— ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ | | ︵2022 ᠣᠨ ᠤ 10 ᠰᠠᠷ᠎ᠠ ᠶᠢᠨ 16 ᠤ ᠡᠳᠦᠷ︶ | ᠰᠢ ᠶᠢᠨ ᠫᠢᠩ | | | ᠨᠥᠬᠦᠳ ᠠ᠋᠄ | ᠤᠳᠤ ᠪᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠤ ᠢᠯᠡᠳᠬᠡᠯ | ᠭᠢᠶ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ | ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ | ᠶᠡᠭᠡ ᠬᠤᠷᠠᠯ ᠤᠨ ᠭᠤᠣᠯ ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠥᠨᠳᠥᠷ ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠴᠢᠷᠮᠠᠶᠢᠵᠤ᠂ ᠡᠷᠡᠯᠬᠡᠭᠯᠡᠨ | ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠨ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨᠲᠡ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠪᠡ᠃ | ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠴᠤ᠂ | ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠤᠨ ᠲᠥᠯᠥᠭᠡ ᠴᠢᠷᠮᠠᠶᠢᠵᠤ | ᠪᠠᠶᠢᠭ᠎ᠠ ᠪᠣᠯᠬᠤᠷ ᠬᠠᠷᠢᠭᠤᠴᠠᠯᠭ᠎ᠠ ᠬᠢᠵᠠᠭᠠᠯᠠᠰᠢ ᠦᠭᠡᠢ ᠬᠦᠨᠳᠦ ᠶᠡᠭᠡ᠂ ᠡᠭᠦᠷᠭᠡ ᠬᠢᠵᠠᠭᠠᠯᠠᠰᠢ ᠦᠭᠡᠢ ᠢᠷᠠᠭᠤ ᠠᠯᠳᠠᠷᠲᠠᠢ | ᠶᠤᠮ᠃ ᠪᠦᠭᠦ ᠨᠠᠮ ᠤᠨ ᠨᠥᠬᠦᠳ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ | ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭ᠎ᠠ ᠪᠠᠨ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠨᠡᠩ ᠭᠡᠷᠡᠯ | ᠰᠠᠴᠤᠷᠠᠩᠭᠤᠢ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ | ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠵᠢᠷ ᠤᠨ | ᠪᠤᠰᠤ ᠶᠢᠨ ᠲᠠᠪᠤᠨ ᠵᠢᠯ ᠮᠥᠨ᠃ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠳᠤᠯᠤᠭ᠎ᠠ ᠤᠳᠠᠭ᠎ᠠ ᠶᠢᠨ ᠪᠦᠭᠦᠳᠡ | ᠬᠤᠷᠠᠯ ᠬᠢᠵᠦ᠂ ᠲᠤᠰ ᠲᠤᠰ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ᠂ ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢ ᠲᠣᠭᠲᠠᠭᠠᠬᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠭᠦ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ | ᠲᠣᠭᠲᠠᠭᠠᠯ ᠪᠠ ᠰᠢᠢᠳᠪᠦᠷᠢ ᠭᠠᠷᠭᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠳᠡᠯᠡᠬᠡᠢ ᠶᠢᠨ ᠪᠠᠶᠢᠳᠠᠯ ᠪᠣᠯᠣᠨ ᠵᠠᠯᠭᠠᠭ᠎ᠠ ᠪᠠᠷ ᠲᠤᠯᠭᠠᠷᠠᠭᠰᠠᠨ ᠯᠤᠲᠤ ᠶᠡᠭᠡ ᠠᠶᠤᠯ ᠲᠦᠭᠰᠢᠭᠦᠷᠢ ᠥᠷᠢᠰᠦᠯᠳᠦᠭᠡᠨ ᠢ | ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠲᠠᠰᠤᠷᠠᠯᠲᠠ ᠦᠭᠡᠢ ᠤᠷᠤᠭᠰᠢᠯᠠᠭᠤᠯᠪᠠ᠃ | ᠲᠠᠪᠤᠨ ᠵᠢᠯ ᠤᠨ ᠲᠤᠷᠰᠢ᠂ ᠪᠢᠳᠡ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ | ᠪᠦᠭᠦ ᠲᠠᠯ᠎ᠠ ᠪᠠᠷ ᠪᠡᠶᠡᠯᠡᠭᠦᠯᠬᠦ ᠠᠬᠢᠴᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠤᠨᠤᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ | ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠰᠠᠶᠢᠵᠢᠷᠠᠭᠤᠯᠬᠤ ᠶᠢ ᠳᠣᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠬᠢᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠤᠯᠤᠰ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ | ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠠᠭᠤᠤ | ᠶᠡᠭᠡ ᠰᠢᠨ᠎ᠡ ᠢᠨᠵᠧᠨᠧᠷᠢᠩ ᠢ ᠪᠦᠭᠦ ᠲᠠᠯ᠎ᠠ ᠪᠠᠷ ᠠᠬᠢᠭᠤᠯᠵᠠᠢ᠃ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | ᠳᠠᠯᠠᠨ ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ ᠲᠣᠭᠲᠠᠭᠠᠨ᠂ | ᠪᠦᠭᠦ ᠨᠠᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ᠂ ᠪᠦᠭᠦ ᠨᠠᠮ ᠢ ᠤᠷᠢᠶᠠᠯᠠᠨ ᠨᠠᠮ ᠪᠠᠶᠢᠭᠤᠯᠤᠭᠰᠠᠨ | ᠠᠭᠤᠤ ᠶᠡᠭᠡ ᠵᠣᠷᠢᠭ ᠰᠠᠨᠠᠭ᠎ᠠ ᠶᠢ ᠰᠤᠷᠤᠯᠴᠠᠨ ᠦᠢᠯᠡᠳᠦᠯᠭᠡᠵᠢᠭᠦᠯᠵᠦ᠂ ᠰᠢᠨ᠎ᠡ ᠠᠶᠠᠨ ᠳᠤ ᠨᠡᠩ ᠡᠷᠡᠰ ᠪᠠᠲᠤ᠂ ᠨᠡᠩ | ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ | ᠡᠭᠦᠳᠦᠨ ᠨᠡᠭᠡᠭᠡᠵᠡᠢ᠃ ᠢᠯᠠᠩᠭᠤᠶ᠎ᠠ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠨ᠎ᠠ ᠪᠠᠨ ᠳᠠᠭᠢᠨ ᠲᠠᠷᠬᠠᠨ ᠳᠡᠯᠭᠡᠷᠡᠬᠦ ᠶᠢ | ᠰᠡᠷᠭᠡᠶᠢᠯᠡᠬᠦ ᠶᠢ ᠪᠠᠷᠢᠮᠲᠠᠯᠠᠵᠤ᠂ ᠡᠪᠡᠳᠴᠢᠨ ᠤ ᠵᠢᠱᠢᠶ᠎ᠡ ᠶᠢ ᠦᠭᠡᠢ ᠪᠤᠯᠭᠠᠬᠤ ᠶᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ | ᠠᠷᠠᠳ ᠤᠨ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠢ ᠥᠷᠨᠢᠭᠦᠯᠵᠦ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠲᠠᠯ᠎ᠠ ᠪᠠᠷ ᠴᠢᠬᠤᠯᠠ ᠶᠡᠭᠡ ᠢᠳᠡᠪᠬᠢᠲᠡᠢ ᠦᠷ᠎ᠡ ᠪᠦᠲᠦᠭᠡᠯ ᠣᠯᠪᠠ᠃ | ᠰᠢᠶᠠᠩᠭᠠᠩ ᠤᠨ ᠪᠠᠶᠢᠳᠠᠯ ᠤᠨ ᠲᠣᠭᠲᠠᠭᠤᠨ ᠪᠤᠰᠤ ᠬᠤᠪᠢᠷᠠᠯᠲᠠ ᠶᠢᠨ ᠡᠮᠦᠨ᠎ᠡ᠂ ᠪᠢᠳᠡ ᠦᠨᠳᠦᠰᠦᠨ ᠬᠠᠤᠯᠢ ᠪᠠ | ᠦᠨᠳᠦᠰᠦ ᠪᠤᠯᠬᠤ ᠬᠠᠤᠯᠢ ᠶᠢ ᠦᠨᠳᠦᠰᠦᠯᠡᠨ ᠵᠠᠰᠠᠭ ᠵᠠᠬᠢᠷᠭᠠᠨ ᠤ ᠣᠨᠴᠠᠭᠠᠢ ᠣᠷᠣᠨ ᠢ ᠪᠦᠭᠦ ᠲᠠᠯ᠎ᠠ ᠪᠠᠷ ᠬᠠᠮᠢᠶᠠᠷᠤᠨ | ᠵᠠᠰᠠᠬᠤ ᠡᠷᠬᠡ ᠶᠢ ᠪᠦᠲᠦᠮᠵᠢᠲᠡᠢ ᠬᠡᠷᠡᠭᠵᠢᠭᠦᠯᠵᠦ᠂ ᠰᠢᠶᠠᠩᠭᠠᠩ ᠵᠠᠰᠠᠭ ᠵᠠᠬᠢᠷᠭᠠᠨ ᠤ ᠣᠨᠴᠠᠭᠠᠢ ᠣᠷᠣᠨ ᠤ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠬᠠᠤᠯᠢ ᠶᠢ ᠲᠣᠭᠲᠠᠭᠠᠨ ᠬᠡᠷᠡᠭᠵᠢᠭᠦᠯᠵᠦ᠂ ︽ᠤᠯᠤᠰ ᠢᠶᠠᠨ ᠬᠠᠶᠢᠷᠠᠯᠠᠭᠴᠢᠳ | ᠰᠢᠶᠠᠩᠭᠠᠩ ᠢ ᠵᠠᠰᠠᠬᠤ︾ ᠵᠠᠷᠴᠢᠮ ᠢ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠰᠠᠮᠠᠭᠤᠷᠠᠯ ᠤᠨ ᠪᠠᠶᠢᠳᠠᠯ ᠠᠴᠠ | ᠲᠦᠪᠰᠢᠷᠡᠭᠰᠡᠨ ᠪᠠᠶᠢᠳᠠᠯ ᠳᠤ ᠣᠷᠣᠭᠰᠠᠨ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠵᠦ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠰᠢᠶᠠᠩᠭᠠᠩ | ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ᠂ ᠲᠣᠭᠲᠠᠭᠤᠨ ᠢᠶᠠᠨ | ᠪᠠᠲᠤᠯᠠᠬᠤ ᠶᠢ ᠳᠡᠮᠵᠢᠪᠡ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ | ᠭᠠᠳᠠᠭᠠᠳᠤ ᠶᠢᠨ ᠬᠦᠴᠦᠨ ᠤ ᠲᠠᠶᠢᠸᠠᠨ ᠤ ᠬᠡᠷᠡᠭ ᠶᠠᠪᠤᠳᠠᠯ ᠳᠤ ᠭᠠᠷ ᠲᠦᠷᠦᠭᠦ ᠬᠦᠨᠳᠦ ᠨᠣᠴᠢᠲᠠᠢ ᠥᠳᠥᠭᠡᠯᠭᠡ ᠶᠢᠨ | ᠡᠮᠦᠨ᠎ᠡ᠂ ᠪᠢᠳᠡ ᠬᠠᠭᠠᠴᠠᠭᠤᠯᠬᠤ ᠶᠢ ᠡᠰᠡᠷᠭᠦᠴᠡᠬᠦ᠂ ᠭᠠᠷ ᠲᠦᠷᠦᠭᠦ ᠶᠢ ᠡᠰᠡᠷᠭᠦᠴᠡᠬᠦ ᠴᠢᠬᠤᠯᠠ ᠶᠡᠭᠡ ᠲᠡᠮᠡᠴᠡᠯ ᠢ ᠡᠷᠡᠰ | ᠥᠷᠨᠢᠭᠦᠯᠵᠦ᠂ ᠮᠠᠨ ᠤ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ᠂ | ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠬᠦ ᠡᠷᠡᠰ ᠵᠣᠷᠢᠭ ᠪᠠ ᠬᠦᠴᠦᠷᠬᠡᠭ ᠶᠡᠭᠡ ᠴᠢᠳᠠᠪᠤᠷᠢ ᠶᠢ | ᠢᠯᠡᠷᠡᠭᠦᠯᠵᠦ᠂ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠡᠷᠬᠡ ᠶᠢ | ᠤᠯᠠᠮ ᠴᠢᠨᠠᠭᠰᠢᠳᠠ ᠡᠵᠡᠮᠰᠢᠵᠦ᠂ ᠳᠡᠯᠡᠬᠡᠢ ᠨᠡᠶᠢᠲᠡ ᠶᠢᠨ ᠨᠢᠭᠡ ᠯᠡ ᠳᠤᠮᠳᠠᠳᠤ ᠤᠯᠤᠰ ᠪᠠᠶᠢᠬᠤ ᠶᠢ ᠪᠠᠷᠢᠮᠲᠠᠯᠠᠬᠤ | ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠪᠠ᠃ ᠳᠡᠯᠡᠬᠡᠢ ᠶᠢᠨ ᠪᠠᠶᠢᠳᠠᠯ ᠤᠨ ᠲᠦᠷᠭᠡᠨ ᠬᠤᠪᠢᠷᠠᠯᠲᠠ ᠶᠢᠨ ᠡᠮᠦᠨ᠎ᠡ᠂ | ᠢᠯᠠᠩᠭᠤᠶ᠎ᠠ ᠭᠠᠳᠠᠭᠠᠳᠤ ᠶᠢᠨ ᠬᠢᠬᠠᠯᠲᠠ᠂ ᠰᠢᠬᠠᠯᠲᠠ᠂ ᠪᠢᠲᠡᠭᠦᠮᠵᠢᠯᠡᠯᠲᠡ᠂ ᠲᠤᠶᠢᠯ ᠤᠨ ᠶᠡᠭᠡ ᠳᠠᠷᠤᠯᠲᠠ ᠶᠢᠨ ᠡᠮᠦᠨ᠎ᠡ᠂ | ᠪᠢᠳᠡ ᠤᠯᠤᠰ ᠤᠨ ᠠᠰᠢᠭ ᠲᠤᠰᠠ ᠶᠢ ᠴᠢᠬᠤᠯᠠᠴᠢᠯᠠᠨ᠂ ᠤᠯᠤᠰ ᠤᠨ ᠳᠣᠲᠣᠭᠠᠳᠤ ᠶᠢᠨ ᠤᠯᠤᠰ ᠲᠦᠷᠦ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠦᠴᠦᠷᠬᠡᠭᠯᠡᠯ ᠠᠴᠠ ᠠᠶᠤᠬᠤ ᠦᠭᠡᠢ ᠡᠷᠡᠰ ᠪᠠᠲᠤ ᠵᠣᠷᠢᠭ ᠰᠠᠨᠠᠭ᠎ᠠ ᠶᠢ ᠢᠯᠡᠷᠡᠭᠦᠯᠵᠦ᠂ | ᠲᠡᠮᠡᠴᠡᠯ ᠤᠨ ᠳᠤᠮᠳᠠ ᠤᠯᠤᠰ ᠤᠨ ᠨᠡᠷ᠎ᠡ ᠬᠦᠨᠳᠦ ᠪᠠ ᠭᠤᠣᠯᠯᠠᠬᠤ ᠠᠰᠢᠭ ᠲᠤᠰᠠ ᠶᠢ ᠬᠠᠮᠠᠭᠠᠯᠠᠨ᠂ ᠮᠠᠨ ᠤ ᠤᠯᠤᠰ ᠤᠨ | ᠬᠥᠭᠵᠢᠯᠲᠡ ᠪᠠ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ ᠲᠠᠪᠤᠨ ᠵᠢᠯ ᠤᠨ ᠲᠤᠷᠰᠢ᠂ ᠮᠠᠨ ᠤ | ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭᠠᠨ ᠳᠤ ᠰᠢᠢᠳᠪᠦᠷᠢᠯᠡᠭᠡᠳᠦᠢ ᠪᠠᠶᠢᠭᠰᠠᠨ ᠮᠠᠰᠢ | ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠭᠡᠳᠤ ᠳᠤ ᠬᠤᠯᠪᠣᠭᠳᠠᠬᠤ ᠮᠠᠰᠢ ᠤᠯᠠᠨ ᠶᠡᠭᠡ ᠶᠠᠪᠤᠳᠠᠯ ᠴᠢᠬᠤᠯᠠ | ᠶᠠᠪᠤᠳᠠᠯ ᠢ ᠪᠦᠲᠦᠭᠡᠵᠦ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ᠃ | ᠨᠥᠬᠦᠳ ᠠ᠋︕ ᠠᠷᠪᠠᠨ ᠨᠠᠢᠮᠠᠳᠤᠭᠠᠷ ᠶᠡᠭᠡ ᠬᠤᠷᠠᠯ ᠬᠤᠷᠠᠯᠳᠤᠭᠠᠳ ᠤᠳᠤ ᠪᠤᠯᠳᠠᠯ᠎ᠠ ᠠᠷᠪᠠᠨ ᠵᠢᠯ ᠪᠣᠯᠵᠤ | ᠪᠠᠶᠢᠨ᠎ᠠ᠃ ᠠᠷᠪᠠᠨ ᠵᠢᠯ ᠤᠨ ᠲᠤᠷᠰᠢ᠂ ᠪᠢᠳᠡ ᠨᠠᠮ ᠪᠠ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠪᠡ᠄ | ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠭᠲᠤᠨ ᠠᠪᠴᠢᠷᠠᠪᠠ᠂ | ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠂ ᠭᠤᠷᠪᠠ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠲᠡᠦᠬᠡᠲᠦ | ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠪᠡ᠃ ᠡᠨᠡ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ | ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ | ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠪᠠᠰᠠ ᠴᠤ ᠳᠡᠯᠡᠬᠡᠢ ᠳ᠋ᠠᠬᠢᠨ ᠳᠤ ᠠᠯᠤᠰ ᠭᠡᠳᠦ ᠶᠢᠨ ᠨᠥᠯᠥᠭᠡ | ᠦᠵᠡᠭᠦᠯᠭᠦ ᠲᠡᠦᠬᠡᠲᠦ ᠴᠢᠨᠠᠷᠲᠠᠢ ᠢᠯᠠᠯᠲᠠ ᠮᠥᠨ᠃ | ᠠᠷᠪᠠᠨ ᠵᠢᠯ ᠤᠨ ᠡᠮᠦᠨ᠎ᠡ᠂ ᠮᠠᠨ ᠤ ᠡᠮᠦᠨ᠎ᠡ ᠲᠤᠯᠭᠠᠷᠠᠵᠤ ᠪᠠᠶᠢᠭᠰᠠᠨ ᠪᠠᠶᠢᠳᠠᠯ ᠪᠣᠯ ᠥᠭᠡᠷᠡᠴᠢᠯᠡᠯᠲᠡ ᠨᠡᠭᠡᠭᠡᠯᠲᠡ ᠪᠠ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠣᠯᠵᠤ᠂ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢᠯᠡᠳᠲᠡ ᠠᠮᠵᠢᠯᠲᠠ ᠪᠦᠲᠦᠮᠵᠢ ᠣᠯᠵᠤ᠂ ᠪᠢᠳᠡᠨ ᠤ | ᠦᠷᠭᠦᠯᠵᠢᠯᠡᠨ ᠤᠷᠤᠭᠰᠢᠯᠠᠬᠤ ᠳᠤ ᠪᠠᠲᠤ ᠪᠠᠬᠢ ᠰᠠᠭᠤᠷᠢ ᠶᠢ ᠲᠠᠯᠪᠢᠨ᠂ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠦᠨ | ᠥᠭᠴᠦ᠂ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ᠂ ᠡᠭᠦᠨ ᠤ ᠬᠠᠮᠲᠤ ᠠᠯᠢ ᠤᠯᠠᠨ ᠤᠷᠳᠤ ᠬᠤᠭᠤᠴᠠᠭᠠᠨ ᠳᠤ | ᠬᠤᠷᠠᠮᠳᠤᠭᠰᠠᠨ ᠵᠢᠴᠢ ᠰᠢᠨ᠎ᠡ ᠪᠠᠷ ᠢᠯᠡᠷᠡᠭᠰᠡᠨ ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠲᠦᠷᠭᠡᠨ ᠰᠢᠢᠳᠪᠦᠷᠢᠯᠡᠬᠦ | ᠴᠢᠬᠤᠯᠠᠲᠠᠢ ᠪᠠᠶᠢᠵᠠᠢ᠃ ᠨᠠᠮ ᠤᠨ ᠳᠣᠲᠣᠭᠠᠳᠤ ᠳᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠤᠬᠠᠢ ᠲᠠᠨᠢᠯᠲᠠ ᠪᠠᠯᠠᠷᠬᠠᠢ | ᠂ ᠠᠵᠢᠯᠯᠠᠭ᠎ᠠ ᠶᠢᠨ ᠬᠦᠴᠦᠨ ᠮᠡᠬᠦᠰ ᠪᠠᠶᠢᠭᠰᠠᠨ ᠠᠰᠠᠭᠤᠳᠠᠯ ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠪᠠᠯᠠᠷᠬᠠᠶᠢᠰᠢᠭᠰᠠᠨ᠂ ᠬᠡᠶᠢᠰᠪᠦᠷᠢᠵᠢᠭᠰᠡᠨ᠂ ᠰᠤᠯᠠᠷᠠᠭᠰᠠᠨ ᠠᠰᠠᠭᠤᠳᠠᠯ ᠴᠥᠭᠡᠨ ᠪᠤᠰᠤ | ᠣᠷᠣᠰᠢᠵᠤ᠂ ᠵᠠᠷᠢᠮ ᠨᠠᠮ ᠤᠨ ᠭᠡᠰᠢᠭᠦᠨ᠂ ᠺᠠᠳ᠋ᠷᠴᠤᠳ ᠤᠨ ᠤᠯᠤᠰ ᠲᠦᠷᠦ ᠶᠢᠨ ᠢᠲᠡᠭᠡᠯ ᠪᠢᠰᠢᠷᠡᠯ ᠭᠤᠶᠢᠪᠢᠯᠵᠠᠵᠤ᠂ | ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ | ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠬᠤᠷᠢᠭᠯᠠᠭᠳᠠᠰᠢ ᠦᠭᠡᠢ ᠠᠬᠢᠨ ᠳᠠᠭᠢᠨ ᠡᠭᠦᠰᠴᠦ᠂ | ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠨᠡᠯᠢᠶᠡᠳ ᠬᠦᠨᠳᠦ ᠨᠣᠴᠢᠲᠠᠢ ᠣᠷᠣᠰᠢᠵᠤ᠂ ᠵᠠᠷᠢᠮ | ᠱᠠᠮᠰᠢᠨ ᠢᠯᠵᠠᠷᠠᠬᠤ ᠠᠰᠠᠭᠤᠳᠠᠯ ᠬᠥᠮᠥᠰ ᠢ ᠰᠣᠴᠢᠭᠠᠮ᠎ᠠ ᠬᠡᠮᠵᠢᠶᠡᠨ ᠳᠤ ᠭᠦᠷᠴᠡᠢ ︔ ᠠᠵᠤ ᠠᠬᠤᠢ ᠶᠢᠨ ᠪᠦᠲᠦᠴᠡ ᠶᠢᠨ | ᠴᠢᠨᠠᠷᠲᠠᠢ ᠳᠦᠷᠢᠮ ᠤᠨ ᠴᠢᠨᠠᠷᠲᠠᠢ ᠵᠥᠷᠢᠴᠡᠯ ᠲᠣᠪᠣᠶᠢᠮ᠎ᠠ ᠪᠠᠶᠢᠵᠤ᠂ ᠬᠥᠭᠵᠢᠯᠲᠡ ᠲᠡᠩᠴᠡᠭᠦᠷᠢ ᠦᠭᠡᠢ᠂ ᠵᠣᠬᠢᠴᠠᠩᠭᠤᠢ | ᠪᠤᠰᠤ᠂ ᠦᠷᠭᠦᠯᠵᠢᠯᠡᠬᠦ ᠪᠤᠰᠤ ᠪᠠᠶᠢᠵᠤ᠂ ᠤᠯᠠᠮᠵᠢᠯᠠᠯᠲᠤ ᠬᠥᠭᠵᠢᠯᠲᠡ ᠶᠢᠨ ᠵᠠᠭᠪᠤᠷ ᠦᠷᠭᠦᠯᠵᠢᠯᠡᠬᠦᠶ᠎ᠡ ᠪᠡᠷᠬᠡ ᠪᠣᠯᠵᠤ᠂ | ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠠᠰᠠᠭᠤᠳᠠᠯ ᠪᠠ ᠠᠰᠢᠭ ᠲᠤᠰᠠ ᠶᠢᠨ ᠬᠠᠲᠠᠭᠤ ᠰᠠᠭᠠᠳ | ᠡᠳᠦᠷ ᠢᠷᠡᠬᠦᠶ᠎ᠡ ᠢᠯᠡᠷᠡᠵᠦ ᠪᠠᠶᠢᠪᠠ ︔ ᠵᠠᠷᠢᠮ ᠬᠥᠮᠥᠰ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠤᠯᠤᠰ ᠲᠦᠷᠦ ᠶᠢᠨ ᠪᠠᠶᠢᠭᠤᠯᠤᠯ ᠤᠨ ᠲᠤᠬᠠᠢ ᠢᠲᠡᠭᠡᠯ ᠮᠡᠬᠦᠰ᠂ ᠬᠠᠤᠯᠢ ᠪᠠᠶᠢᠲᠠᠯ᠎ᠠ ᠵᠢᠷᠤᠮᠯᠠᠬᠤ ᠦᠭᠡᠢ᠂ ᠬᠠᠤᠯᠢ ᠶᠢ | ᠴᠢᠩᠭ᠎ᠠ ᠬᠡᠷᠡᠭᠵᠢᠭᠦᠯᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ ᠣᠷᠣᠰᠢᠵᠤ ᠪᠠᠶᠢᠪᠠ ︔ ᠵᠣᠭᠤᠰ ᠮᠥᠩᠭᠦᠨ ᠳᠤ | ᠰᠢᠨᠤᠬᠠᠶᠢᠷᠠᠬᠤ ᠦᠵᠡᠯ᠂ ᠵᠢᠷᠭᠠᠵᠤ ᠴᠡᠩᠬᠡᠬᠦ ᠦᠵᠡᠯ᠂ ᠬᠡᠲᠦᠷᠡᠮᠡᠬᠡᠢ ᠬᠤᠪᠢᠨᠴᠢᠷ ᠦᠵᠡᠯ ᠪᠠ ᠲᠡᠦᠬᠡ ᠶᠢ ᠦᠭᠡᠶᠢᠰᠭᠡᠭᠦ | ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠪᠠᠶᠢᠨ ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡ ᠳᠤ | ᠰᠠᠮᠠᠭᠤᠨ ᠦᠵᠡᠭᠳᠡᠯ ᠣᠯᠠᠰᠢᠷᠠᠵᠤ᠂ ᠬᠥᠮᠥᠰ ᠤᠨ ᠦᠵᠡᠯ ᠰᠠᠨᠠᠭ᠎ᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠢ | ᠬᠦᠨᠳᠦ ᠨᠣᠴᠢᠲᠠᠢ ᠨᠥᠯᠥᠭᠡᠯᠡᠵᠦ ᠪᠠᠶᠢᠪᠠ ︔ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠴᠥᠭᠡᠨ ᠪᠤᠰᠤ ᠪᠠᠭᠤᠷᠠᠢ | ᠭᠤᠭᠴᠤᠭ᠎ᠠ ᠣᠷᠣᠰᠢᠵᠤ ᠪᠠᠶᠢᠪᠠ ︔ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠴᠢᠩᠭᠠᠷᠠᠵᠤ᠂ ᠣᠷᠴᠢᠨ | ᠲᠣᠭᠤᠷᠢᠨ ᠤ ᠪᠣᠬᠢᠷᠳᠤᠯ ᠵᠡᠷᠭᠡ ᠠᠰᠠᠭᠤᠳᠠᠯ ᠲᠣᠪᠣᠶᠢᠮ᠎ᠠ ᠪᠠᠶᠢᠪᠠ ︔ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠳᠦᠷᠢᠮ ᠲᠡᠭᠦᠯᠳᠡᠷᠵᠢᠭᠡᠳᠦᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠴᠢᠩᠭ᠎ᠠ | ᠪᠢᠰᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠳᠤ ᠴᠥᠭᠡᠨ ᠪᠤᠰᠤ ᠳᠤᠲᠠᠭᠤᠳᠠᠯ | ᠪᠠ ᠪᠠᠭᠤᠷᠠᠢ ᠲᠠᠯ᠎ᠠ ᠣᠷᠣᠰᠢᠵᠤ ᠪᠠᠶᠢᠪᠠ ︔ ᠰᠢᠶᠠᠩᠭᠠᠩ᠂ ᠣᠣᠮᠧᠨ ᠤ ︽ᠨᠢᠭᠡ ᠤᠯᠤᠰ ᠲᠤ ᠬᠤᠶᠠᠷ ᠪᠠᠶᠢᠭᠤᠯᠤᠯ ᠢ | ᠬᠡᠷᠡᠭᠵᠢᠭᠦᠯᠬᠦ︾ ᠶᠢ ᠨᠠᠶᠢᠳᠠᠪᠤᠷᠢᠵᠢᠭᠤᠯᠬᠤ ᠪᠠᠶᠢᠭᠤᠯᠤᠮᠵᠢ ᠲᠣᠭᠲᠠᠴᠠ ᠨᠢ ᠪᠦᠷᠢᠨ ᠲᠡᠭᠦᠯᠳᠡᠷ ᠪᠢᠰᠢ ᠪᠠᠶᠢᠪᠠ ︔ | ᠤᠯᠤᠰ ᠤᠨ ᠠᠮᠤᠷ ᠲᠦᠪᠰᠢᠨ ᠬᠠᠲᠠᠭᠤ ᠴᠢᠩᠭ᠎ᠠ ᠥᠷᠢᠰᠦᠯᠳᠦᠭᠡᠨ ᠳᠤ ᠲᠤᠯᠭᠠᠷᠠᠵᠤ ᠪᠠᠶᠢᠭᠰᠠᠨ ᠭᠡᠬᠦ ᠮᠡᠲᠦ᠃ ᠲᠤᠬᠠᠢ ᠶᠢᠨ | ᠦᠶ᠎ᠡ ᠳᠤ᠂ ᠨᠠᠮ ᠤᠨ ᠳᠣᠲᠣᠭᠠᠳᠤ ᠪᠠ ᠨᠡᠶᠢᠭᠡᠮ ᠳᠡᠭᠡᠷᠡᠬᠢ ᠴᠥᠭᠡᠨ ᠪᠤᠰᠤ ᠬᠥᠮᠥᠰ ᠨᠠᠮ ᠪᠠ ᠤᠯᠤᠰ ᠤᠨ ᠢᠷᠡᠭᠡᠳᠦᠢ ᠳᠤ | ᠶᠡᠬᠡᠳᠡ ᠰᠡᠳᠬᠢᠯ ᠵᠣᠪᠠᠨᠢᠵᠤ ᠪᠠᠶᠢᠪᠠ᠃ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠣᠷᠣᠨ ᠤ ᠥᠨᠢ | ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠢ ᠨᠥᠯᠥᠭᠡᠯᠡᠬᠦ ᠡᠳᠡᠭᠡᠷ | ᠲᠣᠪᠣᠶᠢᠮ᠎ᠠ ᠵᠥᠷᠢᠴᠡᠯ ᠪᠠ ᠠᠰᠠᠭᠤᠳᠠᠯ ᠤᠨ ᠡᠮᠦᠨ᠎ᠡ᠂ ᠨᠠᠮ ᠤᠨ ᠲᠥᠪ ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠵᠦ᠂ | ᠡᠷᠡᠰ ᠰᠢᠭᠤᠷᠬᠠᠢ ᠪᠠᠷ ᠰᠣᠩᠭᠤᠯᠲᠠ ᠬᠢᠵᠦ᠂ ᠡᠷᠡᠰ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠰᠠᠯᠬᠢ ᠪᠣᠷᠣᠭᠠᠨ ᠢ ᠰᠥᠷᠦᠨ ᠤᠷᠤᠭᠰᠢᠯᠠᠵᠤ᠂ | ᠡᠷᠡᠰ ᠰᠢᠭᠤᠷᠬᠠᠢ ᠪᠠᠷ ᠮᠠᠰᠢ ᠤᠯᠠᠨ ᠰᠢᠨ᠎ᠡ ᠲᠡᠦᠬᠡᠨ ᠣᠨᠴᠠᠯᠢᠭ ᠲᠠᠢ ᠠᠭᠤᠤ ᠶᠡᠭᠡ ᠲᠡᠮᠡᠴᠡᠯ ᠢ ᠶᠠᠪᠤᠭᠳᠠᠭᠤᠯᠪᠠ᠃ | ᠠᠷᠪᠠᠨ ᠵᠢᠯ ᠤᠨ ᠲᠤᠷᠰᠢ᠂ ᠪᠢᠳᠡ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠦᠨᠳᠦᠰᠦᠨ ᠱᠤᠭᠤᠮ᠂ ᠦᠨᠳᠦᠰᠦᠨ | ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠯᠢ ᠣᠯᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠷᠭ᠎ᠠ | ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ ᠶᠢᠨ ᠴᠢᠨᠠᠷᠲᠠᠢ ᠦᠢᠯᠡᠳᠦᠯᠭᠡ ᠶᠢ ᠠᠬᠢᠭᠤᠯᠵᠤ᠂ ᠠᠯᠢ ᠣᠯᠠᠨ | ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠪᠡᠶᠡᠯᠡᠭᠦᠯᠵᠦ᠂ ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ | ᠣᠯᠵᠤ᠂ ᠤᠯᠤᠰ ᠲᠥᠷᠥ᠂ ᠠᠵᠤ ᠠᠬᠤᠢ᠂ ᠦᠵᠡᠯ ᠤᠬᠠᠮᠰᠠᠷ ᠤᠨ ᠭᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠠᠴᠠ | ᠢᠷᠡᠭᠰᠡᠨ ᠠᠶᠤᠯ ᠲᠦᠭᠰᠢᠭᠦᠷᠢ ᠥᠷᠢᠰᠦᠯᠳᠦᠭᠡᠨ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ | ᠲᠡᠦᠬᠡᠲᠦ ᠴᠢᠨᠠᠷᠲᠠᠢ ᠠᠮᠵᠢᠯᠲᠠ ᠪᠦᠳᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ | ᠮᠣᠷᠳᠠᠬᠤ ᠶᠢ ᠠᠬᠢᠭᠤᠯᠪᠠ᠃ | — ᠪᠢᠳᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠡᠭᠦᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ | ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠠᠯᠢ ᠤᠯᠠᠨ ᠰᠢᠨ᠎ᠡ ᠣᠶᠢᠯᠠᠭᠠᠭᠳᠠᠬᠤᠨ | ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ | ᠴᠠᠭ ᠦᠶᠡᠴᠢᠯᠡᠬᠦ ᠰᠢᠨ᠎ᠡ ᠦᠰᠦᠷᠦᠯᠲᠡ ᠶᠢ ᠪᠡᠶᠡᠯᠡᠭᠦᠯᠵᠦ᠂ ᠡᠨᠡ ᠬᠦ ᠰᠢᠨ᠎ᠡ ᠶᠢ ᠡᠭᠦᠳᠭᠦ ᠤᠨᠤᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠦᠨᠳᠦᠰᠦᠨ | ᠵᠢᠷᠤᠮᠯᠠᠯ ᠬᠠᠩᠭᠠᠪᠠ᠃ | — ᠪᠢᠳᠡ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ | ᠳᠠᠪᠠᠭᠤᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠥᠨ᠂ ᠳᠤᠮᠳᠠᠳᠤ ᠤᠯᠤᠰ ᠤᠨ ᠡᠪ | ᠬᠠᠮᠲᠤ ᠨᠠᠮ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠨᠠᠮ ᠤᠨ ᠲᠥᠪ | ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠬᠠᠮᠤᠭ ᠤᠨ ᠳᠡᠭᠡᠳᠦ ᠤᠯᠤᠰ ᠲᠦᠷᠦ ᠶᠢᠨ | ᠵᠠᠷᠴᠢᠮ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠰᠢᠰᠲ᠋ᠧᠮ ᠲᠠᠢ | ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ | ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠤ᠂ ᠨᠠᠮ ᠤᠨ ᠲᠥᠪ ᠬᠤᠷᠢᠶᠠᠨ ᠤ | ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠦᠨᠡᠨ ᠬᠦ ᠪᠠᠲᠤᠯᠠᠵᠤ᠂ ᠨᠠᠮ ᠤᠨ ᠪᠦᠭᠦ ᠲᠠᠯ᠎ᠠ ᠶᠢ | ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠬᠤ ᠶᠢ ᠦᠨᠡᠨ ᠬᠦ | ᠪᠠᠲᠤᠯᠠᠵᠤ᠂ ᠶᠢᠰᠦᠨ ᠮᠢᠩᠭ᠎ᠠ ᠵᠢᠷᠭᠤᠭᠠᠨ ᠵᠠᠭᠤ ᠭᠠᠷᠤᠢ ᠲᠦᠮᠡᠨ ᠨᠠᠮ ᠤᠨ ᠭᠡᠰᠢᠭᠦᠨ ᠲᠠᠢ ᠮᠠᠨ ᠤ ᠡᠨᠡ ᠬᠦ ᠮᠠᠷᠺᠰ ᠤᠨ | ᠦᠵᠡᠯ ᠤᠨ ᠲᠦᠷᠤ ᠶᠢᠨ ᠨᠠᠮ ᠨᠡᠩ ᠢᠯᠡᠭᠦᠦ ᠪᠦᠯᠬᠦᠮᠳᠡᠨ ᠨᠢᠭᠡᠳᠪᠡ᠃ | — ᠪᠢᠳᠡ ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ | ᠤᠬᠠᠭᠠᠨᠴᠢ ᠪᠦᠷᠢᠨ ᠲᠡᠭᠦᠯᠳᠡᠷ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢ ᠳᠤᠷᠠᠳᠴᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠠᠬᠢᠭᠤᠯᠵᠤ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ | ᠵᠡᠭᠦᠳᠦ ᠶᠢ ᠶᠡᠷᠦᠩᠬᠡᠶᠢᠯᠡᠨ ᠡᠵᠡᠮᠳᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ | ᠳᠥᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠲᠣᠭᠲᠠᠭᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠣᠯ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠣᠨ ᠬᠥᠭᠵᠢᠯᠲᠡ | ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠶᠢᠨ ᠬᠤᠭᠤᠷᠣᠨᠳᠣᠭᠢ ᠵᠥᠷᠢᠴᠡᠯ ᠮᠥᠨ ᠭᠡᠳᠡᠭ ᠢ ᠲᠣᠳᠣᠷᠬᠠᠶᠢᠯᠠᠭᠰᠠᠨ | ᠪᠥᠭᠡᠳ ᠡᠨᠡ ᠬᠦ ᠨᠡᠶᠢᠭᠡᠮ ᠤᠨ ᠭᠤᠣᠯ ᠵᠥᠷᠢᠴᠡᠯ ᠲᠠᠢ ᠨᠢᠭᠲᠠ ᠤᠶᠠᠯᠳᠤᠭᠤᠯᠤᠨ ᠡᠯ᠎ᠡ ᠵᠦᠢᠯ ᠤᠨ ᠠᠵᠢᠯ ᠢᠶᠠᠨ | ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠲᠠᠰᠤᠷᠠᠯᠲᠠ ᠦᠭᠡᠢ | ᠪᠠᠶᠠᠯᠢᠭᠵᠢᠭᠤᠯᠤᠨ ᠬᠥᠭᠵᠢᠭᠦᠯᠪᠡ᠃ | — ᠪᠢᠳᠡ ᠦᠷᠭᠦᠯᠵᠢᠯᠡᠨ ᠲᠡᠮᠡᠴᠡᠬᠦ ᠪᠠᠷ ᠲᠠᠮᠵᠢᠨ᠂ ᠴᠢᠨᠡᠭᠡᠯᠢᠭ ᠨᠡᠶᠢᠭᠡᠮ ᠭᠡᠬᠦ ᠡᠨᠡ ᠬᠦ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ ᠮᠠᠨ ᠤ ᠤᠯᠤᠰ ᠤᠨ ᠬᠥᠭᠵᠢᠯᠲᠡ ᠨᠡᠩ ᠥᠨᠳᠥᠷ | ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠪᠠ᠃ ᠪᠢᠳᠡ ᠣᠨᠣᠴᠠᠲᠠᠢ ᠪᠠᠷ ᠶᠠᠳᠠᠭᠤ ᠶᠢ ᠲᠡᠳᠭᠦᠭᠦ᠂ ᠭᠠᠪᠰᠢᠭᠠᠢ ᠠᠩᠭᠢ | ᠪᠠᠶᠢᠯᠳᠤᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠤᠨ | 832 ᠶᠠᠳᠠᠭᠤ ᠬᠦᠴᠢᠷᠳᠡᠯᠲᠡᠢ ᠰᠢᠶᠠᠨ ᠪᠦᠭᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠬᠥᠳᠡᠭᠡ ᠲᠣᠰᠬᠤᠨ ᠤ 1 | ᠳ᠋ᠦᠩᠰᠢᠭᠤᠷ ᠰᠢᠬᠠᠮ ᠶᠠᠳᠠᠭᠤ ᠬᠦᠴᠢᠷᠳᠡᠯᠲᠡᠢ ᠬᠥᠮᠥᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 960 ᠭᠠᠷᠤᠢ | ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠲᠤ ᠨᠡᠭᠦᠯᠭᠡᠬᠦ ᠶᠢ ᠪᠡᠶᠡᠯᠡᠭᠦᠯᠵᠦ᠂ ᠲᠤᠶᠢᠯ ᠤᠨ | ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠪᠦᠭᠦ ᠪᠥᠮᠪᠥᠷᠴᠡᠭ ᠤᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | — ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠷᠠᠳᠬᠤ ᠶᠢᠨ ᠬᠠᠮᠲᠤ ᠲᠤᠭᠤᠰᠢᠯᠠᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠡᠷᠡᠭᠵᠢᠭᠦᠯᠵᠦ᠂ ᠠᠯᠢ ᠤᠯᠠᠨ ᠪᠦᠭᠦ | ᠲᠠᠯ᠎ᠠ ᠶᠢᠨ ᠴᠢᠨᠠᠷᠲᠠᠢ ᠠᠴᠢ ᠬᠤᠯᠪᠣᠭᠳᠠᠯ ᠪᠦᠬᠦᠢ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ | ᠲᠣᠭᠲᠠᠭᠠᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠲᠡᠦᠬᠡᠲᠦ ᠴᠢᠨᠠᠷᠲᠠᠢ ᠦᠰᠦᠷᠦᠯᠲᠡ | ᠳᠡᠭᠡᠭᠰᠢᠯᠡᠯᠲᠡ ᠶᠢ ᠪᠡᠶᠡᠯᠡᠭᠦᠯᠪᠡ᠃ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 54 ᠲᠦᠮᠡᠨ | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 114 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ | ᠳᠡᠯᠡᠬᠡᠢ ᠶᠢᠨ ᠠᠵᠤ ᠠᠬᠤᠢ ᠳᠤ ᠡᠵᠡᠯᠡᠭᠦ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠤ ᠬᠤᠪᠢ ᠶᠢᠨ | ᠵᠢᠩ 18.5% ᠳᠤ ᠬᠦᠷᠴᠦ᠂ ᠵᠠᠭᠤᠨ ᠤ ᠬᠠᠷᠢᠴᠠᠯ ᠢᠶᠠᠷ 7.2 ᠬᠤᠪᠢ ᠳᠡᠭᠡᠭᠰᠢᠯᠡᠵᠦ᠂ ᠳᠡᠯᠡᠬᠡᠢ ᠶᠢᠨ ᠬᠤᠶᠠᠳᠤᠭᠠᠷ ᠲᠤ | ᠪᠠᠲᠤᠲᠠᠢ ᠣᠷᠣᠪᠠ ︔ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ | 39800 ᠲᠥᠭᠦᠷᠢᠭ ᠪᠠᠶᠢᠭᠰᠠᠨ ᠠᠴᠠ ᠪᠠᠨ 81000 ᠲᠥᠭᠦᠷᠢᠭ ᠪᠣᠯᠵᠤ ᠨᠡᠮᠡᠭᠳᠡᠪᠡ᠃ ᠠᠮᠤ ᠪᠤᠳᠠᠭᠠᠨ ᠤ ᠲᠠᠷᠢᠮᠠᠯ ᠤᠨ | ᠶᠡᠷᠦᠩᠬᠡᠢ ᠤᠨᠠᠯᠲᠠ ᠳᠡᠯᠡᠬᠡᠢ ᠶᠢᠨ ᠲᠡᠷᠢᠭᠦᠨ ᠳᠤ ᠣᠷᠣᠵᠤ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ | ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠪᠦᠲᠦᠮᠵᠢᠲᠡᠢ ᠪᠠᠲᠤᠯᠠᠭ᠎ᠠ ᠲᠠᠢ ᠪᠣᠯᠪᠠ᠃ ᠬᠤᠲᠠ | ᠪᠠᠯᠭᠠᠰᠤᠵᠢᠯᠲᠠ ᠶᠢᠨ ᠨᠤᠷᠮ᠎ᠠ ᠵᠠᠭᠤᠨ ᠤ ᠬᠠᠷᠢᠴᠠᠯ ᠢᠶᠠᠷ 11.6 ᠬᠤᠪᠢ ᠳᠡᠭᠡᠭᠰᠢᠯᠡᠵᠦ᠂ 64.7% ᠳᠤ ᠭᠦᠷᠪᠡ᠃ | ᠦᠢᠯᠡᠳᠭᠦ ᠦᠢᠯᠡᠰ ᠤᠨ ᠬᠡᠪᠴᠢᠶ᠎ᠡ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ ᠳᠡᠯᠡᠬᠡᠢ ᠶᠢᠨ ᠨᠢᠭᠡᠳᠦᠭᠡᠷ ᠲᠤ ᠪᠠᠲᠤᠲᠠᠢ | ᠣᠷᠣᠪᠠ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠲᠦᠷᠭᠡᠨ ᠤ ᠲᠡᠮᠦᠷ ᠵᠠᠮ ᠤᠨ ᠲᠣᠣᠷ᠂ ᠲᠦᠷᠭᠡᠨ ᠤ ᠵᠠᠰᠠᠮᠠᠯ ᠵᠠᠮ ᠤᠨ | ᠲᠣᠣᠷ᠂ ᠨᠢᠰᠬᠡᠯ ᠤᠨ ᠪᠠᠭᠤᠳᠠᠯ ᠭᠠᠷᠠᠮ᠂ ᠤᠰᠤᠨ ᠠᠰᠢᠭᠯᠠᠯᠲᠠ᠂ ᠡᠨᠧᠷᠭᠢ᠂ ᠮᠡᠳᠡᠭᠡ ᠵᠠᠩᠭᠢ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠪᠦᠲᠦᠮᠵᠢ ᠣᠯᠪᠠ᠃ ᠪᠢᠳᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠱᠠᠯᠠᠪᠳᠠᠭᠤᠯᠤᠨ ᠠᠬᠢᠭᠤᠯᠵᠤ᠂ | ᠨᠡᠶᠢᠭᠡᠮ ᠳᠠᠶᠠᠭᠠᠷ ᠤᠨ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ ᠶᠢ 1 ᠲᠦᠮᠡᠨ ᠳ᠋ᠦᠩᠰᠢᠭᠤᠷ ᠲᠥᠭᠦᠷᠢᠭ | ᠪᠠᠶᠢᠭᠰᠠᠨ ᠠᠴᠠ 28000 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠭᠦᠯᠵᠦ᠂ ᠳᠡᠯᠡᠬᠡᠢ ᠶᠢᠨ ᠬᠤᠶᠠᠳᠤᠭᠠᠷ ᠲᠤ ᠣᠷᠣᠵᠤ | ᠂ ᠰᠤᠳᠤᠯᠤᠨ ᠨᠡᠭᠡᠭᠡᠬᠦ ᠠᠵᠢᠯᠲᠠᠨ ᠤ ᠶᠡᠷᠦᠩᠬᠡᠢ ᠬᠡᠮᠵᠢᠶ᠎ᠡ ᠳᠡᠯᠡᠬᠡᠢ ᠶᠢᠨ ᠨᠢᠭᠡᠳᠦᠭᠡᠷ ᠲᠤ ᠣᠷᠣᠪᠠ᠃ ᠰᠠᠭᠤᠷᠢ ᠰᠤᠳᠤᠯᠭᠠᠨ | ᠪᠠ ᠤᠤᠭᠠᠯ ᠰᠢᠨ᠎ᠡ ᠡᠭᠦᠳᠦᠯᠲᠡ ᠲᠠᠰᠤᠷᠠᠯᠳᠠ ᠦᠭᠡᠢ ᠴᠢᠩᠭᠠᠷᠠᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠲᠠᠯ᠎ᠠ ᠪᠠᠷ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ | ᠬᠥᠭᠵᠢᠨ ᠪᠤᠵᠠᠭᠠᠶᠢᠷᠠᠵᠤ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ᠂ | ᠭᠦᠨ ᠲᠠᠯᠠᠢ ᠭᠦᠨ ᠭᠠᠵᠠᠷ ᠢ ᠬᠠᠶᠢᠨ ᠭᠡᠮᠵᠢᠭᠦ᠂ ᠲᠡᠰ ᠠᠴᠠ ᠳᠠᠪᠠᠭᠰᠠᠨ ᠺᠤᠮᠫᠢᠦ᠋ᠲ᠋ᠧᠷ᠂ ᠳᠠᠭᠠᠭᠤᠯᠢ ᠤᠳᠤᠨ ᠤ ᠠᠶᠠᠯᠠᠯ | ᠵᠠᠯᠠᠭᠤᠷ᠂ ᠺᠸᠠᠨ᠋ᠲ ᠮᠡᠳᠡᠭᠡ ᠵᠠᠩᠭᠢ᠂ ᠴᠥᠮ᠎ᠡ ᠶᠢᠨ ᠴᠠᠭᠢᠯᠭᠠᠨ ᠤ ᠮᠡᠷᠭᠡᠵᠢᠯ᠂ ᠰᠢᠨ᠎ᠡ ᠡᠨᠧᠷᠭᠢ ᠶᠢᠨ ᠮᠡᠷᠭᠡᠵᠢᠯ᠂ ᠲᠣᠮᠣ | ᠨᠢᠰᠬᠡᠯ ᠦᠢᠯᠡᠳᠭᠦ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠣᠯᠵᠤ᠂ | ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠩᠨᠡᠭᠡᠨ ᠳᠤ ᠣᠷᠣᠪᠠ᠃ | — ᠪᠢᠳᠡ ᠯᠤᠲᠤ ᠶᠡᠭᠡ ᠤᠯᠤᠰ ᠲᠥᠷᠥ ᠶᠢᠨ ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠵᠦ᠂ | ᠥᠭᠡᠷᠡᠴᠢᠯᠡᠯᠲᠡ ᠶᠢᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠭᠰᠢᠭᠦᠷᠢᠲᠤ ᠣᠷᠣᠨ ᠳᠤ ᠵᠣᠷᠢᠭᠲᠠᠢ ᠪᠠᠷ ᠰᠢᠪᠲᠤᠯᠤᠨ | ᠣᠷᠣᠵᠤ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠠᠷᠲᠠᠭᠠᠲᠤ ᠭᠠᠵᠠᠷ ᠢ ᠲᠤᠭᠤᠯᠵᠤ᠂ | ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ ᠳᠤ ᠵᠣᠷᠢᠭᠲᠠᠢ ᠪᠠᠷ ᠬᠠᠨᠳᠤᠵᠤ᠂ ᠦᠵᠡᠯ ᠰᠠᠨᠠᠭ᠎ᠠ ᠣᠶᠢᠯᠠᠭᠠᠭᠳᠠᠬᠤᠨ ᠤ | ᠬᠦᠯᠢᠶᠡᠰᠦᠯᠡᠯ ᠢ ᠡᠪᠳᠡᠵᠦ᠂ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠰᠢᠪᠲᠤᠯᠵᠤ᠂ ᠡᠯ᠎ᠡ ᠲᠠᠯ᠎ᠠ ᠶᠢᠨ | ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ ᠡᠯ᠎ᠡ ᠬᠦᠷᠢᠶᠡᠨ ᠤ ᠰᠠᠭᠤᠷᠢ ᠴᠢᠨᠠᠷᠲᠠᠢ ᠳᠦᠷᠢᠮ ᠤᠨ | ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ᠂ ᠮᠠᠰᠢ ᠣᠯᠠᠨ ᠬᠦᠷᠢᠶᠡᠨ ᠳᠤ ᠲᠡᠦᠬᠡᠲᠦ ᠴᠢᠨᠠᠷᠲᠠᠢ ᠬᠤᠪᠢᠰᠤᠯᠲᠠ᠂ | ᠰᠢᠰᠲ᠋ᠧᠮᠲᠦ ᠳᠠᠭᠢᠨ ᠱᠤᠭᠤᠯᠲᠠ᠂ ᠪᠦᠬᠦᠯᠢ ᠴᠣᠭᠴᠠᠲᠤ ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ᠎ᠡ ᠨᠢᠭᠡ | ᠡᠭᠡᠯᠵᠢ ᠶᠢᠨ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠨᠠᠩ ᠪᠣᠯᠪᠠᠰᠤᠷᠠᠩᠭᠤᠢ ᠨᠠᠩ ᠲᠥᠯᠥᠪᠰᠢᠵᠦ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ | ᠳᠡᠭᠡᠭᠰᠢᠯᠡᠪᠡ᠃ | — ᠪᠢᠳᠡ ᠨᠠᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ | ᠲᠣᠣᠷ ᠢ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ | ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠣᠯᠠᠨ ᠤ ᠬᠦᠷᠢᠶᠡᠯᠡᠯ ᠢ ᠶᠡᠬᠡᠳᠡ ᠣᠯᠣᠭᠰᠠᠨ ᠣᠯᠠᠨ ᠤᠯᠤᠰ ᠤᠨ ᠣᠯᠠᠨ ᠨᠡᠶᠢᠲᠡ ᠶᠢᠨ | ᠦᠢᠯᠡᠳᠬᠦᠨ ᠪᠠ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠠᠢ᠃ ᠮᠠᠨ ᠤ ᠤᠯᠤᠰ 140 ᠭᠠᠷᠤᠢ ᠤᠯᠤᠰ | ᠪᠠ ᠭᠠᠵᠠᠷ ᠣᠷᠣᠨ ᠤ ᠭᠤᠣᠯ ᠠᠷᠠᠯᠵᠢᠶᠠᠨ ᠤ ᠬᠠᠨᠢᠲᠠᠨ ᠪᠣᠯᠵᠤ᠂ ᠪᠠᠷᠠᠭᠠᠨ ᠤ ᠠᠷᠠᠯᠵᠢᠶᠠᠨ ᠤ ᠶᠡᠷᠦᠩᠬᠡᠢ ᠲᠤᠭ᠎ᠠ | ᠳᠡᠯᠡᠬᠡᠢ ᠶᠢᠨ ᠨᠢᠭᠡᠳᠦᠭᠡᠷ ᠲᠤ ᠣᠷᠣᠵᠤ᠂ ᠭᠠᠳᠠᠭᠠᠳᠤ ᠪᠡᠯᠡ ᠶᠢ ᠲᠠᠲᠠᠬᠤ ᠪᠠ ᠭᠠᠳᠠᠭᠠᠳᠤ ᠳᠤ ᠪᠡᠯᠡ ᠣᠷᠣᠭᠤᠯᠬᠤ | ᠲᠠᠯ᠎ᠠ ᠪᠠᠷ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ | ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠬᠢᠬᠦ ᠪᠠᠶᠢᠷᠢᠰᠢᠯ ᠢ ᠪᠦᠷᠢᠯᠳᠦᠭᠦᠯᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠳᠤ ᠠᠷᠠᠳ ᠤᠨ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠂ | ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠳᠦᠷᠢᠮᠵᠢᠯᠲᠡ᠂ ᠵᠢᠷᠦᠮᠵᠢᠯᠲᠡ᠂ ᠳᠡᠰ ᠳᠠᠷᠠᠭᠠᠯᠠᠯᠵᠢᠯᠳᠠ ᠶᠢ | ᠪᠦᠭᠦ ᠲᠠᠯ᠎ᠠ ᠪᠠᠷ ᠠᠬᠢᠭᠤᠯᠵᠤ᠂ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠢ ᠥᠷᠭᠡᠨ ᠢᠶᠠᠷ ᠥᠷᠨᠢᠭᠦᠯᠦᠨ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ ᠶᠢ ᠨᠡᠩ ᠯᠠᠪᠳᠠᠭᠤᠨ ᠪᠠᠲᠤᠲᠠᠢ ᠪᠤᠯᠭᠠᠵᠤ᠂ ᠦᠨᠳᠦᠰᠦᠨ ᠱᠠᠲᠤᠨ ᠤ | ᠠᠷᠠᠳᠴᠢᠯᠠᠯ ᠤᠨ ᠠᠮᠢᠳᠤᠯᠢᠭ ᠬᠦᠴᠦᠨ ᠢ ᠴᠢᠩᠭᠠᠷᠠᠭᠤᠯᠤᠨ᠂ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ | ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠳᠤ ᠰᠢᠨ᠎ᠡ ᠳᠦᠷᠰᠦ ᠪᠠᠶᠢᠳᠠᠯ ᠢᠯᠡᠷᠡᠨ᠂ | ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠪᠦᠭᠦ ᠲᠠᠯ᠎ᠠ ᠪᠠᠷ ᠲᠤᠭᠤᠰᠢᠯᠠᠭᠳᠠᠵᠤ᠂ ᠬᠥᠮᠥᠨ ᠤ | ᠡᠷᠬᠡ ᠶᠢ ᠨᠡᠩ ᠰᠠᠶᠢᠨ ᠪᠠᠲᠤᠯᠠᠪᠠ᠃ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠤᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ | ᠪᠦᠷᠢᠯᠳᠦᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠴᠢᠬᠤᠯᠠ ᠶᠡᠭᠡ ᠠᠬᠢᠯᠲᠠ ᠲᠠᠢ | ᠪᠤᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠪᠠᠲᠤᠯᠠᠭ᠎ᠠ ᠶᠢ ᠨᠡᠩ ᠪᠠᠲᠤ ᠪᠠᠬᠢ ᠪᠤᠯᠭᠠᠵᠤ᠂ | ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃ | — ᠪᠢᠳᠡ ᠮᠠᠷᠺᠰ ᠤᠨ ᠦᠵᠡᠯ ᠤᠨ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ | ᠰᠠᠭᠤᠷᠢ ᠶᠢᠨ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ | ᠡᠭᠦᠳᠦᠭᠰᠡᠨ ᠤᠨᠤᠯ ᠬᠥᠮᠥᠰ ᠤᠨ ᠰᠡᠳᠬᠢᠯ ᠳᠤ ᠬᠠᠳᠠᠩᠰᠢᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠥᠷᠭᠡᠨ ᠢᠶᠠᠷ ᠳᠠᠮᠵᠢᠭᠤᠯᠤᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ | ᠴᠢᠨᠠᠷᠲᠠᠢ ᠪᠠᠷ ᠤᠯᠠᠷᠢᠭᠤᠯᠤᠬᠲᠠᠵᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠵᠦ᠂ ᠰᠣᠶᠣᠯ ᠤᠨ ᠦᠢᠯᠡᠰ ᠡᠳᠦᠷ | ᠢᠷᠡᠬᠦᠶ᠎ᠡ ᠴᠡᠴᠡᠭᠯᠡᠨ ᠬᠥᠭᠵᠢᠵᠦ᠂ ᠰᠦᠯᠵᠢᠶᠡᠨ ᠤ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠦᠵᠡᠯ ᠤᠬᠠᠮᠰᠠᠷ ᠤᠨ | ᠭᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠭᠦ ᠲᠠᠯ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠬᠤᠪᠢᠷᠠᠯᠲᠠ ᠭᠠᠷᠴᠠᠢ᠃ | ᠪᠢᠳᠡ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠢ᠂ ᠥᠭᠡᠷᠡᠴᠢᠯᠡᠯᠲᠡ | ᠨᠡᠭᠡᠭᠡᠯᠲᠡ ᠬᠢᠭᠰᠡᠨ 40 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ | ᠶᠠᠫᠤᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 70 ᠵᠢᠯ ᠤᠨ | ᠣᠢ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ | ᠲᠤᠰᠠᠯᠠᠬᠤ ᠪᠠᠷ ᠭᠠᠳᠠᠭᠠᠳᠤ ᠳᠤ ᠭᠠᠷᠴᠤ ᠲᠠᠶᠢᠨ ᠬᠢᠭᠰᠡᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠳᠤᠷᠠᠰᠬᠠᠵᠤ᠂ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠥ᠂ ᠵᠠᠯᠠᠭᠤ ᠨᠢᠭᠡ ᠦᠶ᠎ᠡ ᠶᠢᠨ ᠬᠢᠨ ᠨᠡᠩ ᠢᠳᠡᠪᠬᠢᠲᠡᠢ | ᠥᠭᠡᠳᠡᠯᠡᠨ ᠳᠠᠪᠰᠢᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ | ᠢᠲᠡᠭᠡᠯ ᠢᠯᠡᠳᠲᠡ ᠴᠢᠩᠭᠠᠷᠠᠵᠤ᠂ ᠣᠶᠣᠨ ᠰᠠᠨᠠᠭᠠᠨ ᠤ ᠳᠦᠷᠰᠦ ᠪᠠᠶᠢᠳᠠᠯ ᠨᠡᠩ ᠴᠤᠭ ᠪᠠᠳᠠᠷᠠᠩᠭᠤᠢ ᠪᠣᠯᠪᠠ᠃ | — ᠪᠢᠳᠡ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠨᠢᠯᠬ᠎ᠠ ᠪᠠᠶᠢᠬᠤ ᠳᠤᠨᠢ ᠠᠰᠠᠷᠠᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠬᠥᠳᠡᠯᠮᠦᠷᠢᠯᠡᠪᠡᠯ ᠬᠥᠯᠥᠰᠦ ᠣᠯᠭᠤᠮᠵᠢ ᠲᠠᠢ᠂ ᠡᠪᠡᠳᠴᠢᠯᠡᠪᠡᠯ ᠦᠵᠡᠭᠦᠯᠭᠦ ᠡᠮᠨᠡᠯᠭᠡ ᠲᠠᠢ᠂ ᠥᠲᠡᠯᠪᠡᠯ ᠭᠦᠷᠳᠡᠭᠦ | ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶᠢᠴᠤᠤᠯ ᠨᠢ ᠭᠦᠷᠳᠡᠭᠦ ᠲᠤᠰᠠᠯᠠᠮᠵᠢ ᠲᠠᠢ ᠪᠠᠶᠢᠬᠤ | ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠤᠨ ᠠᠮᠢᠳᠤᠷᠠᠯ ᠪᠦᠭᠦ ᠲᠠᠯ᠎ᠠ ᠪᠠᠷ ᠰᠠᠶᠢᠵᠢᠷᠠᠪᠠ᠃ ᠬᠥᠮᠥᠨ | ᠳᠤᠮᠳᠠᠴᠢ ᠶᠢᠨ ᠵᠢᠱᠢᠭᠰᠡᠨ ᠨᠠᠰᠤᠨ ᠬᠤᠲᠤᠭ 78.2 ᠨᠠᠰᠤ ᠪᠣᠯᠵᠤ ᠨᠡᠮᠡᠭᠳᠡᠪᠡ᠃ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 16500 ᠲᠥᠭᠦᠷᠢᠭ ᠪᠠᠶᠢᠭᠰᠠᠨ ᠠᠴᠠ ᠪᠠᠨ 35100 ᠲᠥᠭᠦᠷᠢᠭ ᠪᠣᠯᠵᠤ | ᠨᠡᠮᠡᠭᠳᠡᠪᠡ᠃ ᠬᠤᠲᠠ ᠪᠠᠯᠭᠠᠰᠤᠨ ᠳᠤ ᠵᠢᠯ ᠳᠤᠮᠳᠠᠴᠢ ᠪᠠᠷ 1300 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ | ᠣᠯᠭᠤᠪᠠ᠃ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠢ | ᠲᠦᠭᠡᠮᠡᠯᠵᠢᠭᠦᠯᠦᠭᠰᠡᠨ ᠬᠢᠷᠢ ᠲᠦᠪᠰᠢᠨ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ 10.4 ᠳ᠋ᠦᠩᠰᠢᠭᠤᠷ ᠬᠥᠮᠥᠨ ᠢ ᠬᠠᠮᠤᠷᠴᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠰᠠᠨ ᠨᠤᠷᠮ᠎ᠠ 95% ᠳᠤ ᠲᠣᠭᠲᠠᠪᠤᠷᠢᠵᠢᠪᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ | ᠲᠣᠬᠢᠷᠠᠭᠤᠯᠪᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 4200 ᠭᠠᠷᠤᠢ ᠲᠦᠮᠡᠨ ᠢᠵᠢ ᠣᠷᠣᠨ | ᠰᠠᠭᠤᠴᠠ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 2400 ᠭᠠᠷᠤᠢ ᠲᠦᠮᠡᠨ ᠡᠷᠦᠭᠡ ᠶᠢᠨ ᠨᠤᠷᠠᠬᠤ ᠠᠶᠤᠯᠲᠠᠢ | ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠢᠯᠡᠳᠲᠡ ᠰᠠᠶᠢᠵᠢᠷᠠᠪᠠ᠃ ᠢᠨᠲ᠋ᠧᠷ ᠰᠦᠯᠵᠢᠶᠡᠨ ᠳᠤ ᠭᠠᠷᠤᠭᠰᠠᠨ ᠬᠥᠮᠥᠨ ᠤ ᠲᠤᠭ᠎ᠠ 10.3 ᠳ᠋ᠦᠩᠰᠢᠭᠤᠷ | ᠲᠤ ᠬᠦᠷᠴᠡᠢ᠃ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠵᠤ᠂ ᠬᠠᠮᠲᠤ ᠪᠠᠷ ᠪᠠᠶᠠᠵᠢᠬᠤ ᠲᠠᠯ᠎ᠠ ᠪᠠᠷ | ᠰᠢᠨ᠎ᠡ ᠦᠷ᠎ᠡ ᠪᠦᠲᠦᠮᠵᠢ ᠣᠯᠪᠠ᠃ | — ᠪᠢᠳᠡ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠲᠠᠯ᠎ᠠ ᠪᠠᠷ᠂ ᠪᠦᠭᠦ ᠣᠷᠣᠨ ᠪᠦᠰᠡ ᠪᠠᠷ᠂ ᠪᠦᠭᠦ ᠶᠠᠪᠤᠴᠠ ᠳᠤ | ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠨᠡᠩ ᠪᠦᠷᠢᠨᠰᠢᠭᠦᠯᠵᠦ᠂ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠣᠬᠢᠷᠳᠤᠯ ᠦᠭᠡᠢ᠂ ᠡᠷᠭᠢᠯᠲᠡᠲᠦ | ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠲᠡ ᠶᠢᠨ ᠴᠢᠨᠠᠷᠲᠠᠢ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ | ᠭᠠᠷᠴᠤ᠂ ᠪᠢᠲᠡᠨ ᠤ ᠡᠬᠡ ᠤᠯᠤᠰ ᠤᠨ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠥᠬᠡᠮᠳᠦᠭ᠂ ᠤᠰᠤ ᠨᠢ ᠨᠡᠩ | ᠲᠤᠩᠭᠠᠯᠠᠭ ᠪᠣᠯᠵᠠᠢ᠃ | — ᠪᠢᠳᠡ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠤᠷ | ᠲᠦᠪᠰᠢᠨ ᠤ ᠤᠳᠤᠷᠢᠳᠬᠤ ᠪᠠᠶᠢᠭᠤᠯᠤᠯ ᠪᠠ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠵᠠᠷᠴᠢᠮ ᠤᠨ ᠠᠰᠠᠭᠤᠳᠠᠯ ᠳᠡᠭᠡᠷ᠎ᠡ | ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠡᠷᠡᠰ ᠪᠠᠲᠤ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠢ ᠪᠦᠭᠦ | ᠲᠠᠯ᠎ᠠ ᠪᠠᠷ ᠴᠢᠩᠭᠠᠳᠬᠠᠪᠠ᠃ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ | ᠵᠠᠰᠠᠯᠲᠠ ᠶᠢᠨ ᠳᠦᠷᠢᠮ ᠤᠯᠠᠮ ᠨᠢᠭᠡ ᠠᠯᠬᠤᠮ ᠪᠦᠷᠢᠨᠰᠢᠵᠦ᠂ ᠦᠨᠳᠦᠰᠦᠲᠡᠨ ᠤ ᠬᠠᠭᠠᠴᠠᠭᠤᠯᠬᠤ ᠬᠦᠴᠦᠨ᠂ ᠱᠠᠰᠢᠨ | ᠰᠤᠷᠲᠠᠬᠤᠨ ᠤ ᠬᠡᠲᠦᠷᠡᠮᠡᠬᠡᠢ ᠬᠦᠴᠦᠨ᠂ ᠬᠦᠴᠦᠷᠬᠡᠭᠯᠡᠯ ᠰᠦᠷᠳᠡᠭᠦᠯᠦᠯ ᠤᠨ ᠬᠦᠴᠦᠨ ᠢ ᠪᠦᠲᠦᠮᠵᠢᠲᠡᠢ ᠬᠤᠷᠢᠭᠯᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ | ᠠᠯᠢ ᠤᠯᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠢ ᠬᠦᠴᠦᠲᠡᠢ ᠠᠷᠭᠠᠴᠠᠭᠠᠵᠤ᠂ ᠠᠮᠤᠭᠤᠯᠠᠩᠲᠤ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠭᠦᠷᠪᠡ᠃ | — ᠪᠢᠳᠡ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠨ᠂ ᠰᠢᠨ᠎ᠡ | ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ | ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠨᠠᠮ ᠤᠨ | ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠨ᠂ ᠭᠦ᠋ ᠲᠢᠶᠠᠨ ᠤ ᠪᠦᠭᠦ ᠴᠡᠷᠢᠭ ᠤᠨ | ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ | ᠲᠥᠷᠥ ᠶᠢᠨ ᠴᠡᠭᠴᠡᠯᠡᠯᠲᠡ ᠶᠢ ᠠᠬᠢᠭᠤᠯᠵᠤ᠂ ᠳᠠᠶᠢᠴᠢᠨ ᠬᠦᠴᠦᠨ ᠭᠡᠬᠦ ᠡᠨᠡ ᠬᠦ ᠴᠣᠷ ᠤᠨ ᠭᠠᠭᠴᠠ ᠦᠨᠳᠦᠰᠦᠨ | ᠪᠠᠷᠢᠮᠵᠢᠶ᠎ᠠ ᠶᠢ ᠪᠠᠲᠤ ᠪᠠᠬᠢ ᠪᠤᠢ ᠪᠤᠯᠭᠠᠵᠤ᠂ ᠪᠦᠭᠦ ᠴᠡᠷᠢᠭ ᠤᠨ ᠠᠵᠢᠯ ᠤᠨ ᠭᠤᠣᠯᠳᠠᠯᠭ᠎ᠠ ᠶᠢ ᠳᠠᠶᠢᠨ ᠳᠤ ᠪᠡᠯᠡᠳᠬᠡᠨ | ᠪᠠᠶᠢᠯᠳᠤᠭᠠᠨ ᠬᠢᠬᠦ ᠳᠡᠭᠡᠷ᠎ᠡ ᠡᠷᠡᠰ ᠲᠠᠯᠪᠢᠵᠤ᠂ ᠡᠯ᠎ᠡ ᠴᠢᠭᠯᠡᠯ ᠡᠯ᠎ᠡ ᠬᠦᠷᠢᠶᠡᠨ ᠤ ᠴᠡᠷᠢᠭ ᠤᠨ ᠶᠠᠪᠤᠳᠠᠯ ᠤᠨ ᠲᠡᠮᠡᠴᠡᠯ ᠢ | ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠭᠡᠯᠪᠡᠷᠢ ᠶᠢᠨ ᠴᠡᠷᠢᠭ ᠤᠨ ᠪᠣᠯᠪᠠᠰᠤᠷᠠᠯ ᠢ | ᠶᠡᠭᠡ ᠪᠠᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠥᠭᠡᠷᠡᠴᠢᠯᠡᠯᠲᠡ ᠶᠢ ᠡᠷᠡᠰ | ᠰᠢᠭᠤᠷᠬᠠᠢ ᠶᠡᠭᠡ ᠪᠠᠷ ᠭᠦᠨᠵᠡᠭᠡᠶᠢᠷᠡᠭᠦᠯᠵᠦ᠂ ᠠᠷᠠᠳ ᠤᠨ ᠴᠡᠷᠢᠭ ᠠᠩᠭᠢ ᠶᠢᠨ ᠤᠳᠤᠷᠢᠳᠤᠨ ᠵᠢᠯᠤᠭᠤᠳᠬᠤ ᠪᠠᠶᠢᠭᠤᠯᠤᠮᠵᠢ᠂ | ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ | ᠳᠦᠷᠢᠮ ᠢ ᠳᠠᠭᠢᠨ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠤᠨ ᠠᠯᠪᠠ ᠬᠠᠭᠠᠵᠤ ᠪᠠᠶᠢᠭ᠎ᠠ ᠬᠥᠮᠥᠨ ᠤ ᠲᠤᠭ᠎ᠠ ᠶᠢ ᠭᠤᠴᠢᠨ | ᠲᠦᠮᠡ ᠬᠠᠰᠤᠬᠤ ᠶᠢ ᠢᠯᠠᠯᠲᠠ ᠲᠠᠢ ᠪᠠᠷ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠮᠵᠢ ᠨᠢ ᠰᠢᠨ᠎ᠡ᠂ | ᠪᠦᠲᠦᠴᠡ ᠨᠢ ᠰᠢᠨ᠎ᠡ᠂ ᠪᠠᠶᠢᠷᠢᠰᠢᠯ ᠨᠢ ᠰᠢᠨ᠎ᠡ᠂ ᠳᠦᠷᠰᠦ ᠪᠠᠶᠢᠳᠠᠯ ᠨᠢ ᠴᠣ᠋ ᠰᠢᠨ᠎ᠡ ᠪᠣᠯᠵᠤ᠂ ᠣᠳᠣᠬᠢᠴᠢᠯᠠᠯᠲᠠ ᠶᠢᠨ | ᠲᠦᠪᠰᠢᠨ ᠪᠠ ᠪᠣᠳᠠᠲᠤ ᠪᠠᠶᠢᠯᠳᠤᠭᠠᠨ ᠤ ᠴᠢᠳᠠᠪᠤᠷᠢ ᠢᠯᠡᠳᠲᠡ ᠳᠡᠭᠡᠭᠰᠢᠯᠡᠨ᠂ ᠳᠤᠮᠳᠠᠳᠤ ᠤᠯᠤᠰ ᠤᠨ ᠣᠨᠴᠠᠯᠢᠭ ᠲᠠᠢ | ᠴᠡᠷᠢᠭ ᠢ ᠬᠦᠴᠦᠷᠬᠡᠭᠵᠢᠭᠦᠯᠬᠦ ᠵᠠᠮ ᠶᠠᠪᠤᠬᠤ ᠲᠤᠳᠤᠮ ᠰᠠᠷᠠᠭᠤᠯ ᠳᠠᠷᠳᠠᠩ ᠪᠣᠯᠪᠠ᠃ | — ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠶᠢ ᠪᠦᠭᠦ ᠲᠠᠯ᠎ᠠ ᠪᠠᠷ | ᠣᠨᠣᠪᠴᠢᠲᠠᠢ ᠠᠬᠢᠭᠤᠯᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ | ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ | ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠰᠢᠶᠠᠩᠭᠠᠩ ᠤᠨ ᠰᠠᠮᠠᠭᠤᠷᠠᠯ ᠤᠨ ᠪᠠᠶᠢᠳᠠᠯ ᠠᠴᠠ ᠲᠦᠪᠰᠢᠷᠡᠭᠰᠡᠨ ᠪᠠᠶᠢᠳᠠᠯ ᠳᠤ | ᠣᠷᠣᠭᠰᠠᠨ ᠠᠴᠠ ᠲᠦᠪᠰᠢᠷᠡᠭᠰᠡᠨ ᠪᠠᠶᠢᠳᠠᠯ ᠠᠴᠠ ᠬᠦᠴᠦᠷᠬᠡᠭᠵᠢᠨ ᠮᠠᠨᠳᠤᠬᠤ ᠪᠠᠶᠢᠳᠠᠯ ᠲᠡᠶᠢᠰᠢ ᠭᠦᠭᠵᠢᠭᠦ ᠰᠢᠨ᠎ᠡ | ᠱᠠᠲᠤᠨ ᠳᠤ ᠣᠷᠣᠬᠤ ᠶᠢ ᠠᠬᠢᠭᠤᠯᠵᠤ᠂ ᠰᠢᠶᠠᠩᠭᠠᠩ᠂ ᠣᠣᠮᠧᠨ ᠤᠷᠳᠤ ᠬᠤᠭᠤᠴᠠᠭᠠᠨ ᠤ ᠲᠣᠭᠲᠠᠭᠤᠨ ᠬᠥᠭᠵᠢᠯᠲᠡ ᠶᠢᠨ | ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ ᠪᠢᠳᠡ ᠰᠢᠨ᠎ᠡ ᠴᠠᠭ ᠦᠶ᠎ᠡ ᠳᠤ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ | ᠶᠡᠷᠦᠩᠬᠡᠢ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠵᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠤᠨ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠶᠢ ᠡᠷᠡᠰ | ᠡᠰᠡᠷᠭᠦᠴᠡᠵᠦ᠂ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠨ᠂ ᠲᠠᠶᠢᠸᠠᠨ ᠬᠤᠭᠤᠯᠠᠢ ᠶᠢᠨ ᠬᠤᠶᠠᠷ | ᠭᠦᠪᠡᠭᠡ ᠶᠢᠨ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠪᠡ᠃ | — ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠭᠦ | ᠲᠠᠯ᠎ᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ | ᠦᠵᠡᠯ ᠢ ᠰᠠᠨᠠᠭᠠᠴᠢᠯᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠠᠯᠢᠪᠠ ᠡᠵᠡᠷᠬᠡᠬᠦ ᠦᠵᠡᠯ ᠪᠣᠯᠣᠨ | ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠶᠠᠮᠠᠷᠪᠠ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ᠂ | ᠪᠠᠯᠠᠮᠠᠳ ᠠᠵᠢᠯᠯᠠᠭ᠎ᠠ ᠶᠢ ᠡᠷᠡᠰ ᠭᠤᠶᠢᠪᠢᠰᠢ ᠦᠭᠡᠢ ᠡᠰᠡᠷᠭᠦᠴᠡᠪᠡ᠃ ᠪᠢᠳᠠ ᠭᠠᠳᠠᠭᠠᠳᠤ ᠬᠠᠷᠢᠯᠴᠠᠭᠠᠨ ᠤ ᠶᠡᠷᠦᠩᠬᠡᠢ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠢ ᠪᠦᠷᠬᠦᠭᠰᠡᠨ ᠬᠠᠨᠢᠲᠠᠨ ᠤ ᠬᠠᠷᠢᠯᠴᠠᠭ᠎ᠠ ᠶᠢᠨ ᠲᠣᠣᠷ ᠢ | ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠪᠠ᠃ | ᠪᠢᠳᠡ ᠬᠠᠷᠢᠭᠤᠴᠠᠯᠭ᠎ᠠ ᠲᠠᠢ ᠲᠣᠮᠣ ᠤᠯᠤᠰ ᠤᠨ ᠡᠭᠦᠷᠭᠡᠯᠡᠯ ᠢᠶᠠᠨ ᠢᠯᠡᠷᠡᠭᠦᠯᠵᠦ᠂ ᠪᠦᠭᠦ ᠪᠥᠮᠪᠥᠷᠴᠡᠭ ᠤᠨ ᠵᠠᠰᠠᠯᠲᠠ ᠶᠢᠨ | ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ | ᠂ ᠳᠡᠯᠡᠬᠡᠢ ᠨᠡᠶᠢᠲᠡ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢᠯᠡᠳᠲᠡ ᠳᠡᠭᠡᠭᠰᠢᠯᠡᠪᠡ᠃ | — ᠪᠢᠳᠡ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠲᠡᠮᠦᠷ ᠢ ᠳᠠᠪᠲᠠᠬᠤ ᠳᠤ | ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠨ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ | ᠨᠠᠶᠢᠳᠠᠪᠤᠷᠢᠵᠢᠭᠤᠯᠬᠤ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ᠂ ᠦᠵᠡᠯ | ᠰᠠᠨᠠᠭ᠎ᠠ ᠪᠠᠷ ᠨᠠᠮ ᠪᠠᠶᠢᠭᠤᠯᠬᠤ ᠪᠠ ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ | ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠳᠠᠯᠠᠨ᠂ ᠨᠠᠮ ᠤᠨ ᠳᠣᠲᠣᠭᠠᠳᠤ ᠶᠢᠨ ᠲᠥᠪᠯᠡᠷᠡᠩᠭᠦᠢ | ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠳᠤᠷᠠᠳᠤᠨ ᠪᠠᠷᠢᠮᠲᠠᠯᠠᠵᠤ᠂ ᠤᠯᠤᠰ ᠲᠥᠷᠥ ᠶᠢᠨ ᠪᠠᠷᠢᠮᠵᠢᠶ᠎ᠠ ᠪᠠᠷ ᠮᠡᠷᠭᠡᠳ ᠢ ᠰᠣᠩᠭᠤᠵᠤ ᠴᠢᠳᠠᠪᠤᠷᠢᠲᠠᠨ ᠢ ᠲᠣᠮᠢᠯᠠᠬᠤ ᠶᠢ | ᠳᠣᠪᠤᠶᠢᠯᠭᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠨᠡᠯᠢᠶᠡᠳ ᠪᠦᠷᠢᠨ ᠲᠡᠭᠦᠯᠳᠡᠷ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠯᠳᠦᠭᠦᠯᠵᠦ᠂ ᠪᠦᠭᠦ ᠨᠠᠮ ᠤᠨ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠩᠭᠠᠷᠠᠭᠤᠯᠵᠤ᠂ ᠰᠠᠬᠢᠯᠭ᠎ᠠ ᠪᠠᠲᠤ | ᠲᠣᠭᠲᠠᠭᠠᠯ ᠢ ᠴᠢᠩᠳᠠᠯᠠᠬᠤ ᠶᠢ ᠠᠬᠢᠭᠤᠯᠪᠠ᠃ ᠪᠢᠳᠡ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ | ᠢᠮᠠᠭᠲᠠ ᠬᠤᠪᠢᠷᠠᠰᠢ ᠦᠭᠡᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ | ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠤᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠤᠷᠳᠤ | ᠬᠤᠭᠤᠴᠠᠭ᠎ᠠ ᠪᠠᠷ ᠬᠤᠷᠢᠭᠯᠠᠵᠤ ᠳᠡᠶᠢᠯᠦᠭᠡᠳᠦᠢ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ | ᠵᠢᠯ ᠠᠷᠢᠯᠭᠠᠭᠠᠳᠤᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠪᠠ᠃ ᠪᠢᠳᠡ ᠤᠷᠢᠳ ᠡᠮᠦᠨ᠎ᠡ ᠪᠠᠶᠢᠭ᠎ᠠ ᠦᠭᠡᠢ | ᠢᠯᠵᠠᠷᠠᠯ ᠢ ᠡᠰᠡᠷᠭᠦᠴᠡᠬᠦ ᠲᠡᠮᠡᠴᠡᠯ ᠢ ᠥᠷᠨᠢᠭᠦᠯᠵᠦ᠂ ︽ᠮᠢᠩᠭ᠎ᠠ ᠲᠦᠮᠡᠨ ᠬᠥᠮᠥᠨ ᠲᠠᠢ ᠮᠠᠭᠤᠳᠠᠯᠴᠠᠭᠰᠠᠨ ᠴᠤ ᠠᠷᠪᠠᠨ | ᠲᠦᠷᠪᠡᠨ ᠳ᠋ᠦᠩᠰᠢᠭᠤᠷ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠡᠭᠦᠷᠭᠡ ᠬᠠᠷᠢᠭᠤᠴᠠᠯᠭ᠎ᠠ ᠪᠠᠷ ᠠᠷᠬᠠᠭ ᠭᠡᠮ ᠢ | ᠠᠷᠢᠯᠭᠠᠨ ᠰᠠᠮᠠᠭᠤᠷᠠᠯ ᠢ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠪᠠᠷᠰ ᠢ ᠴᠣᠬᠢᠵᠤ︾᠂ ︽ᠢᠯᠠᠭ᠎ᠠ ᠶᠢ ᠰᠠᠪᠠᠭ᠋ᠤ︾ | ᠂ ︽ᠦᠨᠡᠭᠡ ᠶᠢ ᠠᠩᠨᠠᠬᠤ︾ ᠶᠢ ᠵᠡᠷᠭᠡ ᠪᠠᠷ ᠶᠠᠪᠤᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠢᠯᠠᠯᠲᠠ ᠶᠢ | ᠣᠯᠣᠭᠰᠠᠨ ᠪᠥᠭᠡᠳ ᠪᠦᠭᠦ ᠲᠠᠯ᠎ᠠ ᠪᠠᠷ ᠪᠠᠬᠢᠵᠢᠵᠦ᠂ ᠨᠠᠮ᠂ ᠤᠯᠤᠰ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ | ᠪᠠᠶᠢᠭ᠎ᠠ ᠬᠦᠨᠳᠦ ᠨᠣᠴᠢᠲᠠᠢ ᠲᠠᠯᠳᠠ ᠭᠡᠮ ᠢ ᠠᠷᠢᠯᠭᠠᠵᠤ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ | ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠪᠠ᠃ ᠴᠥᠬᠦᠷᠡᠰᠢ ᠦᠭᠡᠢ | ᠴᠢᠷᠮᠠᠶᠢᠯᠭ᠎ᠠ ᠪᠠᠷ ᠲᠠᠮᠵᠢᠨ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠨᠡ ᠬᠦ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ | ᠲᠡᠦᠬᠡᠨ ᠦᠶᠡᠯᠡᠯ ᠠᠴᠠ ᠮᠤᠯᠲᠤᠷᠠᠭᠰᠠᠨ ᠬᠤᠶᠠᠳᠤᠭᠠᠷ ᠬᠠᠷᠢᠭᠤᠯᠲᠠ ᠶᠢ ᠣᠯᠵᠤ᠂ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠢᠯᠡᠳᠲᠡ | ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠬᠢ ᠠᠭᠤᠵᠢᠭᠤ ᠰᠤᠯᠠ ᠵᠥᠭᠡᠯᠡᠨ ᠪᠠᠶᠢᠳᠠᠯ ᠢ | ᠦᠨᠳᠦᠰᠦᠨ ᠠᠴᠠ ᠨᠢ ᠬᠤᠪᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢ ᠠᠬᠤᠢ ᠶᠢ ᠲᠠᠰᠤᠷᠠᠯᠳᠠ ᠦᠭᠡᠢ ᠪᠦᠷᠢᠯᠳᠦᠭᠦᠯᠦᠨ ᠬᠥᠭᠵᠢᠭᠦᠯᠵᠦ᠂ ᠨᠠᠮ ᠤᠨ ᠡᠭᠦᠷᠢᠳᠡ ᠴᠢᠨᠠᠷ | ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃ | ᠨᠠᠮ ᠪᠠ ᠤᠯᠤᠰ ᠤᠨ ᠠᠵᠢᠯ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ | ᠣᠯᠣᠭᠰᠠᠨ ᠢ ᠭᠦᠢᠴᠡᠳ ᠨᠤᠲᠠᠯᠠᠬᠤ ᠶᠢᠨ ᠬᠠᠮᠲᠤ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ | ᠣᠷᠣᠰᠢᠵᠤ᠂ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ | ᠬᠠᠷᠠᠬᠤ ᠬᠡᠷᠡᠭᠲᠡᠢ᠃ ᠡᠭᠦᠨ ᠳᠤ ᠭᠤᠣᠯᠳᠠᠭᠤ᠄ ᠬᠥᠭᠵᠢᠯᠲᠡ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ ᠠᠰᠠᠭᠤᠳᠠᠯ | ᠮᠥᠨ ᠲᠣᠪᠣᠶᠢᠮ᠎ᠠ ᠣᠷᠣᠰᠢᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠰᠠ ᠮᠠᠰᠢ ᠤᠯᠠᠨ ᠬᠠᠷᠰᠢ ᠰᠠᠭᠠᠳ | ᠬᠤᠷᠢᠭ᠎ᠠ ᠪᠣᠭᠤᠮᠢ ᠶᠢᠨ ᠠᠰᠠᠭᠤᠳᠠᠯ ᠳᠤ ᠲᠤᠯᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ | ᠴᠢᠳᠠᠪᠤᠷᠢ ᠪᠠᠰᠠ ᠴᠢᠩᠭ᠎ᠠ ᠪᠢᠰᠢ ᠪᠠᠶᠢᠨ᠎ᠠ ︔ ᠠᠮᠤ ᠪᠤᠳᠠᠭ᠎ᠠ᠂ ᠡᠨᠧᠷᠭᠢ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠨᠠᠶᠢᠳᠠᠪᠤᠷᠢᠲᠠᠢ ᠠᠮᠤᠷ ᠲᠦᠪᠰᠢᠨ ᠢ ᠪᠠᠲᠤᠯᠠᠬᠤ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ | ᠰᠡᠷᠭᠡᠶᠢᠯᠡᠬᠦ ᠳᠤ ᠪᠠᠰᠠ ᠮᠠᠰᠢ ᠤᠯᠠᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠨ᠎ᠠ ︔ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠳᠤ ᠪᠠᠰᠠ ᠴᠥᠭᠡᠨ ᠪᠤᠰᠤ ᠬᠦᠴᠢᠷ ᠪᠡᠷᠬᠡ ᠠᠰᠠᠭᠤᠳᠠᠯ ᠢ ᠰᠢᠢᠳᠪᠦᠷᠢᠯᠡᠬᠦ | ᠴᠢᠬᠤᠯᠠᠲᠠᠢ ᠪᠠᠶᠢᠨ᠎ᠠ ︔ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠴᠥᠭᠡᠨ ᠪᠤᠰᠤ ᠥᠷᠢᠰᠦᠯᠳᠦᠭᠡᠨ | ᠣᠷᠣᠰᠢᠵᠤ ᠪᠠᠶᠢᠨ᠎ᠠ ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ | ᠵᠥᠷᠢᠶ᠎ᠡ ᠮᠥᠨ ᠯᠡ ᠨᠡᠯᠢᠶᠡᠳ ᠶᠡᠭᠡ ᠪᠠᠶᠢᠨ᠎ᠠ ︔ ᠣᠯᠠᠨ ᠲᠦᠮᠡᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ | ᠡᠮᠨᠡᠯᠭᠡ᠂ ᠨᠠᠶᠢᠳᠠᠨ ᠪᠣᠶᠢᠵᠢᠭᠤᠯᠬᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠲᠠᠯ᠎ᠠ ᠪᠠᠷ ᠴᠥᠭᠡᠨ ᠪᠤᠰᠤ | ᠬᠦᠴᠢᠷ ᠠᠰᠠᠭᠤᠳᠠᠯ ᠳᠤ ᠲᠤᠯᠭᠠᠷᠠᠵᠤ ᠪᠠᠶᠢᠨ᠎ᠠ ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ | ᠮᠥᠨ ᠬᠦ ᠬᠠᠲᠠᠭᠤ ᠪᠡᠷᠬᠡ ᠪᠠᠶᠢᠨ᠎ᠠ ︔ ᠵᠠᠷᠢᠮ ᠨᠠᠮ ᠤᠨ ᠭᠡᠰᠢᠭᠦᠨ᠂ ᠺᠠᠳ᠋ᠷ ᠬᠠᠷᠢᠭᠤᠴᠠᠯᠭ᠎ᠠ ᠡᠭᠦᠷᠭᠡᠯᠡᠬᠦ ᠵᠣᠷᠢᠭ | ᠰᠠᠨᠠᠭ᠎ᠠ ᠪᠠᠷ ᠳᠤᠲᠠᠮᠠᠭ᠂ ᠲᠡᠮᠡᠴᠡᠯ ᠤᠨ ᠡᠷᠳᠡᠮ ᠴᠢᠳᠠᠪᠤᠷᠢ ᠴᠢᠩᠭ᠎ᠠ ᠪᠢᠰᠢ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠪᠠᠷ | ᠬᠦᠷᠦᠯᠴᠡᠬᠦ ᠦᠭᠡᠢ ᠪᠠᠶᠢᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠦᠵᠡᠭᠳᠡᠯ ᠮᠥᠨ ᠨᠡᠯᠢᠶᠡᠳ ᠲᠣᠪᠣᠶᠢᠮ᠎ᠠ | ᠪᠠᠶᠢᠨ᠎ᠠ ︔ ᠢᠯᠵᠠᠷᠠᠯ ᠤᠨ ᠡᠭᠦᠰᠭᠦ ᠬᠥᠷᠥᠰᠥ ᠰᠢᠷᠣᠢ ᠶᠢ ᠠᠷᠢᠯᠭᠠᠬᠤ ᠡᠭᠦᠷᠭᠡ ᠮᠥᠨ ᠯᠡ ᠪᠡᠷᠬᠡ ᠬᠠᠲᠠᠭᠤᠵᠢᠯᠲᠠᠢ | ᠪᠠᠶᠢᠬᠤ ᠵᠡᠷᠭᠡ᠃ ᠡᠳᠡᠭᠡᠷ ᠠᠰᠠᠭᠤᠳᠠᠯ ᠢ ᠪᠢᠳᠡ ᠨᠢᠭᠡᠨᠲᠡ ᠠᠯᠢ ᠤᠯᠠᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠭᠰᠡᠨ | ᠪᠠᠶᠢᠨ᠎ᠠ᠂ ᠬᠤᠶᠢᠰᠢᠳᠠ ᠡᠷᠬᠡᠪᠰᠢ ᠠᠵᠢᠯ ᠤᠨ ᠡᠷᠴᠢᠮ ᠢᠶᠠᠨ ᠨᠡᠩ ᠴᠢᠩᠭᠠᠷᠠᠭᠤᠯᠬᠤ ᠬᠡᠷᠡᠭᠲᠡᠢ᠃ | ᠨᠥᠬᠦᠳ ᠠ᠋︕ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠪᠣᠯ ᠨᠠᠮ ᠪᠣᠯᠣᠨ ᠠᠷᠠᠳ | ᠲᠦᠮᠡᠨ ᠬᠠᠮᠲᠤ ᠪᠠᠷ ᠮᠡᠷᠡᠶᠢᠵᠦ ᠪᠠᠶᠢᠭᠠᠳ ᠣᠯᠣᠭᠰᠠᠨ ᠶᠤᠮ᠂ ᠠᠵᠢᠯᠯᠠᠵᠤ ᠪᠠᠶᠢᠭᠠᠳ ᠣᠯᠣᠭᠰᠠᠨ ᠶᠤᠮ᠂ ᠲᠡᠮᠡᠴᠡᠵᠦ | ᠪᠠᠶᠢᠭᠠᠳ ᠣᠯᠣᠭᠰᠠᠨ ᠶᠤᠮ︕ ᠠᠳᠡ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠭᠡᠰᠢᠭᠦᠨ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠠ | ᠡᠯ᠎ᠡ ᠡᠲᠡᠭᠡᠳ ᠤᠨ ᠡᠬᠡ ᠣᠷᠣᠨᠴᠢ ᠬᠥᠮᠥᠰ᠂ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ᠂ | ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠬ᠎ᠠ ᠳᠡᠭᠦᠦ ᠨᠠᠷ ᠪᠠ ᠲᠠᠶᠢᠸᠠᠨ ᠤ ᠠᠬ᠎ᠠ ᠳᠡᠭᠦᠦ ᠨᠠᠷ ᠵᠢᠴᠢ ᠥᠷᠭᠡᠨ | ᠤᠯᠠᠨ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ ᠲᠡᠦᠬᠡ᠂ ᠰᠢᠨ᠎ᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃ | ᠵᠠᠭᠤᠨ ᠵᠢᠯ ᠤᠨ ᠲᠡᠮᠡᠴᠡᠯ ᠤᠨ ᠶᠠᠪᠤᠴᠠ ᠶᠢ ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯᠲᠤ | ᠴᠢᠨᠠᠷᠲᠠᠢ ᠳᠠᠪᠲᠠᠯᠲᠠ ᠶᠢᠨ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠵᠤ᠂ ᠨᠠᠮ ᠤᠨ ᠤᠯᠤᠰ ᠲᠦᠷᠦ ᠶᠢᠨ | ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ | ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠵᠤ᠂ ᠨᠠᠮ ᠪᠣᠯᠣᠨ ᠠᠷᠠᠳ ᠲᠦᠮᠡᠨ | ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ | ᠪᠠᠶᠢᠳᠠᠯ ᠤᠨ ᠭᠦᠨᠵᠡᠭᠡᠢ ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠶᠠᠪᠤᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ ᠪᠣᠯᠣᠨ ᠰᠢᠯᠭᠠᠯᠲᠠ ᠶᠢ | ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠭᠦ ᠤᠯᠤᠰ ᠤᠨ ᠠᠷᠠᠳ ᠲᠦᠮᠡᠨ ᠤ ᠲᠦᠰᠢᠭ ᠲᠤᠯᠭᠠᠭᠤᠷᠢ ᠪᠣᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ | ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠪᠠ᠃ ᠳᠤᠮᠳᠠᠳᠤ ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ | ᠬᠦᠳᠡᠯᠭᠡᠬᠦ ᠬᠦᠴᠦᠨ ᠨᠡᠩ ᠬᠦᠴᠦᠷᠬᠡᠭ ᠶᠡᠭᠡ ᠪᠣᠯᠵᠤ᠂ ᠲᠡᠮᠡᠴᠡᠯ ᠤᠨ ᠵᠣᠷᠢᠭ ᠰᠠᠨᠠᠭ᠎ᠠ ᠨᠡᠩ ᠴᠤᠭ | ᠪᠠᠳᠠᠷᠠᠩᠭᠤᠢ ᠪᠣᠯᠵᠤ᠂ ᠯᠠᠪᠲᠠᠢ ᠢᠯᠠᠯᠲᠠ ᠣᠯᠬᠤ ᠢᠲᠡᠭᠡᠯ ᠵᠣᠷᠢᠭ ᠨᠡᠩ ᠪᠠᠲᠤ ᠴᠢᠩᠭ᠎ᠠ ᠪᠣᠯᠵᠤ᠂ ᠨᠡᠩ ᠴᠢᠩᠭ᠎ᠠ | ᠲᠡᠦᠬᠡ ᠶᠢᠨ ᠤᠬᠠᠮᠰᠠᠷ ᠪᠣᠯᠣᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ ᠵᠣᠭᠰᠣᠭᠰᠠᠨ᠂ | ᠴᠢᠨᠡᠭᠡᠯᠢᠭᠵᠢᠭᠰᠡᠨ ᠠᠴᠠ ᠬᠦᠴᠦᠷᠬᠡᠭᠵᠢᠭᠰᠡᠨ ᠬᠦᠷᠲᠡᠯᠡᠬᠢ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ | ᠠᠬᠢᠭᠤᠯᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ | ᠭᠦᠨᠵᠡᠭᠡᠶᠢᠷᠡᠨ ᠠᠬᠢᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠲᠤ ᠬᠤᠭᠤᠴᠠᠭᠠᠨ ᠤ | ᠲᠣᠭᠲᠠᠭᠤᠨ ᠪᠠᠶᠢᠳᠠᠯ ᠭᠡᠬᠦ ᠬᠤᠶᠠᠷ ᠶᠡᠭᠡ ᠭᠠᠶᠢᠬᠠᠮᠰᠢᠭ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠮᠠᠨ ᠤ ᠤᠯᠤᠰ ᠤᠨ | ᠬᠥᠭᠵᠢᠯᠲᠡ ᠨᠡᠩ ᠪᠠᠲᠤ ᠪᠠᠬᠢ ᠪᠣᠳᠠᠰ ᠤᠨ ᠰᠠᠭᠤᠷᠢ ᠲᠠᠢ᠂ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ ᠲᠠᠢ | ᠪᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ | ᠲᠡᠦᠬᠡᠨ ᠠᠬᠢᠴᠠ ᠳᠤ ᠣᠷᠣᠪᠠ᠃ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠬᠤᠷᠢᠨ ᠨᠢᠭᠡᠳᠦᠭᠡᠷ ᠵᠠᠭᠤᠨ ᠤ ᠳᠤᠮᠳᠠᠳᠤ | ᠤᠯᠤᠰ ᠲᠤ ᠴᠤᠭ ᠪᠠᠳᠠᠷᠠᠩᠭᠤᠢ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠰᠢᠨ᠎ᠡ | ᠰᠣᠩᠭᠤᠯᠲᠠ ᠶᠢ ᠬᠠᠩᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠠᠷᠠᠳ ᠲᠦᠮᠡᠨ | ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ ᠨᠡᠩ ᠤᠯᠠᠨ ᠨᠡᠩ | ᠰᠠᠶᠢᠨ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ᠂ ᠳᠤᠮᠳᠠᠳᠤ ᠤᠯᠤᠰ ᠤᠨ | ᠬᠦᠴᠦᠨ ᠢ ᠬᠠᠩᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠡᠷᠬᠢᠮ ᠳᠡᠭᠡᠳᠦ ᠦᠢᠯᠡᠰ ᠲᠤ | ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠪᠡ︕ | ᠬᠤᠶᠠᠷ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ | ᠨᠡᠭᠡᠭᠡᠨ᠎ᠡ | ᠮᠠᠷᠺᠰ ᠤᠨ ᠦᠵᠡᠯ ᠪᠣᠯ ᠮᠠᠨ ᠤ ᠨᠠᠮ ᠢᠶᠠᠨ ᠪᠠᠶᠢᠭᠤᠯᠵᠤ ᠤᠯᠤᠰ ᠢᠶᠠᠨ ᠪᠠᠶᠢᠭᠤᠯᠬᠤ᠂ ᠨᠠᠮ ᠢᠶᠠᠨ ᠮᠠᠨᠳᠤᠭᠤᠯᠵᠤ | ᠤᠯᠤᠰ ᠢᠶᠠᠨ ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ᠃ ᠳᠤᠮᠳᠠᠳᠤ ᠤᠯᠤᠰ ᠤᠨ ᠡᠪ | ᠬᠠᠮᠲᠤ ᠨᠠᠮ ᠶᠠᠭᠠᠬᠢᠭᠠᠳ ᠴᠢᠳᠠᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ | ᠪᠠᠶᠢᠳᠠᠭ ᠪᠤᠢ ᠭᠡᠪᠡᠯ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠬᠤ᠂ ᠳᠤᠮᠳᠠᠳᠤ ᠤᠯᠤᠰᠴᠢᠯᠠᠭᠰᠠᠨ ᠴᠠᠭ | ᠦᠶᠡᠴᠢᠯᠡᠭᠰᠡᠨ ᠮᠠᠷᠺᠰ ᠤᠨ ᠦᠵᠡᠯ ᠰᠠᠶᠢᠨ ᠪᠠᠶᠢᠬᠤ ᠳᠤ ᠪᠤᠢ ᠭᠡᠳᠡᠭ ᠢ ᠦᠢᠯᠡᠳᠦᠯᠭᠡ ᠪᠢᠳᠡᠨ ᠳᠤ ᠬᠡᠯᠡᠵᠦ ᠥᠭᠪᠡ᠃ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠤᠨ ᠵᠢᠯᠣᠭᠤᠳᠤᠯᠭ᠎ᠠ ᠲᠠᠢ ᠪᠠᠶᠢᠬᠤ ᠪᠣᠯ ᠮᠠᠨ ᠤ ᠨᠠᠮ ᠤᠨ ᠢᠲᠡᠭᠡᠯ | ᠪᠢᠰᠢᠷᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠬᠦ ᠶᠢᠨ ᠦᠨᠳᠦᠰᠦ ᠪᠣᠯᠣᠨ᠎ᠠ᠃ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠬᠤ ᠪᠣᠯ ᠦᠨᠡᠨ ᠶᠣᠰᠣ ᠶᠢ | ᠬᠥᠭᠡᠭᠡᠴᠡᠯᠳᠦᠬᠦ᠂ ᠦᠨᠡᠨ ᠶᠣᠰᠣ ᠶᠢ ᠢᠯᠡᠷᠡᠭᠦᠯᠭᠦ᠂ ᠦᠨᠡᠨ ᠶᠣᠰᠣ ᠶᠢ ᠪᠠᠲᠤᠲᠠᠢ ᠬᠡᠷᠡᠭᠵᠢᠭᠦᠯᠬᠦ ᠶᠠᠪᠤᠴᠠ ᠮᠥᠨ᠃ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ | ᠪᠠ ᠦᠢᠯᠡᠳᠦᠯᠭᠡ ᠶᠢᠨ ᠰᠢᠨ᠎ᠡ ᠱᠠᠭᠠᠷᠳᠠᠯᠭ᠎ᠠ ᠨᠢ ᠪᠢᠳᠡᠨ ᠤ ᠤᠨᠤᠯ ᠪᠠ ᠦᠢᠯᠡᠳᠦᠯᠭᠡ ᠶᠢᠨ ᠤᠶᠠᠯᠳᠤᠯ ᠤᠨ ᠲᠠᠯ᠎ᠠ ᠠᠴᠠ | ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠨᠠᠮ ᠤᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤ | ᠬᠤᠯᠪᠣᠭᠳᠠᠬᠤ ᠠᠯᠢ ᠤᠯᠠᠨ ᠴᠢᠬᠤᠯᠠ ᠶᠡᠭᠡ ᠴᠠᠭ ᠦᠶ᠎ᠡ ᠶᠢᠨ ᠰᠡᠳᠦᠪ ᠲᠤ ᠭᠦᠨᠵᠡᠭᠡᠢ ᠬᠠᠷᠢᠭᠤᠯᠲᠠ ᠥᠭᠬᠦ ᠶᠢ ᠲᠤᠯᠭᠠᠮ | ᠱᠠᠭᠠᠷᠳᠠᠵᠤ ᠪᠠᠶᠢᠨ᠎ᠠ᠃ ᠮᠠᠨ ᠤ ᠨᠠᠮ ᠵᠣᠷᠢᠭᠲᠠᠢ ᠪᠠᠷ ᠤᠨᠤᠯ ᠤᠨ ᠰᠦᠪᠡᠭᠴᠢᠯᠡᠯᠲᠡ ᠪᠠ ᠰᠢᠨ᠎ᠡ ᠡᠭᠦᠳᠦᠯᠲᠡ ᠬᠢᠵᠦ᠂ ᠴᠣ | ᠰᠢᠨ᠎ᠡ ᠬᠠᠷᠠᠭᠠᠰᠤ ᠠᠴᠠ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠯᠲᠠ ᠶᠢᠨ ᠵᠢᠮ᠎ᠡ ᠶᠣᠰᠣ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ | ᠲᠠᠨᠢᠯᠲᠠ ᠪᠠᠨ ᠭᠦᠨᠵᠡᠭᠡᠶᠢᠷᠡᠭᠦᠯᠵᠦ᠂ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠣᠯᠵᠤ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠭᠠᠨ | ᠲᠥᠪᠯᠡᠷᠡᠩᠭᠦᠢ ᠢᠯᠡᠷᠡᠭᠦᠯᠪᠡ᠃ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠠᠷᠪᠠ ᠶᠢ ᠲᠣᠳᠣᠷᠬᠠᠶᠢᠯᠠᠬᠤ︾᠂ ︽ᠠᠷᠪᠠᠨ | ᠳᠥᠷᠪᠡ ᠶᠢ ᠪᠠᠷᠢᠮᠲᠠᠯᠠᠬᠤ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ | ᠰᠠᠨᠠᠭᠠᠨ ᠤ ᠭᠤᠣᠯ ᠠᠭᠤᠯᠭ᠎ᠠ ᠶᠢ ᠬᠤᠷᠢᠶᠠᠩᠭᠤᠶᠢᠯᠠᠪᠠ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ | ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠵᠦᠪᠭᠡᠨ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠬᠤᠪᠢᠰᠤᠩᠭᠤᠢ ᠪᠣᠳᠠᠰᠴᠢ | ᠦᠵᠡᠯ ᠪᠠ ᠲᠡᠦᠬᠡ ᠶᠢᠨ ᠪᠣᠳᠠᠰᠴᠢ ᠦᠵᠡᠯ ᠢ ᠬᠡᠷᠡᠭᠯᠡᠬᠦ ᠶᠢ ᠪᠠᠷᠢᠮᠲᠠᠯᠠᠪᠠᠯ ᠰᠠᠶ᠋ᠢ ᠴᠠᠭ ᠦᠶ᠎ᠡ ᠪᠠ ᠦᠢᠯᠡᠳᠦᠯᠭᠡ ᠶᠢᠨ | ᠳᠤᠷᠠᠳᠤᠭᠰᠠᠨ ᠴᠢᠬᠤᠯᠠ ᠶᠡᠭᠡ ᠠᠰᠠᠭᠤᠯᠳᠠ ᠳᠤ ᠵᠥᠪ ᠬᠠᠷᠢᠭᠤᠯᠲᠠ ᠥᠭᠴᠦ᠂ ᠰᠠᠶ᠋ᠢ ᠮᠠᠷᠺᠰ ᠤᠨ ᠦᠵᠡᠯ ᠤᠨ ᠴᠤᠭ | ᠪᠠᠳᠠᠷᠠᠩᠭᠤᠢ ᠠᠮᠢᠵᠢᠷᠠᠯ ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠳᠤ ᠰᠣᠷᠭᠤᠭ ᠬᠦᠴᠦᠨ ᠢ ᠢᠮᠠᠭᠲᠠ ᠪᠠᠲᠤᠯᠠᠵᠤ | ᠴᠢᠳᠠᠨ᠎ᠠ ᠭᠡᠳᠡᠭ ᠢ ᠳᠤᠮᠳᠠᠳᠤ ᠤᠯᠤᠰ ᠤᠨ ᠡᠪ ᠬᠠᠮᠲᠤᠴᠤᠳ ᠭᠦᠨᠵᠡᠭᠡᠢ ᠲᠠᠨᠢᠵᠤ ᠣᠯᠣᠭᠰᠠᠨ ᠪᠠᠶᠢᠨ᠎ᠠ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠪᠠᠶᠢᠭ᠎ᠠ ᠨᠢ | ᠲᠡᠭᠦᠨ ᠤ ᠰᠢᠨᠵᠢᠯᠡᠬᠦ ᠤᠬᠠᠭᠠᠨᠴᠢ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢᠶᠠᠷ ᠳᠤᠮᠳᠠᠳᠤ ᠤᠯᠤᠰ ᠤᠨ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠶᠤᠮ᠂ ᠬᠠᠷᠢᠨ ᠲᠡᠭᠦᠨ ᠤ ᠪᠣᠳᠠᠲᠠᠢ ᠳ᠋ᠦᠩᠨᠡᠯᠲᠡ ᠪᠠ ᠦᠭᠡ ᠥᠭᠦᠯᠡᠪᠦᠷᠢ ᠶᠢ | ᠴᠡᠭᠡᠵᠢᠯᠡᠬᠦ ᠪᠠ ᠳᠠᠪᠲᠠᠬᠤ ᠶᠢᠨ ᠲᠥᠯᠥᠭᠡ ᠪᠢᠰᠢ᠂ ᠨᠡᠩ ᠴᠤ ᠮᠠᠷᠺᠰ ᠤᠨ ᠦᠵᠡᠯ ᠢ ᠬᠡᠵᠢᠶᠡᠳᠡ ᠬᠤᠪᠢᠷᠠᠰᠢ ᠦᠭᠡᠢ ᠨᠣᠮᠯᠠᠯ | ᠪᠤᠯᠭᠠᠵᠤ ᠪᠤᠯᠬᠤ ᠦᠭᠡᠢ᠃ ᠪᠢᠳᠡ ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ | ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠠᠯᠢᠪᠠ | ᠪᠦᠭᠦᠨ ᠳᠤ ᠪᠣᠳᠠᠲᠠᠢ ᠠᠴᠠ ᠡᠭᠦᠰᠴᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠠᠩᠬᠠᠷᠴᠤ᠂ ᠳᠤᠮᠳᠠᠳᠤ | ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ | ᠠᠰᠠᠭᠤᠯᠲᠠ ᠳᠤ ᠲᠠᠰᠤᠷᠠᠯᠳᠠ ᠦᠭᠡᠢ ᠬᠠᠷᠢᠭᠤᠯᠲᠠ ᠥᠭᠴᠦ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ | ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠵᠥᠪ ᠬᠠᠷᠢᠭᠤᠯᠲᠠ ᠥᠭᠴᠦ᠂ ᠪᠤᠰᠤᠳᠴᠢ ᠵᠢᠮ᠎ᠡ ᠶᠣᠰᠣᠨ ᠳᠤ ᠨᠡᠶᠢᠴᠡᠭᠰᠡᠨ | ᠰᠢᠨᠵᠢᠯᠡᠬᠦ ᠤᠬᠠᠭᠠᠨᠴᠢ ᠲᠠᠨᠢᠯᠲᠠ ᠶᠢ ᠳ᠋ᠦᠩᠨᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠤᠨᠤᠯ ᠤᠨ ᠦᠷ᠎ᠡ | ᠪᠦᠲᠦᠭᠡᠯ ᠢ ᠪᠤᠢ ᠪᠤᠯᠭᠠᠵᠤ᠂ ᠳᠤᠮᠳᠠᠳᠤ ᠤᠯᠤᠰ ᠤᠨ ᠦᠢᠯᠡᠳᠦᠯᠭᠡ ᠶᠢ ᠨᠡᠩ ᠰᠠᠶᠢᠲᠤᠷ ᠵᠢᠯᠤᠭᠤᠳᠬᠤ ᠬᠡᠷᠡᠭᠲᠡᠢ᠃ | ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠬᠦ ᠳᠤ ᠡᠷᠬᠡᠪᠰᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠬᠡᠷᠡᠭᠲᠡᠢ᠃ ᠵᠦᠪᠭᠡᠨ ᠲᠤᠰ ᠤᠯᠤᠰ᠂ ᠲᠤᠰ ᠦᠨᠳᠦᠰᠦᠲᠡᠨ ᠤ ᠲᠡᠦᠬᠡ ᠰᠣᠶᠣᠯ ᠤᠨ ᠥᠩ | ᠰᠢᠮᠡᠯᠢᠭ ᠬᠥᠷᠥᠰᠥᠨ ᠳᠤ ᠦᠨᠳᠦᠰᠦᠯᠡᠪᠡᠯ ᠰᠠᠶ᠋ᠢ ᠮᠠᠷᠺᠰ ᠤᠨ ᠦᠵᠡᠯ ᠤᠨ ᠦᠨᠡᠨ ᠶᠣᠰᠣᠨ ᠤ ᠮᠣᠳᠣ ᠦᠨᠳᠦᠰᠦ ᠭᠦᠨ | ᠨᠠᠪᠴᠢ ᠰᠠᠬᠤᠯᠢᠭ ᠪᠠᠶᠢᠵᠤ ᠴᠢᠳᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠥᠨᠢ ᠤᠳᠠᠭᠠᠨ | ᠤᠯᠠᠮᠵᠢᠯᠠᠯ ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠶᠢᠳᠠᠭ᠂ ᠲᠡᠷᠡ ᠪᠣᠯ ᠳᠤᠮᠳᠠᠳᠤ ᠶᠢᠨ ᠪᠣᠯᠪᠠᠰᠤᠨ ᠤ ᠤᠶᠤᠨ | ᠤᠬᠠᠭᠠᠨ ᠤ ᠤᠭᠢ ᠲᠠᠯᠠᠰᠲᠤ ᠮᠥᠨ᠂ ᠲᠡᠭᠦᠨ ᠳᠤ ᠠᠭᠤᠯᠤᠭᠳᠠᠵᠤ ᠪᠠᠶᠢᠭ᠎ᠠ ᠲᠦᠷᠦ ᠶᠢᠨ ᠡᠷᠬᠡ ᠶᠢ ᠲᠦᠮᠡᠨ ᠤ ᠬᠢ | ᠪᠤᠯᠭᠠᠬᠤ᠂ ᠠᠷᠠᠳ ᠲᠦᠮᠡᠨ ᠢᠶᠠᠷ ᠤᠯᠤᠰ ᠣᠷᠣᠨ ᠤ ᠦᠨᠳᠦᠰᠦ ᠪᠤᠯᠭᠠᠬᠤ᠂ ᠤᠯᠤᠰ ᠢ ᠶᠣᠰᠣ ᠮᠣᠷᠠᠯ ᠢᠶᠠᠷ ᠵᠠᠰᠠᠬᠤ᠂ | ᠬᠠᠭᠤᠴᠢᠨ ᠢ ᠥᠭᠡᠷᠡᠴᠢᠯᠡᠵᠦ ᠰᠢᠨ᠎ᠡ ᠶᠢ ᠪᠠᠶᠢᠭᠤᠯᠬᠤ᠂ ᠡᠷᠳᠡᠮᠲᠡᠨ ᠮᠡᠷᠭᠡᠳ ᠢ ᠯᠡ ᠬᠡᠷᠡᠭᠯᠡᠬᠦ᠂ ᠲᠡᠭᠷᠢ ᠬᠥᠮᠥᠨ ᠨᠢᠭᠡᠳᠭᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠶᠣᠰᠣ ᠮᠣᠷᠠᠯ ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ᠂ | ᠢᠲᠡᠭᠡᠯ ᠢ ᠡᠷᠬᠢᠮᠯᠡᠨ ᠡᠪ ᠨᠠᠶᠢᠷ ᠢ ᠡᠷᠭᠢᠮᠯᠡᠭᠦ᠂ ᠬᠥᠷᠰᠢ ᠵᠡᠷᠭᠡᠯᠡᠳᠡᠭᠡ ᠲᠠᠢ ᠪᠠᠨ ᠳᠣᠲᠣᠨᠣ ᠨᠥᠭᠦᠷᠰᠡᠭ ᠢᠶᠠᠷ ᠶᠠᠪᠤᠯᠴᠠᠬᠤ | ᠵᠡᠷᠭᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ | ᠬᠤᠷᠠᠮᠳᠤᠭᠤᠯᠤᠭᠰᠠᠨ ᠣᠷᠴᠢᠯᠠᠩ ᠤᠨ ᠦᠵᠡᠯᠲᠡ᠂ ᠶᠢᠷᠲᠢᠨᠴᠦ ᠶᠢᠨ ᠦᠵᠡᠯᠲᠡ᠂ ᠨᠡᠶᠢᠭᠡᠮ ᠤᠨ ᠦᠵᠡᠯᠲᠡ᠂ ᠶᠣᠰᠣ | ᠰᠤᠷᠲᠠᠬᠤᠨ ᠤ ᠦᠵᠡᠯᠲᠡ ᠶᠢᠨ ᠴᠢᠬᠤᠯᠠ ᠢᠯᠡᠷᠡᠯ ᠮᠥᠨ᠂ ᠲᠡᠷᠡ ᠨᠢ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ | ᠦᠷᠳᠡᠭ ᠤᠨ ᠦᠵᠡᠯᠲᠡ ᠶᠢᠨ ᠵᠣᠷᠢᠯᠲᠠ ᠲᠠᠢ ᠳᠡᠭᠡᠳᠦ ᠬᠡᠮᠵᠢᠶ᠎ᠡ ᠪᠠᠷ ᠵᠣᠬᠢᠴᠠᠬᠤ ᠴᠢᠨᠠᠷ ᠲᠠᠢ᠃ ᠪᠢᠳᠡ ᠡᠷᠬᠡᠪᠰᠢ | ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠡᠷᠲᠡᠨ ᠤ ᠬᠢ ᠶᠢ ᠡᠳᠦᠭᠡ ᠳᠤ ᠦᠢᠯᠡᠴᠢᠯᠡᠭᠦᠯᠬᠦ᠂ | ᠬᠠᠭᠤᠴᠢᠨ ᠢ ᠤᠷᠭᠢᠵᠤ ᠰᠢᠨ᠎ᠡ ᠶᠢ ᠡᠭᠦᠳᠭᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ | ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠨᠠᠪᠲᠠᠷᠡᠭᠦᠯᠵᠦ᠂ ᠠᠷᠠᠳ ᠤᠯᠠᠨ ᠤ | ᠡᠳᠦᠷ ᠲᠤᠳᠤᠮ ᠤᠨ ᠬᠡᠷᠡᠭᠯᠡᠭᠡᠨ ᠳᠤ ᠬᠡᠷᠡᠭᠯᠡᠳᠡᠭ ᠠᠳᠠᠯ᠎ᠠ ᠦᠯᠦ ᠢᠯᠡᠷᠡᠭᠦᠯᠦᠭᠰᠡᠨ ᠬᠠᠮᠲᠤ ᠶᠢᠨ ᠦᠷᠳᠡᠭ ᠤᠨ | ᠦᠵᠡᠯᠲᠡ ᠲᠠᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨᠴᠢ ᠤᠨᠤᠯ ᠳᠤ ᠢᠯᠡ ᠲᠣᠳᠣ ᠳᠤᠮᠳᠠᠳᠤ ᠤᠯᠤᠰ ᠤᠨ | ᠣᠨᠴᠠᠯᠢᠭ ᠢ ᠲᠠᠰᠤᠷᠠᠯᠳᠠ ᠦᠭᠡᠢ ᠣᠯᠭᠤᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ | ᠲᠡᠦᠬᠡ ᠶᠢᠨ ᠰᠠᠭᠤᠷᠢ ᠪᠠ ᠤᠯᠠᠨ ᠲᠦᠮᠡᠨᠴᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠮᠠᠷᠺᠰ ᠤᠨ ᠦᠵᠡᠯ ᠢ | ᠳᠤᠮᠳᠠᠳᠤ ᠤᠯᠤᠰ ᠲᠤ ᠪᠠᠲᠤ ᠦᠨᠳᠦᠰᠦᠯᠡᠭᠦᠯᠬᠦ ᠬᠡᠷᠡᠭᠲᠡᠢ᠃ | ᠦᠢᠯᠡᠳᠦᠯᠭᠡ ᠬᠢᠵᠠᠭᠠᠷ ᠦᠭᠡᠢ᠂ ᠤᠨᠤᠯ ᠤᠨ ᠰᠢᠨ᠎ᠡ ᠶᠢ ᠡᠭᠦᠳᠭᠦ ᠴᠦ ᠬᠢᠵᠠᠭᠠᠷ ᠦᠭᠡᠢ ᠶᠤᠮ᠃ ᠮᠠᠷᠺᠰ ᠤᠨ ᠦᠵᠡᠯ ᠢ | ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ | ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠶᠢ ᠡᠭᠦᠳᠭᠦ ᠶᠢ ᠦᠷᠭᠦᠯᠵᠢᠯᠡᠨ ᠠᠬᠢᠭᠤᠯᠬᠤ ᠳᠤ᠂ ᠶᠠᠭᠤᠨ ᠤ | ᠡᠮᠦᠨ᠎ᠡ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ | ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠬᠦ ᠬᠡᠷᠡᠭᠲᠡᠢ᠃ | — ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ | ᠮᠥᠨ ᠴᠢᠨᠠᠷ ᠤᠨ ᠰᠢᠨᠵᠢ ᠮᠥᠨ᠂ ᠨᠠᠮ ᠤᠨ ᠤᠨᠤᠯ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠤ ᠲᠥᠯᠥᠭᠡ᠂ | ᠠᠷᠠᠳ ᠲᠦᠮᠡᠨ ᠳᠤ ᠪᠤᠶᠠᠨ ᠦᠢᠯᠡᠳᠭᠦ ᠤᠨᠤᠯ ᠮᠥᠨ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ | ᠤᠨᠤᠯ ᠤᠨ ᠰᠢᠨ᠎ᠡ ᠡᠭᠦᠳᠦᠯᠲᠡ ᠶᠢᠨ ᠰᠢᠷᠭᠢᠰᠢ ᠦᠭᠡᠢ ᠡᠬᠢ ᠪᠤᠯᠠᠭ ᠮᠥᠨ᠃ ᠠᠷᠠᠳ ᠲᠦᠮᠡᠨ ᠠᠴᠠ ᠰᠠᠯᠤᠩᠬᠢᠷᠠᠭᠰᠠᠨ | ᠠᠯᠢᠪᠠ ᠤᠨᠤᠯ ᠴᠥᠮ ᠬᠡᠢ ᠬᠤᠭᠤᠰᠤᠨ ᠬᠦᠴᠦᠨ ᠦᠭᠡᠢ ᠶᠤᠮ᠂ ᠠᠷᠠᠳ ᠲᠦᠮᠡᠨ ᠳᠤ ᠪᠤᠶᠠᠨ ᠦᠢᠯᠡᠳᠭᠦ ᠦᠭᠡᠢ ᠠᠯᠢᠪᠠ | ᠤᠨᠤᠯ ᠴᠥᠮ ᠠᠮᠢᠵᠢᠷᠠᠯ ᠤᠨ ᠬᠦᠴᠦᠨ ᠦᠭᠡᠢ ᠶᠤᠮ᠃ ᠪᠢᠳᠡ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ | ᠠᠷᠠᠳ ᠲᠦᠮᠡᠨ ᠤ ᠬᠦᠰᠡᠯ ᠡᠷᠡᠮᠡᠯᠵᠡᠯ ᠢ ᠡᠵᠡᠮᠳᠡᠵᠦ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠭᠦᠨᠳᠦᠳᠭᠡᠵᠦ᠂ | ᠠᠷᠠᠳ ᠲᠦᠮᠡᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ᠂ ᠮᠡᠳᠡᠷᠡᠭᠳᠡᠭᠰᠡᠨ᠂ | ᠡᠵᠡᠮᠰᠢᠭᠳᠡᠭᠰᠡᠨ ᠤᠨᠤᠯ ᠢ ᠪᠤᠢ ᠪᠤᠯᠭᠠᠵᠤ᠂ ᠲᠡᠭᠦᠨ ᠢ ᠠᠷᠠᠳ ᠲᠦᠮᠡᠨ ᠤ ᠶᠢᠷᠲᠢᠨᠴᠦ ᠶᠢ ᠲᠠᠨᠢᠬᠤ ᠪᠠ ᠶᠢᠷᠲᠢᠨᠴᠦ ᠶᠢ | ᠥᠭᠡᠷᠡᠴᠢᠯᠡᠬᠦ ᠶᠢ ᠵᠢᠯᠤᠭᠤᠳᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠤᠯᠭᠠᠬᠤ ᠬᠡᠷᠡᠭᠲᠡᠢ᠃ | — ᠡᠷᠬᠡᠪᠰᠢ ᠢᠲᠡᠭᠡᠯ ᠵᠣᠷᠢᠭ ᠲᠠᠢ ᠪᠠᠶᠢᠵᠤ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠤᠯᠤᠰ ᠤᠨ | ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠣᠶᠢᠷ᠎ᠠ ᠦᠶ᠎ᠡ ᠠᠴᠠ ᠨᠠᠭᠠᠰᠢᠬᠢ ᠬᠦᠨᠳᠦ ᠬᠡᠴᠡᠭᠦᠦ ᠭᠠᠰᠠᠯᠠᠩ | ᠵᠣᠪᠠᠯᠠᠩ ᠠᠴᠠ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠭᠰᠠᠨ ᠨᠢ | ᠶᠡᠷᠦ ᠠᠴᠠ ᠬᠢᠴᠢᠶᠡᠯ ᠤᠨ ᠪᠢᠴᠢᠭ ᠭᠡᠵᠦ ᠪᠠᠶᠢᠬᠤ ᠦᠭᠡᠢ᠂ ᠨᠡᠩ ᠴᠤ ᠪᠡᠯᠡᠨ ᠬᠠᠷᠢᠭᠤᠯᠲᠠ ᠭᠡᠵᠦ ᠦᠭᠡᠢ ᠶᠤᠮ᠃ ᠨᠠᠮ ᠤᠨ | ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠵᠠᠮ ᠢ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠪᠡᠶ᠎ᠡ ᠪᠠᠨ | ᠳᠠᠭᠠᠭᠠᠵᠤ ᠡᠵᠡᠨ ᠮᠡᠳᠡᠨ ᠰᠦᠪᠡᠭᠴᠢᠯᠡᠵᠦ ᠪᠠᠶᠢᠭᠠᠳ ᠨᠡᠭᠡᠭᠡᠭᠰᠡᠨ ᠶᠤᠮ᠂ ᠮᠠᠷᠺᠰ ᠤᠨ ᠦᠵᠡᠯ ᠤᠨ ᠳᠤᠮᠳᠠᠳᠤ ᠤᠯᠤᠰ ᠤᠨ | ᠬᠠᠭᠤᠳᠠᠰᠤ ᠶᠢ ᠪᠣᠯ ᠳᠤᠮᠳᠠᠳᠤ ᠤᠯᠤᠰ ᠤᠨ ᠡᠪ ᠬᠠᠮᠲᠤᠴᠤᠳ ᠥᠪᠡᠷ ᠤᠨ ᠬᠦᠴᠦᠨ ᠳᠡᠭᠡᠨ ᠲᠦᠰᠢᠭᠯᠡᠨ | ᠦᠢᠯᠡᠳᠦᠯᠭᠡᠵᠢᠭᠦᠯᠵᠦ ᠪᠠᠶᠢᠭᠠᠳ ᠨᠡᠭᠡᠭᠡᠭᠰᠡᠨ ᠶᠤᠮ᠂ ᠡᠭᠦᠨ ᠳᠤ ᠲᠤᠭᠤᠰᠢᠯᠠᠭᠳᠠᠵᠤ ᠪᠠᠶᠢᠭ᠎ᠠ ᠨᠢᠭᠡᠨ ᠦᠨᠳᠦᠰᠦᠨ ᠵᠦᠢᠯ | ᠪᠣᠯ ᠳᠠᠷᠤᠢ ᠳᠤᠮᠳᠠᠳᠤ ᠤᠯᠤᠰ ᠤᠨ ᠠᠰᠠᠭᠤᠳᠠᠯ ᠢ ᠡᠷᠬᠡᠪᠰᠢ ᠳᠤᠮᠳᠠᠳᠤ ᠤᠯᠤᠰ ᠤᠨ ᠦᠨᠳᠦᠰᠦᠨ ᠪᠠᠶᠢᠳᠠᠯ ᠠᠴᠠ ᠡᠭᠦᠰᠴᠦ | ᠂ ᠳᠤᠮᠳᠠᠳᠤᠴᠤᠳ ᠥᠪᠡᠷ ᠢᠶᠠᠨ ᠬᠠᠷᠢᠭᠤᠯᠬᠤ ᠬᠡᠷᠡᠭᠲᠡᠢ᠃ ᠪᠢᠳᠡ ᠮᠠᠷᠺᠰ ᠤᠨ ᠦᠵᠡᠯ ᠤᠨ ᠲᠤᠬᠠᠢ ᠡᠷᠡᠰ ᠪᠠᠲᠤ ᠢᠲᠡᠭᠡᠯ | ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠡᠷᠡᠰ ᠪᠠᠲᠤ ᠢᠲᠡᠭᠡᠯ ᠵᠣᠷᠢᠭ ᠢ | ᠪᠠᠷᠢᠮᠲᠠᠯᠠᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ | ᠪᠠᠲᠤᠳᠬᠠᠵᠤ᠂ ᠨᠡᠩ ᠢᠳᠡᠪᠬᠢᠲᠡᠢ ᠲᠡᠦᠬᠡ ᠶᠢᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠮᠠᠷᠺᠰ ᠤᠨ | ᠦᠵᠡᠯ ᠢ ᠬᠥᠭᠵᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠂ ᠵᠠᠪᠢ ᠳᠡᠭᠡᠷ᠎ᠡ ᠲᠡᠮᠳᠡᠭ ᠲᠠᠯᠪᠢᠵᠤ ᠵᠢᠪᠦᠭᠰᠡᠨ | ᠰᠡᠯᠡᠮ᠎ᠡ ᠪᠠᠨ ᠡᠷᠢᠬᠦ᠂ ᠲᠦᠭᠵᠢᠮᠡᠯ ᠬᠥᠰᠢᠭᠦᠨ ᠪᠠᠶᠢᠵᠤ ᠪᠤᠯᠬᠤ ᠦᠭᠡᠢ ᠮᠥᠷᠲᠡᠭᠡᠨ ᠪᠠᠰᠠ ᠲᠡᠷᠡ ᠬᠡᠪ ᠢᠶᠠᠷ ᠨᠢ ᠬᠠᠭᠤᠯᠤᠨ | ᠨᠡᠭᠦᠯᠭᠡᠵᠦ᠂ ᠭᠠᠳᠠᠭᠠᠳᠤ ᠶᠢᠨ ᠲᠤᠷᠰᠢᠯᠭ᠎ᠠ ᠶᠢ ᠲᠡᠷᠡ ᠬᠡᠪ ᠢᠶᠠᠷ ᠨᠢ ᠨᠡᠭᠦᠯᠭᠡᠨ ᠠᠪᠴᠢᠷᠠᠵᠤ ᠵᠠᠳᠠᠯᠤᠯᠲᠠ ᠬᠢᠵᠦ | ᠬᠠᠷᠢᠴᠠᠭᠤᠯᠬᠤ ᠦᠭᠡᠢ ᠪᠠᠶᠢᠵᠤ ᠪᠤᠯᠬᠤ ᠦᠭᠡᠢ᠃ | — ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠶᠢ ᠪᠠᠷᠢᠮᠲᠠᠯᠠᠬᠤ ᠬᠡᠷᠡᠭᠲᠡᠢ᠃ ᠪᠢᠳᠡᠨ ᠤ ᠬᠢᠵᠦ ᠪᠠᠶᠢᠭ᠎ᠠ | ᠪᠣᠯ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠮᠥᠨ᠂ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ | ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ ᠪᠠᠶᠢᠵᠤ ᠴᠢᠳᠠᠨ᠎ᠠ᠂ ᠰᠢᠨ᠎ᠡ ᠶᠢ ᠡᠭᠦᠳᠪᠡᠯ | ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠪᠢᠳᠡ ᠰᠢᠨᠵᠢᠯᠡᠬᠦ ᠤᠬᠠᠭᠠᠨᠴᠢ | ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ | ᠬᠥᠭᠡᠭᠡᠴᠡᠯᠳᠦᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ | ᠬᠥᠭᠵᠢᠯᠲᠡ ᠲᠠᠢ ᠵᠣᠬᠢᠴᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ | ᠬᠠᠨᠳᠤᠵᠤ᠂ ᠲᠠᠨᠢᠯᠲᠠ ᠶᠢᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ | ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠶᠢ ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ | ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃ | — ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠪᠣᠯ ᠴᠠᠭ ᠦᠶ᠎ᠡ ᠶᠢᠨ | ᠲᠠᠭᠤᠨ ᠮᠥᠨ᠂ ᠠᠰᠠᠭᠤᠳᠠᠯ ᠢ ᠬᠠᠷᠢᠭᠤᠯᠵᠤ ᠵᠢᠯᠣᠭᠤᠳᠤᠨ ᠰᠢᠢᠳᠪᠦᠷᠢᠯᠡᠬᠦ ᠪᠣᠯ ᠤᠨᠤᠯ ᠤᠨ ᠦᠨᠳᠦᠰᠦᠨ ᠡᠭᠦᠷᠭᠡ ᠮᠥᠨ᠃ | ᠥᠨᠥᠳᠥᠷ ᠪᠢᠳᠡᠨ ᠳᠤ ᠲᠤᠯᠭᠠᠷᠠᠵᠤ ᠪᠠᠶᠢᠭ᠎ᠠ ᠠᠰᠠᠭᠤᠳᠠᠯ ᠤᠨ ᠪᠤᠳᠤᠯᠢᠶᠠᠨᠲᠤ ᠬᠡᠮᠵᠢᠶ᠎ᠡ᠂ ᠠᠰᠠᠭᠤᠳᠠᠯ ᠢ ᠰᠢᠢᠳᠪᠦᠷᠢᠯᠡᠬᠦ | ᠪᠡᠷᠬᠡ ᠶᠢᠨ ᠬᠡᠮᠵᠢᠶ᠎ᠡ ᠢᠯᠡᠳᠲᠡ ᠨᠡᠮᠡᠭᠳᠡᠵᠦ᠂ ᠤᠨᠤᠯ ᠤᠨ ᠰᠢᠨ᠎ᠡ ᠡᠭᠦᠳᠦᠯᠲᠡ ᠳᠤ ᠴᠣ ᠰᠢᠨ᠎ᠡ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ ᠪᠢᠳᠡ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠦᠢᠯᠡᠳᠦᠯᠭᠡ ᠳᠤ ᠲᠤᠯᠭᠠᠷᠠᠭᠰᠠᠨ ᠰᠢᠨ᠎ᠡ | ᠠᠰᠠᠭᠤᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠳᠤᠮᠳᠠ ᠣᠷᠣᠰᠢᠵᠤ ᠪᠠᠶᠢᠭ᠎ᠠ ᠭᠦᠨ ᠳᠠᠪᠬᠤᠷᠭ᠎ᠠ ᠶᠢᠨ | ᠠᠰᠠᠭᠤᠳᠠᠯ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ᠂ ᠤᠯᠠᠨ | ᠤᠯᠤᠰ ᠤᠨ ᠬᠤᠪᠢᠷᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ᠂ ᠨᠠᠮ ᠤᠨ ᠪᠠᠶᠢᠭᠤᠯᠤᠯᠲᠠ ᠳᠤ ᠲᠤᠯᠭᠠᠷᠠᠵᠤ | ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ | ᠣᠶᠢᠯᠠᠭᠠᠭᠳᠠᠬᠤᠨ ᠰᠢᠨ᠎ᠡ ᠰᠡᠳᠬᠢᠴᠡ ᠰᠢᠨ᠎ᠡ ᠠᠷᠭ᠎ᠠ ᠶᠢ ᠲᠠᠰᠤᠷᠠᠯᠳᠠ ᠦᠭᠡᠢ ᠳᠤᠷᠠᠳᠤᠨ ᠭᠠᠷᠭᠠᠬᠤ ᠬᠡᠷᠡᠭᠲᠡᠢ᠃ | — ᠡᠷᠬᠡᠪᠰᠢ ᠰᠢᠰᠲ᠋ᠧᠮᠲᠦ ᠦᠵᠡᠯᠲᠡ ᠶᠢ ᠪᠠᠷᠢᠮᠲᠠᠯᠠᠬᠤ ᠬᠡᠷᠡᠭᠲᠡᠢ᠃ ᠲᠦᠮᠡᠨ ᠬᠡᠷᠡᠭ ᠪᠣᠳᠠᠰ ᠬᠠᠷᠢᠯᠴᠠᠨ ᠬᠤᠯᠪᠣᠯᠳᠤᠵᠤ᠂ | ᠬᠠᠷᠢᠯᠴᠠᠨ ᠲᠦᠰᠢᠭᠯᠡᠯᠴᠡᠨ ᠣᠷᠣᠰᠢᠵᠤ ᠪᠠᠶᠢᠳᠠᠭ᠃ ᠭᠠᠭᠴᠠ ᠬᠦ ᠲᠦᠭᠡᠮᠡᠯ ᠬᠤᠯᠪᠤᠭ᠎ᠠ ᠲᠠᠢ᠂ ᠪᠦᠭᠦ ᠲᠠᠯ᠎ᠠ ᠶᠢᠨ | ᠰᠢᠰᠲ᠋ᠧᠮᠲᠦ᠂ ᠬᠥᠭᠵᠢᠯᠲᠡ ᠬᠤᠪᠢᠷᠠᠯᠲᠠ ᠶᠢᠨ ᠦᠵᠡᠯᠲᠡ ᠪᠠᠷ ᠬᠡᠷᠡᠭ ᠪᠣᠳᠠᠰ ᠢ ᠠᠵᠢᠭᠯᠠᠪᠠᠯ ᠰᠠᠶ᠋ᠢ ᠬᠡᠷᠡᠭ ᠪᠣᠳᠠᠰ ᠤᠨ | ᠬᠥᠭᠵᠢᠯᠲᠡ ᠶᠢᠨ ᠵᠢᠮ᠎ᠡ ᠶᠣᠰᠣ ᠶᠢ ᠡᠵᠡᠮᠰᠢᠵᠦ ᠴᠢᠳᠠᠨ᠎ᠠ᠃ ᠮᠠᠨ ᠤ ᠤᠯᠤᠰ ᠪᠣᠯ ᠨᠢᠭᠡᠨ ᠬᠥᠭᠵᠢᠵᠦ ᠪᠠᠶᠢᠭ᠎ᠠ ᠲᠣᠮᠣ | ᠤᠯᠤᠰ ᠮᠥᠨ᠂ ᠮᠥᠨ ᠯᠡ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ᠂ ᠶᠠᠭ ᠨᠡᠶᠢᠭᠡᠮ ᠤᠨ ᠥᠷᠭᠡᠨ | ᠳᠡᠯᠭᠡᠷ ᠪᠥᠭᠡᠳ ᠭᠦᠨ ᠭᠦᠨᠵᠡᠭᠡᠢ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ | ᠠᠬᠢᠭᠤᠯᠬᠤ᠂ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠬᠤ ᠨᠢ ᠶᠡᠷᠦ ᠠᠴᠠ ᠲᠤᠶᠢᠯ ᠤᠨ ᠪᠠᠭ᠎ᠠ ᠬᠡᠰᠡᠭ ᠢ | ᠭᠦᠨᠳᠡᠪᠡᠯ ᠪᠦᠭᠦ ᠲᠠᠯ᠎ᠠ ᠶᠢ ᠨᠥᠯᠥᠭᠡᠯᠡᠵᠦ ᠮᠡᠳᠡᠨ᠎ᠠ᠃ ᠪᠢᠳᠡ ᠲᠡᠦᠬᠡ ᠪᠠᠷ ᠳᠠᠮᠵᠢᠭᠤᠯᠤᠨ ᠪᠣᠳᠠᠲᠤ ᠪᠠᠶᠢᠳᠠᠯ ᠢ ᠦᠵᠡᠵᠦ᠂ | ᠦᠵᠡᠭᠳᠡᠯ ᠢᠶᠠᠷ ᠳᠠᠮᠵᠢᠭᠤᠯᠤᠨ ᠮᠥᠨ ᠴᠢᠨᠠᠷ ᠢ ᠦᠵᠡᠬᠦ ᠳᠡᠭᠡᠨ ᠴᠢᠳᠠᠮᠠᠭᠠᠢ ᠪᠠᠶᠢᠵᠤ᠂ ᠪᠦᠭᠦ ᠲᠠᠯ᠎ᠠ ᠪᠠ ᠬᠡᠰᠡᠭ ᠲᠠᠯ᠎ᠠ᠂ | ᠣᠳᠣᠬᠠᠨ ᠪᠠ ᠠᠯᠤᠰ ᠭᠡᠳᠦ᠂ ᠬᠤᠷᠸ᠎ᠠ ᠪᠠ ᠬᠤᠮᠠᠬᠢ᠂ ᠭᠤᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭᠠᠢ ᠪᠠ ᠡᠩ ᠤᠨ | ᠬᠠᠷᠢᠴᠠᠭ᠎ᠠ ᠶᠢ ᠰᠠᠶᠢᠲᠤᠷ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ᠂ | ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠭᠦ ᠰᠡᠳᠬᠢᠬᠦᠢ᠂ ᠬᠠᠤᠯᠢ ᠪᠠᠷ ᠵᠠᠰᠠᠬᠤ | ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠪᠠᠷᠠᠯᠠᠯᠲᠦ ᠴᠢᠨᠠᠷᠲᠠᠢ ᠪᠠᠷ ᠰᠡᠳᠭᠢᠭᠦ᠂ ᠪᠦᠭᠦ ᠲᠠᠯ᠎ᠠ ᠶᠢᠨ ᠴᠢᠨᠠᠷᠲᠠᠢ ᠪᠠᠷ ᠲᠥᠯᠥᠪᠯᠡᠬᠦ᠂ ᠪᠦᠬᠦᠯᠢ ᠴᠣᠭᠴᠠ ᠶᠢᠨ | ᠴᠢᠨᠠᠷᠲᠠᠢ ᠪᠠᠷ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠦᠵᠡᠯ | ᠰᠠᠨᠠᠭᠠᠨ ᠤ ᠠᠷᠭ᠎ᠠ ᠶᠢ ᠬᠠᠩᠭᠠᠬᠤ ᠬᠡᠷᠡᠭᠲᠡᠢ᠃ | — ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ | ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ | ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢᠳᠡ | ᠳᠡᠯᠡᠬᠡᠢ ᠶᠢᠨ ᠬᠠᠷᠠᠭ᠎ᠠ ᠪᠠᠨ ᠥᠷᠭᠡᠳᠬᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠤᠷᠤᠰᠬᠠᠯ ᠢ | ᠭᠦᠨᠵᠡᠭᠡᠢ ᠠᠵᠢᠭᠯᠠᠵᠤ᠂ ᠡᠯ᠎ᠡ ᠤᠯᠤᠰ ᠤᠨ ᠠᠷᠠᠳ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠬᠥᠮᠥᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ ᠬᠠᠮᠲᠤ ᠶᠢᠨ ᠠᠰᠠᠭᠤᠳᠠᠯ ᠢ ᠰᠢᠢᠳᠪᠦᠷᠢᠯᠡᠬᠦ ᠳᠤ | ᠬᠤᠪᠢ ᠨᠡᠮᠡᠷᠢ ᠦᠵᠡᠭᠦᠯᠵᠦ᠂ ᠠᠨᠠᠪᠠᠳ ᠲᠠᠯᠠᠢ ᠤᠯᠠᠨ ᠤᠷᠤᠰᠬᠠᠯ ᠴᠢᠳᠬᠤᠯᠠᠩ ᠢ ᠠᠭᠤᠯᠬᠤ ᠠᠭᠤᠳᠠᠮᠴᠢ ᠪᠠᠭᠲᠠᠭᠠᠮᠵᠢᠲᠠᠢ | ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠲᠣᠯᠢᠯᠠᠨ | ᠰᠢᠩᠭᠡᠭᠡᠵᠦ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠭᠤᠷᠪᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ | ᠬᠠᠷᠢᠭᠤᠴᠠᠯᠭ᠎ᠠ | ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠳᠠᠷᠤᠢ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠤᠷᠳᠤ | ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠰᠠᠭᠤᠷᠢᠨ ᠳᠡᠭᠡᠷ᠎ᠡ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠭᠦ ᠰᠢᠪᠲᠤᠯᠤᠯᠲᠠ ᠪᠠᠷ ᠳᠠᠮᠵᠢᠭᠠᠳ᠂ ᠮᠠᠨ ᠤ | ᠨᠠᠮ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠪᠠᠷ ᠲᠦᠯᠬᠢᠨ ᠠᠬᠢᠭᠤᠯᠵᠤ ᠥᠷᠭᠡᠳᠬᠡᠭᠰᠡᠨ | ᠪᠠᠶᠢᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ | ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ᠂ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ | ᠮᠥᠷᠲᠡᠭᠡᠨ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠳᠤᠮᠳᠠᠳᠤ ᠤᠯᠤᠰ ᠤᠨ ᠣᠨᠴᠠᠯᠢᠭ ᠲᠠᠢ | ᠶᠤᠮ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠠᠮᠠ ᠶᠢᠨ ᠬᠡᠪᠴᠢᠶ᠎ᠡ ᠪᠠᠷ ᠯᠤᠲᠤ ᠶᠡᠭᠡ | ᠣᠳᠣᠬᠢᠴᠢᠯᠠᠯᠲᠠ ᠮᠥᠨ᠃ ᠮᠠᠨ ᠤ ᠤᠯᠤᠰ ᠤᠨ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠬᠦᠶᠢᠯᠡ | ᠴᠣᠭᠴᠠ ᠪᠠᠷ ᠣᠳᠣᠬᠢᠴᠢᠯᠠᠭᠰᠠᠨ ᠨᠡᠶᠢᠭᠡᠮ ᠳᠤ ᠲᠠᠪᠰᠢᠨ ᠣᠷᠣᠵᠤ᠂ ᠬᠡᠪᠴᠢᠶ᠎ᠡ ᠨᠢ ᠤᠳᠤ ᠶᠢᠨ ᠬᠥᠭᠵᠢᠭᠰᠡᠨ ᠤᠯᠤᠰ ᠤᠨ | ᠬᠥᠮᠥᠨ ᠠᠮᠠ ᠶᠢᠨ ᠨᠡᠶᠢᠯᠡᠪᠦᠷᠢ ᠠᠴᠠ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ | ᠡᠮᠦᠨ᠎ᠡ ᠪᠠᠶᠢᠭ᠎ᠠ ᠦᠭᠡᠢ ᠪᠥᠭᠡᠳ ᠬᠥᠭᠵᠢᠯᠲᠡ ᠶᠢᠨ ᠠᠷᠭ᠎ᠠ ᠵᠠᠮ ᠪᠠ ᠲᠦᠯᠬᠢᠨ ᠠᠬᠢᠭᠤᠯᠬᠤ ᠠᠷᠭ᠎ᠠ ᠮᠠᠶ᠋ᠢᠭ ᠨᠢ ᠴᠦ | ᠵᠠᠶᠢᠯᠠᠰᠢ ᠦᠭᠡᠢ ᠥᠪᠡᠷ ᠤᠨ ᠣᠨᠴᠠᠯᠢᠭ ᠲᠠᠢ ᠪᠣᠯᠤᠭᠰᠠᠨ ᠪᠠᠶᠢᠨ᠎ᠠ᠃ ᠪᠢᠳᠡ ᠢᠮᠠᠭᠲᠠ ᠤᠯᠤᠰ ᠤᠨ ᠪᠠᠶᠢᠳᠠᠯ ᠠᠴᠠ ᠪᠠᠨ | ᠡᠭᠦᠰᠦᠨ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠪᠦᠲᠦᠭᠡᠬᠦ ᠳᠡᠭᠡᠨ | ᠴᠢᠳᠠᠯ ᠠᠴᠠ ᠪᠠᠨ ᠳᠡᠭᠡᠭᠦᠷ ᠰᠠᠨᠠᠭᠠᠷᠬᠠᠬᠤ ᠦᠭᠡᠢ ᠮᠥᠷᠲᠡᠭᠡᠨ ᠪᠠᠰᠠ ᠬᠠᠭᠤᠴᠢᠨ ᠵᠤᠷᠰᠢᠯ ᠢᠶᠠᠨ ᠦᠬᠦᠨ ᠪᠠᠷᠢᠮᠲᠠᠯᠠᠬᠤ | ᠦᠭᠡᠢ ᠪᠠᠶᠢᠵᠤ᠂ ᠲᠡᠦᠬᠡ ᠶᠢᠨ ᠲᠡᠰᠪᠦᠷᠢ ᠲᠡᠪᠴᠢᠶᠡᠷᠢ ᠶᠢ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ | ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ ᠦᠷᠭᠦᠯᠵᠢᠯᠡᠨ ᠠᠬᠢᠭᠤᠯᠬᠤ ᠶᠢ ᠪᠠᠷᠢᠮᠲᠠᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ | ᠣᠳᠣᠬᠢᠴᠢᠯᠠᠯᠲᠠ ᠮᠥᠨ᠃ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠮᠥᠨ ᠴᠢᠨᠠᠷ ᠤᠨ ᠱᠠᠭᠠᠷᠳᠠᠯᠭ᠎ᠠ ᠮᠥᠨ᠂ ᠪᠠᠰᠠ ᠴᠤ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠃ ᠪᠢᠳᠡ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠦᠴᠦᠯᠡᠨ ᠬᠠᠮᠠᠭᠠᠯᠠᠨ ᠠᠬᠢᠭᠤᠯᠵᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠬᠦᠴᠦᠯᠡᠨ ᠠᠬᠢᠭᠤᠯᠵᠤ᠂ ᠬᠤᠶᠠᠷ ᠲᠤᠶᠢᠯᠰᠢᠷᠠᠯ ᠢ ᠡᠷᠡᠰ ᠰᠡᠷᠭᠡᠶᠢᠯᠡᠨ ᠬᠤᠷᠢᠭᠯᠠᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ | ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠡᠯᠪᠡᠭ | ᠪᠠᠶᠠᠯᠢᠭ ᠪᠠᠶᠢᠬᠤ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠦᠨᠳᠦᠰᠦᠨ ᠱᠠᠭᠠᠷᠳᠠᠯᠭ᠎ᠠ ᠮᠥᠨ᠃ ᠡᠳ᠋ ᠪᠣᠳᠠᠰ ᠤᠨ | ᠲᠠᠯ᠎ᠠ ᠪᠠᠷ ᠶᠠᠳᠠᠭᠤ ᠬᠤᠭᠤᠰᠤᠨ ᠪᠠᠶᠢᠬᠤ ᠨᠢ ᠨᠡᠶᠢᠭᠡᠮ ᠵᠢᠷᠤᠮ ᠪᠢᠰᠢ᠂ ᠤᠶᠦᠠ ᠰᠠᠨᠠᠭᠠᠨ ᠤ ᠲᠠᠯ᠎ᠠ ᠪᠠᠷ ᠶᠠᠳᠠᠭᠤ | ᠬᠤᠭᠤᠰᠤᠨ ᠪᠠᠶᠢᠬᠤ ᠨᠢ ᠴᠦ ᠨᠡᠶᠢᠭᠡᠮ ᠵᠢᠷᠤᠮ ᠪᠢᠰᠢ ᠶᠤᠮ᠃ ᠪᠢᠳᠡ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ | ᠲᠠᠰᠤᠷᠠᠯᠳᠠ ᠦᠭᠡᠢ ᠪᠠᠬᠢᠵᠢᠭᠦᠯᠵᠦ᠂ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠣᠳᠠᠰ ᠤᠨ ᠨᠥᠬᠦᠴᠡᠯ ᠢ | ᠲᠠᠰᠤᠷᠠᠯᠳᠠ ᠦᠭᠡᠢ ᠪᠠᠲᠤᠳᠬᠠᠬᠤ ᠶᠢᠨ ᠬᠠᠮᠲᠤ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠶᠡᠭᠡ ᠪᠠᠷ ᠬᠥᠭᠵᠢᠭᠦᠯᠵᠦ᠂ | ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ | ᠂ ᠪᠣᠳᠠᠰ ᠤᠨ ᠪᠦᠭᠦ ᠲᠠᠯ᠎ᠠ ᠶᠢᠨ ᠪᠠᠶᠠᠯᠢᠭᠵᠢᠯ ᠪᠠ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ | ᠣᠷᠣᠰᠢᠬᠤ ᠣᠳᠣᠬᠢᠴᠢᠯᠠᠯᠲᠠ ᠮᠥᠨ᠃ ᠬᠥᠮᠥᠨ ᠪᠠᠶᠢᠭᠠᠯᠢ ᠪᠣᠯ ᠠᠮᠢ ᠨᠠᠰᠤᠨ ᠤ ᠬᠠᠮᠲᠤ ᠶᠢᠨ ᠴᠣᠭᠴᠠ ᠮᠥᠨ᠂ | ᠪᠠᠶᠢᠭᠠᠯᠢ ᠠᠴᠠ ᠬᠡᠮᠵᠢᠶ᠎ᠡ ᠬᠢᠵᠠᠭᠠᠷ ᠦᠭᠡᠢ ᠠᠪᠴᠤ ᠴᠢᠨᠠᠭᠰᠢᠯᠠᠪᠠᠯ ᠪᠠᠶᠢᠭᠠᠯᠢ ᠶᠢ ᠡᠪᠳᠡᠪᠡᠯ ᠵᠠᠶᠢᠯᠠᠰᠢ ᠦᠭᠡᠢ ᠶᠡᠭᠡ | ᠪᠠᠶᠢᠭᠠᠯᠢ ᠶᠢᠨ ᠵᠠᠯᠬᠠᠭᠠᠯ ᠢ ᠣᠯᠬᠤ ᠪᠣᠯᠣᠨ᠎ᠠ᠃ ᠪᠢᠳᠡ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠬᠤ | ᠴᠢᠭᠯᠡᠯᠲᠡ ᠶᠢ ᠪᠠᠷᠢᠮᠲᠠᠯᠠᠵᠤ᠂ ᠨᠢᠳᠦᠨ ᠴᠡᠴᠡᠭᠡᠢ ᠪᠠᠨ ᠬᠠᠮᠠᠭᠠᠯᠠᠬᠤ ᠲᠠᠢ ᠠᠳᠠᠯᠢ ᠪᠠᠷ ᠪᠠᠶᠢᠭᠠᠯᠢ ᠪᠠ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠢ ᠰᠠᠶᠢᠨ | ᠰᠠᠶᠢᠬᠠᠨ ᠪᠠᠶᠢᠬᠤ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ | ᠦᠨᠳᠦᠰᠦᠲᠡᠨ ᠤ ᠡᠭᠦᠷᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠦᠨ᠎ᠡ᠃ | — ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ | ᠣᠳᠣᠬᠢᠴᠢᠯᠠᠯᠲᠠ ᠮᠥᠨ᠃ ᠮᠠᠨ ᠤ ᠤᠯᠤᠰ ᠵᠠᠷᠢᠮ ᠤᠯᠤᠰ ᠤᠨ ᠲᠠᠶᠢᠨ ᠬᠢᠬᠦ᠂ ᠺᠣᠯᠣᠨᠢᠴᠢᠯᠠᠬᠤ᠂ ᠳᠡᠭᠡᠷᠡᠮᠳᠡᠬᠦ ᠵᠡᠷᠭᠡ | ᠠᠷᠭ᠎ᠠ ᠮᠠᠶ᠋ᠢᠭ ᠢᠶᠠᠷ ᠣᠳᠣᠬᠢᠴᠢᠯᠠᠯᠲᠠ ᠶᠢ ᠪᠡᠶᠡᠯᠡᠭᠦᠯᠬᠦ ᠬᠠᠭᠤᠴᠢᠨ ᠵᠠᠮ ᠢᠶᠠᠷ ᠵᠠᠮᠨᠠᠬᠤ ᠦᠭᠡᠢ᠂ ᠲᠡᠷᠡ ᠬᠦ ᠪᠡᠶ᠎ᠡ ᠪᠠᠨ | ᠪᠤᠳᠤᠵᠤ ᠪᠤᠰᠤᠳ ᠢ ᠬᠤᠬᠢᠷᠠᠭᠤᠯᠬᠤ᠂ ᠴᠢᠰᠤᠲᠤ ᠶᠠᠯ᠎ᠠ ᠨᠢᠭᠦᠯ ᠢᠶᠠᠷ ᠳᠦᠭᠦᠷᠦᠭᠰᠡᠨ ᠬᠠᠭᠤᠴᠢᠨ ᠵᠠᠮ ᠨᠢ ᠥᠷᠭᠡᠨ ᠤᠯᠠᠨ | ᠬᠥᠭᠵᠢᠵᠦ ᠪᠠᠶᠢᠭ᠎ᠠ ᠤᠯᠤᠰ ᠤᠨ ᠠᠷᠠᠳ ᠲᠦᠮᠡᠨ ᠳᠤ ᠬᠦᠨᠳᠦ ᠨᠣᠴᠢᠲᠠᠢ ᠭᠠᠰᠠᠯᠠᠩ ᠵᠣᠪᠠᠯᠠᠩ ᠢ ᠠᠪᠴᠢᠷᠠᠭᠰᠠᠨ ᠪᠠᠶᠢᠨ᠎ᠠ᠃ | ᠪᠢᠳᠡ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠳᠠᠪᠰᠢᠯᠲᠠ ᠶᠢᠨ | ᠲᠠᠯ᠎ᠠ ᠳᠤ ᠪᠠᠲᠤ ᠵᠣᠭᠰᠣᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠭᠦᠷᠲᠡᠭᠦ | ᠲᠤᠭ ᠢ ᠥᠨᠳᠥᠷ ᠮᠠᠨᠳᠤᠭᠤᠯᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠡᠷᠡᠰ ᠬᠠᠮᠠᠭᠠᠯᠠᠬᠤ ᠳᠤᠮᠳᠠ | ᠲᠤᠰ ᠪᠡᠶ᠎ᠡ ᠶᠢᠨ ᠬᠥᠭᠵᠢᠯᠲᠡ ᠪᠠᠨ ᠡᠷᠢᠯᠬᠢᠯᠡᠬᠦ ᠮᠥᠷᠲᠡᠭᠡᠨ ᠪᠠᠰᠠ ᠲᠤᠰ ᠪᠡᠶ᠎ᠡ ᠶᠢᠨ ᠬᠥᠭᠵᠢᠯᠲᠡ ᠪᠠᠷ ᠢᠶᠠᠨ ᠳᠡᠯᠡᠬᠡᠢ ᠶᠢᠨ | ᠡᠩᠬᠡ ᠲᠠᠶᠢᠪᠤᠩ ᠪᠣᠯᠣᠨ ᠬᠥᠭᠵᠢᠯᠲᠡ ᠶᠢ ᠨᠡᠩ ᠰᠠᠶᠢᠲᠤᠷ ᠬᠠᠮᠠᠭᠠᠯᠠᠨ᠎ᠠ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠵᠦ᠂ ᠠᠷᠠᠳ ᠲᠦᠮᠡᠨ ᠤ ᠣᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠵᠤ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠪᠡᠶᠡᠯᠡᠭᠦᠯᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠵᠤ | ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠶᠢᠯᠳᠤᠬᠤ | ᠪᠣᠳᠣᠯᠭ᠎ᠠ ᠶᠢᠨ ᠶᠡᠷᠦᠩᠬᠡᠢ ᠲᠣᠬᠢᠷᠠᠭᠤᠯᠤᠯᠲᠠ ᠪᠣᠯ ᠬᠤᠶᠠᠷ ᠠᠯᠬᠤᠮ ᠢᠶᠠᠷ ᠶᠠᠪᠤᠬᠤ ᠶᠠᠪᠤᠳᠠᠯ ᠪᠣᠯᠣᠨ᠎ᠠ᠄ 2020 | ᠣᠨ ᠠᠴᠠ 2035 ᠣᠨ ᠪᠤᠯᠲᠠᠯ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ | 2035 ᠣᠨ ᠠᠴᠠ ᠲᠤᠰ ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ | ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ | ᠪᠤᠯᠭᠠᠬᠤ ᠶᠢ ᠪᠡᠶᠡᠯᠡᠭᠦᠯᠦᠨ᠎ᠡ᠃ | 2035 ᠣᠨ ᠪᠤᠯᠬᠤ ᠳᠤ᠂ ᠮᠠᠨ ᠤ ᠤᠯᠤᠰ ᠤᠨ ᠬᠥᠭᠵᠢᠯᠲᠡ ᠶᠢᠨ ᠶᠡᠷᠦᠩᠬᠡᠢ ᠬᠠᠷᠠᠯᠲᠠ ᠪᠣᠯ᠄ ᠠᠵᠤ ᠠᠬᠤᠢ ᠶᠢᠨ | ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ | ᠬᠦᠴᠦᠨ ᠶᠡᠭᠡ ᠪᠠᠷ ᠳᠡᠭᠡᠭᠰᠢᠯᠡᠵᠦ᠂ ᠬᠥᠮᠥᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠳᠡᠭ ᠰᠢᠨ᠎ᠡ ᠶᠡᠭᠡ ᠳᠡᠭᠲᠡᠷ ᠲᠤ ᠭᠠᠷᠴᠤ᠂ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠲᠦᠪᠰᠢᠨ ᠳᠤ | ᠭᠦᠷᠦᠨ᠎ᠡ ︔ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠵᠦ᠂ ᠰᠢᠨ᠎ᠡ ᠶᠢ ᠡᠭᠦᠳᠭᠦ ᠭᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ | ᠣᠷᠣᠨ᠎ᠠ ︔ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠡᠶᠡᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠦᠷᠢᠯᠳᠦᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠲᠠ᠂ | ᠲᠠᠷᠢᠶᠠᠯᠠᠩ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ ︔ ᠤᠯᠤᠰ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠯ ᠤᠨ ᠳᠦᠷᠢᠮ ᠢ ᠨᠡᠩ ᠪᠦᠷᠢᠨᠰᠢᠭᠦᠯᠦᠨ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ | ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠡ ︔ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠰᠣᠶᠣᠯ ᠤᠨ | ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ | ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ ︔ ᠠᠷᠠᠳ ᠤᠨ ᠠᠮᠢᠳᠤᠷᠠᠯ ᠢ | ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠪᠤᠯᠭᠠᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ ᠶᠢ ᠲᠠᠭᠢᠨ ᠰᠢᠨ᠎ᠡ ᠳᠡᠭᠲᠡᠷ ᠲᠤ ᠭᠠᠷᠭᠠᠵᠤ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠤᠪᠢ ᠶᠢᠨ | ᠵᠢᠩ ᠢ ᠢᠯᠡᠳᠲᠡ ᠳᠡᠭᠡᠭᠰᠢᠯᠡᠭᠦᠯᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ | ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ | ᠪᠦᠷᠢᠯᠳᠦᠭᠦᠯᠵᠦ᠂ ᠨᠡᠶᠢᠭᠡᠮ ᠢ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠵᠤ᠂ ᠬᠥᠮᠥᠨ ᠤ ᠪᠦᠭᠦ ᠲᠠᠯ᠎ᠠ ᠶᠢᠨ | ᠬᠥᠭᠵᠢᠯᠲᠡ᠂ ᠪᠦᠭᠦ ᠠᠷᠠᠳ ᠲᠦᠮᠡᠨ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ | ᠪᠤᠯᠭᠠᠨ᠎ᠠ ︔ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠥᠷᠭᠡᠨ ᠢᠶᠠᠷ ᠪᠤᠢ ᠪᠤᠯᠭᠠᠵᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠲᠠᠷᠠᠭ᠎ᠠ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ | ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ ︔ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠪᠦᠭᠦ ᠲᠠᠯ᠎ᠠ ᠪᠠᠷ ᠴᠢᠩᠭᠠᠳᠬᠠᠵᠤ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠢᠳᠡ ᠦᠷᠭᠦᠯᠵᠢᠯᠡᠨ ᠲᠡᠮᠡᠴᠡᠵᠦ᠂ ᠲᠤᠰ | ᠵᠠᠭᠤᠨ ᠤ ᠳᠤᠮᠳᠠᠴᠢ ᠪᠤᠯᠬᠤ ᠳᠤ ᠮᠠᠨ ᠤ ᠤᠯᠤᠰ ᠢᠶᠠᠨ ᠶᠡᠷᠦᠩᠬᠡᠶᠢᠯᠡᠭᠰᠡᠨ ᠤᠯᠤᠰ ᠤᠨ ᠬᠦᠴᠦᠨ ᠪᠠ ᠳᠡᠯᠡᠬᠡᠢ ᠳᠡᠭᠡᠷᠡᠬᠢ | ᠨᠥᠯᠥᠭᠡᠯᠡᠬᠦ ᠬᠦᠴᠦᠨ ᠢᠶᠠᠷ ᠣᠷᠣᠶᠢᠯᠠᠭᠰᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ | ᠪᠦᠲᠦᠭᠡᠨ ᠪᠠᠶᠢᠭᠤᠯᠤᠨ᠎ᠠ᠃ | ᠢᠷᠡᠭᠡᠳᠦᠢ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠭᠤᠣᠯ ᠬᠠᠷᠠᠯᠲᠠ ᠡᠭᠦᠷᠭᠡ ᠪᠣᠯ᠄ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠴᠢᠳᠠᠪᠤᠷᠢ ᠢᠯᠡᠳᠲᠡ ᠳᠡᠭᠡᠭᠰᠢᠯᠡᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠠᠵᠢᠯ | ᠴᠢᠬᠤᠯᠠ ᠶᠡᠭᠡ ᠠᠬᠢᠴᠠ ᠲᠠᠢ ᠪᠤᠯᠤᠨ᠎ᠠ ︔ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠤᠯᠤᠰ ᠤᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠢ ᠠᠬᠢᠭᠤᠯᠵᠤ᠂ ᠨᠡᠶᠢᠭᠡᠮ | ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠨᠡᠩ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ ︔ | ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠬᠢᠷᠢ | ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢᠵᠢᠯ ᠤᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠠᠷᠠᠳ ᠲᠦᠮᠡᠨ ᠤ ᠤᠶᠤᠨ ᠤ ᠪᠠ ᠰᠣᠶᠣᠯ ᠤᠨ | ᠠᠮᠢᠳᠤᠷᠠᠯ ᠢ ᠨᠡᠩ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ | ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ | ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠳᠡᠭᠡᠭᠰᠢᠯᠡᠯᠲᠡ ᠶᠢ ᠭᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢᠨ | ᠳᠡᠭᠡᠭᠰᠢᠯᠡᠯᠲᠡ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠲᠡᠩᠴᠡᠭᠦᠷᠢᠰᠢᠭᠦᠯᠬᠦ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠦᠨ᠎ᠡ ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠤᠨ᠎ᠠ ︔ ᠤᠯᠤᠰ ᠤᠨ ᠠᠮᠤᠷ ᠲᠦᠪᠰᠢᠨ ᠨᠡᠩ | ᠪᠠᠬᠢᠵᠢᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠲᠣᠭᠲᠠᠭᠰᠠᠨ ᠬᠤᠭᠤᠴᠠᠭᠠᠨ ᠳᠠᠭᠠᠨ | ᠪᠡᠶᠡᠯᠡᠭᠳᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠭᠢᠭᠤᠯᠤᠨ᠎ᠠ | ︔ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠪᠣᠯᠣᠨ ᠨᠥᠯᠥᠭᠡ ᠲᠤᠰᠬᠠᠯ ᠤᠯᠠᠮ ᠴᠢᠨᠠᠭᠰᠢᠳᠠ | ᠳᠡᠭᠡᠭᠰᠢᠯᠡᠵᠦ᠂ ᠪᠦᠭᠦ ᠪᠥᠮᠪᠥᠷᠴᠡᠭ ᠤᠨ ᠵᠠᠰᠠᠯᠲᠠ ᠳᠤ ᠨᠡᠩ ᠶᠡᠭᠡ ᠦᠢᠯᠡᠳᠦᠯ ᠦᠵᠡᠭᠦᠯᠦᠨ᠎ᠡ᠃ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠨᠢᠭᠡᠨ ᠠᠭᠤᠤ ᠶᠡᠭᠡ | ᠪᠥᠭᠡᠳ ᠪᠡᠷᠬᠡ ᠬᠠᠲᠠᠭᠤᠵᠢᠯᠲᠠᠢ ᠦᠢᠯᠡᠰ ᠮᠥᠨ᠂ ᠢᠷᠡᠭᠡᠳᠦᠢ ᠭᠡᠭᠡᠨ ᠰᠠᠷᠠᠭᠤᠯ᠂ ᠡᠭᠦᠷᠭᠡ ᠬᠦᠨᠳᠦ ᠵᠠᠮ ᠬᠤᠯᠠ ᠶᠤᠮ᠃ | ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ | ᠂ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠤᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ ᠲᠣᠬᠢᠷᠠᠭᠤᠯᠤᠯᠲᠠ | ᠭᠠᠷᠴᠤ᠂ ᠮᠠᠨ ᠤ ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ | ᠪᠠᠶᠢᠨ᠎ᠠ᠃ ᠡᠭᠦᠨ ᠤ ᠵᠡᠷᠭᠡ ᠪᠠᠷ᠂ ᠡᠷᠢᠨ ᠵᠠᠭᠤᠨ ᠳᠤ ᠲᠣᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠤᠨ ᠨᠥᠯᠥᠭᠡ ᠭᠦᠨ | ᠭᠦᠨᠵᠡᠭᠡᠢ ᠪᠠᠶᠢᠵᠤ᠂ ᠳᠡᠯᠡᠬᠡᠶᠢᠵᠢᠯᠲᠡ ᠶᠢ ᠰᠥᠷᠬᠦ ᠦᠵᠡᠯ ᠰᠠᠨᠠᠭᠠᠨ ᠤ ᠤᠷᠤᠰᠬᠠᠯ ᠲᠣᠯᠣᠭᠠᠢ ᠥᠨᠳᠡᠶᠢᠵᠦ᠂ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ ᠢᠯᠡᠳᠲᠡ ᠨᠡᠮᠡᠭᠳᠡᠵᠦ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠦᠴᠦᠨ | ᠦᠭᠡᠢ ᠪᠠᠶᠢᠵᠤ᠂ ᠬᠡᠰᠡᠭ ᠲᠠᠯ᠎ᠠ ᠶᠢᠨ ᠮᠥᠷᠭᠦᠯᠳᠦᠭᠡᠨ ᠪᠠ ᠦᠢᠮᠡᠭᠡᠨ ᠰᠠᠮᠠᠭᠤᠷᠠᠯ ᠣᠯᠠᠨᠲᠠ ᠡᠭᠦᠰᠴᠦ᠂ ᠪᠦᠭᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠰᠢᠷᠦᠭᠦᠰᠴᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠴᠥᠭᠡᠨ ᠪᠤᠰᠤ ᠭᠦᠨ | ᠳᠠᠪᠬᠤᠷᠭ᠎ᠠ ᠶᠢᠨ ᠵᠥᠷᠢᠴᠡᠯ ᠳᠤ ᠲᠤᠯᠭᠠᠷᠠᠵᠤ ᠵᠠᠶᠢᠯᠠᠵᠤ ᠲᠡᠶᠢᠯᠭᠦ ᠦᠭᠡᠢ᠂ ᠲᠣᠭᠤᠷᠢᠵᠤ ᠭᠠᠷᠴᠤ ᠲᠡᠶᠢᠯᠭᠦ ᠦᠭᠡᠢ ᠶᠤᠮ᠂ | ᠨᠠᠮ ᠤᠨ ᠪᠠᠶᠢᠭᠤᠯᠤᠯᠲᠠ ᠢᠯᠠᠩᠭᠤᠶ᠎ᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠳᠤ ᠴᠥᠭᠡᠨ ᠪᠤᠰᠤ ᠪᠤᠷᠤᠩᠬᠤᠢ ᠴᠢᠨᠠᠷ ᠲᠠᠢ᠂ ᠣᠯᠠᠨᠲᠠ ᠡᠭᠦᠰᠭᠦ ᠴᠢᠨᠠᠷᠲᠠᠢ ᠠᠰᠠᠭᠤᠳᠠᠯ | ᠲᠤᠯᠭᠠᠷᠠᠵᠤ᠂ ᠭᠠᠳᠠᠨ᠎ᠠ ᠠᠴᠠ ᠢᠷᠡᠭᠰᠡᠨ ᠴᠣᠬᠢᠯᠲᠠ ᠪᠠ ᠬᠤᠷᠢᠭᠯᠠᠯᠲᠠ ᠶᠢᠨ ᠠᠵᠢᠯᠯᠠᠭ᠎ᠠ ᠴᠠᠭ ᠢᠮᠠᠭᠲᠠ ᠲᠡᠰ ᠳᠠᠪᠰᠢᠵᠤ | ᠮᠡᠳᠡᠨ᠎ᠠ᠃ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ ᠠᠶᠤᠯ ᠲᠦᠭᠰᠢᠭᠦᠷᠢ | ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠲᠠᠭᠠᠯᠲᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ ᠵᠦᠢᠯ ᠨᠡᠮᠡᠭᠳᠡᠵᠦ | ᠪᠠᠶᠢᠭ᠎ᠠ ᠴᠠᠭ ᠦᠶ᠎ᠡ ᠳᠤ ᠣᠷᠣᠵᠤ᠂ ᠡᠯ᠎ᠡ ᠵᠦᠢᠯ ᠤᠨ ︽ᠬᠠᠷ᠎ᠠ ᠬᠤᠨ︾᠂ ︽ᠰᠠᠭᠠᠷᠠᠯ ᠬᠡᠷᠢᠰ︾ ᠤᠨ ᠬᠡᠷᠡᠭ ᠬᠡᠵᠢᠶ᠎ᠡ | ᠴᠦ ᠡᠭᠦᠰᠴᠦ ᠮᠡᠳᠡᠨ᠎ᠠ᠃ ᠪᠢᠳᠡ ᠡᠷᠬᠡᠪᠰᠢ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠪᠣᠳᠣᠯᠬᠢᠯᠠᠵᠤ᠂ ᠪᠡᠯᠡᠳᠬᠡᠯ | ᠠᠵᠢᠯ ᠢ ᠤᠷᠢᠳᠴᠢᠯᠠᠨ ᠬᠢᠵᠦ᠂ ᠰᠠᠯᠬᠢ ᠳᠠᠪᠠᠯᠭᠠᠨ ᠢ ᠲᠤᠭᠤᠯᠬᠤ ᠴᠢᠨᠠᠭᠰᠢᠯᠠᠪᠠᠯ ᠲᠤᠬᠰᠢᠨ ᠰᠠᠯᠬᠢ ᠰᠢᠷᠦᠭᠦᠨ | ᠳᠠᠪᠠᠯᠭᠠᠨ ᠤ ᠬᠦᠨᠳᠦ ᠶᠡᠭᠡ ᠰᠢᠯᠭᠠᠯᠲᠠ ᠶᠢ ᠲᠤᠭᠤᠯᠬᠤ ᠪᠡᠯᠡᠳᠬᠡᠯ ᠲᠠᠢ ᠪᠠᠶᠢᠬᠤ ᠬᠡᠷᠡᠭᠲᠡᠢ᠃ ᠤᠷᠤᠭᠰᠢᠯᠠᠯᠲᠠ ᠶᠢᠨ | ᠵᠠᠮ ᠳᠤ ᠡᠷᠬᠡᠪᠰᠢ ᠳᠣᠣᠷᠠᠬᠢ ᠴᠢᠬᠤᠯᠠ ᠶᠡᠭᠡ ᠵᠠᠷᠴᠢᠮ ᠤᠳ ᠢ ᠪᠠᠲᠤ ᠡᠵᠡᠮᠳᠡᠬᠦ ᠬᠡᠷᠡᠭᠲᠡᠢ᠃ | — ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠡᠷᠬᠡ | ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠨᠠᠮ ᠪᠠ | ᠤᠯᠤᠰ ᠤᠨ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠨᠠᠮ ᠢ | ᠢᠮᠠᠭᠲᠠ ᠬᠦᠴᠢᠷ ᠪᠡᠷᠬᠡᠰᠢᠶᠡᠯ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ ᠪᠦᠭᠦ ᠠᠷᠠᠳ ᠲᠦᠮᠡᠨ ᠤ ᠬᠠᠮᠤᠭ ᠤᠨ | ᠨᠠᠶᠢᠳᠠᠪᠤᠷᠢᠲᠠᠢ ᠲᠦᠰᠢᠭ ᠲᠤᠯᠭᠠᠭᠤᠷᠢ ᠪᠤᠯᠭᠠᠵᠤ᠂ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠯᠤᠰ | ᠲᠦᠷᠦ ᠶᠢᠨ ᠨᠢᠭᠲᠠᠷᠠᠯ ᠤᠨ ᠬᠦᠴᠦᠨ᠂ ᠬᠥᠭᠵᠢᠯᠲᠡ ᠶᠢᠨ ᠢᠲᠡᠭᠡᠯ ᠵᠣᠷᠢᠭ ᠲᠠᠢ ᠪᠠᠶᠢᠬᠤ ᠶᠢ ᠦᠨᠡᠨ ᠬᠦ ᠪᠠᠲᠤᠯᠠᠵᠤ᠂ | ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠤᠨ᠎ᠠ᠃ | — ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠨ᠎ᠠ᠃ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠲᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠥᠪᠡᠷ ᠤᠨ ᠬᠦᠴᠦ ᠪᠠᠷ ᠢᠶᠠᠨ | ᠳᠡᠭᠵᠢᠷᠡᠬᠦ ᠶᠢ ᠪᠠᠷᠢᠮᠲᠠᠯᠠᠵᠤ᠂ ᠵᠠᠮ ᠢᠶᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠬᠤ ᠶᠢ | ᠪᠠᠷᠢᠮᠲᠠᠯᠠᠵᠤ᠂ ᠲᠦᠭᠵᠢᠮᠡᠯ ᠬᠥᠰᠢᠭᠦᠨ ᠬᠠᠭᠤᠴᠢᠨ ᠵᠠᠮ ᠢᠶᠠᠷ ᠶᠠᠪᠤᠬᠤ ᠦᠭᠡᠢ ᠪᠥᠭᠡᠳ ᠲᠤᠭ ᠲᠡᠮᠳᠡᠭ ᠢᠶᠠᠨ ᠬᠠᠯᠠᠬᠤ | ᠭᠠᠵᠢᠭᠤ ᠵᠠᠮ ᠢᠶᠠᠷ ᠶᠠᠪᠤᠬᠤ ᠦᠭᠡᠢ ᠪᠠᠶᠢᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ | ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ | ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠷᠢᠮᠲᠠᠯᠠᠨ᠎ᠠ᠃ | — ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠬᠠᠮᠠᠭᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ | ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠲᠠᠰᠤᠷᠠᠯᠳᠠ ᠦᠭᠡᠢ ᠪᠡᠶᠡᠯᠡᠭᠦᠯᠵᠦ᠂ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ | ᠬᠦᠷᠲᠡᠭᠡᠨ᠎ᠡ᠃ | — ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠎ᠠ᠃ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠭᠦ ᠶᠢ ᠭᠦᠨᠵᠡᠭᠡᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠨᠡᠭᠡᠭᠡᠯᠲᠡ ᠬᠢᠬᠦ ᠶᠢ ᠥᠷᠭᠡᠳᠬᠡᠵᠦ᠂ ᠭᠦᠨ | ᠳᠠᠪᠬᠤᠷᠭ᠎ᠠ ᠶᠢᠨ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠰᠢᠢᠳᠪᠦᠷᠢᠯᠡᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠲᠠᠰᠤᠷᠠᠯᠲᠠ ᠦᠭᠡᠢ ᠢᠯᠡᠷᠡᠭᠦᠯᠵᠦ᠂ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠬᠦᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ | ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠤᠨ᠎ᠠ᠃ | — ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ᠃ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠴᠢᠩᠭᠠᠷᠠᠭᠤᠯᠵᠤ᠂ | ᠭᠠᠵᠢᠭᠤ ᠪᠤᠷᠤᠭᠤ ᠶᠢ ᠢᠲᠡᠭᠡᠭᠦ ᠦᠭᠡᠢ᠂ ᠪᠤᠭ ᠴᠢᠳᠬᠦᠷ ᠠᠴᠠ ᠠᠶᠤᠬᠤ ᠦᠭᠡᠢ᠂ ᠳᠠᠷᠤᠯᠲᠠ ᠠᠴᠠ ᠰᠦᠷᠳᠡᠭᠦ ᠦᠭᠡᠢ ᠪᠠᠷ | ᠬᠦᠴᠢᠷ ᠢ ᠮᠡᠳᠡᠵᠦ ᠪᠠᠶᠢᠭᠠᠳ ᠬᠦᠴᠦᠯᠡᠨ ᠲᠡᠮᠡᠦᠯᠵᠦ᠂ ᠬᠦᠴᠢᠷ ᠢ ᠰᠥᠷᠦᠨ ᠤᠷᠤᠭᠰᠢᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ | ᠪᠠ ᠥᠷᠢᠰᠦᠯᠳᠦᠭᠡᠨ ᠢ ᠪᠦᠭᠦ ᠬᠦᠴᠦᠨ ᠢᠶᠠᠷ ᠢᠶᠠᠨ ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ | ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠦᠷᠢᠶ᠎ᠡ ᠶᠢ ᠨᠡᠭᠡᠭᠡᠨ᠎ᠡ᠃ | ᠨᠥᠬᠦᠳ ᠠ᠋︕ ᠥᠨᠥᠳᠥᠷ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ | ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠦ ᠦᠶ᠎ᠡ ᠠᠴᠠ ᠢᠯᠡᠭᠦᠦ ᠣᠶᠢᠷᠠᠳᠴᠤ᠂ ᠨᠡᠩ ᠢᠯᠡᠭᠦᠦ ᠢᠲᠡᠭᠡᠯ ᠪᠠ ᠴᠢᠳᠠᠪᠤᠷᠢ | ᠲᠠᠢ ᠪᠣᠯᠵᠠᠢ᠂ ᠡᠭᠦᠨ ᠤ ᠬᠠᠮᠲᠤ ᠡᠷᠬᠡᠪᠰᠢ ᠨᠡᠩ ᠬᠠᠲᠠᠭᠤ ᠪᠡᠷᠬᠡ ᠲᠠᠢ᠂ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ | ᠭᠠᠷᠭᠠᠬᠤ ᠪᠠᠷ ᠪᠡᠯᠡᠳᠬᠡᠬᠦ ᠬᠡᠷᠡᠭᠲᠡᠢ᠃ ᠪᠦᠭᠦ ᠨᠠᠮ ᠢᠶᠠᠷ ᠢᠶᠠᠨ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠵᠣᠷᠢᠭᠲᠠᠢ | ᠵᠢᠳᠬᠦᠵᠦ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠨ ᠬᠤᠪᠢᠷᠠᠯᠲᠠ ᠶᠢ | ᠡᠷᠢᠯᠬᠢᠯᠡᠵᠦ᠂ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠢᠯᠠᠯᠲᠠ ᠶᠢ ᠲᠠᠰᠤᠷᠠᠯᠲᠠ ᠦᠭᠡᠢ | ᠲᠡᠮᠡᠴᠡᠨ ᠣᠯᠰᠤᠭᠠᠢ︕ | ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠤᠨ᠎ᠠ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠬᠥᠭᠵᠢᠭᠦᠯᠬᠦ ᠪᠣᠯ ᠨᠠᠮ ᠤᠨ ᠲᠥᠷᠥ ᠪᠠᠷᠢᠵᠤ ᠤᠯᠤᠰ ᠢᠶᠠᠨ | ᠮᠠᠨᠳᠤᠭᠤᠯᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠪᠣᠳᠠᠰ ᠤᠨ ᠪᠠ ᠮᠡᠷᠭᠡᠵᠢᠯ ᠤᠨ ᠪᠠᠲᠤ ᠰᠠᠭᠤᠷᠢ ᠪᠠᠶᠢᠬᠤ | ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ | ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠴᠠᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ | ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠤᠯᠭᠠᠬᠰᠠᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ | ᠤᠨ ᠬᠤᠣᠰ ᠣᠷᠴᠢᠯ ᠤᠨ ᠬᠠᠷᠢᠯᠴᠠᠨ ᠠᠬᠢᠭᠤᠯᠤᠯᠴᠠᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ | ᠪᠠᠶᠢᠭᠤᠯᠤᠨ᠎ᠠ᠃ | ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠤᠯᠭᠠᠬᠤ ᠶᠢ ᠪᠠᠷᠢᠮᠲᠠᠯᠠᠨ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠯᠦᠭᠡ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠤᠨ | ᠳᠣᠲᠣᠭᠠᠳᠤ ᠬᠦᠳᠡᠯᠭᠡᠬᠦ ᠬᠦᠴᠦᠨ ᠪᠣᠯᠣᠨ ᠨᠠᠶᠢᠳᠠᠪᠤᠷᠢᠲᠤ ᠴᠢᠨᠠᠷ ᠢ ᠴᠢᠩᠭᠠᠳᠬᠠᠨ᠂ ᠣᠯᠠᠨ ᠤᠯᠤᠰ | ᠤᠨ ᠣᠷᠴᠢᠯ ᠤᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠬᠦᠴᠦᠯᠡᠨ | ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ | ᠠᠮᠤᠷ ᠲᠦᠪᠰᠢᠨ ᠤ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠪᠣᠯᠣᠨ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ | ᠳᠡᠭᠡᠭᠰᠢᠯᠡᠯᠲᠡ ᠪᠣᠯᠣᠨ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃ | ︵ᠨᠢᠭᠡ︶ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ | ᠪᠠᠶᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠪᠠᠷ ᠵᠣᠷᠢᠭᠵᠢᠭᠤᠯᠤᠨ ᠳᠡᠮᠵᠢᠭᠦ ᠪᠠ | ᠬᠥᠲᠥᠯᠥᠨ ᠵᠢᠯᠤᠭᠤᠳᠴᠤ᠂ ᠡᠬᠢ ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠎ᠠ᠃ | ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠢ ᠰᠢᠯᠢᠳᠡᠭᠵᠢᠭᠦᠯᠬᠦ | ᠪᠠ ᠪᠦᠲᠦᠴᠡ ᠶᠢ ᠲᠣᠬᠢᠷᠠᠭᠤᠯᠬᠤ ᠶᠢ ᠲᠦᠷᠭᠡᠳᠬᠡᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠣᠯᠣᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠵᠤ | ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ | ᠣᠨᠴᠠᠯᠢᠭ ᠲᠠᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯᠲᠠᠨ ᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠤᠨ᠎ᠠ | ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠵᠠᠰᠠᠭ ᠢ ᠴᠤᠮᠬᠠᠳᠬᠠᠨ ᠡᠷᠬᠡ ᠶᠢ | ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠵᠤ᠂ ᠡᠯᠧᠮᠧᠨ᠋ᠲ ᠤᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ | ᠪᠠᠶᠢᠭᠤᠯᠤᠨ᠎ᠠ᠃ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ | ᠭᠤᠣᠯᠴᠢ ᠪᠠᠷ ᠥᠷᠢᠰᠦᠯᠳᠦᠬᠦ᠂ ᠨᠡᠶᠢᠭᠡᠮ ᠤᠨ ᠦᠨᠡᠨᠴᠢ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ | ᠰᠠᠭᠤᠷᠢ ᠳᠦᠷᠢᠮ ᠢ ᠲᠡᠭᠦᠯᠳᠡᠷᠵᠢᠭᠦᠯᠵᠦ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠬᠤᠷᠸ᠎ᠠ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠡᠳ᠋ ᠤᠨ ᠵᠠᠰᠠᠭ | ᠤᠨ ᠲᠥᠷᠥ ᠶᠢᠨ ᠪᠣᠳᠣᠯᠭ᠎ᠠ ᠪᠠ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠨ᠂ ᠳᠣᠲᠣᠭᠠᠳᠤ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ | ᠳᠤ ᠦᠵᠡᠭᠦᠯᠭᠦ ᠰᠠᠭᠤᠷᠢ ᠴᠢᠨᠠᠷᠲᠠᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠬᠠᠩᠭᠠᠯᠭ᠎ᠠ ᠶᠢᠨ ᠪᠦᠲᠦᠴᠡ ᠶᠢ | ᠰᠢᠯᠢᠳᠡᠭᠵᠢᠭᠦᠯᠬᠦ ᠳᠤ ᠦᠵᠡᠭᠦᠯᠭᠦ ᠵᠠᠩᠭᠢᠯᠠᠭ᠎ᠠ ᠶᠢᠨ ᠦᠢᠯᠡᠳᠦᠯ ᠢ ᠴᠢᠩᠭᠠᠳᠬᠠᠨ᠎ᠠ᠃ ᠣᠳᠣ ᠦᠶ᠎ᠡ ᠶᠢᠨ ᠲᠥᠰᠥᠪ ᠤᠨ | ᠳᠦᠷᠢᠮ ᠢ ᠲᠡᠭᠦᠯᠳᠡᠷᠵᠢᠭᠦᠯᠵᠦ᠂ ᠭᠠᠶᠢᠯᠢ ᠶᠢᠨ ᠳᠦᠷᠢᠮ ᠤᠨ ᠪᠦᠲᠦᠴᠡ ᠶᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ | ᠰᠢᠯᠵᠢᠭᠦᠯᠦᠨ ᠥᠭᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠦᠨ᠂ ᠣᠳᠣ ᠦᠶ᠎ᠡ ᠶᠢᠨ ᠲᠥᠪ ᠪᠠᠩᠬᠢ ᠶᠢᠨ ᠳᠦᠷᠢᠮ ᠢ ᠪᠠᠶᠢᠭᠤᠯᠵᠤ᠂ ᠣᠳᠣ ᠦᠶ᠎ᠡ ᠶᠢᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠣᠭᠲᠠᠭᠤᠨ | ᠪᠠᠶᠢᠳᠠᠯ ᠢ ᠪᠠᠲᠤᠯᠠᠬᠤ ᠰᠢᠰᠲ᠋ᠧᠮ ᠢ ᠴᠢᠩᠭᠠᠷᠠᠭᠤᠯᠤᠨ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ | ᠪᠦᠭᠦᠨ ᠢ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠰᠠᠬᠢᠨ᠎ᠠ᠃ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ | ᠲᠡᠭᠦᠯᠳᠡᠷᠵᠢᠭᠦᠯᠵᠦ᠂ ᠰᠢᠭᠤᠳ ᠪᠡᠯᠡ ᠬᠤᠷᠠᠮᠳᠤᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠭᠠᠭᠴᠠᠭᠠᠷ ᠡᠵᠡᠮᠰᠢᠯ ᠢ | ᠡᠰᠡᠷᠭᠦᠴᠡᠬᠦ ᠪᠠ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠠᠵᠢᠯ ᠢ ᠴᠢᠩᠭᠠᠳᠬᠠᠵᠤ᠂ ᠣᠷᠣᠨ ᠨᠤᠲᠤᠭ ᠤᠨ | ᠬᠠᠮᠠᠭᠠᠯᠠᠯᠲᠠ ᠪᠣᠯᠣᠨ ᠵᠠᠰᠠᠭ ᠵᠠᠬᠢᠷᠭᠠᠨ ᠤ ᠴᠢᠨᠠᠷᠲᠠᠢ ᠭᠠᠭᠴᠠᠭᠠᠷ ᠡᠵᠡᠮᠰᠢᠯ ᠢ ᠡᠪᠳᠡᠵᠦ᠂ ᠬᠥᠷᠥᠩᠭᠡ ᠶᠢᠨ ᠡᠷᠡᠭᠦᠯ ᠢᠶᠠᠷ | ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠤᠨ ᠬᠥᠲᠥᠯᠥᠨ ᠵᠢᠯᠣᠭᠤᠳᠤᠨ᠎ᠠ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠵᠤ ᠠᠬᠤᠢ ᠶᠢ ᠬᠥᠭᠵᠢᠭᠦᠯᠬᠦ | ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ | ᠬᠦᠴᠦᠷᠬᠡᠭ ᠤᠯᠤᠰ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠵᠠᠮ ᠬᠠᠷᠢᠯᠴᠠᠭᠠᠨ ᠤ ᠬᠦᠴᠦᠷᠬᠡᠭ ᠤᠯᠤᠰ᠂ | ᠢᠨᠲ᠋ᠧᠷ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠲᠦᠷᠭᠡᠳᠬᠡᠨ ᠪᠦᠲᠦᠭᠡᠨ | ᠪᠠᠶᠢᠭᠤᠯᠤᠨ᠎ᠠ᠃ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠢᠨᠵᠧᠨᠧᠷᠢᠩ ᠪᠣᠯᠣᠨ ᠴᠢᠬᠤᠯᠠ ᠶᠡᠭᠡ ᠲᠸᠭᠨᠢᠭ | ᠮᠡᠷᠭᠡᠵᠢᠯ ᠤᠨ ᠮᠠᠰᠢᠨ ᠲᠣᠨᠣᠭᠯᠠᠯ ᠤᠨ ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠵᠦ᠂ ᠲᠤᠰᠬᠠᠶᠢᠵᠢᠭᠰᠠᠨ | ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠦᠢᠯᠡᠳᠭᠦ ᠦᠢᠯᠡᠰ ᠤᠨ | ᠳᠡᠭᠡᠳᠦ ᠳᠡᠰᠵᠢᠭᠦ᠂ ᠣᠶᠤᠨᠴᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭᠲᠤ ᠠᠵᠤ ᠦᠢᠯᠡᠰ | ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠦᠨ᠂ ᠠᠮᠤᠷ ᠲᠦᠪᠰᠢᠨ ᠬᠥᠭᠵᠢᠯᠲᠡ ᠳᠤ ᠬᠤᠯᠪᠣᠭᠳᠠᠬᠤ ᠬᠦᠷᠢᠶ᠎ᠡ | ᠴᠠᠷᠠᠭᠠᠨ ᠳᠠᠬᠢ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ | ᠤᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠬᠥᠭᠵᠢᠵᠦ ᠪᠠᠶᠢᠭ᠎ᠠ ᠠᠵᠤ ᠦᠢᠯᠡᠰ ᠤᠨ ᠠᠭᠤᠰᠤᠯᠴᠠᠨ ᠪᠦᠯᠦᠭᠵᠢᠵᠦ ᠭᠦᠭᠵᠢᠭᠦ ᠶᠢ ᠠᠬᠢᠭᠤᠯᠵᠤ᠂ ᠰᠢᠨ᠎ᠡ | ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤᠨ ᠮᠡᠷᠭᠡᠵᠢᠯ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠳᠡᠭᠡᠳᠦ ᠳᠡᠰ ᠤᠨ ᠮᠠᠰᠢᠨ ᠲᠣᠨᠣᠭᠯᠠᠯ᠂ ᠪᠣᠬᠢᠷᠳᠤᠯ ᠦᠭᠡᠢ ᠣᠷᠴᠢᠨ ᠲᠣᠭᠤᠷᠢᠨ | ᠤ ᠬᠠᠮᠠᠭᠠᠯᠠᠯᠲᠠ ᠵᠡᠷᠭᠡ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠠᠶᠢᠭᠤᠯᠤᠨ᠎ᠠ᠃ ᠴᠢᠨᠠᠷ ᠰᠠᠶᠢᠲᠠᠢ ᠥᠨᠳᠥᠷ | ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠵᠤ᠂ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠢ ᠲᠡᠷᠢᠭᠦᠨ ᠤ ᠦᠢᠯᠡᠳᠭᠦ ᠦᠢᠯᠡᠰ᠂ ᠣᠳᠣ ᠦᠶ᠎ᠡ ᠶᠢᠨ ᠬᠥᠳᠡᠭᠡ ᠠᠵᠤ ᠠᠬᠤᠢ ᠲᠠᠢ ᠭᠦᠨᠵᠡᠭᠡᠢ | ᠠᠭᠤᠰᠤᠯᠴᠠᠭᠤᠯᠬᠤ ᠶᠢ ᠠᠬᠢᠭᠤᠯᠤᠨ᠎ᠠ᠃ ᠪᠣᠳᠠᠰ ᠤᠳ ᠢ ᠬᠠᠷᠢᠯᠴᠠᠨ ᠬᠤᠯᠪᠣᠬᠤ ᠢᠨᠲ᠋ᠧᠷ ᠰᠦᠯᠵᠢᠶ᠎ᠡ ᠶᠢ ᠲᠦᠷᠭᠡᠳᠬᠡᠨ | ᠬᠥᠭᠵᠢᠭᠦᠯᠵᠦ᠂ ᠥᠨᠳᠥᠷ ᠪᠦᠲᠦᠮᠵᠢᠲᠡᠢ ᠪᠥᠭᠡᠳ ᠢᠯᠭᠤᠮ ᠰᠢᠯᠤᠭᠤᠨ ᠭᠦᠢᠯᠭᠡᠭᠡ ᠶᠢᠨ ᠰᠢᠰᠲ᠋ᠧᠮ ᠢ ᠪᠠᠶᠢᠭᠤᠯᠵᠤ᠂ ᠡᠳ᠋ | ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ | ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ | ᠢ ᠠᠬᠢᠭᠤᠯᠵᠤ᠂ ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠦᠯᠦᠭᠵᠢᠯ ᠢ | ᠴᠣᠭᠴᠠᠯᠠᠨ᠎ᠠ᠃ ᠰᠠᠭᠤᠷᠢ ᠲᠥᠬᠦᠭᠡᠷᠦᠮᠵᠢ ᠶᠢᠨ ᠪᠠᠶᠢᠷᠢᠰᠢᠯ᠂ ᠪᠦᠲᠦᠴᠡ᠂ ᠴᠢᠳᠠᠮᠵᠢ ᠪᠠ ᠰᠢᠰᠲ᠋ᠧᠮ ᠤᠨ ᠴᠤᠭᠯᠠᠷᠠᠯ ᠢ | ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠪᠡᠷᠬᠡ | ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠠᠶᠢᠨ᠎ᠠ᠃ ᠬᠥᠳᠡᠭᠡ ᠠᠵᠤ | ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ᠂ ᠬᠤᠳᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠬᠦᠴᠦᠨ ᠵᠦᠢᠯᠡᠰ ᠤᠨ ᠰᠢᠯᠵᠢᠯᠲᠡ ᠶᠢ ᠰᠢᠯᠤᠭᠤᠳᠬᠠᠨ᠎ᠠ᠃ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ | ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ | ᠪᠠᠬᠢᠵᠢᠭᠦᠯᠦᠨ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ | ᠰᠠᠬᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠦᠨ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠲᠣᠨᠣᠭᠯᠠᠯ | ᠤᠨ ᠲᠤᠯᠭᠠᠭᠤᠷᠢᠯᠠᠯ ᠢ ᠴᠢᠩᠭᠠᠳᠬᠠᠵᠤ᠂ ᠠᠮᠤ ᠪᠤᠳᠠᠭᠠᠨ ᠤ ᠲᠠᠷᠢᠮᠠᠯ ᠳᠠᠷᠢᠭᠰᠠᠨ ᠲᠠᠷᠢᠶᠠᠴᠢᠳ ᠤᠨ ᠠᠰᠢᠭ ᠣᠷᠣᠯᠭ᠎ᠠ ᠶᠢ | ᠪᠠᠲᠤᠯᠠᠬᠤ ᠲᠣᠭᠲᠠᠴᠠ ᠪᠣᠯᠣᠨ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢ ᠨᠥᠬᠦᠪᠦᠷᠢᠯᠡᠬᠦ ᠲᠣᠭᠲᠠᠴᠠ ᠶᠢ | ᠪᠦᠷᠢᠨᠰᠢᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠪᠠᠲᠤ ᠪᠠᠶᠢᠯᠭᠠᠬᠤ ᠶᠢ ᠦᠨᠡᠨ | ᠬᠦ ᠪᠠᠲᠤᠯᠠᠨ᠎ᠠ᠃ ᠬᠠᠮ ᠢᠳᠡᠭᠡᠨ ᠤ ᠦᠵᠡᠯᠲᠡ ᠶᠢ ᠪᠤᠶ ᠪᠤᠯᠭᠠᠵᠤ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠂ | ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ | ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ | ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠣᠨ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ | ᠤ ᠳᠣᠲᠣᠭᠠᠳᠤ ᠬᠥᠭᠵᠢᠯᠲᠡ ᠶᠢᠨ ᠬᠦᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ ᠲᠣᠰᠬᠤᠨ | ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ | ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ | ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ | ᠡᠵᠡᠩᠨᠡᠯᠲᠡ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠠᠷᠢᠶᠠᠴᠢᠳ ᠲᠤ ᠨᠠᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ ᠬᠤᠲᠠ ᠳᠤ | ᠡᠷᠦᠭᠡ ᠠᠮᠠ ᠣᠷᠣᠭᠰᠠᠨ ᠲᠠᠷᠢᠶᠠᠴᠢᠳ ᠤᠨ ᠬᠠᠤᠯᠢ ᠶᠣᠰᠣᠨ ᠤ ᠭᠠᠵᠠᠷ ᠰᠢᠷᠣᠢ ᠶᠢᠨ ᠡᠷᠬᠡ ᠠᠰᠢᠭ ᠢ ᠪᠠᠲᠤᠯᠠᠵᠤ᠂ | ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠦᠨ᠎ᠡ ᠲᠥᠯᠥᠪᠦᠷᠢ ᠲᠠᠢ ᠪᠠᠷ ᠰᠢᠯᠵᠢᠭᠦᠯᠭᠦ ᠶᠢ ᠵᠣᠷᠢᠭᠵᠢᠭᠤᠯᠤᠨ᠎ᠠ᠃ | ᠬᠥᠳᠡᠭᠡ ᠠᠵᠤ ᠠᠬᠤᠢ ᠶᠢ ᠲᠡᠮᠵᠢᠵᠦ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ︵ᠳᠥᠷᠪᠡ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ ᠰᠠᠶᠢᠲᠠᠢ | ᠬᠥᠭᠵᠢᠯᠲᠡ ᠶᠢᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ ᠳᠡᠪᠢᠰᠬᠡᠷ | ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ | ᠠᠬᠢᠭᠤᠯᠤᠨ ᠰᠢᠨ᠎ᠡ ᠪᠠᠶᠢᠷᠢᠰᠢᠯ ᠢ ᠪᠤᠢ ᠪᠤᠯᠭᠠᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ ᠳᠤᠮᠳᠠ ᠪᠡᠶ᠎ᠡ ᠶᠢᠨ ᠭᠠᠵᠠᠷ ᠣᠷᠣᠨ ᠤ | ᠲᠦᠷᠭᠡᠪᠴᠢᠯᠡᠨ ᠭᠦᠭᠵᠢᠭᠦ ᠶᠢ ᠠᠬᠢᠭᠤᠯᠵᠤ᠂ ᠵᠡᠭᠦᠨ ᠪᠡᠶ᠎ᠡ ᠶᠢᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠳᠬᠡᠨ | ᠠᠬᠢᠭᠤᠯᠬᠤ ᠶᠢ ᠵᠣᠷᠢᠭᠵᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ᠂ ᠦᠨᠳᠦᠰᠦᠲᠡᠨ ᠤ ᠭᠠᠵᠠᠷ ᠣᠷᠣᠨ ᠤ | ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ | ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ | ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ | ᠶᠢ ᠠᠬᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ | ᠪᠠᠶᠢᠭᠤᠯᠵᠤ᠂ ᠴᠧᠩᠳᠦ᠋ ᠴᠦᠩᠴᠢᠩ ᠤᠨ ᠭᠠᠵᠠᠷ ᠣᠷᠣᠨ ᠤ ᠬᠤᠣᠰ ᠬᠤᠳᠠ ᠶᠢᠨ ᠠᠵᠤ ᠠᠬᠤᠢ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ | ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠬᠥᠮᠥᠨ ᠢᠶᠠᠷ ᠭᠤᠣᠯ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠵᠤ᠂ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠲᠦᠷᠭᠡᠳᠬᠡᠨ᠎ᠡ᠃ ᠬᠤᠲᠠ ᠶᠢᠨ | ᠰᠦᠷᠦᠭᠵᠢᠯ᠂ ᠬᠤᠲᠠ ᠶᠢᠨ ᠴᠠᠭᠠᠷᠢᠭ ᠢᠶᠠᠷ ᠲᠦᠰᠢᠭ ᠪᠣᠯᠭᠠᠨ ᠲᠣᠮᠣ ᠳᠤᠮᠳᠠ ᠪᠠᠭ᠎ᠠ ᠬᠤᠲᠠ ᠶᠢᠨ ᠵᠣᠬᠢᠴᠠᠩᠭᠤᠢ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ | ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠭᠡᠲᠦ ᠲᠣᠮᠣ ᠣᠨᠴᠠ | ᠲᠣᠮᠣ ᠬᠤᠲᠠ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ ᠲᠦᠷᠭᠡᠳᠬᠡᠨ ᠬᠤᠪᠢᠷᠠᠭᠤᠯᠵᠤ᠂ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠶᠢ | ᠪᠦᠲᠦᠭᠡᠨ ᠪᠠᠶᠢᠭᠤᠯᠤᠨ᠎ᠠ᠃ ᠳᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠵᠦ᠂ ᠳᠠᠯᠠᠢ ᠲᠠᠩᠭᠢᠰ ᠤᠨ ᠠᠮᠢ ᠠᠬᠤᠢ | ᠣᠷᠴᠢᠨ ᠲᠣᠭᠤᠷᠢᠨ ᠢ ᠬᠠᠮᠠᠭᠠᠯᠠᠵᠤ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ | ᠃ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠤᠨ᠎ᠠ᠃ ᠮᠠᠨ ᠤ ᠤᠯᠤᠰ ᠤᠨ ᠭᠡᠳᠤ ᠶᠡᠭᠡ | ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ | ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠣᠯᠳᠤᠨ ᠬᠥᠳᠡᠯᠦᠯᠴᠡᠬᠦ ᠦᠷ᠎ᠡ ᠠᠰᠢᠭ ᠢ ᠨᠡᠮᠡᠭᠳᠡᠭᠦᠯᠦᠨ᠂ | ᠠᠷᠠᠯᠵᠢᠶ᠎ᠠ ᠪᠡᠯᠡ ᠣᠷᠣᠭᠤᠯᠤᠯᠲᠠ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠦᠨ᠎ᠡ᠃ ᠳᠦᠷᠢᠮ᠂ | ᠳᠦᠷᠢᠮ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠨ᠎ᠡ᠃ ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠡᠰ ᠳᠡᠪᠰᠢᠭᠦᠯᠭᠦ ᠶᠢ ᠠᠬᠢᠭᠤᠯᠵᠤ᠂ ᠦᠢᠯᠡᠴᠢᠯᠡᠭᠡᠨ ᠤ | ᠠᠷᠠᠯᠵᠢᠶᠠᠨ ᠤ ᠬᠥᠭᠵᠢᠯᠲᠡ ᠶᠢᠨ ᠲᠣᠭᠲᠠᠴᠠ ᠶᠢᠨ ᠰᠢᠨ᠎ᠡ ᠶᠢ ᠡᠭᠦᠳᠦᠨ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ᠂ | ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠭᠠᠳᠠᠭᠠᠳᠤ ᠪᠡᠯᠡ ᠶᠢᠨ ᠣᠷᠣᠬᠤ ᠶᠢ | ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠣᠬᠢᠰᠲᠠᠢ ᠪᠠᠭᠠᠰᠬᠠᠵᠤ᠂ ᠭᠠᠳᠠᠭᠠᠳᠤ ᠶᠢᠨ ᠠᠷᠠᠯᠵᠢᠶᠠᠴᠢᠨ ᠤ | ᠪᠡᠯᠡ ᠣᠷᠣᠭᠤᠯᠤᠯᠲᠠ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠬ᠎ᠠ ᠳᠡᠯᠭᠡᠭᠦᠷᠵᠢᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠣᠯᠭᠠᠨ᠎ᠠ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠷᠣᠨ | ᠪᠦᠰᠡ ᠶᠢᠨ ᠨᠡᠭᠡᠭᠡᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠡᠭᠦᠨ ᠪᠡᠶ᠎ᠡ ᠶᠢᠨ ᠲᠠᠯᠠᠢ ᠳᠠᠭᠠᠤ ᠣᠷᠣᠨ ᠤ | ᠨᠡᠭᠡᠭᠡᠯᠲᠡ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠶᠢ ᠪᠠᠬᠢᠵᠢᠭᠦᠯᠦᠨ᠂ ᠳᠤᠮᠳᠠ ᠪᠡᠶ᠎ᠡ ᠪᠠᠷᠠᠭᠤᠨ ᠪᠡᠶ᠎ᠡ ᠶᠢᠨ ᠭᠠᠵᠠᠷ | ᠣᠷᠣᠨ ᠪᠣᠯᠣᠨ ᠵᠡᠭᠦᠨ ᠬᠤᠶᠢᠲᠤ ᠣᠷᠣᠨ ᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠪᠠᠷᠠᠭᠤᠨ ᠣᠷᠣᠨ ᠤ | ᠡᠬᠡ ᠬᠠᠭᠤᠷᠠᠢ ᠲᠠᠯᠠᠢ ᠲᠠᠩᠭᠢᠰ ᠤᠨ ᠰᠢᠨ᠎ᠡ ᠨᠡᠪᠲᠡᠷᠡᠬᠦ ᠵᠠᠮ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠬᠠᠶᠢᠨᠠᠨ ᠤ | ᠴᠢᠯᠦᠭᠡᠲᠦ ᠠᠷᠠᠯᠵᠢᠶᠠᠨ ᠤ ᠭᠠᠷᠠᠮ ᠢ ᠲᠦᠷᠭᠡᠳᠬᠡᠨ ᠪᠦᠲᠦᠭᠡᠨ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ | ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠥᠷᠭᠡᠳᠬᠡᠨ᠎ᠡ᠃ ᠠᠷᠠᠳ ᠤᠨ ᠵᠣᠭᠤᠰ ᠤᠨ | ᠳᠡᠯᠡᠬᠡᠶᠢᠵᠢᠯᠲᠡ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠪᠦᠭᠦ ᠪᠥᠮᠪᠥᠷᠴᠡᠭ ᠤᠨ ᠠᠵᠤ ᠦᠢᠯᠡᠰ ᠤᠨ ᠠᠵᠢᠯ ᠤᠨ | ᠬᠤᠪᠢᠶᠠᠷᠢᠯᠠᠯ ᠪᠠ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠤᠯᠠᠨ ᠡᠰᠢᠲᠦ ᠪᠥᠭᠡᠳ ᠲᠣᠭᠲᠠᠪᠤᠷᠢᠲᠠᠢ ᠤᠯᠠᠨ | ᠤᠯᠤᠰ ᠤᠨ ᠠᠵᠤ ᠠᠬᠤᠢ ᠶᠢᠨ ᠪᠠᠶᠢᠷᠢᠰᠢᠯ ᠪᠠ ᠠᠵᠤ ᠠᠬᠤᠢ ᠠᠷᠠᠯᠵᠢᠶᠠᠨ ᠤ ᠬᠠᠷᠢᠴᠠᠭ᠎ᠠ ᠶᠢ ᠬᠠᠮᠠᠭᠠᠯᠠᠨ᠎ᠠ᠃ | ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠨ᠎ᠠ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ | ᠶᠢᠨ ᠴᠢᠨᠠᠷᠲᠠᠢ ᠲᠤᠯᠭᠠᠭᠤᠷᠢᠯᠠᠯ ᠮᠥᠨ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ | ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠭᠦ ᠪᠣᠯ ᠨᠢᠭᠡᠳᠦᠭᠡᠷ | ᠬᠦᠳᠡᠯᠭᠡᠬᠦ ᠬᠦᠴᠦᠨ ᠪᠤᠯᠬᠤ ᠶᠢ ᠡᠷᠬᠡᠪᠰᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ | ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ | ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠲᠠᠰᠤᠷᠠᠯᠳᠠ ᠦᠭᠡᠢ ᠪᠤᠢ | ᠪᠣᠯᠭᠠᠨ᠎ᠠ᠃ | ᠪᠢᠳᠡ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠴᠢᠳᠠᠪᠤᠷᠢᠲᠠᠨ ᠤ ᠳᠠᠭᠠᠭᠤᠯᠭ᠎ᠠ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠨ᠂ | ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ | ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠶᠢ ᠪᠠᠷᠢᠮᠲᠠᠯᠠᠨ᠂ ᠴᠢᠳᠠᠪᠤᠷᠢᠲᠠᠨ ᠢ ᠪᠡᠶ᠎ᠡ ᠪᠠᠨ | ᠳᠠᠭᠠᠭᠠᠵᠤ ᠬᠥᠮᠥᠵᠢᠭᠦᠯᠬᠦ ᠴᠢᠨᠠᠷ ᠴᠢᠨᠰᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠶᠢ ᠡᠭᠦᠳᠭᠦ ᠣᠷᠣᠶᠢᠯᠠᠭᠰᠠᠨ | ᠴᠢᠳᠠᠪᠤᠷᠢᠲᠠᠨ ᠢ ᠬᠦᠴᠦᠯᠡᠨ ᠬᠥᠮᠥᠵᠢᠭᠦᠯᠵᠦ᠂ ᠳᠡᠯᠡᠬᠡᠢ ᠳ᠋ᠠᠬᠢᠨ ᠤ ᠡᠷᠳᠡᠮᠲᠡᠨ ᠴᠢᠳᠠᠪᠤᠷᠢᠲᠠᠨ ᠢ ᠴᠤᠭᠯᠠᠭᠤᠯᠤᠨ ᠬᠡᠷᠡᠭᠯᠡᠨ᠎ᠡ᠃ | | ︵ᠨᠢᠭᠡ︶ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠠ᠃ ᠰᠤᠷᠭᠠᠨ ᠬᠥᠮᠦᠵᠢᠯ | ᠪᠣᠯ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠮᠥᠨ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ | ᠬᠡᠷᠬᠢᠨ ᠬᠥᠮᠥᠵᠢᠭᠦᠯᠬᠦ᠂ ᠬᠡᠨ ᠤ ᠲᠥᠯᠥᠭᠡ ᠬᠥᠮᠥᠨ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ | ᠠᠰᠠᠭᠤᠳᠠᠯ ᠮᠥᠨ᠃ ᠬᠥᠮᠥᠨ ᠢ ᠬᠥᠮᠥᠵᠢᠭᠦᠯᠬᠦ ᠶᠢᠨ ᠦᠨᠳᠦᠰᠦ ᠨᠢ ᠶᠣᠰᠣ ᠰᠤᠷᠲᠠᠬᠤᠨ ᠢ ᠪᠤᠢ ᠪᠤᠯᠭᠠᠬᠤ ᠳᠤ ᠪᠠᠶᠢᠨ᠎ᠠ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠶᠣᠰᠣ ᠰᠤᠷᠲᠠᠬᠤᠨ ᠢᠶᠠᠷ | ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠰᠠᠨ ᠰᠤᠷᠭᠠᠨ ᠬᠥᠮᠦᠵᠢᠯ ᠢ | ᠬᠥᠭᠵᠢᠭᠦᠯᠬᠦ ᠶᠢ ᠪᠠᠷᠢᠮᠲᠠᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪ | ᠪᠣᠯᠪᠠᠰᠤᠷᠠᠯ ᠤᠨ ᠰᠤᠷᠭᠠᠨ ᠬᠥᠮᠦᠵᠢᠯ ᠢ ᠬᠥᠭᠵᠢᠭᠦᠯᠦᠨ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠤᠨ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠤᠨᠴᠠᠭᠠᠢ | ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯᠲᠤ ᠬᠥᠭᠵᠢᠯᠲᠡ ᠶᠢ ᠴᠢᠩᠭᠠᠷᠠᠭᠤᠯᠵᠤ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢ ᠣᠯᠠᠨ ᠶᠠᠩᠵᠤᠴᠢᠯᠠᠨ ᠬᠥᠭᠵᠢᠭᠦᠯᠬᠦ ᠶᠢ ᠪᠠᠷᠢᠮᠲᠠᠯᠠᠨ᠂ ᠪᠦᠭᠦ ᠰᠤᠷᠤᠯᠭ᠎ᠠ | ᠶᠢᠨ ᠱᠠᠲᠤ ᠶᠢ ᠬᠠᠮᠤᠷᠤᠭᠰᠠᠨ ᠰᠤᠷᠤᠬᠴᠢᠳ ᠢ ᠲᠤᠰᠠᠯᠠᠨ ᠲᠡᠳᠭᠦᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ | ᠤᠨ ᠬᠠᠮᠵᠢᠯᠴᠠᠨ ᠰᠢᠨ᠎ᠡ ᠶᠢ ᠡᠭᠦᠳᠭᠦ ᠶᠢ ᠨᠢᠭᠡᠳᠦᠯᠲᠡᠢ ᠲᠥᠯᠥᠪᠯᠡᠵᠦ᠂ ᠠᠵᠢᠯ ᠮᠡᠷᠭᠡᠵᠢᠯ ᠪᠠ ᠡᠩ ᠤᠨ ᠰᠤᠷᠭᠠᠨ | ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠢᠨᠵᠢᠯᠡᠬᠦ | ᠤᠬᠠᠭᠠᠨ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠤᠨ ᠲᠥᠷᠥᠯ ᠭᠡᠯᠪᠡᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠎ᠡ᠃ ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ | ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠣᠨ | ᠳᠠᠪᠠᠭᠤᠯᠢᠭᠲᠤ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠠᠷᠠᠳ ᠠᠴᠠ ᠡᠷᠭᠢᠯᠡᠭᠰᠡᠨ ᠰᠤᠷᠭᠠᠨ | ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠤᠷᠭᠠᠨ ᠬᠥᠮᠦᠵᠢᠯ ᠤᠨ ᠬᠦᠷᠢᠶᠡᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ | ᠶᠢ ᠴᠢᠩᠭᠠᠳᠬᠠᠨ᠂ ᠰᠤᠷᠭᠠᠭᠤᠯᠢ ᠶᠢᠨ ᠬᠠᠮᠢᠶᠠᠷᠤᠯᠲᠠ ᠪᠣᠯᠣᠨ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠤᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠥᠨᠳᠥᠷ ᠬᠡᠪ ᠪᠣᠯᠪᠠᠰᠤᠷᠠᠯ ᠲᠠᠢ | ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ | ᠬᠡᠪ ᠰᠤᠷᠲᠠᠯ ᠢ ᠪᠠᠳᠠᠷᠠᠭᠤᠯᠤᠨ᠎ᠠ᠃ ᠰᠤᠷᠭᠠᠨ ᠬᠥᠮᠦᠵᠢᠯ ᠤᠨ ᠲᠣᠭᠠᠴᠢᠯᠠᠯᠲᠠ ᠶᠢ ᠠᠬᠢᠭᠤᠯᠵᠤ᠂ ᠪᠦᠭᠦ ᠠᠷᠠᠳ ᠢᠶᠠᠷ ᠢᠶᠠᠨ | ᠨᠠᠰᠤᠨ ᠲᠤᠷᠰᠢᠲᠠ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ | ᠪᠠᠶᠢᠭᠤᠯᠤᠨ᠎ᠠ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠰᠢᠨ᠎ᠡ ᠶᠢ ᠡᠭᠦᠳᠭᠦ ᠶᠢᠨ ᠮᠠᠨ ᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠠᠬᠢ | ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ | ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠦᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠰᠢᠨ᠎ᠡ ᠶᠢ ᠡᠭᠦᠳᠭᠦ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠵᠤ᠂ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠥᠨᠳᠥᠷ ᠲᠦᠪᠰᠢᠨ ᠪᠦᠬᠦᠢ | ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠤᠨ ᠪᠠᠶᠢᠷᠢ ᠲᠣᠭᠲᠠᠭᠠᠯᠲᠠ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠲᠤᠷᠰᠢᠯᠲᠠ ᠶᠢᠨ ᠲᠠᠰᠤᠭ ᠤᠨ | ᠰᠢᠰᠲ᠋ᠧᠮ ᠢ ᠪᠤᠢ ᠪᠣᠯᠭᠠᠨ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ | ᠲᠥᠪ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ | ᠶᠢᠨ ᠵᠥᠪᠯᠡᠯᠭᠡ ᠥᠭᠭᠦ ᠶᠢ ᠴᠢᠩᠭᠠᠳᠬᠠᠵᠤ᠂ ᠤᠯᠤᠰ ᠤᠨ ᠰᠢᠨ᠎ᠡ ᠶᠢ ᠡᠭᠦᠳᠭᠦ ᠰᠢᠰᠲ᠋ᠧᠮ ᠤᠨ ᠪᠦᠬᠦᠯᠢ ᠴᠣᠭᠴᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠂ ᠮᠡᠳᠡᠯᠭᠡ ᠶᠢᠨ ᠥᠮᠴᠢᠯᠡᠬᠦ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ | ᠂ ᠪᠦᠭᠦ ᠲᠠᠯ᠎ᠠ ᠪᠠᠷ ᠰᠢᠨ᠎ᠡ ᠶᠢ ᠡᠭᠦᠳᠭᠦ ᠶᠢ ᠳᠡᠮᠵᠢᠭᠦ ᠰᠠᠭᠤᠷᠢ ᠳᠦᠷᠢᠮ ᠢ ᠪᠦᠷᠢᠯᠳᠦᠭᠦᠯᠦᠨ᠎ᠡ᠃ ᠰᠢᠨ᠎ᠡ ᠶᠢ ᠡᠭᠦᠳᠭᠦ | ᠰᠣᠶᠣᠯ ᠢ ᠪᠣᠶᠢᠵᠢᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠢᠳᠡᠭ ᠰᠠᠶᠢᠨ | ᠰᠤᠷᠤᠯᠴᠠᠬᠤ ᠰᠤᠷᠲᠠᠯ ᠢ ᠬᠥᠮᠥᠵᠢᠭᠦᠯᠵᠦ᠂ ᠰᠢᠨ᠎ᠡ ᠶᠢ ᠡᠭᠦᠳᠭᠦ ᠠᠭᠤᠷ ᠠᠮᠢᠰᠬᠤᠯ ᠢ ᠪᠤᠢ ᠪᠣᠯᠭᠠᠨ᠎ᠠ᠃ ᠤᠯᠠᠨ ᠤᠯᠤᠰ | ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠂ ᠤᠯᠠᠨ | ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠵᠤ᠂ | ᠳᠡᠯᠡᠬᠡᠢ ᠳ᠋ᠠᠬᠢᠨ ᠳᠤ ᠥᠷᠢᠰᠦᠯᠳᠦᠬᠦ ᠬᠦᠴᠦᠨ ᠪᠦᠬᠦᠢ ᠨᠡᠭᠡᠭᠡᠯᠲᠡᠲᠤ ᠰᠢᠨ᠎ᠡ ᠶᠢ ᠡᠭᠦᠳᠭᠦ ᠠᠮᠢ ᠠᠬᠤᠢ ᠶᠢ ᠪᠤᠢ ᠪᠣᠯᠭᠠᠨ᠎ᠠ᠃ | | ︵ᠭᠤᠷᠪᠠ︶ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠳᠬᠡᠨ | ᠬᠡᠷᠡᠭᠵᠢᠭᠦᠯᠦᠨ᠎ᠡ᠃ ᠳᠡᠯᠡᠬᠡᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠬᠤ᠂ ᠠᠵᠤ | ᠠᠬᠤᠢ ᠶᠢᠨ ᠭᠤᠣᠯ ᠳᠠᠶᠢᠯᠠᠯᠳᠤᠭᠠᠨ ᠤ ᠲᠠᠯᠠᠪᠤᠷ ᠲᠤ ᠬᠠᠨᠳᠤᠭᠤᠯᠬᠤ᠂ ᠤᠯᠤᠰ ᠤᠨ ᠴᠢᠬᠤᠯᠠ ᠶᠡᠭᠡ ᠬᠡᠷᠡᠭᠴᠡᠭᠡ | ᠱᠠᠭᠠᠷᠳᠠᠯᠭ᠎ᠠ ᠳᠤ ᠬᠠᠨᠳᠤᠭᠤᠯᠬᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠬᠤ ᠶᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠲᠦᠷᠭᠡᠳᠬᠡᠨ ᠪᠡᠶᠡᠯᠡᠭᠦᠯᠦᠨ᠎ᠡ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ | ᠤᠤᠭᠠᠯ ᠡᠭᠦᠳᠦᠯᠲᠡ ᠶᠢᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠪᠡᠷᠬᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠣᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠦᠭᠦ | ᠲᠠᠯ᠎ᠠ ᠶᠢᠨ ᠴᠢᠨᠠᠷᠲᠠᠢ ᠪᠠᠷᠠᠯᠠᠯᠳᠦ ᠴᠢᠨᠠᠷᠲᠠᠢ ᠨᠢᠭᠡ ᠪᠦᠯᠦᠭ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ | ᠪᠠᠨ ᠴᠢᠩᠭᠠᠳᠬᠠᠨ᠎ᠠ᠃ ᠰᠠᠭᠤᠷᠢ ᠰᠤᠳᠤᠯᠭᠠᠨ ᠢ ᠴᠢᠩᠭᠠᠳᠬᠠᠵᠤ᠂ ᠤᠤᠭᠠᠯ ᠡᠭᠦᠳᠦᠯᠲᠡ ᠶᠢ ᠲᠣᠪᠤᠶᠢᠯᠭᠠᠨ᠂ ᠴᠢᠯᠦᠭᠡᠲᠡᠢ | ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠯᠡ ᠣᠷᠣᠭᠤᠯᠤᠯᠲᠠ | ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠵᠠᠷᠤᠳᠠᠯ ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ | ᠶᠢ ᠡᠭᠦᠳᠭᠦ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠶᠢ ᠴᠢᠩᠭᠠᠳᠬᠠᠵᠤ᠂ ᠬᠠᠷᠠᠯᠲᠠ ᠪᠠᠷ | ᠤᠳᠤᠷᠢᠳᠤᠮᠵᠢ ᠪᠤᠯᠭᠠᠬᠤ ᠶᠢ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ | ᠪᠠᠭ᠎ᠠ ᠵᠢᠵᠢᠭ ᠠᠵᠤ ᠠᠬᠤᠶᠢᠯᠠᠯ ᠤᠨ ᠦᠰᠦᠨ ᠪᠣᠶᠢᠵᠢᠬᠤ ᠳᠤ ᠠᠰᠢᠭᠲᠠᠢ ᠰᠢᠯᠢᠳᠡᠭ ᠰᠠᠶᠢᠨ ᠣᠷᠴᠢᠨ ᠨᠥᠬᠦᠴᠡᠯ ᠢ ᠪᠤᠶ | ᠪᠤᠯᠭᠠᠵᠤ᠂ ᠰᠢᠨ᠎ᠡ ᠶᠢ ᠡᠭᠦᠳᠭᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠴᠢᠳᠠᠪᠤᠷᠢᠲᠠᠨ | ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ︵ᠳᠥᠷᠪᠡ︶ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠬᠡᠷᠡᠭᠵᠢᠭᠦᠯᠦᠨ᠎ᠡ᠃ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠦᠯᠡᠮᠵᠢ ᠤᠯᠠᠨ ᠴᠢᠳᠠᠪᠤᠷᠢᠲᠠᠨ ᠢ | ᠬᠥᠮᠥᠵᠢᠭᠦᠯᠦᠨ ᠪᠣᠶᠢᠵᠢᠭᠤᠯᠬᠤ ᠪᠣᠯ ᠤᠯᠤᠰ ᠪᠠ ᠦᠨᠳᠦᠰᠦᠲᠡᠨ ᠤ ᠠᠯᠤᠰ ᠭᠡᠳᠤ ᠶᠢᠨ ᠬᠥᠭᠵᠢᠯᠲᠡ ᠶᠢᠨ ᠶᠡᠭᠡ ᠪᠣᠳᠣᠯᠭ᠎ᠠ | ᠮᠥᠨ᠃ ᠭᠠᠪᠢᠶ᠎ᠠ ᠶᠢ ᠴᠢᠳᠠᠪᠤᠷᠢᠲᠠᠨ ᠪᠦᠲᠦᠭᠡᠵᠦ᠂ ᠦᠢᠯᠡᠰ ᠢ ᠴᠢᠳᠠᠪᠤᠷᠢᠲᠠᠨ ᠥᠷᠭᠡᠳᠬᠡᠳᠡᠭ᠃ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠨ᠂ ᠭᠦᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ | ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠨᠡᠩ ᠢᠳᠡᠪᠬᠢᠲᠡᠢ᠂ ᠨᠡᠩ | ᠨᠡᠭᠡᠭᠡᠯᠲᠡᠲᠡᠢ᠂ ᠨᠡᠩ ᠪᠦᠲᠦᠮᠵᠢᠲᠡᠢ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ | ᠴᠢᠳᠠᠪᠤᠷᠢᠲᠠᠨ ᠤ ᠨᠠᠮ ᠢᠶᠠᠨ ᠬᠠᠶᠢᠷᠠᠯᠠᠵᠤ ᠤᠯᠤᠰ ᠲᠠᠭᠠᠨ ᠵᠢᠳᠭᠦᠭᠦ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ | ᠦᠵᠡᠭᠦᠯᠭᠦ᠂ ᠠᠷᠠᠳ ᠲᠦᠮᠡᠨ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠤᠨ᠎ᠠ᠃ ᠴᠢᠳᠠᠪᠤᠷᠢᠲᠠᠨ ᠤ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠴᠢᠳᠠᠪᠤᠷᠢᠲᠠᠨ ᠢ ᠬᠠᠮᠲᠤ ᠳᠤᠨᠢ | ᠠᠳᠬᠤᠬᠤ ᠶᠢ ᠪᠠᠷᠢᠮᠲᠠᠯᠠᠨ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠢᠶᠠᠷ | ᠰᠢᠯᠢᠳᠡᠭ ᠰᠠᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠳᠡᠯᠡᠬᠡᠢ ᠶᠢᠨ ᠴᠢᠬᠤᠯᠠ ᠴᠢᠳᠠᠪᠤᠷᠢᠲᠠᠨ ᠤ ᠲᠥᠪ ᠪᠣᠯᠣᠨ | ᠰᠢᠨ᠎ᠡ ᠶᠢ ᠡᠭᠦᠳᠭᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ | ᠪᠠᠶᠢᠷᠢᠰᠢᠯ ᠪᠠ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠴᠢᠳᠠᠪᠤᠷᠢᠲᠠᠨ ᠤ ᠤᠯᠠᠨ ᠤᠯᠤᠰ ᠲᠠᠬᠢ ᠥᠷᠢᠰᠦᠯᠳᠦᠭᠡᠨ ᠤ | ᠬᠠᠷᠢᠴᠠᠩᠭᠤᠢ ᠳᠠᠪᠠᠭᠤᠯᠢᠭ ᠪᠠᠶᠢᠳᠠᠯ ᠢ ᠬᠦᠴᠦᠯᠡᠨ ᠪᠤᠢ ᠪᠣᠯᠭᠠᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ | ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠨᠡᠩ ᠤᠯᠠᠨ ᠶᠡᠭᠡ ᠪᠠᠭᠰᠢᠲᠠᠨ᠂ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨᠲᠠᠨ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠪᠠ ᠰᠢᠨ᠎ᠡ ᠶᠢ ᠡᠭᠦᠳᠭᠦ ᠪᠦᠯᠭᠦᠮ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ᠂ | ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠥᠨᠳᠥᠷ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠴᠢᠷᠮᠠᠶᠢᠨ | ᠬᠥᠮᠥᠵᠢᠭᠦᠯᠦᠨ ᠪᠤᠢ ᠪᠣᠯᠭᠠᠨ᠎ᠠ᠃ ᠴᠢᠳᠠᠪᠤᠷᠢᠲᠠᠨ ᠤ ᠤᠯᠠᠨ ᠤᠯᠤᠰ ᠤᠨ ᠰᠣᠯᠢᠯᠴᠠᠭ᠎ᠠ ᠶᠢ ᠴᠢᠩᠭᠠᠳᠬᠠᠵᠤ᠂ ᠡᠯ᠎ᠡ | ᠲᠦᠷᠦᠯ ᠤᠨ ᠴᠢᠳᠠᠪᠤᠷᠢᠲᠠᠨ ᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠎ᠡ᠃ ᠴᠢᠳᠠᠪᠤᠷᠢᠲᠠᠨ ᠤ ᠬᠥᠭᠵᠢᠯᠲᠡ ᠶᠢᠨ | ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨ ᠰᠡᠳᠬᠢᠯ ᠠᠴᠠ ᠪᠠᠨ ᠴᠢᠳᠠᠪᠤᠷᠢᠲᠠᠨ ᠢ | ᠬᠠᠶᠢᠷᠠᠯᠠᠨ᠂ ᠪᠦᠭᠦ ᠰᠡᠳᠬᠢᠯ ᠢᠶᠠᠷ ᠢᠶᠠᠨ ᠴᠢᠳᠠᠪᠤᠷᠢᠲᠠᠨ ᠢ ᠬᠥᠮᠥᠵᠢᠭᠦᠯᠵᠦ᠂ ᠴᠢᠩ ᠰᠡᠳᠬᠢᠯ ᠠᠴᠠ ᠪᠠᠨ ᠴᠢᠳᠠᠪᠤᠷᠢᠲᠠᠨ ᠢ | ᠤᠷᠢᠵᠤ᠂ ᠰᠡᠳᠬᠢᠯ ᠲᠠᠯᠪᠢᠨ ᠴᠢᠳᠠᠪᠤᠷᠢᠲᠠᠨ ᠢ ᠬᠡᠷᠡᠭᠯᠡᠵᠦ᠂ ᠡᠷᠳᠡᠮᠲᠡᠨ ᠴᠢᠳᠠᠪᠤᠷᠢᠲᠠᠨ ᠢ ᠬᠦᠨᠳᠦᠳᠬᠡᠨ᠂ ᠨᠢᠭᠡ ᠯᠡ ᠬᠡᠪ | ᠲᠤ ᠪᠠᠷᠢᠭᠳᠠᠬᠤ ᠦᠭᠡᠢ ᠪᠠᠷ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ ᠴᠤᠭᠯᠠᠭᠤᠯᠤᠨ ᠨᠠᠮ ᠪᠠ ᠠᠷᠠᠳ ᠲᠦᠮᠡᠨ ᠤ | ᠦᠢᠯᠡᠰ ᠲᠤ ᠦᠢᠯᠡᠴᠢᠯᠡᠭᠦᠯᠦᠨ᠎ᠡ᠃ | ᠵᠢᠷᠭᠤᠭ᠎ᠠ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠡᠵᠡᠨ ᠰᠠᠭᠤᠵᠤ ᠡᠷᠬᠡ | ᠮᠡᠳᠡᠭᠦ ᠶᠢ ᠪᠠᠲᠤᠯᠠᠨ᠎ᠠ | ᠮᠠᠨ ᠤ ᠤᠯᠤᠰ ᠪᠣᠯ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠤᠭ᠎ᠠ ᠪᠠᠷ ᠰᠠᠭᠤᠷᠢ | ᠪᠤᠯᠭᠠᠬᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ᠂ ᠲᠦᠷᠦ ᠶᠢᠨ | ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ᠃ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠮᠢ ᠨᠠᠰᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠶᠢᠪᠠᠰᠤ ᠵᠣᠬᠢᠬᠤ | ᠠᠭᠤᠯᠭ᠎ᠠ ᠮᠥᠨ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ | ᠲᠦᠷᠦ ᠶᠢᠨ ᠮᠥᠨ ᠴᠢᠨᠠᠷ ᠤᠨ ᠰᠢᠨᠵᠢ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ | ᠤᠨ ᠲᠤᠰᠠᠲᠠᠢ ᠠᠷᠠᠳᠴᠢᠯᠠᠯ ᠮᠥᠨ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ | ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠵᠡᠨ ᠰᠠᠭᠤᠵᠤ ᠡᠷᠬᠡ ᠮᠡᠳᠡᠭᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ | ᠪᠠᠷᠢᠮᠲᠠᠯᠠᠨ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠲᠦᠮᠡᠨ ᠤ ᠬᠦᠰᠡᠯ | ᠵᠣᠷᠢᠭ ᠢ ᠭᠦᠢᠴᠡᠳ ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ | ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠨ᠎ᠡ᠃ | ᠪᠢᠳᠡ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠥᠷᠭᠡᠳᠬᠡᠨ᠂ ᠠᠷᠠᠳ ᠲᠦᠮᠡᠨ ᠤ ᠠᠷᠠᠳᠴᠢᠯᠠᠯ | ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ | ᠬᠡᠷᠡᠭᠵᠢᠭᠦᠯᠬᠦ ᠶᠢ ᠪᠠᠲᠤᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ | ᠪᠠᠳᠠᠷᠠᠭᠤᠯᠤᠨ᠂ ᠠᠮᠢᠳᠤ ᠴᠣᠪᠣᠭᠤᠯᠢᠭ᠂ ᠠᠮᠤᠷ ᠲᠣᠭᠲᠠᠭᠤᠨ ᠪᠦᠯᠬᠦᠮᠳᠡᠨ ᠨᠢᠭᠡᠳᠦᠭᠰᠡᠨ ᠤᠯᠤᠰ ᠲᠦᠷᠦ ᠶᠢᠨ ᠪᠠᠶᠢᠳᠠᠯ ᠢ | ᠪᠠᠬᠢᠵᠢᠭᠦᠯᠦᠨ ᠬᠥᠭᠵᠢᠭᠦᠯᠦᠨ᠎ᠡ᠃ | ︵ᠨᠢᠭᠡ︶ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ | ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ᠂ ᠰᠠᠭᠤᠷᠢ ᠤᠯᠤᠰ ᠲᠦᠷᠦ ᠶᠢᠨ ᠪᠠᠶᠢᠭᠤᠯᠤᠯ᠂ ᠴᠢᠬᠤᠯᠠ | ᠤᠯᠤᠰ ᠲᠦᠷᠦ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠯ ᠤᠨ ᠠᠷᠭ᠎ᠠ ᠵᠠᠮ ᠢ ᠥᠷᠭᠡᠳᠬᠡᠨ᠂ | ᠠᠷᠠᠳᠴᠢᠯᠠᠯ ᠤᠨ ᠭᠡᠯᠪᠡᠷᠢ ᠶᠢ ᠪᠠᠶᠠᠯᠢᠭᠵᠢᠭᠤᠯᠵᠤ᠂ ᠠᠷᠠᠳ ᠲᠦᠮᠡᠨ ᠤ ᠬᠠᠤᠯᠢ ᠶᠣᠰᠣᠭᠠᠷ ᠡᠯ᠎ᠡ ᠵᠦᠢᠯ ᠤᠨ ᠠᠷᠭ᠎ᠠ ᠵᠠᠮ | ᠪᠠ ᠭᠡᠯᠪᠡᠷᠢ ᠪᠠᠷ ᠳᠠᠮᠵᠢᠨ ᠲᠦᠷᠦ ᠶᠢᠨ ᠶᠠᠪᠤᠳᠠᠯ ᠢ ᠬᠠᠮᠢᠶᠠᠷᠬᠤ᠂ ᠠᠵᠤ ᠠᠬᠤᠢ ᠪᠠ ᠰᠣᠶᠣᠯ ᠤᠨ ᠦᠢᠯᠡᠰ ᠢ ᠬᠠᠮᠢᠶᠠᠷᠬᠤ᠂ | ᠨᠡᠶᠢᠭᠡᠮ ᠤᠨ ᠶᠠᠪᠤᠳᠠᠯ ᠢ ᠬᠠᠮᠢᠶᠠᠷᠬᠤ ᠶᠢ ᠦᠨᠡᠨ ᠬᠦ ᠪᠠᠲᠤᠯᠠᠨ᠎ᠠ᠃ ᠠᠷᠠᠳ ᠲᠦᠮᠡᠨ ᠤ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠢᠶᠠᠷ ᠳᠠᠮᠵᠢᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ ᠳᠡᠮᠵᠢᠨ ᠪᠠᠲᠤᠯᠠᠵᠤ᠂ ᠡᠯ᠎ᠡ ᠱᠠᠲᠤᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠢ ᠴᠥᠮ ᠠᠷᠠᠳᠴᠢᠯᠠᠯ ᠢᠶᠠᠷ ᠰᠣᠩᠭᠤᠨ ᠭᠠᠷᠭᠠᠵᠤ᠂ ᠠᠷᠠᠳ ᠲᠦᠮᠡᠨ ᠳᠤ | ᠬᠠᠷᠢᠭᠤᠴᠠᠨ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ | ᠲᠣᠭᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠲᠡᠮᠵᠢᠨ ᠪᠠᠲᠤᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ | ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠳᠤ ᠬᠢᠨᠠᠯᠲᠠ ᠲᠠᠯᠪᠢᠬᠤ ᠳᠦᠷᠢᠮ ᠢ | ᠲᠡᠭᠦᠯᠳᠡᠷᠵᠢᠭᠦᠯᠵᠦ᠂ ᠤᠯᠤᠰ ᠤᠨ ᠬᠠᠤᠯᠢᠵᠢᠯ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠨ᠎ᠠ᠃ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠣᠨ ᠠᠷᠠᠳ ᠣᠯᠠᠨ ᠤ | ᠬᠠᠷᠢᠯᠴᠠᠭ᠎ᠠ ᠶᠢ ᠨᠢᠭᠲᠠᠷᠠᠭᠤᠯᠤᠨ᠎ᠠ᠃ ᠠᠷᠠᠳ ᠤᠨ ᠰᠠᠨᠠᠭ᠎ᠠ ᠶᠢ ᠰᠢᠩᠭᠡᠬᠡᠨ ᠠᠪᠬᠤ᠂ ᠠᠷᠠᠳ ᠤᠨ ᠤᠶᠤᠨ ᠤᠬᠠᠭᠠᠨ ᠢ | ᠲᠥᠪᠯᠡᠷᠡᠭᠦᠯᠬᠦ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ | ᠴᠡᠭ ᠢ ᠰᠠᠶᠢᠲᠤᠷ ᠪᠠᠶᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠤᠭ᠎ᠠ ᠵᠡᠷᠭᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠤᠨ᠎ᠠ᠃ ᠳᠤᠮᠳᠠᠳᠤ ᠤᠯᠤᠰ | ᠤᠨ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠬᠥᠮᠥᠨ ᠤ | ᠡᠷᠬᠡ ᠶᠢᠨ ᠵᠠᠰᠠᠯᠲᠠ ᠳᠤ ᠢᠳᠡᠪᠬᠢᠲᠡᠢ ᠣᠷᠣᠯᠴᠠᠨ᠂ ᠬᠥᠮᠥᠨ ᠤ ᠡᠷᠬᠡ ᠶᠢᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ | ᠶᠢ ᠠᠬᠢᠭᠤᠯᠤᠨ᠎ᠠ᠃ | ︵ᠬᠤᠶᠠᠷ︶ ᠵᠥᠪᠯᠡᠭᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠦᠨ᠎ᠡ᠃ ᠵᠥᠪᠯᠡᠭᠦ ᠠᠷᠠᠳᠴᠢᠯᠠᠯ ᠪᠣᠯ ᠪᠦᠭᠦ ᠶᠠᠪᠤᠴᠠ | ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ ᠴᠢᠬᠤᠯᠠ ᠭᠡᠯᠪᠡᠷᠢ ᠮᠥᠨ᠃ ᠵᠥᠪᠯᠡᠭᠦ ᠠᠷᠠᠳᠴᠢᠯᠠᠯ ᠤᠨ ᠰᠢᠰᠲ᠋ᠧᠮ | ᠢ ᠲᠡᠭᠦᠯᠳᠡᠷᠵᠢᠭᠦᠯᠵᠦ᠂ ᠲᠦᠷᠦ ᠶᠢᠨ ᠨᠠᠮ ᠤᠨ ᠵᠥᠪᠯᠡᠯᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠥᠪᠯᠡᠯᠭᠡ᠂ ᠵᠠᠰᠠᠭ ᠤᠨ ᠣᠷᠳᠣᠨ ᠤ ᠵᠥᠪᠯᠡᠯᠭᠡ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ᠂ ᠠᠷᠠᠳ ᠤᠨ | ᠪᠦᠯᠭᠦᠮ ᠤᠨ ᠵᠥᠪᠯᠡᠯᠭᠡ᠂ ᠦᠨᠳᠦᠰᠦᠨ ᠱᠠᠲᠤᠨ ᠤ ᠵᠥᠪᠯᠡᠯᠭᠡ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠵᠥᠪᠯᠡᠯᠭᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠳᠦᠷᠢᠮᠵᠢᠭᠰᠡᠨ ᠵᠥᠪᠯᠡᠭᠦ ᠲᠠᠪᠴᠠᠩ ᠢ | ᠪᠦᠷᠢᠨᠰᠢᠭᠦᠯᠦᠨ᠂ ᠵᠥᠪᠯᠡᠭᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ | ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠬᠠᠮᠲᠤᠷᠠᠨ | ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ | ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠭᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ | ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ ᠨᠡᠪᠲᠡᠷᠡᠯᠴᠡᠭᠦᠯᠬᠦ᠂ ᠠᠷᠭ᠎ᠠ ᠤᠬᠠᠭᠠᠨ | ᠳᠡᠪᠰᠢᠭᠦᠯᠦᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ | ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠭᠦ ᠪᠠᠶᠢᠭᠤᠯᠤᠮᠵᠢ ᠪᠤᠯᠬᠤ ᠦᠢᠯᠡᠳᠦᠯ ᠢ | ᠪᠠᠳᠠᠷᠠᠭᠤᠯᠵᠤ᠂ ᠳᠦᠷᠢᠮᠵᠢᠭᠦᠯᠬᠦ᠂ ᠵᠢᠷᠤᠮᠵᠢᠭᠤᠯᠬᠤ᠂ ᠲᠡᠰ ᠲᠠᠷᠠᠭᠠᠯᠠᠯᠵᠢᠭᠤᠯᠬᠤ ᠵᠡᠷᠭᠡ ᠴᠢᠳᠠᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠭᠦᠨᠵᠡᠭᠡᠢ ᠵᠥᠪᠳᠡᠯᠴᠡᠨ ᠬᠥᠳᠡᠯᠦᠯᠴᠡᠬᠦ᠂ ᠰᠠᠨᠠᠯ ᠢᠶᠠᠨ ᠭᠦᠢᠴᠡᠳ ᠢᠯᠡᠳᠬᠡᠬᠦ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠯ᠎ᠡ ᠡᠲᠡᠭᠡᠳ ᠤᠨ ᠤᠯᠠᠨ ᠲᠦᠮᠡᠨ ᠲᠠᠢ ᠬᠠᠷᠢᠯᠴᠠᠬᠤ ᠳᠦᠷᠢᠮ | ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠭᠤᠷᠪᠠ︶ ᠦᠨᠳᠦᠰᠦᠨ ᠱᠠᠲᠤᠨ ᠤ ᠠᠷᠠᠳᠴᠢᠯᠠᠯ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠨ ᠱᠠᠲᠤᠨ ᠤ | ᠠᠷᠠᠳᠴᠢᠯᠠᠯ ᠪᠣᠯ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠢᠯᠡᠷᠡᠯ ᠮᠥᠨ᠃ ᠦᠨᠳᠦᠰᠦᠨ ᠱᠠᠲᠤᠨ | ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ | ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠨ᠂ ᠦᠨᠳᠦᠰᠦᠨ ᠱᠠᠲᠤᠨ ᠤ ᠰᠢᠭᠤᠳ ᠠᠷᠠᠳᠴᠢᠯᠠᠯ ᠤᠨ ᠳᠦᠷᠢᠮ ᠤᠨ ᠰᠢᠰᠲ᠋ᠧᠮ ᠪᠣᠯᠣᠨ ᠠᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠤᠯᠠᠨ ᠲᠦᠮᠡᠨ ᠤ ᠥᠪᠡᠷ ᠢ ᠪᠠᠨ | ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠢ ᠪᠠᠨ ᠬᠥᠮᠥᠵᠢᠭᠦᠯᠬᠦ᠂ ᠥᠪᠡᠷ ᠤᠨ ᠪᠡᠶ᠎ᠡ ᠳᠡᠭᠡᠨ | ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠯᠪᠠᠨ ᠶᠠᠪᠤᠳᠠᠯ ᠢ ᠢᠯᠡ ᠪᠠᠷ ᠶᠠᠪᠤᠭᠳᠠᠭᠤᠯᠬᠤ | ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠯ᠎ᠡ ᠲᠦᠷᠦᠯ ᠤᠨ ᠬᠠᠮᠲᠤ ᠴᠣᠭᠴᠠ ᠶᠢᠨ ᠦᠨᠳᠦᠰᠦᠨ ᠱᠠᠲᠤᠨ | ᠤ ᠵᠠᠰᠠᠯᠲᠠ ᠳᠤ ᠡᠮᠬᠢ ᠵᠢᠷᠤᠮ ᠲᠠᠢ ᠪᠠᠷ ᠣᠷᠤᠯᠴᠠᠬᠤ ᠠᠷᠭ᠎ᠠ ᠵᠠᠮ ᠢ ᠥᠷᠭᠡᠳᠬᠡᠨ᠂ ᠠᠷᠠᠳ ᠲᠦᠮᠡᠨ ᠤ ᠦᠨᠳᠦᠰᠦᠨ | ᠱᠠᠲᠤᠨ ᠤ ᠤᠯᠠᠨ ᠨᠡᠶᠢᠲᠡ ᠶᠢᠨ ᠬᠡᠷᠡᠭ ᠶᠠᠪᠤᠳᠠᠯ ᠪᠣᠯᠣᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠠᠤᠯᠢ ᠶᠣᠰᠣᠭᠠᠷ | ᠬᠠᠮᠢᠶᠠᠷᠬᠤ ᠶᠢ ᠪᠠᠲᠤᠯᠠᠨ᠎ᠠ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠨ᠂ ᠠᠵᠢᠯᠲᠠᠨ | ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠳᠥᠷᠪᠡ︶ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠦᠨ᠎ᠡ᠃ | ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠨᠢᠭᠡᠳᠦᠮᠡᠯ ᠹᠷᠣᠨᠲ ᠪᠣᠯ ᠬᠥᠮᠥᠨ ᠤ ᠰᠡᠳᠬᠢᠯ ᠢ | ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠬᠦᠴᠦᠷᠬᠡᠭ ᠶᠡᠭᠡ ᠡᠷᠳᠡᠨᠢ ᠮᠥᠨ᠃ ᠶᠡᠭᠡ ᠨᠢᠭᠡᠳᠦᠮᠡᠯ ᠹᠷᠣᠨᠲ ᠤᠨ | ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠦᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠭᠦ ᠳᠤᠮᠳᠠᠳᠤ | ᠶᠢᠨ ᠬᠥᠪᠡᠭᠦᠳ ᠥᠬᠢᠳ ᠢ ᠲᠠᠶᠢᠴᠢᠯᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠲᠣᠭᠤᠷᠢᠨ ᠳᠤ ᠬᠠᠮᠲᠤ ᠪᠠᠷ ᠰᠡᠳᠬᠢᠵᠦ᠂ ᠬᠠᠮᠲᠤ ᠪᠠᠷ ᠠᠵᠢᠯᠯᠠᠨ᠎ᠠ᠃ ᠮᠠᠨ ᠤ | ᠤᠯᠤᠰ ᠤᠨ ᠨᠡᠶᠢᠭᠡᠮ ᠵᠢᠷᠤᠮ ᠤᠨ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ᠂ ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠬᠤ᠂ ᠬᠠᠷᠢᠯᠴᠠᠨ ᠬᠢᠨᠠᠯᠲᠠ ᠲᠠᠯᠪᠢᠬᠤ᠂ ᠦᠨᠡᠨ ᠰᠡᠳᠬᠢᠯ | ᠠᠴᠠ ᠪᠠᠨ ᠨᠥᠬᠦᠷᠯᠡᠬᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠪᠠᠷᠢᠮᠲᠠᠯᠠᠨ᠂ ᠠᠷᠠᠳᠴᠢᠯᠠᠭᠰᠠᠨ ᠨᠠᠮ ᠪᠦᠯᠦᠭ | ᠪᠣᠯᠣᠨ ᠨᠠᠮ ᠪᠦᠯᠦᠭ ᠤᠨ ᠪᠤᠰᠤ ᠬᠥᠮᠥᠰ ᠯᠦᠭᠡ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ | ᠠᠷᠠᠳᠴᠢᠯᠠᠭᠰᠠᠨ ᠨᠠᠮ ᠪᠦᠯᠦᠭ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠡᠭᠦᠷᠭᠡ ᠴᠢᠳᠠᠪᠤᠷᠢ ᠪᠠᠨ ᠨᠡᠩ | ᠰᠠᠶᠢᠨ ᠭᠦᠢᠴᠡᠳᠬᠡᠬᠦ ᠶᠢ ᠲᠡᠮᠵᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠤᠢ ᠪᠤᠯᠭᠠᠬᠤ ᠪᠠᠷ ᠭᠤᠣᠯ ᠰᠢᠵᠢᠮ ᠪᠣᠯᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ | ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠭᠦ ᠲᠠᠯ᠎ᠠ ᠪᠠᠷ ᠠᠬᠢᠭᠤᠯᠤᠨ᠎ᠠ᠃ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠢ | ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠵᠣᠬᠢᠴᠠᠭᠤᠯᠤᠨ᠎ᠠ᠃ ᠨᠠᠮ ᠤᠨ ᠭᠠᠳᠠᠨᠠᠬᠢ | ᠰᠡᠬᠡᠭᠡᠲᠡᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ | ᠬᠥᠮᠥᠰ ᠤᠨ ᠠᠵᠢᠯ ᠢ ᠰᠠᠶᠢᠲᠤᠷ ᠬᠢᠵᠦ᠂ ᠬᠠᠮᠲᠤ ᠪᠠᠷ ᠲᠡᠮᠡᠴᠡᠬᠦ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ | ᠃ ᠵᠠᠰᠠᠭ ᠤᠨ ᠣᠷᠳᠣᠨ ᠪᠣᠯᠣᠨ ᠠᠷᠠᠯᠵᠢᠶᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ ᠪᠦᠭᠦ ᠲᠠᠯ᠎ᠠ ᠪᠠᠷ | ᠪᠠᠶᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠭᠦᠭᠵᠢᠭᠦ ᠪᠠ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠤᠨ᠎ᠠ᠃ ᠬᠠᠷᠢᠶᠠᠲᠤ | ᠨᠠᠷ ᠤᠨ ᠶᠠᠪᠤᠳᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ | ᠬᠠᠮᠲᠤ ᠪᠠᠷ ᠴᠢᠷᠮᠠᠶᠢᠨ ᠵᠢᠳᠭᠦᠭᠦ ᠬᠦᠴᠦᠷᠬᠡᠭ ᠶᠡᠭᠡ ᠬᠦᠴᠦᠨ ᠴᠢᠳᠠᠯ ᠢ ᠪᠦᠷᠢᠯᠳᠦᠭᠦᠯᠦᠨ᠎ᠡ᠃ | ᠳᠣᠯᠤᠭ᠎ᠠ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ | ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠲᠦᠷᠦ ᠶᠢ ᠵᠠᠰᠠᠬᠤ ᠨᠢᠭᠡᠨ ᠤᠳᠠᠭ᠎ᠠ ᠶᠢᠨ ᠭᠦᠨᠵᠡᠭᠡᠢ | ᠬᠤᠪᠢᠰᠬᠠᠯ ᠮᠥᠨ᠂ ᠲᠡᠷᠡ ᠨᠢ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠲᠠᠢ ᠬᠤᠯᠪᠣᠭᠳᠠᠵᠤ᠂ ᠠᠷᠠᠳ | ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠲᠠᠢ ᠬᠤᠯᠪᠣᠭᠳᠠᠵᠤ᠂ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ | ᠲᠦᠪᠰᠢᠨ ᠲᠠᠢ ᠬᠤᠯᠪᠣᠭᠳᠠᠳᠠᠭ᠃ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ | ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠵᠤ | ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠬᠡᠷᠡᠭᠲᠡᠢ᠃ | ᠪᠢᠳᠡ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ | ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ | ᠠᠬᠢᠭᠤᠯᠬᠤ ᠲᠣᠭᠤᠷᠢᠨ ᠳᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠲᠥᠷᠥ ᠪᠠᠷᠢᠬᠤ᠂ ᠬᠠᠤᠯᠢ ᠪᠠᠷ ᠵᠠᠰᠠᠭ | ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ | ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ᠂ | ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠤᠯᠤᠰ ᠤᠨ ᠡᠯ᠎ᠡ ᠲᠠᠯ᠎ᠠ ᠶᠢᠨ ᠠᠵᠢᠯ | ᠤᠨ ᠬᠠᠤᠯᠢ ᠪᠠᠷ ᠵᠠᠰᠠᠬᠤ ᠶᠢ ᠪᠦᠭᠦ ᠲᠠᠯ᠎ᠠ ᠪᠠᠷ ᠠᠬᠢᠭᠤᠯᠤᠨ᠎ᠠ᠃ | ︵ᠨᠢᠭᠡ︶ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠳᠤ ᠡᠩ | ᠲᠡᠷᠢᠭᠦᠨ ᠳᠤ ᠡᠷᠬᠡᠪᠰᠢ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠲᠦᠷᠦ | ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠪᠠᠷ ᠲᠦᠷᠦ ᠪᠠᠷᠢᠬᠤ ᠶᠢ ᠪᠠᠷᠢᠮᠲᠠᠯᠠᠵᠤ᠂ | ᠦᠨᠳᠦᠰᠦᠨ ᠬᠠᠤᠯᠢ ᠳᠤ ᠲᠣᠭᠲᠠᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠬᠤ ᠪᠠᠶᠢᠷᠢ ᠰᠠᠭᠤᠷᠢ | ᠶᠢ ᠭᠤᠶᠢᠪᠢᠰᠢ ᠦᠭᠡᠢ ᠪᠠᠷᠢᠮᠲᠠᠯᠠᠨ᠂ ᠦᠨᠳᠦᠰᠦᠨ ᠬᠠᠤᠯᠢ ᠳᠤ ᠲᠣᠭᠲᠠᠭᠠᠭᠰᠠᠨ ᠠᠷᠠᠳ ᠤᠨ ᠠᠷᠠᠳᠴᠢᠯᠠᠭᠰᠠᠨ | ᠳᠠᠷᠤᠩᠭᠤᠶᠢᠯᠠᠬᠤ ᠵᠠᠰᠠᠭ ᠤᠨ ᠲᠦᠷᠦ ᠶᠢᠨ ᠪᠦᠲᠦᠴᠡ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠤᠨ ᠵᠠᠰᠠᠭ ᠤᠨ ᠪᠦᠲᠦᠴᠡ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠦᠨᠳᠦᠰᠦᠨ ᠬᠠᠤᠯᠢ ᠶᠢᠨ | ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ | ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠳᠤᠮᠳᠠᠬᠢ ᠦᠨᠳᠦᠰᠦᠨ | ᠬᠠᠤᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ | ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ | ᠬᠦᠷᠢᠶᠡᠨ ᠳᠠᠬᠢ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠠ ᠭᠠᠳᠠᠭᠠᠳᠤ | ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠠᠶᠢᠨ ᠬᠠᠤᠯᠢ ᠪᠠᠷ ᠬᠥᠭᠵᠢᠯᠲᠡ ᠶᠢ | ᠠᠬᠢᠭᠤᠯᠵᠤ᠂ ᠴᠢᠳᠠᠮᠠᠭᠠᠢ ᠵᠠᠰᠠᠬᠤ ᠶᠢ ᠪᠠᠲᠤᠯᠠᠨ᠎ᠠ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ | ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠥᠭᠡᠷᠡᠴᠢᠯᠡᠬᠦ ᠤᠰᠠᠳᠬᠠᠬᠤ | ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠯᠡᠵᠦ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ ᠴᠢᠨᠠᠷ᠂ | ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭᠴᠢ ᠴᠢᠨᠠᠷ ᠢ ᠴᠢᠩᠭᠠᠳᠬᠠᠨ᠎ᠠ᠃ ᠳᠠᠩᠰᠠᠯᠠᠵᠤ ᠬᠢᠨᠠᠨ | ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠳᠦᠷᠢᠮ ᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠠᠤᠯᠢᠵᠢᠯ ᠤᠨ ᠵᠠᠰᠠᠭ | ᠤᠨ ᠣᠷᠳᠣᠨ ᠤ ᠪᠠᠶᠢᠭᠤᠯᠤᠯᠲᠠ ᠪᠣᠯ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ | ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ | ᠬᠤᠪᠢᠷᠠᠭᠤᠯᠤᠨ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠶᠢᠨ ᠰᠢᠰᠲ᠋ᠧᠮ ᠪᠣᠯᠣᠨ ᠵᠣᠬᠢᠶᠠᠨ ᠪᠠᠶᠢᠭᠤᠯᠤᠯᠲᠠ | ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠶᠢᠭᠤᠯᠤᠮᠵᠢ᠂ ᠡᠭᠦᠷᠭᠡ ᠴᠢᠳᠠᠪᠬᠢ᠂ ᠡᠷᠬᠡ ᠶᠢᠨ ᠬᠢᠵᠠᠭᠠᠷ᠂ ᠳᠡᠰ ᠳᠠᠷᠠᠭᠠᠯᠠᠯ᠂ | ᠬᠠᠷᠢᠭᠤᠴᠠᠯᠭ᠎ᠠ ᠶᠢᠨ ᠬᠠᠤᠯᠢᠵᠢᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠢᠲᠡᠭᠡᠭᠦᠯᠭᠦ ᠬᠦᠴᠦᠨ | ᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠭᠤᠨ | ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠪᠢ | ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠬᠦᠷᠢᠶᠡᠨ ᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ | ᠲᠠᠰᠤᠯᠤᠯᠲᠠ ᠶᠢᠨ ᠦᠨᠳᠦᠰᠦᠨ ᠪᠠᠷᠢᠮᠵᠢᠶ᠎ᠠ ᠶᠢ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠲᠣᠭᠲᠠᠴᠠ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠲᠣᠭᠲᠠᠴᠠ ᠶᠢ | ᠲᠡᠭᠦᠯᠳᠡᠷᠵᠢᠭᠦᠯᠦᠨ᠎ᠡ᠃ | ︵ᠭᠤᠷᠪᠠ︶ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠨ᠎ᠠ᠃ ᠲᠥᠪ ᠭᠤᠣᠯᠴᠢ ᠪᠠᠷ ᠬᠠᠤᠯᠢ ᠪᠠᠷᠢᠬᠤ ᠪᠣᠯ | ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ᠃ | ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠣᠨᠣᠪᠴᠢᠲᠠᠢ ᠨᠠᠶᠢᠳᠠᠪᠤᠷᠢᠵᠢᠭᠤᠯᠵᠤ᠂ ᠲᠥᠪ | ᠭᠤᠣᠯᠴᠢ ᠥᠨᠳᠥᠷ ᠪᠦᠲᠦᠮᠵᠢᠲᠡᠢ ᠡᠷᠬᠡ ᠰᠦᠷᠲᠦ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠳᠦᠷᠢᠮ ᠢ ᠲᠦᠷᠭᠡᠳᠬᠡᠨ | ᠪᠠᠶᠢᠭᠤᠯᠵᠤ᠂ ᠬᠠᠤᠯᠢ ᠴᠠᠭᠠᠵᠠ ᠶᠢᠨ ᠬᠡᠷᠡᠭ ᠪᠣᠯᠭᠠᠨ ᠠᠴᠠ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ | ᠮᠡᠳᠡᠷᠡᠭᠦᠯᠬᠦ ᠪᠠᠷ ᠴᠢᠷᠮᠠᠶᠢᠨ᠎ᠠ᠃ ᠬᠠᠤᠯᠢ ᠪᠠᠷᠢᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠪᠠᠷᠢᠬᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠬᠠᠷᠢᠯᠴᠠᠨ ᠬᠠᠮᠵᠢᠯᠴᠠᠬᠤ᠂ | ᠬᠠᠷᠢᠯᠴᠠᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠬᠠᠤᠯᠢ ᠪᠠᠷᠢᠬᠤ ᠠᠵᠢᠯᠯᠠᠭ᠎ᠠ ᠶᠢᠨ | ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠠᠬᠢᠭᠤᠯᠤᠨ᠎ᠠ᠃ ᠪᠠᠶᠢᠴᠠᠭᠠᠬᠤ | ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠳᠦᠷᠢᠮ ᠢ ᠲᠡᠭᠦᠯᠳᠡᠷᠵᠢᠭᠦᠯᠦᠨ᠎ᠡ᠃ | ︵ᠳᠥᠷᠪᠡ︶ ᠬᠠᠤᠯᠢᠵᠢᠯ ᠤᠨ ᠨᠡᠶᠢᠭᠡᠮ ᠢ ᠲᠦᠷᠭᠡᠳᠬᠡᠨ ᠪᠠᠶᠢᠭᠤᠯᠤᠨ᠎ᠠ᠃ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ | ᠤᠯᠤᠰ ᠢ ᠪᠦᠲᠦᠭᠡᠨ ᠪᠠᠶᠢᠭᠤᠯᠬᠤ ᠶᠢᠨ ᠰᠠᠭᠤᠷᠢ ᠮᠥᠨ᠃ ᠨᠡᠶᠢᠭᠡᠮ ᠵᠢᠷᠤᠮ ᠤᠨ ᠬᠠᠤᠯᠢᠵᠢᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠢ ᠵᠠᠯᠭᠠᠮᠵᠢᠯᠠᠨ᠂ ᠪᠦᠭᠦ ᠠᠷᠠᠳ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠬᠠᠤᠯᠢᠵᠢᠯ ᠤᠨ ᠦᠨᠡᠨᠴᠢ ᠰᠢᠳᠤᠷᠭᠤ ᠡᠷᠬᠢᠮᠯᠡᠨ | ᠳᠡᠭᠡᠳᠦᠯᠡᠭᠴᠢ᠂ ᠤᠬᠠᠮᠰᠠᠷ ᠠᠴᠠ ᠪᠠᠨ ᠵᠢᠷᠤᠮᠯᠠᠨ ᠰᠠᠬᠢᠭᠴᠢ᠂ ᠡᠷᠡᠰ ᠪᠠᠲᠤ ᠬᠠᠮᠠᠭᠠᠯᠠᠭᠴᠢ ᠪᠣᠯᠭᠠᠨ᠎ᠠ᠃ ᠬᠤᠳᠠ ᠬᠥᠳᠡᠭᠡ | ᠶᠢ ᠬᠠᠮᠤᠷᠤᠭᠰᠠᠨ ᠤᠳᠤ ᠦᠶ᠎ᠡ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠭᠦ ᠠᠷᠠᠳ ᠤᠨ ᠬᠠᠤᠯᠢᠵᠢᠯ ᠤᠨ | ᠦᠵᠡᠯᠲᠡ ᠶᠢ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠤᠯᠠᠨ ᠬᠦᠷᠢᠶ᠎ᠡ ᠴᠠᠷᠠᠭᠠᠨ ᠤ ᠬᠠᠤᠯᠢ ᠪᠠᠷ ᠵᠠᠰᠠᠬᠤ ᠶᠢ | ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠬᠠᠤᠯᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠤᠳᠤᠷᠢᠳᠬᠤ | ᠺᠠᠳ᠋ᠷᠴᠤᠳ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠪᠠᠷ | ᠴᠢᠷᠮᠠᠶᠢᠨ᠎ᠠ᠃ | ᠨᠠᠢᠮᠠ᠂ ᠰᠣᠶᠣᠯ ᠤᠨ ᠢᠲᠡᠭᠡᠯ ᠬᠦᠴᠦᠷᠬᠡᠭᠵᠢᠯ ᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠭᠡᠷᠡᠯ ᠰᠠᠴᠤᠷᠠᠩᠭᠤᠢ | ᠰᠢᠨ᠎ᠡ ᠠᠮᠵᠢᠯᠲᠠ ᠶᠢ ᠡᠭᠦᠳᠦᠨ᠎ᠡ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ᠂ ᠡᠷᠬᠡᠪᠰᠢ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠬᠥᠭᠵᠢᠯᠲᠡ ᠶᠢᠨ ᠵᠠᠮ ᠢ ᠪᠠᠷᠢᠮᠲᠠᠯᠠᠨ᠂ ᠰᠣᠶᠣᠯ ᠤᠨ | ᠢᠲᠡᠭᠡᠯ ᠢᠶᠠᠨ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ | ᠢ ᠬᠥᠮᠥᠵᠢᠭᠦᠯᠬᠦ᠂ ᠰᠣᠶᠣᠯ ᠢ ᠴᠡᠴᠡᠭᠯᠡᠭᠦᠯᠬᠦ᠂ ᠳᠦᠷᠢ ᠲᠥᠷᠬᠦ ᠪᠠᠨ ᠢᠯᠡᠷᠡᠭᠦᠯᠭᠦ ᠲᠣᠭᠤᠷᠢᠨ ᠳᠤ᠂ ᠨᠡᠶᠢᠭᠡᠮ ᠵᠢᠷᠤᠮ ᠤᠨ | ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠣᠳᠣᠬᠢᠴᠢᠯᠠᠯᠲᠠ ᠳᠤ ᠬᠠᠨᠳᠤᠭᠤᠯᠤᠭᠰᠠᠨ᠂ ᠳᠡᠯᠡᠬᠡᠢ ᠳ᠋ᠠᠬᠢᠨ | ᠳᠤ ᠬᠠᠨᠳᠤᠭᠤᠯᠤᠭᠰᠠᠨ᠂ ᠢᠷᠡᠭᠡᠳᠦᠢ ᠳᠤ ᠬᠠᠨᠳᠤᠭᠤᠯᠤᠭᠰᠠᠨ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ | ᠲᠦᠮᠡᠨᠴᠢ ᠨᠡᠶᠢᠭᠡᠮ ᠵᠢᠷᠤᠮ ᠤᠨ ᠰᠣᠶᠣᠯ ᠢ ᠬᠥᠭᠵᠢᠭᠦᠯᠵᠦ᠂ ᠪᠦᠭᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠭᠦ | ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢ ᠴᠢᠩᠭᠠᠷᠠᠭᠤᠯᠤᠨ᠎ᠠ᠃ | ᠪᠢᠳᠡ ᠦᠵᠡᠯ ᠤᠬᠠᠮᠰᠠᠷ ᠤᠨ ᠭᠡᠯᠪᠡᠷᠢ ᠶᠢᠨ ᠬᠦᠷᠢᠶᠡᠨ ᠳᠤ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢᠨ | ᠦᠨᠳᠦᠰᠦᠨ ᠪᠠᠶᠢᠭᠤᠯᠤᠯ ᠢ ᠪᠠᠷᠢᠮᠲᠠᠯᠠᠨ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠶᠢ | ᠪᠠᠷᠢᠮᠲᠠᠯᠠᠵᠤ᠂ ᠴᠡᠴᠡᠭ ᠪᠦᠭᠦᠨ ᠢ ᠵᠡᠷᠭᠡ ᠪᠠᠷ ᠳᠡᠯᠭᠡᠷᠡᠭᠦᠯᠦᠨ᠂ ᠡᠷᠳᠡᠮᠲᠡᠨ ᠪᠦᠭᠦᠠ ᠢ ᠴᠢᠯᠦᠭᠡᠲᠡᠢ ᠶᠠᠷᠢᠯᠴᠠᠭᠤᠯᠬᠤ ᠶᠢ | ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠬᠤᠪᠢᠷᠠᠭᠤᠯᠬᠤ᠂ ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠭᠦᠯᠬᠦ ᠶᠢ | ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠪᠦᠭᠦ ᠨᠠᠮ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ | ᠪᠠᠬᠢᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠨᠥᠯᠥᠭᠡᠯᠡᠬᠦ | ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃ | ︵ᠨᠢᠭᠡ︶ ᠬᠦᠴᠦᠷᠬᠡᠭ ᠶᠡᠭᠡ ᠨᠢᠭᠲᠠᠷᠠᠭᠤᠯᠬᠤ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ | ᠤᠨ ᠦᠵᠡᠯ ᠤᠬᠠᠮᠰᠠᠷ ᠤᠨ ᠭᠡᠯᠪᠡᠷᠢ ᠶᠢ ᠪᠠᠶᠢᠭᠤᠯᠤᠨ᠎ᠠ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠪᠣᠯ ᠤᠶᠤᠨ | ᠰᠠᠨᠠᠭᠠᠨ ᠤ ᠭᠡᠷ ᠣᠷᠣᠨ ᠢ ᠴᠣᠭᠴᠠᠯᠠᠵᠤ᠂ ᠦᠨᠳᠦᠰᠦᠲᠡᠨ ᠤ ᠰᠦᠭ ᠰᠦᠨᠡᠰᠦ ᠶᠢ ᠱᠤᠭᠤᠬᠤ ᠠᠵᠢᠯ ᠮᠥᠨ᠃ ᠦᠵᠡᠯ | ᠤᠬᠠᠮᠰᠠᠷ ᠤᠨ ᠭᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ | ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠴᠠᠭ ᠦᠶ᠎ᠡ | ᠳᠤ ᠡᠷᠡᠮᠡᠬᠡᠶᠢᠯᠡᠨ ᠤᠷᠤᠭᠰᠢᠯᠠᠬᠤ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ᠃ | ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ ᠲᠦᠮᠡᠨ ᠢ ᠬᠥᠮᠥᠵᠢᠭᠦᠯᠬᠦ᠂ | ᠦᠢᠯᠡᠳᠦᠯᠭᠡ ᠶᠢ ᠵᠢᠯᠣᠭᠤᠳᠤᠭᠤᠯᠬᠤ ᠠᠵᠢᠯ ᠤᠨ ᠰᠢᠰᠲ᠋ᠧᠮ ᠢ ᠪᠦᠷᠢᠨᠰᠢᠭᠦᠯᠦᠨ᠎ᠡ᠃ ᠮᠠᠷᠺᠰ ᠤᠨ ᠦᠵᠡᠯ ᠤᠨ ᠤᠨᠤᠯ ᠤᠨ | ᠰᠤᠳᠤᠯᠭᠠᠨ ᠪᠠ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ ᠰᠢᠰᠲ᠋ᠧᠮ᠂ ᠡᠷᠳᠡᠮ | ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠦᠷᠢᠨ ᠵᠠᠭᠤᠴᠢᠯᠠᠭᠤᠷ ᠤᠨ | ᠳᠠᠮᠵᠢᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯ ᠶᠠᠷᠢᠶ᠎ᠠ ᠬᠡᠯᠡᠯᠴᠡᠭᠡᠨ ᠤ ᠰᠢᠨ᠎ᠡ ᠪᠠᠶᠢᠷᠢᠰᠢᠯ | ᠢ ᠪᠤᠢ ᠪᠣᠯᠭᠠᠨ᠎ᠠ᠃ ᠰᠦᠯᠵᠢᠶᠡᠨ ᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠦᠯᠵᠢᠶᠡᠨ ᠤ | ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠬᠤ ᠶᠢ ᠠᠬᠢᠭᠤᠯᠤᠨ᠎ᠠ᠃ | ︵ᠬᠤᠶᠠᠷ︶ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠥᠷᠭᠡᠨ ᠳᠡᠯᠭᠡᠷ ᠦᠢᠯᠡᠳᠦᠯᠭᠡᠵᠢᠭᠦᠯᠦᠨ᠎ᠡ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠣᠯ ᠬᠥᠮᠥᠰ ᠤᠨ ᠰᠡᠳᠬᠢᠯ ᠪᠠ ᠠᠷᠠᠳ ᠤᠨ ᠬᠦᠴᠦᠨ ᠢ | ᠨᠢᠭᠲᠠᠷᠠᠭᠤᠯᠬᠤ ᠬᠦᠴᠦᠷᠬᠡᠭ ᠶᠡᠭᠡ ᠬᠦᠴᠦᠨ ᠮᠥᠨ᠃ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠠᠷ ᠡᠬᠢ | ᠰᠤᠷᠪᠤᠯᠵᠢ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠪᠠᠳᠠᠷᠠᠭᠤᠯᠵᠤ᠂ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ | ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ ᠦᠵᠡᠯ᠂ ᠨᠡᠶᠢᠭᠡᠮ | ᠵᠢᠷᠤᠮ ᠤᠨ ᠬᠥᠮᠦᠵᠢᠯ ᠢ ᠭᠦᠨᠵᠡᠭᠡᠶᠢᠷᠡᠭᠦᠯᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ | ᠴᠠᠭ ᠦᠶ᠎ᠡ ᠶᠢᠨ ᠰᠢᠨ᠎ᠡ ᠬᠥᠮᠥᠨ ᠢ ᠬᠦᠴᠦᠯᠡᠨ ᠬᠥᠮᠥᠵᠢᠭᠦᠯᠦᠨ᠎ᠡ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ | ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ | ᠢ ᠦᠷᠭᠦᠯᠵᠢᠯᠡᠨ ᠰᠠᠶᠢᠲᠤᠷ ᠠᠳᠬᠤᠵᠤ᠂ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠡᠦᠬᠡ ᠪᠠᠨ ᠮᠡᠳᠡᠵᠦ | ᠨᠠᠮ ᠢᠶᠠᠨ ᠬᠠᠶᠢᠷᠠᠯᠠᠬᠤ᠂ ᠲᠡᠦᠬᠡ ᠪᠠᠨ ᠮᠡᠳᠡᠵᠦ ᠤᠯᠤᠰ ᠢᠶᠠᠨ ᠬᠠᠶᠢᠷᠠᠯᠠᠬᠤ ᠶᠢ ᠭᠦᠨᠵᠡᠭᠡᠶᠢᠷᠡᠭᠦᠯᠵᠦ᠂ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠲᠠᠰᠤᠷᠠᠯᠲᠠ ᠦᠭᠡᠢ ᠪᠠᠲᠤᠳᠬᠠᠨ᠎ᠠ᠃ ᠨᠡᠶᠢᠭᠡᠮ | ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠵᠦ᠂ | ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠶᠡᠭᠡ ᠳᠡᠭᠡᠳᠦ ᠰᠤᠷᠭᠠᠭᠤᠯᠢ ᠪᠣᠯᠣᠨ | ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠠᠬᠢᠭᠤᠯᠤᠨ᠎ᠠ᠃ ᠬᠠᠤᠯᠢ ᠪᠠᠷ ᠤᠯᠤᠰ ᠢ ᠵᠠᠰᠠᠬᠤ ᠪᠠ ᠶᠣᠰᠣ ᠰᠤᠷᠲᠠᠬᠤᠨ ᠢᠶᠠᠷ ᠤᠯᠤᠰ ᠢ ᠵᠠᠰᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠬᠠᠤᠯᠢᠵᠢᠯ ᠤᠨ | ᠪᠠᠶᠢᠭᠤᠯᠤᠯᠲᠠ ᠳᠤ ᠠᠭᠤᠰᠬᠠᠨ᠂ ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ | ᠠᠭᠤᠰᠬᠠᠨ᠎ᠠ᠃ | ︵ᠭᠤᠷᠪᠠ︶ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠢᠷᠭᠡᠨ ᠤ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠶᠣᠰᠣ | ᠰᠤᠷᠲᠠᠬᠤᠨ ᠢ ᠪᠠᠳᠠᠷᠠᠭᠤᠯᠤᠨ᠂ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠵᠤ᠂ ᠶᠡᠭᠡ ᠶᠣᠰᠣ ᠶᠢ ᠮᠡᠳᠡᠭᠦ᠂ ᠨᠡᠶᠢᠲᠡ ᠶᠢᠨ ᠶᠣᠰᠣ ᠶᠢ ᠰᠠᠬᠢᠬᠤ᠂ ᠬᠤᠪᠢ ᠶᠢᠨ ᠶᠣᠰᠣ ᠶᠢ | ᠴᠢᠩᠳᠠᠯᠠᠬᠤ ᠶᠢ ᠠᠬᠢᠭᠤᠯᠵᠤ᠂ ᠠᠷᠠᠳ ᠲᠦᠮᠡᠨ ᠤ ᠶᠣᠰᠣ ᠰᠤᠷᠲᠠᠬᠤᠨ ᠤ ᠲᠦᠪᠰᠢᠨ ᠪᠣᠯᠣᠨ ᠪᠣᠯᠪᠠᠰᠤᠨ ᠤ ᠬᠡᠪ | ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠪᠣᠯᠪᠠᠰᠤᠨ ᠢ ᠬᠥᠮᠥᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ | ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠪᠦᠭᠦ ᠨᠡᠶᠢᠭᠡᠮ ᠳᠤ ᠭᠦᠳᠡᠯᠮᠦᠷᠢ ᠶᠢᠨ ᠵᠣᠷᠢᠭ ᠰᠠᠨᠠᠭ᠎ᠠ᠂ | ᠲᠡᠮᠡᠴᠡᠯ ᠤᠨ ᠵᠣᠷᠢᠭ ᠰᠠᠨᠠᠭ᠎ᠠ᠂ ᠭᠤᠶᠠᠴᠢ ᠦᠭᠡᠢ ᠵᠢᠳᠭᠦᠭᠦ ᠵᠣᠷᠢᠭ ᠰᠠᠨᠠᠭ᠎ᠠ᠂ ᠡᠭᠦᠳᠦᠨ ᠪᠦᠲᠦᠭᠡᠬᠦ ᠵᠣᠷᠢᠭ ᠰᠠᠨᠠᠭ᠎ᠠ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ | ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠎ᠠ᠃ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠠᠶᠢᠨ | ᠳᠤᠷ᠎ᠠ ᠶᠢᠨ ᠦᠢᠯᠡᠴᠢᠯᠡᠭᠡᠨ ᠤ ᠳᠦᠷᠢᠮ ᠪᠣᠯᠣᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠨᠡᠨᠴᠢ ᠢᠲᠡᠭᠡᠮᠵᠢ | ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠨᠰᠢᠭᠦᠯᠦᠨ᠎ᠡ᠃ ᠨᠠᠮ ᠪᠠ ᠤᠯᠤᠰ ᠤᠨ ᠭᠠᠪᠢᠶ᠎ᠠ ᠵᠢᠳᠬᠦᠯ ᠢᠷᠠᠭᠤ ᠠᠯᠳᠠᠷ ᠢ ᠬᠥᠬᠢᠭᠦᠯᠦᠨ | ᠰᠠᠶᠢᠰᠢᠶᠠᠬᠤ ᠵᠣᠷᠢᠭ ᠰᠠᠨᠠᠭᠠᠨ ᠤ ᠬᠥᠲᠥᠯᠥᠨ ᠳᠠᠭᠠᠭᠤᠯᠬᠤ᠂ ᠨᠡᠶᠢᠲᠡᠯᠢᠭ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ | ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠪᠠᠭᠠᠲᠤᠷᠴᠤᠳ ᠢ ᠳᠡᠭᠡᠳᠦᠯᠡᠬᠦ᠂ | ᠬᠤᠰᠢᠭᠤᠴᠢ ᠪᠤᠯᠬᠤ ᠪᠠᠷ ᠴᠢᠷᠮᠠᠶᠢᠬᠤ ᠶᠢ ᠠᠬᠢᠭᠤᠯᠤᠨ᠎ᠠ᠃ | ︵ᠳᠥᠷᠪᠡ︶ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ | ᠲᠦᠮᠡᠨ ᠢᠶᠠᠷ ᠭᠤᠣᠯ ᠪᠤᠯᠭᠠᠬᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠨ᠂ ᠠᠷᠠᠳ ᠲᠦᠮᠡᠨ ᠤ ᠤᠶᠤᠨ | ᠰᠠᠨᠠᠭᠠᠨ ᠤ ᠬᠦᠴᠦᠨ ᠴᠢᠳᠠᠯ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠤᠯᠠᠨ ᠭᠠᠷᠭᠠᠵᠤ᠂ ᠮᠣᠷᠠᠯ ᠡᠷᠳᠡᠮ | ᠬᠤᠣᠰᠯᠠᠭᠰᠠᠨ ᠦᠯᠡᠮᠵᠢ ᠤᠯᠠᠨ ᠤᠳᠬ᠎ᠠ ᠵᠣᠬᠢᠶᠠᠯᠴᠢ ᠤᠷᠠᠯᠢᠭᠴᠢᠳ ᠪᠣᠯᠣᠨ ᠬᠡᠪᠴᠢᠶ᠎ᠡ ᠪᠠᠷ ᠠᠤᠭ᠎ᠠ ᠶᠡᠭᠡ ᠰᠣᠶᠣᠯ | ᠤᠷᠠᠯᠢᠭ ᠤᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠦᠨ ᠪᠣᠶᠢᠵᠢᠭᠤᠯᠤᠨ᠎ᠠ᠃ ᠨᠡᠶᠢᠭᠡᠮ ᠤᠨ ᠦᠷ᠎ᠡ ᠠᠰᠢᠭ ᠢ ᠲᠡᠷᠢᠭᠦᠨ | ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠬᠦ ᠶᠢ | ᠪᠠᠷᠢᠮᠲᠠᠯᠠᠵᠤ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠣᠶᠣᠯ ᠤᠨ ᠠᠵᠤ ᠠᠬᠤᠢ | ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠶᠢ ᠡᠭᠦᠳᠦᠨ | ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠪᠣᠯᠣᠨ ᠵᠠᠬ᠎ᠠ ᠳᠡᠯᠭᠡᠭᠦᠷ ᠤᠨ | ᠰᠢᠰᠲ᠋ᠧᠮ ᠢ ᠪᠦᠷᠢᠨᠰᠢᠭᠦᠯᠵᠦ᠂ ᠴᠢᠬᠤᠯᠠ ᠶᠡᠭᠡ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠢᠶᠠᠷ ᠳᠠᠶᠢᠴᠢᠯᠠᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ | ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ | ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠢ ᠰᠠᠶᠢᠲᠤᠷ | ᠪᠠᠶᠢᠭᠤᠯᠵᠤ ᠰᠠᠶᠢᠲᠤᠷ ᠬᠡᠷᠡᠭᠯᠡᠨ᠎ᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ | ᠢᠯᠡᠷᠡᠭᠦᠯᠭᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠭᠦᠭᠵᠢᠭᠦ ᠶᠢ ᠠᠬᠢᠭᠤᠯᠤᠨ᠎ᠠ᠃ | ᠪᠦᠭᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠨ᠂ ᠤᠯᠠᠨ ᠲᠦᠮᠡᠨ ᠤ ᠪᠡᠶ᠎ᠡ ᠶᠢᠨ ᠲᠠᠮᠢᠷ | ᠪᠣᠯᠣᠨ ᠥᠷᠢᠰᠦᠯᠳᠦᠭᠡᠨ ᠤ ᠪᠡᠶ᠎ᠡ ᠶᠢᠨ ᠲᠠᠮᠢᠷ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ | ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ | ︵ᠲᠠᠪᠤ︶ ᠳᠤᠮᠳᠠᠳᠤ ᠶᠢᠨ ᠪᠣᠯᠪᠠᠰᠤᠨ ᠤ ᠳᠠᠮᠵᠢᠭᠤᠯᠭ᠎ᠠ ᠶᠢᠨ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ᠃ | ᠳᠤᠮᠳᠠᠳᠤ ᠶᠢᠨ ᠰᠣᠶᠣᠯ ᠤᠨ ᠵᠣᠭᠰᠣᠯᠲᠠ ᠶᠢ ᠪᠠᠲᠤ ᠰᠠᠬᠢᠵᠤ᠂ ᠳᠤᠮᠳᠠᠳᠤ ᠶᠢᠨ ᠪᠣᠯᠪᠠᠰᠤᠨ ᠤ ᠤᠶᠤᠨ ᠰᠠᠨᠠᠭᠠᠨ ᠤ ᠪᠡᠯᠭᠡ | ᠲᠡᠮᠳᠡᠭ ᠪᠣᠯᠣᠨ ᠰᠣᠶᠣᠯ ᠤᠨ ᠤᠭᠢ ᠰᠣᠳᠣ ᠶᠢ ᠪᠣᠯᠪᠠᠰᠤᠷᠠᠭᠤᠯᠤᠨ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠦᠭᠡ | ᠭᠡᠯᠡᠭᠦ ᠪᠠ ᠦᠭᠦᠯᠡᠭᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ | ᠳᠤᠮᠳᠠᠳᠤ ᠤᠯᠤᠰ ᠤᠨ ᠲᠠᠭᠤᠨ ᠢ ᠰᠠᠶᠢᠲᠤᠷ ᠳᠠᠮᠵᠢᠭᠤᠯᠤᠨ᠂ ᠢᠲᠡᠭᠡᠭᠦᠰᠢᠲᠡᠢ᠂ ᠬᠠᠶᠢᠷᠠᠯᠠᠭᠤᠰᠢᠲᠠᠢ᠂ ᠬᠦᠨᠳᠦᠳᠬᠡᠭᠦᠰᠢᠲᠡᠢ | ᠳᠤᠮᠳᠠᠳᠤ ᠤᠯᠤᠰ ᠤᠨ ᠳᠦᠷᠢ ᠲᠥᠷᠬᠦ ᠶᠢ ᠬᠠᠷᠠᠭᠤᠯᠤᠨ᠎ᠠ᠃ ᠤᠯᠠᠨ ᠤᠯᠤᠰ ᠤᠨ ᠳᠠᠮᠵᠢᠭᠤᠯᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠤᠯᠠᠨ ᠤᠯᠤᠰ ᠤᠨ ᠳᠠᠮᠵᠢᠭᠤᠯᠭ᠎ᠠ ᠶᠢᠨ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠮᠠᠨ ᠤ ᠤᠯᠤᠰ ᠤᠨ ᠤᠯᠤᠰ ᠤᠨ ᠶᠡᠷᠦᠩᠬᠡᠢ ᠬᠦᠴᠦᠨ ᠪᠣᠯᠣᠨ ᠳᠡᠯᠡᠬᠡᠢ ᠶᠢᠨ ᠪᠠᠶᠢᠷᠢ ᠰᠠᠭᠤᠷᠢ ᠯᠤᠭ᠎ᠠ | ᠵᠣᠬᠢᠴᠠᠭᠰᠠᠨ ᠳᠡᠯᠡᠬᠡᠢ ᠳᠡᠭᠡᠷᠡᠬᠢ ᠦᠭᠡ ᠭᠡᠯᠡᠭᠦ ᠡᠷᠬᠡ ᠶᠢ ᠪᠤᠢ ᠪᠣᠯᠭᠠᠨ᠎ᠠ᠃ ᠪᠣᠯᠪᠠᠰᠤᠨ ᠤ ᠰᠣᠯᠢᠯᠴᠠᠭ᠎ᠠ ᠲᠣᠯᠢᠳᠠᠯ ᠢ | ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠨᠡᠩ ᠰᠠᠶᠢᠨ ᠢᠶᠠᠷ ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠤᠨ᠎ᠠ᠃ | | ᠶᠢᠰᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ | ᠲᠥᠷᠥ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ᠃ ᠳᠤᠮᠳᠠᠳᠤ ᠤᠯᠤᠰ ᠤᠨ | ᠡᠪ ᠬᠠᠮᠲᠤ ᠨᠠᠮ ᠠᠷᠠᠳ ᠲᠦᠮᠡᠨ ᠢ ᠤᠳᠤᠷᠢᠳᠤᠨ ᠲᠦᠷᠦ ᠭᠦᠷᠤᠨ ᠢ ᠪᠠᠶᠢᠭᠤᠯᠵᠤ ᠲᠦᠷᠦ ᠭᠦᠷᠤᠨ ᠢᠶᠠᠨ ᠰᠠᠬᠢᠬᠤ ᠳᠤ᠂ | ᠰᠠᠬᠢᠵᠤ ᠪᠠᠶᠢᠭ᠎ᠠ ᠨᠢ ᠠᠷᠠᠳ ᠲᠦᠮᠡᠨ ᠤ ᠰᠡᠳᠬᠢᠯ ᠶᠤᠮ᠃ ᠲᠦᠷᠤ ᠶᠢ ᠵᠠᠰᠠᠬᠤ ᠳᠤᠷ ᠲᠣᠭᠲᠠᠭᠰᠠᠨ ᠪᠣᠳᠣᠯᠭ᠎ᠠ ᠠᠮᠣᠢ᠂ | ᠠᠷᠠᠳ ᠲᠤ ᠠᠰᠢᠭ ᠬᠦᠷᠲᠡᠭᠡᠬᠦ ᠠᠨᠤ ᠦᠨᠳᠦᠰᠦ ᠪᠤᠯᠠᠢ᠃ ᠠᠷᠠᠳ ᠲᠦᠮᠡᠨ ᠳᠤ ᠪᠤᠶᠠᠨ ᠦᠢᠯᠡᠳᠭᠦ ᠪᠣᠯ ᠨᠡᠶᠢᠲᠡ | ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠃ | ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠪᠠᠷᠢᠮᠲᠠᠯᠠᠵᠤ᠂ | ᠬᠠᠮᠲᠤ ᠪᠠᠷ ᠲᠡᠮᠡᠴᠡᠨ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠦᠨ᠎ᠡ᠃ | ᠪᠢᠳᠡ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ | ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ ᠢᠯᠡᠭᠦᠦ ᠰᠡᠳᠬᠢᠯ ᠲᠠᠯᠪᠢᠵᠤ | ᠪᠠᠶᠢᠭ᠎ᠠ᠂ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠨ᠂ ᠪᠦᠭᠦ | ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ | ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ | ᠤᠨ ᠰᠡᠳᠬᠢᠯ ᠢ ᠳᠤᠯᠠᠭᠠᠴᠠᠭᠤᠯᠬᠤ ᠨᠡᠩ ᠤᠯᠨᠨ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ | ᠂ ᠲᠡᠩᠴᠡᠭᠦᠷᠢᠲᠦ ᠴᠢᠨᠠᠷ ᠪᠠ ᠭᠦᠷᠳᠡᠭᠦᠶᠢᠴᠡ ᠴᠢᠨᠠᠷ ᠢ ᠴᠢᠩᠭᠠᠳᠬᠠᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ | ︵ᠨᠢᠭᠡ︶ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠬᠤᠪᠢᠶᠠᠷᠢᠯᠠᠯᠲᠠ ᠶᠢᠨ ᠳᠦᠷᠢᠮ ᠪᠣᠯ ᠬᠠᠮᠲᠤ ᠪᠠᠷ | ᠴᠢᠨᠡᠭᠡᠯᠢᠭᠵᠢᠬᠦ ᠶᠢ ᠠᠬᠢᠭᠤᠯᠬᠤ ᠰᠠᠭᠤᠷᠢ ᠴᠢᠨᠠᠷᠲᠠᠢ ᠳᠦᠷᠢᠮ ᠮᠥᠨ᠃ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠨ ᠤᠯᠠᠨ ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ ᠭᠡᠯᠪᠡᠷᠢ ᠶᠢ ᠵᠡᠷᠭᠡ | ᠪᠠᠷ ᠬᠡᠷᠡᠭᠯᠡᠬᠦ ᠶᠢ ᠪᠠᠷᠢᠮᠲᠠᠯᠠᠵᠤ᠂ ᠠᠩᠬᠠᠨ ᠤ ᠬᠤᠪᠢᠶᠠᠷᠢᠯᠠᠯᠲᠠ᠂ ᠲᠠᠭᠢᠨ ᠬᠤᠪᠢᠶᠠᠷᠢᠯᠠᠯᠲᠠ᠂ ᠭᠤᠷᠪᠠᠳᠠᠭᠢ | ᠬᠤᠪᠢᠶᠠᠷᠢᠯᠠᠯᠲᠠ ᠶᠢ ᠵᠣᠬᠢᠴᠠᠭᠤᠯᠤᠨ ᠢᠵᠢ ᠪᠦᠷᠢᠳᠦᠭᠦᠯᠬᠦ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠤᠯᠤᠰ ᠠᠷᠠᠳ | ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠡᠵᠡᠯᠡᠭᠦ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢ ᠶᠢᠨ ᠵᠢᠩ ᠢ | ᠴᠢᠷᠮᠠᠶᠢᠨ ᠳᠡᠭᠡᠭᠰᠢᠯᠡᠭᠦᠯᠵᠦ᠂ ᠠᠩᠬᠠᠨ ᠤ ᠬᠤᠪᠢᠶᠠᠷᠢᠯᠠᠯᠲᠠ ᠳᠤ ᠡᠵᠡᠯᠡᠭᠦ ᠭᠦᠳᠡᠯᠮᠦᠷᠢ ᠶᠢᠨ ᠬᠥᠯᠥᠰᠦ ᠣᠯᠭᠤᠮᠵᠢ ᠶᠢᠨ | ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ ᠶᠢ ᠪᠠᠷᠢᠮᠲᠠᠯᠠᠨ᠂ ᠠᠵᠢᠯᠴᠢ | ᠭᠦᠳᠡᠯᠮᠦᠷᠢᠴᠢ ᠪᠠᠷ ᠪᠠᠶᠠᠵᠢᠬᠤ ᠶᠢ ᠵᠣᠷᠢᠭᠵᠢᠭᠤᠯᠵᠤ᠂ ᠲᠣᠭᠢᠶᠠᠯ ᠢ ᠲᠥᠪ ᠭᠤᠣᠯᠴᠢ ᠪᠠᠶᠢᠯᠭᠠᠬᠤ ᠶᠢ ᠠᠬᠢᠭᠤᠯᠤᠨ᠂ | ᠣᠷᠣᠯᠭ᠎ᠠ ᠪᠠᠭᠠᠲᠠᠢ ᠬᠥᠮᠥᠰ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠲᠤᠭ᠎ᠠ | ᠶᠢ ᠨᠡᠮᠡᠭᠳᠡᠭᠦᠯᠦᠨ᠎ᠡ᠃ ᠬᠦᠴᠦᠨ ᠵᠦᠢᠯ ᠢᠶᠠᠷ ᠬᠤᠪᠢᠶᠠᠷᠢᠯᠠᠬᠤ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ | ᠂ ᠳᠤᠮᠳᠠ ᠳᠣᠣᠷ᠎ᠠ ᠣᠷᠣᠯᠭ᠎ᠠ ᠲᠠᠢ ᠣᠯᠠᠨ ᠲᠦᠮᠡᠨ ᠤ ᠬᠦᠴᠦᠨ ᠵᠦᠢᠯ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠬᠦ ᠶᠢ ᠬᠠᠶᠢᠨ ᠰᠦᠪᠡᠭᠴᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠳ᠋ ᠬᠥᠷᠥᠩᠭᠡ ᠶᠢᠨ ᠴᠢᠨᠠᠷᠲᠠᠢ | ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ | ᠥᠭᠭᠦ ᠵᠡᠷᠭᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ | ᠶᠢᠨ ᠳᠦᠷᠢᠮ ᠢ ᠲᠡᠭᠦᠯᠳᠡᠷᠵᠢᠭᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠡᠮᠬᠢ ᠵᠢᠷᠤᠮ ᠢ ᠵᠢᠷᠤᠮᠵᠢᠭᠤᠯᠤᠨ᠂ ᠡᠳ᠋ | ᠪᠠᠶᠠᠯᠢᠭ ᠬᠤᠷᠠᠮᠳᠤᠭᠤᠯᠬᠤ ᠲᠣᠭᠲᠠᠴᠠ ᠶᠢ ᠵᠢᠷᠤᠮᠵᠢᠭᠤᠯᠵᠤ᠂ ᠬᠠᠤᠯᠢ ᠶᠣᠰᠣᠨ ᠤ ᠣᠷᠣᠯᠭ᠎ᠠ ᠶᠢ ᠬᠠᠮᠠᠭᠠᠯᠠᠨ᠂ ᠭᠡᠳᠦ | ᠥᠨᠳᠥᠷ ᠣᠷᠣᠯᠭ᠎ᠠ ᠳᠤ ᠲᠣᠬᠢᠷᠠᠭᠤᠯᠤᠯᠲᠠ ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠨ᠎ᠠ᠃ ᠬᠦᠰᠡᠯ ᠡᠷᠡᠮᠡᠯᠵᠡᠯ ᠲᠠᠢ | ᠪᠥᠭᠡᠳ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠡᠶᠢᠲᠡ ᠶᠢᠨ | ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠬᠥᠲᠥᠯᠥᠨ ᠵᠢᠯᠤᠭᠤᠳᠴᠤ ᠳᠡᠮᠵᠢᠨ᠎ᠡ᠃ | ︵ᠬᠤᠶᠠᠷ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ | ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ | ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠤᠯᠠᠨ ᠨᠡᠶᠢᠲᠡ | ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠭᠦ | ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠬᠥᠮᠥᠰ ᠤᠨ ᠠᠵᠢᠯ ᠣᠯᠭᠤᠯᠲᠠ ᠳᠤ ᠦᠨᠳᠦᠰᠦᠨ ᠵᠦᠢᠯ ᠢ ᠨᠢ | ᠪᠠᠲᠤᠯᠠᠵᠤ ᠬᠠᠪᠰᠤᠷᠤᠨ ᠲᠡᠳᠭᠦᠭᠦ ᠶᠢ ᠴᠢᠩᠭᠠᠳᠬᠠᠨ᠎ᠠ᠃ ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠦᠳᠡᠯᠮᠦᠷᠢ ᠬᠦᠴᠦ ᠪᠣᠯᠣᠨ ᠴᠢᠳᠠᠪᠤᠷᠢᠲᠠᠨ ᠤ ᠰᠢᠯᠵᠢᠯᠲᠡ ᠶᠢ | ᠬᠠᠷᠰᠢᠯᠠᠵᠤ ᠪᠠᠶᠢᠭ᠎ᠠ ᠪᠠᠶᠢᠭᠤᠯᠤᠮᠵᠢ ᠪᠠ ᠲᠦᠷᠦ ᠶᠢᠨ ᠪᠣᠳᠣᠯᠭ᠎ᠠ ᠶᠢᠨ ᠭᠡᠮ ᠰᠣᠭᠤᠭ ᠢ ᠠᠷᠢᠯᠭᠠᠨ᠂ ᠡᠷᠬᠡ ᠲᠡᠭᠰᠢ ᠠᠵᠢᠯ | ᠣᠯᠭᠤᠯᠲᠠ ᠶᠢ ᠨᠥᠯᠥᠭᠡᠯᠡᠵᠦ ᠪᠠᠶᠢᠭ᠎ᠠ ᠵᠦᠢ ᠵᠣᠬᠢᠰ ᠦᠭᠡᠢ ᠬᠢᠵᠠᠭᠠᠷᠯᠠᠯ ᠪᠣᠯᠣᠨ ᠠᠵᠢᠯ ᠣᠯᠭᠤᠯᠲᠠ ᠶᠢᠨ ᠭᠠᠳᠠᠭᠤᠷᠴᠢᠯᠠᠯ | ᠢ ᠠᠷᠢᠯᠭᠠᠵᠤ᠂ ᠬᠥᠮᠥᠨ ᠪᠦᠭᠦᠨ ᠳᠤ ᠴᠥᠮ ᠰᠢᠷᠭᠠᠭᠤ ᠭᠦᠳᠡᠯᠮᠦᠷᠢ ᠪᠠᠷ ᠢᠶᠠᠨ ᠥᠪᠡᠷ ᠢ ᠪᠠᠨ ᠬᠥᠭᠵᠢᠭᠦᠯᠬᠦ ᠵᠠᠪᠰᠢᠶᠠᠨ | ᠲᠠᠢ ᠪᠣᠯᠭᠠᠨ᠎ᠠ᠃ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ | ᠢ ᠪᠦᠷᠢᠨᠰᠢᠭᠦᠯᠵᠦ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ ᠠᠬᠢᠭᠤᠯᠤᠨ᠎ᠠ᠃ | ᠦᠢᠯᠡᠰ ᠪᠣᠰᠬᠠᠬᠤ ᠪᠠᠷ ᠲᠠᠮᠵᠢᠨ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠬᠤ ᠪᠠᠲᠤᠯᠠᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠢ ᠬᠥᠭᠵᠢᠭᠦᠯᠬᠦ ᠶᠢ ᠲᠡᠮᠵᠢᠵᠤ ᠵᠢᠷᠤᠮᠵᠢᠭᠤᠯᠤᠨ᠎ᠠ᠃ | ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠵᠦ᠂ ᠭᠦᠳᠡᠯᠮᠦᠷᠢ ᠶᠢᠨ ᠬᠠᠷᠢᠴᠠᠭ᠎ᠠ ᠶᠢ | ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ | ᠶᠢᠨ ᠳᠦᠷᠢᠮ ᠢ ᠲᠡᠭᠦᠯᠳᠡᠷᠵᠢᠭᠦᠯᠵᠦ᠂ ᠠᠮᠢᠳᠤᠯᠢᠭ ᠢᠶᠠᠷ ᠠᠵᠢᠯ ᠣᠯᠬᠤ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠬᠤ | ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ | ︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ | ᠪᠣᠯ ᠠᠷᠠᠳ ᠤᠨ ᠠᠮᠢᠳᠤᠷᠠᠯ ᠤᠨ ᠠᠮᠤᠷ ᠲᠦᠪᠰᠢᠨ ᠤ ᠲᠣᠣᠷ ᠪᠠ ᠨᠡᠶᠢᠭᠡᠮ ᠤᠨ ᠠᠵᠢᠯᠯᠠᠭᠠᠨ ᠤ ᠲᠣᠭᠲᠠᠪᠤᠷᠢᠵᠢᠭᠤᠯᠤᠭᠴᠢ | ᠮᠥᠨ᠃ ᠪᠦᠭᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ᠂ ᠲᠥᠪ ᠭᠤᠣᠯᠴᠢ | ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠬᠦᠶᠢᠴᠡ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠢ ᠪᠦᠭᠦ | ᠤᠯᠤᠰ ᠲᠤ ᠨᠢᠭᠡᠳᠦᠯᠲᠡᠢ ᠲᠥᠯᠥᠪᠯᠡᠬᠦ ᠳᠦᠷᠢᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠤᠯᠠᠨ ᠲᠡᠰ ᠳᠠᠪᠬᠤᠷᠭᠠᠲᠤ᠂ ᠤᠯᠠᠨ ᠲᠤᠯᠭᠠᠭᠤᠷᠢᠳᠤ ᠰᠢᠰᠲ᠋ᠧᠮ ᠢ ᠬᠥᠭᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ | ᠠᠵᠢᠯ ᠠᠴᠠ ᠠᠮᠠᠷᠠᠬᠤ ᠨᠠᠰᠤ ᠶᠢ ᠠᠭᠠᠵᠢᠮ ᠠᠬᠢᠭᠤᠯᠬᠤ ᠮᠠᠶ᠋ᠢᠭ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ ᠨᠡᠶᠢᠭᠡᠮ | ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ᠂ | ᠡᠮᠴᠢᠯᠡᠭᠡᠨ ᠤ ᠦᠨᠳᠦᠰᠦᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠢ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠶᠢ ᠠᠬᠢᠭᠤᠯᠤᠨ᠎ᠠ᠃ ᠣᠯᠠᠨ | ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠠᠬᠢᠭᠤᠯᠵᠤ᠂ ᠬᠦᠨᠳᠦ | ᠡᠪᠡᠳᠴᠢᠨ ᠤ ᠳᠠᠭᠠᠳᠬᠠᠯ ᠪᠣᠯᠣᠨ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠣᠨᠳᠣᠣ ᠭᠠᠵᠠᠷ | ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ | ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠂ ᠬᠤᠳᠠᠯᠳᠤᠭᠠᠨ ᠤ ᠡᠮᠴᠢᠯᠡᠭᠡᠨ ᠤ ᠳᠠᠭᠠᠳᠬᠠᠯ ᠢ ᠢᠳᠡᠪᠬᠢᠲᠡᠢ | ᠬᠥᠭᠵᠢᠭᠦᠯᠦᠨ᠎ᠡ᠃ ᠪᠦᠭᠦ ᠤᠯᠤᠰ ᠤᠨ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ | ᠲᠠᠪᠴᠠᠩ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠦᠷᠳᠡᠭ ᠢ | ᠪᠠᠲᠤᠯᠠᠵᠤ ᠦᠷᠳᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ ᠲᠡᠰ | ᠳᠠᠪᠬᠤᠷᠭ᠎ᠠ ᠪᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ | ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠭᠡᠷ ᠪᠠᠶᠢᠰᠢᠩ ᠢ ᠰᠠᠭᠤᠬᠤ ᠶᠢᠨ ᠲᠥᠯᠥᠭᠡ ᠪᠠᠷᠢᠭᠰᠠᠨ ᠠᠴᠠ ᠪᠢᠰᠢ | ᠰᠠᠷᠢᠭᠠᠯᠠᠬᠤ ᠶᠢᠨ ᠲᠥᠯᠥᠭᠡ ᠪᠠᠷᠢᠭᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠤᠯᠠᠨ ᠪᠡᠶᠡᠴᠢ ᠴᠣᠭᠴᠠ | ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ | ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠲᠦᠷᠭᠡᠳᠬᠡᠨ ᠪᠠᠶᠢᠭᠤᠯᠤᠨ᠎ᠠ᠃ | ︵ᠳᠥᠷᠪᠡ︶ ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠲᠦᠮᠡᠨ ᠤ | ᠡᠷᠡᠭᠦᠯ ᠮᠡᠨᠳᠦ ᠪᠣᠯ ᠦᠨᠳᠦᠰᠦᠲᠡᠨ ᠤ ᠬᠥᠭᠵᠢᠯ ᠪᠠᠳᠠᠷᠠᠯ ᠪᠠ ᠤᠯᠤᠰ ᠣᠷᠣᠨ ᠤ ᠬᠦᠴᠦᠷᠬᠡᠭᠵᠢᠯ ᠤᠨ ᠴᠢᠬᠤᠯᠠ ᠪᠡᠯᠭᠡ | ᠲᠡᠮᠳᠡᠭ ᠮᠥᠨ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠡᠷᠡᠭᠦᠯ ᠮᠡᠨᠳᠦ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠯᠢᠳᠡᠭᠵᠢᠭᠦᠯᠤᠨ᠂ ᠦᠷᠡᠵᠢᠯ ᠢ | ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠲᠦᠷᠤᠬᠦ᠂ ᠦᠰᠭᠡᠨ ᠬᠦᠮᠤᠵᠢᠬᠦᠯᠬᠦ᠂ ᠰᠤᠷᠭᠠᠨ | ᠬᠥᠮᠦᠵᠢᠬᠦᠯᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠢ | ᠠᠷᠭᠠᠴᠠᠭᠠᠬᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ | ᠪᠤᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠦᠨ᠂ ᠭᠤᠤᠨᠢ ᠪᠡᠶ᠎ᠠ ᠨᠠᠰᠤᠳᠠᠨ ᠳᠤ ᠦᠢᠯᠡᠴᠢᠯᠡᠬᠦ | ᠦᠢᠯᠡᠴᠢᠯᠡᠭᠡ ᠶᠢ ᠰᠢᠯᠢᠳᠡᠭᠵᠢᠭᠦᠯᠵᠦ᠂ ᠪᠦᠬᠦᠶᠢᠯᠡ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ | ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨ᠎ᠠ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠯᠭᠡ ᠶᠢᠨ | ᠳᠠᠭᠠᠳᠭᠠᠯ᠂ ᠡᠮᠴᠢᠯᠡᠭᠡ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠠ ᠶᠢ ᠥᠷᠭᠡᠳᠭᠡᠬᠦ ᠪᠠ ᠣᠷᠣᠨ ᠪᠦᠰᠡ ᠶᠢᠨ ᠲᠡᠩᠴᠡᠭᠦᠷᠢᠲᠡᠶ | ᠪᠠᠶᠢᠷᠢᠰᠢᠭᠤᠯᠤᠯᠳᠠ ᠶᠢ ᠠᠬᠢᠭᠤᠯᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠬᠦᠨᠳᠦ ᠶᠡᠭᠡ ᠠᠷᠬᠠᠬ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠳᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ | ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠣᠯᠭᠠᠭ᠍ᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ | ᠵᠢᠷᠤᠮᠵᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ | ᠭᠤᠣᠯᠳᠠᠯᠭ᠎ᠠ ᠪᠠᠨ ᠬᠥᠳᠡᠭᠡ ᠲᠣᠰᠭᠤᠨ ᠪᠠ ᠨᠡᠶᠢᠭᠡᠮ ᠲᠣᠭᠤᠷᠢᠭ ᠲᠤ ᠲᠠᠯᠪᠢᠨ᠎ᠠ᠃ ᠰᠡᠳᠭᠢᠴᠡ ᠶᠢᠨ ᠡᠷᠡᠭᠦᠯ ᠮᠡᠨᠳᠦ ᠪᠠ | ᠮᠡᠳᠡᠷᠡᠯ ᠤᠨ ᠡᠷᠡᠭᠦᠯ ᠬᠠᠮᠠᠭᠠᠯᠠᠯ ᠢ ᠴᠢᠬᠤᠯᠠᠴᠢᠯᠠᠨ᠎ᠠ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ | ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠰᠡᠷᠭᠡᠶᠢᠯᠡᠬᠦ ᠶᠢ | ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ | ᠪᠦᠷᠢᠨᠰᠢᠭᠦᠯᠦᠨ᠂ ᠬᠦᠨᠳᠦ ᠶᠡᠭᠡ ᠬᠢᠵᠢᠭ ᠢ ᠡᠷᠲᠡᠬᠡᠨ ᠢᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ | ᠬᠢᠵᠢᠭ ᠢ ᠰᠡᠷᠭᠡᠶᠢᠯᠡᠨ ᠬᠢᠵᠠᠭᠠᠷᠯᠠᠵᠤ ᠠᠪᠤᠷᠠᠨ ᠵᠠᠰᠠᠬᠤ ᠰᠢᠰᠲ᠋ᠧᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠨ | ᠲᠡᠯᠭᠡᠷᠡᠬᠦ ᠶᠢ ᠪᠦᠲᠦᠮᠵᠢᠲᠡᠶ ᠬᠤᠷᠢᠭᠯᠠᠨ᠎ᠠ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ᠪᠤᠯᠤᠨ ᠡᠭᠡ ᠤᠷᠤᠨᠴᠢ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ | ᠰᠠᠨᠠᠭᠠᠴᠢᠯᠠᠨ᠎ᠠ᠃ | ᠠᠷᠪᠠ᠂ ᠪᠤᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ | ᠣᠷᠣᠰᠢᠬᠤ ᠶᠢ ᠠᠬᠢᠭᠤᠯᠤᠨ᠎ᠠ | ᠡᠬᠡ ᠪᠠᠶᠢᠭᠠᠯᠢ ᠪᠣᠯ ᠬᠥᠮᠦᠨ ᠲᠥᠷᠥᠯᠬᠢᠲᠡᠨ ᠤ ᠣᠷᠣᠰᠢᠨ ᠲᠣᠭᠲᠠᠨᠢᠵᠤ ᠬᠦᠭᠵᠢᠬᠦ ᠶᠢᠨ ᠦᠨᠳᠦᠰᠦᠨ ᠨᠥᠬᠦᠴᠡᠯ ᠮᠥᠨ᠃ | ᠪᠠᠶᠢᠭᠠᠯᠢ ᠶᠢ ᠬᠦᠨᠳᠦᠳᠭᠡᠨ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠬᠤ ᠪᠣᠯ ᠨᠡᠶᠢᠭᠡᠮ ᠵᠢᠷᠤᠮᠲᠤ | ᠣᠳᠣᠬᠢᠴᠢᠯᠡᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠡᠷᠬᠡᠪᠰᠢ | ᠬᠥᠬᠡᠮᠳᠦᠭ ᠨᠤᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ | ᠪᠣᠯᠭᠠᠨ ᠦᠢᠯᠡᠳᠦᠯᠭᠡᠵᠢᠭᠦᠯᠵᠦ᠂ ᠬᠥᠮᠦᠨ ᠬᠢᠬᠡᠳ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠷᠴᠡ ᠠᠴᠠ | ᠬᠥᠭᠵᠢᠯᠲᠡ ᠶᠢ ᠲᠦᠯᠦᠪᠯᠡᠬᠦ ᠬᠡᠷᠡᠭᠲᠡᠢ᠃ | ᠪᠢᠳᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠭᠤᠯᠠ ᠤᠰᠤ | ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠡᠪᠡᠰᠤ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠪᠣᠬᠢᠷᠲᠤᠯ ᠢ ᠵᠠᠰᠠᠬᠤ᠂ | ᠠᠮᠢ ᠠᠬᠤᠶ ᠶᠢ ᠬᠠᠮᠠᠭᠠᠯᠠᠬᠤ᠂ ᠠᠭᠤᠷ ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠶ ᠲᠥᠯᠥᠪᠵᠢᠭᠦᠯᠵᠦ | ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠭᠠᠬᠤ᠂ | ᠨᠣᠭᠤᠭᠠᠷᠠᠭᠤᠯᠤᠯᠲᠠ ᠶᠢ ᠥᠷᠭᠡᠳᠭᠡᠬᠦ᠂ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠮᠢ | ᠠᠬᠤᠶ ᠶᠢ ᠤᠷᠢᠳ ᠢᠶᠠᠷ ᠪᠤᠳᠤᠯᠬᠢᠯᠠᠬᠰᠠᠨ᠂ ᠠᠷᠪᠢᠴᠢ ᠡᠷᠴᠢᠮᠯᠢᠭ᠂ ᠪᠤᠬᠢᠷᠳᠤᠯ ᠦᠭᠡᠢ ᠳᠤᠤᠷ᠎ᠡ ᠨᠡᠭᠦᠷᠡᠰᠦᠲᠥ᠋ᠷᠥᠭᠴᠢᠳᠦ | ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠨᠢᠭᠡ︶ ᠬᠦᠭᠵᠢᠯᠳᠡ ᠶᠢᠨ ᠬᠡᠯᠪᠡᠷᠢ ᠶᠢᠨ ᠪᠤᠬᠢᠷᠳᠤᠯ ᠦᠬᠡᠢ ᠲᠡᠶᠢᠰᠢ ᠬᠤᠪᠢᠷᠠᠬᠤ ᠶᠢ ᠲᠦᠷᠬᠡᠤᠨᠬᠡᠨ᠎ᠠ᠃ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠤᠬᠢᠷᠳᠤᠯ ᠦᠭᠡᠶᠢᠵᠢᠯᠳᠡ᠂ ᠪᠠᠭ᠎ᠠ | ᠨᠡᠭᠦᠷᠡᠰᠦᠳᠦ᠋ᠷᠦᠭᠴᠢᠵᠢᠯᠲᠡ ᠶᠢ ᠠᠬᠢᠭᠤᠯᠬᠤ ᠪᠣᠯ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ | ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠵᠡᠷᠭᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ | ᠲᠦᠷᠭᠡᠳᠭᠡᠨ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠯ᠎ᠡ | ᠲᠦᠷᠦᠯ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠠᠭᠳᠠᠮᠠᠯ ᠪᠣᠳᠠᠰ ᠢ | ᠣᠷᠴᠢᠯᠳᠤᠭᠤᠯᠤᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠪᠤᠬᠢᠷᠳᠤᠯ ᠦᠭᠡᠢ ᠬᠥᠭᠵᠢᠯᠲᠡ ᠶᠢ ᠳᠡᠮᠵᠢᠬᠦ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ | ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠠᠵᠤ ᠦᠢᠯᠡᠰ ᠢ | ᠬᠥᠭᠵᠢᠭᠦᠯᠵᠦ᠂ ᠡᠬᠢ ᠪᠠᠶᠠᠯᠢᠭ ᠣᠷᠴᠢᠨ ᠠᠬᠤᠢ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ | ᠪᠦᠷᠢᠨᠰᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠪᠠᠭᠤᠷᠠᠭᠤᠯᠬᠤ ᠲᠡᠷᠢᠭᠦᠨ ᠤ | ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠪᠤᠬᠢᠷᠳᠤᠯ ᠦᠭᠡᠢ ᠬᠡᠷᠡᠭᠯᠡᠭᠡ ᠶᠢ | ᠰᠠᠨᠠᠭᠠᠴᠢᠯᠠᠵᠤ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ | ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠤᠨ᠎ᠠ᠃ | ︵ᠬᠤᠶᠠᠷ︶ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠠᠬᠢᠭᠤᠯᠤᠨ᠎ᠠ᠃ ᠨᠠᠷᠢᠯᠢᠭ | ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ | ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠴᠡᠯᠮᠡᠭ ᠠᠭᠠᠷ᠂ ᠲᠤᠩᠭᠠᠯᠠᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ | ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ᠪᠣᠬᠢᠷᠲᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ | ᠴᠢᠩᠭᠠᠳᠬᠠᠵᠤ᠂ ᠬᠦᠨᠳᠦ ᠪᠣᠬᠢᠷᠲᠤᠯᠳᠤ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠠᠬᠤᠢ᠂ ᠤᠰᠤᠨ ᠤ ᠠᠮᠢ ᠠᠬᠤᠶ ᠶᠢᠨ ᠵᠠᠰᠠᠯᠲᠠ ᠶᠢ ᠨᠢᠭᠡᠳᠦᠯᠲᠡᠶ ᠲᠥᠯᠥᠪᠵᠢᠬᠦᠯᠵᠦ᠂ ᠴᠢᠬᠤᠯᠠ | ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ ᠶᠢ ᠠᠬᠢᠭᠤᠯᠵᠤ᠂ ᠬᠤᠲᠠ ᠶᠢᠨ ᠪᠣᠬᠢᠷ | ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠷᠥᠰᠥ ᠰᠢᠷᠤᠢ ᠶᠢᠨ ᠪᠣᠬᠢᠷᠲᠤᠯ ᠢ ᠡᠬᠢ | ᠡᠬᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ | ᠥᠷᠨᠢᠭᠦᠯᠦᠨ᠎ᠡ᠃ ᠣᠷᠴᠢᠨ ᠠᠬᠤᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠬᠤᠲᠠ ᠬᠦᠳᠡᠭᠡ ᠶᠢᠨ ᠣᠷᠣᠰᠢᠨ ᠠᠮᠢᠳᠤᠷᠠᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ | ᠠᠬᠢᠭᠤᠯᠤᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠤᠳᠤ ᠦᠶ᠎ᠡ ᠶᠢᠨ ᠣᠷᠴᠢᠨ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠣᠷᠴᠢᠨ ᠠᠬᠤᠢ ᠶᠢᠨ ᠠᠶᠤᠯ | ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠤᠨ᠎ᠠ᠃ | ︵ᠭᠤᠷᠪᠠ︶ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ | ᠴᠢᠨᠠᠷ ᠢ ᠳᠡᠭᠡᠭᠰᠢᠯᠡᠭᠦᠯᠦᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠣᠷᠣᠨ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠪᠠᠷ ᠭᠤᠣᠯᠳᠠᠯᠭ᠎ᠠ ᠪᠣᠯᠭᠠᠵᠤ᠂ | ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠭᠡᠨ | ᠬᠡᠷᠡᠭᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠭᠡᠷ ᠢ ᠶᠡᠭᠡ ᠬᠡᠪᠴᠢᠶ᠎ᠠ ᠪᠠᠷ | ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠬᠠᠮᠲᠤ ᠶᠢᠨ ᠤᠢ ᠰᠢᠭᠤᠢ ᠶᠢᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠤᠲᠤᠭ ᠪᠡᠯᠴᠢᠭᠡᠷ ᠣᠶ ᠰᠢᠭᠤᠢ ᠭᠤᠤᠯ ᠮᠥᠷᠡᠨ | ᠨᠠᠭᠤᠷ ᠪᠦᠷᠢᠲᠦ ᠨᠤᠭᠤ ᠭᠠᠵᠠᠷ ᠢ ᠠᠮᠠᠷᠠᠭᠤᠯᠤᠨ ᠰᠡᠷᠭᠦᠭᠡᠭᠦ ᠶᠢ ᠬᠡᠷᠡᠭᠵᠢᠭᠦᠯᠵᠦ᠂ ᠬᠦᠬᠡᠮᠦᠷᠡᠨ ᠳᠤ ᠵᠢᠭᠠᠰᠤ ᠠᠩᠨᠠᠬᠤ ᠶᠢ | ᠠᠷᠪᠠᠨ ᠵᠢᠯ ᠴᠠᠭᠠᠵᠠᠯᠠᠬᠤ ᠶᠢ ᠰᠠᠶᠢᠲᠤᠷ ᠬᠡᠷᠡᠭᠵᠢᠭᠦᠯᠵᠦ᠂ ᠲᠠᠷᠢᠶᠠᠨ ᠭᠠᠵᠠᠷ ᠢ ᠥᠨᠵᠢᠭᠦᠯᠦᠨ ᠳᠠᠷᠢᠬᠤ ᠡᠭᠡᠯᠵᠢᠯᠡᠨ ᠳᠠᠷᠢᠬᠤ | ᠲᠦᠷᠢᠮ ᠢ ᠪᠦᠷᠢᠨᠰᠢᠭᠦᠯᠦᠨ᠎ᠡ᠃ ᠠᠮᠢ ᠠᠬᠤᠢ ᠶᠢᠨ ᠪᠦᠲᠦᠭᠡᠭᠳᠡᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠵᠤ | ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠢᠳᠤ ᠪᠣᠳᠠᠰ ᠤᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠨ ᠬᠠᠯᠳᠠᠯᠭ᠎ᠠ ᠶᠢ | ᠰᠡᠷᠭᠡᠶᠢᠯᠡᠨ ᠵᠠᠰᠠᠨ᠎ᠠ᠃ | ︵ᠳᠥᠷᠪᠡ︶ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ | ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠨᠢᠭᠡ ᠤᠳᠠᠭᠠᠨ ᠤ | ᠥᠷᠭᠡᠨ ᠳᠡᠯᠭᠡᠷ ᠪᠥᠭᠡᠳ ᠭᠦᠨ ᠭᠦᠨᠵᠡᠭᠡᠶ ᠠᠵᠤ ᠠᠬᠤᠶ ᠨᠡᠶᠢᠭᠡᠮ ᠤᠨ ᠰᠢᠰᠲ᠋ᠧᠮᠲᠦ ᠴᠢᠨᠠᠷᠲᠠᠶ ᠬᠤᠪᠢᠰᠤᠯᠲᠠ ᠮᠥᠨ᠃ | ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠤᠤᠷ ᠪᠠᠶᠢᠳᠠᠯ ᠳᠤ ᠰᠠᠭᠤᠷᠢᠯᠠᠨ᠂ ᠤᠷᠢᠳ ᠢᠶᠠᠷ | ᠰᠢᠨ᠎ᠠ ᠪᠠᠷ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠬᠦ ᠶᠢ ᠪᠠᠷᠢᠮᠲᠠᠯᠠᠵᠤ᠂ ᠲᠦᠯᠦᠪᠯᠡᠭᠡ ᠲᠠᠢ ᠠᠯᠬᠤᠮ | ᠲᠠᠷᠠᠭ᠎ᠠ ᠲᠠᠢ ᠪᠠᠷ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠨᠧᠷᠭᠢ ᠶᠢᠨ ᠰᠤᠷᠪᠤᠯᠵᠢ ᠶᠢᠨ ᠬᠤᠷᠣᠭᠳᠠᠭᠤᠯᠤᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ | ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠴᠢᠯᠠᠭᠤᠵᠢᠮᠠᠯ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡ ᠶᠢ ᠭᠤᠣᠯᠳᠠᠯᠭ᠎ᠠ | ᠲᠠᠢ ᠬᠢᠵᠠᠭᠠᠷᠯᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ︽ᠬᠤᠣᠰ | ᠬᠢᠵᠠᠭᠠᠷᠯᠠᠯ︾ ᠤᠨ ᠳᠦᠷᠢᠮ ᠳᠤ ᠠᠯᠬᠤᠮ ᠠᠯᠬᠤᠮ ᠢᠶᠠᠷ ᠰᠢᠯᠵᠢᠨ᠎ᠠ᠃ ᠡᠨᠧᠷᠭᠢ ᠶᠢᠨ ᠰᠤᠷᠪᠤᠯᠵᠢ ᠶᠢ ᠴᠡᠪᠡᠷ ᠪᠠᠭ᠎ᠠ | ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠠᠵᠤ ᠦᠢᠯᠡᠳᠪᠦᠷᠢ᠂ ᠪᠠᠷᠢᠯᠭ᠎ᠠ᠂ ᠵᠠᠮ | ᠬᠠᠷᠢᠯᠴᠠᠭ᠎ᠠ ᠵᠡᠷᠭᠡ ᠬᠦᠷᠢᠶ᠎ᠠ ᠴᠠᠷᠠᠭᠠᠨ ᠤ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦᠨ ᠤ ᠠᠷᠢᠭᠤᠨ ᠴᠡᠪᠡᠷ | ᠥᠨᠳᠥᠷ ᠪᠦᠲᠦᠮᠵᠢᠲᠡᠢ ᠠᠰᠢᠭᠯᠠᠯᠲᠠ ᠶᠢ ᠴᠢᠩᠭᠠᠳᠬᠠᠵᠤ᠂ ᠲᠤᠰᠤ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ | ᠠᠰᠢᠭᠯᠠᠬᠤ ᠪᠠ ᠨᠥᠭᠡᠴᠡ ᠶᠢ ᠨᠡᠮᠡᠭᠳᠡᠭᠦᠯᠦᠨ ᠦᠢᠯᠡᠳᠪᠤᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ | ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠬᠡᠨ ᠢᠶᠠᠷ ᠲᠥᠯᠥᠪᠵᠢᠭᠦᠯᠦᠨ ᠪᠠᠶᠢᠭᠤᠯᠵᠤ᠂ | ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠨᠡᠭᠡᠭᠡᠨ ᠠᠰᠢᠭᠯᠠᠯᠲᠠ ᠪᠠ ᠠᠮᠢ ᠠᠬᠤᠢ ᠶᠢᠨ ᠬᠠᠮᠠᠭᠠᠯᠠᠯᠲᠠ ᠶᠢ ᠨᠢᠭᠡᠳᠦᠯᠲᠡᠢ | ᠲᠦᠯᠦᠪᠵᠢᠬᠦᠯᠵᠤ᠂ ᠴᠥᠮ᠎ᠡ ᠶᠢᠨ ᠴᠠᠬᠢᠯᠭᠠᠨ ᠢ ᠠᠮᠤᠷ ᠲᠦᠪᠰᠢᠨ ᠡᠮᠬᠢ ᠵᠢᠷᠤᠮ ᠲᠠᠢ ᠬᠥᠭᠵᠢᠭᠦᠯᠵᠦ᠂ ᠡᠨᠧᠷᠭᠢ ᠶᠢᠨ | ᠰᠤᠷᠪᠤᠯᠵᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠠ ᠶᠢ ᠪᠦᠷᠢᠳᠭᠡᠵᠦ ᠲᠣᠭᠠᠴᠠᠭ᠎ᠠ ᠬᠢᠬᠦ ᠲᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠡᠷᠬᠡ ᠶᠢ ᠵᠠᠬ᠎ᠠ ᠳᠡᠯᠭᠡᠭᠦᠷ ᠲᠤ ᠠᠷᠠᠯᠵᠢᠶᠠᠯᠠᠬᠤ ᠲᠦᠷᠢᠮ ᠢ ᠪᠦᠷᠢᠨᠰᠢᠭᠦᠯᠦᠨ᠎ᠡ᠃ ᠠᠮᠢ ᠠᠬᠤᠶ ᠶᠢᠨ | ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠤᠷ | ᠠᠮᠢᠰᠭᠤᠯ ᠤᠨ ᠬᠤᠪᠢᠷᠠᠯᠲᠠ ᠶᠢ ᠠᠷᠭᠠᠴᠠᠭᠠᠬᠤ ᠪᠦᠬᠦ ᠪᠦᠮᠪᠦᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠨ᠎ᠠ᠃ | ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ | ᠤᠯᠤᠰ ᠤᠨ ᠠᠮᠤᠷ ᠲᠦᠪᠰᠢᠨ ᠪᠣᠯ ᠦᠨᠳᠦᠰᠦᠲᠡᠨ ᠤ ᠰᠡᠷᠭᠦᠨ ᠮᠠᠨᠳᠤᠯᠲᠠ ᠶᠢᠨ ᠦᠨᠳᠦᠰᠦ ᠰᠠᠭᠤᠷᠢ ᠮᠥᠨ᠂ ᠨᠡᠶᠢᠭᠡᠮ ᠤᠨ | ᠲᠣᠭᠲᠠᠭᠤᠨ ᠪᠠᠶᠢᠳᠠᠯ ᠪᠣᠯ ᠤᠯᠤᠰ ᠣᠷᠣᠨ ᠤ ᠬᠦᠴᠦᠷᠬᠡᠭᠵᠢᠨ ᠮᠠᠨᠳᠤᠬᠤ ᠶᠢᠨ ᠤᠷᠢᠲᠠᠯ ᠮᠥᠨ᠃ ᠡᠷᠬᠡᠪᠰᠢ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠶᠢ ᠨᠠᠮ ᠪᠠ ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠤᠨ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠡᠷᠡᠭᠲᠡᠢ᠃ | ᠪᠢᠳᠡ ᠠᠷᠠᠳ ᠲᠦᠮᠡᠨ ᠤ ᠠᠮᠤᠷ ᠲᠦᠪᠰᠢᠨ ᠢᠶᠠᠷ ᠵᠣᠷᠢᠯᠲᠠ ᠪᠣᠯᠭᠠᠬᠤ᠂ ᠤᠯᠤᠰ ᠲᠥᠷᠥ ᠶᠢᠨ ᠠᠮᠤᠷ ᠲᠦᠪᠰᠢᠨ ᠢᠶᠠᠷ | ᠦᠨᠳᠦᠰᠦ ᠪᠣᠯᠭᠠᠬᠤ᠂ ᠠᠵᠤ ᠠᠬᠤᠶ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠬᠤ᠂ ᠴᠡᠷᠢᠭ ᠤᠨ ᠶᠠᠪᠤᠳᠠᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠰᠣᠶᠣᠯ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠬᠤ᠂ ᠣᠯᠠᠨ ᠤᠯᠤᠰ ᠤᠨ | ᠠᠮᠤᠷ ᠲᠦᠪᠰᠢᠨ ᠢ ᠠᠬᠢᠭᠤᠯᠬᠤ ᠪᠠᠷ ᠲᠦᠰᠢᠭ ᠪᠣᠯᠭᠠᠬᠤ ᠶᠢ ᠪᠠᠷᠢᠮᠳᠠᠯᠠᠵᠦ᠂ ᠭᠠᠳᠠᠭᠠᠳᠤ ᠠᠮᠤᠷ ᠲᠦᠪᠰᠢᠨ ᠪᠠ | ᠳᠣᠲᠣᠭᠠᠳᠤ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠬᠦᠯᠬᠦ᠂ ᠨᠤᠲᠤᠭ ᠳᠡᠪᠢᠰᠭᠡᠷ ᠤᠨ ᠠᠮᠤᠷ ᠲᠦᠪᠰᠢᠨ ᠪᠠ ᠤᠯᠤᠰ | ᠠᠷᠠᠳ ᠤᠨ ᠠᠮᠤᠷ ᠲᠦᠪᠰᠢᠨ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ᠂ ᠲᠤᠰ | ᠪᠡᠶ᠎ᠡ ᠶᠢᠨ ᠠᠮᠤᠷ ᠲᠦᠪᠰᠢᠨ ᠪᠠ ᠬᠠᠮᠲᠤ ᠶᠢᠨ ᠠᠮᠤᠷ ᠲᠦᠪᠰᠢᠨ ᠢ ᠨᠢᠭᠡᠲᠦᠯᠲᠡᠢ ᠲᠦᠯᠦᠪᠵᠢᠬᠦᠯᠵᠦ᠂ ᠤᠯᠤᠰ ᠤᠨ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠬᠦᠯᠦᠨ ᠬᠠᠮᠠᠭᠠᠯᠠᠬᠤ ᠪᠠ ᠪᠤᠢ ᠪᠣᠯᠭᠠᠵᠦ᠂ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠪᠠᠶᠢᠳᠠᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠪᠦᠬᠦ ᠪᠦᠮᠪᠦᠷᠴᠡᠭ ᠤᠨ | ᠠᠮᠤᠷ ᠲᠦᠪᠰᠢᠨ ᠤ ᠵᠠᠰᠠᠯᠲᠠ ᠳᠤ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠩ ᠥᠨᠳᠥᠷ ᠲᠦᠪᠰᠢᠨ ᠪᠦᠬᠦᠢ | ᠠᠮᠤᠭᠤᠯᠠᠩᠳᠤ ᠳᠤᠮᠳᠠᠳᠤ ᠤᠯᠤᠰ ᠢ ᠪᠦᠲᠦᠭᠡᠨ ᠪᠠᠶᠢᠭᠤᠯᠵᠦ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠲᠤᠯᠠᠨ᠎ᠠ᠃ | ︵ᠨᠢᠭᠡ︶ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠎ᠡ᠃ ᠤᠯᠤᠰ ᠤᠨ ᠠᠮᠤᠷ ᠲᠦᠪᠰᠢᠨ ᠤ | ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠲᠠᠯᠠᠵᠤ᠂ ᠥᠨᠳᠥᠷ | ᠪᠦᠲᠦᠮᠵᠢᠲᠡᠢ ᠡᠷᠬᠡ ᠰᠦᠷᠲᠦ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠮᠵᠢ ᠶᠢ | ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ ᠰᠢᠰᠲ᠋ᠧᠮ᠂ ᠲᠥᠷᠥ ᠶᠢᠨ | ᠪᠤᠳᠤᠯᠭ᠎ᠠ ᠶᠢᠨ ᠰᠢᠰᠲ᠋ᠧᠮ᠂ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ | ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠬᠦᠷᠢᠶ᠎ᠡ ᠴᠠᠷᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠤᠨ ᠴᠢᠬᠤᠯᠠ ᠲᠤᠰᠬᠠᠢ ᠲᠦᠷᠦᠯ ᠤᠨ | ᠵᠣᠬᠢᠴᠠᠭᠤᠯᠤᠨ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ᠂ ᠴᠢᠬᠤᠯᠠ ᠶᠡᠭᠡ ᠰᠠᠭᠤᠷᠢ ᠲᠥᠬᠦᠭᠡᠷᠦᠮᠵᠢ | ᠂ ᠮᠥᠩᠭᠦᠨ ᠭᠦᠢᠯᠭᠡᠭᠡᠨ᠂ ᠰᠦᠯᠵᠢᠶ᠎ᠡ᠂ ᠲᠤᠭ᠎ᠠ ᠪᠠᠷᠢᠮᠲᠠ᠂ ᠠᠮᠢᠳᠤ ᠪᠣᠳᠠᠰ᠂ ᠡᠬᠢ ᠪᠠᠶᠠᠯᠢᠭ᠂ ᠴᠥᠮ᠎ᠡ᠂ ᠰᠠᠨᠰᠠᠷ᠂ | ᠲᠠᠯᠠᠢ ᠲᠠᠩᠭᠢᠰ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠭᠠᠨ᠎ᠠ᠃ | ᠵᠠᠯᠬᠠᠭᠠᠬᠤ ᠶᠢ ᠡᠰᠡᠷᠭᠦᠴᠡᠬᠦ᠂ ᠭᠠᠷ ᠳᠥᠷᠥᠬᠦ ᠶᠢ ᠡᠰᠡᠷᠭᠦᠴᠡᠬᠦ᠂ ︽ᠭᠠᠷ ᠢᠶᠠᠨ ᠤᠷᠳᠤ ᠰᠤᠩᠭᠠᠬᠰᠠᠨ ᠬᠠᠷᠢᠶᠠᠯᠠᠯ︾ ᠢ | ᠡᠰᠡᠷᠭᠦᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠠᠮᠤᠷ ᠲᠦᠪᠰᠢᠨ ᠤ ᠬᠦᠴᠦᠨ ᠤ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠵᠦ᠂ ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ | ᠪᠦᠲᠦᠮᠵᠢᠲᠡᠢ ᠤᠯᠤᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ᠃ ᠤᠯᠤᠰ ᠤᠨ ᠵᠠᠰᠠᠭ ᠤᠨ | ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ | ᠲᠦᠪᠰᠢᠨ ᠢ ᠡᠷᠡᠰ ᠬᠠᠮᠠᠭᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠠᠮᠤᠷ ᠲᠦᠪᠰᠢᠨ ᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ᠂ ᠴᠢᠬᠤᠯᠠ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠭᠠᠳᠠᠭᠠᠳᠤ ᠳᠠᠬᠢ | ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠠᠷᠠᠳ ᠢᠷᠭᠡᠨ᠂ | ᠬᠠᠤᠯᠢ ᠶᠢᠨ ᠡᠷᠬᠡᠲᠡᠨ ᠤ ᠭᠠᠳᠠᠭᠠᠳᠤ ᠳᠠᠬᠢ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠳᠠᠯᠠᠢ ᠲᠠᠩᠭᠢᠰ ᠤᠨ ᠡᠷᠬᠡ | ᠠᠰᠢᠭ ᠢ ᠬᠠᠮᠠᠭᠠᠯᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ | ᠬᠠᠮᠠᠭᠠᠯᠠᠨ᠎ᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠰᠢᠰᠲ᠋ᠧᠮ ᠤᠨ ᠴᠢᠨᠠᠷᠲᠠᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ | ᠲᠠᠶᠢᠰᠦᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭᠠᠯᠳᠠ ᠬᠢᠬᠦ᠂ | ᠬᠠᠭᠠᠴᠠᠭᠤᠯᠬᠤ ᠠᠵᠢᠯᠯᠠᠭ᠎ᠠ ᠬᠢᠬᠦ ᠳᠤ ᠴᠢᠩᠭ᠎ᠠ ᠴᠣᠬᠢᠯᠲᠠ ᠥᠭᠭᠦᠨ᠎ᠡ᠃ ᠤᠯᠤᠰ ᠤᠨ ᠠᠮᠤᠷ ᠲᠦᠪᠰᠢᠨ ᠤ ᠬᠥᠮᠦᠵᠢᠯ ᠢ | ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠬᠥᠭᠵᠢᠯᠲᠡ ᠪᠠ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ︵ᠭᠤᠷᠪᠠ︶ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠠᠮᠤᠷ | ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠶᠡᠭᠡ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ | ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠤᠨ ᠤᠷᠢᠳᠴᠢᠯᠠᠨ | ᠰᠡᠷᠭᠡᠶᠢᠯᠡᠬᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ | ᠬᠦᠷᠢᠶ᠎ᠡ ᠴᠠᠷᠠᠭᠠᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠵᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ | ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠣᠷᠣᠨ ᠪᠦᠰᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠪᠢ ᠬᠥᠮᠥᠨ ᠤ ᠮᠡᠳᠡᠭᠡ | ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠭᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠦᠨᠳᠦᠰᠦᠨ ᠱᠠᠲᠤᠨ ᠳᠤ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ ᠳᠣᠲᠣᠭᠠᠳᠤ ᠶᠢᠨ | ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠷᠠᠳ ᠤᠨ ᠵᠠᠬᠢᠳᠠᠯ ᠰᠤᠷᠪᠤᠯᠵᠢᠯᠠᠯ ᠤᠨ | ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ | ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ ᠲᠤᠤᠷᠵᠢᠭᠤᠯᠤᠬᠰᠠᠨ | ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠬᠤ ᠦᠨᠳᠦᠰᠦᠨ | ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ | ᠰᠢᠢᠳᠪᠦᠷᠢᠯᠡᠵᠦ᠂ ᠴᠤᠬᠤᠶᠢᠬᠤ ᠱᠠᠲᠤᠨ ᠳᠤᠨᠢ ᠠᠷᠢᠯᠭᠠᠨ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ | ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠰᠢᠢᠳᠬᠡᠨ᠎ᠡ᠃ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ | ᠪᠤᠵᠠᠭᠠᠶᠢᠷᠠᠭᠤᠯᠵᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ | ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ | ᠡᠳ᠋ᠯᠡᠭᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠠᠷᠪᠠᠨ ᠬᠤᠶᠠᠷ᠂ ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠨᠡᠭᠡᠭᠡᠨ᠎ᠡ | ᠴᠡᠷᠢᠭ ᠠᠩᠭᠢ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ ᠬᠤᠭᠤᠴᠠᠭ᠎ᠠ ᠳᠤ | ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠭᠢ ᠪᠣᠯᠭᠠᠨ ᠪᠦᠲᠦᠭᠡᠨ | ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ | ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠠᠷᠠᠳ ᠤᠨ ᠴᠡᠷᠢᠭ ᠠᠩᠭᠢ ᠳᠠᠬᠢ ᠨᠠᠮ ᠤᠨ | ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ | ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ | ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠲᠡᠮᠡᠴᠡᠯ | ᠬᠢᠬᠦ ᠶᠢᠨ ᠳᠠᠭᠠᠤ ᠲᠠᠶᠢᠨ ᠳᠤ ᠪᠡᠯᠡᠳᠬᠡᠬᠦ ᠪᠠ ᠪᠦᠲᠦᠭᠡᠨ ᠪᠠᠶᠢᠭᠤᠯᠤᠯᠲᠠ ᠬᠢᠬᠦ ᠶᠢ ᠪᠠᠷᠢᠮᠲᠠᠯᠠᠵᠤ᠂ ᠮᠧᠬᠠᠨᠢᠭᠵᠢᠯᠲᠠ ᠮᠡᠳᠡᠭᠡ | ᠵᠠᠩᠭᠢᠵᠢᠯᠲᠠ ᠣᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ | ᠤᠨᠤᠯ ᠤᠨ ᠣᠳᠣᠬᠢᠴᠢᠯᠠᠯᠲᠠ᠂ ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ | ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ | ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ | ᠠᠷᠠᠳ ᠤᠨ ᠴᠡᠷᠢᠭ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠪᠦᠲᠦᠮᠵᠢᠲᠡᠢ ᠭᠦᠢᠴᠡᠳᠬᠡᠬᠦ ᠬᠡᠷᠡᠭᠲᠡᠢ᠃ | ᠠᠷᠠᠳ ᠤᠨ ᠴᠡᠷᠢᠭ ᠠᠩᠭᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠡᠪᠰᠡᠭ ᠥᠨᠢ ᠡᠭᠦᠷᠢᠳᠡ | ᠨᠠᠮ ᠤᠨ ᠵᠢᠯᠣᠭᠤᠳᠤᠯᠭ᠎ᠠ ᠶᠢ ᠳᠠᠭᠠᠬᠤ ᠶᠢ ᠦᠨᠡᠨ ᠬᠦ ᠪᠠᠲᠤᠯᠠᠨ᠎ᠠ᠃ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠬᠠᠷᠢᠭᠤᠴᠠᠬᠤ ᠳᠦᠷᠢᠮ ᠢ ᠲᠤᠭᠤᠰᠢᠯᠠᠭᠤᠯᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ᠎ᠡ᠃ ᠨᠠᠮ ᠤᠨ ᠰᠢᠨ᠎ᠡ | ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠭᠠᠪᠢᠶ᠎ᠠ ᠪᠠᠶᠢᠭᠤᠯᠬᠤ︾ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠦᠨ᠎ᠡ᠃ ᠴᠡᠷᠢᠭ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠴᠡᠷᠢᠭ ᠢ | ᠬᠦᠴᠦᠷᠬᠡᠭᠵᠢᠭᠦᠯᠬᠦ ᠰᠣᠶᠣᠯ ᠢ ᠴᠡᠴᠡᠭᠯᠡᠭᠦᠯᠦᠨ ᠬᠥᠭᠵᠢᠭᠦᠯᠵᠦ᠂ ᠲᠠᠶᠢᠴᠢᠨ ᠵᠣᠷᠢᠭ ᠰᠠᠨᠠᠭ᠎ᠠ ᠶᠢ ᠪᠣᠶᠢᠵᠢᠭᠤᠯᠬᠤ ᠶᠢ | ᠴᠢᠩᠭᠠᠳᠬᠠᠨ᠎ᠠ᠃ ᠠᠷᠠᠳ ᠤᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ | ᠬᠦᠴᠦᠷᠬᠡᠭᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠪᠠᠶᠢᠩᠭᠤᠵᠢᠭᠤᠯᠤᠨ | ᠳᠦᠷᠢᠮᠵᠢᠭᠦᠯᠬᠦ ᠶᠢ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠨ᠎ᠠ᠃ | ᠴᠡᠷᠢᠭ ᠪᠤᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠠᠷᠠᠳ ᠤᠨ ᠴᠡᠷᠢᠭ ᠠᠩᠭᠢ ᠶᠢᠨ | ᠢᠯᠠᠯᠲᠠ ᠣᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢᠴᠢᠯᠠᠭᠰᠠᠨ ᠣᠶᠤᠨᠴᠢᠯᠠᠭᠰᠠᠨ ᠲᠠᠶᠢᠨ ᠤ ᠣᠨᠴᠠᠯᠢᠭ | ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠠᠷᠠᠳ ᠤᠨ ᠳᠠᠶᠢᠨ ᠤ ᠪᠠᠶᠢᠯᠳᠤᠬᠤ ᠪᠣᠳᠣᠯᠭ᠎ᠠ ᠪᠠᠶᠢᠯᠳᠤᠬᠤ ᠠᠷᠭ᠎ᠠ ᠶᠢ | ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠬᠦᠴᠦᠷᠬᠡᠭ ᠶᠡᠭᠡ ᠰᠦᠷᠳᠡᠭᠦᠯᠭᠡ ᠶᠢᠨ ᠬᠦᠴᠦᠨ ᠤ ᠰᠢᠰᠲ᠋ᠧᠮ ᠢ ᠪᠤᠢ | ᠪᠤᠯᠭᠠᠵᠦ᠂ ᠰᠢᠨ᠎ᠡ ᠬᠦᠷᠢᠶ᠎ᠡ ᠰᠢᠨ᠎ᠡ ᠣᠨᠴᠠᠯᠢᠭ ᠴᠢᠨᠠᠷ ᠤᠨ ᠪᠠᠶᠢᠯᠳᠤᠬᠤ ᠬᠦᠴᠦᠨ ᠤ ᠬᠠᠷᠢᠴᠠᠯ ᠢ ᠨᠡᠮᠡᠭᠳᠡᠭᠦᠯᠵᠦ᠂ ᠬᠥᠮᠥᠨ | ᠦᠭᠡᠢ ᠣᠶᠤᠨᠴᠢ ᠪᠠᠶᠢᠯᠳᠤᠬᠤ ᠬᠦᠴᠦᠨ ᠤ ᠬᠥᠭᠵᠢᠯᠲᠡ ᠶᠢ ᠲᠦᠷᠭᠡᠳᠬᠡᠵᠦ᠂ ᠰᠦᠯᠵᠢᠶᠡᠨ ᠤ ᠮᠡᠳᠡᠭᠡ ᠵᠠᠩᠭᠢ ᠶᠢᠨ | ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠠᠮᠲᠤᠷᠠᠭᠰᠠᠨ ᠪᠠᠶᠢᠯᠳᠤᠭᠠᠨ ᠤ | ᠵᠢᠯᠤᠭᠤᠳᠬᠤ ᠰᠢᠰᠲ᠋ᠧᠮ ᠢ ᠰᠢᠯᠢᠳᠡᠭᠵᠢᠭᠦᠯᠵᠦ᠂ ᠲᠠᠩᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠭᠦ᠂ ᠬᠠᠮᠲᠤᠷᠠᠨ | ᠴᠣᠬᠢᠯᠲᠠ ᠥᠭᠭᠦ᠂ ᠪᠠᠶᠢᠯᠳᠤᠭᠠᠨ ᠤ ᠲᠠᠯᠠᠪᠤᠷ ᠤᠨ ᠲᠤᠯᠭᠠᠭᠤᠷᠢᠯᠠᠯ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠪᠠ | ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠪᠣᠳᠠᠲᠤ ᠲᠠᠶᠢᠨ ᠤ ᠮᠠᠶ᠋ᠢᠭ ᠤᠨ ᠴᠡᠷᠢᠭ ᠤᠨ ᠪᠣᠯᠪᠠᠰᠤᠷᠠᠯ ᠢ ᠭᠦᠨᠵᠡᠭᠡᠢ | ᠠᠬᠢᠭᠤᠯᠵᠤ᠂ ᠬᠠᠮᠲᠤᠷᠠᠭᠰᠠᠨ ᠪᠣᠯᠪᠠᠰᠤᠷᠠᠯ᠂ ᠡᠰᠡᠷᠭᠦᠴᠡᠯᠳᠦᠬᠦ ᠪᠣᠯᠪᠠᠰᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠡᠷᠢᠭ ᠤᠨ ᠪᠣᠯᠪᠠᠰᠤᠷᠠᠯ ᠢ ᠭᠦᠨᠵᠡᠭᠡᠶᠢᠷᠡᠭᠦᠯᠦᠨ᠎ᠡ᠃ ᠴᠡᠷᠢᠭ ᠤᠨ ᠬᠦᠴᠦᠨ ᠤ ᠪᠠᠶᠢᠩᠭᠤᠵᠢᠭᠤᠯᠤᠭᠰᠠᠨ ᠤᠯᠠᠨ | ᠶᠠᠩᠵᠤᠴᠢᠯᠠᠭᠰᠠᠨ ᠬᠡᠷᠡᠭᠯᠡᠯᠲᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠲᠡᠮᠡᠴᠡᠯ ᠢ ᠡᠷᠡᠰ ᠪᠠᠲᠤ ᠪᠥᠭᠡᠳ | ᠠᠮᠢᠳᠤᠯᠢᠭ ᠢᠶᠠᠷ ᠥᠷᠨᠢᠭᠦᠯᠵᠦ᠂ ᠠᠮᠤᠷ ᠲᠦᠪᠰᠢᠨ ᠪᠠᠶᠢᠳᠠᠯ ᠢ ᠪᠤᠢ ᠪᠤᠯᠭᠠᠵᠤ᠂ ᠲᠦᠭᠰᠢᠭᠦᠷᠢ ᠮᠥᠷᠭᠦᠯᠳᠦᠭᠡᠨ ᠢ | ᠬᠤᠷᠢᠭᠯᠠᠨ ᠡᠵᠡᠮᠳᠡᠵᠦ᠂ ᠬᠡᠰᠡᠭ ᠲᠠᠯ᠎ᠠ ᠶᠢᠨ ᠲᠠᠶᠢᠨ ᠳᠤ ᠢᠯᠠᠯᠲᠠ ᠣᠯᠣᠨ᠎ᠠ᠃ | ᠴᠡᠷᠢᠭ ᠤᠨ ᠶᠠᠪᠤᠳᠠᠯ ᠤᠨ ᠵᠠᠰᠠᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ | ᠴᠡᠷᠢᠭ ᠠᠩᠭᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠷᠢᠭ ᠤᠨ ᠶᠠᠪᠤᠳᠠᠯ ᠤᠨ | ᠬᠦᠴᠦᠨ ᠤ ᠪᠦᠲᠦᠴᠡ ᠪᠦᠷᠢᠯᠳᠦᠯ ᠢ ᠲᠡᠭᠦᠯᠳᠡᠷᠵᠢᠭᠦᠯᠵᠦ᠂ ᠴᠡᠷᠢᠭ ᠤᠨ ᠶᠠᠪᠤᠳᠠᠯ ᠤᠨ ᠲᠦᠷᠦ ᠶᠢᠨ ᠪᠣᠳᠣᠯᠭ᠎ᠠ ᠳᠦᠷᠢᠮ | ᠲᠣᠭᠲᠠᠭᠠᠯ ᠢ ᠰᠢᠰᠲ᠋ᠧᠮᠵᠢᠭᠦᠯᠦᠨ ᠰᠢᠯᠢᠳᠡᠭᠵᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠶᠢᠨ ᠪᠠᠶᠢᠯᠳᠤᠭᠠᠨ ᠬᠢᠬᠦ ᠪᠦᠲᠦᠭᠡᠨ ᠪᠠᠶᠢᠭᠤᠯᠤᠯᠲᠠ ᠬᠢᠬᠦ ᠪᠠ | ᠲᠠᠶᠢᠨ ᠳᠤ ᠪᠡᠯᠡᠳᠬᠡᠬᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠣᠳᠣᠬᠢᠴᠢᠯᠠᠭᠰᠠᠨ ᠠᠷᠤ ᠲᠠᠯ᠎ᠠ ᠶᠢᠨ | ᠦᠢᠯᠡᠴᠢᠯᠡᠭᠡ ᠶᠢ ᠲᠦᠷᠭᠡᠨ ᠢᠶᠠᠷ ᠪᠠᠶᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠪᠠ ᠵᠡᠪᠰᠡᠭ ᠲᠣᠨᠣᠭᠯᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠲᠠᠶᠢᠴᠢᠨ ᠬᠦᠴᠦᠨ ᠪᠣᠯᠭᠠᠨ ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠤᠨ ᠶᠡᠭᠡ ᠳᠡᠭᠡᠳᠦ | ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠡᠷᠢᠭ ᠤᠨ ᠶᠠᠪᠤᠳᠠᠯ ᠤᠨ | ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠬᠦᠴᠦᠷᠬᠡᠭᠵᠢᠭᠦᠯᠦᠨ ᠪᠠᠶᠢᠭᠤᠯᠵᠤ᠂ ᠴᠡᠷᠢᠭ ᠤᠨ ᠶᠠᠪᠤᠳᠠᠯ ᠤᠨ ᠬᠥᠮᠥᠨ ᠤ | ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠦᠨ᠎ᠡ᠃ ᠬᠠᠤᠯᠢ ᠪᠠᠷ ᠴᠡᠷᠢᠭ ᠢ ᠵᠠᠰᠠᠬᠤ | ᠲᠣᠭᠲᠠᠴᠠ ᠶᠢᠨ ᠪᠠᠶᠢᠭᠤᠯᠤᠯᠲᠠ ᠪᠠ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ ᠴᠢᠩᠭᠠᠳᠬᠠᠵᠤ᠂ ᠳᠤᠮᠳᠠᠳᠤ | ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠠᠶᠢᠯᠳᠤᠬᠤ | ᠪᠣᠳᠣᠯᠭ᠎ᠠ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ᠂ ᠴᠡᠷᠢᠭ ᠤᠨ ᠶᠠᠪᠤᠳᠠᠯ ᠤᠨ ᠰᠢᠰᠲ᠋ᠧᠮ ᠤᠨ ᠠᠵᠢᠯᠯᠠᠭᠠᠨ ᠤ ᠦᠢᠯᠡᠳᠦᠯ | ᠴᠢᠳᠠᠪᠤᠷᠢ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ | ᠲᠡᠭᠡᠭᠰᠢᠯᠡᠭᠦᠯᠦᠨ᠎ᠡ᠃ | ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠴᠡᠷᠢᠭ ᠠᠩᠭᠢ ᠪᠠ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢ | ᠨᠢᠭᠡᠳᠦᠯᠲᠡᠢ ᠲᠥᠯᠥᠪᠵᠢᠭᠦᠯᠬᠦ᠂ ᠲᠦᠷᠦ ᠶᠢᠨ ᠪᠣᠳᠣᠯᠭ᠎ᠠ ᠳᠦᠷᠢᠮ ᠢ ᠵᠣᠯᠭᠠᠭᠤᠯᠬᠤ᠂ ᠡᠬᠢ ᠪᠠᠶᠠᠯᠢᠭ ᠤᠨ ᠡᠯᠧᠮᠧᠨ᠋ᠲ ᠢ | ᠬᠠᠮᠲᠤ ᠪᠠᠷ ᠡᠳ᠋ᠯᠡᠭᠦ ᠶᠢ ᠴᠢᠩᠭᠠᠳᠬᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠰᠢᠯ ᠢ ᠰᠢᠯᠢᠳᠡᠭᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ | ᠭᠦᠨᠵᠡᠭᠡᠶᠢᠷᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ | ᠪᠠᠶᠢᠭᠤᠯᠤᠯᠲᠠ ᠶᠢ ᠴᠢᠩᠭᠠᠳᠬᠠᠵᠤ᠂ ᠤᠳᠤ ᠦᠶ᠎ᠡ ᠶᠢᠨ ᠬᠢᠯᠢ ᠲᠠᠯᠠᠢ ᠠᠭᠠᠷ ᠤᠨ ᠰᠡᠷᠭᠡᠶᠢᠯᠡᠯᠲᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠴᠡᠷᠢᠭ ᠬᠥᠮᠥᠨ ᠴᠡᠷᠢᠭ ᠤᠨ ᠭᠡᠷ ᠪᠦᠯᠢ ᠶᠢᠨ ᠢᠷᠠᠭᠤ ᠠᠯᠳᠠᠷ ᠤᠨ ᠤᠷᠮᠠᠰᠢᠭᠤᠯᠤᠯ ᠪᠠ | ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ | ᠬᠥᠭᠵᠢᠭᠦᠯᠦᠨ᠎ᠡ᠃ | ᠠᠷᠠᠳ ᠤᠨ ᠴᠡᠷᠢᠭ ᠠᠩᠭᠢ ᠪᠣᠯ ᠢᠮᠠᠭᠲᠠ ᠨᠠᠮ ᠪᠠ ᠠᠷᠠᠳ ᠲᠦᠮᠡᠨ ᠤ ᠪᠦᠷᠢᠮᠦᠰᠦᠨ ᠢᠲᠡᠭᠡᠵᠦ ᠪᠤᠯᠬᠤ ᠪᠠᠭᠠᠲᠤᠷᠯᠢᠭ | ᠴᠡᠷᠢᠭ ᠠᠩᠭᠢ ᠮᠥᠨ᠂ ᠲᠡᠲᠡᠨ ᠳᠤ ᠤᠯᠤᠰ ᠤᠨ ᠡᠷᠬᠡ ᠮᠡᠳᠡᠯ᠂ ᠨᠢᠭᠡᠳᠦᠯ ᠪᠣᠯᠣᠨ ᠨᠤᠲᠤᠭ ᠳᠡᠪᠢᠰᠬᠡᠷ ᠤᠨ ᠪᠦᠷᠢᠨ | ᠪᠦᠲᠦᠨ ᠪᠠᠶᠢᠬᠤ ᠶᠢ ᠬᠠᠮᠠᠭᠠᠯᠠᠬᠤ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠶᠢᠯᠳᠤᠬᠤ ᠪᠣᠳᠣᠯᠭ᠎ᠠ ᠶᠢᠨ ᠲᠦᠰᠢᠭ ᠲᠤᠯᠭᠠᠭᠤᠷᠢ ᠬᠠᠩᠭᠠᠬᠤ ᠢᠲᠡᠭᠡᠯ | ᠵᠣᠷᠢᠭ ᠪᠠ ᠴᠢᠳᠠᠪᠤᠷᠢ ᠪᠠᠶᠢᠨ᠎ᠠ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ | ᠦᠵᠡᠭᠦᠯᠭᠦ ᠢᠲᠡᠭᠡᠯ ᠵᠣᠷᠢᠭ ᠪᠠ ᠴᠢᠳᠠᠪᠤᠷᠢ ᠪᠠᠶᠢᠨ᠎ᠠ︕ | ᠠᠷᠪᠠᠨ ᠭᠤᠷᠪᠠ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ ᠲᠡᠭᠦᠯᠳᠡᠷᠵᠢᠭᠦᠯᠵᠦ᠂ | ᠡᠬᠡ ᠤᠯᠤᠰ ᠤᠨ ᠨᠢᠭᠡᠳᠦᠯ ᠢ ᠠᠬᠢᠭᠤᠯᠤᠨ᠎ᠠ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ ᠤ | ᠳᠠᠷᠠᠭ᠎ᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ ᠬᠠᠮᠤᠭ ᠤᠨ ᠰᠠᠶᠢᠨ | ᠪᠠᠶᠢᠭᠤᠯᠤᠯ ᠤᠨ ᠲᠣᠬᠢᠷᠠᠭᠤᠯᠤᠯᠲᠠ ᠮᠥᠨ᠂ ᠡᠭᠦᠨ ᠢ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠬᠡᠷᠡᠭᠲᠡᠢ᠃ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ | ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ | ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠬᠠᠤᠯᠢ ᠶᠣᠰᠣᠭᠠᠷ | ᠰᠢᠶᠠᠩᠭᠠᠩ ᠢ ᠵᠠᠰᠠᠬᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠦᠨᠳᠦᠰᠦ ᠪᠤᠯᠬᠤ ᠬᠠᠤᠯᠢ ᠳᠤ | ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠨ᠎ᠠ᠃ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ | ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠤᠯᠤᠰ ᠢᠶᠠᠨ | ᠬᠠᠶᠢᠷᠠᠯᠠᠭᠴᠢᠳ ᠢᠶᠠᠷ ᠰᠢᠶᠠᠩᠭᠠᠩ ᠢ ᠵᠠᠰᠠᠭᠤᠯᠬᠤ︾᠂ ︽ᠤᠯᠤᠰ ᠢᠶᠠᠨ ᠬᠠᠶᠢᠷᠠᠯᠠᠭᠴᠢᠳ ᠢᠶᠠᠷ ᠣᠣᠮᠧᠨ ᠢ ᠵᠠᠰᠠᠭᠤᠯᠬᠤ︾ | ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ | ᠬᠠᠤᠯᠢ ᠴᠠᠭᠠᠵᠠ ᠶᠢᠨ ᠳᠦᠷᠢᠮ ᠪᠠ ᠬᠡᠷᠡᠭᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠲᠥᠪ ᠤᠨ ᠪᠦᠭᠦ ᠲᠠᠯ᠎ᠠ ᠪᠠᠷ | ᠬᠠᠮᠢᠶᠠᠷᠤᠨ ᠵᠠᠰᠠᠬᠤ ᠡᠷᠬᠡ ᠶᠢ ᠪᠠᠷᠢᠮᠲᠠᠯᠠᠬᠤ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠳᠡᠭᠡᠳᠦ ᠬᠡᠮᠵᠢᠶ᠎ᠡ ᠪᠠᠷ | ᠥᠪᠡᠷᠲᠡᠭᠡᠨ ᠵᠠᠰᠠᠬᠤ ᠡᠷᠬᠡ ᠶᠢ ᠪᠠᠲᠤᠯᠠᠬᠤ ᠶᠢ ᠬᠠᠷᠢᠯᠴᠠᠨ ᠨᠢᠭᠡᠳᠬᠡᠵᠦ᠂ ᠵᠠᠰᠠᠭ ᠵᠠᠬᠢᠷᠭᠠᠨ ᠢᠶᠠᠷ ᠤᠳᠤᠷᠢᠳᠤᠮᠵᠢ | ᠪᠤᠯᠭᠠᠬᠤ ᠶᠢ ᠪᠠᠷᠢᠮᠲᠠᠯᠠᠨ᠂ ᠵᠠᠰᠠᠭ ᠵᠠᠬᠢᠷᠭᠠᠨ ᠤ ᠳᠠᠷᠤᠭ᠎ᠠ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ | ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠡᠮᠵᠢᠵᠤ᠂ ᠪᠦᠭᠦ ᠲᠠᠯ᠎ᠠ ᠪᠠᠷ ᠵᠠᠰᠠᠬᠤ ᠴᠢᠳᠠᠪᠤᠷᠢ ᠪᠠ ᠬᠠᠮᠢᠶᠠᠷᠤᠨ | ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠬᠠᠤᠯᠢ ᠴᠠᠭᠠᠵᠠ ᠶᠢᠨ ᠳᠦᠷᠢᠮ ᠪᠠ | ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠩᠭᠠᠩ᠂ ᠣᠣᠮᠧᠨ ᠤ ᠬᠥᠷᠥᠩᠭᠡᠲᠦ ᠶᠣᠰᠣᠨ ᠤ ᠪᠠᠶᠢᠭᠤᠯᠤᠯ | ᠪᠠ ᠠᠮᠢᠳᠤᠷᠠᠯ ᠤᠨ ᠠᠷᠭ᠎ᠠ ᠮᠠᠶ᠋ᠢᠭ ᠢ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ | ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠠᠬᠢᠭᠤᠯᠤᠨ᠎ᠠ᠃ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ | ᠲᠠᠮᠵᠢᠨ᠎ᠠ᠃ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠠᠨ | ᠤᠯᠤᠰ ᠤᠨ ᠮᠥᠩᠭᠦᠨ ᠭᠦᠢᠯᠭᠡᠭᠡᠨ᠂ ᠠᠷᠠᠯᠵᠢᠶ᠎ᠠ᠂ ᠤᠰᠤᠨ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ᠂ ᠰᠢᠨ᠎ᠡ ᠶᠢ | ᠡᠭᠦᠳᠭᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠠᠶᠢᠷᠢ ᠰᠠᠭᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠩᠭᠠᠩ᠂ ᠣᠣᠮᠧᠨ ᠤ ᠡᠯ᠎ᠡ ᠤᠯᠤᠰ ᠡᠯ᠎ᠡ ᠭᠠᠵᠠᠷ ᠣᠷᠣᠨ ᠯᠤᠭ᠎ᠠ ᠶᠢᠨ ᠨᠡᠩ | ᠨᠡᠭᠡᠭᠡᠯᠲᠡᠲᠡᠢ᠂ ᠨᠡᠩ ᠨᠢᠭᠲᠠ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠶᠠᠩᠭᠠᠩ᠂ ᠣᠣᠮᠧᠨ ᠤ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠵᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠲᠠᠮᠵᠢᠨ᠎ᠠ᠃ | ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ | ᠪᠤᠵᠠᠭᠠᠶᠢᠷᠠᠭᠤᠯᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠡᠬᠡ ᠣᠷᠣᠨᠴᠢ ᠵᠣᠷᠢᠭ ᠰᠠᠨᠠᠭ᠎ᠠ ᠶᠢ ᠴᠢᠩᠭᠠᠳᠬᠠᠨ᠂ | ᠤᠯᠤᠰ ᠤᠨ ᠳᠣᠲᠣᠭᠠᠳᠤ ᠭᠠᠳᠠᠭᠠᠳᠤ ᠶᠢᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠳᠡᠮᠵᠢᠭᠦ | ᠨᠡᠩ ᠥᠷᠭᠡᠨ ᠳᠡᠯᠭᠡᠷ ᠨᠢᠭᠡᠳᠦᠮᠡᠯ ᠹᠷᠣᠨᠲ ᠢ ᠪᠤᠢ ᠪᠣᠯᠭᠠᠨ᠎ᠠ᠃ ᠳᠤᠮᠳᠠᠳᠤ ᠤᠯᠤᠰ ᠢ ᠡᠰᠡᠷᠭᠦᠴᠡᠬᠦ ᠰᠢᠶᠠᠩᠭᠠᠩ ᠣᠣᠮᠧᠨ ᠢ | ᠰᠠᠮᠠᠭᠤᠷᠠᠭᠤᠯᠬᠤ ᠬᠦᠴᠦᠨ ᠳᠤ ᠡᠷᠡᠰ ᠴᠣᠬᠢᠯᠲᠠ ᠥᠭᠴᠦ᠂ ᠰᠢᠶᠠᠩᠭᠠᠩ ᠣᠣᠮᠧᠨ ᠤ ᠬᠡᠷᠡᠭ ᠶᠠᠪᠤᠳᠠᠯ ᠳᠤ ᠭᠠᠳᠠᠭᠠᠳᠤ ᠶᠢᠨ | ᠬᠦᠴᠦᠨ ᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠯᠤᠰ ᠤᠨ ᠪᠦᠷᠢᠨ ᠨᠢᠭᠡᠳᠦᠯ ᠢ ᠪᠡᠶᠡᠯᠡᠭᠦᠯᠬᠦ ᠪᠣᠯ ᠨᠠᠮ ᠤᠨ | ᠰᠢᠨᠲᠠᠷᠠᠰᠢ ᠦᠭᠡᠢ ᠴᠢᠷᠮᠠᠶᠢᠨ ᠲᠡᠮᠡᠴᠡᠬᠦ ᠲᠡᠦᠬᠡᠲᠦ ᠡᠭᠦᠷᠭᠡ ᠮᠥᠨ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ | ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ | ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ | ᠬᠥᠪᠡᠭᠡᠨ ᠤ ᠬᠠᠷᠢᠴᠠᠭᠠᠨ ᠤ ᠭᠤᠣᠯᠯᠠᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠬᠡ ᠤᠯᠤᠰ ᠢᠶᠠᠨ | ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ | ︽ᠨᠠᠶᠢᠷᠠᠮᠳᠠᠯ ᠢᠶᠠᠷ ᠨᠢᠭᠡᠳᠬᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠪᠣᠯ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠨᠢᠭᠡᠳᠦᠯ ᠢ ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠭᠡᠯᠪᠡᠷᠢ ᠮᠥᠨ᠂ ᠡᠨᠡ ᠨᠢ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠠ ᠳᠤᠮᠳᠠᠳᠤ ᠶᠢᠨ ᠦᠨᠳᠦᠰᠦᠲᠡᠨ ᠳᠤ ᠬᠠᠮᠤᠭ ᠠᠴᠠ | ᠠᠰᠢᠭᠲᠠᠢ ᠶᠤᠮ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ | ᠲᠠᠨᠢᠯᠲᠠ︾ ᠶᠢ ᠪᠠᠷᠢᠮᠲᠠᠯᠠᠵᠤ᠂ ᠡᠨᠡ ᠬᠦ ᠰᠠᠭᠤᠷᠢᠨ ᠳᠡᠭᠡᠷ᠎ᠡ ᠪᠠᠨ ᠲᠠᠶᠢᠸᠠᠨ ᠤ ᠡᠯ᠎ᠡ ᠨᠠᠮ ᠪᠦᠯᠦᠭ᠂ ᠡᠯ᠎ᠡ ᠡᠲᠡᠭᠡᠳ | ᠢᠯᠭᠠᠯ᠂ ᠡᠯ᠎ᠡ ᠳᠠᠪᠬᠤᠷᠭ᠎ᠠ ᠶᠢᠨ ᠬᠥᠮᠥᠰ ᠲᠠᠢ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠪᠣᠯᠣᠨ ᠤᠯᠤᠰ | ᠣᠷᠣᠨ ᠤ ᠨᠢᠭᠡᠳᠦᠯ ᠤᠨ ᠲᠤᠬᠠᠢ ᠥᠷᠭᠡᠨ ᠳᠡᠯᠭᠡᠷ ᠭᠦᠨ ᠭᠦᠨᠵᠡᠭᠡᠢ ᠵᠥᠪᠳᠡᠯᠴᠡᠭᠡ ᠬᠢᠬᠦ ᠶᠢ ᠠᠬᠢᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠶᠢᠨ ᠨᠠᠶᠢᠷᠠᠮᠳᠠᠯ ᠢᠶᠠᠷ ᠭᠦᠭᠵᠢᠭᠦ ᠶᠢ ᠬᠠᠮᠲᠤ ᠪᠠᠷ ᠠᠬᠢᠭᠤᠯᠵᠤ᠂ ᠡᠬᠡ | ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠠᠬᠢᠭᠤᠯᠤᠨ᠎ᠠ᠃ ᠪᠢᠳᠡ ᠲᠠᠶᠢᠸᠠᠨ ᠤ ᠥᠷᠭᠡᠨ ᠤᠯᠠᠨ ᠠᠬ᠎ᠠ ᠳᠡᠭᠦᠦ | ᠨᠠᠷ ᠲᠠᠢ ᠪᠦᠯᠬᠦᠮᠳᠡᠬᠦ ᠶᠢ ᠪᠠᠷᠢᠮᠲᠠᠯᠠᠵᠤ᠂ ᠲᠠᠶᠢᠸᠠᠨ ᠠᠷᠠᠯ ᠤᠨ ᠳᠣᠲᠣᠷᠠᠬᠢ ᠡᠬᠡ ᠣᠷᠣᠨᠴᠢ ᠨᠢᠭᠡᠳᠦᠮᠡᠯ ᠬᠦᠴᠦᠨ ᠢ ᠡᠷᠡᠰ | ᠲᠡᠮᠵᠢᠵᠤ᠂ ᠬᠠᠮᠲᠤ ᠪᠠᠷ ᠲᠡᠦᠬᠡ ᠶᠢᠨ ᠶᠡᠭᠡ ᠬᠠᠨᠳᠤᠰᠢ ᠶᠢ ᠡᠵᠡᠮᠳᠡᠵᠦ᠂ ᠦᠨᠳᠦᠰᠦᠲᠡᠨ ᠤ ᠶᠡᠭᠡ ᠵᠢᠷᠤᠮ ᠢ ᠪᠠᠲᠤ ᠰᠠᠬᠢᠵᠤ᠂ | ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠡᠷᠡᠰ ᠠᠬᠢᠭᠤᠯᠤᠨ᠎ᠠ᠃ ᠠᠭᠤᠤ ᠶᠡᠭᠡ ᠡᠬᠡ ᠤᠯᠤᠰ ᠪᠣᠯ | ᠤᠯᠤᠰ ᠢᠶᠠᠨ ᠬᠠᠶᠢᠷᠠᠯᠠᠬᠤ ᠪᠤᠢ ᠪᠦᠬᠦᠢ ᠨᠢᠭᠡᠳᠦᠮᠡᠯ ᠬᠦᠴᠦᠨ ᠤ ᠥᠨᠢ ᠡᠭᠦᠷᠢᠳᠡ ᠶᠢᠨ ᠪᠠᠲᠤ ᠴᠢᠩᠭ᠎ᠠ ᠲᠦᠰᠢᠭ ᠮᠥᠨ︕ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠪᠣᠯ ᠤᠳᠤᠮ ᠤᠭᠰᠠᠭ᠎ᠠ ᠨᠢᠭᠡᠲᠡᠢ᠂ ᠴᠢᠰᠤ ᠮᠢᠬᠠᠨ ᠤ | ᠪᠠᠷᠢᠯᠳᠤᠯᠭ᠎ᠠ ᠲᠠᠢ ᠨᠢᠭᠡ ᠭᠡᠷ ᠤᠨ ᠬᠥᠮᠥᠨ ᠮᠥᠨ᠃ ᠪᠢᠳᠡ ᠢᠮᠠᠭᠲᠠ ᠲᠠᠶᠢᠸᠠᠨ ᠤ ᠠᠬ᠎ᠠ ᠳᠡᠭᠦᠦ ᠨᠠᠷ ᠢ ᠭᠦᠨᠳᠦᠳᠭᠡᠵᠦ᠂ | ᠬᠠᠶᠢᠷᠠᠯᠠᠨ ᠬᠠᠯᠠᠮᠵᠢᠯᠠᠵᠤ᠂ ᠲᠠᠲᠠᠨ ᠳᠤ ᠠᠵᠠ ᠵᠢᠷᠭᠠᠯ ᠡᠳ᠋ᠯᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ | ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠪᠠᠷ ᠦᠷᠭᠦᠯᠵᠢᠯᠡᠨ ᠴᠢᠷᠮᠠᠶᠢᠵᠤ᠂ ᠲᠠᠶᠢᠸᠠᠨ | ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠭᠦᠭᠵᠢᠭᠦ ᠶᠢ ᠭᠦᠨᠵᠡᠭᠡᠶᠢᠷᠡᠭᠦᠯᠵᠦ᠂ ᠲᠠᠶᠢᠸᠠᠨ ᠤ | ᠠᠬ᠎ᠠ ᠳᠡᠭᠦᠦ ᠨᠠᠷ ᠤᠨ ᠪᠤᠶᠠᠨ ᠵᠢᠷᠭᠠᠯ ᠢ ᠨᠡᠮᠡᠭᠳᠡᠭᠦᠯᠬᠦ ᠳᠦᠷᠢᠮ ᠪᠠ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠢᠨ ᠤ ᠳᠤᠮᠳᠠᠳᠤ ᠶᠢᠨ ᠰᠣᠶᠣᠯ ᠢ ᠬᠠᠮᠲᠤ ᠪᠠᠷ ᠪᠠᠳᠠᠷᠠᠭᠤᠯᠬᠤ ᠶᠢ | ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠠᠨᠠᠭ᠎ᠠ ᠲᠠᠭᠠᠷᠠᠵᠤ ᠰᠡᠳᠬᠢᠯ | ᠨᠡᠶᠢᠯᠡᠭᠦ ᠶᠢ ᠠᠬᠢᠭᠤᠯᠤᠨ᠎ᠠ᠃ | ᠲᠠᠶᠢᠸᠠᠨ ᠪᠣᠯ ᠳᠤᠮᠳᠠᠳᠤ ᠤᠯᠤᠰ ᠤᠨ ᠲᠠᠶᠢᠸᠠᠨ ᠮᠥᠨ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤ | ᠤᠯᠤᠰ ᠤᠨ ᠬᠥᠮᠥᠨ ᠤ ᠥᠪᠡᠷ ᠤᠨ ᠤᠴᠢᠷ ᠮᠥᠨ᠂ ᠡᠭᠦᠨ ᠢ ᠳᠤᠮᠳᠠᠳᠤ ᠤᠯᠤᠰ ᠤᠨ ᠬᠥᠮᠥᠨ ᠲᠣᠭᠲᠠᠭᠠᠬᠤ ᠬᠡᠷᠡᠭᠲᠡᠢ᠃ | ᠪᠢᠳᠡ ᠬᠠᠮᠤᠭ ᠤᠨ ᠦᠨᠡᠨᠴᠢ ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ | ᠨᠢᠭᠡᠳᠬᠡᠬᠦ ᠢᠷᠡᠭᠡᠳᠦᠢ ᠶᠢ ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠵᠡᠪᠰᠡᠭᠲᠦ ᠬᠦᠴᠦᠨ ᠬᠡᠷᠡᠭᠯᠡᠬᠦ ᠶᠢ ᠲᠠᠶᠠᠭᠳᠠᠨ᠎ᠠ | ᠭᠡᠵᠦ ᠶᠠᠭᠠᠬᠢᠭᠰᠠᠨ ᠴᠸ ᠠᠮᠠᠯᠠᠬᠤ ᠦᠭᠡᠢ᠂ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ | ᠦᠯᠡᠳᠡᠭᠡᠨ᠎ᠡ᠂ ᠡᠨᠡ ᠨᠢ ᠭᠠᠳᠠᠭᠠᠳᠤ ᠶᠢᠨ ᠬᠦᠴᠦᠨ ᠤ ᠭᠠᠷ ᠲᠦᠷᠦᠭᠦ ᠪᠠ ᠲᠤᠶᠢᠯ ᠤᠨ ᠴᠥᠭᠡᠨ ᠲᠣᠭᠠᠨ ᠤ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠡᠲᠡᠭᠡᠳ ᠵᠢᠴᠢ ᠲᠡᠳᠡᠨ ᠤ ᠬᠠᠭᠠᠴᠠᠭᠤᠯᠬᠤ ᠠᠵᠢᠯᠯᠠᠭ᠎ᠠ ᠳᠤ ᠴᠢᠭᠯᠡᠭᠦᠯᠵᠦ | ᠪᠠᠶᠢᠭ᠎ᠠ ᠶᠤᠮ᠂ ᠥᠷᠭᠡᠨ ᠤᠯᠠᠨ ᠲᠠᠶᠢᠸᠠᠨ ᠤ ᠠᠬ᠎ᠠ ᠳᠡᠭᠦᠦ ᠨᠠᠷ ᠲᠤ ᠴᠢᠭᠯᠡᠭᠦᠯᠵᠦ ᠪᠠᠶᠢᠭ᠎ᠠ ᠶᠠᠪᠤᠳᠠᠯ ᠤᠬᠳᠤ ᠪᠢᠰᠢ᠃ | ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡ ᠶᠢᠨ ᠬᠦᠷᠳᠦ ᠦᠷᠭᠦᠯᠵᠢᠯᠠᠨ | ᠤᠷᠤᠭᠰᠢᠯᠠᠵᠤ ᠪᠠᠶᠢᠨ᠎ᠠ᠂ ᠡᠬᠡ ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ | ᠴᠢᠳᠠᠬᠤ ᠶᠤᠮ︕ | ᠠᠷᠪᠠᠨ ᠳᠥᠷᠪᠡ᠂ ᠳᠡᠯᠡᠬᠡᠢ ᠶᠢᠨ ᠡᠩᠬᠡ ᠲᠠᠶᠢᠪᠤᠩ ᠬᠢᠭᠡᠳ ᠬᠥᠭᠵᠢᠯᠲᠡ ᠶᠢ ᠠᠬᠢᠭᠤᠯᠵᠤ᠂ ᠬᠥᠮᠥᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ | ᠣᠳᠣᠬᠠᠨ ᠳᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ | ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ ᠪᠠᠶᠢᠨ᠎ᠠ᠃ ᠨᠢᠭᠡ ᠲᠠᠯ᠎ᠠ ᠪᠠᠷ᠂ ᠡᠩᠬᠡ ᠲᠠᠶᠢᠪᠤᠩ᠂ ᠬᠥᠭᠵᠢᠯᠲᠡ᠂ | ᠬᠠᠮᠲᠤᠷᠠᠨ ᠠᠵᠢᠯᠯᠠᠬᠤ᠂ ᠬᠠᠮᠲᠤ ᠪᠠᠷ ᠠᠰᠢᠭ ᠭᠦᠷᠳᠡᠭᠦ ᠲᠡᠦᠬᠡ ᠶᠢᠨ ᠤᠷᠤᠰᠬᠠᠯ ᠬᠤᠷᠢᠭᠯᠠᠭᠳᠠᠰᠢ ᠦᠭᠡᠢ ᠪᠠᠶᠢᠵᠤ᠂ | ᠬᠥᠮᠥᠰ ᠤᠨ ᠰᠡᠳᠬᠢᠯ ᠤᠨ ᠬᠠᠨᠳᠤᠰᠢ᠂ ᠴᠠᠭ ᠤᠨ ᠪᠠᠶᠢᠳᠠᠯ ᠤᠨ ᠬᠠᠨᠳᠤᠰᠢ ᠨᠢ ᠬᠥᠮᠥᠨ ᠲᠥᠷᠥᠯᠬᠢᠲᠡᠨ ᠤ ᠢᠷᠡᠭᠡᠳᠦᠢ | ᠡᠴᠦᠰ ᠲᠡᠭᠡᠨ ᠭᠡᠭᠡᠨ ᠰᠠᠷᠠᠭᠤᠯ ᠪᠤᠯᠬᠤ ᠶᠢ ᠲᠣᠭᠲᠠᠭᠠᠪᠠ᠃ | ᠨᠦᠭᠦᠭᠡ ᠲᠠᠯ᠎ᠠ ᠪᠠᠷ᠂ ᠬᠦᠴᠦᠷᠬᠡᠭ ᠲᠡᠭᠡᠨ ᠡᠷᠳᠦᠨ ᠪᠠᠭᠤᠷᠠᠢ ᠶᠢ ᠳᠠᠷᠤᠯᠠᠬᠤ᠂ ᠮᠡᠭᠡ ᠪᠠᠷ ᠮᠥᠯᠵᠢᠵᠦ ᠬᠦᠴᠦ ᠪᠠᠷ | ᠪᠤᠯᠢᠶᠠᠬᠤ᠂ ᠲᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠵᠡᠷᠭᠡ ᠡᠵᠡᠷᠬᠡᠭᠯᠡᠬᠦ ᠡᠵᠡᠷᠬᠡᠭᠯᠡᠨ ᠬᠠᠷᠭᠢᠰᠯᠠᠬᠤ ᠡᠵᠡᠷᠬᠡᠭᠯᠡᠨ | ᠳᠠᠷᠤᠯᠠᠬᠤ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠣᠯᠵᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ | ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ | ᠬᠦᠨᠳᠦᠷᠡᠵᠦ᠂ ᠬᠥᠮᠥᠨ ᠲᠥᠷᠥᠯᠬᠢᠲᠡᠨ ᠤ ᠨᠡᠶᠢᠭᠡᠮ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠳᠤ ᠲᠤᠯᠭᠠᠷᠠᠵᠤ ᠪᠠᠶᠢᠨ᠎ᠠ | ᠃ ᠳᠡᠯᠡᠬᠡᠢ ᠶᠢᠷᠲᠢᠨᠴᠦ ᠪᠠᠰᠠ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠤ ᠵᠣᠭᠰᠣᠯ᠎ᠠ᠂ ᠬᠠᠮᠢᠭᠠᠰᠢ ᠪᠠᠨ ᠶᠠᠪᠤᠬᠤ ᠨᠢ | ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠲᠣᠭᠲᠠᠭᠠᠭᠳᠠᠨ᠎ᠠ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ | ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ | ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠢᠮᠠᠭᠲᠠ ᠤᠴᠢᠷ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠶᠢ ᠦᠨᠳᠦᠰᠦᠯᠡᠨ | ᠥᠪᠡᠷ ᠤᠨ ᠵᠣᠭᠰᠣᠯᠲᠠ ᠪᠠ ᠲᠦᠷᠦ ᠶᠢᠨ ᠪᠣᠳᠣᠯᠭ᠎ᠠ ᠪᠠᠨ ᠲᠣᠭᠲᠠᠭᠠᠵᠤ᠂ ᠤᠯᠤᠰ ᠤᠨ ᠬᠤᠭᠤᠷᠤᠨᠳᠤᠭᠢ ᠬᠠᠷᠢᠯᠴᠠᠭᠠᠨ ᠤ | ᠦᠨᠳᠦᠰᠦᠨ ᠪᠠᠷᠢᠮᠵᠢᠶ᠎ᠠ ᠶᠢ ᠬᠠᠮᠠᠭᠠᠯᠠᠵᠤ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ | ᠳᠤᠮᠳᠠᠳᠤ ᠤᠯᠤᠰ ᠡᠯ᠎ᠡ ᠤᠯᠤᠰ ᠤᠨ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ | ᠭᠦᠨᠳᠦᠳᠭᠡᠵᠦ᠂ ᠤᠯᠤᠰ ᠶᠡᠭᠡ ᠪᠠᠭ᠎ᠠ᠂ ᠬᠦᠴᠦᠷᠬᠡᠭ ᠪᠠᠭᠤᠷᠠᠢ᠂ ᠪᠠᠶᠠᠨ ᠶᠠᠳᠠᠭᠤ ᠶᠢᠨ ᠢᠯᠭᠠᠯ ᠦᠭᠡᠢ ᠴᠥᠮ ᠡᠷᠬᠡ | ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ | ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠠ | ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠦᠢᠲᠡᠨ ᠲᠠᠶᠢᠨ ᠤ ᠰᠡᠳᠬᠢᠬᠦᠢ ᠶᠢ ᠡᠰᠡᠷᠭᠦᠴᠡᠵᠦ᠂ | ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠵᠦ᠂ ᠬᠤᠶᠠᠷᠳᠠᠮᠠᠯ ᠪᠠᠷᠢᠮᠵᠢᠶ᠎ᠠ | ᠲᠣᠭᠲᠠᠭᠠᠬᠤ ᠶᠢ ᠡᠰᠡᠷᠭᠦᠴᠡᠨ᠎ᠡ᠃ ᠳᠤᠮᠳᠠᠳᠤ ᠤᠯᠤᠰ ᠬᠤᠷᠢᠭᠯᠠᠯᠲᠠ ᠶᠢᠨ ᠴᠢᠨᠠᠷᠲᠠᠢ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ | ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠠ ᠴᠦ ᠳᠤᠮᠳᠠᠳᠤ | ᠤᠯᠤᠰ ᠡᠭᠦᠷᠢᠳᠡ ᠡᠵᠡᠷᠬᠡᠭᠴᠢ ᠪᠤᠯᠬᠤ ᠦᠭᠡᠢ᠂ ᠡᠭᠦᠷᠢᠳᠡ ᠭᠠᠳᠠᠭᠰᠢ ᠲᠦᠷᠢᠭᠦ ᠦᠭᠡᠢ᠃ | ᠳᠤᠮᠳᠠᠳᠤ ᠤᠯᠤᠰ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠯᠤᠭ᠎ᠠ | ᠨᠥᠭᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠤᠯᠤᠰ ᠤᠨ ᠬᠤᠭᠤᠷᠤᠨᠳᠤᠭᠢ | ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ᠂ ᠡᠷᠬᠡ ᠲᠡᠭᠰᠢ᠂ ᠨᠡᠭᠡᠭᠡᠯᠲᠡᠲᠡᠢ᠂ ᠬᠠᠮᠲᠤᠷᠠᠨ ᠠᠵᠢᠯᠯᠠᠬᠤ ᠪᠦᠭᠦ | ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠤᠯᠤᠰ ᠯᠤᠭ᠎ᠠ ᠶᠢᠨ ᠠᠰᠢᠭ | ᠲᠤᠰᠠ ᠶᠢᠨ ᠨᠡᠶᠢᠯᠡᠯ ᠴᠡᠭ ᠢ ᠥᠷᠭᠡᠳᠬᠡᠬᠦ ᠪᠠᠷ ᠬᠦᠴᠦᠯᠡᠨ ᠴᠢᠷᠮᠠᠶᠢᠨ᠎ᠠ᠃ ᠲᠣᠮᠣ ᠤᠯᠤᠰ ᠤᠨ ᠵᠣᠬᠢᠴᠠᠭᠤᠯᠭ᠎ᠠ ᠪᠠ ᠰᠠᠶᠢᠨ | ᠦᠢᠯᠡᠳᠦᠯᠴᠡᠯ ᠢ ᠠᠬᠢᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠶᠡᠷᠦᠩᠬᠡᠢ ᠳᠡᠭᠡᠨ ᠲᠣᠭᠲᠠᠭᠤᠨ᠂ | ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠤᠨ᠎ᠠ᠃ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ | ᠵᠡᠷᠭᠡᠯᠡᠳᠡᠭᠡ ᠲᠠᠢ ᠪᠠᠨ ᠨᠠᠶᠢᠵᠠᠯᠠᠬᠤ ᠬᠥᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠢ ᠪᠠᠷᠢᠮᠲᠠᠯᠠᠵᠤ᠂ | ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ ᠢᠲᠡᠭᠡᠯᠴᠡᠭᠡ ᠪᠠ ᠠᠰᠢᠭ ᠲᠤᠰᠠ ᠶᠢᠨ ᠠᠭᠤᠰᠤᠯᠴᠠᠭ᠎ᠠ ᠶᠢ | ᠭᠦᠨᠵᠡᠭᠡᠶᠢᠷᠡᠭᠦᠯᠦᠨ᠎ᠡ᠃ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠵᠢᠷᠤᠮ ᠠᠰᠢᠭ ᠤᠨ | ᠦᠵᠡᠯᠲᠡ ᠶᠢ ᠪᠠᠷᠢᠮᠲᠠᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠳᠤᠷᠠᠲᠠᠶ᠎ᠠ ᠪᠡᠶ᠎ᠡ ᠪᠠᠨ ᠳᠠᠭᠠᠭᠠᠵᠤ ᠡᠵᠡᠨ ᠮᠡᠳᠡᠭᠦ᠂ ᠪᠦᠷᠢᠮᠦᠰᠦᠨ ᠡᠷᠬᠡ ᠲᠡᠭᠰᠢ ᠪᠠᠶᠢᠬᠤ᠂ ᠬᠠᠷᠢᠯᠴᠠᠨ ᠬᠦᠨᠳᠦᠳᠬᠡᠬᠦ᠂ | ᠳᠣᠲᠣᠭᠠᠳᠤ ᠬᠡᠷᠡᠭ ᠲᠤ ᠬᠠᠷᠢᠯᠴᠠᠨ ᠭᠠᠷ ᠦᠯᠦ ᠲᠦᠷᠦᠭᠦ ᠵᠠᠷᠴᠢᠮ ᠤᠨ ᠰᠠᠭᠤᠷᠢᠨ ᠳᠡᠭᠡᠷ᠎ᠡ ᠡᠯ᠎ᠡ ᠤᠯᠤᠰ ᠤᠨ ᠲᠦᠷᠦ ᠶᠢᠨ | ᠨᠠᠮ ᠪᠠ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠴᠡᠷᠢᠭ ᠠᠩᠭᠢ᠂ ᠣᠷᠣᠨ ᠨᠤᠲᠤᠭ | ᠂ ᠠᠷᠠᠳ ᠤᠨ ᠬᠤᠭᠤᠷᠤᠨᠳᠤᠭᠢ ᠵᠡᠷᠭᠡ ᠡᠯ᠎ᠡ ᠲᠠᠯ᠎ᠠ ᠶᠢᠨ ᠭᠠᠳᠠᠭᠠᠳᠤ ᠬᠠᠷᠢᠯᠴᠠᠭ᠎ᠠ ᠶᠢ ᠢᠳᠡᠪᠬᠢᠲᠡᠢ ᠠᠬᠢᠭᠤᠯᠤᠨ᠎ᠠ᠃ | ᠳᠤᠮᠳᠠᠳᠤ ᠤᠯᠤᠰ ᠭᠠᠳᠠᠭᠠᠳᠤ ᠨᠡᠭᠡᠭᠡᠯᠲᠡ ᠶᠢᠨ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠦᠨ᠂ ᠳᠤᠮᠳᠠᠳᠤ | ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠲᠣᠭᠢᠶᠠᠯ ᠲᠠᠰᠤᠷᠠᠯᠲᠠ ᠦᠭᠡᠢ ᠬᠠᠩᠭᠠᠵᠤ᠂ | ᠨᠡᠭᠡᠭᠡᠯᠲᠡᠲᠤ ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ | ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ ᠳᠤᠮᠳᠠᠳᠤ ᠤᠯᠤᠰ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ | ᠴᠢᠭᠯᠡᠯ ᠢ ᠪᠠᠷᠢᠮᠲᠠᠯᠠᠨ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠲᠦᠭᠦᠮ ᠳᠥᠲᠡ | ᠪᠤᠯᠬᠤ ᠶᠢ ᠠᠬᠢᠭᠤᠯᠵᠤ᠂ ᠬᠤᠶᠠᠷ ᠲᠠᠯᠠᠲᠤ᠂ ᠣᠷᠣᠨ ᠪᠦᠰᠡ ᠶᠢᠨ ᠪᠣᠯᠣᠨ ᠤᠯᠠᠨ ᠲᠠᠯᠠᠲᠤ ᠬᠠᠮᠲᠤᠷᠠᠯᠴᠠᠭ᠎ᠠ ᠶᠢ | ᠠᠬᠢᠭᠤᠯᠤᠨ᠂ ᠤᠯᠠᠨ ᠤᠯᠤᠰ ᠤᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ | ᠠᠬᠢᠭᠤᠯᠵᠤ᠂ ᠬᠥᠭᠵᠢᠯᠲᠡ ᠳᠤ ᠠᠰᠢᠭᠲᠠᠢ ᠤᠯᠠᠨ ᠤᠯᠤᠰ ᠤᠨ ᠣᠷᠴᠢᠨ ᠢ ᠬᠠᠮᠲᠤ ᠪᠠᠷ ᠪᠤᠢ ᠪᠤᠯᠭᠠᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠶᠢ ᠬᠠᠮᠲᠤ ᠪᠠᠷ ᠪᠣᠶᠢᠵᠢᠭᠤᠯᠵᠤ᠂ | ᠬᠠᠮᠠᠭᠠᠯᠠᠬᠤ ᠦᠵᠡᠯ ᠢ ᠡᠰᠡᠷᠭᠦᠴᠡᠵᠦ᠂ ︽ᠬᠡᠷᠡᠮ ᠪᠣᠰᠬᠠᠵᠤ ᠪᠠᠬᠢᠯᠡᠯᠲᠡ ᠪᠠᠶᠢᠭᠤᠯᠬᠤ︾᠂ ︽ᠬᠠᠷᠢᠯᠴᠠᠭ᠎ᠠ ᠲᠠᠰᠤᠷᠠᠵᠤ | ᠬᠡᠯᠬᠢᠶ᠎ᠡ ᠶᠢ ᠲᠠᠰᠤᠯᠬᠤ︾ ᠶᠢ ᠡᠰᠡᠷᠭᠦᠴᠡᠵᠦ᠂ ᠭᠠᠭᠴᠠ ᠲᠠᠯ᠎ᠠ ᠠᠴᠠ ᠵᠠᠯᠬᠠᠭᠠᠯ ᠦᠵᠡᠭᠦᠯᠭᠦ᠂ ᠲᠤᠶᠢᠯ ᠤᠨ ᠶᠡᠭᠡ ᠳᠠᠷᠤᠯᠲᠠ | ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠤᠯᠤᠰ ᠳᠤᠷᠠᠲᠠᠶ᠎ᠠ ᠪᠦᠭᠦ ᠪᠥᠮᠪᠥᠷᠴᠡᠭ ᠤᠨ ᠬᠥᠭᠵᠢᠯᠲᠡ ᠶᠢᠨ | ᠬᠠᠮᠲᠤᠷᠠᠯᠴᠠᠭᠠᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠡᠮᠦᠨᠡᠲᠦ ᠤᠮᠠᠷᠠᠲᠤ ᠶᠢᠨ ᠵᠥᠷᠢᠶ᠎ᠡ ᠶᠢ | ᠪᠠᠭᠠᠰᠬᠠᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠪᠠᠨ | ᠲᠦᠷᠭᠡᠳᠬᠡᠬᠦ ᠶᠢ ᠡᠷᠡᠰ ᠳᠡᠮᠵᠢᠵᠦ ᠬᠠᠪᠰᠤᠷᠤᠨ᠎ᠠ᠃ | ᠳᠤᠮᠳᠠᠳᠤ ᠤᠯᠤᠰ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ | ᠢᠳᠡᠪᠬᠢᠲᠡᠢ ᠣᠷᠣᠯᠴᠠᠵᠤ᠂ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠭᠦ ᠪᠦᠭᠦ | ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠦᠨᠡᠨ ᠬᠦ ᠤᠯᠠᠨ ᠲᠠᠯᠠᠲᠤ ᠦᠵᠡᠯ ᠢ ᠪᠠᠷᠢᠮᠲᠠᠯᠠᠨ᠂ | ᠤᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ | ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠤᠨ᠎ᠠ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ | ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ | ᠪᠠᠷᠢᠮᠵᠢᠶ᠎ᠠ ᠶᠢ ᠡᠷᠡᠰ ᠬᠠᠮᠠᠭᠠᠯᠠᠵᠤ᠂ ᠶᠠᠮᠠᠷᠪᠠ ᠭᠡᠯᠪᠡᠷᠢ ᠶᠢᠨ ᠭᠠᠭᠴᠠ ᠲᠠᠯᠠᠲᠤ ᠦᠵᠡᠯ ᠢ ᠡᠰᠡᠷᠭᠦᠴᠡᠵᠦ᠂ ᠣᠨᠴᠠ | ᠲᠣᠭᠲᠠᠭᠰᠠᠨ ᠤᠯᠤᠰ ᠲᠤ ᠴᠢᠭᠯᠡᠭᠦᠯᠦᠭᠰᠡᠨ ᠯᠡᠭᠧᠷ ᠤᠨ ᠮᠠᠶ᠋ᠢᠭ ᠤᠨ ᠪᠠ ᠪᠤᠰᠤᠳ ᠢ ᠭᠠᠳᠠᠭᠤᠷᠴᠢᠯᠠᠬᠤ ᠴᠢᠨᠠᠷᠲᠠᠢ ᠵᠢᠵᠢᠭ | ᠪᠦᠯᠭᠦᠮ ᠪᠠᠶᠢᠭᠤᠯᠬᠤ ᠶᠢ ᠡᠰᠡᠷᠭᠦᠴᠡᠨ᠎ᠡ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ᠂ ᠠᠽᠢᠶ᠎ᠠ ᠲᠢᠪ | ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠣᠭᠲᠠᠴᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠠᠬᠢᠭᠤᠯᠵᠤ᠂ ᠠᠯᠳᠠᠨ ᠲᠣᠭᠤᠰᠭ᠋᠎ᠠ ᠶᠢᠨ ᠤᠯᠤᠰ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠶᠢᠨ ᠨᠥᠯᠥᠭᠡᠯᠡᠬᠦ | ᠬᠦᠴᠦᠨ ᠢ ᠥᠷᠭᠡᠳᠬᠡᠵᠦ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ | ᠤᠯᠤᠰ ᠤᠨ ᠪᠦᠭᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠭᠡᠯᠡᠭᠦ ᠡᠷᠬᠡ ᠶᠢ | ᠴᠢᠩᠭᠠᠳᠬᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠠᠮᠤᠷ ᠲᠦᠪᠰᠢᠨ ᠤ ᠳᠦᠷᠢᠮ ᠢ ᠲᠣᠭᠲᠠᠭᠠᠬᠤ ᠳᠤ | ᠢᠳᠡᠪᠬᠢᠲᠡᠢ ᠣᠷᠤᠯᠴᠠᠬᠤ ᠪᠠᠨ ᠪᠠᠷᠢᠮᠲᠠᠯᠠᠵᠤ᠂ ᠤᠯᠠᠨ ᠤᠯᠤᠰ ᠤᠨ ᠠᠮᠤᠷ ᠲᠦᠪᠰᠢᠨ ᠤ ᠬᠠᠮᠲᠤᠷᠠᠯᠴᠠᠭ᠎ᠠ ᠶᠢ | ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠢ ᠬᠠᠮᠠᠭᠠᠯᠠᠬᠤ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠳᠤ | ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ᠃ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠤ ᠢᠷᠡᠭᠡᠳᠦᠢ ᠮᠥᠨ᠃ ᠲᠦᠮᠡᠨ ᠪᠣᠳᠠᠰ ᠵᠡᠷᠭᠡᠳᠡ ᠠᠮᠢᠯᠠᠨ ᠲᠥᠯᠵᠢᠪᠡᠴᠦ ᠬᠠᠷᠢᠯᠴᠠᠨ ᠬᠤᠬᠢᠷᠠᠭᠤᠯᠬᠤ | ᠦᠭᠡᠢ᠂ ᠶᠣᠰᠣ ᠳᠦᠷᠢᠮ ᠵᠡᠷᠭᠡᠳᠡ ᠣᠷᠣᠰᠢᠪᠠᠴᠤ ᠬᠠᠷᠢᠯᠴᠠᠨ ᠬᠠᠷᠰᠢᠯᠳᠤᠬᠤ ᠦᠭᠡᠢ᠃ ᠭᠠᠭᠴᠠ ᠬᠦ ᠡᠯ᠎ᠡ ᠤᠯᠤᠰ ᠳᠡᠯᠡᠬᠡᠢ | ᠳ᠋ᠠᠬᠢᠨ ᠤ ᠳᠠᠷᠳᠠᠩ ᠵᠠᠮ ᠢᠶᠠᠷ ᠵᠠᠮᠨᠠᠵᠤ᠂ ᠡᠶ᠎ᠡ ᠨᠠᠶᠢᠷᠰᠠᠭ ᠢᠶᠠᠷ ᠬᠠᠮᠲᠤ ᠣᠷᠣᠰᠢᠵᠤ᠂ ᠬᠠᠮᠲᠤᠷᠠᠨ ᠠᠵᠢᠯᠯᠠᠵᠤ ᠬᠠᠮᠲᠤ ᠪᠠᠷ | ᠠᠰᠢᠭ ᠭᠦᠷᠳᠡᠪᠡᠯ᠂ ᠴᠡᠴᠡᠭᠯᠡᠯ ᠬᠥᠭᠵᠢᠯ ᠰᠠᠶ᠋ᠢ ᠥᠨᠢ ᠤᠳᠠᠭᠠᠨ ᠦᠷᠭᠦᠯᠵᠢᠯᠡᠵᠦ᠂ ᠠᠮᠤᠷ ᠲᠦᠪᠰᠢᠨ ᠰᠠᠶ᠋ᠢ | ᠪᠠᠲᠤᠯᠠᠭ᠎ᠠ ᠲᠠᠢ ᠪᠣᠯᠵᠤ ᠴᠢᠳᠠᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠤᠭᠰᠠᠨ ᠪᠥᠭᠡᠳ ᠳᠤᠷᠠᠲᠠᠶ᠎ᠠ ᠳᠡᠯᠡᠬᠡᠢ ᠨᠡᠶᠢᠭᠡᠮ ᠲᠠᠢ | ᠬᠠᠮᠲᠤ ᠪᠠᠷ ᠴᠢᠷᠮᠠᠶᠢᠨ ᠨᠠᠶᠢᠳᠠᠪᠤᠷᠢᠵᠢᠭᠤᠯᠤᠨ᠎ᠠ᠃ ᠳᠤᠮᠳᠠᠳᠤ ᠤᠯᠤᠰ ᠶᠠᠷᠢᠯᠴᠠᠭ᠎ᠠ ᠵᠥᠪᠳᠡᠯᠴᠡᠭᠡ ᠬᠢᠬᠦ ᠶᠢ ᠪᠠᠷᠢᠮᠲᠠᠯᠠᠵᠤ᠂ | ᠥᠨᠢ ᠤᠳᠠᠭᠠᠨ ᠡᠩᠬᠡ ᠲᠠᠶᠢᠪᠤᠩ ᠪᠠᠶᠢᠬᠤ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠭᠦ ᠶᠢ ᠪᠠᠷᠢᠮᠲᠠᠯᠠᠵᠤ᠂ ᠨᠡᠶᠢᠳᠡᠮ ᠳᠡᠭᠡᠨ ᠠᠮᠤᠷ ᠲᠦᠪᠰᠢᠨ ᠪᠠᠶᠢᠬᠤ ᠳᠡᠯᠡᠬᠡᠢ ᠶᠢᠷᠲᠢᠨᠴᠦ ᠶᠢ | ᠪᠠᠶᠢᠭᠤᠯᠬᠤ ᠶᠢ ᠠᠭᠢᠭᠤᠯᠤᠨ᠎ᠠ ︔ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠮᠲᠤ ᠪᠠᠷ | ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ ᠰᠣᠯᠢᠯᠴᠠᠭ᠎ᠠ ᠬᠢᠵᠦ ᠬᠠᠷᠢᠯᠴᠠᠨ ᠲᠣᠯᠢ | ᠪᠤᠯᠭᠠᠬᠤ ᠶᠢ ᠪᠠᠷᠢᠮᠲᠠᠯᠠᠵᠤ᠂ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠭᠢᠭᠤᠯᠤᠨ᠎ᠠ ︔ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ | ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ᠃ | ᠳᠡᠯᠡᠬᠡᠢ ᠶᠢᠨ ᠡᠯ᠎ᠡ ᠤᠯᠤᠰ ᠤᠨ ᠬᠢᠨ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠶᠢ ᠡᠷᠬᠢᠮᠯᠡᠭᠰᠡᠨ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠬᠤ ᠪᠠ ᠳᠣᠲᠣᠨᠣᠰᠤᠭ ᠪᠠᠶᠢᠬᠤ ᠶᠢ ᠠᠬᠢᠭᠤᠯᠵᠤ᠂ ᠳᠡᠯᠡᠬᠡᠢ ᠶᠢᠨ | ᠪᠣᠯᠪᠠᠰᠤᠨ ᠤ ᠤᠯᠠᠨ ᠶᠠᠩᠵᠤᠲᠤ ᠴᠢᠨᠠᠷ ᠢ ᠭᠦᠨᠳᠦᠳᠭᠡᠵᠦ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ | ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠦᠷᠭᠦᠯᠳᠦᠭᠡᠨ ᠢ ᠳᠠᠪᠠᠵᠤ᠂ ᠪᠣᠯᠪᠠᠰᠤᠨ ᠤ | ᠬᠠᠮᠲᠤ ᠪᠠᠷ ᠣᠷᠣᠰᠢᠬᠤ ᠪᠠᠷ ᠪᠣᠯᠪᠠᠰᠤᠨ ᠤ ᠳᠠᠪᠠᠮᠠᠭᠠᠶᠢᠯᠠᠯ ᠢ ᠳᠠᠪᠠᠵᠤ᠂ ᠪᠦᠭᠦ ᠪᠥᠮᠪᠥᠷᠴᠡᠭ ᠤᠨ ᠴᠢᠨᠠᠷᠲᠠᠢ ᠡᠯ᠎ᠡ ᠵᠦᠢᠯ ᠤᠨ | ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠪᠢᠳᠡ ᠴᠢᠩ ᠰᠡᠳᠬᠢᠯ ᠠᠴᠠ ᠪᠠᠨ ᠤᠷᠢᠶᠠᠯᠠᠵᠤ ᠪᠠᠶᠢᠨ᠎ᠠ᠃ | ᠪᠢᠳᠡ ᠥᠷᠢᠰᠦᠯᠳᠦᠭᠡᠨ ᠶᠡᠬᠡᠲᠡᠢ ᠴᠠᠭ ᠦᠶ᠎ᠡ ᠳᠤ ᠣᠷᠣᠰᠢᠵᠤ ᠪᠠᠶᠢᠨ᠎ᠠ᠂ ᠮᠥᠨ ᠴᠦ ᠬᠦᠰᠡᠯ ᠡᠷᠡᠮᠡᠯᠵᠡᠯ ᠢᠶᠠᠷ ᠪᠢᠯᠬᠠᠭᠰᠠᠨ | ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠤᠷᠠᠲᠠᠶ᠎ᠠ ᠳᠡᠯᠡᠬᠡᠢ ᠶᠢᠨ ᠠᠷᠠᠳ | ᠲᠦᠮᠡᠨ ᠲᠠᠢ ᠭᠠᠷ ᠬᠤᠯᠪᠣᠨ ᠬᠥᠮᠥᠨ ᠲᠥᠷᠥᠯᠬᠢᠲᠡᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠡᠭᠦᠳᠦᠨ ᠨᠡᠭᠡᠭᠡᠨ᠎ᠡ︕ | ᠠᠷᠪᠠᠨ ᠲᠠᠪᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠵᠠᠩᠭᠢᠯᠠᠭ᠎ᠠ ᠨᠢ ᠨᠠᠮ ᠳᠤ | ᠪᠠᠶᠢᠨ᠎ᠠ᠃ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ | ᠪᠣᠯᠤᠭᠰᠠᠨ ᠤ ᠬᠤᠪᠢ ᠳᠤ᠂ ᠢᠮᠠᠭᠲᠠ ᠠᠷᠠᠳ ᠲᠦᠮᠡᠨ ᠤ ᠬᠦᠷᠢᠶᠡᠯᠡᠯ ᠢ ᠣᠯᠵᠤ᠂ ᠤᠷᠳᠤ ᠬᠤᠭᠤᠴᠠᠭ᠎ᠠ ᠪᠠᠷ ᠲᠦᠷᠦ | ᠪᠠᠷᠢᠬᠤ ᠪᠠᠶᠢᠷᠢ ᠰᠠᠭᠤᠷᠢ ᠪᠠᠨ ᠪᠠᠬᠢᠵᠢᠭᠦᠯᠦᠶ᠎ᠡ ᠭᠡᠪᠡᠯ᠂ ᠡᠷᠬᠡᠪᠰᠢ ᠲᠣᠮᠣ ᠨᠠᠮ ᠳᠤ ᠯᠡ ᠪᠠᠶᠢᠳᠠᠭ ᠪᠡᠷᠬᠡ ᠰᠡᠳᠦᠪ ᠢ | ᠰᠢᠢᠳᠪᠦᠷᠢᠯᠡᠬᠦ ᠰᠡᠷᠭᠡᠭ ᠲᠠᠨᠢᠯᠲᠠ ᠪᠠ ᠡᠷᠡᠰ ᠪᠠᠲᠤ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠲᠠᠮᠵᠢᠨ᠂ ᠪᠢᠳᠡ ᠨᠠᠮ ᠤᠨ | ᠳᠣᠲᠣᠭᠠᠳᠤ ᠶᠢᠨ ᠮᠠᠰᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠂ ᠭᠡᠪᠡᠴᠦ ᠨᠠᠮ ᠳᠤ ᠲᠤᠯᠭᠠᠷᠠᠵᠤ ᠪᠠᠶᠢᠭ᠎ᠠ | ᠲᠦᠷᠦ ᠪᠠᠷᠢᠬᠤ ᠰᠢᠯᠭᠠᠯᠲᠠ᠂ ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠢ ᠶᠢᠨ | ᠰᠢᠯᠭᠠᠯᠲᠠ᠂ ᠭᠠᠳᠠᠭᠠᠳᠤ ᠣᠷᠴᠢᠨ ᠤ ᠰᠢᠯᠭᠠᠯᠲᠠ ᠤᠷᠳᠤ ᠬᠤᠭᠤᠴᠠᠭ᠎ᠠ ᠪᠠᠷ ᠣᠷᠣᠰᠢᠵᠤ᠂ ᠤᠶᠤᠨ ᠰᠠᠨᠠᠭ᠎ᠠ | ᠬᠤᠶᠢᠷᠭᠤᠰᠢᠬᠤ ᠲᠦᠭᠰᠢᠭᠦᠷᠢ᠂ ᠴᠢᠳᠠᠪᠤᠷᠢ ᠮᠡᠬᠦᠰᠳᠡᠬᠦ ᠲᠦᠭᠰᠢᠭᠦᠷᠢ᠂ ᠤᠯᠠᠨ ᠲᠦᠮᠡᠨ ᠠᠴᠠ ᠬᠥᠨᠳᠡᠶᠢᠷᠡᠬᠦ ᠲᠦᠭᠰᠢᠭᠦᠷᠢ᠂ | ᠨᠠᠵᠠᠭᠠᠶᠢᠷᠠᠨ ᠢᠯᠵᠠᠷᠠᠬᠤ ᠲᠦᠭᠰᠢᠭᠦᠷᠢ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠪᠦᠭᠦ ᠨᠠᠮ ᠢᠶᠠᠷ ᠢᠶᠠᠨ ᠡᠷᠬᠡᠪᠰᠢ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ | ᠡᠭᠦᠷᠢᠳᠡ ᠵᠣᠭᠰᠣᠰᠢ ᠦᠭᠡᠢ ᠭᠡᠳᠡᠭ ᠢ ᠪᠠᠲᠤ ᠴᠡᠭᠡᠵᠢᠯᠡᠵᠦ᠂ ᠶᠠᠭᠠᠬᠢᠭᠰᠠᠨ ᠴᠤ ᠵᠣᠷᠢᠭ ᠮᠣᠬᠤᠬᠤ ᠦᠵᠡᠯ᠂ ᠬᠠᠯᠠᠰᠢᠷᠠᠬᠤ | ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡᠪᠰᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ | ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ | ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ | ᠬᠡᠷᠡᠭᠲᠡᠢ᠃ | ᠪᠢᠳᠡ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂ | ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ | ᠠᠬᠢᠭᠤᠯᠵᠤ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠳᠠᠭ᠂ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠣᠯᠭᠠᠨ᠎ᠠ᠃ | ︵ᠨᠢᠭᠡ︶ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠ | ᠴᠢᠩᠭᠠᠳᠬᠠᠨ᠎ᠠ᠃ ᠨᠠᠮ ᠤᠨ ᠤᠳᠤᠷᠢᠳᠤᠯᠭ᠎ᠠ ᠪᠣᠯ ᠪᠦᠭᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ ᠶᠤᠮ᠂ | ᠡᠷᠬᠡᠪᠰᠢ ᠪᠦᠭᠦ ᠲᠠᠯ᠎ᠠ ᠪᠠᠷ᠂ ᠰᠢᠰᠲ᠋ᠧᠮ ᠲᠠᠢ᠂ ᠪᠦᠬᠦᠯᠢ ᠴᠣᠭᠴᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠪᠦᠭᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ | ᠪᠦᠷᠢᠨᠰᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠭᠦ ᠨᠠᠮ ᠢᠶᠠᠷ ᠢᠶᠠᠨ ᠤᠯᠤᠰ ᠲᠦᠷᠦ ᠶᠢᠨ ᠵᠣᠭᠰᠣᠯᠲᠠ᠂ | ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠪᠦᠯᠬᠦᠮᠳᠡᠯ ᠨᠢᠭᠡᠳᠦᠯ ᠢ | ᠦᠨᠡᠨ ᠬᠦ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ᠎ᠠ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠣᠯᠣᠨ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ | ᠭᠡᠰᠢᠭᠦᠨ ᠺᠠᠳ᠋ᠷ ᠤᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ | ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠴᠢ ᠪᠠᠷ ᠲᠦᠷᠦ ᠪᠠᠷᠢᠬᠤ᠂ | ᠠᠷᠠᠳᠴᠢᠯᠠᠯ ᠢᠶᠠᠷ ᠲᠦᠷᠦ ᠪᠠᠷᠢᠬᠤ᠂ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠨ᠂ ᠠᠷᠠᠳᠴᠢᠯᠠᠯ ᠲᠥᠪᠯᠡᠷᠡᠯ ᠤᠨ | ᠶᠣᠰᠣ ᠶᠢ ᠲᠤᠭᠤᠰᠢᠯᠠᠭᠤᠯᠵᠤ᠂ ᠤᠳᠤᠷᠢᠳᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠭᠦ ᠪᠠ ᠰᠠᠶᠢᠵᠢᠷᠠᠭᠤᠯᠵᠤ᠂ ᠨᠠᠮ ᠤᠨ | ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠦᠷᠦ ᠶᠢᠨ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ | ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠲᠠᠶᠢᠴᠢᠯᠠᠨ᠎ᠠ᠃ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠯᠤᠰ ᠲᠥᠷᠥᠴᠢ ᠴᠢᠨᠠᠷ᠂ ᠴᠠᠭ ᠦᠶᠡᠴᠢ ᠴᠢᠨᠠᠷ᠂ ᠵᠠᠷᠴᠢᠮᠲᠤ | ᠴᠢᠨᠠᠷ᠂ ᠲᠠᠶᠢᠴᠢᠨ ᠴᠢᠨᠠᠷ ᠢ ᠴᠢᠩᠭᠠᠳᠬᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ ᠵᠡᠪᠰᠡᠭ ᠢ ᠰᠠᠶᠢᠲᠤᠷ | ᠬᠡᠷᠡᠭᠯᠡᠵᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ᠎ᠡ᠃ | ︵ᠬᠤᠶᠠᠷ︶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ ᠰᠢᠨ᠎ᠡ ᠶᠢ | ᠡᠭᠦᠳᠭᠦ ᠤᠨᠤᠯ ᠢᠶᠠᠷ ᠪᠦᠭᠦ ᠨᠠᠮ ᠢ ᠵᠡᠪᠰᠡᠭᠯᠡᠬᠦ ᠪᠣᠯ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢᠨ ᠦᠨᠳᠦᠰᠦᠨ | ᠡᠭᠦᠷᠭᠡ ᠮᠥᠨ᠃ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ ᠶᠢ | ᠨᠢᠭᠡᠳᠬᠡᠬᠦ᠂ ᠵᠣᠷᠢᠭ ᠰᠠᠨᠠᠭ᠎ᠠ ᠶᠢ ᠨᠢᠭᠡᠳᠬᠡᠬᠦ᠂ ᠦᠢᠯᠡ ᠠᠵᠢᠯᠯᠠᠭ᠎ᠠ ᠶᠢ ᠨᠢᠭᠡᠳᠬᠡᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ | ᠡᠭᠦᠳᠭᠦ ᠤᠨᠤᠯ ᠤᠨ ᠰᠤᠷᠤᠯᠴᠠᠯᠭ᠎ᠠ ᠬᠥᠮᠦᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠠᠷᠺᠰ ᠤᠨ | ᠦᠵᠡᠯ ᠤᠨ ᠰᠤᠷᠤᠯᠴᠠᠬᠤ ᠭᠡᠯᠪᠡᠷᠢ ᠶᠢᠨ ᠲᠦᠷᠦ ᠶᠢᠨ ᠨᠠᠮ ᠢ ᠪᠠᠶᠢᠭᠤᠯᠤᠨ᠎ᠠ᠃ ᠬᠦᠰᠡᠯᠡᠩ ᠢᠲᠡᠭᠡᠯ ᠪᠢᠰᠢᠷᠡᠯ ᠤᠨ | ᠬᠥᠮᠦᠵᠢᠯ ᠢ ᠴᠢᠩᠭᠠᠳᠬᠠᠵᠤ᠂ ᠪᠦᠭᠦ ᠨᠠᠮ ᠢᠶᠠᠷ ᠢᠶᠠᠨ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠶᠢᠷᠲᠢᠨᠴᠦ ᠶᠢᠨ | ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠡᠨᠡ ᠬᠦ ᠶᠡᠷᠦᠩᠬᠡᠢ ᠨᠡᠭᠡᠭᠡᠯᠭᠡ ᠶᠢᠨ ᠠᠰᠠᠭᠤᠳᠠᠯ ᠢ | ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠡᠪ ᠬᠠᠮᠲᠤ ᠶᠣᠰᠣᠨ ᠤ ᠠᠯᠤᠰ ᠭᠡᠳᠦ ᠶᠢᠨ ᠬᠦᠰᠡᠯᠡᠩ ᠪᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠤᠨ ᠪᠠᠲᠤ ᠴᠢᠩᠭ᠎ᠠ ᠰᠢᠲᠦᠭᠴᠢ ᠪᠠ | ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠶᠢ ᠬᠥᠲᠥᠯᠥᠨ ᠵᠢᠯᠣᠭᠤᠳᠤᠨ᠎ᠠ᠃ ᠰᠤᠷᠤᠯᠴᠠᠬᠤ ᠰᠡᠳᠭᠢᠭᠦ | ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢ ᠪᠠᠲᠤᠳᠬᠠᠬᠤ᠂ ᠨᠠᠮᠴᠢ | ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ | ᠬᠦᠴᠦᠨ ᠪᠣᠯᠭᠠᠨ ᠬᠤᠪᠢᠷᠠᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ᠂ | ᠺᠠᠳ᠋ᠷᠴᠤᠳ ᠤᠨ ᠲᠡᠦᠬᠡ ᠶᠢ ᠰᠤᠷᠤᠯᠴᠠᠨ ᠶᠣᠰᠣ ᠶᠢ ᠣᠶᠢᠯᠠᠭᠠᠬᠤ᠂ ᠲᠡᠦᠬᠡ ᠶᠢ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ | ᠲᠡᠦᠬᠡ ᠶᠢ ᠰᠤᠷᠤᠯᠴᠠᠨ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠨ ᠬᠦᠴᠦᠯᠡᠨ ᠦᠢᠯᠡᠳᠦᠯᠭᠡᠵᠢᠭᠦᠯᠬᠦ ᠶᠢ | ᠬᠥᠲᠥᠯᠥᠨ ᠵᠢᠯᠤᠭᠤᠳᠴᠤ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠰᠤᠳᠠᠰᠤ ᠶᠢ | ᠦᠷᠭᠦᠯᠵᠢᠯᠡᠭᠦᠯᠦᠨ᠎ᠡ᠃ ᠰᠢᠶᠠᠨ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ | ᠪᠦᠭᠦ ᠨᠠᠮ ᠳᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠨ᠎ᠡ᠃ | ︵ᠭᠤᠷᠪᠠ︶ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ | ᠲᠡᠭᠦᠯᠳᠡᠷᠵᠢᠭᠦᠯᠦᠨ᠎ᠡ᠃ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ | ᠳᠦᠷᠢᠮ ᠢᠶᠠᠷ ᠦᠨᠳᠦᠰᠦ ᠪᠤᠯᠭᠠᠵᠤ᠂ ᠠᠷᠠᠳᠴᠢᠯᠠᠯ ᠲᠥᠪᠯᠡᠷᠡᠯ ᠤᠨ ᠶᠣᠰᠣ ᠪᠠᠷ ᠭᠤᠣᠯ ᠪᠤᠯᠭᠠᠵᠤ᠂ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂ ᠦᠨᠡᠨ ᠶᠣᠰᠣ ᠶᠢ | ᠪᠠᠷᠢᠮᠲᠠᠯᠠᠬᠤ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠠᠰᠠᠭᠤᠳᠠᠯ ᠢ ᠢᠯᠡᠷᠡᠭᠦᠯᠭᠦ᠂ ᠵᠥᠷᠢᠶ᠎ᠡ ᠪᠠᠨ ᠵᠠᠯᠠᠷᠠᠭᠤᠯᠬᠤ | ᠲᠣᠭᠲᠠᠴᠠ ᠶᠢ ᠪᠦᠷᠢᠯᠳᠦᠭᠦᠯᠦᠨ᠎ᠡ᠃ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ | ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠡᠷᠬᠡ ᠳᠤ ᠬᠢᠨᠠᠯᠲᠠ ᠲᠠᠯᠪᠢᠬᠤ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠤᠳᠤᠷᠢᠳᠤᠮᠵᠢ | ᠪᠤᠯᠭᠠᠵᠤ᠂ ᠡᠯ᠎ᠡ ᠲᠦᠷᠦᠯ ᠤᠨ ᠬᠢᠨᠠᠯᠲᠠ ᠲᠠᠯᠪᠢᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠠᠬᠢᠭᠤᠯᠤᠨ᠂ ᠡᠷᠬᠡ ᠶᠢ ᠢᠯᠡ | ᠲᠣᠳᠣ ᠬᠡᠷᠡᠭᠵᠢᠭᠦᠯᠬᠦ ᠪᠣᠯᠭᠠᠨ᠎ᠠ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠪᠣᠳᠠᠲᠠᠶᠢᠵᠢᠭᠤᠯᠬᠤ᠂ ᠣᠨᠣᠴᠠᠲᠠᠢ | ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ︽ᠨᠢᠭᠡᠳᠦᠭᠡᠷ ᠭᠠᠷ︾ ᠪᠠ ᠤᠳᠤᠷᠢᠳᠬᠤ ᠪᠠᠭ ᠲᠤ ᠬᠢᠨᠠᠯᠲᠠ ᠲᠠᠯᠪᠢᠬᠤ | ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠬᠤᠷᠴᠠ | ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ | ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠤᠷᠴᠠ ᠵᠡᠪᠰᠡᠭ ᠢ ᠰᠠᠶᠢᠲᠤᠷ ᠬᠡᠷᠡᠭᠯᠡᠨ᠎ᠡ᠃ | ︵ᠳᠥᠷᠪᠡ︶ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠴᠢᠨᠠᠷ | ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠡᠷᠬᠡᠪᠰᠢ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠰᠢᠨ᠎ᠡ ᠴᠠᠭ ᠦᠶ᠎ᠡ ᠶᠢᠨ | ᠱᠠᠭᠠᠷᠳᠠᠯᠭ᠎ᠠ ᠳᠤ ᠵᠣᠬᠢᠴᠠᠭᠰᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠬᠤ ᠴᠢᠳᠠᠪᠤᠷᠢ ᠲᠠᠢ | ᠺᠠᠳ᠋ᠷ ᠤᠨ ᠡᠩᠨᠡᠭᠡ ᠪᠠᠶᠢᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠮᠣᠷᠠᠯ ᠴᠢᠳᠠᠪᠤᠷᠢ ᠶᠢ | ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ᠂ ᠲᠠᠯ᠎ᠠ ᠲᠠᠯ᠎ᠠ ᠶᠢᠨ ᠡᠷᠳᠡᠮᠲᠡᠨ ᠴᠢᠳᠠᠪᠤᠷᠢᠲᠠᠨ ᠢ ᠰᠣᠩᠭᠤᠬᠤ᠂ | ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠨ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ | ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠬᠥᠮᠥᠨ ᠰᠣᠩᠭᠤᠬᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠤᠯᠭᠠᠵᠤ᠂ | ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ | ᠺᠠᠳ᠋ᠷ ᠢ ᠰᠢᠯᠢᠨ ᠳᠡᠪᠰᠢᠭᠦᠯᠵᠦ᠂ ᠡᠯ᠎ᠡ ᠱᠠᠲᠤᠨ ᠤ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ | ᠲᠣᠬᠢᠷᠠᠭᠤᠯᠤᠨ᠎ᠠ᠃ ᠤᠯᠤᠰ ᠲᠦᠷᠦ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ | ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠤᠨ ᠪᠠᠶᠢᠴᠠᠭᠠᠯᠲᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠤᠯᠤᠰ | ᠲᠦᠷᠦ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠲᠣᠪᠤᠶᠢᠯᠭᠠᠨ ᠰᠠᠶᠢᠲᠤᠷ ᠠᠳᠬᠤᠨ᠎ᠠ᠃ | ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠴᠢᠬᠤᠯᠠ ᠶᠡᠭᠡ ᠲᠡᠮᠡᠴᠡᠯ ᠤᠨ | ᠳᠤᠮᠳᠠ ᠺᠠᠳ᠋ᠷ ᠢ ᠳᠠᠪᠲᠠᠨ ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠺᠠᠳ᠋ᠷ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠺᠠᠳ᠋ᠷᠴᠤᠳ ᠤᠨ ᠲᠡᠮᠡᠴᠡᠯ ᠤᠨ ᠵᠣᠷᠢᠭ ᠰᠠᠨᠠᠭ᠎ᠠ ᠪᠠ ᠲᠡᠮᠡᠴᠡᠯ ᠤᠨ ᠡᠷᠳᠡᠮ | ᠴᠢᠳᠠᠪᠤᠷᠢ ᠶᠢ ᠬᠥᠮᠥᠵᠢᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠤᠭᠲᠤᠬᠤ᠂ | ᠳᠠᠷᠤᠯᠲᠠ ᠶᠢ ᠳᠠᠭᠠᠭᠠᠬᠤ ᠴᠢᠳᠠᠪᠤᠷᠢ ᠶᠢ ᠬᠦᠴᠦᠯᠡᠨ ᠴᠢᠩᠭᠠᠳᠬᠠᠵᠤ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ | ᠴᠢᠷᠮᠠᠶᠢᠯᠭ᠎ᠠ ᠭᠠᠷᠭᠠᠵᠤ᠂ ᠡᠩ ᠤᠨ ᠦᠶ᠎ᠡ ᠳᠤ ᠦᠵᠡᠵᠦ ᠭᠠᠷᠴᠤ ᠲᠡᠶᠢᠯᠭᠦ᠂ ᠵᠠᠩᠭᠢᠯᠠᠭ᠎ᠠ ᠶᠢᠨ ᠦᠶ᠎ᠡ ᠳᠤ ᠢᠲᠡᠭᠡᠮᠵᠢᠲᠡᠢ | ᠪᠠᠶᠢᠬᠤ᠂ ᠠᠶᠤᠯ ᠲᠦᠭᠰᠢᠭᠦᠷᠢᠲᠡᠢ ᠦᠶ᠎ᠡ ᠳᠤ ᠠᠮᠢ ᠴᠦᠯᠡᠨ ᠲᠡᠮᠡᠴᠡᠬᠦ ᠪᠣᠯᠭᠠᠨ᠎ᠠ᠃ ᠺᠠᠳ᠋ᠷ ᠢ ᠬᠢᠨᠠᠨ ᠰᠢᠯᠭᠠᠵᠤ ᠦᠨᠡᠯᠡᠭᠦ | ᠰᠢᠰᠲ᠋ᠧᠮ ᠢ ᠲᠡᠭᠦᠯᠳᠡᠷᠵᠢᠭᠦᠯᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ᠂ ᠠᠵᠢᠯ ᠤᠨ ᠪᠦᠲᠦᠮᠵᠢ ᠶᠢᠨ ᠲᠤᠬᠠᠢ ᠵᠥᠪ | ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ᠂ ᠺᠠᠳ᠋ᠷ ᠢ ᠳᠡᠪᠰᠢᠭᠦᠯᠵᠦ ᠪᠠᠭᠤᠯᠭᠠᠵᠤ ᠪᠦᠷ ᠪᠤᠯᠬᠤ ᠶᠢ ᠠᠬᠢᠭᠤᠯᠵᠤ | ᠂ ᠴᠢᠳᠠᠪᠤᠷᠢ ᠲᠠᠢ ᠶᠢ ᠨᠢ ᠳᠡᠪᠰᠢᠭᠦᠯᠭᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ ᠪᠠᠭᠤᠯᠭᠠᠬᠤ᠂ ᠰᠢᠭᠠᠷᠤ ᠶᠢ ᠨᠢ | ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ | ᠪᠣᠳᠣᠯᠭ᠎ᠠ ᠶᠢ ᠰᠠᠶᠢᠲᠤᠷ ᠠᠳᠬᠤᠵᠤ᠂ ᠰᠢᠯᠢᠳᠡᠭ ᠵᠠᠯᠠᠭᠤ ᠺᠠᠳ᠋ᠷᠴᠤᠳ ᠢ ᠬᠥᠮᠥᠵᠢᠭᠦᠯᠵᠦ ᠰᠢᠯᠢᠨ ᠳᠡᠪᠰᠢᠭᠦᠯᠭᠦ | ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤ ᠪᠠ ᠪᠡᠷᠬᠡ ᠬᠠᠲᠠᠭᠤᠵᠢᠯᠲᠠᠢ | ᠭᠠᠵᠠᠷ ᠣᠷᠣᠨ ᠳᠤ ᠣᠴᠢᠵᠤ ᠳᠠᠪᠲᠠᠨ ᠪᠤᠯᠪᠠᠰᠤᠷᠠᠭᠤᠯᠬᠤ ᠶᠢ ᠵᠠᠯᠠᠭᠤ ᠺᠠᠳ᠋ᠷᠴᠤᠳ ᠢ ᠬᠥᠮᠥᠵᠢᠭᠦᠯᠬᠦ ᠴᠢᠬᠤᠯᠠ ᠠᠷᠭ᠎ᠠ ᠵᠠᠮ | ᠪᠣᠯᠭᠠᠨ᠎ᠠ᠃ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠭᠦ ᠠᠵᠢᠯ ᠢ ᠴᠢᠬᠤᠯᠠᠴᠢᠯᠠᠵᠤ᠂ ᠡᠮᠡᠭᠲᠡᠢ ᠺᠠᠳ᠋ᠷ ᠤᠨ | ᠴᠢᠬᠤᠯᠠ ᠦᠢᠯᠡᠳᠦᠯ ᠢ ᠪᠠᠳᠠᠷᠠᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠰᠠᠶᠢᠲᠤᠷ | ᠬᠡᠷᠡᠭᠯᠡᠬᠦ ᠶᠢ ᠴᠢᠬᠤᠯᠠᠴᠢᠯᠠᠵᠤ᠂ ᠨᠠᠮ ᠤᠨ ᠭᠠᠳᠠᠨᠠᠬᠢ ᠺᠠᠳ᠋ᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ ᠰᠠᠶᠢᠲᠤᠷ ᠬᠢᠨ᠎ᠡ | ᠃ ᠠᠵᠢᠯ ᠠᠴᠠ ᠪᠠᠨ ᠲᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠢ ᠰᠠᠶᠢᠲᠤᠷ ᠬᠢᠨ᠎ᠡ᠃ | ᠠᠯᠪᠠᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠴᠢᠩᠭ᠎ᠠ ᠬᠠᠮᠢᠶᠠᠷᠬᠤ ᠪᠠ ᠬᠠᠯᠠᠮᠵᠢᠯᠠᠨ ᠬᠠᠶᠢᠷᠠᠯᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠺᠠᠳ᠋ᠷᠴᠤᠳ ᠢ ᠪᠦᠭᠦ ᠲᠠᠯ᠎ᠠ ᠪᠠᠷ ᠬᠠᠮᠢᠶᠠᠷᠬᠤ ᠪᠠ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ | ᠴᠢᠩᠭᠠᠳᠬᠠᠵᠤ᠂ ︽ᠭᠤᠷᠪᠠ ᠶᠢ ᠰᠠᠯᠭᠠᠨ ᠦᠵᠡᠬᠦ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠢᠳᠡᠪᠬᠢᠲᠡᠢ ᠪᠠᠷ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃ | ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠬᠠᠲᠠᠭᠤᠵᠢᠯᠲᠠᠢ ᠭᠠᠵᠠᠷ ᠣᠷᠣᠨ ᠤ ᠺᠠᠳ᠋ᠷᠴᠤᠳ ᠢ ᠬᠠᠯᠠᠮᠵᠢᠯᠠᠨ ᠬᠠᠶᠢᠷᠠᠯᠠᠨ᠎ᠠ᠃ | ︵ᠲᠠᠪᠤ︶ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠴᠢᠩᠭᠠᠳᠬᠠᠨ᠎ᠠ᠃ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠣᠯ ᠨᠠᠮ ᠤᠨ ᠳᠠᠪᠠᠭᠤᠯᠢᠭ ᠪᠠ | ᠬᠦᠴᠦᠨ ᠴᠢᠳᠠᠯ ᠮᠥᠨ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠳᠦᠷᠢᠮ ᠳᠤ ᠣᠯᠭᠤᠭᠰᠠᠨ ᠡᠯ᠎ᠡ | ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠷᠭᠡᠨ ᠤᠯᠠᠨ ᠲᠦᠮᠡᠨ ᠢ ᠵᠣᠬᠢᠶᠠᠨ ᠪᠠᠶᠢᠭᠤᠯᠤᠨ ᠰᠠᠶᠢᠲᠤᠷ ᠨᠢᠭᠲᠠᠷᠠᠭᠤᠯᠬᠤ | ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠤᠳᠠ ᠶᠢᠨ | ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠠᠬᠢᠭᠤᠯᠵᠤ᠂ ᠪᠠᠭᠤᠷᠠᠢ ᠰᠤᠯᠠ ᠵᠠᠳᠠᠭᠠᠢ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ | ᠪᠣᠯᠭᠠᠨ ᠴᠣᠭᠴᠠᠯᠠᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠬᠢᠨ ᠤ ᠺᠤᠮᠫᠠᠨᠢ ᠶᠢᠨ | ᠵᠠᠰᠠᠯᠲᠠ ᠶᠢ ᠲᠡᠭᠦᠯᠳᠡᠷᠵᠢᠭᠦᠯᠬᠦ ᠳᠤᠮᠳᠠ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠬᠤᠯᠢᠮᠠᠭ | ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ ᠨᠡᠶᠢᠭᠡᠮᠯᠢᠭ᠂ | ᠬᠤᠳᠠᠯᠳᠤᠭᠠᠴᠢᠳ ᠤᠨ ᠡᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠰᠢᠯᠤᠭᠤᠳᠬᠠᠨ᠎ᠠ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠯᠠᠭᠤᠴᠤᠳ ᠪᠠ ᠠᠵᠤ | ᠦᠢᠯᠡᠰ ᠤᠨ ᠠᠵᠢᠯᠴᠢᠨ᠂ ᠲᠠᠷᠢᠶᠠᠴᠢᠨ᠂ ᠰᠡᠬᠡᠭᠡᠲᠡᠨ ᠤ ᠳᠣᠲᠣᠷ᠎ᠠ ᠠᠴᠠ ᠨᠠᠮ ᠤᠨ ᠭᠡᠰᠢᠭᠦᠨ ᠡᠯᠰᠡᠭᠦ ᠶᠢ ᠴᠢᠬᠤᠯᠠᠴᠢᠯᠠᠵᠤ᠂ | ᠨᠠᠮ ᠤᠨ ᠭᠡᠰᠢᠭᠦᠨ ᠢᠯᠠᠩᠭᠤᠶ᠎ᠠ ᠨᠡᠭᠦᠳᠡᠯ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠤᠨ᠎ᠠ᠃ ᠨᠠᠮ ᠤᠨ ᠳᠣᠲᠣᠭᠠᠳᠤ ᠶᠢᠨ ᠠᠷᠠᠳᠴᠢᠯᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠨᠠᠮ ᠤᠨ | ᠭᠡᠰᠢᠭᠦᠨ ᠤ ᠡᠷᠬᠡ ᠶᠢ ᠪᠠᠲᠤᠯᠠᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ | ᠵᠣᠷᠢᠭᠵᠢᠭᠤᠯᠤᠨ᠎ᠠ᠃ ᠬᠢᠷᠢ ᠲᠡᠩᠴᠡᠭᠦ ᠦᠭᠡᠢ ᠨᠠᠮ ᠤᠨ ᠭᠡᠰᠢᠭᠦᠨ ᠢ ᠲᠥᠪ ᠴᠢᠩᠭ᠎ᠠ ᠲᠣᠬᠢᠲᠠᠢ ᠰᠢᠢᠳᠪᠦᠷᠢᠯᠡᠵᠦ᠂ | ᠨᠠᠮ ᠤᠨ ᠭᠡᠰᠢᠭᠦᠨ ᠤ ᠡᠩᠨᠡᠭᠡᠨ ᠤ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠨ᠎ᠠ᠃ | ︵ᠵᠢᠷᠭᠤᠭ᠎ᠠ︶ ᠲᠥᠪ ᠴᠢᠩᠭ᠎ᠠ ᠦᠨᠳᠦᠰᠦᠨ ᠭᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠶᠢ ᠪᠠᠷᠢᠮᠲᠠᠯᠠᠨ᠎ᠠ᠃ ᠨᠠᠮ ᠤᠨ ᠰᠤᠷᠲᠠᠯ ᠤᠨ ᠠᠰᠠᠭᠤᠳᠠᠯ ᠪᠣᠯ ᠲᠦᠷᠦ ᠪᠠᠷᠢᠭᠴᠢ ᠨᠠᠮ ᠤᠨ ᠮᠠᠨᠳᠤᠵᠤ | ᠮᠥᠭᠦᠭᠦ ᠲᠠᠢ ᠬᠤᠯᠪᠣᠭᠳᠠᠵᠤ ᠪᠠᠶᠢᠳᠠᠭ᠃ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ | ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠪᠡᠶ᠎ᠡ ᠪᠠᠷ ᠢᠶᠠᠨ ᠲᠦᠷᠦᠭᠦᠯᠡᠨ | ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠢ ᠠᠵᠢᠯᠯᠠᠬᠤ᠂ ᠪᠣᠳᠠᠲᠠᠢ ᠠᠷᠭ᠎ᠠ ᠰᠦᠪᠡᠭᠴᠢᠯᠡᠬᠦ᠂ ᠪᠣᠳᠠᠲᠠᠢ ᠦᠷ᠎ᠡ | ᠪᠦᠲᠦᠮᠵᠢ ᠭᠠᠷᠭᠠᠬᠤ ᠶᠢ ᠠᠬᠢᠭᠤᠯᠤᠨ᠎ᠠ᠃ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ᠂ ᠳᠡᠭᠡᠷ᠎ᠡ ᠱᠠᠲᠤ ᠨᠢ | ᠳᠣᠣᠷ᠎ᠠ ᠱᠠᠲᠤ ᠪᠠᠨ ᠳᠠᠭᠠᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠵᠠᠯᠠᠷᠠᠭᠤᠯᠤᠨ ᠵᠠᠰᠠᠵᠤ᠂ ᠣᠨᠴᠠ | ᠡᠷᠬᠡ ᠶᠢᠨ ᠦᠵᠡᠯ ᠰᠠᠨᠠᠭ᠎ᠠ ᠪᠣᠯᠣᠨ ᠣᠨᠴᠠ ᠡᠷᠬᠡ ᠶᠢᠨ ᠠᠵᠢᠯᠯᠠᠭ᠎ᠠ ᠶᠢ ᠡᠷᠡᠰ ᠠᠷᠢᠯᠭᠠᠨ᠎ᠠ᠃ ᠰᠤᠷᠲᠠᠯ ᠤᠨ | ᠪᠠᠶᠢᠭᠤᠯᠤᠯᠲᠠ ᠶᠢᠨ ᠭᠠᠵᠠᠷ ᠣᠷᠣᠨ ᠤ ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤᠴᠢ ᠴᠢᠨᠠᠷᠲᠠᠢ ᠣᠨᠴᠠᠯᠢᠭ ᠢ | ᠡᠵᠡᠮᠳᠡᠵᠦ᠂ ᠨᠡᠶᠢᠳᠡᠮ ᠡᠭᠦᠰᠭᠦ᠂ ᠲᠠᠭᠢᠨ ᠳᠠᠪᠲᠠᠨ ᠢᠯᠡᠷᠡᠭᠦ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠳᠤᠷᠢᠳᠬᠤ ᠺᠠᠳ᠋ᠷᠴᠤᠳ | ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠤᠨ ᠪᠡᠶ᠎ᠡ ᠪᠠᠨ ᠴᠢᠩᠭ᠎ᠠ ᠱᠠᠭᠠᠷᠳᠠᠬᠤ᠂ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠬᠦ᠂ ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠬᠤ ᠶᠢ ᠱᠠᠯᠠᠪᠳᠠᠭᠤᠯᠵᠤ᠂ ᠨᠠᠮ ᠤᠨ ᠰᠠᠬᠢᠯᠭ᠎ᠠ ᠠᠴᠠ | ᠵᠥᠷᠢᠴᠡᠭᠰᠡᠨ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠨᠠᠮᠴᠢ ᠴᠢᠨᠠᠷ | ᠨᠠᠮ ᠤᠨ ᠰᠤᠷᠲᠠᠯ ᠨᠠᠮ ᠤᠨ ᠰᠠᠬᠢᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ | ᠦᠨᠳᠦᠰᠦ ᠰᠠᠭᠤᠷᠢ ᠶᠢ ᠪᠠᠬᠢᠵᠢᠭᠦᠯᠵᠦ᠂ ᠨᠠᠮᠴᠢ ᠴᠢᠨᠠᠷ ᠤᠨ ᠤᠬᠠᠮᠰᠠᠷ ᠢᠶᠠᠨ ᠳᠡᠭᠡᠭᠰᠢᠯᠡᠭᠦᠯᠦᠨ᠂ ᠢᠯᠵᠠᠷᠠᠯ ᠢ ᠡᠰᠡᠷᠭᠦᠴᠡᠵᠦ | ᠴᠢᠨᠠᠷ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠨᠡᠮᠡᠭᠳᠡᠭᠦᠯᠵᠦ᠂ ᠪᠠᠶᠠᠨ ᠡᠷᠬᠢᠮ ᠳᠤ ᠰᠢᠨᠤᠬᠠᠶᠢᠷᠠᠬᠤ ᠦᠭᠡᠢ᠂ ᠶᠠᠳᠠᠭᠤ | ᠳᠣᠣᠷᠠᠳᠤ ᠳᠠᠭᠠᠨ ᠵᠣᠷᠢᠭ ᠮᠣᠬᠤᠬᠤ ᠦᠭᠡᠢ᠂ ᠡᠷᠬᠡ ᠰᠦᠷ ᠲᠤ ᠡᠪᠦᠳᠦᠭ ᠨᠤᠭᠤᠷᠠᠬᠤ ᠦᠭᠡᠢ ᠲᠥᠪ ᠰᠤᠷᠲᠠᠯ ᠢ ᠪᠤᠢ | ᠪᠣᠯᠭᠠᠨ᠎ᠠ᠃ | ︵ᠲᠤᠯᠤᠭ᠎ᠠ︶ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ᠂ ᠤᠳᠠᠭᠠᠨ | ᠳᠠᠭᠠᠭᠠᠮᠠᠭᠠᠢ ᠳᠠᠶᠢᠯᠠᠯᠳᠤᠭᠠᠨ ᠳᠤ ᠵᠠᠪᠠᠯ ᠢᠯᠠᠯᠲᠠ ᠣᠯᠣᠨ᠎ᠠ᠃ ᠢᠯᠵᠠᠷᠠᠯ ᠪᠣᠯ ᠨᠠᠮ ᠤᠨ ᠠᠮᠢᠵᠢᠷᠠᠯ ᠤᠨ ᠬᠦᠴᠦᠨ ᠪᠣᠯᠣᠨ | ᠲᠠᠶᠢᠴᠢᠨ ᠬᠦᠴᠦᠨ ᠳᠤ ᠬᠤᠣᠷ ᠬᠥᠨᠥᠭᠡᠯ ᠤᠴᠠᠷᠠᠭᠤᠯᠬᠤ ᠬᠠᠮᠤᠭ ᠤᠨ ᠶᠡᠭᠡ ᠬᠤᠣᠷᠲᠤ ᠬᠠᠪᠤᠳᠠᠷ ᠮᠥᠨ᠂ ᠢᠯᠵᠠᠷᠠᠯ ᠢ | ᠡᠰᠡᠷᠭᠦᠴᠡᠬᠦ ᠪᠣᠯ ᠥᠪᠡᠷ ᠤᠨ ᠪᠡᠶ᠎ᠡ ᠳᠡᠭᠡᠨ ᠬᠢᠬᠦ ᠬᠠᠮᠤᠭ ᠤᠨ ᠲᠤᠶᠢᠯᠪᠤᠷᠢᠲᠠᠢ ᠬᠤᠪᠢᠰᠬᠠᠯ ᠮᠥᠨ᠃ ᠢᠯᠵᠠᠷᠠᠯ ᠤᠨ | ᠠᠰᠠᠭᠤᠳᠠᠯ ᠡᠭᠦᠰᠭᠦ ᠬᠥᠷᠥᠰᠥ ᠪᠠ ᠨᠥᠬᠦᠴᠡᠯ ᠣᠷᠣᠰᠢᠵᠤ ᠯᠡ ᠪᠠᠶᠢᠪᠠᠯ ᠢᠯᠵᠠᠷᠠᠯ ᠢ ᠡᠰᠡᠷᠭᠦᠴᠡᠬᠦ ᠲᠡᠮᠡᠴᠡᠯ ᠢ ᠨᠢᠭᠡ | ᠮᠥᠴᠡ ᠴᠦ ᠵᠣᠭᠰᠤᠭᠠᠬᠤ ᠦᠭᠡᠢ᠂ ᠳᠠᠭᠠᠷᠢᠯᠲᠠ ᠶᠢᠨ ᠪᠦᠷᠢᠶ᠎ᠡ ᠶᠢ ᠢᠮᠠᠭᠲᠠ ᠬᠠᠩᠭᠢᠨᠠᠭᠤᠯᠬᠤ ᠬᠡᠷᠡᠭᠲᠡᠢ᠃ | ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ | ᠶᠡᠷᠦᠩᠬᠡᠶᠢᠯᠡᠨ ᠬᠦᠴᠦᠯᠡᠬᠦ ᠬᠡᠷᠡᠭᠲᠡᠢ᠃ ᠤᠬᠳᠤ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠡᠰᠡᠷᠭᠦᠴᠡᠨ ᠮᠠᠭᠤ | ᠮᠠᠭᠤᠬᠠᠢ ᠶᠢ ᠵᠠᠯᠬᠠᠭᠠᠵᠤ᠂ ᠨᠡᠮᠡᠭᠳᠡᠯ ᠢ ᠨᠡᠩ ᠬᠦᠴᠦᠲᠡᠢ ᠬᠤᠷᠢᠭᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠨᠡᠩ | ᠪᠦᠲᠦᠮᠵᠢᠲᠡᠢ ᠪᠠᠷ ᠠᠷᠢᠯᠭᠠᠵᠤ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ | ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠠᠰᠢᠭ ᠲᠤᠰᠠ ᠶᠢᠨ ᠪᠦᠯᠦᠭᠯᠡᠯ ᠪᠠ ᠡᠷᠬᠡ | ᠰᠦᠷᠲᠦ ᠪᠦᠯᠭᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠤᠯᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠵᠠᠰᠠᠭ ᠤᠨ | ᠣᠷᠳᠣᠨ ᠪᠠ ᠬᠤᠳᠠᠯᠳᠤᠭᠠᠴᠢᠨ ᠰᠦᠯᠪᠡᠭᠡᠯᠳᠤᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠡᠪᠳᠡᠭᠰᠡᠨ ᠠᠰᠠᠭᠤᠳᠠᠯ ᠢ ᠡᠷᠡᠰ ᠵᠠᠰᠠᠨ᠎ᠠ᠂ ᠤᠬᠳᠤ ᠢᠯᠳᠠᠷ ᠬᠠᠶᠠᠬᠤ ᠦᠭᠡᠢ᠃ | ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ︾ ᠶᠢ ᠡᠷᠡᠰ ᠵᠠᠯᠬᠠᠭᠠᠨ | ᠰᠢᠢᠳᠬᠡᠵᠦ᠂ ᠤᠳᠤᠷᠢᠳᠬᠤ ᠺᠠᠳ᠋ᠷᠴᠤᠳ ᠤᠨ ᠬᠠᠨᠢ ᠨᠥᠬᠦᠷ᠂ ᠦᠷ᠎ᠡ ᠬᠡᠦᠬᠡᠳ ᠵᠢᠴᠢ ᠲᠡᠳᠡᠨ ᠤ ᠬᠠᠨᠢ ᠨᠥᠬᠦᠷ ᠵᠡᠷᠭᠡ | ᠲᠦᠷᠦᠯ ᠰᠠᠳᠤᠨ ᠪᠠ ᠳᠡᠷᠭᠡᠳᠡᠬᠢ ᠠᠵᠢᠯᠲᠠᠨ ᠤ ᠨᠥᠯᠥᠭᠡᠯᠡᠬᠦ ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠵᠤ | ᠢᠯᠵᠠᠷᠠᠨ ᠳᠣᠷᠣᠶᠢᠲᠠᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠭᠡᠯᠢ ᠢᠳᠡᠵᠦ ᠬᠠᠭ᠋ᠤᠤᠯᠢ | ᠲᠦᠯᠭᠢᠭᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ | ᠵᠠᠯᠬᠠᠭᠠᠨ ᠰᠢᠢᠳᠬᠡᠨ᠎ᠡ᠃ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠣᠷᠭᠤᠳᠠᠯ ᠶᠠᠯᠠᠳᠠᠨ ᠢ ᠨᠡᠬᠡᠮᠵᠢᠯᠡᠬᠦ ᠤᠷᠭᠤᠨ ᠳᠤᠲᠠᠭᠠᠬᠤ ᠶᠢ ᠰᠡᠷᠭᠡᠶᠢᠯᠡᠬᠦ ᠱᠠᠮᠰᠢᠭᠰᠠᠨ ᠡᠳ᠋ ᠢ ᠨᠡᠬᠡᠮᠵᠢᠯᠡᠬᠦ ᠲᠣᠭᠲᠠᠴᠠ ᠶᠢ | ᠨᠢᠭᠡ ᠴᠣᠭᠴᠠᠵᠢᠭᠤᠯᠤᠨ ᠪᠠᠶᠢᠭᠤᠯᠤᠨ᠎ᠠ᠃ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ | ᠭᠦᠨᠵᠡᠭᠡᠶᠢᠷᠡᠭᠦᠯᠵᠦ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠠᠬᠢᠭᠤᠯᠵᠤ᠂ ᠰᠢᠨ᠎ᠡ ᠴᠠᠭ | ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠢᠯᠵᠠᠷᠠᠬᠤ ᠶᠢ ᠪᠤᠳᠤᠬᠤ ᠦᠭᠡᠢ ᠪᠠᠶᠢᠬᠤ ᠦᠵᠡᠯ ᠤᠬᠠᠮᠰᠠᠷ ᠢ ᠴᠢᠩᠭᠠᠳᠬᠠᠵᠤ᠂ ᠠᠷᠢᠭᠤᠨ ᠴᠢᠬᠡᠴᠢ ᠪᠠᠷ | ᠳᠠᠷᠤᠭ᠎ᠠ ᠰᠠᠭᠤᠵᠤ᠂ ᠴᠡᠪᠡᠷ ᠴᠢᠬᠡᠴᠢ ᠪᠠᠷ ᠠᠵᠢᠯ ᠬᠢᠬᠦ ᠶᠢ ᠬᠥᠲᠥᠯᠥᠨ ᠵᠢᠯᠤᠭᠤᠳᠴᠤ᠂ ᠴᠢᠩᠭ᠎ᠠ ᠵᠠᠯᠬᠠᠭᠠᠨ ᠰᠢᠢᠳᠬᠡᠬᠦ᠂ | ᠡᠷᠬᠡ ᠶᠢ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠨᠢᠭᠲᠠ ᠤᠶᠠᠯᠳᠤᠭᠤᠯᠵᠤ᠂ | ᠵᠣᠬᠢᠴᠠᠭᠤᠯᠤᠨ ᠬᠤᠯᠪᠣᠯᠳᠤᠭᠤᠯᠵᠤ᠂ ᠨᠡᠩ ᠤᠯᠠᠨ ᠳᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ | ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠣᠯᠬᠤ ᠬᠡᠷᠡᠭᠲᠡᠢ᠃ | ᠨᠥᠬᠦᠳ ᠠ᠋︕ ᠴᠠᠭ ᠦᠶ᠎ᠡ ᠪᠢᠳᠠᠨ ᠢ ᠤᠷᠢᠶᠠᠯᠠᠵᠤ ᠪᠠᠶᠢᠨ᠎ᠠ᠂ ᠠᠷᠠᠳ ᠲᠦᠮᠡᠨ ᠪᠢᠳᠡᠨ ᠳᠤ ᠬᠦᠰᠡᠯ ᠡᠷᠡᠮᠡᠯᠵᠡᠯ ᠲᠠᠯᠪᠢᠵᠤ | ᠪᠠᠶᠢᠨ᠎ᠠ᠂ ᠴᠥᠬᠦᠷᠡᠰᠢ ᠦᠭᠡᠢ ᠵᠣᠷᠢᠭ ᠢᠶᠠᠷ ᠰᠢᠨᠲᠠᠷᠠᠰᠢ ᠦᠭᠡᠢ ᠰᠢᠳᠤᠷᠭᠤ ᠠᠵᠢᠯᠯᠠᠪᠠᠯ ᠰᠠᠶ᠋ᠢ ᠴᠠᠭ ᠦᠶ᠎ᠡ ᠳᠤ | ᠣᠰᠣᠯᠳᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠵᠤ ᠴᠢᠳᠠᠨ᠎ᠠ᠃ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠵᠠᠮᠨᠠᠬᠤ ᠵᠠᠮ | ᠮᠥᠨ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ | ᠪᠦᠲᠦᠭᠡᠬᠦ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ | ᠪᠣᠯ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠬᠥᠭᠵᠢᠨ ᠪᠤᠵᠠᠭᠠᠶᠢᠷᠠᠬᠤ ᠶᠢᠨ ᠵᠠᠶᠢᠯᠠᠰᠢ ᠦᠭᠡᠢ ᠵᠠᠮᠨᠠᠬᠤ ᠵᠠᠮ ᠮᠥᠨ᠂ | ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠣᠯ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠢᠮᠠᠭᠲᠠ | ᠬᠠᠳᠠᠭᠠᠯᠠᠵᠤ᠂ ᠰᠢᠨ᠎ᠡ ᠰᠢᠯᠭᠠᠯᠲᠠ ᠶᠢᠨ ᠵᠠᠮ ᠢᠶᠠᠷ ᠰᠠᠶᠢᠲᠤᠷ ᠵᠠᠮᠨᠠᠬᠤ ᠶᠢᠨ ᠵᠠᠶᠢᠯᠠᠰᠢ ᠦᠭᠡᠢ ᠵᠠᠮ ᠮᠥᠨ ᠭᠡᠳᠡᠭ ᠢ ᠪᠦᠭᠦ | ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ᠃ ᠡᠨᠡ ᠪᠣᠯ ᠪᠢᠳᠡᠨ ᠤ ᠤᠷᠳᠤ ᠬᠤᠭᠤᠴᠠᠭᠠᠨ ᠤ ᠦᠢᠯᠡᠳᠦᠯᠭᠡ ᠶᠢᠨ | ᠳᠤᠮᠳᠠ ᠣᠯᠣᠭᠰᠠᠨ ᠲᠤᠶᠢᠯ ᠤᠨ ᠴᠢᠬᠤᠯᠠ ᠵᠢᠮ᠎ᠡ ᠶᠣᠰᠣᠴᠢ ᠴᠢᠨᠠᠷᠲᠠᠢ ᠲᠠᠨᠢᠯᠲᠠ ᠮᠥᠨ᠂ ᠡᠷᠬᠡᠪᠰᠢ ᠬᠤᠪᠢ ᠲᠠᠭᠢᠨ | ᠨᠠᠨᠳᠢᠩᠨᠠᠨ᠂ ᠢᠮᠠᠭᠲᠠ ᠪᠠᠷᠢᠮᠲᠠᠯᠠᠵᠤ᠂ ᠵᠣᠷᠢᠭᠰᠠᠨ ᠳᠠᠭᠠᠨ ᠵᠠᠪᠠᠯ ᠬᠦᠷᠬᠦ ᠪᠠᠷ ᠰᠢᠨᠲᠠᠷᠠᠰᠢ ᠦᠭᠡᠢ ᠲᠡᠮᠡᠴᠡᠵᠦ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠪᠤᠷᠭᠤ ᠣᠩᠭᠤᠴᠠ ᠶᠢᠨ ᠰᠠᠯᠬᠢ ᠳᠠᠪᠠᠯᠭᠠᠨ ᠢ ᠰᠥᠷᠦᠨ᠂ ᠠᠯᠤᠰ ᠢ | ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠠ ᠪᠠᠲᠤᠯᠠᠬᠤ ᠬᠡᠷᠡᠭᠲᠡᠢ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ | ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠭᠦ ᠨᠠᠮ ᠢᠶᠠᠷ ᠢᠶᠠᠨ ᠪᠦᠭᠦ ᠰᠡᠳᠬᠢᠯ | ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠤᠯᠠᠨ ᠲᠦᠮᠡᠨᠴᠢ | ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠤ ᠡᠭᠦᠳᠦᠨ | ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠯᠢᠪᠠ ᠪᠦᠭᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ | ᠪᠦᠭᠦᠨ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠤ ᠤᠯᠠᠨ ᠲᠦᠮᠡᠨ ᠤ ᠳᠤᠮᠳᠠ | ᠣᠴᠢᠬᠤ ᠶᠢ ᠪᠠᠷᠢᠮᠲᠠᠯᠠᠨ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ | ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ | ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠨ᠂ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ ᠤᠯᠤᠰ ᠤᠨ | ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠨ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠢ᠃ | ᠵᠠᠯᠠᠭᠤᠴᠤᠳ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ ᠤᠳᠤ ᠦᠶ᠎ᠡ ᠶᠢᠨ ᠳᠤᠮᠳᠠᠳᠤ ᠤᠯᠤᠰ ᠤᠨ | ᠵᠠᠯᠠᠭᠤᠴᠤᠳ ᠬᠠᠮᠤᠭ ᠤᠨ ᠰᠠᠶᠢᠬᠠᠨ ᠴᠠᠭ ᠦᠶ᠎ᠡ ᠳᠤ ᠲᠣᠬᠢᠶᠠᠵᠤ᠂ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ | ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠪᠡᠶᠡᠯᠡᠭᠦᠯᠬᠦ ᠢᠷᠡᠭᠡᠳᠦᠢ ᠬᠢᠵᠠᠭᠠᠯᠠᠰᠢ ᠦᠭᠡᠢ | ᠭᠡᠭᠡᠨ ᠰᠠᠷᠠᠭᠤᠯ ᠪᠠᠶᠢᠨ᠎ᠠ᠃ ᠪᠦᠭᠦ ᠨᠠᠮ ᠢᠶᠠᠷ ᠢᠶᠠᠨ ᠵᠠᠯᠠᠭᠤᠴᠤᠳ ᠤᠨ ᠠᠵᠢᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠵᠢᠯ ᠪᠣᠯᠭᠠᠨ ᠠᠳᠬᠤᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢᠶᠠᠷ ᠵᠠᠯᠠᠭᠤᠴᠤᠳ ᠢ ᠵᠡᠪᠰᠡᠭᠯᠡᠵᠦ᠂ ᠨᠠᠮ ᠤᠨ ᠤᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠵᠠᠯᠠᠭᠤᠴᠤᠳ ᠢ ᠤᠷᠢᠶᠠᠯᠠᠵᠤ᠂ ᠵᠠᠯᠠᠭᠤᠴᠤᠳ ᠤᠨ ᠰᠡᠳᠬᠢᠯ ᠢ ᠮᠡᠳᠡᠭᠴᠢ᠂ | ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ ᠵᠠᠯᠠᠭᠤᠴᠤᠳ ᠤᠨ ᠵᠠᠮᠴᠢᠯᠠᠭᠴᠢ ᠪᠤᠯᠬᠤ ᠬᠡᠷᠡᠭᠲᠡᠢ᠃ ᠥᠷᠭᠡᠨ | ᠤᠯᠠᠨ ᠵᠠᠯᠠᠭᠤᠴᠤᠳ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠬᠦᠰᠡᠯ | ᠵᠡᠭᠦᠳᠦ ᠲᠠᠢ ᠮᠥᠷᠲᠡᠭᠡᠨ ᠯᠠᠪᠳᠠᠭᠤᠨ ᠪᠠᠲᠤᠲᠠᠢ ᠪᠠᠶᠢᠵᠤ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠮᠥᠷᠲᠡᠭᠡᠨ ᠴᠢᠳᠠᠮᠠᠭᠠᠢ | ᠬᠢᠵᠦ ᠴᠢᠳᠠᠮᠠᠭᠠᠢ ᠪᠦᠲᠦᠭᠡᠵᠦ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠳᠡᠭ᠂ ᠬᠦᠴᠢᠷ ᠠᠴᠠ ᠠᠶᠤᠬᠤ | ᠦᠭᠡᠢ᠂ ᠵᠣᠷᠢᠭᠲᠠᠢ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠤᠯᠬᠤ ᠡᠷᠴᠢ ᠵᠣᠷᠢᠭ ᠢᠶᠠᠨ ᠬᠥᠪᠴᠢᠯᠡᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠭᠠᠯ ᠬᠠᠯᠠᠭᠤᠨ | ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠬᠤ ᠬᠡᠷᠡᠭᠲᠡᠢ᠃ | ᠨᠥᠬᠦᠳ ᠠ᠋︕ ᠨᠠᠮ ᠠᠭᠤᠤ ᠶᠡᠭᠡ ᠲᠡᠮᠡᠴᠡᠯ ᠢᠶᠠᠷ ᠵᠠᠭᠤᠨ ᠵᠢᠯ ᠤᠨ ᠠᠭᠤᠤ ᠶᠡᠭᠡ ᠦᠢᠯᠡᠰ ᠢ ᠪᠦᠲᠦᠭᠡᠭᠰᠡᠨ ᠢᠶᠠᠷ ᠪᠠᠷᠠᠬᠤ | ᠦᠭᠡᠢ᠂ ᠪᠠᠰᠠ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠭᠤᠤ ᠦᠢᠯᠡᠰ ᠢ ᠡᠭᠦᠳᠭᠦ ᠨᠢ ᠯᠠᠪᠲᠠᠢ᠃ ᠪᠦᠭᠦ ᠨᠠᠮ ᠪᠦᠭᠦ | ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠬᠤᠭᠤᠰᠤᠨ ᠶᠠᠷᠢᠶ᠎ᠠ ᠤᠯᠤᠰ ᠢ ᠰᠠᠭᠠᠲᠠᠭᠠᠵᠤ᠂ ᠪᠣᠳᠠᠲᠠᠢ ᠠᠵᠢᠯᠯᠠᠪᠠᠯ ᠤᠯᠤᠰ ᠢᠶᠠᠨ | ᠮᠠᠨᠳᠤᠭᠤᠯᠤᠨ᠎ᠠ ᠭᠡᠳᠡᠭ ᠢ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠨᠢᠭᠡ ᠰᠡᠳᠬᠢᠯ ᠨᠢᠭᠡ ᠵᠣᠷᠢᠭ ᠢᠶᠠᠷ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕ | | |