365娱乐场奖金_365速发国际welcome_365游戏厅网页登录人民政府蒙古文政务门户网站 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ︽ᠬᠤᠤᠷᠲᠤ ᠡᠳ᠋ ᠢ ᠨᠡᠶᠢᠭᠡᠮ ᠲᠣᠭᠤᠷᠢᠭ ᠲᠤ ᠣᠷᠣᠭᠤᠯᠬᠤ ᠥᠬᠡᠶ︾ ᠭᠡᠬᠦ ᠰᠡᠳᠥᠪᠳᠥ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
        ᠨᠡᠶᠢᠲᠡᠯᠡᠭᠰᠡᠨ ᠴᠠᠭ᠄
        2022/11/2
              ᠬᠤᠤᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ  ᠲᠤ ᠬᠤᠤᠷᠲᠤ ᠡᠳ᠋ ᠤᠨ ᠬᠥᠨᠥᠭᠡᠯ ᠢ ᠭᠦᠨᠵᠡᠭᠡᠶ ᠤᠶᠢᠯᠠᠭᠠᠭᠤᠯᠬᠤ ᠶᠢᠨ ᠲᠥᠯᠥᠭᠡ᠂ 10 ᠰᠠᠷ᠎ᠠ ᠶᠢᠨ 27 ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠨᠢ ᠰᠢᠨᠡᠪᠤᠯᠠᠭ ᠪᠠᠯᠭᠠᠰᠤᠨ ᠤ ᠬᠠᠰᠢᠶᠠᠲᠤ ᠨᠡᠶᠢᠭᠡᠮ ᠲᠣᠭᠤᠷᠢᠭ ᠤᠨ ᠰᠠᠶᠢᠨ ᠳᠤᠷᠠᠴᠢᠳ ᠢ ᠵᠣᠬᠢᠶᠠᠨ ᠪᠠᠶᠢᠭᠤᠯᠵᠤ ︽ᠬᠤᠤᠷᠲᠤ ᠡᠳ᠋ ᠢ ᠨᠡᠶᠢᠭᠡᠮ ᠲᠣᠭᠤᠷᠢᠭ ᠲᠤ ᠣᠷᠣᠭᠤᠯᠬᠤ ᠥᠬᠡᠶ︾ ᠭᠡᠬᠦ ᠰᠡᠳᠥᠪᠳᠥ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠤᠤᠷᠲᠤ ᠡᠳ᠋ ᠢ ᠴᠠᠭᠠᠵᠠᠯᠠᠬᠤ ᠶᠡᠭᠡ ᠠᠩᠭᠢ ᠶᠢᠨ ᠠᠵᠢᠯᠲᠠᠨ ᠪᠠ ᠬᠠᠰᠢᠶᠠᠲᠤ ᠨᠡᠶᠢᠭᠡᠮ ᠲᠣᠭᠤᠷᠢᠭ ᠤᠨ ᠰᠠᠶᠢᠨ ᠳᠤᠷᠠᠴᠢᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠬᠤᠤᠷ ᠬᠥᠨᠥᠭᠡᠯ᠂ ᠣᠨᠴᠠᠯᠢᠭ ᠰᠢᠨᠵᠢ ᠵᠢᠴᠢ ᠬᠡᠷᠬᠢᠨ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠠ ᠶᠠᠷᠢᠵᠤ᠂ ᠣᠯᠠᠨ ᠢ ᠬᠥᠲᠥᠯᠥᠨ ᠵᠢᠯᠣᠭᠤᠳᠴᠤ᠂ ᠬᠠᠭᠤᠴᠢᠨ ᠬᠡᠯᠪᠡᠷᠢ ᠶᠢᠨ ᠬᠤᠤᠷᠲᠤ ᠡᠳ᠋ ᠪᠠ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠢᠯᠭᠠᠭ᠎ᠠ ᠶᠢ ᠳᠤᠳᠤᠷᠬᠠᠶᠢᠯᠠᠪᠠ᠃       ᠬᠥᠪᠡᠭᠡᠲᠦ ᠰᠢᠷ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠳᠡᠩᠨᠡᠨ ᠪᠠᠶᠢᠴᠠᠭᠠᠬᠤ ᠶᠡᠭᠡ ᠠᠩᠭᠢ ᠶᠢᠨ ᠳᠡᠳ᠋ ᠳᠠᠷᠤᠭ᠎ᠠ ᠵᠠᠩ ᠲᠢᠶᠠᠨ ᠼᠦᠩ ︽︿ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢ ᠲᠦᠭ ᠲᠦᠮᠡᠨ ᠡᠷᠦᠬᠡ ᠳᠤ ᠬᠦᠷᠭᠡᠬᠦ﹀ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠤᠤᠷᠲᠤ ᠡᠳ᠋ ᠢ ᠴᠠᠭᠠᠵᠠᠯᠠᠬᠤ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠬᠤᠤᠷᠲᠤ ᠡᠳ᠋ ᠢ ᠡᠰᠡᠷᠭᠦᠴᠡᠨ ᠰᠡᠷᠭᠡᠶᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠡᠨᠡ ᠵᠢᠯ ᠮᠠᠨ ᠤ ᠶᠡᠭᠡ ᠠᠩᠭᠢ ᠪᠥᠬᠦ ᠬᠤᠰᠢᠭᠤᠨ ᠳᠤ ᠡᠯ᠎ᠡ ᠲᠥᠷᠥᠯ ᠤᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠶᠢ 14 ᠤᠳᠠᠭ᠎ᠠ ᠥᠷᠨᠢᠭᠦᠯᠵᠦ᠂ ᠲᠠᠷᠠᠭᠠᠴᠢ ᠶᠢᠨ ᠠᠯᠬᠤᠮ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠪᠠ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠲᠡᠪᠴᠢᠭᠦ ᠴᠢᠳᠠᠪᠤᠷᠢ ᠶᠢ ᠲᠡᠭᠡᠭᠰᠢᠯᠡᠭᠦᠯᠥᠨ᠎ᠡ︾ ᠭᠡᠵᠤ ᠶᠠᠷᠢᠯ᠎ᠠ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠢᠨ᠎ᠡ ᠬᠡᠯᠪᠡᠷᠢ ᠶᠢᠨ ᠬᠤᠤᠷᠲᠤ ᠡᠳ᠋ ᠤᠨ ᠲᠤᠬᠠᠶ ᠣᠯᠠᠨ ᠤ ᠲᠠᠨᠢᠯᠲᠠ ᠪᠠ ᠬᠤᠤᠷᠲᠤ ᠡᠳ᠋ ᠢ ᠰᠡᠷᠭᠡᠶᠢᠯᠡᠬᠦ ᠬᠤᠤᠷᠲᠤ ᠡᠳ᠋ ᠢ ᠲᠡᠪᠴᠢᠬᠦ ᠤᠬᠠᠮᠰᠠᠷ ᠢ ᠭᠦᠨᠵᠡᠭᠡᠶᠢᠷᠡᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ  ᠪᠠᠶᠢᠭᠤᠯᠬᠤ ᠶᠢ ᠠᠬᠢᠭᠤᠯᠤᠭᠰᠠᠨ ᠪᠠᠶᠢᠨ᠎ᠠ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号