ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ | ᠲᠣᠣᠱᠯᠠᠭᠤᠯᠵᠦ᠂ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ ᠶᠢᠨ ᠲᠦᠯᠥᠭᠡ᠂ 11 ᠳ᠋ᠥ᠋ᠭᠡᠷ ᠰᠠᠷ᠎ᠠ ᠶᠢᠨ 22 ᠤ | ᠡᠳᠦᠷ᠂ ᠬᠤᠰᠢᠭᠤ ᠤᠯᠠᠭᠠᠨᠮᠥ᠋ᠴᠢᠷ ︽ᠳᠤᠯᠠᠭᠠᠨ︾ ᠨᠠᠰᠤᠲᠠᠶᠢᠴᠤᠳ ᠤᠨ ᠬᠦᠷᠢᠶᠡᠯᠡᠩ ᠳᠤ ᠬᠦᠷᠴᠦ ︽ᠪᠠᠶᠠᠷ | ᠪᠠᠭ᠋ᠠᠲᠤᠯ᠂ ᠰᠤᠶᠤᠯ ᠪᠤᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠲᠥᠪᠯᠡᠷᠡᠭᠦᠯᠦᠨ ᠦᠢᠯᠡᠴᠢᠯᠡᠬᠦ | ᠠᠵᠢᠯᠯᠠᠭ᠎ᠠ ᠦᠷᠨᠢᠭᠦᠯᠵᠡᠢ᠃ | ᠠᠵᠢᠯᠯᠠᠭ᠎ᠠ ᠳᠡᠭᠡᠷ᠎ᠡ᠂ ᠤᠯᠠᠭᠠᠨᠮᠥ᠋ᠴᠢᠷ ᠤᠨ ᠲᠣᠭᠯᠠᠭᠴᠢᠳ ᠨᠠᠰᠤᠲᠠᠶᠢᠴᠤᠳ ᠲᠤ ︽ᠨᠠᠮ ᠳᠠᠭᠠᠨ | ᠵᠤᠷᠢᠭᠤᠯᠬᠤ ᠳᠠᠭᠤᠤ︾᠂ ︽ᠡᠵᠢ ᠶᠢᠨ ᠲᠤᠬᠠᠢ ᠳᠠᠭᠤᠤ︾ ᠵᠡᠷᠭᠡ ᠰᠢᠯᠢᠳᠡᠭ ᠲᠣᠭᠯᠠᠯᠲᠠ ᠶᠢ ᠬᠦᠷᠭᠡᠵᠥ᠂ | ᠨᠠᠰᠤᠲᠠᠶᠢᠴᠤᠳ ᠤᠨ ᠠᠮᠢᠳᠤᠷᠠᠯ ᠳᠤ ᠬᠥᠷ ᠬᠦᠭᠵᠢᠶᠡᠨ ᠪᠡᠯᠭᠡᠯᠡᠭᠰᠡᠨ ᠢᠶᠠᠷ ᠪᠠᠷᠠᠬᠤ ᠦᠭᠡᠢ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠩ ᠭᠦᠨᠵᠡᠭᠡᠶ ᠤᠬᠠᠭᠤᠯᠤᠨ ᠤᠶᠢᠯᠠᠭᠠᠭᠤᠯᠵᠠᠢ᠃ ︽ᠦᠨᠦᠳᠦᠷ ᠬᠤᠰᠢᠭᠤ | ᠤᠯᠠᠭᠠᠨᠮᠦ᠋ᠴᠢᠷ ᠪᠢᠳᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠭᠤᠴᠤ | ᠰᠠᠶᠢᠬᠠᠨ ᠲᠤᠭᠯᠠᠯᠲᠠ ᠭᠠᠷᠭᠠᠨ ᠰᠤᠨᠢᠷᠬᠠᠭᠤᠯᠵᠠᠢ︔ ᠤᠯᠠᠭᠠᠨᠮᠦ᠋ᠴᠢᠷ ᠨᠢ ᠦᠷᠬᠦᠯᠵᠢ ᠠᠳᠡ ᠢᠷᠡᠵᠤ ᠲᠤᠭᠯᠠᠯᠲᠠ | ᠭᠠᠷᠭᠠᠨ ᠪᠢᠳᠡᠨ ᠳᠤ ᠪᠠᠶᠠᠷ ᠪᠠᠶᠠᠰᠤᠯ ᠬᠦᠷᠭᠡᠳᠡᠭ︾ ᠭᠡᠵᠤ ︽ᠳᠤᠯᠠᠭᠠᠨ︾ ᠨᠠᠰᠤᠲᠠᠶᠢᠴᠤᠳ ᠤᠨ ᠬᠦᠷᠢᠶᠡᠯᠡᠩ ᠤᠨ | ᠵᠢᠪᠵᠢᠮ᠎ᠠ ᠨᠠᠰᠤᠲᠠᠨ ᠶᠠᠷᠢᠯ᠎ᠠ᠃ | ᠣᠶᠢᠯᠠᠭᠠᠭᠰᠠᠨ ᠢᠶᠠᠷ᠂ ᠬᠤᠰᠢᠭᠤᠨ ᠤ ᠤᠯᠠᠭᠠᠨᠮᠥ᠋ᠴᠢᠷ 11 ᠰᠠᠷ᠎ᠠ ᠶᠢᠨ 10 ᠤ ᠡᠳᠦᠷ ᠠᠴᠠ 21 ᠤ ᠡᠳᠦᠷ | ᠪᠣᠯᠲᠠᠯ᠎ᠠ ᠨᠠᠮ ᠤᠨ ᠬᠤᠷᠢᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠭᠤᠣᠯ ᠰᠡᠳᠦᠪᠲᠦ | ᠤᠷᠠᠨ ᠰᠠᠶᠢᠬᠠᠨ ᠤ ᠲᠣᠭᠯᠠᠯᠲᠠ ᠶᠢ 4 ᠲᠠᠯᠠᠪᠠᠢ ᠲᠤᠭᠯᠠᠭᠰᠠᠨ ᠪᠠᠶᠢᠨ᠎ᠠ᠃ | ᠳᠠᠷᠠᠭ᠎ᠠ ᠠᠯᠬᠤᠮ ᠳᠤ᠂ ᠬᠤᠰᠢᠭᠤᠨ ᠤ ᠤᠯᠠᠭᠠᠨᠮᠥ᠋ᠴᠢᠷ ᠠᠴᠠ 3 ᠰᠠᠯᠪᠤᠷᠢ ᠠᠩᠭᠢ ᠶᠢ ᠵᠣᠬᠢᠶᠠᠨ ᠪᠠᠶᠢᠭᠤᠯᠵᠤ | ᠂ ᠪᠥᠬᠦ ᠬᠤᠰᠢᠭᠤᠨ ᠤ ᠡᠯ᠎ᠡ ᠨᠡᠶᠢᠭᠡᠮ ᠲᠣᠭᠤᠷᠢᠭ᠂ ᠭᠠᠴᠠᠭᠠᠨ ᠳᠤ ᠭᠦᠨᠵᠡᠭᠡᠶᠢᠷᠡᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ︽ᠪᠠᠶᠠᠷ ᠪᠠᠭ᠋ᠠᠲᠤᠯ᠂ ᠰᠤᠶᠤᠯ ᠪᠤᠯᠪᠠᠰᠤᠨ ᠢ | ᠬᠦᠷᠭᠡᠬᠦ︾ ᠦᠨᠳᠦᠰᠦᠨ ᠱᠠᠲᠤᠨ ᠳᠤ ᠲᠥᠪᠯᠡᠷᠡᠭᠦᠯᠦᠨ ᠦᠢᠯᠡᠴᠢᠯᠡᠬᠦ ᠠᠵᠢᠯᠯᠠᠭ᠎ᠠ ᠶᠢ 20 ᠲᠠᠯᠠᠪᠠᠢ | ᠶᠠᠪᠤᠭᠳᠠᠭᠤᠯᠬᠤ ᠪᠠᠷ ᠪᠣᠶ᠃ ︽ᠮᠠᠨ ᠤ ᠤᠯᠠᠭᠠᠨᠮᠦ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠡᠩ ᠰᠠᠶᠢᠳᠤᠷ ᠰᠤᠷᠤᠯᠴᠠᠨ ᠲᠤᠤᠱᠯᠠᠭᠤᠯᠵᠤ ᠤᠬᠠᠭᠤᠯᠬᠤ ᠶᠢᠨ ᠲᠦᠯᠦᠭᠡ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠤᠳᠬ᠎ᠠ ᠤᠷᠠᠯᠢᠭ ᠤᠨ ᠵᠤᠬᠢᠶᠠᠯ ᠪᠦᠲᠦᠭᠡᠯ ᠲᠠᠢ ᠪᠠᠨ ᠠᠭᠤᠰᠤᠯᠴᠠᠭᠤᠯᠵᠤ᠂ | ᠰᠢᠯᠢᠳᠡᠭ ᠰᠤᠳᠤᠨ ᠪᠦᠲᠦᠭᠡᠯ ᠢᠶᠠᠷ ᠤᠯᠠᠨ ᠲᠦᠮᠡᠨ ᠳᠤ ᠪᠠᠶᠠᠷ ᠪᠠᠭ᠋ᠠᠳᠤᠯ ᠰᠤᠶᠤᠯ ᠪᠤᠯᠪᠠᠰᠤᠨ ᠢ ᠬᠦᠷᠭᠡᠵᠤ ᠪᠠᠶᠢᠨ᠎ᠠ | ︔ ᠡᠨᠡ ᠨᠢ ᠪᠢᠳᠡᠨ ᠤ ᠡᠬᠦᠷᠭᠡ ᠬᠠᠷᠢᠭᠤᠴᠠᠯᠭ᠎ᠠ ᠲᠤᠯᠠ ᠬᠤᠶᠢᠰᠢᠳᠠ ᠪᠢᠳᠡ ᠨᠡᠩ ᠰᠢᠯᠢᠳᠡᠭ ᠤᠷᠠᠨ ᠪᠦᠲᠦᠭᠡᠯ | ᠵᠤᠬᠢᠶᠠᠵᠤ ᠪᠦᠲᠦᠭᠡᠨ ᠤᠯᠠᠨ ᠲᠦᠮᠡᠨ ᠳᠤ ᠪᠠᠨ ᠦᠢᠯᠡᠴᠢᠯᠡᠨ᠎ᠡ︾ ᠭᠡᠵᠤ ᠭᠦᠪᠡᠭᠡᠳᠦ ᠰᠢᠷ᠎ᠠ ᠬᠤᠰᠢᠭᠤᠨ ᠤ | ᠤᠯᠠᠭᠠᠨᠮᠦ᠋ᠴᠢᠷ ᠤᠨ ᠳᠠᠷᠤᠭ᠎ᠠ ᠭᠡᠷᠡᠯᠲᠦ ᠶᠠᠷᠢᠯ᠎ᠠ᠃ |