ᠬᠦᠪᠡᠭᠡᠲᠦ ᠰᠢᠷ᠎ᠠ ᠬᠤᠰᠢᠭᠤᠨ ᠤ 12345 ᠦᠢᠯᠡᠴᠢᠯᠡᠭᠡᠨ ᠤ ᠤᠳᠠᠰᠤ ᠨᠡᠪᠳᠡᠷᠡᠭᠰᠡᠨ ᠠᠴᠠ ᠨᠠᠭᠠᠰᠢ᠂ | ᠠᠷᠠᠳ ᠤᠨ ᠰᠠᠨᠠᠭ᠎ᠠ ᠶᠢ ᠰᠣᠨᠣᠰᠴᠤ ᠠᠷᠠᠳ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ | ᠪᠤᠯᠤᠭᠰᠠᠠᠨ ᠤ ᠬᠤᠪᠢ ᠳᠤ᠂ ᠲᠤᠰ ᠤᠳᠠᠰᠤ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠪᠠᠷ | ᠵᠣᠷᠢᠯᠲᠠ ᠪᠤᠯᠭᠠᠵᠤ᠂ ᠣᠯᠠᠨ ᠲᠦᠮᠡᠨ ᠳᠤ ᠪᠤᠳᠠᠳᠤ ᠶᠠᠪᠤᠳᠠᠯ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ | ᠳᠤᠮᠳᠠᠬᠢ ᠰᠠᠭᠤᠳᠠᠯ ᠢ ᠰᠢᠢᠳᠪᠦᠷᠢᠯᠡᠬᠦ ᠲᠦᠷᠭᠡᠳᠭᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠪᠠ᠃ | | ᠬᠦᠪᠡᠭᠡᠲᠦ ᠰᠢᠷ᠎ᠠ ᠬᠤᠰᠢᠭᠤᠨ ᠤ 12345 ᠤᠳᠠᠰᠤᠨ ᠤ ᠠᠵᠢᠯᠯᠠᠬᠤ ᠥᠷᠲᠡᠭᠡ ᠨᠢ ︽ᠨᠢᠭᠡ | ᠤᠳᠠᠰᠤ ᠪᠠᠷ ᠦᠢᠯᠡᠴᠢᠯᠡᠬᠦ᠂ ᠲᠠᠷᠤᠢ ᠲᠦᠷᠭᠡᠨ ᠲᠤᠰᠬᠠᠬᠤ᠂ ᠲᠦᠪᠯᠡᠷᠡᠬᠦᠯᠦᠨ ᠬᠦᠯᠢᠶᠡᠨ ᠠᠪᠬᠤ᠂ ᠲᠥᠷᠦᠯ ᠬᠤᠪᠢᠶᠠᠨ | ᠲᠤᠰᠢᠶᠠᠬᠤ᠂ ᠬᠤᠯᠪᠤᠭᠠᠯᠠᠨ ᠬᠦᠳᠡᠯᠦᠯᠴᠡᠬᠦ᠂ ᠴᠠᠭ ᠲᠤᠭᠲᠠᠵᠤ ᠬᠦᠢᠴᠡᠳᠭᠡᠬᠦ᠂ ᠬᠦᠢᠴᠡᠳᠭᠡᠭᠰᠡᠨ ᠪᠠᠶᠢᠳᠠᠯ ᠢ | ᠣᠶᠢᠯᠠᠭᠠᠬᠤ︾ ᠠᠵᠢᠯ ᠤᠨ ᠲᠤᠭᠲᠠᠴᠠ ᠶᠤᠰᠤᠭᠠᠷ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠪᠡᠶᠡᠯᠡᠬᠦᠯᠬᠦ | ᠠᠵᠢᠯ ᠤᠨ ᠪᠠᠶᠢᠭᠤᠯᠤᠮᠵᠢ ᠶᠢ ᠪᠣᠢ ᠪᠣᠯᠭᠠᠪᠠ᠃ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠣᠯᠠᠨ ᠲᠦᠮᠡᠨ ᠤ ᠬᠦᠴᠢᠷᠳᠡᠯ ᠢ ᠲᠠᠷᠤᠢ ᠲᠦᠷᠭᠡᠨ ᠰᠢᠢᠳᠪᠦᠷᠢᠯᠡᠬᠦ ᠶᠢᠨ ᠲᠦᠯᠦᠭᠡ᠂ | ᠬᠤᠰᠢᠭᠤᠨ ᠤ 12345 ᠦᠢᠯᠡᠴᠢᠯᠡᠭᠡᠨ ᠤ ᠤᠳᠠᠰᠤ 24 ᠴᠠᠭ ᠢᠶᠠᠷ ᠠᠵᠢᠯᠠᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠨᠢᠭᠡ ᠵᠢᠯ᠂ ᠬᠦᠪᠡᠭᠡᠲᠦ ᠰᠢᠷ᠎ᠠ ᠬᠤᠰᠢᠭᠤᠨ ᠤ 12345 ᠵᠠᠰᠠᠭ ᠤᠨ ᠣᠷᠳᠣᠨ ᠤ | ᠦᠢᠯᠡᠴᠢᠯᠡᠭᠡᠨ ᠤ ᠠᠷᠠᠳ ᠲᠤ ᠲᠦᠭᠦᠮ ᠦᠵᠡᠬᠦᠯᠬᠦ ᠤᠳᠠᠰᠤ ᠪᠠᠷ 938 ᠠᠰᠠᠭᠤᠳᠠᠯ ᠢ ᠲᠤᠰᠬᠠᠵᠤ᠂ ᠡᠯ᠎ᠡ | ᠪᠠᠶᠢᠭᠤᠯᠭ᠎ᠠ ᠨᠢᠭᠡᠴᠡ ᠳᠤ ᠪᠦᠬᠦᠨ ᠢ ᠲᠤᠰᠢᠶᠠᠨ ᠰᠢᠢᠳᠪᠦᠷᠢᠯᠡᠬᠦᠯᠵᠦ᠂ ᠬᠦᠢᠴᠡᠳᠭᠡᠭᠵᠦ ᠲᠠᠭᠤᠰᠬᠠᠬᠰᠠᠨ ᠨᠤᠷᠮ᠎ᠠ | 99.78% ᠳᠤ ᠬᠦᠷᠪᠡ᠃ |