ᠨᠢᠭᠡ᠂ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | 2011 ᠣᠨ ᠠᠴᠠ ᠨᠠᠭᠠᠰᠢ᠂ ᠮᠠᠨ ᠤ ᠣᠷᠣᠨ ︽ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠭᠠᠵᠠᠷ ᠰᠢᠷᠣᠢ ᠶᠢ | ᠬᠠᠮᠠᠭᠠᠯᠠᠬᠤ᠂ ᠠᠮᠤ ᠪᠤᠳᠠᠭᠠᠨ ᠤ ᠤᠨᠠᠯᠲᠠ ᠶᠢ ᠪᠠᠲᠤᠯᠠᠬᠤ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠂ 2021 ᠣᠨ ᠤ | ᠡᠴᠦᠰ ᠪᠣᠯᠬᠤ ᠳᠤ ᠨᠢᠭᠡᠨᠲᠡ ᠨᠡᠶᠢᠲᠡ 4589 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠨ | ᠳᠠᠭᠤᠰᠬᠠᠵᠤ᠂ ᠤᠯᠤᠰ ᠠᠴᠠ ᠪᠠᠭᠤᠯᠭᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠦᠢᠴᠡᠳ ᠲᠤᠭ᠎ᠠ ᠪᠠᠷ | ᠪᠡᠶᠡᠯᠡᠭᠦᠯᠵᠦ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠶᠢᠨ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠬᠤ︾ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠪᠡ᠃ 2019 ᠣᠨ ᠳᠤ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 50 ᠳ᠋ᠤᠭᠠᠷ ᠲᠣᠭᠠᠲᠤ︶ ᠢ ᠳᠠᠷᠤᠮᠠᠯᠯᠠᠨ | ᠲᠠᠷᠬᠠᠭᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠤᠭᠤᠰᠢᠯᠠᠭᠤᠯᠤᠨ | ᠬᠡᠷᠡᠭᠵᠢᠭᠦᠯᠬᠦ ᠶᠢ ᠬᠢᠨᠠᠮᠠᠭᠠᠢ ᠪᠥᠭᠡᠳ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠠᠯᠢ ᠣᠯᠠᠨ ᠪᠦᠲᠦᠮᠵᠢᠲᠡᠶ | ᠠᠬᠢᠭᠤᠯᠬᠤ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠯ᠎ᠡ ᠭᠤᠭᠴᠤᠭ᠎ᠠ ᠶᠢᠨ ᠵᠠᠩᠭᠢᠯᠠᠭ᠎ᠠ ᠶᠢᠨ ᠨᠥᠯᠥᠭᠡ ᠪᠠᠷ ᠨᠡᠯᠢᠶᠡᠳ ᠶᠡᠭᠡ | ᠬᠦᠴᠢᠷ ᠴᠡᠭ ᠪᠠ ᠲᠦᠭᠵᠢᠷᠡᠯ ᠴᠡᠭ ᠢ ᠲᠣᠳᠣᠷᠬᠠᠢ ᠰᠦᠪᠡᠭᠴᠢᠯᠡᠵᠡᠢ᠃ ᠮᠠᠨ ᠤ ᠣᠷᠣᠨ ᠤ ᠠᠮᠤ ᠪᠤᠳᠠᠭᠠᠨ ᠤ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠪᠠ ᠳᠡᠭᠡᠭᠰᠢᠯᠡᠭᠦᠯᠬᠦ ᠶᠢᠨ | ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠳᠣᠷᠣᠭᠰᠢ ︽ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | ᠬᠤᠶᠠᠷ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠭᠤᠣᠯ ᠠᠭᠤᠯᠭ᠎ᠠ ︽ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠠᠷᠪᠠᠨ ᠨᠢᠭᠡᠨ ᠲᠠᠯ᠎ᠠ ᠠᠴᠠ 35 ᠵᠦᠢᠯ ᠤᠨ ᠪᠣᠳᠠᠲᠠᠢ ᠳᠡᠮᠵᠢᠯᠭᠡ ᠶᠢᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠵᠠᠢ᠂ ᠡᠨᠡ ᠨᠢ ᠭᠤᠣᠯᠳᠠᠭᠤ ︽5 ᠵᠦᠢᠯ ᠳᠤ ᠰᠢᠨ᠎ᠡ ᠶᠢ ᠡᠭᠦᠳᠬᠦ᠂ 3 ᠵᠦᠢᠯ ᠢ | ᠲᠥᠪᠯᠡᠷᠡᠭᠦᠯᠦᠨ ᠨᠡᠶᠢᠯᠡᠭᠦᠯᠬᠦ᠂ 2 ᠲᠠᠯ᠎ᠠ ᠪᠠᠷ ᠰᠠᠭᠤᠷᠢ ᠶᠢ ᠪᠠᠲᠤᠯᠠᠬᠤ᠂ 1 ᠵᠦᠢᠯ ᠢ ᠱᠠᠩᠨᠠᠨ ᠬᠥᠬᠢᠭᠦᠯᠬᠦ︾ ᠢᠶᠠᠷ ᠢᠯᠡᠷᠡᠵᠦ | ᠪᠠᠶᠢᠨ᠎ᠠ᠃ 5 ᠵᠦᠢᠯ ᠳᠤ ᠰᠢᠨ᠎ᠡ ᠶᠢ ᠡᠭᠦᠳᠬᠦ᠃ ᠨᠢᠭᠡ ᠳᠤ᠂ ᠲᠥᠷᠥᠯ ᠵᠦᠢᠯ ᠢ ᠠᠬᠢᠭᠤᠯᠬᠤ ᠠᠷᠭ᠎ᠠ ᠮᠠᠶ᠋ᠢᠭ ᠲᠤ | ᠰᠢᠨ᠎ᠡ ᠶᠢ ᠡᠭᠦᠳᠴᠦ᠂ ᠪᠦᠬᠦ᠋ᠢᠯᠡ ᠲᠣᠰᠬᠤᠨ ᠪᠦᠬᠦ᠋ᠢᠯᠡ ᠳᠤᠭᠤᠶᠢᠯᠠᠩ ᠪᠦᠬᠦ᠋ᠢᠯᠡ ᠬᠡᠰᠡᠭ ᠲᠠᠷᠢᠶᠠᠨ ᠭᠠᠵᠠᠷ ᠢ | ᠬᠠᠮᠲᠤ ᠪᠠᠷ ᠰᠢᠯᠵᠢᠭᠦᠯᠬᠦ ᠵᠢᠴᠢ ᠪᠦᠬᠦ᠋ᠢᠯᠡ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ ᠨᠠᠶᠢᠳᠠᠨ | ᠬᠠᠮᠢᠶᠠᠷᠤᠭᠤᠯᠬᠤ ᠶᠢ ᠵᠣᠷᠢᠭᠵᠢᠭᠤᠯᠤᠨ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ᠋ᠢᠯᠡ ᠬᠤᠰᠢᠭᠤ ᠰᠢᠶᠠᠨ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠬᠤᠶᠠᠷ ᠲᠤ᠂ | ᠡᠮᠦᠨᠡᠬᠢ ᠬᠤᠭᠤᠴᠠᠭᠠᠨ ᠤ ᠠᠵᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠰᠢᠭᠤ ᠰᠢᠶᠠᠨ ᠤ ᠵᠢᠷᠤᠭ | ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ᠂ ᠨᠤᠲᠠᠯᠠᠵᠤ ᠬᠢᠨᠠᠨ | ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠬᠦ ᠶᠢ ᠠᠬᠢᠭᠤᠯᠵᠤ᠂ ᠬᠠᠮᠢᠶ᠎ᠠ ᠪᠦᠬᠦᠢ | ᠬᠢᠨᠠᠨ ᠵᠥᠪᠰᠢᠶᠡᠷᠡᠯ ᠤᠨ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ︽ᠵᠣᠭᠤᠰ ᠨᠢ ᠲᠥᠷᠥᠯ ᠵᠦᠢᠯ ᠢ ᠬᠦᠯᠢᠶᠡᠬᠦ︾ | ᠠᠴᠠ ᠵᠠᠶᠢᠯᠠᠰᠬᠢᠨ᠎ᠡ᠃ | ᠭᠤᠷᠪᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠢ ᠲᠠᠩᠰᠠᠨ ᠡᠷᠦᠬᠡ ᠶᠢᠨ | ᠬᠠᠮᠢᠶᠠᠷᠤᠯᠲᠠ ᠶᠢ ᠬᠡᠷᠡᠭᠵᠢᠭᠦᠯᠦᠨ᠂ ᠪᠠᠷᠢᠯᠭ᠎ᠠ ᠶᠢᠨ ᠠᠬᠢᠴᠠ ᠶᠢ ᠴᠢᠩᠭ᠎ᠠ ᠵᠢᠷᠤᠮᠯᠠᠨ ᠵᠣᠭᠤᠰ ᠥᠭᠴᠦ᠂ ᠡᠳ᠋ ᠤᠨ | ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠬᠠᠰᠤᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠭᠰᠡᠨ | ᠦᠯᠡᠳᠡᠪᠦᠷᠢ ᠪᠡᠯᠡ ᠮᠥᠩᠭᠦ ᠶᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠨ᠎ᠡ᠃ | ᠳᠥᠷᠪᠡ ᠳᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ︽ | ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ︾ ᠴᠡᠭᠴᠡᠯᠡᠨ ᠵᠠᠰᠠᠬᠤ ᠵᠠᠭᠪᠤᠷ ᠢ | ᠬᠡᠷᠡᠭᠵᠢᠭᠦᠯᠦᠨ᠂ ᠤᠤᠯ ᠤᠨ ᠪᠠᠶᠢᠷᠢᠰᠢᠯ ᠢ ᠡᠪᠳᠡᠵᠦ᠂ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠳᠠᠬᠢᠨ | ᠬᠤᠪᠢᠶᠠᠷᠢᠯᠠᠨ ᠡᠵᠡᠩᠨᠡᠵᠦ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ | ᠲᠠᠪᠤ ᠳᠤ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠤᠨ ᠤᠯᠤᠰ ᠤᠨ ᠥᠮᠴᠢᠯᠡᠯ ᠠᠴᠠ ᠪᠤᠰᠤᠳ ᠢ ᠨᠢ ᠪᠦᠬᠦᠨ ᠢ ᠭᠠᠴᠠᠭ᠎ᠠ ᠲᠣᠰᠬᠤᠨ ᠤ ᠬᠠᠮᠲᠤ ᠶᠢᠨ ᠡᠵᠡᠩᠨᠡᠯᠲᠡ ᠳᠤ | ᠣᠷᠣᠭᠤᠯᠤᠨ ᠬᠠᠮᠢᠶᠠᠷᠴᠤ᠂ ᠣᠯᠣᠭᠰᠠᠨ ᠠᠰᠢᠭ ᠣᠯᠵᠠᠪᠤᠷᠢ ᠶᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ | ᠬᠠᠮᠠᠭᠠᠯᠠᠬᠤ ᠳᠤ ᠬᠡᠷᠡᠭᠯᠡᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠲᠤᠷᠰᠢᠯᠲᠠ ᠶᠢᠨ | ᠴᠡᠭ ᠢ ᠥᠷᠨᠢᠭᠦᠯᠦᠨ᠎ᠡ᠃ 3 ᠵᠦᠢᠯ ᠢ ᠲᠥᠪᠯᠡᠷᠡᠭᠦᠯᠦᠨ ᠨᠡᠶᠢᠯᠡᠭᠦᠯᠬᠦ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ | ᠬᠠᠮᠢᠶᠠᠷᠤᠯᠲᠠ ᠶᠢᠨ ᠬᠦᠴᠦᠨ ᠢ ᠨᠡᠶᠢᠯᠡᠭᠦᠯᠦᠨ᠂ ᠬᠤᠰᠢᠭᠤ ᠰᠢᠶᠠᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ | ᠵᠥᠪᠯᠡᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠵᠤ᠂ ᠠᠵᠢᠯ ᠤᠨ ᠨᠡᠶᠢᠯᠡᠮᠡᠯ | ᠬᠦᠴᠦᠨ ᠢ ᠪᠦᠷᠢᠯᠳᠦᠭᠦᠯᠦᠨ᠎ᠡ᠃ ᠬᠤᠶᠠᠷ ᠲᠤ᠂ ᠶᠠᠰᠤ ᠴᠢᠨᠠᠷ ᠲᠤ ᠬᠢᠨᠠᠯᠲᠠ ᠲᠠᠯᠪᠢᠬᠤ ᠲᠣᠭᠲᠠᠴᠠ ᠶᠢ ᠲᠥᠪᠯᠡᠷᠡᠭᠦᠯᠵᠦ᠂ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ᠂ ᠪᠦᠲᠦᠭᠡᠨ ᠪᠠᠶᠢᠭᠤᠯᠬᠤ ᠳᠤ | ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠳᠤ ᠦᠨᠡᠯᠡᠯᠲᠡ ᠬᠢᠬᠦ᠂ ᠲᠤᠰᠬᠠᠢ ᠪᠠᠶᠢᠭᠤᠯᠤᠮᠵᠢ ᠮᠡᠷᠭᠡᠵᠢᠯ ᠤᠨ | ᠦᠢᠯᠡᠴᠢᠯᠡᠭᠡ ᠬᠢᠬᠦ᠂ ᠮᠠᠯᠴᠢᠨ ᠲᠠᠷᠢᠶᠠᠴᠢᠨ ᠤ ᠬᠢᠨᠠᠯᠲᠠ ᠲᠠᠯᠪᠢᠭᠴᠢ ᠪᠥᠬᠦ ᠶᠠᠪᠤᠴᠠ ᠳᠤ ᠣᠷᠤᠯᠴᠠᠬᠤ᠂ ᠬᠠᠯᠠᠮᠰᠢᠯ ᠤᠲᠠᠰᠤ | ᠪᠠ ᠵᠠᠭᠤᠴᠢᠯᠠᠭᠤᠷ ᠬᠢᠨᠠᠯᠲᠠ ᠲᠠᠯᠪᠢᠬᠤ ᠵᠡᠷᠭᠡ ᠲᠠᠪᠤᠨ ᠶᠡᠭᠡ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ᠎ᠠ᠃ ᠭᠤᠷᠪᠠ ᠳᠤ᠂ ᠲᠠᠷᠠᠬᠠᠢ ᠪᠤᠲᠠᠷᠬᠠᠢ ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠢ ᠨᠡᠶᠢᠯᠡᠭᠦᠯᠵᠦ᠂ | ᠪᠠᠷᠢᠯᠭ᠎ᠠ ᠶᠢᠨ ᠠᠵᠢᠯ ᠤᠨ ᠪᠠᠷᠢᠮᠵᠢᠶᠠᠲᠤ ᠬᠡᠰᠡᠭ ᠤᠨ ᠲᠠᠯᠠᠪᠠᠶ ᠶᠢ 5000 ᠮᠦ ᠠᠴᠠ ᠳᠣᠣᠷ᠎ᠠ ᠪᠠᠶᠢᠯᠭᠠᠬᠤ ᠦᠭᠡᠢ ᠪᠠᠷ | ᠲᠣᠭᠲᠠᠭᠠᠵᠤ᠂ ᠭᠡᠷ᠎ᠡ ᠶᠢ ᠵᠠᠷᠯᠠᠨ ᠨᠡᠶᠢᠲᠡᠯᠡᠵᠦ᠂ ᠰᠢᠯᠵᠢᠭᠦᠯᠦᠨ ᠳᠠᠭᠠᠭᠠᠴᠢᠯᠠᠭᠤᠯᠤᠭᠰᠠᠨ ᠳᠤ ᠴᠣᠬᠢᠯᠲᠠ ᠥᠭᠭᠦᠨ᠎ᠡ᠃ 2 | ᠵᠦᠢᠯ ᠢᠶᠠᠷ ᠰᠠᠭᠤᠷᠢ ᠶᠢ ᠪᠠᠲᠤᠯᠠᠬᠤ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠥᠪᠡᠷᠲᠡᠭᠡᠨ | ᠵᠠᠰᠠᠬᠤ ᠣᠷᠣᠨ ᠠᠴᠠ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠪ ᠤᠨ ᠲᠥᠰᠥᠪ ᠤᠨ ᠳᠣᠲᠣᠷᠠᠬᠢ ᠪᠠ ᠲᠥᠪ ᠤᠨ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠬᠤᠶᠠᠷ ᠠᠷᠭ᠎ᠠ | ᠵᠠᠮ ᠢᠶᠠᠷ ᠪᠡᠯᠡ ᠣᠷᠣᠭᠤᠯᠬᠤ ᠶᠢ ᠡᠮᠬᠢᠯᠡᠨ ᠨᠡᠶᠢᠯᠡᠭᠦᠯᠵᠦ᠂ ᠣᠷᠣᠨ ᠨᠤᠲᠤᠭ ᠤᠨ ᠡᠳ᠋ ᠤᠨ ᠵᠠᠰᠠᠭ ᠠᠴᠠ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠵᠠᠷᠤᠯᠭ᠎ᠠ ᠶᠢ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ᠠᠴᠠ ᠳᠠᠭᠢᠵᠤ | ᠢᠵᠢ ᠪᠦᠷᠢᠳᠦᠭᠦᠯᠬᠦ ᠦᠭᠡᠢ᠂ ᠮᠦ ᠪᠦᠷᠢ ᠶᠢᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢᠯᠡᠬᠦ ᠪᠠᠷᠢᠮᠵᠢᠶ᠎ᠠ ᠶᠢ ᠪᠠᠷᠢᠮᠵᠢᠶᠠᠲᠤ | ᠤᠰᠤᠯᠠᠯᠲᠠ ᠶᠢᠨ ᠲᠠᠷᠢᠶ᠎ᠠ ᠳᠤ 1700 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠠ ᠳᠤ 1200 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠥᠳᠡᠯᠦᠩᠭᠦᠢ ᠪᠠᠷ ᠲᠣᠬᠢᠷᠠᠭᠤᠯᠬᠤ ᠶᠢ ᠬᠡᠷᠡᠭᠵᠢᠭᠦᠯᠦᠨ᠎ᠡ᠃ | ᠬᠤᠶᠠᠷ ᠲᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠬᠤᠰᠢᠭᠤ ᠰᠢᠶᠠᠨ ᠠᠴᠠ ᠰᠠᠭᠤᠷᠢ ᠶᠢ ᠪᠠᠲᠤᠯᠠᠵᠤ᠂ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠪᠠᠯ᠂ ᠬᠤᠰᠢᠭᠤ ᠰᠢᠶᠠᠨ ᠠᠴᠠ ᠥᠪᠡᠷ ᠢᠶᠠᠨ ᠪᠡᠯᠡ | ᠭᠠᠷᠭᠠᠵᠤ ᠲᠣᠰ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠤᠶᠤ ᠨᠥᠬᠦᠵᠦ | ᠪᠠᠶᠢᠭᠤᠯᠬᠤ ᠶᠢ ᠪᠡᠶᠡᠯᠡᠭᠦᠯᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ ᠳᠡᠶᠢᠯᠬᠦ ᠦᠭᠡᠢ ᠪᠣᠯ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠪᠤᠴᠠᠭᠠᠨ | ᠠᠪᠤᠨ᠎ᠠ᠃ 1 ᠵᠦᠢᠯ ᠢ ᠱᠠᠩᠨᠠᠨ ᠬᠥᠬᠢᠭᠦᠯᠬᠦ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠵᠢᠯ ᠪᠦᠷᠢ | 1000 ᠲᠦᠮᠡᠨ ᠲᠥᠭᠦᠷᠢᠭ ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ ᠱᠠᠩᠨᠠᠯ ᠣᠯᠭᠤᠵᠤ᠂ 1000 ᠲᠦᠮᠡᠨ ᠲᠥᠭᠦᠷᠢᠭ ᠲᠣᠬᠢᠷᠠᠭᠤᠯᠵᠤ | ᠪᠠᠶᠢᠭᠤᠯᠵᠤ ᠳᠠᠭᠤᠰᠬᠠᠭᠰᠠᠨ ᠲᠥᠷᠥᠯ ᠵᠦᠢᠯ ᠤᠨ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠳᠤ ᠱᠠᠩᠨᠠᠯ ᠣᠯᠭᠤᠨ᠎ᠠ᠃ ᠭᠤᠷᠪᠠ᠂ ︽ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ | ᠶᠢᠨ ᠲᠣᠪᠤᠶᠢᠮ᠎ᠠ ᠣᠨᠴᠠᠯᠢᠭ ︽ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠨᠢ ᠲᠥᠷᠥ ᠶᠢᠨ ᠪᠣᠳᠣᠯᠭ᠎ᠠ ᠶᠢᠨ ᠦᠨ᠎ᠡ | ᠴᠠᠨ᠎ᠠ ᠲᠠᠢ᠂ ᠪᠣᠳᠠᠲᠠᠢ ᠶᠢ ᠡᠷᠬᠢᠮᠯᠡᠨ ᠲᠤᠰᠠᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠣᠳᠠᠲᠠᠢ ᠲᠠᠢ | ᠨᠢᠭᠲᠠ ᠤᠶᠠᠯᠳᠤᠭᠤᠯᠵᠤ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ ᠨᠢᠭᠡ ᠳᠤ᠂ ᠪᠣᠳᠠᠲᠠᠢ ᠶᠢ ᠡᠷᠬᠢᠮᠯᠡᠨ | ᠲᠤᠰᠠᠲᠠᠢ ᠪᠠᠶᠢᠯᠭᠠᠬᠤ ᠶᠢ ᠲᠤᠪᠤᠶᠢᠯᠭᠠᠵᠦ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ ᠴᠠᠭ ᠲᠤ ᠪᠠᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠪᠠᠷ ᠶᠡᠷᠦᠩᠬᠡᠢ ᠬᠠᠷᠠᠯᠲᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠨᠡᠶᠢᠳᠡᠮ ᠤᠨ ᠴᠢᠨᠠᠷᠲᠠᠢ᠂ ᠵᠠᠩᠭᠢᠯᠠᠭ᠎ᠠ ᠶᠢᠨ ᠴᠢᠨᠠᠷᠲᠠᠢ ᠠᠰᠠᠭᠤᠳᠠᠯ ᠳᠤ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠲᠣᠭᠲᠠᠭᠠᠵᠠᠢ | ᠃ ᠬᠤᠶᠠᠷ ᠲᠤ᠂ ᠲᠣᠪᠴᠢ ᠲᠣᠳᠣᠷᠬᠠᠢ ᠪᠠᠶᠢᠬᠤ ᠶᠢ ᠲᠣᠪᠤᠶᠢᠯᠭᠠᠨ᠂ ᠦᠭᠡ ᠥᠭᠦᠯᠡᠪᠦᠷᠢ ᠨᠢ ᠲᠣᠪᠴᠢ ᠠᠪᠰᠠᠷᠬᠠᠨ᠂ | ᠠᠭᠤᠯᠭ᠎ᠠ ᠨᠢ ᠪᠠᠶᠠᠯᠢᠭ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠬᠤ ᠶᠢ ᠴᠢᠬᠤᠯᠠᠴᠢᠯᠠᠵᠤ᠂ ︽ᠭᠤᠷᠪᠠ ᠶᠢ ᠬᠡᠯᠡᠬᠦ ᠦᠭᠡᠢ︾ | ᠪᠠᠶᠢᠬᠤ ᠶᠢ ᠭᠤᠣᠯᠳᠠᠯᠭ᠎ᠠ ᠲᠠᠢ ᠡᠵᠡᠮᠰᠢᠪᠡ᠂ ᠲᠤᠬᠠᠶᠢᠯᠠᠪᠠᠯ ︽ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ﹇ 2019﹈ 50 ᠳ᠋ᠤᠭᠠᠷ ᠲᠣᠭᠠᠲᠤ︶ ᠳᠤ ᠨᠢᠭᠡᠨᠲᠡ ᠲᠣᠳᠣᠷᠬᠠᠶᠢᠯᠠᠭᠰᠠᠨ ᠢ ᠬᠡᠯᠡᠬᠦ ᠦᠭᠡᠢ︔ ᠡᠯ᠎ᠡ | ᠭᠠᠵᠠᠷ ᠤᠨ ᠣᠳᠣᠬᠠᠨ ᠳᠤ ᠨᠢᠭᠡᠨᠲᠡ ᠨᠡᠶᠢᠳᠡᠮ ᠪᠣᠳᠠᠲᠠᠶᠢᠵᠢᠭᠤᠯᠤᠭᠰᠠᠨ ᠪᠠᠶᠢᠳᠠᠯ ᠢ ᠬᠡᠯᠡᠬᠦ ᠦᠭᠡᠢ︔ ᠴᠢᠩᠭ᠎ᠠ ᠬᠢᠵᠠᠭᠠᠷᠯᠠᠯ | ᠦᠭᠡᠢ ᠪᠣᠯ ᠬᠢᠨᠠᠨ ᠰᠢᠯᠭᠠᠵᠤ ᠪᠣᠯᠬᠤ ᠦᠭᠡᠢ ᠶᠢ ᠬᠡᠯᠡᠬᠦ ᠦᠭᠡᠢ᠃ ᠭᠤᠷᠪᠠ ᠳᠤ᠂ ᠥᠷᠭᠡᠨ ᠢᠶᠠᠷ ᠯᠠᠪᠯᠠᠯᠲᠠ ᠪᠣᠯᠭᠠᠬᠤ ᠶᠢ | ᠲᠤᠪᠤᠶᠢᠯᠭᠠᠵᠦ᠂ ᠬᠠᠮᠢᠶ᠎ᠠ ᠪᠦᠬᠦᠢ ᠮᠤᠵᠢ ᠬᠤᠲᠠ ᠮᠤᠵᠢ ᠶᠢᠨ ᠱᠠᠲᠤᠨ ᠠᠴᠠ ᠣᠷᠣᠨ ᠨᠤᠲᠤᠭ ᠤᠨ ᠢᠵᠢ ᠪᠦᠷᠢᠳᠦᠭᠦᠯᠬᠦ | ᠬᠠᠷᠢᠭᠤᠴᠠᠯᠭ᠎ᠠ ᠶᠢ ᠪᠦᠬᠦ ᠲᠤᠭ᠎ᠠ ᠪᠠᠷ ᠡᠭᠦᠷᠭᠡᠯᠡᠬᠦ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠰᠤᠷᠤᠯᠴᠠᠵᠤ᠂ ᠬᠠᠮᠢᠶ᠎ᠠ | ᠪᠦᠬᠦᠢ ᠠᠶᠢᠮᠠᠭ ᠬᠤᠲᠠ ᠶᠢᠨ ᠶᠡᠭᠡ ᠪᠠᠷ ᠡᠪᠳᠡᠵᠦ ᠶᠡᠭᠡ ᠪᠠᠷ ᠪᠠᠶᠢᠭᠤᠯᠬᠤ᠂ ᠤᠷᠢᠳ ᠢᠶᠠᠷ ᠰᠢᠯᠵᠢᠭᠦᠯᠦᠨ ᠳᠠᠷᠠᠭ᠎ᠠ ᠨᠢ | ᠪᠦᠲᠦᠭᠡᠨ ᠪᠠᠶᠢᠭᠤᠯᠬᠤ ᠵᠡᠷᠭᠡ ᠦᠢᠯᠡᠳᠦᠯᠭᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠳᠤ ᠢᠲᠡᠭᠡᠮᠵᠢ ᠶᠢᠨ ᠲᠡᠰ ᠤᠨ ᠦᠨᠡᠯᠡᠯᠲᠡ ᠬᠢᠬᠦ | ᠵᠡᠷᠭᠡ ᠠᠵᠢᠯ ᠤᠨ ᠲᠣᠭᠲᠠᠴᠠ ᠪᠠᠷ ᠯᠠᠪᠯᠠᠯᠲᠠ ᠪᠣᠯᠭᠠᠪᠠ᠃ | |