ᠬᠡᠷᠡᠭ ᠤᠨ ᠵᠢᠱᠢᠶ᠎ᠡ᠄ 2017 ᠣᠨ ᠳᠤ᠂ ᠱᠤᠤ ᠠᠪᠠᠭ᠋ᠠᠢ ᠴᠧᠨ ᠠᠪᠤᠭᠠᠢ ᠲᠠᠢ ᠤᠷᠤᠭ ᠰᠠᠯᠪᠠ᠃ 2021 | ᠣᠨ ᠳᠤ᠂ ᠡᠳ᠋ᠬᠦ᠋ᠷᠦᠩᠭᠡ ᠶᠢ ᠬᠤᠪᠢᠳᠠᠨ ᠬᠤᠪᠢᠶᠠᠬᠤ ᠠᠰᠠᠭᠤᠳᠠᠯ ᠠᠴᠠ ᠪᠤᠯᠵᠤ᠂ ᠱᠤᠤ ᠠᠪᠠᠭ᠋ᠠᠢ ᠰᠢᠭᠦᠬᠦ | ᠬᠤᠷᠢᠶᠠᠨ ᠳᠤ ᠵᠠᠭᠠᠯᠳᠤᠪᠠ᠂ ᠱᠤᠤ ᠠᠪᠠᠭ᠋ᠠᠢ ᠶᠢᠨ ᠬᠡᠯᠡᠬᠦ ᠪᠠᠷ ᠤᠷᠤᠭ ᠰᠠᠯᠬᠤ ᠲᠤᠬᠠᠢ ᠶᠢᠨ ᠡᠳᠦᠷ᠂ ᠴᠧᠨ ᠠᠪᠤᠭᠠᠢ | ᠠᠳᠠᠯᠢ ᠪᠤᠰᠤ ᠭᠠᠵᠠᠷ ᠠᠴᠠ ᠨᠡᠶᠢᠳᠡ 33 ᠲᠦᠮᠡᠨ ᠲᠥᠭᠦᠷᠢᠭ ᠵᠣᠭᠤᠰ ᠭᠠᠷᠭᠠᠵᠤ ᠠᠪᠤᠭᠰᠠᠨ ᠨᠢ ᠬᠠᠤᠯᠢ | ᠪᠤᠰᠤ ᠪᠠᠷ ᠡᠳ᠋ ᠬᠦᠷᠦᠩᠭᠡ ᠪᠠᠨ ᠰᠢᠯᠵᠢᠭᠦᠯᠦᠭᠰᠡᠨ ᠬᠡᠷᠡᠭ ᠮᠦᠨ᠂ ᠬᠠᠤᠯᠢ ᠴᠠᠭᠠᠵᠠ ᠳᠤ ᠲᠣᠭᠲᠠᠭᠠᠭᠰᠠᠨ ᠡᠳ᠋ | ᠬᠦᠷᠦᠩᠭᠡ ᠶᠢ ᠳᠤᠲᠠᠭᠤ ᠬᠤᠪᠢᠶᠠᠵᠤ ᠥᠭᠬᠦ ᠪᠤᠶᠤ ᠬᠤᠪᠢᠶᠠᠵᠤ ᠥᠭᠬᠦ ᠦᠭᠡᠢ ᠪᠠᠶᠢᠪᠠᠯ ᠵᠣᠬᠢᠨ᠎ᠠ ᠭᠡᠲᠡᠭ ᠲᠤ | ᠲᠤᠭᠠᠴᠢᠬᠲᠠᠨᠠ᠂ ᠰᠢᠭᠦᠬᠦ ᠬᠤᠷᠢᠶ᠎ᠡ ᠠᠴᠠ ᠬᠤᠶᠠᠷ ᠲᠠᠯ᠎ᠠ ᠶᠢᠨ ᠬᠠᠮᠲᠤ ᠶᠢᠨ ᠡᠳ᠋ ᠬᠦᠷᠦᠩᠭᠡ ᠶᠢ ᠲᠤᠰ ᠲᠦᠷᠢᠮ | ᠶᠣᠰᠣᠭᠠᠷ ᠳᠠᠬᠢᠨ ᠬᠤᠪᠢᠳᠠᠨ ᠬᠤᠪᠢᠶᠠᠬᠤ ᠶᠢ ᠱᠠᠭᠠᠷᠳᠠᠵᠠᠢ᠃ ᠱᠣᠣ ᠠᠪᠠᠭ᠋ᠠᠶ ᠶᠢᠨ ᠱᠠᠭᠠᠷᠳᠠᠯᠭᠠᠬᠠᠤᠯᠢ ᠳᠤ | ᠨᠡᠶᠢᠴᠡᠨ᠎ᠡ ᠦᠦ︖ | ᠬᠠᠤᠯᠢ ᠢᠶᠠᠷ ᠲᠠᠶᠢᠯᠪᠤᠷᠢᠯᠠᠬᠤ ᠨᠢ ᠬᠠᠤᠯᠢ ᠳᠤ ᠨᠡᠶᠢᠴᠡᠨ᠎ᠡ᠃ ᠢᠷᠭᠡᠨ ᠤ ᠬᠠᠤᠯᠢ ᠶᠢᠨ ᠪᠢᠴᠢᠭ ᠤᠨ ᠵᠠᠭᠤ ᠶᠡᠷᠡᠨ | ᠬᠤᠶᠠᠳᠤᠭᠠᠷ ᠵᠦᠢᠯ ᠳᠤ᠂ ᠡᠷ᠎ᠡ ᠡᠮ᠎ᠡ ᠬᠤᠶᠠᠭᠤᠯᠠ ᠶᠢᠨ ᠨᠢᠭᠡ ᠡᠲᠡᠭᠡᠳ ᠨᠢ ᠡᠷ᠎ᠡ ᠡᠮ᠎ᠡ ᠬᠤᠶᠠᠭᠤᠯᠠ ᠶᠢᠨ | ᠬᠠᠮᠲᠤ ᠶᠢᠨ ᠡᠳ᠋ ᠬᠦᠷᠦᠩᠭᠡ ᠶᠢ ᠨᠢᠭᠤᠨ ᠳᠠᠯᠳᠠᠯᠠᠭᠰᠠᠨ᠂ ᠰᠢᠯᠵᠢᠭᠦᠯᠦᠭᠰᠡᠨ᠂ ᠬᠤᠳᠠᠯᠳᠤᠭᠰᠠᠨ᠂ ᠡᠪᠳᠡᠵᠦ | ᠰᠦᠢᠳᠬᠡᠭᠰᠡᠨ᠂ ᠪᠦᠷᠢᠯᠭᠡᠭᠰᠡᠨ ᠪᠤᠶᠤ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠦᠷᠢ ᠥᠭᠴᠡᠭᠡ ᠶᠢ ᠬᠠᠭᠤᠷᠮᠠᠭᠯᠠᠨ | ᠵᠣᠬᠢᠶᠠᠵᠤ ᠨᠦᠬᠦᠭᠡ ᠡᠲᠡᠭᠡᠳ ᠤᠨ ᠢᠶᠠᠨ ᠡᠳ᠋ ᠬᠦᠷᠦᠩᠭᠡ ᠶᠢ ᠡᠵᠡᠯᠡᠨ ᠠᠪᠬᠤ ᠪᠠᠷ ᠤᠷᠦᠯᠳᠦᠬᠰᠡᠠ ᠪᠠᠶᠢᠪᠠᠯ᠂ | ᠤᠷᠤᠬ ᠰᠠᠯᠬᠤ ᠦᠶ᠎ᠡ ᠳᠤ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠦᠷᠦᠩᠭᠡ ᠶᠢ ᠬᠤᠪᠢᠳᠠᠨ | ᠬᠤᠪᠢᠶᠠᠬᠤ ᠳᠠᠭᠠᠨ ᠲᠤᠰ ᠡᠲᠡᠭᠡᠳ ᠲᠤ ᠳᠤᠲᠠᠭᠤ ᠬᠤᠪᠢᠶᠠᠵᠤ ᠥᠭᠬᠦ ᠪᠤᠶᠤ ᠬᠤᠪᠢᠶᠠᠵᠤ ᠥᠭᠬᠦ ᠤᠢᠭᠡᠢ ᠪᠠᠶᠢᠵᠤ | ᠪᠣᠯᠤᠨ᠎ᠠ ᠭᠡᠵᠦ ᠲᠣᠭᠲᠠᠭᠠᠵᠠᠢ᠃ ᠤᠷᠤᠬ ᠰᠠᠯᠤᠭᠰᠠᠨ ᠤ ᠲᠡᠷᠠᠭ᠎ᠠ᠂ ᠨᠦᠬᠦᠭᠡ ᠡᠲᠡᠭᠡᠳ ᠨᠢ ᠳᠡᠭᠡᠷ᠎ᠡ ᠳᠤᠷᠠᠳᠤᠭᠰᠠᠨ | ᠤᠢᠢᠯᠠ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ | ᠭᠠᠷᠭᠠᠵᠤ᠂ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠦᠷᠦᠩᠭᠡ ᠶᠢ ᠲᠡᠬᠢᠵᠦ ᠬᠤᠪᠢᠳᠠᠨ ᠬᠤᠪᠢᠶᠠᠬᠤ ᠪᠠᠷ | ᠭᠤᠶᠤᠴᠢᠯᠠᠵᠤ ᠪᠣᠯᠤᠨ᠎ᠠ᠃ |