ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ ᠃ | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠠᠭᠤᠯᠵᠠᠪᠠ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠵᠡᠯᠲᠡ ᠪᠠᠨ ᠴᠢᠩ | ᠦᠨᠡᠨᠴᠢ ᠪᠠᠷ ᠭᠦᠨᠵᠡᠭᠡᠢ ᠰᠣᠯᠢᠯᠴᠠᠪᠠ ᠃ | ᠰᠢ ᠶᠢᠨ ᠫᠢᠩ ᠂ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ | ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ | ᠪᠥᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ ᠦᠭᠡᠢ ᠶᠤᠮ ᠃ ᠳᠤᠮᠳᠠᠳᠤ ᠠᠮᠧᠷᠢᠺᠠ ᠬᠤᠶᠠᠷ | ᠲᠠᠯ᠎ᠠ ᠪᠠᠷ ᠢᠶᠠᠨ ᠲᠡᠦᠬᠡ ᠂ ᠳᠡᠯᠡᠬᠡᠢ ᠶᠢᠷᠲᠢᠨᠴᠦ ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠂ ᠰᠢᠨ᠎ᠡ ᠴᠠᠭ | ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠰᠦᠪᠡᠭᠴᠢᠯᠡᠵᠦ ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠶᠢᠨ ᠵᠥᠪ ᠴᠢᠭᠯᠡᠯ ᠢ ᠣᠯᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ | ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ ᠂ ᠬᠤᠶᠠᠷ ᠤᠯᠤᠰ ᠲᠤ ᠪᠤᠶᠠᠨ ᠦᠢᠯᠡᠳᠴᠦ ᠂ ᠳᠡᠯᠡᠬᠡᠢ | ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ ᠂ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠢᠯᠡ | ᠲᠣᠳᠣ ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ | ᠪᠣᠯᠣᠨ ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ | ᠪᠤᠯᠭᠠᠵᠤ ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ | ᠮᠡᠳᠡᠭᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ ᠂ | ᠢᠮᠠᠭᠲᠠ ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ | ᠪᠠ ᠣᠪᠣᠷ ᠢᠶᠠᠨ ᠲᠣᠭᠲᠠᠭᠠᠵᠤ ᠂ ᠶᠠᠷᠢᠯᠴᠠᠭ᠎ᠠ ᠬᠢᠵᠦ ᠵᠥᠪᠳᠡᠯᠴᠡᠬᠦ ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ | ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ | ᠡᠩᠬᠡ ᠲᠠᠶᠢᠪᠤᠩ ᠬᠥᠭᠵᠢᠯᠲᠡ ᠂ ᠨᠡᠭᠡᠭᠡᠯᠲᠡᠲᠤ ᠬᠥᠭᠵᠢᠯᠲᠡ ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠪᠠᠷᠢᠮᠲᠠᠯᠠᠵᠤ ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ ᠂ ᠠᠬᠢᠭᠤᠯᠤᠭᠴᠢ ᠪᠣᠯᠵᠤ ᠂ ᠡᠯ᠎ᠡ ᠤᠯᠤᠰ ᠲᠠᠢ ᠬᠠᠮᠲᠤ ᠪᠠᠷ | ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠡᠯᠡᠬᠡᠢ ᠳ᠋ᠠᠬᠢᠨ ᠶᠠᠭ ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ ᠂ | ᠡᠯ᠎ᠡ ᠤᠯᠤᠰ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ | ᠪᠠᠶᠢᠭ᠎ᠠ ᠦᠭᠡᠢ ᠠᠵᠠ ᠲᠣᠭᠢᠶᠠᠯ ᠢ ᠠᠳᠬᠤᠬᠤ ᠴᠢᠬᠤᠯᠠᠲᠠᠢ ᠃ | ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ ᠡᠭᠦᠨ ᠢ | ᠰᠢᠢᠳᠪᠦᠷᠢᠯᠡᠬᠦ ᠬᠡᠷᠡᠭᠲᠡᠢ ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ ᠂ ᠴᠢ ᠮᠠᠨᠳᠤᠪᠠᠯ | ᠪᠢ ᠳᠣᠷᠣᠶᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ ᠂ ᠳᠤᠮᠳᠠᠳᠤ ᠠᠮᠧᠷᠢᠺᠠ ᠲᠤᠰ ᠲᠤᠰ ᠲᠠᠭᠠᠨ ᠠᠮᠵᠢᠯᠲᠠ | ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ ᠃ ᠥᠷᠭᠡᠨ | ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ ᠂ ᠬᠠᠮᠲᠤ ᠶᠢᠨ | ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ | ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ ᠂ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ | ᠨᠡᠶᠢᠯᠡᠪᠦᠷᠢ ᠶᠢᠨ ᠪᠤᠰᠤ ᠭᠦᠭ ᠠᠶᠠᠰ ᠢ ᠲᠣᠭᠲᠠᠭᠠᠪᠠᠯ ᠵᠣᠬᠢᠨ᠎ᠠ ᠃ ᠪᠢ ᠶᠡᠷᠦᠩᠬᠡᠶᠢᠯᠡᠭᠴᠢ ᠠᠪᠤᠭᠠᠢ ᠶᠢᠨ ︽ ᠳᠥᠷᠪᠡ ᠶᠢ | ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ | ᠤᠯᠤᠰ ᠶᠡᠷᠦ ᠠᠴᠠ ᠤᠳᠤ ᠶᠢᠨ ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ ᠂ | ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ | ᠣᠷᠣᠯᠠᠬᠤ ᠰᠠᠨᠠᠭ᠎ᠠ ᠦᠭᠡᠢ ᠶᠤᠮ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠵᠥᠪ ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ ᠂ ᠬᠡᠯᠪᠡᠶᠢᠬᠦ ᠦᠭᠡᠢ ᠂ ᠬᠤᠷᠳᠤᠴᠠ ᠠᠯᠳᠠᠬᠤ ᠦᠭᠡᠢ ᠂ ᠨᠡᠩ | ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ | ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ | ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ ᠂ ᠪᠠᠰᠠ ᠴᠤ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ ᠲᠦᠪᠰᠢᠨ ᠤ ᠲᠣᠣᠷ ᠮᠥᠨ | ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ ᠵᠠᠷᠴᠢᠮ ᠵᠣᠭᠰᠣᠯᠲᠠ ᠶᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ ᠃ ᠰᠢ ᠶᠢᠨ ᠫᠢᠩ ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠤᠯᠤᠰ ᠤᠨ | ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠤᠯᠤᠰ | ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠳᠠᠪᠠᠵᠤ ᠪᠣᠯᠣᠰᠢ | ᠦᠭᠡᠢ ᠨᠢᠭᠡᠳᠦᠭᠡᠷ ᠤᠯᠠᠭᠠᠨ ᠱᠤᠭᠤᠮ ᠮᠥᠨ ᠃ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠪᠣᠯ ᠳᠤᠮᠳᠠᠳᠤᠴᠤᠳ ᠤᠨ | ᠥᠪᠡᠷ ᠤᠨ ᠶᠠᠪᠤᠳᠠᠯ ᠮᠥᠨ ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠮᠥᠨ ᠃ ᠡᠬᠡ ᠤᠯᠤᠰ ᠤᠨ ᠨᠢᠭᠡᠳᠦᠯ ᠪᠠ | ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ ᠳᠤᠮᠳᠠᠳᠤ ᠤᠯᠤᠰ ᠤᠨ ᠠᠷᠠᠳ ᠲᠦᠮᠡᠨ ᠪᠣᠯᠣᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ ᠃ ᠶᠠᠮᠠᠷᠪᠠ ᠬᠥᠮᠥᠨ ᠲᠠᠶᠢᠸᠠᠨ ᠢ ᠳᠤᠮᠳᠠᠳᠤ | ᠤᠯᠤᠰ ᠠᠴᠠ ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ ᠤᠯᠤᠰ ᠤᠨ ᠦᠨᠳᠦᠰᠦᠲᠡᠨ ᠤ ᠶᠡᠭᠡ | ᠵᠢᠷᠤᠮ ᠠᠴᠠ ᠲᠡᠷᠰᠯᠡᠵᠦ ᠂ ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ ᠵᠥᠪᠰᠢᠶᠡᠷᠡᠬᠦ ᠦᠭᠡᠢ ᠶᠤᠮ ︕ | ᠪᠢᠳᠡ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ ᠪᠥᠭᠡᠳ ᠢᠮᠠᠭᠲᠠ ᠪᠠᠲᠤᠯᠠᠬᠤ ᠪᠠᠷ | ᠴᠢᠷᠮᠠᠶᠢᠵᠤ ᠪᠠᠶᠢᠨ᠎ᠠ ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ ᠲᠠᠶᠢᠸᠠᠨ ᠬᠤᠭᠤᠯᠠᠢ ᠶᠢᠨ ᠡᠩᠬᠡ | ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ ᠃ ᠠᠮᠧᠷᠢᠺᠠ ᠶᠢᠨ ᠲᠠᠯ᠎ᠠ ᠶᠢᠨ ᠬᠢᠨ ᠤ ᠬᠡᠯᠡᠵᠦ ᠬᠢᠬᠦ | ᠨᠢ ᠨᠢᠭᠡᠳᠦᠯᠲᠡᠢ ᠪᠠᠶᠢᠵᠤ ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ ᠳᠤᠮᠳᠠᠳᠤ ᠠᠮᠧᠷᠢᠺᠠ ᠶᠢᠨ | ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦᠶᠢᠯᠡᠨ ᠵᠢᠷᠤᠮᠯᠠᠬᠤ ᠶᠢ ᠬᠦᠰᠡᠵᠦ ᠪᠠᠶᠢᠨ᠎ᠠ ᠃ ᠶᠡᠷᠦᠩᠬᠡᠶᠢᠯᠡᠭᠴᠢ | ᠠᠪᠤᠭᠠᠢ ︽ ᠲᠠᠶᠢᠸᠠᠨ ᠢ ᠲᠤᠰᠠᠭᠠᠷ ᠲᠣᠭᠲᠠᠨᠢᠭᠤᠯᠬᠤ ︾ ᠶᠢ ᠳᠡᠮᠵᠢᠭᠦ ᠦᠭᠡᠢ ᠂ ᠲᠠᠶᠢᠸᠠᠨ ᠢ ᠳᠤᠮᠳᠠᠳᠤ ᠤᠯᠤᠰ ᠲᠠᠢ | ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ ᠪᠤᠯᠭᠠᠬᠤ ᠰᠠᠨᠠᠭ᠎ᠠ | ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ᠠᠮᠠᠯᠠᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠡᠷᠬᠡ ᠴᠢᠯᠦᠭᠡ ᠂ ᠠᠷᠠᠳᠴᠢᠯᠠᠯ ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ | ᠬᠥᠭᠡᠭᠡᠴᠡᠯᠳᠦᠯ ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ | ᠮᠥᠨ ᠃ ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ ᠂ ᠳᠤᠮᠳᠠᠳᠤ ᠤᠯᠤᠰ ᠲᠤ ᠳᠤᠮᠳᠠᠳᠤ ᠤᠯᠤᠰ ᠤᠨ | ᠮᠠᠶ᠋ᠢᠭ ᠤᠨ ᠠᠷᠠᠳᠴᠢᠯᠠᠯ ᠲᠠᠢ ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ ᠃ ᠳᠤᠮᠳᠠᠳᠤ | ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ | ᠰᠣᠶᠣᠯ ᠳᠤ ᠰᠠᠭᠤᠷᠢᠯᠠᠵᠤ ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ | ᠣᠮᠣᠭᠰᠢᠵᠤ ᠪᠠᠶᠢᠨ᠎ᠠ ᠃ ᠶᠠᠮᠠᠷᠪᠠ ᠤᠯᠤᠰ ᠤᠨ ᠠᠷᠠᠳᠴᠢᠯᠠᠯ ᠤᠨ ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ | ᠲᠡᠭᠦᠯᠳᠡᠷ ᠪᠠᠶᠢᠵᠤ ᠴᠢᠳᠠᠬᠤ ᠦᠭᠡᠢ ᠶᠤᠮ ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ | ᠶᠤᠮ ᠃ ᠬᠤᠶᠠᠷ ᠲᠠᠯ᠎ᠠ ᠶᠢᠨ ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ | ᠪᠣᠯᠣᠨ᠎ᠠ ᠂ ᠡᠭᠦᠨ ᠤ ᠤᠷᠢᠲᠠᠯ ᠪᠣᠯ ᠡᠷᠬᠡ ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ ᠃ ︽ | ᠠᠷᠠᠳᠴᠢᠯᠠᠯ ᠢᠶᠠᠷ ᠡᠷᠬᠡ ᠰᠦᠷ ᠢ ᠡᠰᠡᠷᠭᠦᠴᠡᠬᠦ ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ ᠣᠨᠴᠠᠯᠢᠭ ᠪᠢᠰᠢ ᠂ ᠴᠠᠭ | ᠦᠶ᠎ᠡ ᠶᠢᠨ ᠬᠥᠭᠵᠢᠯᠲᠡ ᠶᠢᠨ ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠠᠮᠧᠷᠢᠺᠠ ᠬᠥᠷᠥᠩᠭᠡᠲᠦ ᠶᠣᠰᠣ ᠶᠢ ᠬᠡᠷᠡᠭᠵᠢᠭᠦᠯᠵᠦ ᠪᠠᠶᠢᠨ᠎ᠠ ᠂ ᠳᠤᠮᠳᠠᠳᠤ ᠤᠯᠤᠰ ᠨᠡᠶᠢᠭᠡᠮ | ᠵᠢᠷᠤᠮ ᠢ ᠬᠡᠷᠡᠭᠵᠢᠭᠦᠯᠵᠦ ᠪᠠᠶᠢᠨ᠎ᠠ ᠂ ᠬᠤᠶᠠᠷ ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ ᠃ ᠡᠶᠢᠮᠦ ᠠᠳᠠᠯᠢ | ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ ᠪᠠᠶᠢᠭ᠎ᠠ ᠪᠢᠰᠢ ᠂ ᠬᠤᠶᠢᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ | 14 ᠳ᠋ᠦᠩᠰᠢᠭᠤᠷ ᠠᠷᠠᠳ ᠲᠦᠮᠡᠨ ᠤ ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ | ᠬᠥᠭᠵᠢᠯᠲᠡ ᠪᠠ ᠲᠣᠭᠲᠠᠭᠤᠨ ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ ᠃ ᠳᠤᠮᠳᠠᠳᠤ ᠠᠮᠧᠷᠢᠺᠠ ᠶᠢᠨ | ᠬᠠᠷᠢᠯᠴᠠᠭᠠᠨ ᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ ᠠᠳᠠᠯᠢ ᠪᠤᠰᠤ ᠶᠢ ᠮᠡᠳᠡᠷᠡᠵᠦ ᠂ ᠡᠨᠡ ᠬᠦ ᠠᠳᠠᠯᠢ | ᠪᠤᠰᠤ ᠶᠢ ᠭᠦᠨᠳᠦᠳᠭᠡᠵᠤ ᠂ ᠬᠠᠷᠢᠨ ᠨᠢᠭᠡ ᠯᠡ ᠠᠳᠠᠯᠢ ᠪᠤᠯᠭᠠᠬᠤ ᠪᠠᠷ ᠠᠯᠪᠠᠳᠠᠵᠤ ᠂ ᠴᠢᠨᠠᠭᠰᠢᠯᠠᠪᠠᠯ ᠨᠦᠭᠦᠭᠡ | ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ ᠃ | ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠂ ᠬᠠᠷᠢᠨ | ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ ᠪᠤᠯᠬᠤ ᠦᠭᠡᠢ ᠶᠤᠮ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ ᠂ ᠨᠡᠶᠢᠭᠡᠮ ᠤᠨ ᠪᠠᠶᠢᠭᠤᠯᠤᠯ ᠂ ᠬᠥᠭᠵᠢᠯᠲᠡ ᠶᠢᠨ ᠵᠠᠮ | ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ ᠲᠠᠢ ᠂ | ᠬᠤᠶᠢᠰᠢᠳᠠ ᠪᠠᠰᠠ ᠪᠠᠶᠢᠬᠤ ᠶᠤᠮ ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢᠨ | ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ ᠲᠠᠢ ᠂ | ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ ᠂ ᠴᠢᠷᠮᠠᠶᠢᠨ ᠥᠷᠢᠰᠦᠯᠳᠦᠵᠦ ᠂ ᠬᠠᠮᠲᠤ ᠪᠠᠷ ᠳᠠᠪᠰᠢᠬᠤ ᠠᠴᠠ ᠪᠢᠰᠢ ᠂ | ᠬᠠᠷᠢᠨ ᠴᠢ ᠢᠯᠠᠭᠳᠠᠪᠠᠯ ᠪᠢ ᠢᠯᠠᠵᠤ ᠂ ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ ᠪᠠᠶᠢᠪᠠᠯ ᠵᠣᠬᠢᠨ᠎ᠠ ᠃ | ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ ᠤᠯᠠᠮᠵᠢᠯᠠᠯ ᠲᠠᠢ ᠂ ᠠᠯᠢᠪᠠ ᠳᠠᠷᠤᠯᠲᠠ | ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠶᠢ | ᠬᠥᠭᠵᠢᠭᠡᠳᠡᠭ ᠶᠤᠮ ᠃ ᠠᠷᠠᠯᠵᠢᠶᠠᠨ ᠤ ᠲᠠᠶᠢᠨ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠶᠢᠨ ᠬᠢᠵᠦ ᠂ | ᠵᠣᠷᠢᠭᠤᠳᠠ ︽ ᠬᠡᠷᠡᠮ ᠪᠣᠰᠬᠠᠨ ᠪᠠᠬᠢᠯᠡᠯᠲᠡ ᠪᠠᠶᠢᠭᠤᠯᠵᠤ ︾ ᠂ ᠠᠯᠪᠠ ᠪᠠᠷ ︽ ᠬᠠᠷᠢᠴᠠᠭ᠎ᠠ ᠪᠠᠨ ᠲᠠᠰᠤᠯᠵᠤ ᠬᠡᠯᠬᠢᠶ᠎ᠡ ᠪᠠᠨ | ᠲᠠᠰᠤᠯᠬᠤ ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ ᠵᠥᠷᠢᠴᠡᠵᠦ ᠂ ᠤᠯᠠᠨ ᠤᠯᠤᠰ ᠤᠨ | ᠠᠷᠠᠯᠵᠢᠶᠠᠨ ᠤ ᠳᠦᠷᠢᠮ ᠢ ᠡᠪᠳᠡᠵᠦ ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ ᠶᠤᠮ ᠃ | ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ ᠲᠥᠷᠥᠴᠢᠯᠡᠬᠦ ᠂ | ᠵᠡᠪᠰᠡᠭᠵᠢᠭᠦᠯᠬᠦ ᠶᠢ ᠡᠰᠡᠷᠭᠦᠴᠡᠨ᠎ᠡ ᠃ ᠣᠳᠣᠬᠠᠨ ᠤ ᠪᠠᠶᠢᠳᠠᠯ ᠳᠣᠣᠷ᠎ᠠ ᠂ ᠳᠤᠮᠳᠠᠳᠤ ᠠᠮᠧᠷᠢᠺᠠ ᠬᠤᠶᠠᠷ ᠤᠯᠤᠰ ᠤᠨ | ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ ᠂ ᠬᠠᠷᠢᠨ ᠨᠡᠩ ᠤᠯᠠᠨ ᠪᠣᠯᠪᠠ ᠃ ᠳᠤᠮᠳᠠᠳᠤ ᠠᠮᠧᠷᠢᠺᠠ ᠮᠥᠷᠭᠦᠯᠳᠦᠬᠦ | ᠦᠭᠡᠢ ᠂ ᠡᠰᠡᠷᠭᠦᠴᠡᠯᠳᠦᠬᠦ ᠦᠭᠡᠢ ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ ᠬᠠᠮᠤᠭ ᠤᠨ | ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠭᠦᠨᠵᠡᠭᠡᠢ | ᠠᠭᠤᠰᠤᠯᠴᠠᠵᠤ ᠂ ᠰᠢᠨ᠎ᠡ ᠬᠥᠭᠵᠢᠯᠲᠡ ᠶᠢᠨ ᠡᠭᠦᠷᠭᠡ ᠳᠤ ᠲᠤᠯᠭᠠᠷᠠᠵᠤ ᠂ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ | ᠠᠰᠢᠭ ᠭᠦᠷᠳᠡᠭᠦ ᠴᠢᠬᠤᠯᠠᠲᠠᠢ ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ ᠃ ᠪᠦᠭᠦ ᠪᠥᠮᠪᠥᠷᠴᠡᠭ ᠤᠨ | ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠂ ᠭᠠᠵᠠᠷ | ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ ᠵᠣᠬᠢᠴᠠᠭᠤᠯᠭ᠎ᠠ | ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠤᠯᠬᠤ ᠶᠤᠮ ᠃ | ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ ᠂ | ᠶᠡᠭᠡ ᠲᠠᠯ᠎ᠠ ᠶᠢ ᠪᠣᠳᠣᠯᠬᠢᠯᠠᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ ᠠᠮᠢᠰᠬᠤᠯ ᠪᠣᠯᠣᠨ | ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ ᠃ | ᠪᠠᠶᠢᠳᠧᠨ ᠂ ᠪᠢ ᠲᠡᠷᠢᠭᠦᠯᠡᠭᠴᠢ ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ ᠂ ᠪᠠᠶᠢᠩᠭᠤ ᠶᠢᠨ | ᠴᠢᠨᠠᠷᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ | ᠴᠢᠳᠠᠬᠤ ᠦᠭᠡᠢ ᠶᠤᠮ ᠃ ᠲᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ ᠪᠠᠷ ᠳᠠᠬᠢᠨᠲᠠ ᠰᠣᠩᠭᠤᠭᠳᠠᠭᠰᠠᠨ ᠳᠤ ᠴᠢᠨᠢ ᠪᠠᠶᠠᠷ ᠬᠦᠷᠭᠡᠵᠦ ᠪᠠᠶᠢᠨ᠎ᠠ ᠃ ᠠᠮᠧᠷᠢᠺᠠ ᠳᠤᠮᠳᠠᠳᠤ ᠬᠤᠶᠠᠷ ᠲᠣᠮᠣ | ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ ᠃ | ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ | ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠵᠤ ᠂ ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ | ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠠᠮᠤ ᠪᠤᠳᠠᠭᠠᠨ ᠤ ᠠᠮᠤᠷ | ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ ᠃ ᠡᠨᠡ ᠨᠢ | ᠠᠮᠧᠷᠢᠺᠠ ᠳᠤᠮᠳᠠᠳᠤ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠳᠤ ᠲᠤᠶᠢᠯ ᠤᠨ ᠴᠢᠬᠤᠯᠠ ᠪᠥᠭᠡᠳ | ᠪᠦᠭᠦ ᠳᠡᠯᠡᠬᠡᠢ ᠳᠤ ᠴᠦ ᠲᠤᠶᠢᠯ ᠤᠨ ᠴᠢᠬᠤᠯᠠ ᠶᠤᠮ ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ | ᠠᠮᠧᠷᠢᠺᠠ ᠪᠣᠯᠣᠨ ᠳᠡᠯᠡᠬᠡᠢ ᠶᠢᠨ ᠠᠰᠢᠭ ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ ᠃ ᠠᠮᠧᠷᠢᠺᠠ | ᠳᠤᠮᠳᠠᠳᠤ ᠤᠯᠤᠰ ᠤᠨ ᠪᠠᠶᠢᠭᠤᠯᠤᠮᠵᠢ ᠶᠢ ᠭᠦᠨᠳᠦᠳᠭᠡᠵᠦ ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ | ᠡᠷᠢᠯᠬᠢᠯᠡᠬᠦ ᠦᠭᠡᠢ ᠂ ︽ ᠰᠢᠨ᠎ᠡ ᠬᠦᠢᠲᠡᠨ ᠲᠠᠶᠢᠨ ︾ ᠢ ᠡᠷᠢᠯᠬᠢᠯᠡᠬᠦ ᠦᠭᠡᠢ ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ | ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ ᠂ ︽ ᠲᠠᠶᠢᠸᠠᠨ ᠢ ᠲᠤᠰᠠᠭᠠᠷ | ᠲᠣᠭᠲᠠᠨᠢᠭᠤᠯᠬᠤ ︾ ᠶᠢ ᠳᠡᠮᠵᠢᠭᠦ ᠦᠭᠡᠢ ᠂ ︽ ᠬᠤᠶᠠᠷ ᠳᠤᠮᠳᠠᠳᠤ ᠤᠯᠤᠰ ︾ ᠂ ︽ ᠨᠢᠭᠡ ᠳᠤᠮᠳᠠᠳᠤ ᠤᠯᠤᠰ ᠨᠢᠭᠡ | ᠲᠠᠶᠢᠸᠠᠨ ︾ ᠢ ᠴᠤ ᠳᠡᠮᠵᠢᠭᠦ ᠦᠭᠡᠢ ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ ᠃ | ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ ᠬᠠᠷᠢᠯᠴᠠᠭ᠎ᠠ ᠪᠠᠨ ᠲᠠᠰᠤᠯᠬᠤ ︾ ᠰᠠᠨᠠᠭ᠎ᠠ ᠦᠭᠡᠢ ᠂ ᠳᠤᠮᠳᠠᠳᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ ᠰᠠᠨᠠᠭ᠎ᠠ ᠦᠭᠡᠢ ᠂ ᠳᠤᠮᠳᠠᠳᠤ ᠤᠯᠤᠰ ᠢ ᠪᠦᠰᠡᠯᠡᠵᠦ | ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ ᠃ | ᠪᠠᠶᠢᠳᠧᠨ ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ | ᠲᠤᠶᠢᠯ ᠤᠨ ᠴᠢᠬᠤᠯᠠ ᠶᠤᠮ ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ | ᠬᠠᠮᠢᠶᠠᠷᠤᠨ ᠡᠵᠡᠮᠳᠡᠵᠦ ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ ᠰᠢᠷᠦᠭᠦᠨ | ᠥᠷᠢᠰᠦᠯᠳᠦᠭᠡᠨ ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ | ᠰᠡᠷᠭᠡᠶᠢᠯᠡᠵᠦ ᠴᠢᠳᠠᠬᠤ ᠶᠢ ᠳᠡᠯᠡᠬᠡᠢ ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ ᠃ ᠠᠮᠧᠷᠢᠺᠠ ᠶᠢᠨ | ᠬᠢᠨ ᠠᠮᠧᠷᠢᠺᠠ ᠳᠤᠮᠳᠠᠳᠤ ᠶᠢᠨ ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ | ᠪᠠᠶᠢᠨ᠎ᠠ ᠂ ᠬᠤᠶᠠᠷ ᠲᠠᠯ᠎ᠠ ᠶᠢᠨ ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ | ᠶᠠᠷᠢᠯᠴᠠᠵᠤ ᠂ ᠡᠷᠲᠡᠬᠡᠨ ᠰᠠᠨᠠᠯ ᠨᠢᠭᠡᠳᠭᠦ ᠪᠠᠷ ᠴᠢᠷᠮᠠᠶᠢᠪᠠᠯ ᠵᠣᠬᠢᠨ᠎ᠠ ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ | ᠳᠤᠮᠳᠠᠳᠤ ᠤᠯᠤᠰ ᠢ ᠬᠤᠷᠢᠭᠯᠠᠬᠤ ᠶᠢ ᠡᠷᠢᠯᠬᠢᠯᠡᠬᠦ ᠦᠭᠡᠢ ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ | ᠪᠠᠶᠢᠳᠠᠯ ᠢ ᠣᠯᠵᠤ ᠬᠠᠷᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠂ ᠬᠤᠶᠠᠷ ᠲᠠᠯ᠎ᠠ ᠶᠢᠨ ᠭᠠᠳᠠᠭᠠᠳᠤ ᠬᠠᠷᠢᠯᠴᠠᠭᠠᠨ ᠤ ᠪᠦᠯᠭᠦᠮ ᠪᠠᠶᠢᠯᠳᠤᠬᠤ | ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ ᠂ ᠪᠠᠶᠢᠩᠭᠤ ᠶᠢᠨ ᠴᠢᠨᠠᠷᠲᠠᠢ ᠵᠥᠪᠳᠡᠯᠴᠡᠭᠡ ᠬᠢᠬᠦ ᠶᠢ ᠵᠥᠪᠰᠢᠶᠡᠷᠡᠪᠡ ᠃ | ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ | ᠲᠦᠷᠦ ᠶᠢᠨ ᠪᠣᠳᠣᠯᠭ᠎ᠠ ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ | ᠵᠥᠪᠰᠢᠶᠡᠷᠡᠪᠡ ᠃ ︽ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ | ᠪᠦᠳᠦᠭᠦᠪᠴᠢ ᠨᠡᠶᠢᠲᠡ ᠶᠢᠨ ᠭᠡᠷ᠎ᠡ ︾ ᠶᠢᠨ ᠬᠤᠷᠢᠨ ᠳᠣᠯᠣᠳᠤᠭᠠᠷ ᠤᠳᠠᠭᠠᠨ ᠤ ᠭᠡᠷᠡᠲᠦ ᠲᠠᠯ᠎ᠠ ᠶᠢᠨ ᠶᠡᠭᠡ ᠬᠤᠷᠠᠯ ᠤᠨ | ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ ᠃ ᠬᠤᠶᠠᠷ ᠲᠠᠯ᠎ᠠ ᠪᠠᠷ ᠢᠶᠠᠨ ᠬᠤᠶᠠᠷ | ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠬᠥᠳᠡᠭᠡ ᠠᠵᠤ ᠠᠬᠤᠢ ᠪᠣᠯᠣᠨ ᠠᠮᠤ ᠪᠤᠳᠠᠭᠠᠨ ᠤ ᠠᠮᠤᠷ | ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ ᠃ ᠳᠤᠮᠳᠠᠳᠤ ᠠᠮᠧᠷᠢᠺᠠ ᠶᠢᠨ | ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ ᠂ ᠨᠡᠩ ᠤᠯᠠᠨ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ ᠃ ᠳᠤᠮᠳᠠᠳᠤ ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ | ᠲᠤᠶᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ | ᠥᠷᠭᠡᠳᠬᠡᠬᠦ ᠶᠢ ᠵᠣᠷᠢᠭᠵᠢᠭᠤᠯᠪᠠ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ | ᠰᠣᠯᠢᠯᠴᠠᠪᠠ ᠃ ᠰᠢ ᠶᠢᠨ ᠫᠢᠩ ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ ᠪᠠᠶᠢᠨ᠎ᠠ ᠃ ᠬᠢᠮᠤᠷᠠᠯ ᠡᠭᠦᠰᠦᠭᠰᠡᠨ ᠤ ᠲᠠᠷᠠᠭ᠎ᠠ ᠂ ᠪᠢ ︽ ᠲᠦᠷᠪᠡᠨ ᠡᠷᠬᠡᠪᠰᠢ ︾ ᠶᠢ ᠳᠤᠷᠠᠳᠤᠭᠰᠠᠨ ᠪᠥᠭᠡᠳ | ᠲᠦᠷᠦᠭᠦᠬᠡᠨ ᠪᠠᠰᠠ ︽ ᠲᠦᠷᠪᠡᠨ ᠬᠠᠮᠲᠤ ᠪᠠᠷ ︾ ᠢ ᠳᠤᠷᠠᠳᠤᠭᠰᠠᠨ ᠶᠤᠮ ᠃ ᠦᠺᠷᠠᠶᠢᠨ ᠤ ᠬᠢᠮᠤᠷᠠᠯ ᠮᠡᠲᠦ ᠶᠢᠨ ᠪᠦᠭᠦ | ᠪᠥᠮᠪᠥᠷᠴᠡᠭ ᠤᠨ ᠴᠢᠨᠠᠷᠲᠠᠢ ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ ᠂ ᠡᠶᠢᠮᠦ ᠬᠡᠳᠦᠨ ᠵᠦᠢᠯ ᠢ ᠬᠢᠨᠠᠮᠠᠭᠠᠢ | ᠪᠣᠳᠣᠯᠬᠢᠯᠠᠭᠤᠰᠢᠲᠠᠢ ᠪᠠᠶᠢᠨ᠎ᠠ ᠄ ᠨᠢᠭᠡ ᠳᠤ ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ; ᠬᠤᠶᠠᠷ ᠲᠤ ᠂ | ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; ᠭᠤᠷᠪᠠ ᠳᠤ ᠂ ᠲᠣᠮᠣ | ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ ᠃ ᠳᠤᠮᠳᠠᠳᠤ ᠤᠯᠤᠰ ᠢᠮᠠᠭᠲᠠ ᠡᠩᠬᠡ | ᠲᠠᠶᠢᠪᠤᠩ ᠤᠨ ᠲᠠᠯ᠎ᠠ ᠳᠤ ᠵᠣᠭᠰᠣᠵᠤ ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ ᠂ ᠤᠷᠤᠰ | ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ ᠂ | ᠤᠮᠠᠷᠠᠲᠤ ᠠᠲᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ ᠂ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠶᠢᠨ ᠬᠢᠨ ᠤᠷᠤᠰ ᠯᠤᠭ᠎ᠠ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ ᠃ | ᠬᠤᠶᠠᠷ ᠤᠯᠤᠰ ᠤᠨ ᠲᠡᠷᠢᠭᠦᠨ ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ | ᠴᠢᠨᠠᠷᠲᠠᠢ ᠶᠤᠮ ᠭᠡᠵᠦ ᠦᠵᠡᠵᠦ ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ ᠂ ᠦᠨᠡᠨ | ᠪᠣᠳᠠᠲᠠᠢ ᠠᠵᠢᠯᠯᠠᠭ᠎ᠠ ᠠᠪᠴᠤ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ | ᠲᠠᠭᠢᠨ ᠪᠤᠴᠠᠬᠤ ᠶᠢ ᠠᠬᠢᠭᠤᠯᠬᠤ ᠪᠠᠷ ᠱᠠᠭᠠᠷᠳᠠᠪᠠ ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ | ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠶᠢ ᠵᠥᠪᠰᠢᠶᠡᠷᠡᠪᠡ ᠃ | ᠳ᠋ᠢᠩ ᠰᠢᠤᠸᠠᠢ ᠰᠢᠶᠠᠩ ᠂ ᠸᠠᠩ ᠢ ᠂ ᠾᠧ ᠯᠢ ᠹᠧᠩ ᠨᠠᠷ ᠠᠭᠤᠯᠵᠠᠯᠲᠠ ᠳᠤ ᠣᠷᠣᠯᠴᠠᠪᠠ ᠃ | |