365娱乐场奖金_365速发国际welcome_365游戏厅网页登录人民政府蒙古文政务门户网站 365娱乐场奖金_365速发国际welcome_365游戏厅网页登录

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

         
        ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠪᠦᠬᠦ ᠠᠶᠢᠮᠠᠭ ᠤᠨ ︽3.8︾ ᠶᠢᠨ ᠤᠯᠠᠭᠠᠨ ᠲᠤᠭᠴᠢ ᠬᠠᠮᠲᠤ ᠨᠢᠭᠡᠴᠡ ᠪᠠᠷ ᠬᠦᠬᠢᠭᠦᠯᠦᠭᠳᠡᠪᠡ
        ᠨᠡᠶᠢᠲᠡᠯᠡᠭᠰᠡᠨ ᠴᠠᠭ᠄
        2022/12/11
              ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠬᠡᠷᠡᠭᠵᠢᠬᠦᠯᠵᠦ᠂ ᠦᠷᠭᠡᠨ ᠣᠯᠠᠨ ᠲᠦᠮᠡᠨ ᠡᠮᠡᠭᠳᠡᠶᠢᠴᠦᠳ ᠤᠨ ︽ᠦᠪᠡᠷ ᠢ ᠪᠠᠨ ᠬᠦᠨᠳᠦᠳᠬᠡᠬᠦ᠂ ᠦᠪᠡᠷ ᠢ ᠪᠠᠨ ᠢᠳᠡᠭᠡᠬᠦ᠂ ᠦᠪᠡᠷ ᠢ ᠪᠠᠨ ᠲᠦᠰᠢᠭᠯᠡᠬᠦ᠂ ᠦᠪᠡᠷ ᠢ ᠪᠠᠨ ᠬᠦᠴᠦᠷᠭᠡᠭᠵᠢᠬᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠡᠪ ᠲᠠᠭᠤᠷᠢᠶᠠᠯ ᠤᠨ ᠬᠦᠴᠦᠨ ᠢᠶᠠᠷ ᠦᠷᠭᠡᠨ ᠣᠯᠠᠨ ᠡᠮᠡᠭᠳᠡᠶᠢᠴᠦᠳ ᠢᠳᠡᠭᠡᠯ ᠲᠦᠭᠦᠷᠡᠩ᠂ ᠵᠣᠷᠢᠭ ᠲᠡᠭᠦᠯᠳᠡᠷ ᠴᠢᠷᠮᠠᠶᠢᠨ ᠲᠡᠮᠡᠴᠡᠬᠦ ᠶᠢ ᠵᠣᠷᠢᠭᠵᠢᠭᠤᠯᠬᠤ ᠶᠢᠨ ᠲᠤᠰᠠᠳᠠ ᠠᠶᠢᠮᠠᠭ ᠤᠨ ᠡᠮᠡᠭᠳᠡᠶᠢᠴᠦᠳ ᠤᠨ ᠬᠤᠯᠪᠤᠭ᠎ᠠ ᠠᠴᠠ ᠪᠦᠬᠦ ᠠᠶᠢᠮᠠᠭ ᠤᠨ ᠡᠯ᠎ᠡ ᠠᠵᠢᠯ ᠲᠦᠷᠦᠯ᠂ ᠡᠯ᠎ᠡ ᠬᠦᠷᠢᠶ᠎ᠡ ᠬᠡᠪᠴᠢᠶᠡᠨ ᠳᠤ ᠳᠤᠪᠤᠶᠢᠮ᠎ᠠ ᠠᠮᠵᠢᠯᠲᠠ ᠭᠠᠨᠷᠭᠠᠭᠰᠠᠨ ᠲᠡᠷᠢᠬᠦᠨ ᠤ ᠬᠠᠮᠲᠤ ᠨᠢᠭᠡᠴᠡ ᠪᠠ ᠲᠡᠷᠢᠬᠦᠨ ᠤ ᠬᠤᠪᠢ ᠬᠦᠮᠦᠨ ᠢ ᠱᠠᠩᠨᠠᠨ ᠬᠦᠬᠢᠬᠦᠯᠪᠠ᠃ ᠡᠬᠦᠨ ᠳᠤ ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠤᠨ ᠬᠠᠮᠳᠤ ᠨᠢᠭᠡᠴᠡ ᠨᠢ ᠪᠦᠬᠦ ᠠᠶᠢᠮᠠᠭ ᠤᠨ ︽3.8︾ ᠶᠢᠨ ᠤᠯᠠᠭᠠᠨ ᠲᠤᠭᠴᠢ ᠬᠠᠮᠲᠤ ᠨᠢᠭᠡᠴᠡ ᠪᠠᠷ ᠱᠠᠩᠨᠠᠨ ᠬᠦᠬᠢᠬᠦᠯᠦᠭᠳᠡᠭᠰᠡᠨ ᠪᠠᠶᠢᠨ᠎ᠠ᠃       ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ 1958 ᠣᠨ ᠤ 5 ᠰᠠᠷ᠎ᠠ ᠳᠤ ᠪᠠᠶᠢᠭᠤᠯᠤᠭᠳᠠᠵᠤ᠂ ᠵᠢᠷᠠᠭᠠᠳ ᠵᠢᠯ ᠤᠨ ᠰᠠᠯᠬᠢ ᠪᠤᠷᠤᠭᠠᠨ ᠢ ᠲᠤᠭᠤᠯᠤᠨ᠂ ᠦᠶ᠎ᠡ ᠦᠶ᠎ᠡ ᠶᠢᠨ ᠠᠬᠠᠮᠠᠳ ᠲᠣᠭᠯᠠᠭᠴᠢᠳ ᠤᠨ ᠢᠶᠠᠨ ᠰᠢᠯᠢᠳᠡᠭ ᠤᠯᠠᠮᠵᠢᠯᠡᠯ ᠢ ᠤᠯᠠᠮᠵᠢᠯᠠᠨ᠂ ᠣᠳᠤ ᠪᠣᠯᠬᠤ ᠳᠤ 29 ᠨᠡᠷ᠎ᠡ ᠲᠣᠭᠯᠠᠭᠴᠢ ᠲᠠᠢ᠂ ᠠᠯᠪᠠᠨ ᠠᠰᠠᠷ᠂ ᠪᠤᠯᠪᠠᠰᠤᠷᠠᠯ ᠤᠨ ᠲᠠᠩᠬᠢᠮ᠂ ᠲᠡᠷᠭᠡ ᠤᠨᠤᠭ᠎ᠠ ᠪᠠ ᠲᠣᠭᠯᠠᠯᠲᠠ ᠶᠢᠨ ᠲᠤᠨᠤᠭ ᠲᠦᠬᠦᠭᠡᠷᠦᠮᠵᠢ ᠪᠦᠷᠢᠨ ᠬᠦᠢᠴᠡᠳ ᠪᠤᠯᠤᠨ ᠪᠤᠵᠠᠭᠠᠶᠢᠷᠠᠨ ᠬᠦᠭᠵᠢᠵᠦ᠂ ᠨᠠᠮ ᠤᠨ ᠰᠤᠷᠲᠠᠯ ᠤᠬᠠᠭᠤᠯᠭ᠎ᠠ ᠶᠢ ᠦᠨᠳᠦᠰᠦᠨ ᠱᠠᠳᠤᠨ ᠳᠤ ᠬᠦᠷᠭᠡᠭᠰᠡᠭᠡᠷ ᠪᠠᠶᠢᠨ᠎ᠠ᠃       ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠣᠷᠤᠨ ᠠᠶᠢᠮᠠᠭ ᠤᠨ ᠤᠷᠠᠯᠢᠭ ᠤᠨ ᠴᠢᠭᠤᠯᠭᠠᠨ ᠳᠤ ᠠᠯᠲᠠ᠂ ᠮᠦᠩᠬᠦᠨ ᠱᠠᠩᠨᠠᠯ ᠢ ᠣᠯᠠᠨᠲᠠ ᠬᠦᠷᠲᠡᠵᠦ᠂ ᠪᠦᠬᠦ ᠤᠯᠤᠰ ᠤᠨ ︽ᠰᠢᠯᠢᠳᠡᠭ ᠤᠯᠠᠭᠠᠨᠮᠦ᠋ᠴᠢᠷ︾᠂ ᠪᠦᠬᠦ ᠤᠷᠤᠨ ᠤ ︽ᠠᠷᠪᠠᠨ ᠰᠢᠯᠢᠳᠡᠭ ᠤᠯᠠᠭᠠᠨᠮᠦ᠋ᠴᠢᠷ︾᠂ ︽ᠨᠢᠭᠡᠳᠦᠭᠡᠷ ᠲᠥᠷᠦᠯ ᠤᠨ ᠤᠯᠠᠭᠠᠨᠮᠦ᠋ᠴᠢᠷ︾ ᠵᠡᠷᠭᠡ ᠢᠷᠠᠭᠤ ᠠᠯᠳᠠᠷ ᠢ ᠬᠦᠷᠲᠡᠭᠰᠡᠭᠡᠷ ᠢᠷᠡᠪᠡ᠃ ᠮᠦᠨᠴᠦ ᠮᠤᠩᠭᠤᠯ ᠤᠯᠤᠰ᠂ ᠺᠤᠷᠢᠶᠠ᠂ ᠲᠤᠮᠳᠠᠳᠤ ᠤᠯᠤᠰ ᠤᠨ ᠲᠠᠭᠤᠤ ᠬᠦᠭᠵᠢᠮ ᠤᠨ ᠶᠡᠭᠡ ᠰᠤᠷᠭᠠᠭᠤᠯᠢ ᠶᠢᠨ ᠵᠦᠴᠦᠭᠡ ᠶᠢᠨ ᠲᠢᠶᠠᠲᠷ᠂ ᠪᠡᠭᠡᠵᠢᠩ ᠬᠤᠲᠠ ᠶᠢᠨ ᠨᠣᠮ ᠤᠨ ᠰᠠᠩ ᠤᠨ ᠶᠡᠭᠡ ᠲᠢᠶᠠᠲᠷ᠂ ᠤᠯᠤᠰ ᠤᠨ ᠵᠦᠴᠦᠭᠡ ᠶᠢᠨ ᠶᠡᠭᠡ ᠲᠢᠶᠠᠲᠷ ᠲᠤ ᠬᠦᠷᠴᠦ ᠲᠣᠭᠯᠠᠭᠰᠠᠨ ᠪᠦᠭᠡᠳ ᠠᠽᠢᠶ᠎ᠠ ᠶᠢᠨ ᠰᠤᠶᠣᠯ ᠪᠤᠯᠪᠠᠰᠤᠨ ᠤ ᠶᠠᠷᠢᠶ᠎ᠠ ᠢᠯᠡᠳᠭᠡᠯ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠳᠤ ᠤᠷᠤᠯᠴᠠᠨ ᠭᠤᠴᠤ ᠰᠠᠶᠢᠬᠠᠨ ᠲᠤᠭᠯᠠᠯᠲᠠ ᠪᠠᠨ ᠡᠷᠬᠦᠭᠰᠡᠨ ᠶᠤᠮ᠃       ᠬᠦᠪᠡᠭᠡᠲᠦ ᠰᠢᠷ᠎ᠠ ᠬᠤᠰᠢᠭᠤᠨ ᠤ ᠤᠯᠠᠭᠠᠨᠮᠦ᠋ᠴᠢᠷ ᠨᠢ ᠠᠵᠢᠯ ᠤᠨ ᠰᠢᠯᠢᠳᠡᠭ ᠬᠡᠪ ᠰᠤᠷᠲᠠᠯ ᠪᠠ ᠰᠢᠯᠢᠳᠡᠭ ᠤᠯᠠᠮᠵᠢᠯᠠᠯ ᠲᠠᠢ ᠬᠠᠮᠲᠤ ᠨᠢᠭᠡᠴᠡ ᠶᠤᠮ᠃ ᠤᠯᠠᠭᠠᠨᠮᠦ᠋ᠴᠢᠷ ᠤᠨ ᠡᠮᠡᠭᠳᠡᠢ ᠲᠣᠭᠯᠠᠭᠴᠢᠳ ᠨᠢ ᠰᠢᠷᠭᠠᠭᠤ ᠬᠠᠳᠠᠭᠤᠵᠢᠯᠲᠠᠢ ᠴᠢᠷᠮᠠᠶᠢᠯᠭ᠎ᠠ ᠪᠠᠷ ᠢᠶᠠᠨ ᠤᠯᠠᠭᠠᠨᠮᠦ᠋ᠴᠢᠷ ᠤᠨ ᠵᠣᠷᠢᠭ ᠰᠠᠨᠠᠭ᠎ᠠ ᠶᠢ ᠬᠦᠢᠴᠡᠳ ᠪᠠᠳᠠᠷᠠᠭᠤᠯᠵᠤ᠂ ᠲᠠᠯ᠎ᠠ ᠨᠤᠲᠤᠭ ᠤᠨ ᠠᠷᠠᠳ ᠲᠦᠮᠡᠨ ᠳᠤ ᠭᠤᠴᠤ ᠰᠠᠶᠢᠬᠠᠨ ᠤᠷᠠᠨ ᠪᠦᠳᠦᠭᠡᠯ ᠢᠶᠠᠨ ᠲᠠᠪᠰᠢᠬᠦᠯᠦᠨ᠂ ᠦᠢᠯᠡᠴᠢᠯᠡᠭᠡ ᠪᠠᠨ ᠲᠠᠰᠤᠷᠠᠯᠲᠠ ᠦᠬᠡᠢ ᠲᠡᠭᠦᠯᠳᠡᠷᠵᠢᠬᠦᠯᠦᠭᠰᠡᠨ ᠠᠴᠠ ᠡᠨᠡ ᠵᠢᠯ ᠤᠨ ᠪᠦᠬᠦ ᠠᠶᠢᠮᠠᠭ ᠤᠨ ︽3.8︾ ᠶᠢᠨ ᠠᠯᠠᠭᠠᠨ ᠲᠤᠭᠴᠢ ᠬᠠᠮᠲᠤ ᠨᠢᠭᠡᠴᠡ ᠪᠠᠷ ᠱᠠᠩᠨᠠᠨ ᠬᠦᠬᠢᠬᠦᠯᠦᠭᠳᠡᠭᠰᠡᠨ ᠪᠠᠶᠢᠨ᠎ᠠ᠃
         
        ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
         
         
        ᠬᠠᠮᠢᠶ᠎ᠡ ᠪᠦᠬᠦᠢ ᠰᠣᠨᠢᠨ
         
        ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号