ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠪᠦᠬᠦ | ᠤᠯᠤᠰ ᠲᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠬᠠᠮᠤᠭ ᠤᠨ ᠲᠡᠷᠢᠭᠦᠨ ᠳᠤ ᠪᠡᠶᠡᠯᠡᠭᠦᠯᠬᠦ ᠶᠢᠨ | ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ | ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ | ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤᠨ ᠤ | ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠨᠢ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ | ᠠᠭᠤᠯᠭ᠎ᠠ ᠶᠢ ᠳᠣᠣᠷᠠᠬᠢ ᠮᠡᠲᠦ ᠪᠠᠷ ᠲᠠᠶᠢᠯᠪᠤᠷᠢᠯᠠᠪᠠ᠄ | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ ᠰᠦ ᠰᠠᠭᠠᠯᠢ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ | ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ 2018 ᠣᠨ ᠠᠴᠠ ᠨᠠᠭᠠᠰᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠰᠦ | ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠬᠡᠷᠡᠭᠵᠢᠭᠦᠯᠦᠯᠲᠡ ᠶᠢᠨ ᠰᠠᠨᠠᠯ︾ ᠵᠡᠷᠭᠡ ᠰᠢᠷᠢᠰ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠤᠨ᠂ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ | ᠪᠠᠶᠢᠷᠢᠨ ᠳᠤ ᠣᠷᠣᠭᠤᠯᠪᠠ᠂ ᠭᠡᠪᠡᠴᠦ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ ᠬᠥᠭᠵᠢᠯᠲᠡ ᠶᠢ | ᠳᠠᠭᠠᠯᠳᠤᠨ᠂ ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠳᠣᠬᠠᠨ ᠤ | ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ | ᠣᠲᠣ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠶᠢ ᠨᠢ ᠬᠡᠪ ᠢᠶᠠᠷ ᠪᠠᠶᠢᠯᠭᠠᠬᠤ᠂ ᠬᠥᠷᠰᠢ | ᠵᠡᠷᠭᠡᠯᠡᠳᠡᠭᠡ ᠮᠤᠵᠢ ᠣᠷᠣᠨ ᠠᠴᠠ ᠲᠣᠯᠢᠯᠠᠵᠤ ᠪᠣᠯᠬᠤ ᠲᠥᠷᠥ ᠶᠢᠨ ᠪᠣᠳᠣᠯᠭ᠎ᠠ ᠶᠢ ᠳᠠᠭᠠᠬᠤ᠂ ᠨᠥᠬᠦᠪᠦᠷᠢᠯᠡᠬᠦ ᠴᠢᠬᠤᠯᠠᠲᠠᠢ | ᠲᠥᠷᠥ ᠶᠢᠨ ᠪᠣᠳᠣᠯᠭ᠎ᠠ ᠶᠢ ᠭᠦᠢᠴᠡᠳ ᠨᠥᠬᠦᠪᠦᠷᠢᠯᠡᠬᠦ ᠵᠠᠷᠴᠢᠮ ᠶᠣᠰᠣᠭᠠᠷ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ | ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ | ᠠᠬᠢᠭᠤᠯᠪᠠ᠃ | ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ | ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠭᠤᠣᠯᠳᠠᠭᠤ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠮᠡᠯᠢᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠤᠯᠭᠠᠭᠤᠷᠢᠯᠠᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ ᠲᠣᠭᠲᠠᠭᠠᠪᠠ᠃ ᠡᠨᠡ ᠨᠢ ᠲᠤᠰ ᠲᠤᠰ᠄ ᠰᠢᠨ᠎ᠡ ᠪᠠᠷ | ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠬᠦ᠂ | ᠲᠤᠰᠬᠠᠢ ᠵᠦᠢᠯ ᠤᠨ ᠵᠢᠭᠡᠯᠡᠯᠭᠡ ᠪᠠᠷ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠬᠦᠷᠢᠶᠡᠯᠡᠩ | ᠲᠣᠭᠤᠷᠢᠭ ᠲᠤ ᠳᠡᠮᠵᠢᠯᠭᠡ ᠦᠵᠡᠭᠦᠯᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ | ᠨᠡᠮᠡᠭᠳᠡᠭᠦᠯᠬᠦ ᠳᠤ ᠨᠥᠬᠦᠪᠦᠷᠢ ᠥᠭᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦᠨ ᠤ ᠨᠤᠨᠳᠠᠭ ᠰᠡᠪᠰᠡᠯᠡᠬᠦ ᠶᠢ | ᠠᠰᠢᠭᠯᠠᠬᠤ ᠳᠤ ᠨᠥᠬᠦᠪᠦᠷᠢ ᠥᠭᠬᠦ᠂ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ | ᠪᠤᠶᠢᠵᠢᠭᠤᠯᠬᠤ ᠳᠤ ᠨᠥᠬᠦᠪᠦᠷᠢ ᠥᠭᠬᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠡᠪᠡᠰᠦ ᠳᠠᠷᠢᠬᠤ ᠠᠵᠤ | ᠠᠬᠤᠶᠢᠯᠠᠯ ᠳᠤ ᠨᠥᠬᠦᠪᠦᠷᠢ ᠥᠭᠬᠦ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ | ᠪᠡᠯᠡ ᠮᠥᠩᠭᠦ ᠪᠠᠶᠢᠭᠤᠯᠬᠤ᠂ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ | ᠰᠠᠭᠤᠷᠢ ᠮᠥᠩᠭᠦ ᠶᠢ ᠪᠠᠶᠢᠭᠤᠯᠬᠤ ᠶᠠᠪᠤᠳᠠᠯ ᠪᠣᠯᠣᠨ᠎ᠠ᠃ ᠲᠥᠷᠥ ᠶᠢᠨ ᠪᠣᠳᠣᠯᠭ᠎ᠠ ᠶᠢ 4 ᠵᠢᠯ ︵2022 ᠣᠨ — | 2025 ᠣᠨ︶ ᠬᠡᠷᠡᠭᠵᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠳᠤ | ᠨᠡᠶᠢᠲᠡᠯᠡᠭᠰᠡᠨ ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃ | ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠨᠢᠭᠡ︶ ᠰᠢᠨ᠎ᠡ ᠪᠠᠷ ᠪᠠᠶᠢᠭᠤᠯᠤᠭᠰᠠᠨ | ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ | ᠣᠷᠣᠨ ᠤ ᠲᠠᠪᠤᠨ ᠲᠣᠮᠣ ᠰᠦᠨ ᠤ ᠢᠷᠡᠯᠲᠡ ᠶᠢᠨ ᠰᠠᠭᠤᠷᠢᠨ ᠭᠠᠵᠠᠷ ᠪᠣᠯᠣᠨ 10 ᠲᠣᠮᠣ ᠰᠦ ᠰᠠᠭᠠᠯᠢ ᠶᠢᠨ ᠦᠢᠯᠡᠰ ᠤᠨ | ᠰᠦᠷᠦᠭᠵᠢᠯ ᠢ ᠶᠠᠭ ᠲᠦᠷᠭᠡᠳᠬᠡᠨ ᠪᠠᠶᠢᠭᠤᠯᠵᠤ᠂ ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠡᠳ᠋ᠰᠢᠭᠦᠯᠬᠦ ᠰᠠᠭᠤᠷᠢᠨ | ᠭᠠᠵᠠᠷ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠤᠭᠰᠠᠨ ᠪᠤᠶᠤ ᠠᠰᠢᠭᠯᠠᠯᠲᠠ ᠳᠤ ᠣᠷᠣᠭᠤᠯᠤᠮᠠᠷ ᠪᠠᠶᠢᠨ᠎ᠠ᠂ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠤᠳᠠᠭᠠᠰᠢᠷᠠᠵᠤ᠂ | ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠠᠭᠠᠯᠢ ᠶᠢᠨ ᠠᠵᠤ ᠠᠬᠤᠶᠢᠯᠠᠯ ᠤᠨ ᠬᠡᠰᠡᠭ | ᠦᠢᠯᠡᠳᠪᠦᠷᠢᠯᠡᠯ ᠤᠨ ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶᠡᠨ ᠤ ᠰᠦᠷᠦᠭᠵᠢᠯ ᠢᠶᠠᠨ ᠥᠷᠭᠡᠳᠬᠡᠨ ᠨᠡᠮᠡᠭᠳᠡᠭᠦᠯᠬᠦ ᠶᠢᠨ | ᠰᠠᠭᠤᠷᠢ ᠨᠥᠬᠦᠴᠡᠯ ᠪᠣᠯᠬᠤ ᠪᠥᠭᠡᠳ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠵᠠᠮ | ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠦᠷᠢ ᠥᠭᠬᠦ ᠨᠢ | ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠨᠢ ᠳᠠᠶᠢᠴᠢᠯᠠᠬᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2021 ᠣᠨ ᠠᠴᠠ ᠬᠤᠶᠢᠰᠢ ᠰᠢᠨ᠎ᠡ ᠪᠠᠷ ᠪᠠᠶᠢᠭᠤᠯᠤᠭᠰᠠᠨ 3000 | ᠲᠣᠯᠣᠭᠠᠢ ᠰᠠᠭᠠᠯᠢ ᠶᠢᠨ ᠦᠨᠢᠶ᠎ᠡ ᠪᠠᠷ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ | ᠲᠥᠭᠦᠷᠢᠭ ᠤᠨ ᠨᠥᠬᠦᠪᠦᠷᠢ ᠥᠭᠭᠦᠨ᠎ᠡ᠂ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ | ᠮᠥᠩᠭᠦ ᠶᠢᠨ 20% ᠪᠠᠷ ᠨᠡᠮᠡᠭᠳᠡᠭᠦᠯᠦᠨ ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ | ᠦᠷᠡᠵᠢᠭᠦᠯᠬᠦ ᠲᠠᠯᠠᠪᠠᠶ ᠶᠢᠨ ᠰᠠᠭᠤᠷᠢ ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢ 3 ᠳ᠋ᠦᠩᠰᠢᠭᠤᠷ | ᠲᠥᠭᠦᠷᠢᠭ ᠢᠶᠠᠷ ᠪᠣᠳᠣᠪᠠᠯ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ | ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ | ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠠᠷᠤᠳᠠᠯ ᠳᠤ ᠬᠡᠷᠡᠭᠯᠡᠬᠦ ᠶᠢᠨ ᠬᠠᠮᠲᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠨ᠎ᠠ᠃ ︵ᠬᠤᠶᠠᠷ︶ ᠲᠤᠰᠬᠠᠢ ᠵᠢᠭᠡᠯᠡᠯᠭᠡ ᠶᠢ ᠬᠡᠷᠡᠭᠯᠡᠨ ᠰᠦ ᠰᠠᠭᠠᠯᠢ ᠶᠢᠨ | ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃ ᠠᠵᠤ | ᠠᠬᠤᠶᠢᠯᠠᠯ ᠤᠨ ᠥᠪᠡᠷᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠡᠯᠡ ᠮᠥᠩᠭᠦ ᠶᠢᠨ ᠳᠠᠷᠤᠯᠲᠠ ᠶᠢ | ᠪᠦᠲᠦᠮᠵᠢᠲᠡᠶ ᠬᠥᠩᠭᠡᠷᠡᠭᠦᠯᠦᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠠᠰᠢᠭᠯᠠᠨ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠠᠭᠠᠯᠢ ᠶᠢᠨ ᠦᠢᠯᠡᠰ ᠤᠨ | ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠨᠢ ᠵᠣᠷᠢᠭᠵᠢᠭᠤᠯᠵᠤ᠂ ᠪᠠᠶᠢᠭᠤᠯᠤᠭᠰᠠᠨ ᠤ ᠳᠠᠷᠠᠭ᠎ᠠ | ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ ᠮᠥᠩᠭᠦ ᠬᠤᠷᠢᠶᠠᠨ᠂ ᠲᠤᠰᠬᠠᠢ ᠵᠢᠭᠡᠯᠡᠯᠭᠡ ᠶᠢ ᠲᠥᠯᠥᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠲᠤᠰᠬᠠᠢ ᠵᠢᠭᠡᠯᠡᠯᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠣᠷᠣᠨ ᠨᠤᠲᠤᠭ ᠤᠨ | ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ | ᠲᠣᠭᠤᠷᠢᠭ ᠢ ᠭᠤᠣᠯᠳᠠᠯᠭ᠎ᠠ ᠲᠠᠢ ᠳᠡᠮᠵᠢᠨ᠎ᠡ᠃ ︵ᠭᠤᠷᠪᠠ︶ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ | ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠵᠠᠰᠠᠭ ᠤᠨ | ᠣᠷᠳᠣᠨ ᠤ ᠰᠦᠨ ᠤ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠰᠦᠨ ᠤ | ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠠᠵᠤ ᠠᠬᠤᠶᠢᠯᠠᠯ ᠤᠳ ᠤᠨ | ᠰᠤᠯᠠ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠳᠤ ᠨᠢ ᠳᠡᠮᠵᠢᠯᠭᠡ ᠦᠵᠡᠭᠦᠯᠵᠦ᠂ | ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ᠂ ᠳᠡᠭᠡᠷ᠎ᠡ ᠨᠢᠭᠡ ᠵᠢᠯ ᠤᠨ ᠰᠢᠨ᠎ᠡ ᠰᠦ | ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ | ᠴᠠᠭᠠᠨ ᠢᠳᠡᠭᠡᠨ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠳᠤ 1 ᠲᠣᠨ ᠰᠢᠨ᠎ᠡ ᠰᠦ ᠪᠣᠯᠪᠠᠰᠤᠷᠠᠭᠤᠯᠬᠤ | ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠠᠭᠠᠯᠢ ᠶᠢᠨ ᠢᠷᠡᠯᠲᠡ ᠶᠢᠨ ᠭᠠᠵᠠᠷ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠭᠦᠯᠵᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ᠃ ︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ | ᠰᠦ ᠶᠢ ᠠᠰᠢᠭᠯᠠᠨ ᠨᠤᠨᠳᠠᠭ ᠰᠡᠪᠰᠡᠯᠡᠬᠦ ᠳᠤ ᠨᠥᠬᠦᠪᠦᠷᠢ ᠥᠭᠭᠦᠨ᠎ᠡ᠃ ᠵᠢᠯ ᠪᠦᠷᠢ ᠶᠢᠨ 3 — 5 ᠳ᠋ᠤᠭᠠᠷ ᠰᠠᠷ᠎ᠠ ᠪᠣᠯ | ᠴᠠᠭᠠᠨ ᠢᠳᠡᠭᠡᠨ ᠤ ᠪᠣᠷᠤᠯᠠᠭᠤᠯᠭ᠎ᠠ ᠠᠨᠠᠢ ᠤᠯᠠᠷᠢᠯ ᠪᠣᠯᠬᠤᠷ ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠦ ᠶᠢᠨ ᠬᠠᠩᠭᠠᠯᠭ᠎ᠠ | ᠦᠯᠡᠭᠦᠳᠡᠬᠦ ᠠᠰᠠᠭᠤᠳᠠᠯ ᠭᠠᠷᠴᠤ᠂ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ | ᠨᠤᠨᠳᠠᠭ ᠰᠡᠪᠰᠡᠯᠡᠬᠦ ᠠᠷᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ ᠢ ᠰᠢᠢᠳᠪᠦᠷᠢᠯᠡᠳᠡᠭ᠃ | ᠨᠤᠨᠳᠠᠭ ᠰᠡᠪᠰᠡᠯᠡᠬᠦ ᠨᠢ ᠠᠵᠤ ᠠᠬᠤᠶᠢᠯᠠᠯ ᠳᠤ ᠬᠤᠬᠢᠷᠠᠯ ᠤᠴᠠᠷᠠᠭᠤᠯᠤᠨ᠎ᠠ᠂ ᠲᠡᠵᠢᠭᠡᠨ ᠦᠷᠡᠵᠢᠭᠦᠯᠬᠦ ᠡᠷᠥᠭᠡ ᠶᠢᠨ ᠠᠰᠢᠭ | ᠲᠤᠰᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠬᠤᠬᠢᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ 2022 ᠣᠨ ᠠᠴᠠ ᠡᠬᠢᠯᠡᠨ᠂ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠰᠢᠨ᠎ᠡ | ᠰᠦ ᠬᠤᠳᠠᠯᠳᠤᠨ ᠠᠪᠴᠤ ᠨᠤᠨᠳᠠᠭ ᠰᠡᠪᠰᠡᠯᠡᠬᠦ ᠳᠤ ᠨᠢ ᠨᠥᠬᠦᠪᠦᠷᠢ ᠥᠭᠴᠦ᠂ ᠰᠢᠨ᠎ᠡ ᠰᠦ ᠬᠤᠳᠠᠯᠳᠤᠨ ᠠᠪᠤᠭᠰᠠᠨ | ᠬᠡᠮᠵᠢᠶ᠎ᠡ ᠶᠢᠨ 10% ᠪᠠᠷ ᠨᠥᠬᠦᠪᠦᠷᠢ ᠥᠭᠴᠦ᠂ ᠲᠣᠨ ᠪᠦᠷᠢ ᠳᠤ 800 ᠲᠥᠭᠦᠷᠢᠭ ᠨᠥᠬᠦᠪᠦᠷᠢᠯᠡᠵᠦ᠂ ᠨᠥᠬᠦᠪᠦᠷᠢ ᠶᠢᠨ | ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ ᠲᠤᠰ 50% ᠪᠠᠷ ᠡᠭᠦᠷᠭᠡᠯᠡᠨ᠎ᠡ᠃ ︵ᠲᠠᠪᠤ︶ | ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠤᠶᠢᠵᠢᠭᠤᠯᠬᠤ ᠳᠤ ᠨᠥᠬᠦᠪᠦᠷᠢ ᠣᠯᠭᠤᠨ᠎ᠠ᠃ | ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠶᠢ ᠪᠤᠶᠢᠵᠢᠭᠤᠯᠪᠠᠯ ᠪᠡᠶ᠎ᠡ ᠪᠠᠨ | ᠳᠠᠭᠠᠭᠠᠭᠰᠠᠨ ᠡᠭᠦᠯᠳᠡᠷ ᠢ ᠪᠤᠶᠢᠵᠢᠭᠤᠯᠵᠤ ᠪᠣᠯᠬᠤ ᠮᠥᠷᠲᠡᠭᠡᠨ ᠪᠠᠰᠠ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ | ᠦᠨᠢᠶᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ᠃ ᠣᠲᠣ ᠶᠢᠨ ᠬᠡᠷᠡᠭᠵᠢᠭᠦᠯᠵᠦ | ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ ᠡᠵᠡᠮᠰᠢᠯᠲᠦ ᠢᠴᠡᠭᠡᠯ ᠦᠷ᠎ᠡ ᠶᠢ ᠬᠡᠷᠡᠭᠯᠡᠬᠦ ᠳᠤ 120 ᠲᠥᠭᠦᠷᠢᠭ ᠤᠨ | ᠨᠥᠬᠦᠪᠦᠷᠢ ᠥᠭᠴᠦ ᠪᠣᠢ᠂ ᠭᠡᠪᠡᠴᠦ ᠠᠷᠭ᠎ᠠ ᠮᠠᠶ᠋ᠢᠭ ᠨᠢ ᠲᠠᠩ ᠴᠤᠯᠭᠤᠢ᠂ ᠬᠡᠪᠴᠢᠶ᠎ᠡ ᠨᠢ ᠬᠢᠵᠠᠭᠠᠷ ᠲᠠᠢ ᠪᠣᠯᠬᠤᠷ ᠣᠲᠣ ᠶᠢᠨ | ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ | ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠵᠦ ᠳᠡᠶᠢᠯᠬᠦ ᠡᠬᠡ ᠮᠠᠯ ᠤᠨ ᠪᠡᠯᠭᠡ ᠶᠢᠨ ᠡᠵᠡᠮᠳᠡᠯ ᠤᠨ ᠬᠦᠪᠦᠷᠡᠯ ᠢ ᠠᠰᠢᠭᠯᠠᠨ | ᠰᠦ ᠰᠠᠶᠢᠲᠠᠢ ᠰᠠᠭᠠᠯᠢ ᠶᠢᠨ ᠦᠨᠢᠶ᠎ᠡ ᠪᠤᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠠᠭᠠᠨ | ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯ ᠤᠨ ᠬᠦᠪᠦᠷᠡᠯ ᠳᠤ ᠵᠠᠬ᠎ᠠ ᠳᠡᠯᠭᠡᠭᠦᠷ ᠤᠨ | ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ᠃ ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ | ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠳᠤ ᠨᠥᠬᠦᠪᠦᠷᠢ ᠥᠭᠭᠦᠨ᠎ᠡ᠃ ᠴᠠᠷᠭᠠᠰᠤ ᠶᠢᠨ ᠬᠠᠩᠭᠠᠯᠭ᠎ᠠ ᠬᠦᠷᠦᠯᠴᠡᠬᠦ | ᠦᠭᠡᠢ ᠪᠠᠶᠢᠬᠤ ᠨᠢ ᠰᠦ ᠰᠠᠭᠠᠯᠢ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠬᠢᠵᠠᠭᠠᠷᠯᠠᠵᠤ ᠪᠠᠶᠢᠭ᠎ᠠ ᠬᠦᠴᠦᠨ ᠵᠦᠢᠯ ᠪᠣᠯᠣᠭᠰᠠᠭᠠᠷ ᠢᠷᠡᠵᠡᠶ᠃ ᠪᠥᠬᠦ ᠣᠷᠣᠨ ᠤ ᠴᠠᠷᠭᠠᠰᠤ ᠶᠢᠨ ᠬᠠᠩᠭᠠᠯᠭ᠎ᠠ ᠵᠥᠪᠬᠡᠨ | 40% ᠶᠢᠨ ᠬᠡᠷᠡᠭᠴᠡᠭᠡ ᠶᠢ ᠬᠠᠩᠭᠠᠵᠤ᠂ ᠬᠦᠷᠦᠯᠴᠡᠬᠦ ᠦᠭᠡᠢ ᠬᠡᠰᠡᠭ ᠢ ᠣᠷᠳᠣ ᠬᠤᠭᠤᠴᠠᠭ᠎ᠠ ᠪᠠᠷ ᠭᠠᠳᠠᠭᠠᠳᠤ ᠠᠴᠠ | ᠣᠷᠣᠭᠤᠯᠬᠤ ᠴᠢᠬᠤᠯᠠᠲᠠᠢ ᠪᠠᠶᠢᠨ᠎ᠠ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠰᠢᠨ᠎ᠡ ᠪᠠᠷ ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ | ᠳᠠᠷᠢᠬᠤ ᠠᠵᠤ ᠠᠬᠤᠶᠢᠯᠠᠯ ︵ᠬᠤᠷᠰᠢᠶ᠎ᠠ᠂ ᠳᠠᠷᠢᠬᠤ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ | ᠪᠣᠯᠭᠠᠵᠤ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠥᠭᠪᠡᠯ ᠴᠠᠷᠭᠠᠰᠤ ᠳᠠᠷᠢᠬᠤ | ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠳᠣᠲᠣᠷᠠᠬᠢ ᠡᠪᠡᠰᠦ ᠪᠣᠷᠳᠤᠭ᠎ᠠ ᠶᠢᠨ | ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃ ︵ᠲᠤᠯᠤᠭ᠎ᠠ︶ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ | ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠤᠨ᠎ᠠ᠃ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠨᠢ ᠰᠦ ᠰᠠᠭᠠᠯᠢ ᠶᠢᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠣᠯᠬᠤᠷ᠂ ᠥᠪᠡᠷᠲᠡᠭᠡᠨ ᠵᠠᠰᠠᠬᠤ | ᠣᠷᠣᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠰᠢᠪᠲᠤᠯᠤᠯᠲᠠ ᠶᠢ ᠳᠡᠯᠭᠡᠷᠡᠭᠦᠯᠬᠦ ᠲᠣᠭᠲᠠᠯᠴᠠᠭ᠎ᠠ ᠶᠢ ᠪᠠᠶᠢᠭᠤᠯᠪᠠᠯ᠂ | ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠰᠠᠭᠠᠯᠢ ᠶᠢᠨ | ᠦᠨᠢᠶᠡᠨ ᠤ ᠰᠢᠭᠰᠢᠭᠳᠡᠬᠦ ᠨᠤᠷᠮ᠎ᠠ ᠶᠢ ᠪᠠᠭᠠᠰᠬᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ 5000 ᠲᠦᠮᠡᠨ | ᠲᠥᠭᠦᠷᠢᠭ ᠤᠨ ᠰᠠᠭᠠᠯᠢ ᠶᠢᠨ ᠦᠨᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ | ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ | ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ | ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠵᠡᠷᠭᠡ ᠬᠥᠮᠥᠨ ᠮᠠᠯ ᠳᠤ ᠬᠠᠮᠲᠤ ᠲᠤᠰᠳᠠᠭ | ᠡᠪᠡᠳᠴᠢᠨ ᠢ ᠲᠦᠷᠭᠡᠨ ᠬᠢᠨᠠᠨ ᠰᠢᠨᠵᠢᠯᠡᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ | ᠬᠡᠷᠡᠭᠯᠡᠬᠦ᠂ ᠰᠠᠭᠠᠯᠢ ᠶᠢᠨ ᠦᠨᠢᠶᠡᠨ ᠤ ᠬᠥᠬᠦᠨ ᠤ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠢ | ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ | ᠦᠢᠯᠡᠴᠢᠯᠡᠭᠡᠨ ᠳᠤ ᠬᠡᠷᠡᠭᠯᠡᠨ᠎ᠡ᠃ ︵ᠨᠠᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ | ᠠᠬᠢᠭᠤᠯᠬᠤ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠦᠢᠯᠡᠳᠦᠯ ᠢ ᠨᠠᠩ | ᠰᠠᠶᠢᠨ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠰᠦ | ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ | ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠯ ᠪᠦᠷᠢ 1 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ᠂ ᠭᠤᠣᠯᠳᠠᠭᠤ ᠲᠠᠪᠴᠠᠩ ᠤᠨ ᠪᠠᠶᠢᠭᠤᠯᠤᠯᠲᠠ᠂ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠤᠣᠯᠳᠠᠯᠭ᠎ᠠ ᠲᠠᠢ ᠰᠡᠳᠦᠪ ᠤᠨ ᠰᠢᠪᠲᠤᠯᠤᠯᠲᠠ ᠳᠤ | ᠬᠡᠷᠡᠭᠯᠡᠨ᠎ᠡ᠃ ᠴᠢᠬᠤᠯᠠ ᠶᠡᠭᠡ ᠰᠡᠳᠦᠪ ᠢ ᠰᠤᠳᠤᠯᠬᠤ ᠳᠤ ᠲᠠᠬᠢᠭᠠᠳ ︽ᠨᠢᠭᠡ ᠬᠡᠷᠡᠭ ᠢ ᠨᠢᠭᠡ ᠵᠥᠪᠯᠡᠬᠦ︾ ᠶᠢ | ᠬᠡᠷᠡᠭᠵᠢᠭᠦᠯᠦᠨ᠎ᠡ᠃ ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ | ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ︵ | ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠰᠦᠨ ᠤ | ᠢᠷᠡᠯᠲᠡ ᠶᠢᠨ ᠰᠠᠭᠤᠷᠢᠨ ᠭᠠᠵᠠᠷ᠂ ᠡᠳ᠋ᠰᠢᠭᠦᠯᠬᠦ ᠠᠵᠤ ᠠᠬᠤᠶᠢᠯᠠᠯ᠂ ᠦᠢᠯᠡᠳᠬᠦᠨ ᠤ ᠦᠢᠯᠡᠳᠪᠦᠷᠢᠯᠡᠯ᠂ ᠪᠣᠷᠤᠯᠠᠭᠤᠯᠭ᠎ᠠ ᠶᠢᠨ | ᠭᠦᠢᠯᠭᠡᠭᠡ︶ ᠳᠡᠭᠡᠷ᠎ᠡ ᠪᠠᠶᠢᠭ᠎ᠠ ᠴᠢᠨᠠᠷᠯᠢᠭ ᠬᠥᠲᠥᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠠᠵᠤ | ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ | ᠶᠠᠪᠤᠴᠠ ᠳᠤ ᠨᠢ ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃ ᠳᠡᠭᠡᠷ᠎ᠡ ᠳᠤᠷᠠᠳᠤᠭᠰᠠᠨ | ᠲᠥᠷᠥ ᠶᠢᠨ ᠪᠣᠳᠣᠯᠭ᠎ᠠ ᠶᠢ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ | ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠪᠡᠯᠡ ᠮᠥᠩᠭᠦ ᠶᠢᠨ | ᠬᠠᠮᠢᠶᠠᠷᠤᠯᠲᠠ ᠪᠠ ᠰᠢᠯᠭᠠᠨ ᠬᠤᠷᠢᠶᠠᠵᠤ ᠰᠢᠯᠭᠠᠨ ᠬᠢᠨᠠᠬᠤ ᠪᠣᠳᠠᠲᠠᠢ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | | |