ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ ᠲᠠᠷᠢᠶᠠᠨ ᠡᠮ ᠤᠨ | ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ | ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ ᠡᠮ ᠤᠨ | ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ | ᠮᠠᠰᠢᠨ ᠢ ᠬᠡᠷᠡᠭᠯᠡᠬᠦ ᠥᠬᠡᠶ ᠪᠠᠷ ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ | ᠦᠯᠡᠳᠡᠭᠳᠡᠯ ᠢ ᠪᠦᠲᠦᠮᠵᠢᠲᠡᠶ ᠠᠷᠢᠯᠭᠠᠵᠤ ᠴᠢᠳᠠᠨ᠎ᠠ᠂ ᠡᠭᠦᠨ ᠳᠤ ᠳᠤᠤᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄ | 1 ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ | ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | ᠪᠤᠳᠠᠭ᠎ᠠ ᠣᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠣᠬᠢᠶᠠᠭᠰᠠᠨ ᠤᠰᠤ ᠪᠠᠷ 5 | ~10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃ | ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1% ᠶᠢᠨ ᠳᠠᠪᠤᠰᠤ ᠲᠠᠢ ᠤᠰᠤ ᠪᠠᠷ ᠲᠡᠪᠳᠡᠭᠡᠵᠤ | 20ᠮᠢᠨᠦ᠋ᠲ ᠤᠨ ᠳᠠᠷᠠᠭ᠎ᠠ ᠣᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠶ ᠶᠡᠭᠡ ᠪᠠᠶᠢᠯᠭᠠᠵᠤ ᠪᠣᠯᠬᠤ ᠦᠭᠡᠢ᠃ | ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ | ᠲᠡᠪᠳᠡᠭᠡᠨ᠎ᠡ᠃ ᠭᠡᠪᠡᠴᠦ ᠡᠶᠢᠮᠤ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃ | | ᠳᠡᠭᠡᠷᠡᠬᠢ 4 ᠵᠦᠢᠯ ᠤᠨ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠬᠦᠭᠡᠵᠤ ᠣᠬᠢᠶᠠᠬᠤ᠂ | ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠤᠨ᠎ᠠ᠂ ᠡᠨᠡ ᠨᠢ ᠨᠣᠭᠤᠭ᠎ᠠ ᠶᠢᠨ | ᠲᠣᠳᠣᠷᠠᠬᠢ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃ |