ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ | ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ | ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ ᠬᠢᠶ᠎ᠡ᠃ | ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ | ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ | ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ | ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ | ᠲᠤᠬᠢᠷᠠᠭᠤᠯᠤᠯᠳᠠ ᠶᠢ ᠵᠣᠬᠢᠴᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠬᠢ | ᠪᠠ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ | ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠶᠤᠮ᠃ ︽ | ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ | ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ | ᠬᠡᠮᠵᠢᠶ᠎ᠡ ᠨᠦᠭᠦᠳ︾ ᠢ ᠲᠣᠭᠲᠠᠭᠠᠭᠰᠠᠨ ᠪᠠᠶᠢᠨ᠎ᠠ᠃ | ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ ︽ᠠᠷᠭ᠎ᠠ ᠬᠡᠮᠵᠢᠶ᠎ᠡ ᠨᠦᠭᠦᠳ︾ ᠨᠢ ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ | ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠣᠨᠴᠠᠯᠢᠭ ᠲᠤ ᠳᠣᠭᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠵᠡᠷᠭᠡ ᠶᠢ ᠳᠤᠷᠠᠳᠪᠠ᠃ | ᠡᠭᠦᠨ ᠤ ᠬᠠᠮᠲᠤ᠂ ᠰᠠᠭᠤᠷᠢ ᠮᠥᠩᠭᠦᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ | ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃ | ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ ᠨᠢᠭᠡ᠂ ᠨᠥᠬᠦᠴᠡᠯ ᠳᠤ | ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ | ᠳᠠᠭᠠᠳᠬᠠᠯ ᠤᠨ ᠴᠡᠭ ᠲᠣᠭᠲᠠᠭᠠᠭᠰᠠᠨ ᠵᠥᠪᠳᠡᠯᠴᠡᠬᠡᠷ ᠤᠨ ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ | ᠨᠡᠶᠢᠴᠡᠬᠦ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ ᠨᠤᠭᠤᠳ ᠢ ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ | ᠲᠣᠭᠲᠠᠭᠠᠭᠰᠠᠨ ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ | ᠦᠢᠯᠡᠴᠢᠯᠡᠭᠡ ᠥᠷᠨᠢᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠴᠡᠭ | ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ | ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ ᠨᠢᠭᠡ᠂ ᠤᠯᠤᠰ ᠠᠴᠠ | ᠲᠣᠭᠲᠠᠭᠠᠭᠰᠠᠨ ᠳᠣᠭᠢᠷᠠᠭᠤᠯᠬᠤ ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ ᠶᠣᠰᠣᠭᠠᠷ᠂ ᠨᠥᠬᠦᠴᠡᠯ ᠳᠤ ᠨᠡᠶᠢᠴᠡᠬᠦ | ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ | ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ | ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠤᠶᠠᠷ᠂ ᠡᠮᠴᠢᠯᠡᠭᠡᠨ ᠤ ᠦᠷ᠎ᠡ ᠳ᠋ᠦᠩ ᠨᠢ ᠣᠨᠣᠪᠴᠢᠲᠠᠶ ᠪᠥᠭᠡᠳ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠢ ᠬᠠᠷᠠᠭᠤᠯᠤᠭᠰᠠᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠤᠨ᠎ᠠ᠃ ᠭᠤᠷᠪᠠ᠂ ᠬᠦᠨᠳᠦ ᠶᠡᠭᠡ ᠬᠢᠵᠢᠭ ᠢ ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ | ᠡᠮᠴᠢᠯᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ | ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠲᠠᠪᠤ᠂ | ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ ᠨᠢᠭᠡ᠂ ᠬᠠᠷᠠᠯᠲᠠ ᠪᠠᠷ ᠤᠳᠤᠷᠢᠳᠤᠮᠵᠢ | ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ | ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ ᠢᠷᠡᠯᠲᠡ ᠲᠠᠢ᠂ | ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ ᠣᠨᠣᠪᠴᠢᠲᠠᠶ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ | ᠴᠢᠨᠠᠷᠲᠠᠶ ᠳᠠᠪᠠᠭᠤᠯᠢᠭ ᠢᠶᠠᠷ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ᠂ | ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ | ᠳᠥᠭᠦᠮᠴᠢᠯᠡᠵᠦ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ | ᠳᠣᠭᠢᠷᠠᠭᠤᠯᠬᠤ ᠬᠤᠷᠴᠠ ᠰᠡᠷᠭᠡᠭ ᠪᠥᠭᠡᠳ ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ | ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠨ᠎ᠠ᠃ ᠭᠤᠷᠪᠠ᠂ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ | ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠬᠤᠳᠠᠯᠳᠤᠨ ᠠᠪᠤᠭᠰᠠᠨ ᠤ | ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ 25% ᠠᠴᠠ ᠬᠡᠲᠦᠷᠡᠭᠦᠯᠬᠦ ᠥᠬᠡᠶ ᠪᠠᠷ ᠦᠨ᠎ᠡ | ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠣᠷᠣᠭᠤᠯᠤᠭᠰᠠᠨ ᠪᠣᠳᠠᠲᠠᠶ ᠦᠨ᠎ᠡ ᠶᠢᠨ ︽ | ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠨ ᠬᠡᠷᠡᠭᠯᠡᠬᠦ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ ᠴᠢᠨᠠᠬᠤ ᠡᠮ ᠪᠠ ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ | ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ ᠲᠣᠭᠲᠠᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ | ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ ᠬᠤᠳᠠᠯᠳᠤᠵᠤ᠂ | ᠠᠷᠠᠯᠵᠢᠶ᠎ᠠ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃ | ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ ᠨᠢᠭᠡ᠂ ᠡᠮᠴᠢᠯᠡᠭᠡᠨ ᠤ | ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶ ᠲᠥᠰᠦᠪ ᠲᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠣᠯᠤᠭᠠᠶᠢᠯᠠᠨ ᠪᠠᠶᠢᠭᠤᠯᠤᠭᠰᠠᠨ ᠰᠢᠶᠠᠨ ᠤ | ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ | ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠪᠡᠳᠴᠢᠨ ᠤ ᠲᠥᠷᠥᠯ ᠳᠤ ᠡᠪᠡᠳᠴᠢᠨ ᠤ ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ | ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ ᠠᠩᠭᠢᠯᠠᠯ ︵DRG︶ ᠢ ᠨᠢ ᠦᠨᠳᠦᠰᠦᠯᠡᠨ ᠲᠣᠭᠠᠴᠠᠭ᠎ᠠ ᠬᠢᠬᠦ | ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ | ᠵᠣᠬᠢᠰᠲᠠᠶ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠦ ᠳᠤ ᠴᠢᠳᠠᠮᠠᠭᠠᠢ | ᠡᠪᠡᠳᠴᠢᠨ ᠤ ᠲᠥᠷᠥᠯ ᠢ ᠰᠢᠭᠰᠢᠨ ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ | ᠡᠪᠡᠳᠴᠢᠨ ᠢ ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾ ᠶᠢ ᠬᠡᠷᠡᠭᠵᠢᠭᠦᠯᠦᠨ᠎ᠡ᠃ ᠭᠤᠷᠪᠠ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠥᠷᠨᠢᠭᠦᠯᠬᠦ ᠶᠢ | ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ | ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠪᠠᠶᠢᠭᠤᠯᠬᠤ ᠶᠢ | ᠳᠡᠮᠵᠢᠨ᠎ᠡ᠃ ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠲᠠᠯ᠎ᠠ ᠪᠠᠷ ᠨᠢᠭᠡ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ | ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ ᠬᠠᠭᠤᠷᠮᠠᠭᠯᠠᠨ ᠡᠮᠨᠡᠯᠭᠡ ᠳᠤ | ᠰᠠᠭᠤᠯᠭᠠᠬᠤ᠂ ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ ᠬᠤᠳᠠᠯ ᠢᠶᠠᠷ ᠡᠷᠬᠢᠯᠡᠬᠦ ᠵᠡᠷᠭᠡ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ᠃ | ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ | ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠨ ᠬᠠᠷᠢᠯᠴᠠᠨ | ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ | ᠲᠡᠭᠦᠯᠳᠡᠷᠵᠢᠭᠦᠯᠦᠨ᠎ᠡ᠃ |