锡林郭勒盟365娱乐场奖金_365速发国际welcome_365游戏厅网页登录 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠭᠦᠪᠡᠭᠡᠲᠦ ᠰᠢᠷ᠎ᠠ ᠬᠤᠰᠢᠭᠤᠨ ᠤ ᠰᠢᠨ᠎ᠡ ᠭᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠠᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠡᠯᠲᠡᠰ ᠤᠨ ᠭᠤᠷᠪᠠᠳᠤᠭᠠᠷ ᠲᠤᠭᠠᠲᠦ ᠠᠯᠪᠠᠨ ᠵᠠᠷᠯᠠᠯ
        ᠨᠡᠶᠢᠲᠡᠯᠡᠭᠰᠡᠨ ᠴᠠᠭ᠄
        2022/1/24
                                    ᠠᠯᠪᠠᠨ ᠵᠠᠷᠯᠠᠯ                         ︵ᠭᠤᠷᠪᠠᠳᠤᠭᠠᠷ ᠲᠤᠭᠠᠳᠤ︶      ᠣᠷᠴᠢᠮ ᠤᠨ ᠡᠳᠦᠷ᠂ ᠪᠡᠭᠡᠵᠢᠩ ᠬᠤᠲᠠ ᠶᠢᠨ ᠹᠧᠩᠲ᠋ᠠᠢ ᠲᠤᠭᠤᠷᠢᠭ᠂ ᠱᠠᠨᠳᠦ᠋ᠩ᠂ ᠡᠾᠧᠪᠸᠢ ᠵᠡᠷᠭᠡ ᠭᠠᠵᠠᠷ ᠣᠷᠤᠨ ᠳᠤ ᠢᠯᠡᠷᠡᠭᠰᠡᠨ  ᠬᠢᠵᠢᠭ ᠤᠨ ᠪᠠᠶᠢᠳᠠᠯ ᠨᠢ ᠬᠦᠢᠳᠡᠨ ᠬᠡᠯᠬᠢᠶᠡᠲᠦ ᠢᠳᠡᠭᠡᠨ ᠪᠠ ᠬᠦᠢᠲᠡᠨ ᠬᠡᠯᠬᠢᠶᠡᠲᠦ ᠪᠤᠰᠤ ᠢᠳᠡᠭᠡᠨ ᠲᠠᠢ ᠰᠢᠭᠤᠳ ᠬᠦᠷᠦᠯᠴᠡᠭᠰᠡᠨ ᠪᠤᠶᠤ  ᠵᠦᠭᠡᠭᠡᠪᠦᠷᠢᠯᠡᠭᠰᠡᠨ ᠲᠠᠢ ᠬᠤᠯᠪᠤᠭ᠎ᠠ ᠲᠠᠢ᠃ ᠪᠡᠭᠡᠵᠢᠩ ᠬᠤᠲᠠ ᠶᠢᠨ ᠹᠧᠩᠲ᠋ᠠᠢ ᠲᠤᠭᠤᠷᠢᠭ ᠤᠨ ᠬᠢᠵᠢᠭ ᠤᠨ ᠪᠠᠶᠢᠳᠠᠯ ᠨᠢ ᠨᠢᠭᠡᠨᠲᠡ 2 ᠮᠤᠵᠢ 3 ᠭᠠᠵᠠᠷ ᠣᠷᠤᠨ ᠳᠤ ᠲᠠᠷᠬᠠᠪᠠ᠃ ᠮᠠᠨ ᠤᠨ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠤᠯᠠᠲᠠ᠂ ᠲᠤᠤᠷᠠᠬᠢ ᠪᠠᠴᠢᠮ ᠵᠠᠷᠯᠠᠯ ᠢ ᠨᠡᠶᠢᠲᠡᠯᠡᠪᠡ᠄      ᠨᠢᠭᠡ᠂ 14 ᠡᠳᠦᠷ ᠤᠨ ᠲᠤᠳᠤᠷ᠎ᠠ ᠪᠡᠭᠡᠵᠢᠩ ᠬᠤᠲᠠ ᠶᠢᠨ ᠹᠧᠩᠲ᠋ᠠᠢ ᠲᠤᠭᠤᠷᠢᠭ᠂ ᠱᠠᠨᠳᠦ᠋ᠩ ᠮᠤᠵᠢ᠂ ᠡᠾᠧᠪᠸᠢ ᠮᠤᠵᠢ ᠵᠡᠷᠭᠡ ᠭᠠᠵᠠᠷ ᠣᠷᠤᠨ ᠪᠤᠶᠤ ᠪᠤᠰᠤᠳ ᠬᠢᠵᠢᠭ ᠤᠨ ᠲᠤᠮᠳᠠ ᠦᠨᠳᠦᠷ ᠲᠡᠰ ᠤᠨ ᠲᠦᠭᠰᠢᠬᠦᠷᠢᠲᠦ ᠭᠠᠵᠠᠷ ᠣᠷᠤᠨ ᠠᠴᠠ ᠢᠷᠡᠭᠰᠡᠨ ᠬᠦᠢᠲᠡᠨ ᠬᠡᠯᠬᠢᠶᠡᠲᠦ ᠢᠳᠡᠭᠡᠨ᠂ ᠢᠳᠡᠰᠢᠨ ᠨᠤᠭᠤᠭ᠎ᠠ᠂ ᠵᠢᠮᠢᠰ ᠵᠡᠷᠭᠡ ᠶᠢ ᠵᠥᠭᠡᠭᠡᠪᠦᠷᠢᠯᠡᠭᠰᠡᠨ ᠵᠢᠯᠤᠭᠤᠴᠢ ᠪᠠ ᠬᠠᠮᠢᠶ᠎ᠠ ᠪᠦᠬᠦᠢ ᠲᠤᠬᠠᠶᠢᠯᠠᠭᠰᠠᠨ ᠠᠵᠢᠯᠲᠠᠳ ᠨᠢ ᠡᠷᠬᠡᠪᠰᠢ 48 ᠴᠠᠭ ᠤᠨ ᠳᠤᠳᠤᠷᠠᠬᠢ ᠪᠦᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠤᠨ ᠪᠢᠯᠢᠭ ᠴᠢᠨᠠᠷᠲᠠᠢ ᠬᠡᠷᠡᠴᠢ ᠶᠢ ᠬᠠᠩᠭᠠᠵᠤ᠂ ᠬᠤᠰᠢᠭᠤᠨ ᠳᠤ ᠢᠷᠡᠮᠡᠭᠴᠡ ᠪᠠᠨ ᠬᠠᠷᠢᠶ᠎ᠠ ᠭᠠᠴᠠᠭ᠎ᠠ ᠨᠡᠶᠢᠭᠡᠮ ᠲᠣᠭᠤᠷᠢᠭ ᠲᠠᠭᠠᠨ ᠮᠡᠳᠡᠬᠦᠯᠦᠨ᠂ ᠡᠷᠡᠬᠦᠯ ᠮᠡᠨᠳᠦ ᠶᠢᠨ ᠬᠢᠨᠠᠨ ᠬᠡᠮᠵᠢᠯᠲᠡ᠂ ᠪᠦᠭᠡᠮ ᠬᠦᠴᠢᠯ ᠤᠨ ᠪᠠᠶᠢᠴᠠᠭᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠨᠠᠶᠢᠳᠠᠪᠦᠷᠢᠵᠢᠭᠤᠯᠬᠤ ᠬᠡᠷᠡᠭᠳᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠲᠠᠮᠢᠷᠲᠠᠬᠤ᠂ ᠨᠢᠰᠤ ᠭᠤᠭᠤᠵᠢᠬᠤ᠂ ᠬᠤᠭᠤᠯᠠᠢ ᠡᠪᠡᠳᠬᠦ᠂ ᠦᠨᠦᠷᠯᠡᠬᠦ ︵ᠠᠮᠲᠠᠯᠠᠬᠤ︶ ᠰᠡᠷᠡᠯ ᠮᠠᠭᠤᠳᠠᠬᠤ᠂ ᠪᠤᠯᠴᠢᠩ ᠰᠢᠷᠪᠤᠰᠤ ᠡᠪᠡᠳᠬᠦ᠂ ᠰᠠᠭᠤᠯᠭᠠᠬᠤ ᠵᠡᠷᠭᠡ ᠢᠯᠡᠷᠡᠯ ᠭᠠᠷᠪᠠᠯ᠂ ᠳᠠᠷᠤᠶᠢᠬᠠᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠯᠠᠭᠤᠷᠠᠭᠰᠠᠨ ᠡᠪᠡᠳᠴᠢᠲᠡᠨ ᠢ ᠡᠮᠴᠢᠯᠡᠬᠦ ᠡᠬᠦᠳᠡᠨ ᠡᠮᠨᠡᠯᠭᠡ ︵ᠬᠠᠶ᠋ᠢᠭ᠄ ᠰᠢᠨᠡᠪᠤᠯᠠᠭ ᠪᠠᠯᠭᠠᠰᠤᠨ ᠤ ᠬᠤᠩᠭᠤᠷ ᠵᠡᠭᠡᠯᠢ ᠶᠢᠨ ᠪᠠᠷᠠᠭᠤᠨ ᠵᠠᠬ᠎ᠠ ᠳᠤ︶ ᠳᠤ ᠬᠦᠷᠴᠦ ᠪᠠᠶᠢᠴᠠᠭᠠᠨ ᠡᠮᠴᠢᠯᠡᠬᠦᠯᠬᠦ ᠶᠢᠨ ᠬᠠᠮᠲᠤ ᠡᠮᠴᠢ ᠳᠤ ᠦᠪᠡᠷ ᠤᠨ ᠠᠶᠠᠯᠠᠵᠤ ᠰᠠᠭᠤᠷᠢᠰᠢᠭᠰᠠᠨ ᠪᠠᠶᠢᠳᠠᠯ᠂ ᠠᠵᠢᠯᠠᠭᠠᠨ ᠤ ᠵᠠᠮ ᠮᠦᠷ ᠢᠶᠠᠨ ᠦᠨᠡᠨ ᠪᠤᠳᠠᠳᠠᠢ ᠪᠠᠷ ᠮᠡᠳᠡᠬᠦᠯᠬᠦ ᠬᠡᠷᠡᠭᠳᠡᠢ᠃ ᠡᠮᠴᠢᠯᠡᠬᠦᠯᠬᠦ ᠶᠠᠪᠤᠴᠠ ᠳᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠬᠡᠷᠡᠭᠯᠡᠬᠦ ᠠᠴᠠ ᠵᠠᠶᠢᠯᠠᠰᠬᠢᠵᠤ᠂ ᠬᠤᠪᠢ ᠬᠦᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠳᠤᠷ ᠬᠢᠬᠦ ᠬᠡᠷᠡᠭᠳᠡᠢ᠃       ᠬᠤᠶᠠᠷ᠂ ᠪᠦᠬᠦ ᠬᠤᠰᠢᠭᠤᠨ ᠤ ᠡᠯ᠎ᠡ ᠬᠦᠢᠳᠡᠨ ᠬᠡᠯᠬᠢᠶᠡᠲᠦ ᠢᠳᠡᠭᠡᠨ ᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯᠲᠠᠳ ᠵᠢᠴᠢ ᠪᠤᠰᠤᠳ ︽ᠪᠠᠶᠢᠴᠠᠭᠠᠬᠤ ᠶᠤᠰᠤᠳᠠᠢ ᠪᠦᠬᠦᠨ ᠢ ᠪᠠᠶᠢᠴᠠᠭᠠᠬᠤ︾ ᠬᠦᠷᠢᠶ᠎ᠡ ᠬᠡᠪᠴᠢᠶᠡᠨ ᠳᠤ ᠬᠠᠮᠤᠷᠤᠭᠳᠠᠬᠤ ᠬᠦᠮᠦᠰ᠂ ᠡᠷᠬᠡᠪᠰᠢ ᠱᠠᠭᠠᠷᠳᠠᠯᠭ᠎ᠠ ᠶᠤᠰᠤᠭᠠᠷ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠬᠦ ᠲᠥᠪ ᠲᠤ ᠬᠦᠷᠴᠦ ᠪᠦᠭᠡᠮ ᠬᠦᠴᠢᠯ ᠤᠨ ᠪᠠᠶᠢᠴᠠᠭᠠᠯᠲᠠ ︵ᠦᠨ᠎ᠡ ᠲᠦᠯᠦᠪᠦᠷᠢ ᠦᠭᠡᠢ︶ ᠬᠢᠯᠭᠡᠬᠦ ᠬᠡᠷᠡᠭᠳᠡᠢ᠃       ᠭᠤᠷᠪᠠ᠂ ᠡᠯ᠎ᠡ ᠢᠳᠡᠰᠢᠨ ᠨᠤᠭᠤᠭ᠎ᠠ ᠵᠢᠮᠢᠰ ᠤᠨ ᠲᠡᠯᠬᠡᠬᠦᠷ ᠤᠨ ᠲᠤᠬᠠᠶᠢᠯᠠᠭᠰᠠᠨ ᠠᠵᠢᠯᠲᠠᠳ ᠡᠷᠬᠡᠪᠰᠢ ᠰᠠᠨᠠᠭᠠᠴᠢᠯᠠᠭ᠎ᠠ ᠠᠴᠠ ᠪᠠᠨ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠬᠦ ᠲᠥᠪ ᠲᠤ ᠬᠦᠷᠴᠦ ᠪᠦᠭᠡᠮ ᠬᠦᠴᠢᠯ ᠤᠨ ᠪᠠᠶᠢᠴᠠᠭᠠᠯᠲᠠ ︵ᠦᠨ᠎ᠡ ᠲᠦᠯᠦᠪᠦᠷᠢ ᠦᠭᠡᠢ︶ ᠬᠢᠯᠭᠡᠬᠦ ᠪᠠᠶᠢᠬᠤ ᠬᠡᠷᠡᠭᠳᠡᠢ᠃       ᠲᠦᠷᠪᠡ᠂ ᠠᠶᠢᠮᠠᠭ ᠤᠨ ᠭᠠᠳᠠᠨ᠎ᠠ ᠠᠴᠠ ᠢᠷᠡᠭᠰᠡᠳ ᠡᠷᠬᠡᠪᠰᠢ ᠬᠠᠷᠢᠶ᠎ᠠ ᠭᠠᠴᠠᠭ᠎ᠠ ᠨᠡᠶᠢᠭᠡᠮ ᠲᠤᠭᠤᠷᠢᠭ ᠪᠠ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠪᠤᠶᠤ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ︵ᠬᠤᠰᠢᠭᠤ ᠵᠢᠯᠤᠭᠤᠳᠬᠤ ᠬᠡᠯᠲᠡᠰ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠣᠭᠤᠶᠢᠯᠠᠩ᠄ 110᠂ 6224814︔ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠲᠣᠭᠤᠶᠢᠯᠠᠩ᠄ 6222994᠂ 13884790901︔ ᠬᠤᠰᠢᠭᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ᠄ 6222615᠂ 18647916553︔ ᠰᠢᠨᠡᠪᠤᠯᠠᠭ ᠪᠠᠯᠭᠠᠰᠤᠨ  ᠤ ᠲᠤᠮᠢᠯᠠᠭᠰᠠᠨ ᠰᠠᠯᠪᠦᠷᠢ᠄ 6222221︔ ᠪᠠᠶᠠᠨᠲᠠᠯ᠎ᠠ ᠪᠠᠯᠭᠠᠰᠤᠨ ᠤ ᠲᠤᠮᠢᠯᠠᠭᠰᠠᠨ ᠰᠠᠯᠪᠦᠷᠢ᠄ 13947910948︔ ᠤᠩᠭᠤᠨ ᠠᠭᠤᠯᠠ ᠰᠣᠮᠣᠨ ᠤ ᠲᠤᠮᠢᠯᠠᠭᠰᠠᠨ ᠰᠠᠯᠪᠦᠷᠢ᠄ 13947950284︔ ᠪᠤᠭᠲᠠ ᠶᠢᠨ ᠭᠤᠣᠯ ᠰᠣᠮᠣᠨ ᠤ ᠲᠤᠮᠢᠯᠠᠭᠰᠠᠨ ᠰᠠᠯᠪᠦᠷᠢ᠄ 13947925042︔ ᠮᠠᠨᠳᠤᠯ᠎ᠠ ᠨᠡᠶᠢᠭᠡᠮ ᠲᠣᠭᠤᠷᠢᠭ᠄ 13947998086︔ ᠡᠷᠳᠡᠨᠢ ᠨᠡᠶᠢᠭᠡᠮ ᠲᠤᠭᠤᠷᠢᠭ᠄ 15148679866︔ ᠶᠢᠷᠭᠠᠢ ᠨᠡᠶᠢᠭᠡᠮ ᠲᠣᠭᠤᠷᠢᠭ᠄ 17604790106︔ ᠪᠤᠯᠠᠭ ᠨᠡᠶᠢᠭᠡᠮ ᠲᠣᠭᠤᠷᠢᠭ᠄ 15847966858︔ ᠴᠡᠩᠭᠡᠯ ᠨᠡᠶᠢᠭᠡᠮ ᠲᠤᠭᠤᠷᠢᠭ᠄ 13848593646︔ ᠬᠠᠰᠢᠶᠠᠲᠤ ᠨᠡᠶᠢᠭᠡᠮ ᠲᠤᠭᠤᠷᠢᠭ᠄ 13664793205︶ ᠪᠤᠶᠤ ᠰᠠᠭᠤᠭᠰᠠᠨ ᠪᠠᠭᠤᠳᠠᠯ ᠳᠠᠭᠠᠨ ᠪᠤᠳᠠᠳᠠᠢ ᠪᠠᠶᠢᠳᠠᠯ ᠢᠶᠠᠨ ᠮᠡᠳᠡᠬᠦᠯᠬᠦ ᠶᠢᠨ ᠬᠠᠮᠲᠤ᠂ ᠬᠤᠰᠢᠭᠤ ᠵᠢᠯᠤᠭᠤᠳᠬᠤ ᠬᠡᠯᠲᠡᠰ ᠤᠨ ᠬᠠᠮᠢᠶ᠎ᠠ ᠪᠦᠬᠦᠢ ᠲᠤᠰᠬᠠᠢ ᠠᠵᠢᠯ ᠤᠨ ᠲᠤᠭᠤᠶᠢᠯᠠᠩ ᠲᠠᠢ ᠬᠠᠮᠵᠢᠯᠴᠠᠨ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃        ᠲᠠᠪᠤ᠂ ᠬᠤᠯᠪᠤᠭᠳᠠᠯ ᠪᠦᠬᠦᠢ ᠱᠠᠭᠠᠷᠳᠠᠯᠭ᠎ᠠ ᠦᠭᠡᠢ ᠬᠡᠷᠡᠭᠵᠢᠬᠦᠯᠬᠦ ᠦᠭᠡᠢ ᠪᠣᠯ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠮᠢᠶ᠎ᠠ ᠪᠦᠬᠦᠢ ᠬᠦᠮᠦᠰ ᠢ ᠬᠠᠤᠯᠢ ᠶᠤᠰᠤᠭᠠᠷ ᠰᠢᠢᠳᠪᠦᠷᠢᠯᠡᠵᠦ᠂ ᠬᠠᠮᠢᠶ᠎ᠠ ᠪᠦᠬᠦᠢ ᠠᠵᠤ ᠠᠬᠤᠶᠢᠯᠠᠯ ᠢ ᠠᠵᠢᠯ ᠵᠤᠭᠰᠤᠭᠠᠨ ᠵᠠᠰᠠᠨ ᠴᠡᠭᠴᠡᠯᠡᠬᠦᠯᠦᠨ᠎ᠡ᠃            ᠬᠦᠪᠡᠭᠡᠳᠦ ᠰᠢᠷ᠎ᠡ ᠬᠤᠰᠢᠭᠤᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠦᠷᠢᠯᠠᠬᠰᠠᠨ                   ᠠᠭᠤᠰᠬᠢᠨ ᠤ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠦᠭᠤᠳᠬᠤ ᠭᠡᠯᠳᠡᠰ                             2022 ᠤᠨ ᠤ 1 ᠰᠠᠷ᠎ᠠ ᠶᠢᠨ 23 ᠤ ᠡᠳᠦᠷ
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号