ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 12 | ᠳ᠋ᠤᠭᠠᠷ ᠰᠠᠷ᠎ᠠ ᠶᠢᠨ 13 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠭᠤᠣᠯᠳᠠᠯᠭ᠎ᠠ ᠲᠠᠢ | ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ ᠪᠢᠳᠡ | ᠬᠠᠮᠲᠤ ᠪᠠᠷ ᠣᠶᠢᠯᠠᠭᠠᠵᠠᠭᠠᠶ᠎ᠠ —— | | ᠵᠢᠷᠮᠦᠰᠦᠨ ᠬᠥᠩᠭᠡᠵᠢᠭᠰᠡᠨ ᠡᠬᠡᠴᠦᠳ | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ ᠪᠣᠢ︖ | ᠤᠯᠤᠰ ᠤᠨ ᠳᠣᠲᠣᠭᠠᠳᠤ ᠳᠠᠬᠢ ᠪᠦᠬᠦ ᠤᠯᠤᠰ ᠤᠨ ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠤᠰᠬᠠᠢ | ᠮᠡᠷᠭᠡᠵᠢᠯᠲᠡᠨ ᠤ ᠳᠤᠭᠤᠶᠢᠯᠠᠩ ᠤᠨ ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ | ᠮᠡᠳᠡᠭᠡᠯᠡᠯ ᠠᠴᠠ ᠦᠵᠡᠪᠡᠯ ᠂ ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠤ ᠳᠠᠷᠠᠭ᠎ᠠ ᠶᠡᠷᠦᠩᠬᠡᠢ ᠳᠤ ᠪᠠᠨ ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ ᠂ ᠡᠪᠡᠳᠴᠢᠨ ᠤ | ᠶᠠᠪᠤᠴᠠ ᠶᠢᠨ ᠪᠠᠶᠢᠳᠠᠯ ᠨᠢ ᠪᠦᠷ ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ ᠃ ᠡᠪᠡᠳᠴᠢᠨ ᠤ ᠢᠯᠡᠷᠡᠯ ᠨᠢ | ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠪᠣᠯᠣᠨ᠎ᠠ ᠂ ᠵᠢᠱᠢᠶᠡᠯᠡᠪᠡᠯ ᠬᠠᠨᠢᠶᠠᠯᠭᠠᠬᠤ ᠂ ᠬᠤᠭᠤᠯᠠᠢ | ᠡᠪᠡᠳᠬᠦ ᠂ ᠨᠠᠶᠢᠲᠠᠭᠠᠬᠤ ᠂ ᠬᠠᠮᠠᠷ ᠪᠢᠲᠡᠭᠦᠷᠡᠬᠦ ᠂ ᠨᠢᠰᠤ ᠭᠤᠭᠤᠵᠢᠬᠤ ᠂ ᠪᠦᠬᠦ ᠪᠡᠶ᠎ᠡ ᠱᠠᠷᠬᠢᠷᠠᠨ ᠡᠪᠡᠳᠬᠦ ᠂ ᠬᠠᠯᠠᠭᠤᠷᠠᠬᠤ | ᠵᠡᠷᠭᠡ ᠢᠯᠡᠷᠡᠯ ᠲᠠᠢ ᠂ ᠬᠦᠨᠳᠦ ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ ᠂ ᠡᠶᠢᠮᠦ ᠠᠴᠠ ᠠᠶᠤᠨ | ᠰᠠᠨᠳᠤᠷᠤᠭᠰᠠᠨ ᠤ ᠬᠡᠷᠡᠭ ᠦᠭᠡᠢ ᠂ ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ ᠃ | ᠣᠳᠣᠬᠠᠨ ᠤ ᠪᠠᠶᠢᠳᠠᠯ ᠠᠴᠠ ᠦᠵᠡᠪᠡᠯ ᠂ ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ ᠸᠢᠷᠦ᠋ᠰ ᠤᠨ | ᠰᠠᠭᠤᠷᠢ ᠨᠢ ᠵᠢᠭᠠᠬᠠᠨ ᠠᠳᠠᠯᠢ ᠦᠭᠡᠢ ᠪᠠᠶᠢᠵᠤ ᠂ ᠤᠮᠠᠷᠠᠲᠤ ᠣᠷᠣᠨ ᠳᠤ ᠵᠢᠭᠠᠬᠠᠨ ᠬᠠᠭᠤᠷᠠᠢ ᠂ ᠠᠭᠤᠷ ᠠᠮᠢᠰᠬᠤᠯ | ᠨᠡᠯᠢᠶᠡᠳ ᠬᠦᠢᠲᠡᠨ ᠂ ᠡᠪᠡᠳᠴᠢᠨ ᠤ ᠪᠠᠶᠢᠳᠠᠯ ᠨᠢ ᠬᠠᠷᠢᠴᠠᠩᠭᠤᠢ ᠬᠦᠨᠳᠦ ᠂ ᠭᠡᠪᠡᠴᠦ ᠡᠪᠡᠳᠴᠢᠨ ᠤ ᠶᠠᠪᠤᠴᠠ ᠨᠢ | ᠦᠨᠳᠦᠰᠦᠨ ᠳᠤ ᠪᠠᠨ 5 ᠠᠴᠠ 7 ᠡᠳᠦᠷ ᠪᠠᠶᠢᠳᠠᠭ ᠂ ᠣᠨᠴᠠ ᠵᠠᠷᠢᠮ ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ | ᠰᠠᠭᠤᠷᠢ ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ ᠂ ᠵᠢᠱᠢᠶᠡᠯᠡᠪᠡᠯ ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ | ᠮᠠᠭᠤᠲᠠᠢ ᠂ ᠴᠢᠰᠤᠨ ᠳᠠᠷᠤᠯᠲᠠ ᠥᠨᠳᠥᠷ ᠂ ᠰᠢᠬᠢᠷ ᠰᠢᠵᠢᠩ ᠡᠪᠡᠳᠴᠢᠨ ᠲᠠᠢ ᠪᠠᠶᠢᠪᠠᠯ ᠂ ᠡᠳᠡᠭᠡᠷ ᠬᠥᠮᠥᠰ ᠴᠠᠭ ᠲᠤᠬᠠᠢ ᠳᠤ | ᠨᠢ ᠡᠮᠨᠡᠭᠦᠯᠬᠦ ᠬᠡᠷᠡᠭᠲᠡᠢ ᠃ | | ᠵᠢᠷᠮᠦᠰᠦᠨ ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ ᠨᠥᠯᠥᠭᠡᠯᠡᠨ᠎ᠡ ᠤᠤ︖ | ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠬᠡᠪᠡᠯᠢ ᠳᠠᠬᠢ | ᠬᠡᠦᠬᠡᠳ ᠲᠤ ᠬᠠᠯᠳᠠᠪᠤᠷᠢᠯᠠᠬᠤ ᠦᠭᠡᠢ ᠂ ᠤᠴᠢᠷ ᠨᠢ ᠡᠬᠡ ᠶᠢᠨ ᠪᠡᠶ᠎ᠡ ᠳᠤ ᠢᠬᠡᠰ ᠭᠡᠬᠦ ᠮᠠᠰᠢ ᠰᠠᠶᠢᠨ ᠬᠠᠮᠠᠭᠠᠯᠠᠯᠲᠠ ᠶᠢᠨ | ᠬᠠᠯᠬᠠᠪᠴᠢ ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ ᠪᠠᠷᠤᠭ ᠬᠠᠯᠳᠠᠪᠤᠷᠢᠯᠠᠬᠤ ᠦᠭᠡᠢ ᠶᠤᠮ ᠃ ᠭᠡᠪᠡᠴᠦ | ᠬᠥᠩᠭᠡᠵᠢᠭᠰᠡᠨ ᠤ ᠳᠠᠷᠠᠭ᠎ᠠ ᠡᠵᠢ ᠨᠢ ᠬᠡᠦᠬᠡᠳ ᠲᠠᠢ ᠪᠠᠨ ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ ᠂ ᠡᠵᠢ | ᠨᠢ ᠣᠷᠣᠨ ᠵᠠᠢ ᠶᠢᠨ ᠲᠠᠯ᠎ᠠ ᠪᠠᠷ ᠨᠢᠷᠠᠢ ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ ᠪᠤᠶᠤ N95 ᠠᠮᠠᠪᠴᠢ | ᠵᠡᠭᠦᠪᠡᠯ ᠡᠬᠡ ᠶᠢᠨ ᠰᠦ ᠪᠠᠨ ᠬᠥᠬᠦᠭᠦᠯᠵᠦ ᠪᠣᠯᠣᠨ᠎ᠠ ᠃ | | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠪᠤᠶᠤ ᠬᠠᠭᠤᠷᠠᠢ ᠪᠠᠷ ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ | ᠶᠠᠭᠠᠬᠢᠪᠠᠯ ᠵᠣᠬᠢᠬᠤ ᠪᠣᠢ︖ | ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠂ ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ ᠵᠠᠮ ᠤᠨ | ᠡᠪᠡᠳᠴᠢᠨ ᠤ ᠢᠯᠡᠷᠡᠯ ᠭᠠᠷᠬᠤ ᠦᠶ᠎ᠡ ᠳᠤ ᠂ ᠪᠥᠭᠡᠮ ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ ᠪᠠᠶᠢᠴᠠᠭᠠᠯᠲᠠ | ᠬᠢᠵᠦ ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠶᠢ ᠲᠣᠳᠣᠯᠠᠵᠤ ᠪᠣᠯᠣᠨ᠎ᠠ ᠂ ᠡᠶᠢᠮᠦ ᠠᠴᠠ | ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ ᠬᠢᠪᠡᠯ ᠨᠡᠩ ᠲᠥᠬᠦᠮ ᠪᠠᠶᠢᠳᠠᠭ ᠂ ᠭᠡᠪᠡᠴᠦ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ | ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ | ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ ᠬᠢᠲᠠᠳ ᠡᠮ ᠢ ᠰᠣᠩᠭᠤᠵᠤ ᠡᠪᠡᠳᠴᠢᠨ ᠤ ᠢᠯᠡᠷᠡᠯ ᠳᠤ ᠨᠢ | ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ ᠃ | ᠬᠡᠷᠪᠡ ᠬᠠᠯᠠᠭᠤᠨ ᠢ ᠪᠠᠭᠤᠷᠠᠭᠤᠯᠬᠤ ᠡᠸᠦ᠋ᠷᠦᠫᠡ ᠡᠮ ᠢ ᠬᠡᠷᠡᠭᠯᠡᠬᠦ ᠳᠤ ᠂ 38.5 ᠭᠷᠡᠳᠦ᠋ᠰ ᠠᠴᠠ ᠳᠡᠭᠡᠭᠰᠢ ᠪᠠᠶᠢᠪᠠᠯ | ᠫᠠᠷᠠᠽᠧᠲ᠋ᠠᠮᠣᠯ ᠢ ᠰᠣᠩᠭᠤᠨ ᠬᠡᠷᠡᠭᠯᠡᠵᠦ ᠪᠣᠯᠣᠨ᠎ᠠ ᠂ ᠡᠨᠡ ᠨᠢ ᠵᠢᠷᠮᠦᠰᠦᠨ ᠬᠥᠩᠭᠡᠵᠢᠭᠰᠡᠨ ᠡᠬᠡᠴᠦᠳ ᠲᠤ ᠬᠠᠷᠢᠴᠠᠩᠭᠤᠢ | ᠠᠶᠤᠯ ᠦᠭᠡᠢ ᠪᠠᠶᠢᠳᠠᠭ ᠂ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ ᠂ ᠬᠠᠯᠠᠭᠤᠨ ᠢ ᠨᠢ ᠪᠠᠭᠤᠷᠠᠭᠤᠯᠬᠤ ᠡᠮ ᠢ | ᠬᠡᠷᠡᠭᠯᠡᠬᠦ ᠳᠤ ᠪᠠᠨ ᠨᠢᠭᠡ ᠯᠡ ᠵᠦᠢᠯ ᠤᠨ ᠡᠮ ᠢ ᠬᠡᠷᠡᠭᠯᠡᠬᠦ ᠠᠴᠠ ᠪᠢᠰᠢ ᠂ ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ ᠂ | ᠡᠨᠡ ᠨᠢ ᠡᠯᠢᠭᠡ ᠪᠥᠭᠡᠷᠡᠨ ᠤ ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ ᠃ | ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠂ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ | ᠶᠢ ᠠᠩᠬᠠᠷᠬᠤ ᠬᠡᠷᠡᠭᠲᠡᠢ ᠂ ᠡᠨᠡ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠨᠢ ᠳᠠᠷᠤᠢ ᠪᠡᠶ᠎ᠡ ᠶᠢᠨ ᠳᠤᠯᠠᠭᠠᠨ ᠂ ᠵᠢᠷᠦᠬᠡᠨ ᠤ | ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ ᠃ ᠡᠶᠢᠮᠦ ᠠᠴᠠ ᠵᠢᠷᠮᠦᠰᠦᠨ ᠬᠥᠩᠭᠡᠵᠢᠭᠰᠡᠨ ᠡᠬᠡᠴᠦᠳ ᠡᠷᠬᠡᠪᠰᠢ ᠪᠡᠶ᠎ᠡ ᠶᠢᠨ | ᠳᠤᠯᠠᠭᠠᠨ ᠤ ᠬᠡᠮᠵᠢᠭᠦᠷ ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠶᠢ ᠬᠢᠨᠠᠨ ᠰᠢᠨᠵᠢᠯᠡᠬᠦ ᠪᠠᠭᠠᠵᠢ ᠪᠡᠯᠡᠳᠬᠡᠬᠦ | ᠬᠡᠷᠡᠭᠲᠡᠢ ᠃ ᠪᠠᠰᠠ ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ ᠪᠠᠶᠢᠴᠠᠭᠠᠯᠲᠠ ᠬᠢᠬᠦ ᠬᠡᠷᠡᠭᠲᠡᠢ ᠂ ᠢᠩᠭᠢᠪᠡᠯ ᠴᠢᠰᠤᠨ | ᠳᠠᠷᠤᠯᠲᠠ ᠨᠢ ᠬᠡᠪ ᠤᠨ ᠪᠤᠰᠤ ᠪᠠᠶᠢᠳᠠᠯ ᠢᠯᠡᠷᠡᠪᠡᠯ ᠨᠡᠯᠢᠶᠡᠳ ᠡᠷᠲᠡ ᠰᠡᠷᠡᠵᠦ ᠮᠡᠳᠡᠵᠦ ᠪᠣᠯᠣᠨ᠎ᠠ ᠃ | ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠵᠢᠷᠮᠦᠰᠦᠨ | ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ ᠬᠥᠳᠡᠯᠦᠯ ᠤᠨ ᠬᠢᠨᠠᠨ ᠰᠢᠨᠵᠢᠯᠡᠯᠲᠡ ᠶᠢ ᠠᠩᠬᠠᠷᠴᠤ ᠂ ᠵᠢᠷᠮᠦᠰᠦᠨ ᠤ | ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ ᠰᠢᠨᠵᠢᠯᠡᠵᠦ ᠂ ᠴᠠᠭ ᠪᠦᠷᠢ | ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ ᠬᠥᠳᠡᠯᠦᠯ ᠲᠠᠢ ᠪᠠᠶᠢᠬᠤ ᠬᠡᠷᠡᠭᠲᠡᠢ ᠃ ᠬᠡᠷᠪᠡ ᠦᠷᠭᠦᠯᠵᠢᠯᠡᠨ 3 | ᠡᠳᠦᠷ ᠠᠴᠠ ᠳᠡᠭᠡᠭᠰᠢ ᠬᠠᠯᠠᠭᠤᠷᠠᠬᠤ ᠡᠪᠡᠳᠴᠢᠨ ᠤ ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠡᠳ | ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ ᠦᠭᠡᠢ ᠂ ᠴᠡᠭᠡᠵᠢ ᠡᠪᠡᠳᠬᠦ ᠂ ᠴᠡᠭᠡᠵᠢ ᠪᠠᠭᠲᠠᠷᠠᠬᠤ ᠂ ᠭᠡᠳᠡᠰᠦ ᠡᠪᠡᠳᠬᠦ | ᠵᠡᠷᠭᠡ ᠪᠠᠶᠢᠳᠠᠯ ᠢᠯᠡᠷᠡᠪᠡᠯ ᠂ ᠴᠠᠭ ᠲᠤᠬᠠᠢ ᠳᠤ ᠨᠢ ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ ᠂ ᠴᠠᠭ ᠲᠤᠬᠠᠢ ᠳᠤ ᠨᠢ | ᠡᠮᠴᠢᠯᠡᠭᠦᠯᠬᠦ ᠬᠡᠷᠡᠭᠲᠡᠢ ᠃ | | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠪᠤᠶᠤ ᠨᠢᠭᠲᠠ ᠣᠶᠢᠷᠠᠲᠤᠭᠰᠠᠳ ᠭᠠᠷᠪᠠᠯ | ᠶᠠᠭᠠᠬᠢᠬᠤ ᠪᠤᠢ︖ | ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ ᠭᠠᠷᠪᠠᠯ ᠂ ᠠᠶᠤᠵᠤ ᠰᠠᠨᠳᠤᠷᠤᠭᠰᠠᠨ ᠤ | ᠬᠡᠷᠡᠭ ᠦᠭᠡᠢ ᠃ ᠬᠡᠷᠪᠡ ᠭᠡᠷ ᠤᠨ ᠬᠥᠮᠥᠰ ᠨᠢ ᠬᠠᠯᠳᠠᠪᠤᠷᠢᠯᠠᠭᠳᠠᠭᠰᠠᠨ ᠪᠠᠶᠢᠪᠠᠯ ᠂ ᠭᠤᠣᠯᠳᠠᠭᠤ ᠭᠡᠷ ᠪᠦᠯᠢ ᠶᠢᠨ | ᠨᠥᠬᠦᠴᠡᠯ ᠠᠴᠠ ᠪᠠᠨ ᠡᠭᠦᠰᠦᠨ ᠂ ᠠᠯᠢ ᠴᠢᠳᠠᠬᠤ ᠪᠠᠷ ᠣᠷᠣᠨ ᠵᠠᠢ ᠶᠢᠨ ᠲᠠᠯ᠎ᠠ ᠪᠠᠷ ᠬᠠᠷᠢᠴᠠᠩᠭᠤᠢ ᠲᠤᠰᠠᠭᠠᠷᠯᠠᠵᠤ ᠂ ᠬᠠᠮᠲᠤ | ᠬᠤᠭᠤᠯᠠᠯᠠᠬᠤ ᠦᠭᠡᠢ ᠂ ᠠᠮᠢᠳᠤᠷᠠᠯ ᠤᠨ ᠡᠳ᠋ ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ ᠂ ᠡᠷᠡᠭᠦᠯ ᠬᠠᠮᠠᠭᠠᠯᠠᠯ ᠤᠨ | ᠦᠷᠦᠭᠡ ᠪᠠᠨ ᠠᠷᠢᠭᠤᠳᠬᠠᠨ ᠴᠡᠪᠡᠷᠯᠡᠵᠦ ᠂ ᠶᠡᠷᠦ ᠶᠢᠨ ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ | ᠠᠭᠠᠷ ᠰᠠᠯᠬᠢ ᠨᠡᠪᠲᠡᠷᠡᠭᠦᠯᠬᠦ ᠶᠢ ᠠᠩᠬᠠᠷᠬᠤ ᠬᠡᠷᠡᠭᠲᠡᠢ ᠃ | ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ ᠢᠯᠡᠷᠡᠪᠡᠯ ᠂ ᠭᠡᠷ ᠲᠤ ᠪᠠᠨ ᠠᠵᠢᠯᠯᠠᠬᠤ ᠪᠣᠯᠣᠮᠵᠢ ᠪᠠᠶᠢᠪᠠᠯ | ᠬᠠᠮᠤᠭ ᠤᠨ ᠰᠠᠶᠢᠨ ᠂ ᠬᠡᠷᠪᠡ ᠠᠵᠢᠯ ᠤᠨ ᠬᠡᠷᠡᠭᠴᠡᠭᠡ ᠠᠴᠠ ᠪᠣᠯᠵᠤ ᠵᠠᠪᠠᠯ ᠬᠠᠮᠲᠤ ᠶᠢᠨ ᠣᠷᠣᠨ ᠵᠠᠢ ᠳᠤ ᠠᠵᠢᠯᠯᠠᠬᠤ | ᠱᠠᠭᠠᠷᠳᠠᠯᠭ᠎ᠠ ᠲᠠᠢ ᠪᠣᠯ ᠂ ᠮᠥᠨ ᠴᠦ ᠠᠵᠢᠯᠯᠠᠬᠤ ᠣᠷᠴᠢᠨ ᠤ ᠪᠠᠨ ᠠᠭᠠᠷ ᠰᠠᠯᠬᠢ ᠨᠡᠪᠲᠡᠷᠡᠭᠦᠯᠬᠦ ᠶᠢ ᠣᠨᠴᠠᠭᠠᠶᠢᠯᠠᠨ | ᠠᠩᠬᠠᠷᠬᠤ ᠬᠡᠷᠡᠭᠲᠡᠢ ᠃ ᠡᠭᠦᠨ ᠠᠴᠠ ᠭᠠᠳᠠᠨ᠎ᠠ ᠡᠷᠬᠡᠪᠰᠢ N95 ᠠᠮᠠᠪᠴᠢ ᠵᠡᠭᠦᠬᠦ ᠬᠡᠷᠡᠭᠲᠡᠢ ᠂ ᠡᠨᠡ ᠨᠢ ᠮᠠᠰᠢ ᠴᠢᠬᠤᠯᠠ | ᠪᠠᠶᠢᠳᠠᠭ ᠃ ᠦᠨᠡᠨ ᠳᠤ ᠪᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ ᠰᠡᠷᠭᠡᠶᠢᠯᠡᠬᠦ ᠨᠢ | ᠬᠠᠮᠤᠭ ᠠᠴᠠ ᠴᠢᠬᠤᠯᠠ ᠶᠤᠮ ᠃ | | ᠬᠡᠦᠬᠡᠳ | ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ ᠨᠥᠭᠡᠴᠡᠯᠡᠵᠦ ᠪᠣᠯᠬᠤ ᠪᠤᠢ︖ | ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ ᠦᠷᠭᠦᠯᠵᠢ ᠬᠡᠷᠡᠭᠯᠡᠳᠡᠭ ᠪᠠᠴᠢᠮ ᠡᠪᠡᠳᠴᠢᠨ ᠢ ᠠᠷᠭᠠᠴᠠᠭᠠᠬᠤ ᠡᠮ ᠢ | ᠵᠣᠬᠢᠬᠤ ᠬᠡᠮᠵᠢᠶ᠎ᠡ ᠪᠠᠷ ᠨᠥᠭᠡᠴᠡᠯᠡᠪᠡᠯ ᠵᠣᠬᠢᠨ᠎ᠠ ᠂ ᠭᠡᠬᠦ ᠳᠤ ᠪᠠᠨ ᠣᠯᠠᠨ ᠵᠦᠢᠯ ᠤᠨ ᠡᠮ ᠨᠥᠭᠡᠴᠡᠯᠡᠬᠦ ᠱᠠᠭᠠᠷᠳᠠᠯᠭ᠎ᠠ ᠦᠭᠡᠢ ᠂ | ᠣᠯᠠᠨ ᠵᠦᠢᠯ ᠤᠨ ᠡᠮ ᠨᠥᠭᠡᠴᠡᠯᠡᠭᠰᠡᠨ ᠴᠦ ᠵᠣᠬᠢᠰ ᠦᠭᠡᠢ ᠬᠠᠳᠠᠭᠠᠯᠠᠭᠰᠠᠨ ᠠᠴᠠ ᠪᠣᠯᠵᠤ ᠬᠡᠦᠬᠡᠳ ᠪᠤᠷᠤᠭᠤ ᠡᠮ ᠢ | ᠠᠳᠡᠭᠦᠷᠡᠨ ᠬᠡᠷᠡᠭᠯᠡᠵᠦ ᠮᠡᠳᠡᠨ᠎ᠡ ᠃ | ᠨᠥᠭᠡᠴᠡᠯᠡᠬᠦ ᠴᠢᠬᠤᠯᠠᠲᠠᠢ ᠡᠮ ᠠᠴᠠ ᠲᠠᠨᠢᠯᠴᠠᠭᠤᠯᠪᠠᠯ ᠂ ᠨᠢᠭᠡᠳᠦᠭᠡᠷ ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ ᠂ | ᠬᠡᠦᠬᠡᠳ ᠬᠠᠯᠠᠭᠤᠷᠠᠬᠤ ᠨᠢ ᠦᠷᠭᠦᠯᠵᠢ ᠲᠣᠬᠢᠶᠠᠯᠳᠤᠳᠠᠭ ᠶᠠᠪᠤᠳᠠᠯ ᠪᠠᠶᠢᠵᠤ ᠂ 6 ᠰᠠᠷ᠎ᠠ ᠠᠴᠠ ᠳᠡᠭᠡᠭᠰᠢᠬᠢ ᠬᠡᠦᠬᠡᠳ ᠲᠤ | ᠪᠢᠳᠡ ᠢᠪᠦ᠋ᠫᠷᠣᠹᠧᠨ ᠂ ᠫᠠᠷᠠᠽᠧᠲ᠋ᠠᠮᠣᠯ ᠢ ᠰᠣᠩᠭᠤᠵᠤ ᠪᠣᠯᠣᠨ᠎ᠠ ᠂ ᠡᠭᠦᠨ ᠤ ᠳᠣᠲᠣᠷ᠎ᠠ ᠠᠴᠠ ᠨᠢᠭᠡ ᠵᠦᠢᠯ ᠨᠢ ᠪᠠᠶᠢᠪᠠᠯ | ᠪᠣᠯᠴᠢᠬᠠᠨ᠎ᠠ ᠃ 2 ᠰᠠᠷ᠎ᠠ ᠠᠴᠠ 6 ᠰᠠᠷ᠎ᠠ ᠲᠠᠢ ᠬᠡᠦᠬᠡᠳ ᠲᠤ ᠢᠪᠦ᠋ᠫᠷᠣᠹᠧᠨ ᠢ ᠬᠡᠷᠡᠭᠯᠡᠬᠦ ᠳᠤ ᠲᠣᠬᠢᠷᠠᠮᠵᠢ ᠦᠭᠡᠢ | ᠤᠴᠢᠷ ᠠᠴᠠ ᠫᠠᠷᠠᠽᠧᠲ᠋ᠠᠮᠣᠯ ᠢ ᠰᠣᠩᠭᠤᠵᠤ ᠪᠣᠯᠣᠨ᠎ᠠ ᠃ ᠬᠤᠶᠠᠷ ᠰᠠᠷ᠎ᠠ ᠠᠴᠠ ᠪᠠᠭ᠎ᠠ ᠨᠢᠷᠠᠢ ᠬᠡᠦᠬᠡᠳ ᠲᠤ ᠬᠠᠯᠠᠭᠤᠨ ᠢ | ᠪᠠᠭᠤᠷᠠᠭᠤᠯᠬᠤ ᠡᠩ ᠤᠨ ᠡᠮ ᠬᠡᠷᠡᠭᠯᠡᠬᠦ ᠶᠢ ᠵᠥᠪᠯᠡᠬᠦ ᠦᠭᠡᠢ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ | ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ ᠃ | ᠪᠠᠰᠠ ᠬᠠᠯᠠᠭᠤᠷᠠᠬᠤ ᠂ ᠬᠠᠨᠢᠶᠠᠯᠭᠠᠬᠤ ᠮᠡᠲᠦ ᠶᠢᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠪᠠᠶᠢᠳᠠᠯ ᠢ ᠰᠡᠷᠭᠡᠶᠢᠯᠡᠬᠦ ᠳᠤ | ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠡᠮ ᠨᠥᠭᠡᠴᠡᠯᠡᠵᠦ ᠪᠣᠯᠣᠨ᠎ᠠ ᠃ ᠬᠠᠨᠢᠶᠠᠯᠭᠠᠬᠤ ᠨᠢ ᠠᠮᠢᠰᠬᠤᠯ ᠤᠨ | ᠵᠠᠮ ᠤᠨ ᠰᠢᠭᠦᠷᠡᠳᠡᠰᠦ ᠶᠢ ᠭᠠᠳᠠᠭᠰᠢᠯᠠᠭᠤᠯᠬᠤ ᠳᠤ ᠲᠤᠰᠠᠲᠠᠢ ᠪᠠᠶᠢᠵᠤ ᠂ ᠬᠡᠦᠬᠡᠳ ᠬᠡᠷᠪᠡ ᠬᠥᠩᠭᠡᠨ ᠬᠠᠨᠢᠶᠠᠯᠭᠠᠵᠤ ᠪᠠᠶᠢᠪᠠᠯ | ᠡᠮ ᠬᠡᠷᠡᠭᠯᠡᠬᠦ ᠶᠢ ᠵᠥᠪᠯᠡᠬᠦ ᠦᠭᠡᠢ ᠂ ᠬᠡᠷᠪᠡ ᠬᠠᠮᠠᠷ ᠨᠢ ᠪᠢᠲᠡᠭᠦᠷᠡᠵᠦ ᠂ ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ ᠂ | ᠬᠠᠮᠠᠷ ᠢ ᠨᠢ ᠤᠬᠢᠶᠠᠵᠤ ᠪᠣᠯᠣᠨ᠎ᠠ ᠃ ᠡᠶᠢᠮᠦ ᠠᠴᠠ ᠭᠡᠷ ᠲᠤ ᠪᠠᠨ ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ | ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ ᠂ ᠢᠩᠭᠢᠪᠡᠯ ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ ᠃ | ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ ᠂ | ᠡᠭᠦᠨ ᠳᠤ ᠬᠡᠦᠬᠡᠳ ᠤᠨ ᠨᠠᠰᠤ ᠶᠢ ᠦᠨᠳᠦᠰᠦᠯᠡᠨ ᠂ ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ ᠃ ᠭᠡᠪᠡᠴᠦ | ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ | ᠰᠠᠨᠠᠭᠤᠯᠵᠤ ᠪᠠᠶᠢᠨ᠎ᠠ ᠃ | | ᠬᠡᠦᠬᠡᠳ ᠲᠤ ᠡᠮ ᠬᠡᠷᠡᠭᠯᠡᠬᠦ ᠳᠤ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠣᠢ︖ | ᠬᠡᠦᠬᠡᠳ ᠲᠤ ᠡᠮ ᠬᠡᠷᠡᠭᠯᠡᠬᠦ ᠳᠤ ᠪᠠᠰᠠ ᠠᠩᠬᠠᠷᠬᠤ ᠵᠦᠢᠯ ᠪᠠᠶᠢᠳᠠᠭ ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ ᠡᠮ ᠶᠢ | ᠬᠡᠷᠡᠭᠯᠡᠬᠦ ᠳᠤ ᠪᠠᠨ ᠂ ᠬᠤᠶᠠᠷ ᠵᠦᠢᠯ ᠤᠨ ᠡᠮ ᠢ ᠬᠠᠮᠲᠤ ᠳᠤ ᠨᠢ ᠤᠤᠭᠤᠯᠭᠠᠵᠤ ᠪᠣᠯᠬᠤ ᠦᠭᠡᠢ ᠂ ᠪᠠᠰᠠ ᠡᠭᠡᠯᠵᠢᠯᠡᠨ | ᠤᠤᠭᠤᠬᠤ ᠴᠢᠬᠤᠯᠠ ᠦᠭᠡᠢ ᠃ ᠲᠣᠳᠣᠷᠬᠠᠶᠢᠯᠠᠯᠲᠠ ᠶᠢᠨ ᠪᠢᠴᠢᠭ ᠲᠤ ᠨᠢ ᠵᠢᠭᠠᠭᠰᠠᠨ ᠲᠣᠬᠢᠷᠠᠬᠤ ᠨᠠᠰᠤᠨ ᠤ ᠠᠩᠭᠢᠯᠠᠯ | ᠰᠠᠨᠠᠭᠤᠯᠵᠤ ᠪᠠᠶᠢᠭ᠎ᠠ ᠲᠤᠩ ᠬᠡᠮᠵᠢᠶ᠎ᠡ ᠪᠤᠶᠤ ᠡᠮᠴᠢ ᠶᠢᠨ ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ ᠤᠳᠠᠭ᠎ᠠ ᠪᠦᠷᠢ ᠶᠢᠨ | ᠬᠤᠭᠤᠷᠣᠨᠳᠤᠬᠢ ᠠᠯᠤᠰᠯᠠᠬᠤ ᠴᠠᠭ ᠢ ᠠᠩᠬᠠᠷᠬᠤ ᠬᠡᠷᠡᠭᠲᠡᠢ ᠃ | ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ ᠲᠠᠭᠠᠮᠠᠭᠯᠠᠯ ᠢᠶᠠᠷ ᠢᠶᠠᠨ ᠬᠡᠦᠬᠡᠳ ᠲᠤ ᠪᠠᠨ ᠡᠮ ᠬᠡᠷᠡᠭᠯᠡᠵᠦ ᠪᠣᠯᠬᠤ | ᠦᠭᠡᠢ ᠂ ᠤᠴᠢᠷ ᠨᠢ ᠬᠡᠦᠬᠡᠳ ᠤᠨ ᠡᠷᠬᠡᠲᠡᠨ ᠤ ᠪᠤᠶᠢᠵᠢᠯᠲᠠ ᠨᠢ ᠲᠡᠳᠦᠢ ᠪᠣᠯᠪᠠᠰᠤᠷᠠᠩᠭᠤᠢ ᠪᠢᠰᠢ ᠪᠣᠯᠬᠤᠷ ᠡᠮ | ᠬᠡᠷᠡᠭᠯᠡᠬᠦ ᠳᠤ ᠪᠠᠨ ᠨᠡᠩ ᠳᠦᠷᠢᠮᠵᠢᠭᠦᠨ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ ᠃ ᠣᠳᠣ ᠮᠠᠰᠢ ᠣᠯᠠᠨ ᠡᠮᠨᠡᠯᠭᠡ ᠶᠢᠨ | ᠬᠤᠷᠢᠶ᠎ᠠ ᠨᠢ ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ ᠂ ᠥᠪᠡᠷ ᠢᠶᠠᠨ ᠰᠢᠢᠳᠴᠦ ᠴᠢᠳᠠᠬᠤ ᠦᠭᠡᠢ | ᠦᠶ᠎ᠡ ᠳᠤ ᠂ ᠪᠢᠳᠡ ᠪᠠᠰᠠ ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ ᠮᠡᠷᠭᠡᠵᠢᠯᠲᠡᠨ ᠤ ᠡᠮ ᠬᠡᠷᠡᠭᠯᠡᠬᠦ | ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ ᠪᠣᠯᠣᠨ᠎ᠠ ᠃ | | ᠬᠡᠦᠬᠡᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ ᠪᠣᠢ ︖ | ᠬᠡᠦᠬᠡᠳ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ ᠬᠥᠮᠥᠨ ᠤ ᠬᠢ ᠲᠠᠢ | ᠠᠳᠠᠯᠢᠪᠲᠤᠷ ᠪᠠᠶᠢᠵᠤ ᠂ ᠮᠥᠨ ᠴᠦ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠢᠯᠡᠷᠡᠯ ᠪᠣᠯᠣᠨ᠎ᠠ ᠃ | ᠡᠭᠦᠨ ᠳᠤ ᠬᠠᠯᠠᠭᠤᠷᠠᠬᠤ ᠂ ᠬᠠᠨᠢᠶᠠᠯᠭᠠᠬᠤ ᠂ ᠨᠢᠰᠤ ᠭᠤᠭᠤᠵᠢᠬᠤ ᠂ ᠬᠠᠮᠠᠷ ᠪᠢᠲᠡᠭᠦᠷᠡᠬᠦ ᠵᠡᠷᠭᠡ ᠢᠯᠡᠷᠡᠯ ᠭᠠᠷᠴᠤ ᠂ ᠡᠨᠡ ᠨᠢ | ᠣᠯᠠᠩᠬᠢ ᠬᠡᠦᠬᠡᠳ ᠤᠨ ᠢᠯᠡᠷᠡᠯ ᠪᠣᠯᠣᠨ᠎ᠠ ᠃ ᠪᠠᠰᠠ ᠨᠢᠭᠡ ᠪᠦᠯᠦᠭ ᠨᠢ ᠲᠠᠮᠢᠷᠳᠠᠬᠤ ᠂ ᠬᠤᠭᠤᠯᠠᠨ ᠤ ᠳᠤᠷᠠᠰᠢᠯ ᠮᠠᠭᠤᠳᠠᠬᠤ ᠂ | ᠪᠥᠭᠡᠯᠵᠢᠬᠦ ᠂ ᠴᠢᠨᠠᠭᠰᠢᠯᠠᠪᠠᠯ ᠰᠠᠭᠤᠯᠭᠠᠬᠤ ᠵᠡᠷᠭᠡ ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ ᠃ ᠪᠠᠰᠠ | ᠵᠠᠷᠢᠮ ᠬᠡᠦᠬᠡᠳ ᠤᠨ ᠠᠮᠢᠰᠬᠤᠭ᠎ᠠ ᠨᠢ ᠳᠠᠪᠬᠤᠴᠠᠵᠤ ᠂ ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ ᠃ | ᠭᠡᠪᠡᠴᠦ ᠬᠡᠦᠬᠡᠳ ᠤᠳ ᠤᠨ ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ ᠨᠡᠯᠢᠶᠡᠳ ᠶᠡᠭᠡ ᠪᠠᠶᠢᠵᠤ ᠂ ᠵᠠᠷᠢᠮ ᠬᠡᠦᠬᠡᠳ ᠨᠢ | ᠨᠡᠯᠢᠶᠡᠳ ᠥᠨᠳᠥᠷ ᠬᠠᠯᠠᠭᠤᠷᠠᠵᠤ ᠂ ᠴᠢᠨᠠᠭᠰᠢᠯᠠᠪᠠᠯ 39 ᠭᠷᠡᠳᠦ᠋ᠰ ᠢ ᠳᠠᠪᠠᠨ ᠂ 40 ᠭᠷᠡᠳᠦ᠋ᠰ ᠴᠦ ᠬᠦᠷᠴᠦ ᠮᠠᠭᠠᠳ ᠂ | ᠭᠡᠪᠡᠴᠦ ᠲᠡᠳᠡᠨ ᠤ ᠬᠠᠯᠠᠭᠤᠷᠠᠬᠤ ᠬᠤᠭᠤᠴᠠᠭ᠎ᠠ ᠨᠢ ᠶᠡᠷᠦ ᠳᠤ ᠪᠠᠨ 2 ᠠᠴᠠ 3 ᠡᠳᠦᠷ ᠪᠠᠶᠢᠳᠠᠭ ᠃ ᠪᠢᠳᠡᠨ ᠤ | ᠣᠳᠣᠬᠠᠨ ᠤ ᠠᠵᠢᠭᠯᠠᠯᠲᠠ ᠪᠠᠷ 2 ᠠᠴᠠ 3 ᠡᠳᠦᠷ ᠲᠤ ᠣᠯᠠᠩᠬᠢ ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ ᠃ | ᠡᠶᠢᠮᠦ ᠠᠴᠠ ᠡᠪᠡᠳᠴᠢᠯᠡᠯᠲᠡ ᠶᠢᠨ ᠶᠠᠪᠤᠴᠠ ᠨᠢ 3 ᠠᠴᠠ 5 ᠡᠳᠦᠷ ᠣᠷᠴᠢᠮ ᠪᠠᠶᠢᠳᠠᠭ ᠂ ᠡᠨᠡ ᠨᠢ ᠣᠯᠠᠩᠬᠢ ᠬᠡᠦᠬᠡᠳ ᠤᠨ | ᠢᠯᠡᠷᠡᠯ ᠪᠠᠶᠢᠵᠤ ᠂ ᠬᠦᠨᠳᠦ ᠡᠪᠡᠳᠴᠢᠯᠡᠯᠲᠡ ᠤᠨ ᠲᠣᠬᠢᠶᠠᠯᠳᠤᠮᠵᠢ ᠨᠢ ᠮᠠᠰᠢ ᠳᠣᠣᠷ᠎ᠠ ᠃ | | ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠭᠠᠷᠪᠠᠯ ᠶᠠᠮᠠᠷ ᠪᠠᠶᠢᠳᠠᠯ ᠳᠤ ᠡᠮᠨᠡᠯᠭᠡ ᠳᠤ ᠣᠴᠢᠬᠤ ᠴᠢᠬᠤᠯᠠ ᠲᠠᠢ ᠂ ᠶᠠᠮᠠᠷ | ᠪᠠᠶᠢᠳᠠᠯ ᠳᠤ ᠣᠴᠢᠬᠤ ᠴᠢᠬᠤᠯᠠ ᠦᠭᠡᠢ ᠪᠣᠢ︖ | ᠬᠠᠮᠤᠭ ᠤᠨ ᠳᠥᠭᠦᠮ ᠢᠯᠭᠠᠬᠤ ᠠᠷᠭ᠎ᠠ ᠭᠡᠪᠡᠯ ᠂ ᠪᠢᠳᠡ ᠵᠠᠪᠠᠯ ᠬᠡᠦᠬᠡᠳ ᠤᠨ ᠴᠤᠭ ᠰᠦᠯᠳᠡ ᠶᠢ ᠨᠢ ᠦᠵᠡᠬᠦ ᠬᠡᠷᠡᠭᠲᠡᠢ ᠂ | ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ ᠨᠡᠯᠢᠶᠡᠳ ᠴᠤᠭ ᠵᠢᠪᠬᠤᠭ᠎ᠠ ᠲᠠᠢ ᠂ ᠢᠯᠠᠩᠭᠤᠶ᠎ᠠ ᠬᠠᠯᠠᠭᠤᠨ | ᠨᠢ ᠪᠠᠭᠤᠷᠠᠭᠰᠠᠨ ᠤ ᠳᠠᠷᠠᠭ᠎ᠠ ᠢᠳᠡᠬᠦ ᠤᠤᠭᠤᠬᠤ ᠨᠠᠭᠠᠳᠬᠤ ᠨᠢ ᠬᠡᠪ ᠤᠨ ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ | ᠰᠠᠨᠳᠤᠷᠤᠭᠰᠠᠨ ᠤ ᠬᠡᠷᠡᠭ ᠦᠭᠡᠢ ᠂ ᠮᠥᠨ ᠴᠦ ᠳᠠᠷᠤᠶᠢᠬᠠᠨ ᠡᠮᠨᠡᠯᠭᠡ ᠳᠤ ᠣᠴᠢᠵᠤ ᠡᠮᠨᠡᠭᠦᠯᠬᠦ ᠴᠢᠬᠤᠯᠠ ᠦᠭᠡᠢ ᠂ | ᠭᠡᠷ ᠲᠤ ᠪᠠᠨ ᠦᠷᠭᠦᠯᠵᠢᠯᠡᠨ ᠠᠵᠢᠭᠯᠠᠵᠤ ᠂ ᠡᠪᠡᠳᠴᠢᠨ ᠤ ᠢᠯᠡᠷᠡᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ | ᠪᠣᠯᠴᠢᠬᠠᠨ᠎ᠠ ᠃ | ᠭᠡᠪᠡᠴᠦ ᠳᠣᠣᠷᠠᠬᠢ ᠮᠡᠲᠦ ᠬᠡᠳᠦᠨ ᠵᠦᠢᠯ ᠤᠨ ᠢᠯᠡᠷᠡᠯ ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ ᠂ | ᠵᠢᠱᠢᠶᠡᠯᠡᠪᠡᠯ ᠂ 3 ᠡᠳᠦᠷ ᠠᠴᠠ ᠳᠡᠭᠡᠭᠰᠢ ᠬᠠᠯᠠᠭᠤᠷᠠᠵᠤ ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ ᠣᠴᠢᠪᠠᠯ | ᠵᠣᠬᠢᠨ᠎ᠠ︔ ᠳᠠᠬᠢᠪᠠᠯ ᠬᠡᠦᠬᠡᠳ ᠴᠤᠭ ᠰᠦᠯᠳᠡ ᠦᠭᠡᠢ ᠂ ᠥᠭᠡᠷ᠎ᠡ ᠪᠠᠷ ᠬᠡᠯᠡᠪᠡᠯ ᠬᠠᠯᠠᠭᠤᠨ ᠨᠢ ᠪᠠᠭᠤᠷᠠᠭᠰᠠᠨ ᠴᠤ ᠴᠤᠭ | ᠰᠦᠯᠳᠡ ᠦᠭᠡᠢ ᠪᠠᠶᠢᠬᠤ ᠂ ᠡᠭᠦᠨ ᠳᠤ ᠨᠢᠷᠠᠢ ᠬᠡᠦᠬᠡᠳ ᠵᠠᠷᠢᠮ ᠳᠤ ᠪᠠᠨ ᠤᠬᠢᠯᠠᠨ ᠪᠤᠬᠢᠨᠢᠳᠤᠵᠤ ᠲᠠᠶᠢᠳᠬᠤᠷᠠᠭᠤᠯᠬᠤ ᠳᠤ | ᠬᠡᠴᠡᠭᠦᠦ ᠂ ᠲᠣᠮᠣ ᠬᠡᠦᠬᠡᠳ ᠳᠠᠩᠳᠠ ᠤᠨᠲᠠᠵᠤ ᠂ ᠴᠤᠭ ᠰᠦᠯᠳᠡ ᠦᠭᠡᠢ ᠂ ᠴᠢᠷᠠᠢ ᠶᠢᠨ ᠥᠩᠭᠡ ᠨᠢ ᠪᠠᠷᠤᠭᠲᠠᠢ ᠂ | ᠡᠶᠢᠮᠦᠷᠬᠦᠦ ᠪᠠᠶᠢᠳᠠᠯ ᠳᠤ ᠪᠡᠶ᠎ᠡ ᠶᠢᠨ ᠬᠠᠯᠠᠭᠤᠨ ᠤ ᠥᠨᠳᠥᠷ ᠳᠣᠣᠷ᠎ᠠ ᠶᠢ ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ | ᠡᠮᠴᠢᠯᠡᠭᠦᠯᠬᠦ ᠬᠡᠷᠡᠭᠲᠡᠢ︔ ᠪᠠᠰᠠ ᠵᠠᠷᠢᠮ ᠪᠠᠶᠢᠳᠠᠯ ᠳᠤ ᠬᠠᠨᠢᠶᠠᠯᠭᠠᠬᠤ ᠨᠢ ᠠᠬᠠᠳᠠᠬᠤ ᠪᠠ ᠣᠯᠠᠰᠢᠷᠠᠵᠤ ᠂ ᠡᠳᠦᠷ | ᠲᠤᠲᠤᠮ ᠤᠨ ᠠᠮᠢᠳᠤᠷᠠᠯ ᠪᠠ ᠤᠨᠲᠠᠵᠤ ᠠᠮᠠᠷᠠᠬᠤ ᠶᠢ ᠨᠢ ᠨᠥᠯᠥᠭᠡᠯᠡᠬᠦ ᠳᠤ ᠬᠦᠷᠪᠡᠯ ᠳᠠᠷᠤᠢ ᠡᠮᠨᠡᠯᠭᠡ ᠳᠤ ᠣᠴᠢᠵᠤ | ᠡᠮᠨᠡᠭᠦᠯᠬᠦ ᠬᠡᠷᠡᠭᠲᠡᠢ︔ ᠡᠭᠦᠨ ᠠᠴᠠ ᠭᠠᠳᠠᠨ᠎ᠠ ᠪᠠᠰᠠ ᠵᠠᠷᠢᠮ ᠬᠡᠦᠬᠡᠳ ᠠᠮᠢᠰᠬᠤᠭᠠᠳᠠᠬᠤ ᠂ ᠠᠮᠢᠰᠬᠤᠭ᠎ᠠ ᠨᠢ ᠲᠦᠷᠭᠡᠰᠴᠦ ᠂ | ᠴᠢᠨᠠᠭᠰᠢᠯᠠᠭᠠᠳ ᠠᠮᠢᠰᠬᠤᠯ ᠴᠢᠬᠤᠯᠳᠠᠬᠤ ᠂ ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ ᠢᠯᠡᠷᠡᠯ ᠭᠠᠷᠪᠠᠯ | ᠲᠥᠪᠥᠩᠬᠡᠢ ᠶᠢᠨ ᠦᠷᠪᠢᠰᠦᠯ ᠂ ᠮᠥᠭᠡᠷᠰᠦᠨ ᠬᠤᠭᠤᠯᠠᠢ ᠶᠢᠨ ᠦᠷᠪᠢᠰᠦᠯ ᠪᠠᠶᠢᠵᠤ ᠮᠠᠭᠠᠳ ᠤᠴᠢᠷ ᠠᠴᠠ ᠴᠠᠭ ᠲᠤᠬᠠᠢ ᠳᠤ | ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ ᠦᠭᠡᠢ ᠤᠬᠠᠭᠠᠨ ᠠᠯᠳᠠᠵᠤ ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ ᠳᠠᠷᠤᠶᠢᠬᠠᠨ | ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ ᠃ | ᠣᠨᠴᠠᠭᠠᠶᠢᠯᠠᠨ ᠠᠩᠬᠠᠷᠤᠭᠤᠰᠢᠲᠠᠢ ᠨᠢ ᠂ ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ ᠭᠤᠷᠪᠠᠨ | ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ ᠂ ᠬᠡᠷᠪᠡ ᠬᠠᠯᠠᠭᠤᠷᠠᠬᠤ | ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ ᠣᠴᠢᠵᠤ ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ ᠃ | | ᠨᠠᠰᠤᠲᠠᠶᠢᠴᠤᠳ | ᠨᠠᠰᠤᠲᠠᠶᠢᠴᠤᠳᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠪᠣᠢ︖ | ᠡᠩ ᠲᠡᠷᠢᠭᠦᠨ ᠳᠤ ᠂ ᠸᠠᠺᠼᠢᠨ ᠳᠠᠷᠢᠬᠤ ᠬᠡᠷᠡᠭᠲᠡᠢ ᠃ ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ | ᠴᠢᠩᠭᠠᠳᠬᠠᠭᠰᠠᠨ ᠸᠠᠺᠼᠢᠨ ᠤ ᠲᠠᠷᠢᠯᠭ᠎ᠠ ᠬᠢᠬᠦ ᠵᠡᠷᠭᠡ ᠶᠢ ᠪᠠᠭᠲᠠᠭᠠᠨ᠎ᠠ ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠂ | ᠨᠠᠰᠤᠲᠠᠶᠢᠴᠤᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ ᠪᠣᠯᠣᠨ᠎ᠠ ᠃ | ᠬᠤᠶᠠᠳᠤᠭᠠᠷ ᠲᠤ ᠂ ᠣᠲᠣ ᠶᠢᠨ ᠪᠠᠶᠢᠳᠠᠯ ᠳᠣᠣᠷ᠎ᠠ ᠂ ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ | ᠪᠠᠶᠢᠨ᠎ᠠ ᠂ ᠢᠯᠠᠩᠭᠤᠶ᠎ᠠ ᠬᠥᠮᠥᠨ ᠣᠯᠠᠨ ᠴᠤᠭᠯᠠᠷᠠᠳᠠᠭ ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ | ᠬᠦᠰᠡᠵᠦ ᠪᠠᠶᠢᠨ᠎ᠠ ᠂ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠠᠮᠠᠪᠴᠢ ᠪᠠᠨ ᠰᠠᠶᠢᠲᠤᠷ ᠵᠡᠭᠦᠬᠦ ᠬᠡᠷᠡᠭᠲᠡᠢ ᠃ ᠡᠭᠦᠨ ᠠᠴᠠ | ᠭᠠᠳᠠᠨ᠎ᠠ ᠂ ᠪᠦᠬᠦᠶᠢᠯᠡ ᠶᠠᠪᠤᠴᠠ ᠳᠤ ᠂ ᠭᠠᠳᠠᠭᠠᠳᠤ ᠣᠷᠴᠢᠨ ᠲᠠᠢ ᠣᠶᠢᠷᠠᠳᠬᠤ ᠪᠠᠨ ᠠᠯᠢ ᠴᠢᠳᠠᠬᠤ ᠪᠠᠷ ᠪᠠᠭᠠᠰᠬᠠᠵᠤ ᠂ | ᠪᠤᠴᠠᠵᠤ ᠢᠷᠡᠪᠡᠯ ᠭᠠᠷ ᠢᠶᠠᠨ ᠵᠠᠪᠠᠯ ᠤᠬᠢᠶᠠᠬᠤ ᠬᠡᠷᠡᠭᠲᠡᠢ ᠃ | ᠭᠤᠷᠪᠠᠳᠤᠭᠠᠷ ᠲᠤ ᠂ ᠢᠯᠡᠭᠦᠬᠡᠨ ᠰᠠᠯᠬᠢ ᠨᠡᠪᠲᠡᠷᠡᠭᠦᠯᠦᠨ᠎ᠡ ᠃ ᠣᠲᠣ ᠶᠠᠭ ᠡᠪᠦᠯ ᠤᠨ ᠤᠯᠠᠷᠢᠯ ᠪᠣᠯᠵᠤ ᠂ ᠢᠯᠠᠩᠭᠤᠶ᠎ᠠ | ᠤᠮᠠᠷᠠᠲᠤ ᠣᠷᠣᠨ ᠤ ᠠᠭᠤᠷ ᠠᠮᠢᠰᠬᠤᠯ ᠨᠡᠯᠢᠶᠡᠳ ᠬᠦᠢᠲᠡᠨ ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ | ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ ᠠᠩᠬᠠᠷᠴᠤ ᠂ ᠨᠠᠰᠤᠲᠠᠶᠢᠴᠤᠳ ᠢ ᠥᠭᠡᠷ᠎ᠡ ᠨᠢᠭᠡ ᠥᠷᠥᠭᠡᠨ ᠳᠤ | ᠣᠷᠣᠭᠤᠯᠵᠤ ᠪᠣᠯᠣᠨ᠎ᠠ ᠂ ᠰᠠᠯᠬᠢ ᠨᠡᠪᠲᠡᠷᠡᠭᠦᠯᠦᠭᠰᠡᠨ ᠤ ᠳᠠᠷᠠᠭ᠎ᠠ ᠂ ᠭᠡᠷ ᠤᠨ ᠳᠤᠯᠠᠭᠠᠨ ᠬᠡᠪ ᠤᠨ ᠪᠠᠶᠢᠳᠠᠯ ᠳᠤ ᠪᠠᠨ | ᠣᠷᠣᠭᠰᠠᠨ ᠤ ᠳᠠᠷᠠᠭ᠎ᠠ ᠨᠠᠰᠤᠲᠠᠶᠢᠴᠤᠳ ᠢ ᠰᠠᠶ᠋ᠢ ᠲᠣᠰ ᠥᠷᠥᠭᠡᠨ ᠳᠤ ᠨᠢ ᠪᠤᠴᠠᠭᠠᠨ᠎ᠠ ᠃ | ᠳᠥᠷᠪᠡᠳᠦᠭᠡᠷ ᠲᠤ ᠂ ᠨᠠᠰᠤᠲᠠᠶᠢᠴᠤᠳ ᠲᠤ ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ ᠂ | ᠰᠠᠭᠤᠷᠢ ᠡᠪᠡᠳᠴᠢᠨ ᠢ ᠣᠳᠣᠬᠢ ᠱᠠᠲᠤᠨ ᠳᠤ ᠵᠠᠪᠠᠯ ᠰᠠᠶᠢᠲᠤᠷ ᠡᠵᠡᠮᠳᠡᠵᠦ ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ | ᠠᠶᠤᠭᠠᠳ ᠡᠮ ᠢᠶᠠᠨ ᠵᠣᠭᠰᠣᠭᠠᠵᠤ ᠪᠣᠯᠬᠤ ᠦᠭᠡᠢ ᠂ ᠡᠯ᠎ᠡ ᠵᠦᠢᠯ ᠤᠨ ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ | ᠲᠥᠷᠥᠯ ᠰᠠᠳᠤᠨ ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ ᠠᠪᠤᠭᠤᠯᠵᠤ ᠪᠣᠯᠣᠨ᠎ᠠ ᠃ | ᠲᠠᠪᠤᠳᠤᠭᠠᠷ ᠲᠤ ᠂ ᠨᠠᠰᠤᠲᠠᠶᠢᠴᠤᠳ ᠣᠶᠢᠷ᠎ᠠ ᠶᠢᠨ ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ ᠠᠮᠢᠳᠤᠷᠠᠵᠤ ᠂ | ᠬᠡᠲᠦᠷᠬᠡᠢ ᠰᠠᠨᠳᠤᠷᠬᠤ ᠬᠡᠷᠡᠭ ᠦᠭᠡᠢ ᠃ ᠵᠢᠮ᠎ᠡ ᠶᠣᠰᠣ ᠲᠠᠢ ᠪᠠᠷ ᠤᠨᠲᠠᠵᠤ ᠠᠮᠠᠷᠠᠨ ᠂ ᠰᠢᠮ᠎ᠡ ᠲᠡᠵᠢᠭᠡᠯ ᠢᠶᠠᠨ ᠪᠠᠲᠤᠯᠠᠬᠤ | ᠬᠡᠷᠡᠭᠲᠡᠢ ᠂ ᠭᠡᠪᠡᠴᠦ ᠬᠡᠲᠦᠷᠡᠲᠡᠯ᠎ᠡ ᠢᠳᠡᠵᠦ ᠤᠤᠭᠤᠵᠤ ᠪᠣᠯᠬᠤ ᠦᠭᠡᠢ ᠃ ᠡᠭᠦᠨ ᠠᠴᠠ ᠭᠠᠳᠠᠨ᠎ᠠ ᠂ ᠠᠷᠢᠬᠢ ᠡᠳ᠋ᠯᠡᠬᠦ ᠪᠠᠨ | ᠠᠯᠢ ᠴᠢᠳᠠᠬᠤ ᠪᠠᠷ ᠪᠠᠭᠠᠰᠬᠠᠨ᠎ᠠ ᠃ ᠬᠡᠷᠪᠡ ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ | ᠣᠶᠢᠷ᠎ᠠ ᠶᠢᠨ ᠬᠤᠭᠤᠴᠠᠭᠠᠨ ᠳᠤ ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ ᠂ ᠸᠢᠷᠦ᠋ᠰ ᠯᠡᠪᠡᠷᠡᠬᠦ | ᠲᠣᠬᠢᠶᠠᠯ ᠢ ᠪᠠᠭᠠᠰᠬᠠᠵᠤ ᠪᠣᠯᠣᠨ᠎ᠠ ᠃ | | ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ | ᠬᠡᠷᠬᠢᠨ ᠰᠠᠶᠢᠲᠤᠷ ᠬᠠᠮᠠᠭᠠᠯᠠᠬᠤ ᠪᠣᠶ︖ | ᠬᠡᠷᠪᠡ ᠬᠠᠮᠲᠤ ᠠᠮᠢᠳᠤᠷᠠᠵᠤ ᠪᠠᠶᠢᠭ᠎ᠠ ᠬᠥᠮᠥᠨ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠂ | ᠨᠠᠰᠤᠲᠠᠶᠢᠴᠤᠳ ᠤᠨ ᠸᠢᠷᠦ᠋ᠰ ᠲᠠᠢ ᠣᠶᠢᠷᠠᠳᠬᠤ ᠲᠣᠬᠢᠶᠠᠯ ᠢ ᠠᠯᠢ ᠴᠢᠳᠠᠬᠤ ᠪᠠᠷ ᠪᠠᠭᠠᠰᠬᠠᠬᠤ ᠪᠣᠯ ᠬᠠᠮᠤᠭ ᠤᠨ ᠴᠢᠬᠤᠯᠠ | ᠵᠠᠷᠴᠢᠮ ᠪᠣᠯᠣᠨ᠎ᠠ ᠃ ᠬᠡᠷᠪᠡ ᠨᠥᠬᠦᠴᠡᠯ ᠲᠠᠢ ᠪᠣᠯ ᠨᠠᠰᠤᠲᠠᠶᠢᠴᠤᠳ ᠢ ᠥᠭᠡᠷ᠎ᠡ ᠨᠢᠭᠡ ᠣᠷᠣᠨ ᠰᠠᠭᠤᠴᠠ ᠳ᠋ᠤ᠋ᠠᠪᠠᠴᠢᠨ | ᠰᠠᠭᠤᠯᠭᠠᠵᠤ ᠪᠣᠯᠣᠨ᠎ᠠ ᠃ ᠬᠡᠷᠪᠡ ᠨᠥᠬᠦᠴᠡᠯ ᠦᠭᠡᠢ ᠪᠣᠯ ᠨᠢᠭᠡᠨ ᠲᠤᠰᠠᠭᠠᠷ ᠦᠷᠦᠭᠡ ᠭᠠᠷᠭᠠᠵᠤ ᠂ ᠡᠭᠦᠳᠡ ᠪᠠᠨ ᠰᠠᠶᠢᠲᠤᠷ | ᠬᠠᠭᠠᠵᠤ ᠂ ᠰᠠᠯᠬᠢ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ ᠃ ᠰᠠᠯᠬᠢ ᠨᠡᠪᠲᠡᠷᠡᠭᠦᠯᠬᠦ ᠳᠤ ᠠᠩᠬᠠᠷᠬᠤ ᠵᠦᠢᠯ ᠨᠢ ᠳᠡᠭᠡᠷ᠎ᠡ | ᠳᠤᠷᠠᠳᠤᠭᠰᠠᠨ ᠲᠠᠢ ᠠᠳᠠᠯᠢ ᠶᠤᠮ ᠃ ᠪᠠᠰᠠ ᠨᠢᠭᠡ ᠵᠦᠢᠯ ᠭᠡᠪᠡᠯ ᠂ ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠬᠤ | ᠬᠡᠷᠡᠭᠲᠡᠢ ᠂ ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ ᠲᠣᠭᠤᠷᠢᠨ ᠳᠤ ᠂ ᠵᠢᠱᠢᠶᠡᠯᠡᠪᠡᠯ ᠵᠣᠷᠯᠣᠩ ᠂ ᠡᠭᠦᠳᠡᠨ ᠤ | ᠪᠠᠷᠢᠭᠤᠯ ᠂ ᠤᠰᠤᠨ ᠴᠣᠷᠭᠤ ᠳᠤ ᠡᠪᠡᠳᠴᠢᠲᠡᠨ ᠬᠦᠷᠦᠯᠴᠡᠭᠰᠡᠨ ᠤ ᠳᠠᠷᠠᠭ᠎ᠠ ᠵᠠᠪᠠᠯ ᠠᠷᠢᠭᠤᠳᠬᠠᠬᠤ ᠬᠡᠷᠡᠭᠲᠡᠢ ᠃ | ᠡᠭᠦᠨ ᠠᠴᠠ ᠭᠠᠳᠠᠨ᠎ᠠ ᠂ ᠨᠠᠰᠤᠲᠠᠶᠢᠴᠤᠳ ᠤᠨ ᠪᠠᠶᠢᠳᠠᠯ ᠤᠨ ᠬᠤᠪᠢᠷᠠᠯᠲᠠ ᠶᠢ ᠠᠩᠬᠠᠷᠴᠤ ᠂ ᠬᠡᠷᠪᠡ ᠠᠰᠠᠭᠤᠳᠠᠯ ᠭᠠᠷᠪᠠᠯ | ᠡᠷᠲᠡᠬᠡᠨ ᠢᠯᠭᠠᠨ ᠲᠣᠳᠣᠯᠠᠵᠤ ᠂ ᠡᠷᠲᠡᠬᠡᠨ ᠣᠨᠣᠰᠢᠯᠠᠬᠤ ᠬᠡᠷᠡᠭᠲᠡᠢ ᠃ | | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖ | ᠨᠢᠭᠡᠳᠦᠭᠡᠷ ᠲᠤ ᠂ ᠨᠠᠰᠤᠲᠠᠶᠢᠴᠤᠳ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠂ | ᠶᠠᠭᠤᠨ ᠤ ᠡᠮᠦᠨ᠎ᠡ ᠠᠵᠢᠭᠯᠠᠯᠲᠠ ᠪᠠ ᠬᠢᠨᠠᠨ ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ ᠃ | ᠬᠤᠶᠠᠳᠤᠭᠠᠷ ᠲᠤ ᠂ ᠡᠳᠦᠷ ᠲᠤᠲᠤᠮ ᠤᠨ ᠰᠤᠪᠢᠯᠠᠯᠲᠠ ᠶᠢ ᠴᠢᠩᠭᠠᠳᠬᠠᠬᠤ ᠬᠡᠷᠡᠭᠲᠡᠢ ᠂ ᠡᠨᠡ ᠬᠦ ᠡᠳᠦᠷ ᠲᠤᠲᠤᠮ ᠤᠨ | ᠰᠤᠪᠢᠯᠠᠯᠲᠠ ᠳᠤ ᠬᠠᠷᠠᠰᠣ ᠢᠳᠡᠭᠡᠨ ᠤᠮᠳᠠᠭᠠᠨ ᠢ ᠪᠠᠭᠲᠠᠭᠠᠨ᠎ᠠ ᠃ ᠨᠠᠰᠤᠲᠠᠢ ᠬᠥᠮᠥᠨ ᠬᠠᠯᠳᠠᠪᠤᠷᠢᠯᠠᠭᠳᠠᠭᠰᠠᠨ ᠤ ᠳᠠᠷᠠᠭ᠎ᠠ | ᠬᠤᠳᠣᠭᠤᠳᠤ ᠭᠡᠳᠡᠰᠦᠨ ᠤ ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ ᠢᠳᠡᠵᠦ ᠣᠯᠠᠨ ᠤᠳᠠᠭ᠎ᠠ ᠬᠤᠭᠤᠯᠠᠯᠠᠵᠤ ᠂ | ᠨᠢᠭᠡ ᠤᠳᠠᠭ᠎ᠠ ᠶᠡᠭᠡ ᠬᠡᠮᠵᠢᠶ᠎ᠡ ᠪᠠᠷ ᠢᠳᠡᠭᠰᠡᠨ ᠤ ᠳᠠᠷᠠᠭ᠎ᠠ ᠪᠥᠭᠡᠯᠵᠢᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ | ᠡᠭᠦᠨ ᠠᠴᠠ ᠭᠠᠳᠠᠨ᠎ᠠ ᠨᠠᠰᠤᠲᠠᠶᠢᠴᠤᠳ ᠤᠨ ᠤᠨᠲᠠᠵᠤ ᠠᠮᠠᠷᠠᠬᠤ ᠶᠢ ᠪᠠᠲᠤᠯᠠᠬᠤ ᠬᠡᠷᠡᠭᠲᠡᠢ︔ ᠪᠠᠰᠠ ᠵᠣᠬᠢᠬᠤ ᠬᠡᠮᠵᠢᠶᠡᠨ ᠤ | ᠤᠰᠤ ᠨᠥᠬᠦᠪᠦᠷᠢᠯᠡᠬᠦ ᠬᠡᠷᠡᠭᠲᠡᠢ ᠂ ᠤᠰᠤᠨ ᠤ ᠬᠡᠮᠵᠢᠶ᠎ᠡ ᠶᠢ ᠢᠳᠡᠭᠡᠨ ᠤᠮᠳᠠᠭᠠᠨ ᠲᠠᠢ ᠠᠳᠠᠯᠢ ᠪᠠᠶᠢᠯᠭᠠᠵᠤ ᠂ ᠪᠡᠶ᠎ᠡ ᠶᠢᠨ | ᠳᠤᠯᠠᠭᠠᠨ ᠪᠠ ᠬᠥᠯᠥᠰᠦ ᠭᠠᠷᠬᠤ ᠪᠠᠶᠢᠳᠠᠯ ᠲᠠᠢ ᠨᠢ ᠤᠶᠠᠯᠳᠤᠭᠤᠯᠤᠨ ᠵᠣᠬᠢᠰᠲᠠᠢ ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ ᠃ | ᠤᠰᠤ ᠶᠢ ᠪᠠᠰᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠨᠥᠬᠦᠪᠦᠷᠢᠯᠡᠵᠦ ᠂ ᠨᠢᠭᠡ ᠤᠳᠠᠭ᠎ᠠ ᠶᠡᠭᠡ ᠬᠡᠮᠵᠢᠶᠡᠨ ᠤ ᠤᠰᠤ | ᠨᠥᠬᠦᠪᠦᠷᠢᠯᠡᠭᠡᠳ ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ ᠵᠢᠷᠦᠬᠡᠨ ᠤ ᠳᠠᠷᠤᠭᠠᠰᠤ ᠶᠢ ᠨᠢ ᠬᠦᠨᠳᠦᠷᠡᠭᠦᠯᠬᠦ ᠠᠴᠠ | ᠰᠡᠷᠭᠡᠶᠢᠯᠡᠬᠦ ᠬᠡᠷᠡᠭᠲᠡᠢ ᠃ | ᠭᠤᠷᠪᠠᠳᠤᠭᠠᠷ ᠲᠤ ᠂ ᠬᠠᠯᠠᠭᠤᠨ ᠢ ᠪᠠᠭᠤᠷᠠᠭᠤᠯᠬᠤ ᠡᠮ ᠢ ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ ᠪᠣᠯᠭᠤᠮᠵᠢᠲᠠᠢ | ᠪᠠᠶᠢᠵᠤ ᠂ ᠪᠡᠶ᠎ᠡ ᠶᠢᠨ ᠳᠤᠯᠠᠭᠠᠨ ᠨᠢ ᠬᠡᠳᠦᠢ ᠥᠨᠳᠥᠷ ᠂ ᠨᠠᠰᠤ ᠨᠢ ᠬᠡᠳᠦᠢ ᠥᠨᠳᠥᠷ ᠪᠣᠯ ᠂ ᠡᠮ ᠬᠡᠷᠡᠭᠯᠡᠬᠦ ᠳᠤ ᠪᠠᠨ ᠨᠡᠩ | ᠪᠣᠯᠭᠤᠮᠵᠢᠲᠠᠢ ᠪᠠᠶᠢᠬᠤ ᠬᠡᠷᠡᠭᠲᠡᠢ ᠃ ᠡᠭᠦᠨ ᠳᠤ 38℃ ᠲᠤ 1 ᠦᠷᠢᠯ ᠂ 39℃ ᠲᠤ 2 ᠦᠷᠢᠯ ᠭᠡᠬᠦ ᠮᠡᠲᠦ ᠪᠠᠷ | ᠬᠡᠷᠡᠭᠯᠡᠬᠦ ᠪᠢᠰᠢ ᠃ ᠬᠠᠯᠠᠭᠤᠷᠠᠬᠤ ᠨᠢ ᠬᠡᠳᠦᠢ ᠥᠨᠳᠥᠷ ᠪᠣᠯᠬᠤ ᠲᠤᠳᠤᠮ ᠂ ᠡᠮ ᠬᠡᠷᠡᠭᠯᠡᠬᠦ ᠳᠤ ᠪᠠᠨ ᠲᠡᠳᠦᠢ ᠪᠣᠯᠭᠤᠮᠵᠢᠲᠠᠢ | ᠪᠠᠶᠢᠬᠤ ᠬᠡᠷᠡᠭᠲᠡᠢ ᠃ ᠡᠨᠡ ᠨᠢ ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠰᠡᠨ ᠤ ᠳᠠᠷᠠᠭ᠎ᠠ | ᠨᠢᠭᠡ ᠤᠳᠠᠭ᠎ᠠ ᠶᠡᠭᠡ ᠬᠡᠮᠵᠢᠶᠡᠨ ᠤ ᠬᠥᠯᠥᠰᠦ ᠭᠠᠷᠬᠤ ᠠᠴᠠ ᠪᠣᠯᠵᠤ ᠲᠠᠮᠢᠷᠳᠠᠨ ᠮᠠᠨᠠᠷᠠᠬᠤ ᠪᠤᠶᠤ ᠴᠢᠨᠠᠭᠰᠢᠯᠠᠪᠠᠯ ᠴᠢᠰᠤᠨ | ᠳᠠᠷᠤᠯᠲᠠ ᠳᠣᠣᠷ᠎ᠠ ᠪᠣᠯᠬᠤ ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ ᠃ ᠡᠭᠦᠨ ᠢ ᠤᠯᠠᠨ ᠳᠤ ᠣᠨᠴᠠᠭᠠᠶᠢᠯᠠᠨ | ᠰᠠᠨᠠᠭᠤᠯᠵᠤ ᠪᠠᠶᠢᠨ᠎ᠠ ᠃ ᠡᠭᠦᠨ ᠠᠴᠠ ᠭᠠᠳᠠᠨ᠎ᠠ ᠂ ᠡᠨᠡ ᠬᠤᠭᠤᠴᠠᠭᠠᠨ ᠳᠤ ᠬᠠᠯᠠᠭᠤᠨ ᠢ ᠪᠠᠭᠤᠷᠠᠭᠤᠯᠬᠤ ᠶᠢ | ᠤᠳᠠᠭᠠᠰᠢᠷᠠᠭᠤᠯᠵᠤ ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠬᠦ ᠳᠤ ᠪᠠᠨ ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ ᠵᠠᠶᠢᠯᠠᠰᠬᠢᠨ᠎ᠡ ᠃ ᠪᠠᠰᠠ | ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ ᠵᠣᠷ ᠤᠨ ᠨᠠᠶᠢᠷᠠᠯᠭ᠎ᠠ ᠲᠠᠢ ᠪᠠᠶᠢᠵᠤ ᠂ ᠡᠰᠡᠷᠭᠦ ᠫᠠᠷᠠᠽᠧᠲ᠋ᠠᠮᠣᠯ ᠠᠭᠤᠯᠵᠤ ᠮᠡᠳᠡᠨ᠎ᠡ ᠂ | ᠬᠡᠷᠪᠡ ᠡᠳᠡᠭᠡᠷ ᠡᠮ ᠢ ᠬᠠᠮᠲᠤ ᠳᠤ ᠨᠢ ᠬᠡᠷᠡᠭᠯᠡᠪᠡᠯ ᠡᠮ ᠤᠨ ᠬᠡᠮᠵᠢᠶ᠎ᠡ ᠨᠢ ᠬᠡᠲᠦᠷᠡᠬᠦ ᠪᠠᠶᠢᠳᠠᠯ ᠭᠠᠷᠴᠤ ᠮᠡᠳᠡᠨ᠎ᠡ ᠃ | ᠡᠶᠢᠮᠦ ᠠᠴᠠ ᠡᠷᠬᠡᠪᠰᠢ ᠡᠮ ᠤᠨ ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ ᠯᠠᠪᠯᠠᠬᠤ ᠬᠡᠷᠡᠭᠲᠡᠢ ᠃ | ᠳᠥᠷᠪᠡᠳᠦᠭᠡᠷ ᠲᠤ ᠂ ᠬᠢᠲᠠᠳ ᠪᠡᠯᠡᠨ ᠡᠮ ᠃ ᠬᠢᠲᠠᠳ ᠪᠡᠯᠡᠨ ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ ᠂ ᠵᠠᠪᠠᠯ | ᠴᠥᠭᠡᠨ ᠮᠥᠷᠲᠡᠭᠡᠨ ᠨᠠᠷᠢᠯᠢᠭ ᠪᠠᠶᠢᠬᠤ ᠬᠡᠷᠡᠭᠲᠡᠢ ᠃ ᠨᠢᠭᠡ ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ ᠂ ᠠᠳᠠᠯᠢ | ᠦᠢᠯᠡᠳᠦᠯ ᠲᠠᠢ ᠣᠯᠠᠨ ᠵᠦᠢᠯ ᠤᠨ ᠬᠢᠲᠠᠳ ᠪᠡᠯᠡᠨ ᠡᠮ ᠢ ᠬᠠᠮᠲᠤ ᠳᠤ ᠨᠢ ᠬᠡᠷᠡᠭᠯᠡᠵᠦ ᠪᠣᠯᠬᠤ ᠦᠭᠡᠢ ᠃ | ᠲᠠᠪᠤᠳᠤᠭᠠᠷ ᠲᠤ ᠂ ᠰᠠᠭᠤᠷᠢ ᠡᠪᠡᠳᠴᠢᠨ ᠳᠠᠪᠬᠤᠴᠠᠭᠰᠠᠨ ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ | ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ ᠃ ᠠᠳᠡ ᠬᠤᠶᠠᠷ ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ ᠃ | ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ ᠰᠡᠷᠭᠡᠶᠢᠯᠡᠬᠦ ᠡᠮ ᠂ ᠤᠴᠢᠷ ᠨᠢ ᠬᠠᠯᠠᠭᠤᠷᠠᠭᠰᠠᠨ ᠠᠴᠠ ᠪᠣᠯᠵᠤ ᠶᠡᠭᠡ | ᠬᠡᠮᠵᠢᠶᠡᠨ ᠤ ᠤᠰᠤ ᠠᠯᠳᠠᠭᠳᠠᠵᠤ ᠴᠢᠰᠤᠨ ᠳᠠᠷᠤᠯᠲᠠ ᠶᠢ ᠪᠠᠭᠤᠷᠠᠭᠤᠯᠵᠤ ᠮᠡᠳᠡᠨ᠎ᠡ ᠃ ᠬᠠᠯᠠᠭᠤᠷᠠᠵᠤ ᠪᠠᠶᠢᠭ᠎ᠠ | ᠬᠤᠭᠤᠴᠠᠭᠠᠨ ᠳᠤ ᠂ ᠣᠨᠴᠠᠭᠠᠶᠢᠯᠠᠨ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ | ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ ᠬᠡᠷᠡᠭᠲᠡᠢ ᠃ ᠬᠡᠷᠪᠡ ᠴᠢᠰᠤᠨ ᠳᠠᠷᠤᠯᠲᠠ ᠨᠢ ᠳᠣᠣᠷᠠᠳᠠᠵᠤ ᠬᠡᠪ ᠤᠨ | ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ ᠪᠠᠭᠤᠷᠠᠭᠤᠯᠬᠤ ᠡᠮ ᠤᠨ ᠬᠡᠮᠵᠢᠶ᠎ᠡ ᠶᠢ ᠪᠠᠭᠠᠰᠬᠠᠬᠤ ᠪᠤᠶᠤ | ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ ᠂ ᠴᠢᠰᠤᠨ ᠳᠠᠷᠤᠯᠲᠠ ᠨᠢ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ | ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ ᠃ ᠨᠥᠭᠦᠭᠡ ᠨᠢᠭᠡ ᠨᠢ ᠴᠢᠰᠤᠨ ᠰᠢᠬᠢᠷ ᠢ ᠪᠠᠭᠤᠷᠠᠭᠤᠯᠬᠤ ᠡᠮ ᠪᠣᠯᠣᠨ᠎ᠠ ᠂ | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠢᠳᠡᠬᠦ ᠬᠤᠭᠤᠯᠠᠨ ᠤ ᠬᠡᠮᠵᠢᠶ᠎ᠡ | ᠨᠢ ᠮᠠᠰᠢ ᠪᠠᠭᠠᠳᠠᠵᠤ ᠮᠡᠳᠡᠨ᠎ᠡ ᠂ ᠡᠶᠢᠮᠦ ᠠᠴᠠ ᠪᠢᠳᠡ ᠴᠢᠰᠤᠨ ᠰᠢᠬᠢᠷ ᠤᠨ ᠬᠤᠪᠢᠷᠠᠯᠲᠠ ᠶᠢ ᠬᠢᠨᠠᠨ ᠰᠢᠨᠵᠢᠯᠡᠵᠦ ᠂ ᠴᠢᠰᠤᠨ | ᠰᠢᠬᠢᠷ ᠳᠣᠣᠷ᠎ᠠ ᠪᠣᠯᠬᠤ ᠠᠴᠠ ᠰᠡᠷᠭᠡᠶᠢᠯᠡᠬᠦ ᠬᠡᠷᠡᠭᠲᠡᠢ ᠃ | ᠬᠠᠮᠤᠭ ᠤᠨ ᠰᠡᠬᠦᠯ ᠳᠤ ᠂ ᠨᠠᠰᠤᠲᠠᠶᠢᠴᠤᠳ ᠲᠤ ᠣᠨᠴᠠᠭᠠᠶᠢᠯᠠᠨ ᠰᠠᠨᠠᠭᠤᠯᠬᠤ ᠨᠢ ᠂ ᠨᠠᠰᠤᠲᠠᠶᠢᠴᠤᠳ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠨᠡᠷᠪᠡᠭᠳᠡᠪᠡᠯ ᠂ ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ ᠂ ᠵᠠᠯᠠᠭᠤᠴᠤᠳ ᠲᠤ ᠴᠤ | ᠡᠶᠢᠮᠦ ᠲᠥᠷᠥᠭᠳᠡᠯ ᠪᠠᠶᠢᠵᠤ ᠮᠡᠳᠡᠨ᠎ᠡ ᠃ ᠬᠠᠯᠠᠭᠤᠷᠠᠭᠰᠠᠨ ᠤ ᠲᠠᠷᠠᠭ᠎ᠠ ᠵᠠᠮ ᠶᠠᠪᠤᠬᠤ ᠳᠤ ᠪᠠᠨ ᠵᠢᠭᠠᠬᠠᠨ ᠬᠠᠶᠢᠪᠠᠯᠵᠠᠬᠤ | ᠪᠣᠯᠣᠨ᠎ᠠ ᠂ ᠨᠠᠰᠤᠲᠠᠶᠢᠴᠤᠳ ᠲᠤ ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ ᠣᠶᠢᠴᠢᠳᠠᠭ ᠂ ᠣᠶᠢᠴᠢᠭᠰᠠᠨ ᠤ | ᠲᠠᠷᠠᠭ᠎ᠠ ᠠᠮᠠᠷᠬᠠᠨ ᠶᠠᠰᠤ ᠬᠤᠭᠤᠷᠠᠳᠠᠭ ᠶᠤᠮ ᠃ ᠡᠶᠢᠮᠦ ᠠᠴᠠ ᠨᠠᠰᠤᠲᠠᠶᠢᠴᠤᠳ ᠬᠠᠯᠠᠭᠤᠷᠠᠬᠤ ᠂ ᠨᠡᠯᠢᠶᠡᠳ ᠲᠠᠮᠢᠷᠳᠠᠬᠤ | ᠦᠶ᠎ᠡ ᠳᠤ ᠣᠶᠢᠴᠢᠬᠤ ᠠᠴᠠ ᠣᠨᠴᠠ ᠰᠡᠷᠭᠡᠶᠢᠯᠡᠬᠦ ᠬᠡᠷᠡᠭᠲᠡᠢ ᠃ | | ᠶᠠᠮᠠᠷ ᠪᠠᠶᠢᠳᠠᠯ ᠳᠤ ᠨᠠᠰᠤᠲᠠᠶᠢᠴᠤᠳ ᠤᠨ ᠡᠮᠨᠡᠯᠭᠡ ᠳᠤ ᠣᠴᠢᠵᠤ ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ ᠪᠣᠶ︖ | ᠨᠢᠭᠡᠳᠦᠭᠡᠷ ᠲᠤ ᠂ ᠡᠪᠡᠳᠴᠢᠨ ᠤ ᠢᠯᠡᠷᠡᠯ ᠨᠢ ᠦᠷᠭᠦᠯᠵᠢᠯᠡᠬᠦ ᠪᠤᠶᠤ ᠬᠦᠨᠳᠦᠷᠡᠬᠦ ᠂ ᠵᠢᠱᠢᠶᠡᠯᠡᠪᠡᠯ ᠦᠷᠭᠦᠯᠵᠢᠯᠡᠨ ᠬᠠᠯᠠᠭᠤᠷᠠᠬᠤ | ᠪᠤᠶᠤ ᠴᠢᠨᠠᠭᠰᠢᠯᠠᠪᠠᠯ ᠬᠦᠨᠳᠦᠷᠡᠬᠦ ᠬᠠᠨᠳᠤᠰᠢ ᠲᠠᠢ ᠃ | ᠬᠤᠶᠠᠳᠤᠭᠠᠷ ᠲᠤ ᠂ ᠰᠢᠨ᠎ᠡ ᠡᠪᠡᠳᠴᠢᠨ ᠤ ᠰᠢᠨᠵᠢ ᠢᠯᠡᠷᠡᠬᠦ ᠂ ᠵᠢᠱᠢᠶᠡᠯᠡᠪᠡᠯ ᠴᠡᠭᠡᠵᠢ ᠡᠪᠡᠳᠬᠦ ᠂ ᠠᠮᠢᠰᠬᠤᠯ ᠴᠢᠬᠤᠯᠳᠠᠬᠤ ᠂ | ᠥᠳᠬᠡᠨ ᠰᠢᠩᠭᠡᠨ ᠮᠥᠷ ᠠᠯᠳᠠᠭᠳᠠᠬᠤ ᠪᠤᠶᠤ ᠭᠡᠨᠡᠳᠲᠡ ᠮᠥᠴᠢ ᠪᠠᠨ ᠬᠥᠳᠡᠯᠭᠡᠵᠦ ᠳᠡᠶᠢᠯᠬᠦ ᠦᠭᠡᠢ ᠪᠣᠯᠬᠤ ᠂ | ᠣᠨᠴᠠᠭᠠᠶᠢᠯᠠᠨ ᠥᠷᠥᠭᠡᠰᠦᠨ ᠲᠠᠯ᠎ᠠ ᠶᠢᠨ ᠮᠥᠴᠢ ᠶᠢᠨ ᠬᠥᠳᠡᠯᠭᠡᠭᠡᠨ ᠬᠢᠵᠦ ᠳᠡᠶᠢᠯᠬᠦ ᠦᠭᠡᠢ ᠪᠣᠯᠬᠤ ᠂ ᠡᠰᠡᠬᠦᠯ᠎ᠡ ᠬᠤᠭᠤᠯᠠ | ᠢᠳᠡᠵᠦ ᠳᠡᠶᠢᠯᠬᠦ ᠦᠭᠡᠢ ᠪᠣᠯᠬᠤ ᠂ ᠳᠤᠷ᠎ᠠ ᠪᠣᠯᠭᠢᠵᠤ ᠪᠥᠭᠡᠯᠵᠢᠬᠦ ᠪᠠᠶᠢᠳᠠᠯ ᠢᠯᠡᠷᠡᠬᠦ ᠂ ᠡᠰᠡᠬᠦᠯ᠎ᠡ ᠳᠠᠩᠳᠠ ᠤᠨᠲᠠᠬᠤ | ᠪᠠᠶᠢᠳᠠᠯ ᠲᠠᠢ ᠪᠣᠯᠬᠤ ᠂ ᠬᠥᠮᠥᠨ ᠢ ᠲᠠᠨᠢᠬᠤ ᠦᠭᠡᠢ ᠪᠣᠯᠬᠤ ᠂ ᠲᠣᠭᠲᠠᠭᠰᠠᠨ ᠴᠢᠭᠯᠡᠯ ᠤᠨ ᠰᠠᠭᠠᠳ ᠲᠠᠢ ᠪᠣᠯᠬᠤ ᠵᠡᠷᠭᠡ ᠨᠢ | ᠪᠦᠷ ᠠᠶᠤᠯ ᠲᠦᠭᠰᠢᠭᠦᠷᠢ ᠶᠢᠨ ᠳᠣᠬᠢᠶ᠎ᠠ ᠪᠣᠯᠣᠨ᠎ᠠ ᠃ | ᠡᠭᠦᠨ ᠠᠴᠠ ᠭᠠᠳᠠᠨ᠎ᠠ ᠂ ᠰᠠᠭᠤᠷᠢ ᠡᠪᠡᠳᠴᠢᠨ ᠨᠢ ᠬᠦᠨᠳᠦᠷᠡᠬᠦ ᠂ ᠵᠢᠱᠢᠶᠡᠯᠡᠪᠡᠯ ᠨᠠᠰᠤᠲᠠᠶᠢᠴᠤᠳ ᠤᠤᠯ ᠳᠤ ᠪᠠᠨ | ᠵᠢᠷᠦᠬᠡᠨ ᠤ ᠲᠢᠲᠢᠮ ᠡᠪᠡᠳᠴᠢᠨ ᠲᠠᠢ ᠪᠣᠯ ᠂ ᠵᠢᠷᠦᠬᠡ ᠪᠠᠵᠠᠯᠠᠨ ᠡᠪᠡᠳᠬᠦ ᠢᠯᠡᠷᠡᠯ ᠲᠠᠢ ᠂ ᠤᠤᠯ ᠨᠢ ᠠᠭᠤᠰᠬᠢᠨ ᠤ ᠠᠷᠬᠠᠭ | ᠡᠪᠡᠳᠴᠢᠨ ᠪᠤᠶᠤ ᠠᠭᠰᠠᠭ᠎ᠠ ᠲᠠᠢ ᠪᠣᠯ ᠂ ᠠᠭᠤᠰᠬᠢᠨ ᠤ ᠠᠷᠬᠠᠭ ᠡᠪᠡᠳᠴᠢᠨ ᠪᠠ ᠠᠭᠰᠠᠭ᠎ᠠ ᠨᠢ ᠬᠦᠨᠳᠦᠷᠡᠬᠦ ᠢᠯᠡᠷᠡᠯ ᠲᠠᠢ | ᠪᠠᠶᠢᠵᠤ ᠂ ᠬᠦᠨᠳᠦᠷᠡᠬᠦ ᠦᠶ᠎ᠡ ᠳᠤ ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ ᠣᠨᠴᠠᠭᠠᠶᠢᠯᠠᠨ ᠰᠠᠨᠠᠭᠤᠯᠵᠤ | ᠪᠠᠶᠢᠨ᠎ᠠ ᠃ | ᠡᠭᠦᠨ ᠠᠴᠠ ᠭᠠᠳᠠᠨ᠎ᠠ ᠂ ᠵᠠᠷᠢᠮ ᠰᠠᠭᠤᠷᠢ ᠡᠪᠡᠳᠴᠢᠨ ᠤ ᠲᠣᠰ ᠪᠡᠶ᠎ᠡ ᠨᠢ ᠲᠣᠭᠲᠠᠭᠤᠨ ᠪᠤᠰᠤ ᠪᠠᠶᠢᠳᠠᠭ ᠂ ᠵᠢᠱᠢᠶᠡᠯᠡᠪᠡᠯ | ᠠᠮᠢᠰᠬᠤᠯ ᠤᠨ ᠰᠢᠰᠲ᠋ᠧᠮ ᠤᠨ ᠬᠦᠨᠳᠦ ᠡᠪᠡᠳᠴᠢᠨ ᠲᠠᠢ ᠂ ᠵᠢᠷᠦᠬᠡᠨ ᠤ ᠬᠦᠨᠳᠦ ᠡᠪᠡᠳᠴᠢᠨ ᠲᠠᠢ ᠂ ᠡᠰᠡᠬᠦᠯ᠎ᠡ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ ᠦᠭᠡᠢ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠪᠣᠯ ᠬᠦᠨᠳᠦ ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠂ ᠠᠶᠤᠯ ᠶᠡᠬᠡᠲᠡᠢ ᠬᠥᠮᠥᠰ ᠤᠨ | ᠳᠤᠮᠳᠠ ᠠᠶᠤᠯ ᠶᠡᠬᠡᠲᠡᠢ ᠬᠥᠮᠥᠰ ᠪᠣᠯᠬᠤᠷ ᠣᠨᠴᠠᠭᠠᠶ ᠠᠩᠬᠠᠷᠬᠤ ᠴᠢᠬᠤᠯᠠᠲᠠᠢ ᠶᠤᠮ ᠃ | | ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ ᠪᠠᠶᠢᠳᠠᠭ ᠪᠣᠶ︖ | | ᠡᠭᠦᠨ ᠳᠤ ᠬᠤᠶᠠᠷ ᠰᠢᠯᠲᠠᠭᠠᠨ ᠪᠣᠶ ᠂ ᠨᠢᠭᠡ ᠳᠤ ᠂ ᠨᠠᠰᠤ ᠨᠢ ᠨᠡᠮᠡᠭᠳᠡᠬᠦ ᠶᠢ ᠳᠠᠭᠠᠯᠳᠤᠨ ᠂ ᠲᠡᠭᠦᠨ ᠤ ᠡᠭᠡᠯᠢᠯᠡᠭᠡ ᠶᠢᠨ | ᠴᠢᠳᠠᠪᠤᠷᠢ ᠨᠢ ᠮᠠᠭᠤᠳᠠᠵᠤ ᠪᠠᠶᠢᠨ᠎ᠠ ᠂ ᠬᠤᠶᠠᠷ ᠲᠤ ᠂ ᠣᠯᠠᠩᠬᠢ ᠨᠠᠰᠤᠲᠠᠶᠢᠴᠤᠳ ᠴᠥᠮ ᠰᠠᠭᠤᠷᠢ ᠴᠢᠨᠠᠷᠲᠠᠢ ᠡᠪᠡᠳᠴᠢᠨ ᠳᠤ | ᠨᠡᠷᠪᠡᠭᠳᠡᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠂ ᠡᠨᠡ ᠬᠦ ᠰᠠᠭᠤᠷᠢ ᠴᠢᠨᠠᠷᠲᠠᠢ | ᠡᠪᠡᠳᠴᠢᠨ ᠢ ᠬᠦᠨᠳᠦᠷᠡᠬᠦ ᠲᠦᠭᠰᠢᠭᠦᠷᠢ ᠲᠠᠢ ᠪᠠᠶᠢᠳᠠᠭ ᠃ | ᠡᠶᠢᠮᠦ ᠪᠠᠶᠢᠳᠠᠯ ᠳᠣᠣᠷ᠎ᠠ ᠂ ᠨᠠᠰᠤᠲᠠᠶᠢᠴᠤᠳ ᠭᠠᠭᠴᠠᠭᠠᠷ ᠰᠠᠭᠤᠵᠤ ᠪᠠᠶᠢᠭᠰᠠᠨ ᠴᠤ ᠲᠡᠷᠡ ᠂ ᠭᠡᠷ ᠤᠨ ᠬᠥᠮᠥᠰ ᠲᠠᠢ ᠪᠠᠨ | ᠬᠠᠮᠲᠤ ᠰᠠᠭᠤᠵᠤ ᠪᠠᠶᠢᠭᠰᠠᠨ ᠴᠤ ᠲᠡᠷᠡ ᠂ ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ ᠶᠤᠮ ᠪᠣᠯ ᠂ | ᠲᠠᠷᠢᠯᠭ᠎ᠠ ᠶᠢ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ ᠃ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ ᠂ ᠴᠢᠩᠭᠠᠳᠬᠠᠬᠤ | ᠲᠠᠷᠢᠯᠭ᠎ᠠ ᠶᠢ ᠪᠠᠭᠲᠠᠭᠠᠨ᠎ᠠ ᠃ | | ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ ᠨᠠᠰᠤᠲᠠᠶᠢᠴᠤᠳ ᠲᠤ ᠬᠡᠵᠢᠶᠡᠳᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠦᠦ︖ | ᠸᠠᠺᠼᠢᠨ ᠤ ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ ᠨᠢᠭᠡᠨ ᠴᠢᠩᠭ᠎ᠠ ᠴᠡᠭᠡᠷ ᠪᠠᠶᠢᠳᠠᠭ ᠂ ᠲᠤᠬᠠᠶᠢᠯᠠᠪᠠᠯ ᠸᠠᠺᠼᠢᠨ ᠤ | ᠲᠠᠷᠢᠯᠭ᠎ᠠ ᠬᠢᠭᠰᠡᠨ ᠤ ᠳᠠᠷᠠᠭ᠎ᠠ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ | ᠳᠠᠷᠢᠵᠤ ᠪᠣᠯᠬᠤ ᠦᠭᠡᠢ ᠃ ᠪᠤᠰᠤᠳ ᠣᠯᠠᠩᠬᠢ ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ ᠪᠣᠯᠬᠤ ᠪᠠᠶᠢᠳᠠᠯ ᠳᠤ | ᠲᠣᠭᠠᠴᠠᠭᠳᠠᠨ᠎ᠠ ᠂ ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ ᠵᠢᠱᠢᠬᠦ | ᠶᠠᠪᠤᠴᠠ ᠳᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠳᠠᠯ ᠢ ᠪᠠᠭᠲᠠᠭᠠᠨ᠎ᠠ ᠂ ᠡᠭᠦᠨ ᠳᠤ ᠣᠯᠠᠩᠬᠢ ᠨᠢ ᠠᠯᠭᠤᠷ | ᠲᠠᠷᠢᠯᠭ᠎ᠠ ᠬᠢᠬᠦ ᠪᠠᠶᠢᠳᠠᠯ ᠳᠤ ᠲᠣᠭᠠᠴᠠᠭᠳᠠᠨ᠎ᠠ ᠃ | ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ ᠡᠪᠡᠳᠴᠢᠨ ᠲᠠᠢ ᠪᠣᠯ ᠡᠬᠢᠨ ᠤ ᠬᠤᠭᠤᠴᠠᠭᠠᠨ ᠳᠤ ᠲᠦᠷᠭᠡᠨ ᠴᠢᠨᠠᠷᠲᠠᠢ | ᠬᠥᠳᠡᠯᠬᠦ ᠬᠤᠭᠤᠴᠠᠭᠠᠨ ᠳᠤ ᠣᠷᠣᠰᠢᠵᠤ ᠂ ᠬᠡᠰᠡᠭ ᠬᠤᠭᠤᠴᠠᠭ᠎ᠠ ᠡᠮᠨᠡᠭᠦᠯᠦᠭᠰᠡᠨ ᠤ ᠳᠠᠷᠠᠭ᠎ᠠ ᠲᠣᠭᠲᠠᠮᠠᠯ ᠬᠤᠭᠤᠴᠠᠭᠠᠨ ᠳᠤ | ᠣᠷᠣᠰᠢᠬᠤ ᠂ ᠥᠭᠡᠷ᠎ᠡ ᠪᠠᠷ ᠬᠡᠯᠡᠪᠡᠯ ᠣᠨᠴᠠᠭᠠᠶ ᠵᠠᠰᠠᠯ ᠠᠴᠠ ᠪᠣᠯᠵᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ | ᠪᠠᠶᠢᠭᠰᠠᠨ ᠪᠣᠯ ᠂ ᠡᠶᠢᠮᠦᠷᠬᠦᠦ ᠣᠨᠴᠠᠭᠠᠶ ᠵᠠᠰᠠᠯ ᠨᠢ ᠳᠠᠭᠤᠰᠤᠭᠰᠠᠨ ᠤ ᠳᠠᠷᠠᠭ᠎ᠠ ᠡᠲᠡᠭᠡᠷ ᠬᠥᠮᠥᠰ ᠴᠥᠮ ᠲᠠᠷᠢᠯᠭ᠎ᠠ ᠬᠢᠬᠦ ᠶᠢ | ᠪᠣᠳᠣᠯᠬᠢᠯᠠᠵᠤ ᠪᠣᠯᠣᠨ᠎ᠠ ᠃ ᠢᠯᠠᠩᠭᠤᠶ᠎ᠠ ᠣᠳᠣᠬᠠᠨ ᠳᠤ ᠡᠶᠢᠮᠦᠷᠬᠦᠦ ᠬᠢᠵᠢᠭ ᠳᠡᠯᠭᠡᠷᠡᠬᠦ ᠬᠦᠴᠦᠯᠡᠴᠡ ᠨᠢ ᠨᠡᠯᠢᠶᠡᠳ ᠴᠢᠩᠭ᠎ᠠ ᠂ | ᠬᠠᠯᠳᠠᠪᠤᠷᠢᠯᠠᠬᠤ ᠡᠬᠢ ᠰᠤᠷᠪᠤᠯᠵᠢ ᠨᠢ ᠨᠡᠯᠢᠶᠡᠳ ᠠᠷᠪᠢᠨ ᠪᠠᠶᠢᠬᠤ ᠪᠠᠶᠢᠳᠠᠯ ᠳᠣᠣᠷ᠎ᠠ ᠂ ᠡᠲᠡᠭᠡᠷ ᠬᠥᠮᠥᠰ ᠲᠤ ᠳᠠᠬᠢᠨᠲᠠ | ᠦᠨᠡᠯᠡᠨ ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ ᠬᠦᠷᠪᠡᠯ ᠳᠠᠷᠤᠢ ᠲᠠᠷᠢᠯᠭ᠎ᠠ ᠬᠢᠵᠦ ᠪᠣᠯᠣᠨ᠎ᠠ ᠃ | | ᠵᠢᠷᠦᠬᠡ ᠴᠢᠰᠤᠨ ᠰᠤᠳᠠᠯ ᠤᠨ ᠡᠪᠡᠳᠴᠢᠲᠡᠨ | ᠵᠢᠷᠦᠬᠡ ᠴᠢᠰᠤᠨ ᠰᠤᠳᠠᠯ ᠤᠨ ᠡᠪᠡᠳᠴᠢᠲᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ ᠳᠠᠷᠠᠭ᠎ᠠ᠂ | ᠭᠡᠷ ᠲᠤ ᠪᠠᠨ ᠡᠮᠨᠡᠨ ᠵᠠᠰᠠᠬᠤ ᠳᠤ ᠶᠠᠭᠤ ᠶᠢ ᠠᠩᠬᠠᠷᠪᠠᠯ ᠵᠣᠬᠢᠬᠤ ᠪᠣᠢ︖ | ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ ᠵᠣᠪᠠᠭ᠋ᠤ ᠬᠡᠷᠡᠭ ᠦᠭᠡᠢ᠂ ᠲᠡᠳᠡ ᠭᠡᠷ ᠲᠤ ᠪᠠᠨ ᠰᠠᠭᠤᠵᠤ ᠤᠤᠯ ᠤᠨ | ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ ᠵᠢᠷᠦᠬᠡᠨ ᠤ ᠲᠢᠲᠢᠮ ᠡᠪᠡᠳᠴᠢᠨ᠂ | ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ ᠮᠠᠭᠤᠳᠠᠬᠤ ᠮᠡᠲᠦ ᠶᠢᠨ ᠡᠪᠡᠳᠴᠢᠨ ᠳᠤ ᠨᠡᠷᠪᠡᠭᠳᠡᠵᠦ᠂ ᠪᠦᠷ | ᠰᠠᠭᠤᠷᠢ ᠡᠪᠡᠳᠴᠢᠨ ᠤ ᠡᠮ ᠤᠤᠭᠤᠵᠤ ᠪᠠᠶᠢᠳᠠᠭ᠃ | ᠶᠡᠭᠡ ᠪᠠᠷ ᠬᠠᠯᠠᠭᠤᠷᠠᠭᠰᠠᠨ ᠤ ᠳᠠᠷᠠᠭ᠎ᠠ ᠤᠰᠤ ᠠᠷᠪᠢᠨ ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ ᠮᠡᠳᠡᠨ᠎ᠡ | ᠂ ᠵᠢᠱᠢᠶᠡᠯᠡᠪᠡᠯ ᠪᠤᠯᠴᠢᠩ ᠮᠢᠬ᠎ᠠ ᠱᠠᠷᠬᠢᠷᠠᠵᠤ ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ ᠵᠠᠰᠠᠯ ᠤᠨ | ᠡᠮ ᠵᠡᠷᠭᠡ ᠨᠢ ᠣᠳᠣᠬᠠᠨ ᠳᠤ ᠲᠡᠳᠡᠭᠡᠷ ᠤᠨ ᠬᠤᠭᠤᠷᠣᠨᠳᠣᠬᠢ ᠡᠰᠡᠷᠭᠦ ᠦᠢᠯᠡᠳᠦᠯ ᠢ ᠬᠠᠷᠠᠬᠠᠨ ᠣᠯᠵᠤ ᠮᠡᠳᠡᠭᠡᠳᠦᠢ ᠂ | ᠡᠶᠢᠮᠦ ᠠᠴᠠ ᠰᠠᠨᠠᠭ᠎ᠠ ᠵᠣᠪᠠᠭᠰᠠᠨ ᠤ ᠬᠡᠷᠡᠭ ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ ᠭᠡᠪᠡᠯ | ᠵᠢᠷᠦᠬᠡ ᠴᠢᠰᠤᠨ ᠰᠤᠳᠠᠯ ᠤᠨ ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ ᠰᠠᠭᠤᠷᠢ | ᠡᠪᠡᠳᠴᠢᠨ ᠢ ᠰᠠᠶᠢᠲᠤᠷ ᠵᠠᠰᠠᠬᠤ ᠳᠤ᠂ ᠤᠤᠯ ᠤᠨ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮ ᠢᠶᠠᠨ | ᠰᠠᠶᠢᠲᠤᠷ ᠬᠡᠷᠡᠭᠯᠡᠵᠦ᠂ ᠪᠡᠶ᠎ᠡ ᠮᠠᠬᠠᠪᠤᠳ ᠤᠨ ᠡᠭᠡᠯᠢᠯᠡᠭᠡ ᠶᠢᠨ ᠴᠢᠳᠠᠯ ᠢᠶᠠᠨ ᠨᠡᠮᠡᠭᠳᠡᠭᠦᠯᠦᠨ᠂ ᠤᠨᠲᠠᠯᠭ᠎ᠠ ᠪᠠᠨ | ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ ᠡᠪᠡᠳᠴᠢᠲᠡᠨ ᠨᠢ ᠮᠠᠰᠢ | ᠣᠯᠠᠨ ᠨᠠᠵᠠᠭᠠᠢ ᠰᠤᠷᠠᠭ ᠴᠢᠮᠡᠭᠡ ᠶᠢ ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ ᠡᠶᠢᠮᠦ ᠠᠴᠠ | ᠠᠶᠤᠵᠤ ᠰᠦᠷᠳᠡᠭᠰᠡᠨ ᠤ ᠬᠡᠷᠡᠭ ᠦᠭᠡᠢ᠂ ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ ᠡᠭᠦᠨ ᠠᠴᠠ ᠭᠠᠳᠠᠨ᠎ᠠ | ᠤᠷᠲᠤ ᠬᠤᠭᠤᠴᠠᠭ᠎ᠠ ᠪᠠᠷ ᠤᠤᠭᠤᠵᠤ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠡᠮ ᠢᠶᠠᠨ ᠵᠣᠭᠰᠣᠭᠠᠵᠤ ᠪᠣᠯᠬᠤ ᠦᠭᠡᠢ᠂ ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ ᠪᠤᠶᠤ ᠬᠦᠨᠳᠦᠷᠡᠭᠦᠯᠵᠦ | ᠮᠡᠳᠡᠨ᠎ᠡ᠃ ᠬᠡᠷᠪᠡ ᠦᠷᠭᠦᠯᠵᠢᠯᠡᠭᠰᠡᠨ ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ ᠪᠠᠶᠢᠴᠠᠭᠠᠯᠭᠠᠬᠤ | ᠬᠡᠷᠡᠭᠲᠡᠢ᠃ ᠡᠮᠨᠡᠯᠭᠡ ᠶᠢᠨ ᠬᠤᠷᠢᠶ᠎ᠠ 24 ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ ᠣᠨᠣᠰᠢᠯᠠᠬᠤ ᠪᠠ | ᠡᠮᠨᠡᠨ ᠵᠠᠰᠠᠭᠤᠯᠵᠤ ᠪᠣᠯᠣᠨ᠎ᠠ᠃ | | ᠵᠢᠷᠦᠬᠡ ᠴᠢᠰᠤᠨ ᠰᠤᠳᠠᠯ ᠤᠨ ᠡᠪᠡᠳᠴᠢᠲᠡᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖ | ᠤᠤᠯ ᠳᠤ ᠪᠠᠨ ᠵᠢᠷᠦᠬᠡ ᠴᠢᠰᠤᠨ ᠰᠤᠳᠠᠯ ᠤᠨ ᠡᠪᠡᠳᠴᠢᠨ ᠲᠠᠢ ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ ᠥᠨᠳᠥᠷ᠂ | ᠵᠢᠷᠦᠬᠡᠨ ᠤ ᠲᠢᠲᠢᠮ ᠡᠪᠡᠳᠴᠢᠨ᠂ ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ ᠪᠠᠰᠠ ᠵᠢᠷᠦᠬᠡᠨ ᠤ ᠵᠠᠰᠠᠯ ᠬᠢᠯᠭᠡᠭᠰᠡᠨ | ᠡᠪᠡᠳᠴᠢᠲᠡᠨ᠂ ᠡᠰᠡᠬᠦᠯ᠎ᠡ ᠵᠢᠷᠦᠬᠡᠨ ᠤ ᠭᠠᠳᠠᠷ ᠮᠡᠰᠡ ᠵᠠᠰᠠᠯ ᠬᠢᠯᠭᠡᠭᠰᠡᠨ ᠡᠪᠡᠳᠴᠢᠲᠡᠨ ᠭᠡᠷ ᠲᠤ ᠪᠠᠨ ᠰᠠᠭᠤᠬᠤ ᠳᠤ ᠪᠠᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ ᠬᠡᠷᠡᠭᠲᠡᠢ᠃ | ᠳᠣᠣᠷᠠᠬᠢ ᠳᠥᠷᠪᠡᠨ ᠲᠠᠯ᠎ᠠ ᠨᠢ ᠣᠯᠠᠨ ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ | ᠲᠣᠭᠲᠠᠭᠠᠭᠰᠠᠨ ᠭᠡᠷ ᠪᠦᠯᠢ ᠶᠢᠨ ᠠᠮᠢᠳᠤᠷᠠᠯ ᠤᠨ ᠵᠠᠷᠴᠢᠮ ᠪᠣᠯᠣᠨ᠎ᠠ᠄ | ᠨᠢᠭᠡᠳᠦᠭᠡᠷ ᠲᠤ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠬᠡᠷᠡᠭᠲᠡᠢ᠃ ᠰᠢᠬᠢᠷ ᠲᠣᠰᠣ ᠳᠠᠪᠤᠰᠤ ᠶᠢ | ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ ᠨᠡᠮᠡᠭᠳᠡᠭᠦᠯᠦᠨ᠎ᠡ᠂ | ᠡᠶᠢᠮᠦ ᠠᠴᠠ ᠵᠠᠪᠠᠯ ᠰᠢᠬᠢᠷ ᠲᠣᠰᠣ ᠳᠠᠪᠤᠰᠤ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠃ | ᠬᠤᠶᠠᠳᠤᠭᠠᠷ ᠲᠤ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ | ᠳᠡᠭᠡᠭᠰᠢᠬᠢ ᠠᠷᠢᠬᠢ ᠨᠢ ᠰᠢᠨ᠎ᠡ ᠲᠢᠲᠢᠮᠯᠢᠭ ᠸᠢᠷᠦ᠋ᠰ ᠢ ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ ᠤᠤᠭᠤᠪᠠᠯ | ᠯᠠᠪᠲᠠᠢ ᠤᠷᠢᠳ ᠢᠶᠠᠷ ᠵᠢᠷᠦᠬᠡᠨ ᠡᠪᠡᠳᠴᠢᠨ ᠢ ᠬᠥᠳᠡᠯᠭᠡᠨ᠎ᠡ᠃ ᠡᠶᠢᠮᠦ ᠠᠴᠠ ᠲᠠᠮᠠᠬᠢ ᠪᠠᠨ ᠵᠣᠭᠰᠣᠵᠤ ᠠᠷᠢᠬᠢ ᠪᠠᠨ | ᠬᠢᠵᠠᠭᠠᠷᠯᠠᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ ᠰᠠᠨᠠᠭᠤᠯᠵᠤ | ᠪᠠᠶᠢᠨ᠎ᠠ᠃ | ᠭᠤᠷᠪᠠᠳᠤᠭᠠᠷ ᠲᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ | ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠪᠣᠯ ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ | ᠠᠩᠬᠠᠷᠴᠤ᠂ ᠬᠦᠴᠢᠯᠲᠥ᠋ᠷᠥᠭᠴᠢ ᠦᠭᠡᠢ ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ ᠤᠰᠤᠨ ᠯᠣᠩᠬᠤ ᠪᠠᠷ ᠮᠥᠴᠢ ᠶᠢᠨ | ᠬᠥᠳᠡᠯᠭᠡᠭᠡᠨ ᠬᠢᠵᠦ ᠪᠣᠯᠣᠨ᠎ᠠ᠂ ᠮᠥᠴᠢ ᠶᠢᠨ ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ ᠴᠢᠰᠤᠨ | ᠰᠤᠳᠠᠯ ᠳᠤ ᠪᠦᠷ ᠰᠠᠶᠢᠨ ᠪᠠᠶᠢᠳᠠᠭ᠃ | ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠨ᠎ᠠ᠃ ᠠᠶᠤᠵᠤ ᠰᠦᠷᠳᠡᠬᠦ ᠶᠢ ᠢᠯᠠᠨ ᠳᠠᠪᠠᠭ᠋ᠤ | ᠬᠡᠷᠡᠭᠲᠡᠢ᠃ ᠡᠨᠡ ᠬᠦ ᠰᠢᠨ᠎ᠡ ᠲᠢᠲᠢᠮᠯᠢᠭ ᠸᠢᠷᠦ᠋ᠰ ᠨᠢ ᠶᠠᠭ ᠪᠢᠳᠡᠨ ᠤ ᠲᠡᠯᠡᠶ ᠪᠠᠷ ᠠᠶᠠᠯᠠᠬᠤ ᠲᠠᠢ ᠠᠳᠠᠯᠢ ᠪᠠᠶᠢᠵᠤ᠂ ᠯᠠᠪᠲᠠᠢ | ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠨ ᠬᠦᠨᠳᠦᠷᠡᠭᠦᠯᠵᠦ ᠪᠣᠯᠬᠤ ᠦᠭᠡᠢ᠂ | ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ ᠬᠦᠨᠳᠦᠷᠡᠬᠦ ᠠᠴᠠ ᠰᠡᠷᠭᠡᠶᠢᠯᠡᠬᠦ ᠬᠡᠷᠡᠭᠲᠡᠢ᠃ | | | | | | | | |