| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ | 12 ᠳ᠋ᠤᠭᠠᠷ ᠰᠠᠷ᠎ᠠ ᠶᠢᠨ 7 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠪᠥᠭᠡᠮ | ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠦᠭᠡᠢ ᠪᠣᠯ ᠡᠪᠡᠳᠴᠢᠨ ᠦᠵᠡᠭᠦᠯᠵᠦ ᠳᠡᠶᠢᠯᠦᠨ᠎ᠡ ᠦᠦ︖ | ᠤᠳᠠᠭᠠᠨ ᠴᠢᠨᠠᠷᠲᠠᠢ ᠡᠪᠡᠳᠴᠢᠨ ᠲᠠᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠦᠦ︖ ᠬᠠᠮᠲᠤ ᠪᠠᠷ | ᠠᠩᠬᠠᠷᠴᠠᠭᠠᠶ᠎ᠠ︕ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠠᠬᠤᠢ ᠪᠠᠶᠢᠳᠠᠯ ᠨᠢ ᠶᠠᠭᠤ ᠪᠣᠶ︖ | ᠶᠡᠭᠡ ᠬᠡᠪᠴᠢᠶᠡᠨ ᠤ ᠸᠠᠺᠼᠢᠨ ᠤ ᠲᠠᠷᠢᠯᠭ᠎ᠠ ᠪᠠ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠤᠨ ᠸᠢᠷᠦ᠋ᠰ ᠤᠨ | ᠣᠨᠳᠣᠣᠰᠢᠯ ᠢ ᠳᠠᠭᠠᠯᠳᠤᠨ᠂ ᠸᠢᠷᠦ᠋ᠰ ᠤᠨ ᠬᠠᠯᠳᠠᠪᠤᠷᠢᠯᠠᠬᠤ ᠴᠢᠳᠠᠪᠤᠷᠢ ᠴᠢᠩᠭᠠᠷᠠᠭᠰᠠᠨ ᠪᠣᠯᠪᠠᠴᠤ ᠡᠪᠡᠳᠴᠢᠯᠡᠭᠦᠯᠬᠦ | ᠴᠢᠳᠠᠪᠤᠷᠢ ᠨᠢ ᠪᠠᠭᠤᠷᠠᠵᠤ᠂ ᠬᠥᠮᠥᠰ ᠲᠤ ᠤᠴᠠᠷᠠᠭᠤᠯᠬᠤ ᠪᠦᠬᠦᠶᠢᠯᠡ ᠴᠣᠭᠴᠠ ᠶᠢᠨ ᠡᠷᠡᠭᠦᠯ ᠮᠡᠨᠳᠦ ᠶᠢᠨ ᠠᠶᠤᠯ | ᠲᠦᠭᠰᠢᠭᠦᠷᠢ ᠨᠠᠮᠳᠠᠬᠤ ᠬᠠᠨᠳᠤᠰᠢ ᠲᠠᠢ ᠪᠣᠯᠵᠤ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠰᠢᠨ᠎ᠡ ᠪᠠᠶᠢᠳᠠᠯ ᠰᠢᠨ᠎ᠡ ᠡᠭᠦᠷᠭᠡ ᠲᠤᠯᠭᠠᠷᠠᠵᠤ ᠪᠠᠶᠢᠨ᠎ᠠ᠃ | ᠡᠭᠦᠨ ᠠᠴᠠ ᠡᠮᠦᠨ᠎ᠡ ᠨᠡᠶᠢᠲᠡᠯᠡᠭᠰᠡᠨ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠶᠢᠰᠦᠳᠦᠭᠡᠷ | ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠪᠠ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠲᠥᠰᠥᠯ | ᠵᠡᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ | ᠳᠤᠷᠠᠳᠤᠭᠰᠠᠨ ᠶᠤᠮ᠃ ᠬᠡᠷᠡᠭᠵᠢᠭᠦᠯᠦᠭᠰᠡᠨ ᠤ ᠳᠠᠷᠠᠭ᠎ᠠ᠂ ᠪᠢᠳᠡ ᠡᠯ᠎ᠡ ᠭᠠᠵᠠᠷ ᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠨᠢᠭᠲᠠ ᠮᠥᠷᠳᠡᠵᠦ᠂ ᠣᠶᠢᠷ᠎ᠠ ᠶᠢᠨ ᠬᠤᠭᠤᠴᠠᠭᠠᠨ ᠳᠠᠬᠢ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠠᠷᠭᠠᠴᠠᠭᠠᠬᠤ | ᠶᠠᠪᠤᠴᠠ ᠳᠤ ᠬᠤᠷᠠᠮᠳᠤᠭᠤᠯᠤᠭᠰᠠᠨ ᠲᠤᠷᠰᠢᠯᠭ᠎ᠠ ᠪᠠ ᠲᠤᠯᠭᠠᠷᠠᠵᠤ ᠪᠠᠶᠢᠭ᠎ᠠ ᠲᠣᠪᠣᠶᠢᠮ᠎ᠠ ᠠᠰᠠᠭᠤᠳᠠᠯ ᠲᠠᠢ ᠤᠶᠠᠯᠳᠤᠭᠤᠯᠤᠨ᠂ | ᠴᠢᠭᠯᠡᠯᠲᠦ ᠴᠢᠨᠠᠷᠲᠠᠢ ᠪᠠᠷ ᠠᠷᠪᠠᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ | ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠳᠤ ᠶᠠᠮᠠᠷ ᠶᠠᠮᠠᠷ ᠲᠠᠯ᠎ᠠ ᠪᠠᠷ | ᠬᠤᠪᠢᠷᠠᠯᠲᠠ ᠲᠠᠢ ᠪᠣᠶ︖ | ᠰᠢᠨ᠎ᠡ ᠪᠠᠷ ᠲᠣᠭᠲᠠᠭᠠᠭᠰᠠᠨ ᠠᠷᠪᠠᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠢ ᠣᠯᠠᠨ ᠲᠦᠮᠡᠨ ᠤ ᠠᠩᠬᠠᠷᠴᠤ | ᠪᠠᠶᠢᠭ᠎ᠠ ᠪᠥᠭᠡᠮ ᠬᠦᠴᠢᠯ ᠤᠨ ᠪᠠᠶᠢᠴᠠᠭᠠᠯᠲᠠ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠂ ᠨᠢᠭᠲᠠ ᠣᠶᠢᠷᠠᠲᠤᠭᠰᠠᠳ ᠤᠨ | ᠬᠠᠮᠢᠶᠠᠷᠤᠯᠲᠠ᠂ ᠥᠨᠳᠥᠷ ᠳᠡᠰ ᠤᠨ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠵᠤ ᠪᠢᠲᠡᠭᠦᠮᠵᠢᠯᠡᠨ ᠡᠵᠡᠮᠳᠡᠬᠦ᠂ | ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠪᠠ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ | ᠪᠠᠲᠤᠯᠠᠬᠤ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠢᠵᠢᠭ ᠲᠤ ᠬᠤᠯᠪᠣᠭᠳᠠᠭᠰᠠᠨ | ᠠᠮᠤᠷ ᠲᠦᠪᠰᠢᠨ ᠤ ᠪᠠᠲᠤᠯᠠᠭ᠎ᠠ ᠵᠡᠷᠭᠡ | ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ | ᠡᠨᠡ ᠤᠳᠠᠭᠠᠨ ᠤ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ | ᠶᠠᠪᠤᠳᠠᠯ ᠪᠢᠰᠢ | ᠡᠨᠡ ᠤᠳᠠᠭ᠎ᠠ ᠶᠢᠨ ᠰᠢᠯᠢᠳᠡᠭᠵᠢᠭᠦᠯᠦᠯᠲᠡ ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶᠢᠯᠡᠬᠦ ᠦᠭᠡᠢ ᠭᠡᠰᠡᠨ | ᠶᠠᠪᠤᠳᠠᠯ ᠪᠢᠰᠢ᠂ ᠰᠠᠨᠠᠭᠠᠴᠢᠯᠠᠭ᠎ᠠ ᠲᠠᠢ ᠪᠠᠷ ᠰᠢᠯᠢᠳᠡᠭᠵᠢᠭᠦᠯᠦᠭᠰᠡᠨ ᠠᠴᠠ ᠪᠢᠰᠢ ᠰᠠᠨᠠᠭᠠᠴᠢᠯᠠᠭ᠎ᠠ ᠦᠭᠡᠢ ᠰᠢᠯᠢᠳᠡᠭᠵᠢᠭᠦᠯᠦᠭᠰᠡᠨ | ᠪᠢᠰᠢ᠃ ᠣᠳᠣᠬᠠᠨ ᠳᠤ ᠮᠠᠨ ᠤ ᠤᠯᠤᠰ ᠲᠤ ᠳᠡᠯᠭᠡᠷᠡᠵᠦ ᠪᠠᠶᠢᠭ᠎ᠠ ᠣᠨᠳᠣᠣᠰᠢᠭᠰᠠᠨ ᠸᠢᠷᠦ᠋ᠰ ᠤᠨ ᠣᠨᠴᠠᠯᠢᠭ᠂ ᠬᠢᠵᠢᠭ ᠤᠨ | ᠪᠠᠶᠢᠳᠠᠯ ᠤᠨ ᠳᠡᠯᠭᠡᠷᠡᠯᠲᠡ ᠶᠢᠨ ᠣᠨᠴᠠᠯᠢᠭ ᠲᠤ ᠴᠢᠭᠯᠡᠭᠦᠯᠦᠨ᠂ ᠬᠢᠵᠢᠭ ᠤᠨ ᠪᠠᠶᠢᠳᠠᠯ ᠢ ᠬᠥᠳᠡᠯᠦᠩᠭᠦᠢ ᠪᠠᠷ ᠰᠤᠳᠤᠯᠤᠨ | ᠮᠠᠭᠠᠳᠯᠠᠬᠤ ᠪᠠᠷ ᠳᠠᠮᠵᠢᠭᠤᠯᠤᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠦᠷ᠎ᠡ | ᠪᠦᠲᠦᠮᠵᠢ ᠶᠢ ᠦᠨᠡᠯᠡᠬᠦ᠂ ᠢᠯᠠᠩᠭᠤᠶ᠎ᠠ ᠬᠤᠷᠢᠨ ᠵᠤᠷᠪᠤᠰ ᠢ ᠬᠡᠷᠡᠭᠵᠢᠭᠦᠯᠦᠭᠰᠡᠨ ᠤ ᠲᠠᠷᠠᠭ᠎ᠠ᠂ ᠣᠷᠣᠨ ᠨᠤᠲᠤᠭ ᠤᠨ ᠠᠰᠢᠭᠲᠠᠢ | ᠲᠤᠷᠰᠢᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠢ ᠡᠮᠬᠢᠯᠡᠨ ᠳ᠋ᠦᠩᠨᠡᠬᠦ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠲᠣᠭᠲᠠᠭᠠᠭᠰᠠᠨ ᠶᠤᠮ᠃ | ᠰᠢᠨ᠎ᠡ ᠲᠢᠲᠢᠮᠯᠢᠭ ᠡᠪᠡᠳᠴᠢᠲᠡᠨ ᠳᠤ ᠶᠠᠮᠠᠷ ᠶᠠᠮᠠᠷ ᠡᠮᠴᠢᠯᠡᠭᠡᠨ ᠤ ᠠᠷᠭ᠎ᠠ ᠪᠠᠷᠢᠯ ᠪᠠᠶᠢᠬᠤ ᠪᠣᠢ︖ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠡᠩ ᠲᠡᠷᠢᠭᠦᠨ ᠳᠤ ᠡᠪᠡᠳᠴᠢᠨ ᠳᠤ ᠨᠢ ᠲᠠᠭᠠᠷᠠᠭᠤᠯᠵᠤ | ᠡᠮᠨᠡᠨ ᠵᠠᠰᠠᠬᠤ ᠬᠡᠷᠡᠭᠲᠡᠢ᠃ | ᠨᠢᠭᠡᠳᠦᠭᠡᠷ ᠲᠤ᠂ ᠵᠠᠷᠢᠮ ᠡᠪᠡᠳᠴᠢᠲᠡᠨ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭᠠᠬᠤ ᠵᠡᠷᠭᠡ ᠡᠪᠡᠳᠴᠢᠨ ᠤ | ᠢᠯᠡᠷᠡᠯ ᠭᠠᠷᠪᠠᠯ᠂ ᠭᠤᠣᠯᠳᠠᠭᠤ ᠡᠪᠡᠳᠴᠢᠨ ᠳᠤ ᠨᠢ ᠲᠠᠭᠠᠷᠠᠭᠤᠯᠵᠤ ᠡᠮᠨᠡᠨ ᠵᠠᠰᠠᠨ᠎ᠠ᠂ ᠵᠢᠱᠢᠶᠡᠯᠡᠪᠡᠯ ᠵᠠᠷᠢᠮ ᠬᠠᠯᠠᠭᠤᠨ ᠢ | ᠪᠠᠭᠤᠷᠠᠭᠤᠯᠬᠤ ᠡᠮ᠂ ᠪᠠᠰᠠ ᠵᠠᠷᠢᠮ ᠬᠠᠨᠢᠶᠠᠳᠤ ᠶᠢ ᠵᠣᠭᠰᠣᠭᠠᠵᠤ ᠴᠡᠷ ᠢ ᠠᠷᠢᠯᠭᠠᠬᠤ ᠡᠮ ᠥᠭᠭᠦᠨ᠎ᠡ᠃ | ᠬᠤᠶᠠᠳᠤᠭᠠᠷ ᠲᠤ᠂ ᠸᠢᠷᠦ᠋ᠰ ᠢ ᠡᠰᠡᠷᠭᠦᠴᠡᠬᠦ ᠡᠮ᠂ ᠡᠩ ᠤᠨ ᠬᠡᠯᠪᠡᠷᠢ ᠶᠢᠨ ᠪᠤᠶᠤ ᠬᠦᠨᠳᠦᠷᠡᠬᠦ ᠪᠣᠯᠣᠮᠵᠢ ᠲᠠᠢ | ᠲᠦᠭᠰᠢᠭᠦᠷᠢ ᠶᠢᠨ ᠬᠦᠴᠦᠨ ᠵᠦᠢᠯ ᠪᠠᠶᠢᠬᠤ ᠡᠪᠡᠳᠴᠢᠲᠡᠨ ᠳᠤ ᠸᠢᠷᠦ᠋ᠰ ᠢ ᠡᠰᠡᠷᠭᠦᠴᠡᠬᠦ ᠡᠮᠴᠢᠯᠡᠭᠡ ᠶᠢ ᠡᠷᠲᠡᠬᠡᠨ ᠬᠢᠵᠦ᠂ | ᠡᠪᠡᠳᠴᠢᠨ ᠨᠢ ᠬᠦᠨᠳᠦᠷᠡᠬᠦ ᠬᠤᠪᠢᠷᠠᠯᠲᠠ ᠶᠢ ᠪᠠᠭᠠᠰᠬᠠᠨ᠎ᠠ᠃ ᠭᠡᠪᠡᠴᠦ ᠸᠢᠷᠦ᠋ᠰ ᠢ ᠡᠰᠡᠷᠭᠦᠴᠡᠬᠦ ᠡᠮ ᠢ ᠵᠠᠪᠠᠯ ᠡᠮᠴᠢ ᠶᠢᠨ | ᠵᠢᠯᠣᠭᠤᠳᠤᠯᠭ᠎ᠠ ᠳᠣᠣᠷ᠎ᠠ ᠤᠤᠭᠤᠬᠤ ᠬᠡᠷᠡᠭᠲᠡᠢ᠃ | ᠭᠤᠷᠪᠠᠳᠤᠭᠠᠷ ᠲᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠵᠤ᠂ ᠬᠢᠲᠠᠳ ᠡᠸᠦ᠋ᠷᠦᠫᠡ ᠡᠮᠨᠡᠯᠭᠡ ᠶᠢ | ᠵᠡᠷᠭᠡ ᠪᠠᠷ ᠴᠢᠬᠤᠯᠠᠴᠢᠯᠠᠬᠤ ᠨᠢ ᠮᠠᠰᠢ ᠴᠢᠬᠤᠯᠠ ᠶᠤᠮ᠃ ᠬᠢᠲᠠᠳ ᠡᠮ ᠨᠢ ᠸᠢᠷᠦ᠋ᠰ ᠤᠨ ᠴᠢᠨᠠᠷᠲᠠᠢ ᠬᠠᠯᠳᠠᠪᠤᠷᠢᠯᠠᠯ ᠢ ᠡᠮᠨᠡᠨ | ᠵᠠᠰᠠᠬᠤ ᠶᠠᠪᠤᠴᠠ ᠳᠤ ᠣᠨᠴᠠᠭᠠᠶ ᠳᠠᠪᠠᠭᠤᠯᠢᠭ ᠲᠠᠯ᠎ᠠ ᠲᠠᠢ ᠪᠠᠶᠢᠵᠤ᠂ ᠣᠳᠣᠬᠠᠨ ᠳᠤ ᠵᠠᠷᠢᠮ ᠬᠢᠲᠠᠳ ᠡᠮᠨᠡᠯᠭᠡ ᠬᠢᠲᠠᠳ | ᠡᠮ ᠢᠶᠠᠷ ᠡᠮᠨᠡᠨ ᠵᠠᠰᠠᠬᠤ ᠨᠢ ᠨᠢᠭᠡᠨ ᠮᠠᠰᠢ ᠰᠠᠶᠢᠨ ᠰᠣᠩᠭᠤᠯᠲᠠ ᠪᠣᠯᠣᠨ᠎ᠠ᠃ | ᠳᠥᠷᠪᠡᠳᠦᠭᠡᠷ ᠲᠤ᠂ ᠡᠮᠴᠢᠯᠡᠭᠡᠨ ᠤ ᠶᠠᠪᠤᠴᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ ᠪᠠ | ᠰᠠᠭᠤᠷᠢ ᠴᠢᠨᠠᠷᠲᠠᠢ ᠡᠪᠡᠳᠴᠢᠨ ᠢ ᠡᠮᠨᠡᠨ ᠵᠠᠰᠠᠬᠤ ᠶᠢ ᠬᠠᠮᠲᠤ ᠲᠤ ᠨᠢ ᠬᠠᠷᠠᠭᠠᠯᠵᠠᠬᠤ ᠬᠡᠷᠡᠭᠲᠡᠢ᠃ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠳᠤ ᠬᠠᠯᠳᠠᠪᠤᠷᠢᠯᠠᠭᠳᠠᠭᠰᠠᠨ ᠠᠴᠠ ᠪᠣᠯᠵᠤ ᠰᠠᠭᠤᠷᠢ ᠴᠢᠨᠠᠷᠲᠠᠢ ᠡᠪᠡᠳᠴᠢᠨ ᠤ ᠡᠮ ᠬᠡᠷᠡᠭᠯᠡᠬᠦ ᠶᠢ | ᠵᠣᠭᠰᠣᠭᠠᠵᠤ ᠪᠣᠯᠬᠤ ᠦᠭᠡᠢ᠂ ᠵᠢᠱᠢᠶᠡᠯᠡᠪᠡᠯ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ | ᠡᠪᠡᠳᠴᠢᠲᠡᠨ ᠤ ᠡᠳᠦᠷ ᠲᠤᠲᠤᠮ ᠤᠨ ᠡᠮᠴᠢᠯᠡᠭᠡ ᠶᠢ ᠲᠠᠰᠤᠯᠳᠠᠭᠤᠯᠵᠤ ᠪᠣᠯᠬᠤ ᠦᠭᠡᠢ᠃ ᠡᠶᠢᠮᠦ ᠠᠴᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠡᠮᠨᠡᠨ ᠵᠠᠰᠠᠬᠤ ᠶᠢᠨ ᠬᠠᠮᠲᠤ ᠪᠠᠰᠠ ᠰᠠᠭᠤᠷᠢ ᠴᠢᠨᠠᠷᠲᠠᠢ ᠡᠪᠡᠳᠴᠢᠨ ᠢ ᠦᠷᠭᠦᠯᠵᠢᠯᠡᠨ ᠡᠮᠨᠡᠨ | ᠵᠠᠰᠠᠬᠤ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃ | ᠡᠮ ᠤᠨ ᠵᠦᠢᠯ ᠢ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ | ᠪᠢᠳᠡ ᠨᠢᠭᠡᠨᠲᠡ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢ ᠬᠢᠲᠠᠳ ᠡᠮ᠂ ᠡᠸᠦ᠋ᠷᠦᠫᠡ | ᠡᠮ ᠵᠡᠷᠭᠡ ᠡᠮ ᠤᠨ ᠵᠦᠢᠯ᠂ ᠠᠨᠲ᠋ᠢᠭ᠍ᠸᠡ ᠤ ᠤᠷᠪᠠᠯᠵᠢ ᠶᠢ ᠪᠠᠭᠲᠠᠭᠠᠭᠰᠠᠨ ᠡᠳᠡᠭᠡᠷ ᠡᠪᠡᠳᠴᠢᠨ ᠳᠤ ᠨᠢ ᠲᠠᠭᠠᠷᠠᠭᠤᠯᠵᠤ ᠡᠮᠨᠡᠨ | ᠵᠠᠰᠠᠬᠤ ᠡᠮ ᠵᠢᠴᠢ ᠸᠢᠷᠦ᠋ᠰ ᠢ ᠡᠰᠡᠷᠭᠦᠴᠡᠬᠦ ᠡᠮ ᠵᠡᠷᠭᠡ ᠶᠢ ᠪᠡᠯᠡᠳᠬᠡᠬᠦ ᠶᠢ ᠴᠢᠩᠭᠠᠳᠬᠠᠵᠤ᠂ ᠵᠣᠬᠢᠬᠤ ᠬᠡᠮᠵᠢᠶᠡᠨ ᠤ ᠪᠡᠯᠡᠳᠬᠡᠯ | ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠤ ᠬᠠᠮᠲᠤ᠂ ᠱᠠᠲᠤ ᠲᠥᠷᠥᠯ ᠬᠤᠪᠢᠶᠠᠵᠤ ᠡᠮᠨᠡᠨ ᠵᠠᠰᠠᠬᠤ ᠪᠠᠷ | ᠳᠡᠮᠵᠢᠨ᠂ ᠮᠠᠰᠢ ᠣᠯᠠᠨ ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ ᠡᠮᠨᠡᠨ ᠵᠠᠰᠠᠬᠤ ᠠᠷᠭ᠎ᠠ ᠮᠠᠶ᠋ᠢᠭ ᠢ ᠰᠣᠩᠭᠤᠬᠤ ᠪᠣᠯᠣᠨ᠎ᠠ᠃ | ᠡᠶᠢᠮᠦ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ | ᠴᠦ ᠵᠣᠬᠢᠬᠤ ᠪᠡᠯᠡᠳᠬᠡᠯ ᠬᠢᠵᠦ᠂ ᠡᠮ ᠤᠨ ᠵᠦᠢᠯ ᠤᠨ ᠪᠣᠯᠣᠮᠵᠢᠲᠤ ᠴᠢᠨᠠᠷ ᠢ ᠪᠠᠲᠤᠯᠠᠬᠤ ᠬᠡᠷᠡᠭᠲᠡᠢ᠃ ᠪᠢᠳᠡ ᠪᠠᠰᠠ ᠣᠯᠠᠨ | ᠵᠦᠢᠯ ᠤᠨ ᠠᠷᠭ᠎ᠠ ᠪᠠᠷ ᠡᠳᠡᠭᠡᠷ ᠡᠮ ᠢ ᠬᠡᠷᠬᠢᠨ ᠬᠡᠷᠡᠭᠯᠡᠬᠦ᠂ ᠵᠢᠴᠢ ᠠᠨᠲ᠋ᠢᠭ᠍ᠸᠡ ᠤ ᠤᠷᠪᠠᠯᠵᠢ ᠶᠢ ᠬᠡᠷᠬᠢᠨ ᠬᠡᠷᠡᠭᠯᠡᠬᠦ ᠶᠢ | ᠣᠯᠠᠨ ᠳᠤ ᠮᠡᠳᠡᠭᠦᠯᠵᠦ᠂ ᠡᠮ ᠬᠡᠷᠡᠭᠯᠡᠬᠦ ᠠᠶᠤᠯ ᠦᠭᠡᠢ ᠪᠠᠶᠢᠬᠤ ᠶᠢ ᠪᠠᠲᠤᠯᠠᠨ᠎ᠠ᠃ | ᠡᠮ ᠤᠨ ᠵᠦᠢᠯ ᠢ ᠬᠤᠷᠠᠮᠳᠤᠭᠤᠯᠤᠨ ᠬᠠᠳᠠᠭᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ᠃ | ᠪᠦᠬᠦᠶᠢᠯᠡ ᠠᠵᠢᠯ ᠤᠨ ᠪᠠᠶᠢᠷᠢᠯᠠᠭᠤᠯᠤᠯᠲᠠ ᠶᠢ ᠳᠠᠭᠠᠯᠳᠤᠨ᠂ ᠡᠮ ᠤᠨ ᠵᠦᠢᠯ ᠤᠨ ᠪᠣᠷᠤᠯᠠᠭᠤᠯᠭ᠎ᠠ ᠶᠢᠨ ᠲᠣᠣᠷ ᠴᠡᠭ ᠲᠤ | ᠭᠡᠰᠡᠨ ᠦᠭᠡᠢ᠂ ᠡᠮᠴᠢᠯᠡᠭᠡᠨ ᠤ ᠪᠠᠶᠢᠭᠤᠯᠤᠮᠵᠢ ᠳᠤ ᠭᠡᠰᠡᠨ ᠦᠭᠡᠢ᠂ ᠡᠲᠡᠭᠡᠷ ᠡᠮ ᠤᠨ ᠵᠦᠢᠯ ᠭᠦᠢᠴᠡᠳ ᠪᠠᠶᠢᠨ᠎ᠠ᠃ | | ᠬᠠᠯᠠᠭᠤᠷᠠᠯ ᠤᠨ ᠡᠭᠦᠳᠡᠨ ᠡᠮᠨᠡᠯᠭᠡ ᠶᠢᠨ ᠡᠮᠴᠢᠯᠡᠭᠡ ᠶᠢ ᠭᠥᠯᠢᠶᠡᠨ ᠠᠪᠬᠤ ᠠᠯᠬᠤᠮ ᠳᠠᠷᠠᠭ᠎ᠠ ᠨᠢ ᠶᠠᠮᠠᠷ ᠪᠣᠢ︖ | ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠳᠤ ᠬᠦᠷᠪᠡᠯ᠂ ᠡᠮᠴᠢ ᠠᠴᠠ ᠡᠪᠡᠳᠴᠢᠨ ᠤ | ᠲᠡᠦᠬᠡ᠂ ᠣᠨᠴᠠᠭᠠᠶᠢᠯᠠᠨ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢ ᠠᠰᠠᠭᠤᠬᠤ ᠶᠢᠨ ᠬᠠᠮᠲᠤ ᠴᠢᠰᠤᠨ ᠤ | ᠪᠠᠶᠢᠴᠠᠭᠠᠯᠲᠠ᠂ ᠡᠪᠡᠳᠴᠢᠨ ᠡᠭᠦᠰᠬᠡᠭᠴᠢ ᠶᠢᠨ ᠤᠬᠠᠭᠠᠨ ᠤ ᠪᠠᠶᠢᠴᠠᠭᠠᠯᠲᠠ ᠵᠡᠷᠭᠡ ᠶᠢ ᠪᠠᠭᠲᠠᠭᠠᠭᠰᠠᠨ ᠠᠨᠠᠭᠠᠬᠤ ᠤᠬᠠᠭᠠᠨ ᠤ | ᠪᠠᠶᠢᠴᠠᠭᠠᠯᠲᠠ ᠬᠢᠨ᠎ᠡ᠃ ᠡᠳᠡᠭᠡᠷ ᠪᠠᠶᠢᠴᠠᠭᠠᠯᠲᠠ ᠪᠠᠷ ᠳᠠᠮᠵᠢᠨ ᠡᠮᠴᠢ ᠠᠴᠠ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠳ ᠶᠤᠮ ᠦᠦ ᠡᠰᠡᠬᠦᠯ᠎ᠡ ᠪᠤᠰᠤᠳ ᠡᠪᠡᠳᠴᠢᠨ ᠶᠤᠮ ᠦᠦ ᠭᠡᠳᠡᠭ ᠢ ᠮᠠᠭᠠᠳᠯᠠᠨ ᠣᠨᠣᠰᠢᠯᠠᠨ᠎ᠠ᠃ | ᠡᠭᠦᠨ ᠤ ᠬᠠᠮᠲᠤ᠂ ᠬᠠᠯᠠᠭᠤᠷᠠᠯ ᠤᠨ ᠡᠭᠦᠳᠡᠨ ᠡᠮᠨᠡᠯᠭᠡ ᠳᠤ ᠠᠩᠬᠠᠨ ᠤ ᠡᠮᠴᠢᠯᠡᠭᠡᠨ ᠤ ᠡᠮᠴᠢ ᠶᠢᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠶᠢ ᠱᠠᠭᠠᠷᠳᠠᠨ᠎ᠠ᠃ ᠡᠶᠢᠮᠦ ᠠᠴᠠ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ᠂ | ᠠᠯᠢ ᠠᠯᠢ ᠰᠠᠯᠠᠭ᠎ᠠ ᠲᠠᠰᠤᠭ ᠲᠤ ᠰᠢᠯᠵᠢᠭᠦᠯᠬᠦ᠂ ᠠᠯᠢ ᠠᠯᠢ ᠭᠠᠵᠠᠷ ᠲᠤ ᠤᠯᠠᠮ ᠨᠢᠭᠡ ᠠᠯᠬᠤᠮ ᠡᠮᠨᠡᠭᠦᠯᠬᠦ ᠳᠤ ᠪᠦᠷ ᠠᠯᠢ | ᠣᠯᠠᠨ ᠲᠣᠬᠢᠷᠠᠭᠤᠯᠤᠯᠲᠠ ᠲᠠᠢ ᠪᠠᠶᠢᠳᠠᠭ᠃ | ᠡᠭᠦᠨ ᠤ ᠬᠠᠮᠲᠤ᠂ ᠡᠪᠡᠳᠴᠢᠲᠡᠨ ᠬᠠᠯᠠᠭᠤᠷᠠᠯ ᠤᠨ ᠡᠭᠦᠳᠡᠨ ᠡᠮᠨᠡᠯᠭᠡ ᠳᠤ ᠣᠴᠢᠵᠤ ᠡᠮᠨᠡᠭᠦᠯᠬᠦ ᠶᠠᠪᠤᠴᠠ ᠳᠤ ᠪᠠᠨ | ᠠᠮᠠᠪᠴᠢ ᠪᠠᠨ ᠰᠠᠶᠢᠲᠤᠷ ᠵᠡᠭᠦᠵᠦ᠂ ᠡᠮᠨᠡᠯᠭᠡ ᠶᠢᠨ ᠬᠤᠷᠢᠶᠠᠨ ᠤ ᠠᠵᠢᠯ ᠤᠨ ᠠᠯᠬᠤᠮ ᠳᠠᠷᠠᠭ᠎ᠠ ᠪᠠᠷ ᠡᠪᠡᠳᠴᠢᠨ ᠢᠶᠠᠨ | ᠦᠵᠡᠭᠦᠯᠵᠦ ᠡᠮᠨᠡᠭᠦᠯᠬᠦ ᠬᠡᠷᠡᠭᠲᠡᠢ᠃ ᠪᠠᠰᠠ ᠬᠠᠯᠠᠭᠤᠷᠠᠯ ᠤᠨ ᠡᠭᠦᠳᠡᠨ ᠡᠮᠨᠡᠯᠭᠡ ᠳᠤ ᠪᠤᠰᠤᠳ ᠬᠥᠮᠥᠨ ᠲᠠᠢ ᠴᠤᠭᠯᠠᠷᠠᠬᠤ ᠪᠠ | ᠣᠶᠢᠷᠠᠳᠬᠤ ᠠᠴᠠ ᠵᠠᠶᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠢ᠃ | ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠤᠶᠢᠯ ᠤᠨ ᠠᠮᠤᠷ ᠲᠦᠪᠰᠢᠨ ᠪᠠᠶᠢᠵᠤ᠂ | ᠲᠠᠷᠢᠯᠭ᠎ᠠ ᠬᠢᠭᠰᠡᠨ ᠤ ᠳᠠᠷᠠᠭ᠎ᠠ ᠣᠯᠬᠤ ᠠᠰᠢᠭ ᠲᠤᠰᠠ ᠨᠢ ᠠᠶᠤᠯ ᠲᠦᠭᠰᠢᠭᠦᠷᠢ ᠠᠴᠠ ᠬᠤᠯᠠ ᠶᠡᠭᠡ ᠪᠠᠶᠢᠳᠠᠭ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠮᠠᠨ ᠤ ᠤᠯᠤᠰ ᠤᠨ ᠨᠢᠭᠡᠨᠲᠡ | ᠳᠠᠷᠢᠭᠰᠠᠨ 34 ᠳ᠋ᠦᠩᠰᠢᠭᠤᠷ ᠭᠠᠷᠤᠢ ᠲᠠᠷᠢᠯᠭ᠎ᠠ᠂ 13 ᠳ᠋ᠦᠩᠰᠢᠭᠤᠷ ᠭᠠᠷᠤᠢ ᠬᠥᠮᠥᠨ ᠤ ᠡᠷᠡᠭᠦᠯ ᠪᠤᠰᠤ ᠲᠤᠰᠬᠠᠯ ᠤᠨ | ᠬᠢᠨᠠᠨ ᠰᠢᠨᠵᠢᠯᠡᠯᠲᠡ ᠬᠢᠭᠡᠳ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠮᠠᠨ ᠤ ᠵᠢᠯ ᠲᠤᠷᠰᠢ ᠳᠠᠷᠢᠳᠠᠭ ᠪᠤᠰᠤᠳ ᠵᠠᠷᠢᠮ ᠸᠠᠺᠼᠢᠨ ᠤ ᠬᠢ ᠲᠠᠢ | ᠠᠳᠠᠯᠢ ᠪᠥᠭᠡᠳ ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠵᠠᠯᠠᠭᠤ ᠬᠥᠮᠥᠰ ᠤᠨ ᠬᠢ ᠠᠴᠠ | ᠵᠢᠭᠠᠬᠠᠨ ᠳᠣᠣᠷ᠎ᠠ ᠪᠠᠶᠢᠳᠠᠭ᠃ | ᠣᠳᠣᠬᠠᠨ ᠳᠤ᠂ ᠮᠠᠨ ᠤ ᠤᠯᠤᠰ ᠨᠢᠭᠡᠨᠲᠡ ᠪᠥᠬᠦ ᠳᠡᠯᠡᠬᠡᠢ ᠶᠢᠨ 120 ᠭᠠᠷᠤᠢ ᠤᠯᠤᠰ ᠪᠠ ᠣᠯᠠᠨ ᠤᠯᠤᠰ ᠤᠨ ᠵᠣᠬᠢᠶᠠᠨ | ᠪᠠᠶᠢᠭᠤᠯᠤᠯᠲᠠ ᠳᠤ ᠨᠡᠶᠢᠲᠡ 22 ᠳ᠋ᠦᠩᠰᠢᠭᠤᠷ ᠭᠠᠷᠤᠢ ᠲᠠᠷᠢᠯᠭ᠎ᠠ ᠶᠢᠨ ᠸᠠᠺᠼᠢᠨ ᠢ ᠬᠠᠩᠭᠠᠭᠰᠠᠨ ᠪᠠᠶᠢᠨ᠎ᠠ᠃ | ᠮᠡᠳᠡᠭᠡᠯᠡᠯ ᠠᠴᠠ ᠦᠵᠡᠪᠡᠯ᠂ 30 ᠭᠠᠷᠤᠢ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ ᠲᠡᠷᠢᠭᠦᠨ᠂ ᠵᠠᠰᠠᠭ ᠤᠨ | ᠣᠷᠳᠣᠨ ᠤ ᠲᠤᠰᠢᠶᠠᠯᠲᠠᠨ ᠲᠦᠷᠦᠭᠦᠯᠡᠨ ᠳᠤᠮᠳᠠᠳᠤ ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢ ᠬᠢᠪᠡ᠃ ᠮᠠᠨ ᠤ ᠪᠦᠷᠢᠨ ᠪᠤᠰᠤ ᠪᠦᠷᠢᠳᠬᠡᠯ ᠠᠴᠠ ᠦᠵᠡᠪᠡᠯ᠂ ᠪᠥᠬᠦ ᠳᠡᠯᠡᠬᠡᠢ ᠳᠤ ᠣᠲᠣ ᠪᠣᠯᠲᠠᠯ᠎ᠠ᠂ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠳᠤᠮᠳᠠᠳᠤ | ᠤᠯᠤᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠳᠠᠷᠢᠭᠰᠠᠨ ᠨᠢ ᠨᠢᠭᠡᠨ᠋ᠡ 10 ᠳ᠋ᠦᠩᠰᠢᠭᠤᠷ ᠢ ᠳᠠᠪᠠᠵᠤ᠂ | ᠴᠥᠮ ᠲᠤᠶᠢᠯ ᠤᠨ ᠠᠮᠤᠷ ᠲᠦᠪᠰᠢᠨ ᠪᠠᠶᠢᠳᠠᠭ᠃ ᠨᠠᠮ ᠪᠣᠯᠣᠨ ᠲᠥᠷᠥ ᠶᠢᠨ ᠣᠳᠣ ᠶᠢᠨ ᠲᠤᠰᠢᠶᠠᠯ ᠳᠤ ᠪᠠᠶᠢᠭ᠎ᠠ | ᠤᠳᠤᠷᠢᠳᠬᠤ ᠬᠥᠮᠥᠰ ᠴᠥᠮ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ ᠪᠥᠭᠡᠳ ᠡᠩ ᠤᠨ ᠠᠷᠠᠳ | ᠢᠷᠭᠡᠳ ᠲᠠᠢ ᠠᠳᠠᠯᠢᠬᠠᠨ ᠤᠯᠤᠰ ᠲᠤ ᠪᠠᠨ ᠦᠢᠯᠡᠳᠪᠦᠷᠢᠯᠡᠭᠰᠡᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠭᠰᠠᠨ | ᠪᠠᠶᠢᠨ᠎ᠠ᠃ | ᠤᠳᠠᠭᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ | ᠴᠡᠭᠡᠷᠯᠡᠯ ᠪᠢᠰᠢ | ᠵᠠᠷᠢᠮ ᠨᠠᠰᠤᠲᠠᠶᠢᠴᠤᠳ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠵᠡᠷᠭᠡ ᠤᠳᠠᠭᠠᠨ | ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠲᠠᠯ᠎ᠠ ᠪᠠᠷ ᠰᠠᠨᠠᠭᠠᠰᠢᠷᠠᠵᠤ ᠪᠠᠶᠢᠨ᠎ᠠ᠃ ᠡᠲᠡᠭᠡᠷ ᠤᠳᠠᠭᠠᠨ ᠴᠢᠨᠠᠷᠲᠠᠢ | ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢᠨ ᠲᠠᠰᠤ ᠴᠡᠭᠡᠷᠯᠡᠯ ᠪᠢᠰᠢ᠂ ᠡᠲᠡᠭᠡᠷ | ᠤᠳᠠᠭᠠᠨ ᠴᠢᠨᠠᠷᠲᠠᠢ ᠡᠪᠡᠳᠴᠢᠨ ᠢ ᠰᠠᠶᠢᠲᠤᠷ ᠡᠵᠡᠮᠳᠡᠵᠦ᠂ ᠲᠣᠭᠲᠠᠭᠤᠨ ᠪᠠᠶᠢᠳᠠᠯ ᠳᠤ ᠪᠠᠶᠢᠯᠭᠠᠳᠠᠭ ᠯᠠ ᠶᠤᠮ ᠪᠣᠯ ᠴᠥᠮ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠦ ᠪᠣᠯᠣᠨ᠎ᠠ ᠭᠡᠳᠡᠭ ᠢ ᠣᠯᠠᠨ ᠳᠤ ᠲᠣᠳᠣᠷᠬᠠᠢ ᠬᠡᠯᠡᠵᠦ | ᠪᠣᠯᠣᠨ᠎ᠠ᠃ ᠣᠳᠣᠬᠠᠨ ᠳᠤ ᠲᠠᠷᠢᠯᠭ᠎ᠠ ᠲᠠᠷᠢᠵᠤ ᠪᠣᠯᠬᠤ ᠦᠭᠡᠢ ᠪᠤᠶᠤ ᠲᠦᠷ ᠬᠤᠶᠢᠰᠢᠯᠠᠭᠤᠯᠬᠤ 4 ᠵᠦᠢᠯ ᠤᠨ ᠪᠠᠶᠢᠳᠠᠯ ᠢ | ᠲᠣᠭᠲᠠᠭᠠᠪᠠ᠃ | ᠨᠢᠭᠡᠳᠦᠭᠡᠷ ᠲᠤ᠂ ᠨᠠᠰᠤᠲᠠᠶᠢᠴᠤᠳ ᠥᠩᠭᠡᠷᠡᠭᠰᠡᠨ ᠳᠤ ᠸᠠᠺᠼᠢᠨ ᠤ ᠲᠠᠷᠢᠯᠭ᠎ᠠ ᠳᠤ ᠬᠦᠨᠳᠦ ᠨᠣᠴᠢᠲᠠᠢ ᠬᠠᠷᠰᠢᠮᠠᠲᠠᠭᠠᠢ | ᠤᠷᠪᠠᠯ ᠭᠠᠷᠴᠤ ᠥᠩᠭᠡᠷᠡᠭᠰᠡᠨ ᠦᠶ᠎ᠡ ᠳᠤ᠂ ᠵᠢᠱᠢᠶᠡᠯᠡᠪᠡᠯ ᠬᠠᠷᠰᠢᠮᠠᠲᠠᠭᠠᠢ ᠴᠢᠨᠠᠷᠲᠠᠢ ᠱᠣᠺ᠂ ᠲᠥᠪᠥᠩᠬᠡᠢ ᠶᠢᠨ ᠤᠰᠤᠨ | ᠬᠠᠪᠤᠩ ᠵᠡᠷᠭᠡ ᠪᠠᠶᠢᠳᠠᠯ ᠭᠠᠷᠴᠤ ᠥᠩᠭᠡᠷᠡᠭᠰᠡᠨ ᠪᠠᠶᠢᠪᠠᠯ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠳᠠᠷᠢᠵᠤ ᠪᠣᠯᠬᠤ | ᠦᠭᠡᠢ᠃ | ᠬᠤᠶᠠᠳᠤᠭᠠᠷ ᠲᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠠᠴᠠ ᠪᠣᠯᠵᠤ ᠲᠦᠷᠭᠡᠨ ᠴᠢᠨᠠᠷᠲᠠᠢ ᠬᠠᠯᠠᠭᠤᠷᠠᠯ ᠤᠨ | ᠬᠤᠭᠤᠴᠠᠭᠠᠨ ᠳᠤ ᠪᠠᠨ ᠪᠠᠶᠢᠬᠤ ᠦᠶ᠎ᠡ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷ | ᠬᠤᠶᠢᠰᠢᠯᠠᠭᠤᠯᠵᠤ᠂ ᠡᠵᠡᠮᠳᠡᠭᠰᠡᠨ ᠤ ᠳᠠᠷᠠᠭ᠎ᠠ ᠳᠠᠭᠢᠵᠤ ᠲᠠᠷᠢᠯᠭ᠎ᠠ ᠬᠢᠬᠦ ᠶᠢ ᠰᠠᠨᠠᠭᠤᠯᠵᠤ ᠪᠠᠶᠢᠨ᠎ᠠ᠃ | ᠭᠤᠷᠪᠠᠳᠤᠭᠠᠷ ᠲᠤ᠂ ᠤᠳᠠᠭᠠᠨ ᠴᠢᠨᠠᠷᠲᠠᠢ ᠡᠪᠡᠳᠴᠢᠨ ᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠪᠠᠶᠢᠪᠠᠯ᠂ | ᠵᠢᠱᠢᠶᠡᠯᠡᠪᠡᠯ ᠬᠠᠪᠤᠳᠠᠷ ᠤᠨ ᠡᠪᠡᠳᠴᠢᠲᠡᠨ ᠬᠢᠮᠢ ᠶᠢᠨ ᠵᠠᠰᠠᠯᠭ᠎ᠠ ᠶᠢᠨ ᠬᠤᠭᠤᠴᠠᠭᠠᠨ ᠳᠤ ᠪᠠᠶᠢᠬᠤ ᠪᠤᠶᠤ ᠴᠢᠰᠤᠨ ᠳᠠᠷᠤᠯᠲᠠ | ᠥᠨᠳᠥᠷ ᠡᠪᠡᠳᠴᠢᠲᠡᠨ ᠴᠢᠰᠤᠨ ᠳᠠᠷᠤᠯᠲᠠ ᠥᠨᠳᠥᠷ ᠡᠪᠡᠳᠴᠢᠨ ᠤ ᠲᠦᠭᠰᠢᠭᠦᠷᠢᠲᠦ ᠪᠠᠶᠢᠳᠠᠯ ᠳᠤ ᠪᠠᠶᠢᠬᠤ᠂ ᠵᠢᠷᠦᠬᠡᠨ | ᠲᠢᠲᠢᠮ ᠤᠨ ᠡᠪᠡᠳᠴᠢᠲᠡᠨ ᠵᠢᠷᠦᠬᠡᠨ ᠪᠤᠯᠴᠢᠩ ᠤᠨ ᠲᠦᠭᠵᠢᠷᠡᠯ ᠬᠥᠳᠡᠯᠬᠦ ᠬᠤᠭᠤᠴᠠᠭᠠᠨ ᠳᠤ ᠪᠠᠶᠢᠬᠤ᠂ ᠵᠠᠷᠢᠮ ᠮᠡᠳᠡᠷᠡᠯ ᠤᠨ | ᠴᠢᠨᠠᠷᠲᠠᠢ ᠡᠪᠡᠳᠴᠢᠨ ᠲᠠᠢ ᠡᠪᠡᠳᠴᠢᠲᠡᠨ ᠡᠪᠡᠳᠴᠢᠨ ᠤ ᠬᠥᠭᠵᠢᠯᠲᠡ ᠶᠢᠨ ᠬᠤᠭᠤᠴᠠᠭᠠᠨ ᠳᠤ ᠪᠠᠶᠢᠬᠤ᠂ ᠪᠠᠰᠠ ᠤᠨᠠᠳᠠᠭ | ᠡᠪᠡᠳᠴᠢᠨ ᠨᠢ ᠲᠦᠷᠭᠡᠨ | ᠴᠢᠨᠠᠷᠲᠠᠢ ᠬᠥᠳᠡᠯᠬᠦ ᠬᠤᠭᠤᠴᠠᠭᠠᠨ ᠳᠤ ᠪᠠᠨ ᠪᠠᠶᠢᠬᠤ ᠮᠡᠲᠦ ᠶᠢᠨ ᠡᠪᠡᠳᠴᠢᠲᠡᠨ ᠳᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠬᠢᠬᠦ ᠶᠢ ᠲᠦᠷ ᠬᠤᠶᠢᠰᠢᠯᠠᠭᠤᠯᠬᠤ ᠶᠢ ᠰᠠᠨᠠᠭᠤᠯᠤᠶ᠎ᠠ᠂ ᠡᠪᠡᠳᠴᠢᠨ ᠤ ᠪᠠᠶᠢᠳᠠᠯ ᠨᠢ ᠲᠣᠭᠲᠠᠭᠤᠨ | ᠪᠣᠯᠤᠭᠰᠠᠨ ᠤ ᠳᠠᠷᠠᠭ᠎ᠠ ᠳᠠᠬᠢᠨ ᠲᠠᠷᠢᠯᠭ᠎ᠠ ᠬᠢᠵᠦ ᠪᠣᠯᠣᠨ᠎ᠠ᠃ | ᠳᠥᠷᠪᠡᠳᠦᠭᠡᠷ ᠲᠤ᠂ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠢ ᠡᠪᠡᠳᠴᠢᠨ ᠨᠢ ᠨᠢᠭᠡᠨᠲᠡ ᠠᠮᠢ ᠨᠠᠰᠤᠨ ᠤ | ᠡᠴᠦᠰ ᠤᠨ ᠬᠤᠭᠤᠴᠠᠭᠠᠨ ᠳᠤ ᠣᠷᠣᠭᠰᠠᠨ ᠪᠣᠯ ᠸᠠᠺᠼᠢᠨ ᠤ ᠲᠠᠷᠢᠯᠭ᠎ᠠ ᠬᠢᠬᠦ ᠶᠢ ᠪᠢᠳᠡ ᠰᠠᠨᠠᠭᠠᠴᠢᠯᠠᠬᠤ ᠦᠭᠡᠢ᠃ | ᠳᠠᠬᠢᠨᠲᠠ ᠴᠢᠬᠤᠯᠠᠴᠢᠯᠠᠬᠤ ᠨᠢ᠂ ᠨᠠᠰᠤᠲᠠᠶᠢᠴᠤᠳ ᠲᠤ ᠠᠪᠴᠤ ᠬᠡᠯᠡᠪᠡᠯ᠂ ᠨᠥᠬᠦᠴᠡᠯᠳᠤ ᠨᠡᠶᠢᠴᠡᠳᠡᠭ ᠯᠡ ᠶᠤᠮ ᠪᠣᠯ | ᠵᠠᠪᠠᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠵᠦ᠂ ᠲᠠᠷᠢᠬᠤ ᠶᠣᠰᠣᠲᠠᠢ ᠪᠣᠯ ᠴᠥᠮ | ᠲᠠᠷᠢᠬᠤ ᠬᠡᠷᠡᠭᠲᠡᠢ᠂ ᠢᠩᠭᠢᠪᠡᠯ ᠰᠠᠶ᠋ᠢ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢᠶᠠᠨ | ᠨᠠᠩ ᠰᠠᠶᠢᠲᠤᠷ ᠬᠠᠮᠠᠭᠠᠯᠠᠵᠤ ᠴᠢᠳᠠᠨ᠎ᠠ᠃ | ᠲᠥᠷᠥ ᠶᠢᠨ ᠪᠣᠳᠣᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ | ᠲᠥᠷᠥ ᠶᠢᠨ ᠪᠣᠳᠣᠯᠭ᠎ᠠ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ᠃ | ᠵᠢᠱᠢᠶᠡᠯᠡᠪᠡᠯ᠂ ᠵᠠᠰᠠᠭ ᠵᠠᠬᠢᠷᠭᠠᠨ ᠤ ᠣᠷᠣᠨ ᠤ ᠬᠡᠪᠴᠢᠶ᠎ᠡ ᠪᠠᠷ ᠪᠥᠬᠦ ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ | ᠥᠷᠨᠢᠭᠦᠯᠬᠦ ᠦᠭᠡᠢ ᠪᠠᠶᠢᠬᠤ ᠶᠢ ᠱᠠᠭᠠᠷᠳᠠᠨ᠎ᠠ᠂ ᠭᠡᠪᠡᠴᠦ ᠪᠢᠳᠡ ᠪᠠᠶᠢᠴᠠᠭᠠᠨ ᠰᠢᠯᠭᠠᠬᠤ ᠱᠠᠭᠠᠷᠳᠠᠯᠭ᠎ᠠ ᠲᠠᠢ ᠬᠥᠮᠥᠰ ᠢ | ᠰᠠᠶᠢᠲᠤᠷ ᠪᠠᠲᠤᠯᠠᠬᠤ ᠬᠡᠷᠡᠭᠲᠡᠢ︔ ᠪᠠᠰᠠ ᠵᠢᠱᠢᠶᠡᠯᠡᠪᠡᠯ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠭᠡᠷ ᠲᠤ ᠨᠢ ᠲᠤᠰᠠᠭᠠᠷᠯᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠲᠠᠯ᠎ᠠ ᠶᠢᠨ ᠰᠢᠨ᠎ᠡ ᠬᠠᠯᠳᠠᠪᠤᠷᠢᠯᠠᠯ | ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ ᠡᠮ ᠡᠮᠨᠡᠯᠭᠡ ᠶᠢᠨ ᠡᠬᠢ ᠪᠠᠶᠠᠯᠢᠭ ᠢ ᠪᠡᠯᠡᠳᠬᠡᠬᠦ ᠪᠠ ᠨᠥᠭᠡᠴᠡᠯᠡᠬᠦ ᠠᠵᠢᠯ ᠢ ᠰᠠᠶᠢᠲᠤᠷ | ᠬᠢᠵᠦ᠂ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠢ ᠭᠤᠣᠯᠳᠠᠯᠭ᠎ᠠ ᠲᠠᠢ ᠬᠥᠮᠥᠰ ᠲᠤ ᠨᠡᠩ ᠢᠯᠡᠭᠦᠦ ᠬᠦᠷᠲᠡᠭᠡᠵᠦ᠂ ᠲᠡᠳᠡᠨ ᠤ | ᠡᠷᠡᠭᠦᠯ ᠴᠢᠭᠢᠷᠠᠭ ᠤᠨ ᠪᠠᠶᠢᠳᠠᠯ ᠢ ᠣᠶᠢᠯᠠᠭᠠᠵᠤ᠂ ᠪᠠᠶᠢᠳᠠᠯ ᠢ ᠣᠶᠢᠯᠠᠭᠠᠨ ᠳᠠᠩᠰᠠ ᠡᠪᠬᠡᠮᠡᠯ ᠪᠠᠶᠢᠭᠤᠯᠬᠤ ᠪᠠ ᠱᠠᠲᠤ | ᠬᠤᠪᠢᠶᠠᠨ ᠲᠦᠷᠦᠯ ᠬᠤᠪᠢᠶᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠠᠵᠢᠯ ᠢᠶᠠᠨ ᠨᠡᠩ ᠪᠣᠳᠠᠲᠠᠢ᠂ ᠨᠡᠩ ᠨᠠᠷᠢᠯᠢᠭ | ᠪᠥᠭᠡᠳ ᠨᠡᠩ ᠬᠠᠯᠠᠭᠤᠮᠰᠤᠭ ᠬᠢᠬᠦ ᠬᠡᠷᠡᠭᠲᠡᠢ᠃ | | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ | ᠠᠰᠠᠷ᠂ ᠣᠷᠣᠴᠠ᠂ ᠳᠠᠪᠬᠤᠷᠭ᠎ᠠ᠂ ᠰᠠᠭᠤᠭᠠᠯᠢ ᠡᠷᠤᠭᠡ ᠪᠠᠷ ᠲᠦᠭᠰᠢᠭᠦᠷᠢᠲᠦ ᠣᠷᠣᠨ ᠢ ᠵᠠᠭᠠᠭᠯᠠᠨ ᠲᠣᠭᠲᠠᠭᠠᠬᠤ | ᠬᠡᠷᠡᠭᠲᠡᠢ᠂ ᠳᠤᠷ᠎ᠠ ᠪᠠᠷ ᠥᠷᠭᠡᠳᠬᠡᠵᠦ ᠪᠣᠯᠬᠤ ᠦᠭᠡᠢ᠃ ᠵᠠᠰᠠᠭ ᠵᠠᠬᠢᠷᠭᠠᠨ ᠤ ᠣᠷᠣᠨ ᠬᠡᠪᠴᠢᠶ᠎ᠡ ᠶᠣᠰᠣᠭᠠᠷ ᠪᠥᠬᠦ | ᠬᠥᠮᠥᠰ ᠤᠨ ᠪᠥᠭᠡᠮ ᠬᠦᠴᠢᠯ ᠤᠨ ᠪᠠᠶᠢᠴᠠᠭ᠋ᠯᠲᠡ ᠶᠢ ᠥᠷᠨᠢᠭᠦᠯᠵᠦ ᠪᠣᠯᠬᠤ ᠦᠭᠡᠢ᠃ ᠣᠨᠴᠠᠭᠠᠶ ᠲᠠᠯᠠᠪᠤᠷ ᠭᠠᠵᠠᠷ ᠠᠴᠠ | ᠭᠠᠳᠠᠨ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠭᠡᠷᠡᠴᠢ ᠬᠠᠩᠭᠠᠬᠤ ᠶᠢ ᠳᠠᠭᠢᠵᠤ ᠱᠠᠭᠠᠷᠳᠠᠬᠤ ᠦᠭᠡᠢ᠂ ᠡᠷᠡᠭᠦᠯ | ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ ᠦᠭᠡᠢ᠃ ᠭᠠᠵᠠᠷ ᠣᠷᠣᠨ ᠠᠯᠤᠰᠯᠠᠭᠰᠠᠨ ᠨᠡᠭᠦᠳᠡᠯ | ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ | ᠪᠢᠯᠢᠭ ᠴᠢᠨᠠᠷ ᠤᠨ ᠭᠡᠷᠡᠴᠢ ᠶᠢ ᠳᠠᠭᠢᠵᠤ ᠪᠠᠶᠢᠴᠠᠭᠠᠨ ᠰᠢᠯᠭᠠᠬᠤ ᠦᠭᠡᠢ᠂ ᠡᠷᠡᠭᠦᠯ ᠮᠡᠨᠳᠦ ᠶᠢᠨ ᠺᠣᠳ᠋ ᠪᠠ ᠠᠶᠠᠯᠠᠯ ᠤᠨ ᠺᠣᠳ᠋ ᠢ | ᠳᠠᠭᠢᠵᠤ ᠪᠠᠶᠢᠴᠠᠭᠠᠨ ᠰᠢᠯᠭᠠᠬᠤ ᠦᠭᠡᠢ᠂ ᠪᠠᠰᠠ ᠳᠠᠭᠢᠵᠤ ᠬᠦᠷᠬᠦ ᠭᠠᠵᠠᠷ ᠲᠤ ᠨᠢ ᠪᠥᠭᠡᠮ ᠬᠦᠴᠢᠯ ᠤᠨ ᠪᠠᠶᠢᠴᠠᠭᠠᠯᠲᠠ ᠬᠢᠬᠦ | ᠦᠭᠡᠢ ᠪᠠᠶᠢᠵᠤ᠂ ᠬᠢᠵᠢᠭ ᠤᠨ ᠪᠠᠶᠢᠳᠠᠯ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠦᠵᠡᠭᠳᠡᠯ ᠭᠠᠷᠬᠤ ᠠᠴᠠ ᠴᠢᠩᠭ᠎ᠠ ᠰᠡᠷᠭᠡᠶᠢᠯᠡᠨ᠎ᠡ | ᠣᠳᠣᠬᠠᠨ ᠳᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠨᠢᠭᠲᠠ ᠠᠩᠬᠠᠷᠴᠤ᠂ ᠡᠯ᠎ᠡ | ᠭᠠᠵᠠᠷ ᠤᠨ ᠬᠢᠨ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠰᠠᠨ ᠤ ᠳᠠᠷᠠᠭᠠᠬᠢ ᠬᠦᠨᠳᠦ ᠡᠪᠡᠳᠴᠢᠨ᠂ ᠦᠬᠦᠯ ᠤᠨ ᠪᠠᠶᠢᠳᠠᠯ ᠵᠢᠴᠢ ᠡᠮᠴᠢᠯᠡᠭᠡᠨ ᠤ ᠡᠬᠢ ᠪᠠᠶᠠᠯᠢᠭ ᠢ ᠡᠵᠡᠯᠡᠨ | ᠬᠡᠷᠡᠭᠯᠡᠭᠰᠡᠨ ᠪᠠᠶᠢᠳᠠᠯ ᠢ ᠮᠡᠳᠡᠭᠦᠯᠵᠦ᠂ | ᠡᠮᠴᠢᠯᠡᠭᠡᠨ ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠪᠠᠶᠢᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ | ᠨᠢᠭᠡ ᠳᠤ᠂ ᠸᠠᠺᠼᠢᠨ᠂ ᠡᠮ ᠤᠨ ᠵᠦᠢᠯ ᠢ ᠰᠤᠳᠤᠯᠤᠨ ᠨᠡᠭᠡᠭᠡᠵᠦ᠂ ᠸᠠᠺᠼᠢᠨ ᠤ ᠲᠠᠷᠢᠯᠭ᠎ᠠ ᠪᠠ ᠡᠮ ᠤᠨ ᠵᠦᠢᠯ ᠢ | ᠨᠥᠭᠡᠴᠡᠯᠡᠨ᠎ᠡ᠃ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠨᠢᠭᠡᠨᠲᠡ ᠢᠳᠡᠪᠬᠢᠲᠡᠢ ᠠᠬᠢᠴᠠ ᠲᠠᠢ ᠪᠣᠯᠵᠤ᠂ ᠪᠥᠬᠦ ᠬᠥᠮᠥᠰ ᠤᠨ | ᠸᠠᠺᠼᠢᠨ ᠤ ᠲᠠᠷᠢᠯᠭ᠎ᠠ ᠶᠢ ᠪᠦᠷᠢᠨ ᠳᠠᠷᠢᠭᠰᠠᠨ ᠨᠣᠷᠮ᠎ᠠ ᠨᠢ 90% ᠶᠢ ᠳᠠᠪᠠᠵᠠᠢ᠃ ᠣᠶᠢᠷ᠎ᠠ ᠳᠤ᠂ ᠨᠠᠰᠤᠲᠠᠶᠢᠴᠤᠳ ᠤᠨ | ᠸᠠᠺᠼᠢᠨ ᠤ ᠲᠠᠷᠢᠯᠭ᠎ᠠ ᠶᠢ ᠠᠬᠢᠭᠤᠯᠬᠤ ᠠᠵᠢᠯ ᠳᠤ ᠴᠢᠭᠯᠡᠭᠦᠯᠦᠨ ᠭᠤᠣᠯᠳᠠᠯᠭ᠎ᠠ ᠲᠠᠢ ᠪᠠᠶᠢᠷᠢᠯᠠᠭᠤᠯᠤᠯᠲᠠ ᠬᠢᠵᠦ᠂ ᠡᠮ ᠤᠨ | ᠵᠦᠢᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠨᠥᠭᠡᠴᠡᠯᠡᠬᠦ ᠶᠢ ᠴᠢᠩᠭᠠᠳᠬᠠᠵᠤ᠂ ᠰᠢᠨ᠎ᠡ ᠲᠢᠲᠢᠮᠯᠢᠭ ᠸᠢᠷᠦ᠋ᠰ ᠢ | ᠡᠰᠡᠷᠭᠦᠴᠡᠬᠦ ᠡᠮ᠂ ᠬᠢᠲᠠᠳ ᠡᠮ | ᠵᠢᠴᠢ ᠬᠡᠦᠬᠡᠳ ᠨᠠᠰᠤᠲᠠᠶᠢᠴᠤᠳ ᠢ ᠡᠮᠨᠡᠨ ᠵᠠᠰᠠᠬᠤ ᠡᠮ ᠪᠠ ᠡᠩ ᠤᠨ ᠡᠮ ᠢ ᠭᠤᠣᠯᠳᠠᠯᠭ᠎ᠠ ᠲᠠᠢ ᠨᠥᠭᠡᠴᠡᠯᠡᠨ᠎ᠡ᠃ | ᠬᠤᠶᠠᠷ ᠲᠤ᠂ ᠡᠮᠴᠢᠯᠡᠭᠡᠨ ᠤ ᠠᠪᠤᠷᠠᠨ ᠵᠠᠰᠠᠬᠤ ᠡᠬᠢ ᠪᠠᠶᠠᠯᠢᠭ ᠤᠨ ᠪᠡᠯᠡᠳᠬᠡᠯ ᠢ ᠴᠢᠩᠭᠠᠳᠬᠠᠨ᠎ᠠ᠃ ᠱᠠᠲᠤ ᠬᠤᠪᠢᠶᠠᠨ | ᠣᠨᠣᠰᠢᠯᠠᠨ ᠡᠮᠨᠡᠵᠦ ᠠᠪᠤᠷᠠᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠡᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠶᠢᠨ ᠬᠦᠨᠳᠦ ᠡᠪᠡᠳᠴᠢᠲᠡᠨ ᠤ ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ | ᠡᠳ᠋ ᠪᠣᠳᠠᠰ ᠢ ᠨᠡᠮᠡᠭᠳᠡᠭᠦᠯᠦᠨ᠎ᠡ᠃ ᠰᠢᠨ᠎ᠡ ᠪᠠᠷ ᠬᠠᠯᠳᠠᠪᠤᠷᠢᠯᠠᠭᠰᠠᠳ ᠢ ᠠᠪᠤᠷᠠᠨ ᠵᠠᠰᠠᠬᠤ ᠪᠠ ᠡᠳᠦᠷ ᠲᠤᠲᠤᠮ ᠤᠨ | ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠵᠦ᠂ ᠠᠯᠢ ᠴᠢᠳᠠᠬᠤ ᠪᠠᠷ ᠬᠡᠪ ᠤᠨ | ᠡᠮᠴᠢᠯᠡᠭᠡᠨ ᠤ ᠦᠢᠯᠡᠴᠢᠯᠡᠭᠡ ᠶᠢ ᠨᠥᠯᠥᠭᠡᠯᠡᠬᠦ ᠦᠭᠡᠢ ᠪᠠᠶᠢᠵᠤ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠠᠷᠠᠳ | ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢ ᠪᠠᠲᠤᠯᠠᠨ᠎ᠠ᠃ ᠦᠨᠳᠦᠰᠦᠨ ᠱᠠᠲᠤᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠡᠭᠦᠳᠡ ᠰᠠᠬᠢᠭᠴᠢ︾ ᠶᠢᠨ ᠦᠢᠯᠡᠳᠦᠯ ᠢ ᠰᠠᠶᠢᠲᠤᠷ | ᠪᠠᠳᠠᠷᠠᠭᠤᠯᠤᠨ᠎ᠠ᠃ | ᠭᠤᠷᠪᠠ ᠳᠤ᠂ ᠸᠢᠷᠦ᠋ᠰ ᠤᠨ ᠣᠨᠳᠣᠣᠰᠢᠯ᠂ ᠡᠪᠡᠳᠴᠢᠨ ᠡᠮᠭᠡᠭ ᠤᠨ ᠬᠦᠨᠳᠦ ᠨᠣᠴᠢᠲᠠᠢ ᠴᠢᠨᠠᠷ᠂ ᠡᠮᠴᠢᠯᠡᠭᠡᠨ ᠤ ᠡᠬᠢ | ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠤᠨ ᠬᠢᠨᠠᠨ ᠰᠢᠨᠵᠢᠯᠡᠯᠲᠡ ᠶᠢ ᠴᠢᠩᠭᠠᠳᠬᠠᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ᠂ | ᠠᠰᠠᠷᠠᠮᠵᠢ ᠶᠢᠨ ᠬᠦᠷᠢᠶᠡᠯᠡᠩ᠂ ᠡᠮᠴᠢᠯᠡᠭᠡᠨ ᠤ ᠪᠠᠶᠢᠭᠤᠯᠤᠮᠵᠢ᠂ ᠬᠡᠦᠬᠡᠳ ᠠᠰᠠᠷᠠᠬᠤ ᠪᠠᠶᠢᠭᠤᠯᠤᠮᠵᠢ᠂ ᠳᠤᠮᠳᠠᠳᠤ ᠪᠠᠭ᠎ᠠ | ᠰᠤᠷᠭᠠᠭᠤᠯᠢ ᠵᠡᠷᠭᠡ ᠣᠨᠴᠠᠭᠠᠢ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ ᠢ ᠴᠢᠩᠭᠠᠷᠠᠭᠤᠯᠵᠤ᠂ | ᠨᠡᠶᠢᠭᠡᠮ ᠤᠨ ᠬᠡᠪ ᠤᠨ ᠠᠵᠢᠯᠯᠠᠭᠠᠨ ᠢ ᠪᠠᠲᠤᠯᠠᠨ᠂ ᠬᠡᠪ ᠤᠨ ᠦᠢᠯᠡᠳᠪᠦᠷᠢᠯᠡᠯ ᠠᠵᠢᠯ ᠤᠨ ᠡᠮᠬᠢ ᠳᠢᠭᠯᠢᠮ ᠢ ᠴᠢᠳᠠᠬᠤ ᠶᠢᠨ | ᠬᠢᠷᠢ ᠪᠠᠷ ᠬᠠᠮᠠᠭᠠᠯᠠᠵᠤ᠂ | ᠣᠯᠠᠨ ᠲᠦᠮᠡᠨ ᠤ ᠲᠤᠰᠬᠠᠭᠰᠠᠨ ᠪᠠᠴᠢᠮᠳᠠᠬᠤ ᠬᠦᠴᠢᠷᠳᠡᠬᠦ ᠵᠣᠪᠠᠨᠢᠬᠤ ᠠᠰᠠᠭᠤᠳᠠᠯ ᠢ ᠴᠠᠭ ᠲᠤᠬᠠᠢ ᠳᠤ ᠨᠢ | ᠰᠢᠢᠳᠪᠦᠷᠢᠯᠡᠨ᠎ᠡ᠃ | ᠳᠥᠷᠪᠡ ᠳᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠰᠢᠯᠢᠳᠡᠭᠵᠢᠭᠦᠯᠬᠦ ᠲᠤᠬᠠᠢ ᠣᠯᠠᠨ ᠲᠦᠮᠡᠨ ᠳᠡᠮᠵᠢᠬᠦ ᠪᠠ ᠪᠠᠶᠠᠷᠯᠠᠨ ᠤᠭᠲᠤᠵᠤ ᠪᠠᠶᠢᠨ᠎ᠠ︔ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠲᠤᠬᠠᠢ ᠲᠠᠨᠢᠯᠲᠠ ᠶᠢ ᠨᠠᠩ ᠣᠶᠤᠨᠴᠢ ᠪᠣᠯᠭᠠᠵᠤ᠂ ᠬᠤᠪᠢ ᠬᠥᠮᠥᠨ ᠤ ᠡᠷᠡᠭᠦᠯ ᠮᠡᠨᠳᠦ ᠶᠢᠨ ᠤᠬᠠᠮᠰᠠᠷ ᠢ ᠢᠯᠡᠳᠲᠡ | ᠳᠡᠭᠡᠭᠰᠢᠯᠡᠭᠦᠯᠦᠨ᠎ᠡ᠃ | ᠶᠠᠭᠤᠨ ᠤ ᠤᠴᠢᠷ ᠠᠴᠠ ᠨᠠᠰᠤᠲᠠᠶᠢᠴᠤᠳ ᠤᠨ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ ᠳᠠᠷᠠᠭ᠎ᠠ ᠨᠢᠭᠡᠳᠦᠭᠡᠷ | ᠤᠳᠠᠭ᠎ᠠ ᠶᠢᠨ ᠴᠢᠩᠭᠠᠳᠬᠠᠬᠤ ᠲᠠᠶᠢᠯᠭ᠎ᠠ ᠬᠢᠬᠦ ᠴᠠᠭ ᠢ 6 ᠰᠠᠷ᠎ᠠ ᠠᠴᠠ 3 ᠰᠠᠷ᠎ᠠ ᠪᠣᠯᠭᠠᠨ ᠬᠤᠪᠢᠷᠠᠭᠤᠯᠤᠭᠰᠠᠨ ᠪᠤᠶ︖ | ᠡᠩ ᠲᠡᠷᠢᠭᠦᠨ ᠳᠤ᠂ ᠪᠦᠬᠦ ᠳᠡᠯᠡᠬᠡᠢ ᠶᠢᠨ ᠣᠳᠣᠬᠠᠨ ᠤ ᠪᠤᠢ ᠪᠦᠬᠦᠢ ᠤᠯᠤᠰ ᠤᠳ ᠬᠠᠮᠤᠭ ᠤᠨ ᠠᠩᠬᠠᠨ ᠤ | ᠴᠢᠩᠭᠠᠳᠬᠠᠬᠤ ᠲᠠᠷᠢᠯᠭ᠎ᠠ ᠬᠢᠬᠦ ᠴᠠᠭ ᠢ 6 ᠰᠠᠷ᠎ᠠ ᠶᠢᠨ ᠰᠠᠭᠤᠷᠢᠨ ᠳᠡᠭᠡᠷ᠎ᠡ ᠴᠥᠮ ᠲᠣᠬᠢᠷᠠᠭᠤᠯᠤᠯᠲᠠ ᠬᠢᠭᠰᠡᠨ ᠪᠠᠶᠢᠨ᠎ᠠ᠃ | ᠣᠳᠣᠬᠠᠨ ᠳᠤ ᠪᠥᠬᠦ ᠳᠡᠯᠡᠬᠡᠢ ᠶᠢᠨ ᠪᠣᠶ ᠪᠦᠬᠦᠢ ᠬᠠᠮᠤᠭ ᠤᠨ ᠠᠩᠬᠠᠨ ᠤ ᠴᠢᠩᠭᠠᠳᠬᠠᠬᠤ ᠲᠠᠷᠢᠯᠭ᠎ᠠ ᠶᠢᠨ ᠴᠠᠭ ᠢ ᠣᠯᠠᠩᠬᠢ | ᠤᠯᠤᠰ ᠴᠥᠮ 3 ︱ 6 ᠰᠠᠷ᠎ᠠ ᠪᠣᠯᠭᠠᠨ ᠲᠣᠬᠢᠷᠠᠭᠤᠯᠵᠠᠢ᠃ | ᠬᠤᠶᠠᠷ ᠲᠤ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ | ᠴᠢᠩᠭᠠᠳᠬᠠᠬᠤ ᠲᠠᠷᠢᠯᠭ᠎ᠠ ᠬᠢᠬᠦ ᠪᠠ 6 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭᠠᠨ ᠤ ᠴᠢᠩᠭᠠᠳᠭᠠᠬᠤ ᠲᠠᠷᠢᠯᠭ᠎ᠠ ᠬᠢᠪᠡᠯ᠂ | ᠡᠭᠡᠯᠢᠯᠡᠭᠡ ᠶᠢᠨ ᠦᠷ᠎ᠡ ᠪᠦᠲᠦᠮᠵᠢ ᠨᠢ ᠪᠠᠲᠤᠯᠠᠭ᠎ᠠ ᠲᠠᠢ ᠪᠠᠶᠢᠳᠠᠭ᠃ ᠮᠠᠨ ᠤ ᠰᠤᠳᠤᠯᠤᠨ ᠨᠡᠭᠡᠭᠡᠬᠦ ᠨᠢᠭᠡᠴᠢ ᠨᠦᠭᠦᠳ 18 | ᠨᠠᠰᠤᠨ ᠠᠴᠠ ᠳᠡᠭᠡᠭᠰᠢᠬᠢ ᠬᠥᠮᠥᠰ ᠪᠠ ᠨᠠᠰᠤᠲᠠᠶᠢᠴᠤᠳ ᠢ ᠪᠠᠭᠲᠠᠭᠠᠭᠰᠠᠨ ᠬᠥᠮᠥᠰ ᠲᠤ ᠡᠮᠴᠢᠯᠡᠭᠡᠨ ᠤ ᠰᠤᠳᠤᠯᠭᠠᠨ ᠪᠠ | ᠦᠨᠡᠨ ᠪᠣᠳᠠᠲᠤ ᠴᠢᠨᠠᠷ ᠤᠨ ᠰᠤᠳᠤᠯᠭᠠᠨ ᠬᠢᠭᠡᠳ ᠢᠯᠡᠷᠡᠭᠦᠯᠦᠭᠰᠡᠨ ᠢᠶᠠᠷ᠂ ᠦᠨᠳᠦᠰᠦᠨ ᠡᠭᠡᠯᠢᠯᠡᠭᠡ ᠶᠢ ᠪᠡᠶᠡᠯᠡᠭᠦᠯᠦᠭᠰᠡᠨ ᠤ | ᠳᠠᠷᠠᠭᠠᠬᠢ 3 ᠰᠠᠷ᠎ᠠ ᠶᠢᠨ ᠳᠣᠲᠣᠷ᠎ᠠ ᠨᠢᠭᠡᠳᠦᠭᠡᠷ ᠤᠳᠠᠭ᠎ᠠ ᠶᠢᠨ ᠴᠢᠩᠭᠠᠳᠬᠠᠬᠤ ᠲᠠᠷᠢᠯᠭ᠎ᠠ ᠬᠢᠵᠦ᠂ ᠡᠭᠦᠰᠬᠦ | ᠰᠠᠭᠠᠷᠮᠠᠭᠵᠢᠭᠤᠯᠬᠤ ᠴᠠᠷᠤᠭᠴᠢ ᠨᠢ 3 ᠰᠠᠷ᠎ᠠ ᠶᠢᠨ ᠳᠠᠷᠠᠭᠠᠬᠢ ᠠᠴᠠ ᠥᠨᠳᠥᠷ ᠪᠢᠰᠢ᠂ ᠭᠡᠪᠡᠴᠦ ᠦᠨᠳᠦᠰᠦᠨ ᠡᠭᠡᠯᠢᠯᠡᠭᠡ ᠶᠢ | ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠪᠠ ᠰᠠᠭᠤᠷᠢ ᠡᠭᠡᠯᠢᠯᠡᠭᠡ ᠶᠢ | ᠪᠡᠶᠡᠯᠡᠭᠦᠯᠦᠭᠰᠡᠨ ᠤ ᠳᠠᠷᠠᠭᠠᠬᠢ 6 ᠰᠠᠷ᠎ᠠ ᠶᠢᠨ ᠳᠣᠲᠣᠷ᠎ᠠ ᠡᠭᠡᠯᠢᠯᠡᠭᠡ ᠶᠢ ᠴᠢᠩᠭᠠᠳᠬᠠᠬᠤ ᠨᠢ ᠰᠠᠭᠠᠷᠮᠠᠭᠵᠢᠭᠤᠯᠬᠤ | ᠴᠠᠷᠤᠭᠴᠢ ᠶᠢᠨ ᠬᠢᠷᠢ ᠬᠡᠮᠵᠢᠶ᠎ᠡ ᠨᠢ ᠦᠨᠳᠦᠰᠦᠨ ᠳᠤ ᠪᠠᠨ ᠠᠳᠠᠯᠢ ᠪᠠᠶᠢᠳᠠᠭ᠃ ᠡᠶᠢᠮᠦ ᠠᠴᠠ ᠦᠨᠳᠦᠰᠦᠨ ᠡᠭᠡᠯᠢᠯᠡᠭᠡ ᠶᠢ | ᠪᠡᠶᠡᠯᠡᠭᠦᠯᠦᠭᠰᠡᠨ ᠤ ᠳᠠᠷᠠᠭᠠᠬᠢ 3 ᠰᠠᠷ᠎ᠠ ᠪᠠ 6 ᠰᠠᠷ᠎ᠠ ᠳᠤ ᠡᠭᠡᠯᠢᠯᠡᠭᠡ ᠶᠢᠨ ᠬᠠᠮᠠᠭᠠᠯᠠᠯᠲᠠ ᠶᠢᠨ ᠦᠷ᠎ᠡ ᠳ᠋ᠦᠩ ᠨᠢ | ᠠᠳᠠᠯᠢᠪᠲᠤᠷ ᠪᠠᠶᠢᠳᠠᠭ᠃ | ᠭᠤᠷᠪᠠ ᠳᠤ᠂ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠦᠨᠳᠦᠰᠦᠨ ᠡᠭᠡᠯᠢᠯᠡᠭᠡ ᠶᠢᠨ ᠳᠠᠷᠠᠭᠠᠬᠢ 3 ᠰᠠᠷ᠎ᠠ ᠶᠢᠨ | ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ ᠲᠡᠷᠡ᠂ 6 ᠰᠠᠷ᠎ᠠ ᠶᠢᠨ ᠳᠣᠲᠣᠷ᠎ᠠ ᠴᠢᠩᠭᠠᠳᠬᠠᠬᠤ ᠲᠠᠷᠢᠯᠭ᠎ᠠ ᠬᠢᠭᠰᠡᠨ ᠴᠤ | ᠲᠡᠷᠡ᠂ ᠴᠥᠮ ᠲᠤᠶᠢᠯ ᠤᠨ ᠠᠮᠤᠷ ᠲᠦᠪᠰᠢᠨ ᠪᠠᠶᠢᠳᠠᠭ᠃ | ᠳᠥᠷᠪᠡ ᠳᠤ᠂ ᠡᠶᠢᠮᠦᠷᠬᠦ ᠲᠣᠬᠢᠷᠠᠭᠤᠯᠤᠯᠲᠠ ᠨᠢ ᠪᠠᠰᠠ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢᠨ ᠬᠡᠷᠡᠭᠴᠡᠭᠡ ᠮᠥᠨ᠃ ᠡᠶᠢᠮᠦᠷᠬᠦ ᠲᠣᠬᠢᠷᠠᠭᠤᠯᠤᠯᠲᠠ ᠨᠢ ᠪᠢᠳᠡᠨ ᠤ ᠨᠠᠰᠤᠲᠠᠶᠢᠴᠤᠳ ᠲᠤ ᠢᠯᠠᠩᠭᠤᠶ᠎ᠠ | ᠨᠠᠰᠤᠲᠠᠶᠢᠴᠤᠳ ᠤᠨ ᠲᠠᠷᠢᠯᠭ᠎ᠠ ᠶᠢᠨ ᠪᠦᠷᠬᠦᠴᠡ ᠶᠢ ᠴᠢᠩᠭᠠᠳᠬᠠᠬᠤ ᠲᠠᠯ᠎ᠠ ᠪᠠᠷ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠬᠠᠩᠭᠠᠬᠤ ᠳᠤ ᠠᠰᠢᠭᠲᠠᠢ ᠶᠤᠮ᠃ | ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠪᠠᠶᠢᠬᠤ ᠡᠰᠡᠬᠦ ᠪᠠᠷ | ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ | ᠨᠢᠭᠡ ᠳᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠪᠣᠯ ᠮᠠᠨ ᠤ ᠡᠮᠴᠢᠯᠡᠭᠡᠨ ᠤ ᠪᠠᠶᠢᠭᠤᠯᠤᠮᠵᠢ | ᠪᠣᠯᠣᠨ ᠡᠮᠨᠡᠯᠭᠡ ᠶᠢᠨ ᠠᠵᠢᠯᠲᠠᠳ ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠂ ᠪᠤᠶ ᠪᠦᠬᠦᠢ ᠡᠮᠴᠢᠯᠡᠭᠡᠨ ᠤ | ᠪᠠᠶᠢᠭᠤᠯᠤᠮᠵᠢ ᠴᠥᠮ ᠶᠠᠮᠠᠷ ᠴᠤ ᠰᠢᠯᠲᠠᠭ ᠢᠶᠠᠷ ᠡᠪᠡᠳᠴᠢᠲᠡᠨ ᠢ ᠡᠮᠨᠡᠭᠦᠯᠬᠦ ᠠᠴᠠ ᠲᠠᠲᠠᠭᠠᠯᠵᠠᠵᠤ ᠪᠣᠯᠬᠤ ᠦᠭᠡᠢ᠂ | ᠢᠯᠠᠩᠭᠤᠶ᠎ᠠ ᠪᠥᠭᠡᠮ ᠬᠦᠴᠢᠯ ᠤᠨ ᠦᠷ᠎ᠡ ᠳ᠋ᠦᠩ ᠦᠭᠡᠢ ᠪᠠᠴᠢᠮ ᠡᠮᠴᠢᠯᠡᠭᠦᠯᠦᠭᠴᠢ ᠳᠤ ᠠᠪᠴᠤ ᠬᠡᠯᠡᠪᠡᠯ᠂ ᠣᠯᠠᠩᠬᠢ ᠨᠢ | ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠᠶᠢᠵᠤ᠂ ᠡᠮᠴᠢᠯᠡᠭᠡ ᠶᠢ ᠠᠮᠠᠷᠬᠠᠨ ᠰᠠᠭᠠᠲᠠᠭᠠᠬᠤ ᠪᠠᠶᠢᠳᠠᠯ ᠭᠠᠷᠴᠤ ᠮᠡᠳᠡᠨ᠎ᠡ᠃ | ᠡᠶᠢᠮᠦ ᠠᠴᠠ ᠴᠠᠭ ᠲᠤᠬᠠᠢ ᠳᠤ ᠨᠢ ᠡᠳᠡᠭᠡᠷ ᠡᠪᠡᠳᠴᠢᠲᠡᠨ ᠳᠤ ᠪᠠᠴᠢᠮ ᠲᠦᠷᠭᠡᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ | ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠠᠴᠠ ᠠᠩᠬ᠎ᠠ ᠣᠨᠣᠰᠢᠯᠠᠬᠤ ᠬᠠᠷᠢᠭᠤᠴᠠᠯᠭ᠎ᠠ ᠶᠢᠨ ᠳᠦᠷᠢᠮ ᠪᠠ ᠪᠠᠴᠢᠮ | ᠲᠦᠭᠰᠢᠭᠦᠷᠢᠲᠡᠢ ᠬᠦᠨᠳᠦ ᠡᠪᠡᠳᠴᠢᠨ ᠢ ᠲᠦᠷᠭᠡᠨ ᠠᠪᠤᠷᠠᠨ ᠵᠠᠰᠠᠬᠤ ᠳᠦᠷᠢᠮ ᠢ ᠨᠠᠶᠢᠳᠠᠪᠤᠷᠢᠵᠢᠭᠤᠯᠬᠤ ᠶᠢ ᠱᠠᠭᠠᠷᠳᠠᠵᠤ᠂ | ᠪᠠᠴᠢᠮ ᠪᠠᠶᠢᠳᠠᠯ ᠢ ᠠᠷᠭᠠᠴᠠᠭᠠᠬᠤ ᠲᠣᠬᠢᠷᠠᠯᠴᠠᠭᠰᠠᠨ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ | ᠬᠡᠷᠡᠭᠵᠢᠭᠦᠯᠬᠦ ᠬᠡᠷᠡᠭᠲᠡᠢ᠃ ᠡᠪᠡᠳᠴᠢᠲᠡᠨ ᠢ ᠠᠪᠤᠷᠠᠨ ᠵᠠᠰᠠᠬᠤ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ | ᠪᠠᠶᠢᠬᠤ ᠡᠰᠡᠬᠦ ᠪᠠᠷ ᠤᠷᠢᠲᠠᠯ ᠨᠥᠬᠦᠴᠡᠯ ᠪᠣᠯᠭᠠᠵᠤ ᠶᠠᠭᠠᠬᠢᠭᠰᠠᠨ ᠴᠤ ᠪᠣᠯᠬᠤ ᠦᠭᠡᠢ᠃ | ᠬᠤᠶᠠᠷ ᠲᠤ᠂ ᠲᠦᠷᠭᠡᠨ ᠡᠮᠨᠡᠯᠭᠡ ᠳᠤ ᠡᠮᠨᠡᠭᠦᠯᠬᠦ ᠡᠪᠡᠳᠴᠢᠲᠡᠨ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ | ᠦᠷ᠎ᠡ ᠳ᠋ᠦᠩ ᠦᠭᠡᠢ ᠪᠣᠯ᠂ ᠪᠢᠳᠡ ᠡᠮᠴᠢᠯᠡᠭᠡᠨ ᠤ ᠪᠠᠶᠢᠭᠤᠯᠤᠮᠵᠢ ᠶᠢ ᠲᠦᠷᠭᠡᠨ ᠡᠮᠨᠡᠯᠭᠡ ᠶᠢᠨ ᠣᠷᠣᠨ ᠳᠤ ᠬᠠᠷᠢᠴᠠᠩᠭᠤᠢ | ᠪᠡᠶ᠎ᠡ ᠪᠠᠨ ᠳᠠᠭᠠᠭᠠᠭᠰᠠᠨ ᠨᠠᠮᠳᠠᠭᠠᠬᠤ ᠲᠣᠭᠤᠷᠢᠭ ᠪᠠᠶᠢᠭᠤᠯᠵᠤ᠂ ᠡᠮᠨᠡᠯᠭᠡ ᠶᠢᠨ ᠠᠵᠢᠯᠲᠠᠨ ᠴᠤ ᠬᠤᠪᠢ ᠬᠥᠮᠥᠨ ᠤ | ᠬᠠᠮᠠᠭᠠᠯᠠᠯᠲᠠ ᠪᠠᠨ ᠰᠠᠶᠢᠲᠤᠷ ᠬᠢᠬᠦ ᠶᠢ ᠱᠠᠭᠠᠷᠳᠠᠨ᠎ᠠ᠃ ᠪᠥᠭᠡᠮ ᠬᠦᠴᠢᠯ ᠤᠨ ᠦᠷ᠎ᠡ ᠳ᠋ᠦᠩ ᠦᠭᠡᠢ ᠵᠠᠷᠢᠮ ᠪᠠᠴᠢᠮ | ᠲᠦᠭᠰᠢᠭᠦᠷᠢᠲᠡᠢ ᠬᠦᠨᠳᠦ ᠡᠪᠡᠳᠴᠢᠲᠡᠨ ᠢ ᠰᠢᠭᠤᠳ ᠨᠠᠮᠳᠠᠭᠠᠬᠤ ᠲᠣᠭᠤᠷᠢᠭ ᠲᠤ ᠣᠷᠣᠭᠤᠯᠵᠤ ᠪᠠᠴᠢᠮ ᠠᠪᠤᠷᠠᠯᠲᠠ | ᠬᠢᠯᠭᠡᠨ᠎ᠡ᠃ ᠡᠭᠦᠨ ᠤ ᠬᠠᠮᠲᠤ ᠡᠮᠨᠡᠯᠭᠡ ᠶᠢᠨ ᠬᠤᠷᠢᠶ᠎ᠠ ᠠᠴᠠ ᠪᠠᠰᠠ ᠠᠨᠲ᠋ᠢᠭ᠍ᠸᠡ ᠪᠤᠶᠤ ᠪᠥᠭᠡᠮ ᠬᠦᠴᠢᠯ ᠤᠨ ᠪᠠᠶᠢᠴᠠᠭᠠᠯᠲᠠ ᠶᠢ | ᠲᠡᠭᠦᠯᠳᠡᠷᠵᠢᠭᠦᠯᠵᠦ᠂ ᠡᠪᠡᠳᠴᠢᠲᠡᠨ ᠤ ᠪᠠᠴᠢᠮ ᠡᠮᠴᠢᠯᠡᠭᠡᠨ ᠤ ᠱᠠᠭᠠᠷᠳᠠᠯᠭ᠎ᠠ ᠶᠢ ᠡᠩ | ᠲᠡᠷᠢᠭᠦᠨ ᠳᠤ ᠬᠠᠩᠭᠠᠬᠤ ᠶᠢ ᠪᠠᠲᠤᠯᠠᠨ᠎ᠠ᠃ | ᠡᠭᠦᠨ ᠠᠴᠠ ᠭᠠᠳᠠᠨ᠎ᠠ᠂ ᠪᠢᠳᠡ ᠪᠠᠰᠠ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠲᠠᠰᠤᠭ᠂ | ᠮᠡᠰᠡ ᠵᠠᠰᠠᠯ ᠤᠨ ᠲᠠᠰᠤᠭ᠂ ᠴᠢᠰᠤ ᠨᠡᠪᠲᠡᠷᠡᠭᠦᠯᠦᠨ ᠵᠠᠳᠠᠷᠠᠭᠤᠯᠬᠤ ᠣᠷᠣᠨ᠂ ᠡᠪᠡᠳᠴᠢᠲᠡᠨ ᠤ ᠦᠷᠦᠭᠡ᠂ ᠡᠪᠡᠳᠴᠢᠲᠡᠨ ᠤ | ᠣᠷᠣᠨ ᠳᠤ ᠴᠥᠮ ᠨᠠᠮᠳᠠᠭᠠᠬᠤ ᠲᠣᠭᠤᠷᠢᠭ ᠪᠠᠶᠢᠭᠤᠯᠵᠤ᠂ ᠪᠤᠰᠤᠳ ᠣᠨᠣᠰᠢᠯᠠᠨ ᠡᠮᠨᠡᠬᠦ ᠣᠷᠣᠨ ᠠᠴᠠ ᠬᠠᠷᠢᠴᠠᠩᠭᠤᠢ ᠪᠠᠷ | ᠰᠠᠯᠭᠠᠨ᠂ ᠰᠠᠶᠢᠲᠤᠷ ᠪᠡᠯᠡᠳᠬᠡᠯ ᠬᠢᠵᠦ᠂ ᠡᠪᠡᠳᠴᠢᠲᠡᠨ ᠤ ᠵᠠᠷᠢᠮ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠬᠤ ᠶᠢ ᠣᠯᠵᠤ | ᠮᠡᠳᠡᠬᠦ ᠶᠢᠨ ᠬᠠᠮᠲᠤ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠭᠰᠠᠨ ᠨᠢ ᠠᠷᠭ᠎ᠠ ᠴᠢᠨᠠᠷ ᠲᠠᠢ ᠪᠠᠶᠢᠪᠠᠯ᠂ ᠡᠨᠡ ᠬᠡᠰᠡᠭ | ᠡᠪᠡᠳᠴᠢᠲᠡᠨ ᠢ ᠪᠢᠳᠡ ᠴᠠᠭ ᠲᠤᠬᠠᠢ ᠳᠤ ᠨᠢ ᠨᠠᠮᠳᠠᠭᠠᠬᠤ ᠣᠷᠣᠨ ᠳᠤ ᠡᠮᠨᠡᠨ ᠵᠠᠰᠠᠨ᠎ᠠ᠃ | | ᠰᠢᠨ᠎ᠡ ᠲᠢᠲᠢᠮᠯᠢᠭ ᠠᠭᠤᠰᠬᠢᠨ ᠦᠷᠪᠢᠰᠦᠯ ᠲᠠᠢ ᠡᠪᠡᠳᠴᠢᠲᠡᠨ ᠢ ᠬᠡᠷᠬᠢᠨ ᠱᠠᠲᠤ ᠬᠤᠪᠢᠶᠠᠨ ᠲᠥᠷᠥᠯ ᠬᠤᠪᠢᠶᠠᠨ | ᠡᠮᠨᠡᠨ ᠵᠠᠰᠠᠬᠤ ᠪᠣᠶ︖ | ᠡᠩ ᠲᠡᠷᠢᠭᠦᠨ ᠳᠤ᠂ ᠡᠪᠡᠳᠴᠢᠨ ᠤ ᠪᠠᠶᠢᠳᠠᠯ ᠨᠢ ᠬᠥᠩᠭᠡᠨ ᠡᠪᠡᠳᠴᠢᠲᠡᠨ ᠪᠤᠶᠤ ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠳ ᠭᠡᠷ ᠲᠤ ᠪᠠᠨ ᠰᠠᠭᠤᠵᠤ ᠥᠪᠡᠷ ᠢ ᠪᠠᠨ ᠬᠠᠷᠠᠭᠠᠯᠵᠠᠵᠤ ᠪᠣᠯᠣᠨ᠎ᠠ᠃ ᠰᠠᠭᠤᠷᠢ ᠴᠢᠨᠠᠷᠲᠠᠢ ᠡᠪᠡᠳᠴᠢᠨ ᠨᠢ | ᠨᠡᠯᠢᠶᠡᠳ ᠲᠣᠭᠲᠠᠪᠤᠷᠢᠲᠠᠢ ᠪᠠᠶᠢᠪᠠᠯ᠂ ᠪᠠᠰᠠ ᠭᠡᠷ ᠲᠤ ᠪᠠᠨ ᠰᠠᠭᠤᠵᠤ ᠡᠮᠨᠡᠭᠦᠯᠵᠦ ᠪᠣᠯᠣᠨ᠎ᠠ᠃ ᠥᠨᠳᠥᠷ ᠨᠠᠰᠤᠲᠠᠢ᠂ ᠬᠥᠳᠡᠯᠵᠦ | ᠪᠠᠷᠢᠬᠤ ᠳᠤ ᠳᠥᠭᠦᠮ ᠦᠭᠡᠢ ᠬᠠᠯᠳᠠᠪᠤᠷᠢᠯᠠᠭᠰᠠᠳ ᠢ ᠪᠢᠳᠡ ᠪᠠᠰᠠ ᠭᠡᠷ ᠲᠤ ᠨᠢ ᠰᠠᠭᠤᠯᠭᠠᠬᠤ ᠶᠢ ᠰᠠᠨᠠᠭᠤᠯᠵᠤ ᠪᠠᠶᠢᠨ᠎ᠠ᠃ | ᠡᠮᠨᠡᠯᠭᠡ ᠶᠢᠨ ᠬᠤᠷᠢᠶ᠎ᠠ ᠠᠴᠠ ᠢᠨᠲ᠋ᠧᠷ ᠰᠦᠯᠵᠢᠶᠡᠨ ᠤ ᠡᠮᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠦᠯᠵᠢᠶᠡᠨ | ᠳᠡᠭᠡᠷᠡᠬᠢ ᠦᠢᠯᠡᠴᠢᠯᠡᠭᠡ ᠬᠢᠵᠦ ᠪᠣᠯᠣᠨ᠎ᠠ᠃ ᠡᠭᠦᠨ ᠤ ᠵᠡᠷᠭᠡ ᠳᠤ ᠡᠮᠨᠡᠯᠭᠡ ᠶᠢᠨ ᠠᠵᠢᠯᠲᠠᠨ ᠢᠯᠠᠩᠭᠤᠶ᠎ᠠ ᠮᠠᠨ ᠤ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠴᠤ ᠭᠡᠷ ᠲᠤ ᠨᠢ ᠬᠦᠷᠴᠦ ᠦᠢᠯᠡᠴᠢᠯᠡᠭᠡ | ᠬᠠᠩᠭᠠᠵᠤ ᠪᠣᠯᠣᠨ᠎ᠠ᠂ ᠳᠠᠭᠢᠵᠤ ᠰᠢᠯᠵᠢᠭᠦᠯᠦᠨ ᠭᠠᠷᠭᠠᠵᠤ ᠲᠥᠪᠯᠡᠷᠡᠭᠦᠯᠦᠨ ᠲᠤᠰᠠᠭᠠᠷᠯᠠᠵᠤ ᠪᠠᠶᠢᠭᠠᠳ ᠠᠪᠤᠷᠠᠨ ᠵᠠᠰᠠᠬᠤ | ᠦᠭᠡᠢ ᠪᠠᠶᠢᠬᠤ ᠶᠢ ᠱᠠᠭᠠᠷᠳᠠᠨ᠎ᠠ᠃ | ᠬᠤᠶᠠᠷ ᠲᠤ᠂ ᠬᠦᠨᠳᠦ ᠡᠪᠡᠳᠴᠢᠨ ᠤ ᠲᠦᠭᠰᠢᠭᠦᠷᠢ ᠶᠡᠬᠡᠲᠡᠢ ᠡᠪᠡᠳᠴᠢᠲᠡᠨ ᠢ ᠮᠥᠨ ᠯᠡ ᠴᠡᠭ ᠲᠣᠭᠲᠠᠭᠠᠭᠰᠠᠨ | ᠡᠮᠨᠡᠯᠭᠡ ᠶᠢᠨ ᠬᠤᠷᠢᠶ᠎ᠠ ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ ᠡᠪᠡᠳᠴᠢᠨ ᠤ | ᠲᠦᠭᠰᠢᠭᠦᠷᠢ ᠶᠡᠬᠡᠲᠡᠢ ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠨ᠎ᠠ᠃ ᠪᠢᠳᠡ ᠶᠡᠷᠦᠩᠬᠡᠶᠢᠯᠡᠭᠰᠡᠨ | ᠴᠢᠳᠠᠪᠤᠷᠢ ᠪᠠᠷ ᠴᠢᠩᠭ᠎ᠠ᠂ ᠠᠪᠤᠷᠠᠨ ᠵᠠᠰᠠᠬᠤ ᠬᠢᠷᠢ ᠲᠦᠪᠰᠢᠨ ᠪᠠᠷ ᠥᠨᠳᠥᠷ ᠡᠮᠨᠡᠯᠭᠡ ᠶᠢᠨ ᠬᠤᠷᠢᠶ᠎ᠠ ᠶᠢ ᠰᠣᠩᠭᠤᠨ ᠴᠡᠭ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠣᠯᠭᠠᠬᠤ ᠶᠢᠨ ᠬᠠᠮᠲᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠪᠠᠰᠠ ᠵᠠᠷᠢᠮ ᠡᠪᠡᠳᠴᠢᠲᠡᠨ ᠰᠠᠭᠤᠷᠢ ᠴᠢᠨᠠᠷᠲᠠᠢ ᠡᠪᠡᠳᠴᠢᠨ ᠪᠤᠶᠤ ᠪᠤᠰᠤᠳ ᠡᠪᠡᠳᠴᠢᠨ ᠲᠠᠢ ᠪᠣᠯ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠶᠤ ᠲᠤᠰᠬᠠᠢ ᠡᠮᠨᠡᠯᠭᠡ ᠶᠢᠨ ᠬᠤᠷᠢᠶ᠎ᠠ ᠳᠤ ᠣᠴᠢᠵᠤ ᠡᠮᠨᠡᠭᠦᠯᠬᠦ ᠶᠢᠨ ᠬᠠᠮᠲᠤ | ᠡᠮᠨᠡᠭᠦᠯᠬᠦ ᠶᠠᠪᠤᠴᠠ ᠳᠤ ᠲᠡᠭᠦᠨ ᠤ ᠰᠢᠨ᠎ᠡ ᠲᠢᠲᠢᠮᠯᠢᠭ ᠸᠢᠷᠦ᠋ᠰ ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠪᠣᠯᠬᠤ ᠶᠢ ᠣᠯᠵᠤ | ᠮᠡᠳᠡᠬᠦ ᠪᠣᠯᠣᠯᠴᠠᠭ᠎ᠠ ᠲᠠᠢ᠃ ᠡᠳᠡᠭᠡᠷ ᠡᠪᠡᠳᠴᠢᠲᠡᠨ ᠳᠤ ᠠᠪᠴᠤ ᠬᠡᠯᠡᠪᠡᠯ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ | ᠨᠡᠯᠢᠶᠡᠳ ᠬᠦᠨᠳᠦ ᠨᠣᠴᠢᠲᠠᠢ ᠪᠠᠶᠢᠪᠠᠯ ᠪᠢᠳᠡ ᠪᠣᠢ ᠪᠦᠬᠦᠢ ᠡᠮᠴᠢᠯᠡᠭᠡᠨ ᠤ ᠪᠠᠶᠢᠭᠤᠯᠤᠮᠵᠢ ᠶᠢ ᠴᠥᠮ ᠰᠠᠶᠢᠲᠤᠷ ᠪᠡᠯᠡᠳᠬᠡᠯ | ᠬᠢᠬᠦ ᠶᠢ ᠱᠠᠭᠠᠷᠳᠠᠬᠤ ᠬᠡᠷᠡᠭᠲᠡᠢ᠃ ᠤᠴᠢᠷ ᠨᠢ ᠡᠨᠡ ᠲᠥᠷᠥᠯ ᠤᠨ ᠡᠪᠡᠳᠴᠢᠲᠡᠨ ᠤ ᠡᠪᠡᠳᠴᠢᠨ ᠢ ᠲᠤᠰᠬᠠᠢ ᠰᠠᠯᠠᠭᠠᠨ ᠤ | ᠡᠪᠡᠳᠴᠢᠨ ᠢᠶᠠᠷ ᠡᠮᠨᠡᠨ ᠵᠠᠰᠠᠪᠠᠯ ᠰᠠᠶ᠋ᠢ ᠡᠪᠡᠳᠴᠢᠲᠡᠨ ᠤ ᠡᠷᠡᠭᠦᠯ ᠮᠡᠨᠳᠦ ᠳᠤ ᠬᠠᠮᠤᠭ ᠤᠨ ᠶᠡᠭᠡ ᠪᠠᠷ ᠠᠰᠢᠭ ᠬᠦᠷᠲᠡᠭᠡᠵᠦ | ᠴᠢᠳᠠᠨ᠎ᠠ᠃ ᠡᠶᠢᠮᠦ ᠠᠴᠠ ᠪᠢᠳᠡ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠲᠤᠰᠬᠠᠢ ᠡᠮᠨᠡᠯᠭᠡ ᠶᠢᠨ ᠬᠤᠷᠢᠶ᠎ᠠ ᠶᠢ ᠴᠥᠮ | ᠣᠨᠣᠰᠢᠯᠠᠨ ᠡᠮᠨᠡᠬᠦ ᠶᠠᠪᠤᠴᠠ ᠪᠠᠨ ᠰᠢᠯᠢᠳᠡᠭᠵᠢᠭᠦᠯᠬᠦ ᠶᠢᠨ ᠬᠠᠮᠲᠤ ᠨᠠᠮᠳᠠᠭᠠᠬᠤ ᠲᠣᠭᠤᠷᠢᠭ ᠭᠠᠷᠭᠠᠵᠤ᠂ ᠡᠨᠡ ᠬᠡᠰᠡᠭ | ᠡᠪᠡᠳᠴᠢᠲᠡᠨ ᠢ ᠴᠠᠭ ᠲᠤᠬᠠᠢ ᠳᠤ ᠨᠢ ᠡᠮᠨᠡᠨ ᠵᠠᠰᠠᠬᠤ ᠶᠢ ᠪᠠᠲᠤᠯᠠᠵᠤ᠂ ᠲᠡᠳᠡᠨ ᠤ ᠡᠮᠨᠡᠨ ᠵᠠᠰᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠱᠠᠭᠠᠷᠳᠠᠵᠤ ᠪᠠᠶᠢᠨ᠎ᠠ᠃ | | ᠸᠠᠺᠼᠢᠨ ᠤ ᠲᠠᠷᠢᠯᠭ᠎ᠠ ᠬᠢᠬᠦ ᠲᠤᠬᠠᠢ ᠵᠠᠷᠯᠢᠭ ᠭᠠᠷᠭᠠᠬᠤ ᠦᠦ︖ | ᠵᠠᠷᠢᠮ ᠤᠯᠤᠰ ᠸᠠᠺᠼᠢᠨ ᠤ ᠲᠠᠷᠢᠯᠭ᠎ᠠ ᠶᠢᠨ ᠵᠠᠷᠯᠢᠭ ᠭᠠᠷᠭᠠᠭᠰᠠᠨ ᠪᠠᠶᠢᠨ᠎ᠠ᠂ ᠡᠨᠡ ᠨᠢ ᠡᠲᠡᠭᠡᠷ ᠤᠯᠤᠰ ᠤᠨ | ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠦᠨᠡᠨ ᠬᠦ ᠲᠤᠰᠠᠲᠠᠢ ᠶᠤᠮ᠃ ᠣᠳᠣᠬᠠᠨ ᠳᠤ ᠮᠠᠨ ᠤ | ᠤᠯᠤᠰ ᠤᠨ 3 -17 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ 97.5% ᠳᠤ ᠬᠦᠷᠴᠦ᠂ | 18 - 59 ᠨᠠᠰᠤᠨ ᠤ ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ 95% ᠳᠤ ᠬᠦᠷᠴᠦ᠂ ᠪᠥᠬᠦ | ᠬᠥᠮᠥᠰ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠨᠢᠭᠡᠨᠲᠡ ᠮᠠᠰᠢ ᠥᠨᠳᠥᠷ ᠪᠣᠯᠵᠤ᠂ ᠪᠥᠬᠦ ᠳᠡᠯᠡᠬᠡᠢ ᠳᠤ ᠠᠪᠴᠤ | ᠬᠡᠯᠡᠭᠰᠡᠨ ᠴᠦ ᠨᠡᠯᠢᠶᠡᠳ ᠥᠨᠳᠥᠷ ᠲᠦᠪᠰᠢᠨ ᠳᠤ ᠭᠦᠷᠦᠭᠰᠡᠨ ᠪᠠᠶᠢᠨ᠎ᠠ᠃ ᠣᠳᠣᠬᠠᠨ ᠳᠤ ᠪᠢᠳᠡ ᠶᠠᠭᠤᠨ ᠳᠤ | ᠨᠠᠰᠤᠲᠠᠶᠢᠴᠤᠳᠤᠨ ᠸᠠᠺᠼᠢᠨ ᠤ ᠲᠠᠷᠢᠯᠭ᠎ᠠ ᠶᠢᠨ ᠲᠥᠰᠥᠯ ᠢ ᠲᠣᠭᠲᠠᠭᠠᠭᠰᠠᠨ ᠪᠣᠶ︖ ᠭᠡᠪᠡᠯ ᠮᠠᠨ ᠤ ᠥᠨᠳᠥᠷ ᠨᠠᠰᠤᠲᠠᠢ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠨᠣᠷᠮ᠎ᠠ ᠬᠠᠷᠢᠴᠠᠩᠭᠤᠢ ᠳᠣᠣᠷ᠎ᠠ ᠰᠢᠭ᠋ ᠪᠠᠶᠢᠨ᠎ᠠ᠃ ᠭᠡᠪᠡᠴᠦ ᠡᠨᠡ | ᠤᠳᠠᠭᠠᠨ ᠤ ᠲᠥᠰᠥᠯ ᠢᠶᠠᠷ ᠳᠠᠮᠵᠢᠭᠠᠳ ᠣᠶᠢᠷ᠎ᠠ ᠶᠢᠨ ᠬᠤᠭᠤᠴᠠᠭᠠᠨ ᠳᠤ ᠡᠨᠡ ᠠᠵᠢᠯ ᠢ ᠪᠠᠰᠠ ᠮᠠᠰᠢ ᠰᠠᠶᠢᠨ | ᠠᠬᠢᠭᠤᠯᠤᠭᠰᠠᠨ ᠢ ᠪᠢᠳᠠ ᠣᠯᠵᠤ ᠮᠡᠳᠡᠯ᠎ᠡ᠃ | ᠡᠨᠡ ᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠳᠤ ᠡᠷᠬᠡᠪᠰᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠬᠤ ᠬᠡᠷᠡᠭᠲᠡᠢ᠂ ᠸᠠᠺᠼᠢᠨ ᠤ ᠲᠠᠷᠢᠯᠭ᠎ᠠ ᠶᠢᠨ ᠵᠠᠷᠯᠢᠭ ᠢ ᠠᠯᠪᠠᠳᠠᠯᠭ᠎ᠠ ᠪᠠᠷ ᠨᠡᠶᠢᠲᠡᠯᠡᠵᠦ ᠪᠣᠯᠬᠤ ᠦᠭᠡᠢ᠃ ᠡᠨᠡ | ᠲᠠᠯ᠎ᠠ ᠪᠠᠷ ᠪᠢᠳᠡ ᠪᠠᠰᠠ ᠡᠷᠬᠡᠪᠰᠢ ᠮᠠᠨ ᠤ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠣᠩᠭᠤᠯᠲᠠ | ᠬᠢᠬᠦ ᠬᠡᠷᠡᠭᠲᠡᠢ᠃ | | | |