠴᠢᠯᠠᠭ᠎ᠠ ᠠᠴᠠ ᠪᠠᠨ ᠵᠢᠭᠰᠠᠭᠠᠨ ᠪᠠᠶᠢᠴᠠᠭᠠᠯᠲᠠ ᠬᠢᠵᠤ᠂ ᠲᠤᠰ ᠪᠠᠶᠢᠭᠤᠯᠭ᠎ᠠ ᠨᠢᠭᠡᠴᠡ ᠶᠢᠨ ᠠᠵᠢᠯᠳᠠᠳ ᠵᠢᠴᠢ  ᠲᠡᠬᠦᠨ ᠤ ᠭᠡᠷ ᠤᠨ ᠬᠦᠮᠦᠰ ᠤᠨ ᠲᠢᠶᠠᠨᠵᠢᠨ ᠬᠤᠲᠠ ᠳᠤ ᠣᠴᠢᠭᠰᠠᠨ ᠡᠰᠡᠬᠦ ᠶᠢ ᠴᠠᠭ ᠲᠤᠬᠠᠢ ᠳᠤᠨᠢ ᠡᠵᠡᠮᠰᠢᠵᠤ᠂ ᠬᠤᠰᠢᠭᠤ ᠵᠢᠯᠤᠭᠤᠳᠬᠤ ᠬᠡᠯᠲᠡᠰ ᠲᠤ ᠮᠡᠳᠡᠬᠦᠯᠬᠦ ᠬᠡᠷᠡᠭᠳᠡᠢ᠃      ᠲᠠᠪᠤ᠂ ᠦᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠤᠨ ᠬᠦᠳᠡᠯᠦᠩᠬᠦᠢ ᠬᠤᠪᠢᠷᠠᠯᠲᠠ ᠶᠢ ᠰᠠᠶᠢᠲᠤᠷ ᠠᠩᠬᠠᠷᠴᠤ᠂ ᠠᠯᠪᠠᠨ ᠤ ᠲᠠᠯ᠎ᠠ ᠠᠴᠠ ᠨᠡᠶᠢᠲᠡᠯᠡᠭᠰᠡᠨ ᠪᠠ ᠭᠤᠣᠯ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠴᠠ ᠮᠡᠳᠡᠭᠡᠯᠡᠭᠰᠡᠨ ᠬᠢᠵᠢᠭ ᠤᠨ ᠲᠤᠬᠠᠢ ᠮᠡᠳᠡᠭᠡ ᠵᠠᠩᠬᠢ ᠪᠠ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠲᠠᠷᠬᠠᠬᠤ ᠦᠭᠡᠢ᠂ ᠴᠤᠤᠷᠬᠠᠯ ᠢ ᠢᠳᠡᠭᠡᠬᠦ ᠦᠭᠡᠢ ᠪᠠᠶᠢᠵᠤ᠂ ᠠᠶᠤᠵᠤ ᠪᠠᠴᠢᠮᠳᠠᠬᠤ ᠦᠭᠡᠢ  ᠪᠠᠶᠢᠬᠤ ᠡᠷᠡᠬᠦᠯ ᠲᠠᠶᠢᠪᠤᠩ ᠰᠡᠳᠬᠢᠴᠡ ᠶᠢ ᠪᠠᠷᠢᠮᠲᠠᠯᠠᠨ᠎ᠠ᠃             ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                       ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                                   2022 ᠤᠨ ᠤ 1 ᠰᠠᠷ᠎ᠠ ᠶᠢᠨ 9 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号